ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
ᠰᠢᠨ᠎ᠡ ᠵᠢ ᠡᠭᠦᠳᠬᠦ ᠬᠥᠭᠵᠢᠯᠲᠡ ᠵᠢ ᠴᠡᠴᠡᠭᠯᠡᠭᠦᠯᠵᠦ ᠦᠷ᠎ᠡ ᠳ᠋ᠦᠩ ᠭᠠᠷᠭ᠋ᠠᠨ᠎ᠠ
ᠨᠡᠶ᠋ᠢᠲᠡᠯᠡᠭᠰᠡᠨ ᠴᠠᠭ᠄ 2019-10-22

ᠰᠢᠨ᠎ᠡ ᠵᠢ ᠡᠭᠦᠳᠬᠦ ᠬᠥᠭᠵᠢᠯᠲᠡ ᠵᠢ ᠴᠡᠴᠡᠭᠯᠡᠭᠦᠯᠵᠦ ᠦᠷ᠎ᠡ ᠳ᠋ᠦᠩ ᠭᠠᠷᠭ᠋ᠠᠨ᠎ᠠ
    ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠰᠢᠨ᠎ᠡ ᠬᠥᠳᠡᠯᠭᠡᠭᠴᠢ ᠡᠨᠧᠷᠭᠢ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ ᠭᠡᠵᠦ ᠳᠤᠷᠠᠳᠤᠨ ᠭᠠᠷᠭ᠋ᠠᠪᠠ᠃
    ᠣᠳᠣᠬᠠᠨ᠎ᠳᠤ᠂ ᠰᠢᠨ᠎ᠡ ᠵᠢ ᠡᠭᠦᠳᠴᠦ ᠠᠳᠠᠯ ᠦᠶᠯᠡᠰ ᠴᠣᠭᠴᠠᠯᠠᠬᠤ᠎ᠳᠤ ᠶᠠᠮᠠᠷ ᠶᠠᠮᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠᠶᠬᠤ ᠪᠣᠶ? ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠮᠠᠭᠤ ᠤᠤ? ᠰᠢᠨ᠎ᠡ ᠵᠢ ᠡᠭᠦᠳᠬᠦ ᠭᠣᠤᠯ ᠴᠣᠭᠴᠠ ᠵᠢᠨ ᠢᠳᠡᠪᠬᠢᠵᠢᠯ᠎ᠢ ᠬᠡᠷᠬᠢᠨ ᠳᠠᠶ᠋ᠢᠴᠢᠯᠠᠬᠤ ᠪᠣᠶ? ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠪᠠ ᠤᠷᠮᠠᠰᠢᠭᠤᠯᠬᠤ ᠲᠣᠭᠲᠠᠴᠠ ᠵᠢ ᠪᠣᠳᠠᠲᠠᠶ ᠨᠠᠶ᠋ᠢᠳᠠᠪᠤᠷᠢᠵᠢᠭᠤᠯᠤᠭᠰᠠᠨ ᠡᠰᠡᠬᠦ? ᠲᠦᠷᠦᠭᠦᠬᠡᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 16 ᠳᠡᠭᠡᠰᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ ᠲᠣᠭᠣᠷᠢᠭ᠎ᠲᠤ ᠬᠦᠷᠴᠦ᠂ ᠲᠤᠷᠰᠢᠯᠭ᠎ᠠ ᠡᠷᠢᠯᠬᠢᠯᠡᠵᠦ᠂ ᠠᠰᠠᠭᠤᠳᠠᠯ᠎ᠢ ᠪᠠᠶ᠋ᠢᠴᠠᠭ᠋ᠠᠵᠤ᠂ ᠭᠠᠷᠬᠤ ᠵᠠᠮ ᠡᠷᠢᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠲᠤᠬᠠᠶ ᠶᠡᠬᠡ ᠱᠠᠯᠠᠪᠳᠠᠭᠤᠯᠤᠨ ᠪᠠᠢ᠍ᠴᠠᠭ᠋ᠠᠯᠲᠠ ᠥᠷᠨᠢᠭᠦᠯᠪᠡ᠃
    ᠰᠢᠨ᠎ᠡ ᠵᠢ ᠡᠭᠦᠳᠬᠦ ᠦᠶᠯᠡᠰ ᠪᠣᠰᠬᠠᠬᠤ ᠬᠥᠭᠵᠢᠯᠲᠡ ᠵᠢ ᠠᠬᠢᠭᠤᠯᠬᠤ
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠶᠯᠡᠴᠢᠯᠡᠭᠡ ᠵᠢ ᠴᠢᠩᠭ᠋ᠠᠳᠬᠠᠬᠤ ᠴᠢᠬᠤᠯᠠᠲᠠᠶ
    ᠶᠡᠬᠡ ᠳᠡᠭᠡᠰᠦ ᠰᠤᠷᠭ᠋ᠠᠭᠤᠯᠢ ᠪᠣᠯ ᠰᠢᠨ᠎ᠡ ᠵᠢ ᠡᠭᠦᠳᠬᠦ ᠵᠢᠨ ᠴᠢᠬᠤᠯᠠ ᠡᠬᠢ ᠡᠭᠦᠰᠦᠯ ᠮᠥᠨ᠃
    ᠳᠡᠭᠡᠰᠦ ᠵᠡᠷᠭᠡ ᠵᠢᠨ ᠰᠤᠷᠭ᠋ᠠᠭᠤᠯᠢ ᠵᠢᠨ ᠰᠢᠨ᠎ᠡ ᠵᠢ ᠡᠭᠦᠳᠬᠦ ᠳᠠᠪᠠᠭᠤᠯᠢᠭ᠎ᠢ ᠪᠠᠳᠠᠷᠠᠭᠤᠯᠪᠠᠯ᠂ ᠰᠤᠷᠤᠭᠴᠢᠳ᠎ᠤᠨ ᠬᠥᠭᠵᠢᠯᠲᠡ᠎ᠳᠤ ᠰᠢᠨ᠎ᠡ ᠣᠷᠣᠨ ᠵᠠᠷ ᠡᠭᠦᠳᠴᠦ ᠥᠭᠴᠦ ᠴᠢᠳᠠᠨ᠎ᠠ᠃ 9 ᠰᠠᠷ᠎ᠠ ᠵᠢᠨ 10᠎ᠤ ᠡᠳᠦᠷ᠂ ᠰᠧᠴᠤᠸᠠᠨ ᠳ᠋ᠸᠯᠦᠢ᠍ᠸᠸ ᠵᠢᠨ ᠰᠧᠴᠤᠸᠠᠨ ᠮᠤᠵᠢ ᠵᠢᠨ ᠵᠢᠶᠠᠨ ᠶᠤᠸᠠᠨ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ᠎ᠳᠤ ᠬᠦᠷᠴᠦ᠂ ᠡᠨᠳᠡ 66 ᠰᠢᠨ᠎ᠡ ᠵᠢ ᠡᠭᠦᠳᠬᠦ ᠦᠶᠯᠡᠰ ᠪᠣᠰᠬᠠᠬᠤ ᠠᠵᠤ ᠠᠬᠤᠢ᠍ᠯᠠᠯ ᠰᠠᠭᠤᠷᠢᠰᠢᠪᠠ᠂ ᠡᠭᠦᠨ᠎ᠳᠤ 20 ᠭᠠᠷᠤᠶ ᠬᠥᠮᠦᠨ᠎ᠢ ᠶᠡᠬᠡ ᠰᠤᠷᠭ᠋ᠠᠭᠤᠯᠢ ᠵᠢᠨ ᠣᠶᠤᠲᠠᠨ ᠡᠭᠦᠰᠭᠡᠨ ᠪᠠᠶ᠋ᠢᠭᠤᠯᠪᠠ᠃
   《ᠪᠢ ᠶᠡᠬᠡ ᠰᠤᠷᠭ᠋ᠠᠭᠤᠯᠢ ᠵᠢᠨ ᠬᠣᠶᠠᠳᠤᠭ᠋ᠠᠷ ᠣᠨ᠎ᠳᠤ ᠠᠳᠠᠯ ᠦᠶᠯᠡᠰ ᠴᠣᠭᠴᠠᠯᠠᠵᠤ᠂ ᠪᠥᠬᠥ ᠮᠤᠵᠢ ᠵᠢᠨ ᠤᠶᠤᠲᠠᠳ᠎ᠤᠨ ᠠᠳᠠᠯ ᠦᠶᠯᠡᠰ ᠴᠣᠭᠴᠠᠯᠠᠬᠤ ᠤᠷᠤᠯᠳᠤᠭ᠋ᠠᠨ᠎ᠳᠤ ᠣᠷᠣᠯᠴᠠᠵᠤ ᠥᠩᠭᠡᠷᠡᠵᠡᠶ᠂ ᠤᠳᠤ ᠪᠢᠳᠡ ᠨᠢᠭᠡᠨᠲᠡ ᠮᠤᠵᠢ ᠵᠢᠨ ᠬᠡᠮᠵᠢᠨ ᠵᠢᠷᠤᠬᠤ ᠲᠣᠪᠴᠢᠶ᠎ᠠ ᠵᠢᠨ ᠣᠯᠭᠣᠭᠰᠠᠨ ᠤᠯᠠᠭ᠋ᠠᠨ ᠲᠡᠰ᠎ᠤᠨ ᠬᠡᠮᠵᠢᠨ ᠵᠢᠷᠤᠬᠤ ᠬᠢᠷᠢ ᠬᠡᠮ᠎ᠢ ᠣᠯᠵᠤ᠂ 30 ᠭᠠᠷᠤᠶ ᠵᠦᠶᠯ᠎ᠤᠨ ᠲᠤᠰᠬᠠᠶ ᠠᠰᠢᠭ ᠪᠠ ᠲᠤᠰᠬᠠᠶ ᠠᠰᠢᠭ ᠬᠦᠷᠲᠡᠭᠰᠡᠨ ᠪᠠᠢ᠍ᠨ᠎ᠠ᠃》 ᠰᠧᠴᠤᠸᠠᠨ ᠮᠤᠵᠢ ᠵᠢᠨ ᠲᠡᠮᠦᠷᠯᠢᠭ᠎ᠤᠨ ᠠᠵᠤ ᠦᠶᠯᠡᠳᠪᠦᠷᠢ ᠵᠢᠨ ᠢᠨᠵᠧᠨᠧᠷᠢᠩ᠎ᠤᠨ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ ᠺᠣᠮᠫᠠᠨᠢ ᠯᠢ ᠰᠢᠶᠦ᠋ᠨ᠎ᠤ ᠲᠠᠨᠢᠯᠴᠠᠭᠤᠯᠤᠭᠰᠠᠨ ᠵᠶ᠋ᠠᠷ᠂ ᠲᠤᠬᠠᠶ ᠵᠢᠨ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ᠎ᠨᠢ ᠠᠳᠠᠯ ᠦᠶᠯᠡᠰ ᠴᠣᠭᠴᠠᠯᠠᠬᠤ ᠰᠤᠷᠤᠭᠴᠢᠳ᠎ᠲᠤ ᠠᠯᠢ ᠣᠯᠠᠨ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠵᠦ᠂ ᠭᠡᠷ᠎ᠤᠨ ᠲᠦᠷᠢᠶᠡᠰᠦ᠂ ᠤᠰᠤᠨ᠎ᠤ ᠪᠣᠷᠳᠣᠭᠤᠷ᠎ᠢ ᠬᠠᠰᠤᠵᠤ ᠬᠡᠯᠲᠦᠷᠢᠭᠦᠯᠬᠦ᠎ᠠᠴᠠ ᠭᠠᠶ᠋ᠢᠯᠢ ᠲᠠᠲᠠᠪᠤᠷᠢ᠂ ᠲᠤᠰᠬᠠᠶ ᠠᠰᠢᠭ ᠭᠤᠶᠤᠴᠢᠯᠠᠨ ᠮᠡᠳᠡᠭᠦᠯᠬᠦ᠂ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ ᠬᠦᠷᠲᠡᠯ᠎ᠡ᠂ ᠠᠳᠠᠯ ᠦᠶᠯᠡᠰ ᠴᠣᠭᠴᠠᠯᠠᠬᠤ ᠰᠤᠷᠤᠭᠴᠢ ᠪᠠᠰᠠ ᠳᠡᠭᠡᠰᠦ ᠰᠤᠷᠭ᠋ᠠᠭᠤᠯᠢ ᠵᠢᠨ ᠲᠥᠬᠥᠭᠡᠷᠦᠮᠵᠢ ᠪᠠ ᠲᠤᠰᠬᠠᠶ ᠮᠡᠷᠭᠡᠵᠢᠯᠲᠡᠨ᠎ᠤ ᠡᠬᠢ ᠪᠠᠶᠠᠯᠢᠭ᠎ᠢ ᠡᠳ᠋ᠯᠡᠵᠦ ᠪᠣᠯᠤᠨ᠎ᠠ᠃ 《ᠰᠢᠨ᠎ᠡ ᠵᠢ ᠡᠭᠦᠳᠬᠦ ᠬᠥᠭᠵᠢᠯᠲᠡ᠎ᠳᠤ ᠲᠦᠰᠢᠭᠯᠡᠨ᠂ ᠡᠵᠡᠩᠨᠡᠯᠲᠡ ᠵᠢᠨ ᠲᠣᠭ᠎ᠠ ᠵᠢᠯ ᠳᠠᠷᠠᠭ᠋ᠠᠯᠠᠨ ᠳᠡᠭᠡᠭᠰᠢᠯᠡᠵᠦ᠂ ᠤᠷᠵᠢᠨᠤᠨ ᠵᠢᠯ 60 ᠭᠠᠷᠤᠶ ᠲᠦᠮᠡᠨ ᠲᠥᠭᠥᠷᠢᠭ᠂ ᠨᠢᠳᠤᠨᠤᠨ 90 ᠭᠠᠷᠤᠶ ᠲᠦᠮᠡᠨ ᠲᠥᠭᠥᠷᠢᠭ᠂ ᠡᠨᠡ ᠵᠢᠯ 110 ᠲᠦᠮᠡᠨ ᠲᠥᠭᠥᠷᠢᠭ ᠬᠦᠷᠴᠡᠶ᠃》 ᠭᠡᠵᠡᠶ᠃
    ᠳᠡᠭᠡᠰᠦ ᠵᠡᠷᠭᠡ ᠵᠢᠨ ᠰᠤᠷᠭ᠋ᠠᠭᠤᠯᠢ ᠵᠢᠨ ᠰᠢᠨ᠎ᠡ ᠵᠢ ᠡᠭᠦᠳᠬᠦ ᠳᠠᠪᠠᠭᠤᠯᠢᠭ᠎ᠢ ᠪᠠᠳᠠᠷᠠᠭᠤᠯᠵᠤ᠂ ᠭᠠᠵᠠᠷ ᠣᠷᠣᠨ ᠪᠠ ᠠᠵᠤ ᠦᠢ᠍ᠯᠡᠰ᠎ᠤᠨ ᠴᠡᠴᠡᠭᠯᠡᠨ ᠬᠥᠭᠵᠢᠬᠦ ᠵᠢ ᠨᠠᠩ ᠢᠯᠡᠭᠦᠤ ᠳᠠᠶ᠋ᠢᠴᠢᠯᠠᠵᠤ ᠴᠢᠳᠠᠨ᠎ᠠ᠃ ᠰᠧᠴᠤᠸᠠᠨ ᠲᠠᠷᠢᠶᠠᠯᠠᠩ᠎ᠤᠨ ᠶᠡᠬᠡ ᠰᠤᠷᠭ᠋ᠠᠭᠤᠯᠢ᠎ᠳᠤ ᠪᠠᠢ᠍ᠴᠠᠭ᠋ᠠᠨ ᠰᠤᠳᠤᠯᠤᠯᠲᠠ ᠬᠢᠭᠰᠡᠨ᠎ᠤ ᠳᠠᠷᠠᠭ᠎ᠠ᠂ ᠰᠤᠷᠭ᠋ᠠᠭᠤᠯᠢ᠎ᠠᠴᠠ ᠪᠦᠬᠦ ᠮᠤᠵᠢ᠎ᠳᠤ 7 ᠰᠢᠨ᠎ᠡ ᠬᠥᠳᠡᠭᠡ ᠲᠣᠰᠬᠣᠨ᠎ᠤ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠤᠪᠢᠶᠠᠷᠢ ᠬᠦᠷᠢᠶᠡᠯᠡᠩ᠎ᠢ ᠪᠠᠢ᠍ᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ 60 ᠭᠠᠷᠤᠶ ᠪᠠᠢ᠍ᠭᠤᠯᠵᠤ᠂ ᠡᠯ᠎ᠡ ᠲᠥᠷᠥᠯ᠎ᠤᠨ ᠬᠥᠮᠦᠰ᠎ᠢ 8000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠯᠦ᠍ ᠵᠧᠤ ᠵᠢᠨ ᠬᠥ᠋ ᠯᠢᠨ᠂ ᠭᠤᠸᠠᠩ ᠶᠤᠸᠠᠨ᠎ᠤ ᠼᠠᠩ ᠰᠢ᠂ ᠠ ᠪᠠ ᠯᠢᠩ ᠳᠠᠩ ᠵᠡᠷᠭᠡ 86 ᠶᠠᠳᠠᠭᠤ ᠬᠦᠴᠢᠷᠳᠡᠯᠲᠡᠶ ᠰᠢᠶᠠᠨ (ᠲᠣᠭᠣᠷᠢᠭ)᠎ᠢ ᠪᠦᠬᠦᠨ᠎ᠢ ᠪᠦᠷᠬᠦᠭᠦᠯᠪᠡ᠃
    ᠵᠢᠶᠠᠩᠰᠢ ᠵᠢᠨ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ᠎ᠳᠤ᠂ ᠰᠤᠷᠭ᠋ᠠᠭᠤᠯᠢ᠎ᠠᠴᠠ ᠵᠢᠶᠠᠩᠰᠢ ᠵᠢᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠳᠠᠪᠠᠭᠤᠯᠢᠭ᠎ᠲᠠᠢ ᠤᠶᠠᠯᠳᠤᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ ᠢ ᠪᠠᠳᠠᠷᠠᠭᠤᠯᠵᠤ᠂ ᠭᠣᠤᠯᠳᠠᠯᠭ᠎ᠠ᠎ᠲᠠᠢ ᠠᠵᠤ ᠠᠬᠤᠢ᠍ᠯᠠᠯ᠎ᠲᠠᠢ ᠵᠡᠰ᠂ ᠬᠣᠪᠣᠷ ᠰᠢᠷᠣᠶ᠂ ᠸᠣᠯᠹᠷᠠᠮ᠂ ᠯᠢᠲ᠋ᠢ ᠵᠢᠨ ᠬᠦᠷᠢᠶᠡᠨ᠎ᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠢ ᠬᠠᠮᠲᠤ᠎ᠪᠠᠷ ᠪᠠᠶ᠋ᠢᠭᠤᠯᠪᠠ᠃ ᠦᠷ᠎ᠡ ᠵᠢᠨ 3 ᠵᠢᠯ᠎ᠳᠤ᠂ ᠰᠤᠷᠭ᠋ᠠᠭᠤᠯᠢ᠎ᠨᠢ ᠤᠯᠤᠰ᠎ᠠᠴᠠ ᠲᠡᠰ᠎ᠤᠨ 200 ᠭᠠᠷᠤᠶ ᠲᠥᠷᠥᠯ ᠵᠦᠶᠯ ᠵᠶ᠋ᠠᠷ ᠵᠥᠪᠰᠢᠶᠡᠷᠡᠭᠳᠡᠵᠦ᠂ 2 / 3᠎ᠠᠴᠠ ᠳᠡᠭᠡᠭᠰᠢᠬᠢ ᠰᠤᠳᠤᠯᠭ᠋ᠠᠨ᠎ᠨᠢ ᠴᠥᠮ ᠡᠳᠡᠭᠡᠷ ᠲᠤᠯᠭ᠋ᠠᠭᠤᠷᠢ ᠠᠵᠤ ᠦᠢ᠍ᠯᠡᠰ᠎ᠤᠨ ᠲᠣᠭᠣᠷᠢᠨ᠎ᠳᠤ ᠯᠢᠲ᠋ᠢ ᠳ᠋ᠢᠶᠠᠨ ᡂᠢ᠂ ᠰᠢᠨ᠎ᠡ ᠮᠠᠲ᠋ᠧᠷᠢᠶᠠᠯ᠂ ᠬᠣᠪᠣᠷ ᠰᠢᠷᠣᠶ ᠵᠢ ᠭᠠᠷᠭ᠋ᠠᠨ ᠠᠪᠬᠤ ᠵᠡᠷᠭᠡ ᠨᠢᠭᠡ ᠪᠦᠯᠦᠭ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠠᠶ᠋ᠢᠵᠢᠭᠤᠯᠤᠨ ᠬᠤᠪᠢᠷᠠᠭᠤᠯᠬᠤ ᠪᠠ ᠢᠨᠵᠧᠨᠧᠷᠢᠩᠵᠢᠭᠦᠯᠬᠦ ᠵᠢ ᠠᠬᠢᠭᠤᠯᠪᠠ᠃
    ᠪᠠᠶ᠋ᠢᠴᠠᠭ᠋ᠠᠨ ᠰᠤᠳᠤᠯᠤᠯᠲᠠ ᠬᠢᠵᠦ ᠠᠵᠤ ᠠᠬᠤᠶ᠋ᠢᠯᠠᠯ ᠪᠠ ᠳᠡᠭᠡᠰᠦ ᠰᠤᠷᠭ᠋ᠠᠭᠤᠯᠢ᠎ᠳᠤ ᠰᠤᠷᠪᠤᠯᠵᠢᠯᠠᠭᠰᠠᠨ᠎ᠤ ᠳᠠᠷᠠᠭ᠎ᠠ ᠣᠯᠵᠤ ᠮᠡᠳᠡᠭᠰᠡᠨ᠎ᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠨᠢ ᠵᠠᠷᠢᠮ ᠬᠦᠴᠢᠷ ᠠᠰᠠᠭᠤᠳᠠᠯ᠂ ᠡᠪᠡᠷᠰᠢᠶᠡᠯ ᠣᠷᠣᠰᠢᠵᠤ ᠪᠠᠢ᠍ᠨ᠎ᠠ᠂ ᠵᠢᠱ᠌ᠢᠶᠡᠯᠡᠪᠡᠯ ᠦᠷ᠎ᠡ ᠪᠦᠲᠦᠭᠡᠯ᠎ᠤᠨ ᠬᠠᠩᠭ᠋ᠠᠯᠭ᠎ᠠ᠎ᠨᠢ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠵᠣᠬᠢᠴᠠᠬᠤ ᠥᠬᠡᠶ ᠪᠠᠢ᠍ᠨ᠎ᠠ᠃ ᠰᠧᠴᠤᠸᠠᠨ ᠮᠤᠵᠢ᠎ᠳᠤ᠂ ᠲᠦᠷᠦᠭᠦᠤ ᠬᠠᠭ᠋ᠠᠰ ᠵᠢᠯ᠎ᠳᠤ 4 ᠲᠦᠮᠡᠨ ᠬᠤᠪᠢ ᠲᠤᠰᠬᠠᠶ ᠠᠰᠢᠭ᠎ᠤᠨ ᠡᠷᠬᠡ ᠣᠯᠭᠣᠵᠤ᠂ ᠡᠭᠦᠨ᠎ᠤ᠎ᠳᠤ ᠳᠣᠲᠣᠷ᠎ᠠ ᠬᠤᠪᠢᠷᠠᠭᠤᠯᠬᠤ ᠦᠨ᠎ᠡ ᠥᠷᠲᠡᠭ ᠪᠦᠬᠦᠢ ᠲᠤᠰᠬᠠᠶ ᠠᠰᠢᠭ 10 % ᠬᠦᠷᠬᠦ ᠥᠬᠡᠶ ᠪᠠᠶ᠋ᠢᠵᠤ᠂ ᠣᠯᠠᠩᠬᠢ ᠲᠣᠭ᠋ᠠᠨ᠎ᠤ ᠲᠤᠰᠬᠠᠶ ᠠᠰᠢᠭ ᠭᠤᠶᠤᠴᠢᠯᠠᠬᠤ᠎ᠨᠢ ᠮᠡᠷᠭᠡᠵᠢᠯ᠎ᠤᠨ ᠲᠤᠷᠰᠢᠯᠲᠠ᠎ᠲᠠᠢ ᠨᠡᠯᠢᠶᠡᠳ ᠶᠡᠬᠡ ᠵᠥᠷᠢᠶ᠎ᠡ᠎ᠲᠠᠢ ᠪᠠᠶᠳᠠᠭ᠃ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠭᠰᠠᠨ ᠤᠯᠠᠷᠢᠭᠤᠯᠬᠤ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠳᠡᠭᠡᠰᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠨᠠᠶ᠋ᠢᠳᠠᠵᠤ ᠬᠡᠷᠡᠭᠯᠡᠭᠡᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃
    ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠣᠯᠠᠨ
    ᠠᠬᠢᠭᠤᠯᠬᠤ ᠡᠯᠧᠮᠧᠨ᠋ᠲ᠎ᠤᠨ ᠨᠠᠩ ᠵᠣᠬᠢᠴᠠᠭᠤᠯᠬᠤ
    ᠠᠵᠤ ᠠᠬᠤᠶ᠋ᠢᠯᠠᠯ ᠪᠣᠯ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠮᠥᠨ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠠᠬᠤᠢ᠍ᠯᠠᠯ᠎ᠤᠨ ᠪᠡᠯᠡ ᠮᠥᠩᠭᠥ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠵᠢᠨ ᠡᠯᠧᠮᠧᠨ᠋ᠲ᠎ᠤᠨ ᠬᠡᠷᠡᠭᠴᠡᠭᠡ ᠵᠢ ᠬᠡᠷᠬᠢᠨ ᠬᠠᠩᠭ᠋ᠠᠵᠤ᠂ ᠰᠢᠨ᠎ᠡ ᠵᠢ ᠡᠭᠦᠳᠬᠦ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠪᠡᠯᠡ ᠮᠥᠩᠭᠥᠨ᠎ᠤ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠬᠦ ᠪᠣᠶ?
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠨ ᠰᠢᠨ᠎ᠡ ᠵᠢ ᠡᠭᠦᠳᠬᠦ ᠴᠣᠭᠴᠠ ᠵᠢ ᠪᠠᠶ᠋ᠢᠭᠤᠯᠬᠤ ᠪᠣᠯ ᠭᠣᠤᠯ ᠲᠥᠰᠦᠯ ᠮᠥᠨ᠃ ᠲᠤᠬᠠᠶ ᠵᠢᠨ ᠭᠠᠵᠠᠷ᠎ᠤᠨ᠎ᠬᠢᠨ ᠳᠠᠭ᠋ᠠᠭᠤᠯᠤᠭᠴᠢ ᠠᠵᠤ ᠠᠬᠤᠢ᠍ᠯᠠᠯ ᠵᠶ᠋ᠠᠷ ᠭᠣᠤᠯ ᠴᠣᠭᠴᠠ ᠪᠣᠯᠭ᠋ᠠᠭᠰᠠᠨ᠂ ᠠᠵᠤ ᠦᠢ᠍ᠯᠡᠰ᠎ᠤᠨ ᠳᠡᠭᠡᠰᠦ ᠳᠣᠣᠷᠠᠳᠤ ᠤᠷᠤᠰᠬᠠᠯ᠎ᠤᠨ ᠠᠵᠤ ᠠᠬᠤᠢ᠍ᠯᠠᠯ ᠵᠢᠴᠢ ᠮᠤᠵᠢ ᠵᠢᠨ ᠳᠣᠲᠣᠭ᠋ᠠᠳᠤ ᠭᠠᠳᠠᠭ᠋ᠠᠳᠤ ᠵᠢᠨ ᠳᠡᠭᠡᠰᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠣᠷᠣᠯᠴᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠨ ᠰᠢᠨ᠎ᠡ ᠵᠢ ᠡᠭᠦᠳᠬᠦ ᠴᠣᠭᠴᠠ ᠵᠢ ᠪᠠᠢ᠍ᠭᠤᠯᠬᠤ᠎ᠪᠠᠷ ᠳᠠᠮᠵᠢᠨ᠂ ᠰᠢᠨ᠎ᠡ ᠵᠢ ᠡᠭᠦᠳᠬᠦ ᠡᠯᠧᠮᠧᠨ᠋ᠲ᠎ᠤᠨ ᠠᠵᠤ ᠦᠢ᠍ᠯᠡᠰ᠎ᠤᠨ ᠬᠡᠯᠬᠢᠶ᠎ᠡ᠎ᠳᠠᠬᠢ ᠨᠡᠶ᠋ᠢᠳᠬᠡᠬᠦ ᠦᠶᠯᠡᠳᠦᠯ᠎ᠢ ᠴᠢᠩᠭ᠋ᠠᠳᠬᠠᠵᠤ᠂ ᠬᠠᠮᠵᠢᠯᠴᠠᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠬᠤᠪᠢᠷᠠᠭᠤᠯᠬᠤ ᠵᠢ ᠠᠬᠢᠭᠤᠯᠤᠨ᠎ᠠ᠃
   5 ᠵᠢᠯ ᠭᠠᠷᠤᠶ ᠵᠢᠨ ᠠᠵᠢᠯᠯᠠᠭ᠋ᠠᠨ ᠵᠶ᠋ᠠᠷ ᠳᠠᠮᠵᠢᠨ᠂ ᠵᠢᠶᠠᠩᠰᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠨ ᠰᠢᠨ᠎ᠡ ᠵᠢ ᠡᠭᠦᠳᠬᠦ ᠴᠣᠭᠴᠠ 111 ᠵᠦᠶᠯ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠵᠠᠩᠭᠢᠯᠠᠭ᠎ᠠ ᠵᠢᠨ ᠭᠣᠭᠴᠣᠭ᠎ᠠ ᠵᠢ ᠰᠢᠪᠲᠤᠯᠵᠤ᠂ 345 ᠵᠦᠶᠯ᠎ᠤᠨ ᠰᠢᠨ᠎ᠡ ᠦᠶᠯᠡᠳᠬᠦᠨ᠂ ᠰᠢᠨ᠎ᠡ ᠲᠣᠨᠣᠭᠯᠠᠯ᠂ ᠰᠢᠨ᠎ᠡ ᠮᠡᠷᠭᠡᠵᠢᠯ᠎ᠢ ᠡᠭᠦᠳᠴᠦ᠂ 906 ᠵᠦᠶᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠪᠦᠷᠢᠯᠳᠦᠭᠦᠯᠵᠦ᠂ ᠠᠵᠤ ᠠᠬᠤᠢ᠍ᠯᠠᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠪᠡ᠃
    ᠱᠠᠨ ᠰᠢ᠎ᠳᠤ ᠤᠢ᠍ᠢ᠍ᠯᠠᠭ᠋ᠠᠭᠰᠠᠨ ᠵᠶ᠋ᠠᠷ᠂ ᠲᠤᠬᠠᠶ ᠵᠢᠨ ᠭᠠᠵᠠᠷ᠎ᠤᠨ᠎ᠬᠢᠨ ᠮᠤᠵᠢ ᠵᠢᠨ ᠲᠡᠰ᠎ᠤᠨ ᠰᠤᠳᠤᠯᠤᠨ ᠨᠡᠭᠡᠭᠡᠬᠦ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠵᠤ᠂ ᠠᠵᠤ ᠠᠬᠤᠢ᠍ᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠣᠨᠳᠣᠤᠰᠢᠭᠤᠯᠬᠤ ᠬᠦᠴᠢᠷ ᠠᠰᠠᠭᠤᠳᠠᠯ᠎ᠢ ᠴᠢᠷᠮᠠᠶ᠋ᠢᠨ ᠰᠢᠶᠳᠪᠦᠷᠢᠯᠡᠪᠡ᠃ 7 ᠰᠠᠷ᠎ᠠ ᠵᠢᠨ ᠡᠴᠦᠰ ᠪᠣᠯᠲᠠᠯ᠎ᠠ ᠮᠡᠷᠭᠡᠵᠢᠯ᠎ᠤᠨ ᠭᠡᠷ᠎ᠡ ᠵᠢᠨ ᠠᠷᠠᠯᠵᠢᠶᠠᠨ᠎ᠤ ᠲᠣᠭ᠎ᠠ 202 ᠳ᠋ᠦᠩᠰᠢᠭᠤᠷ ᠲᠥᠭᠥᠷᠢᠭ᠎ᠲᠤ ᠬᠦᠷᠴᠡᠶ᠃
    ᠱᠠᠨᠳᠦ᠋ᠩ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠨᠡᠶ᠋ᠢᠭᠡᠮ᠎ᠳᠤ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ ᠵᠢ ᠠᠬᠢᠭᠤᠯᠬᠤ᠎ᠪᠠᠷ ᠳᠠᠮᠵᠢᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠍ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠬᠤᠳᠠᠯᠳᠤᠨ ᠠᠪᠬᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠪᠠ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ ᠰᠠᠭᠤᠯᠭ᠋ᠠᠨ ᠠᠪᠬᠤ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠳᠠᠷᠠᠭ᠋ᠠᠬᠢ ᠨᠥᠬᠥᠪᠥᠷᠢ᠂ ᠳᠡᠭᠡᠰᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠤᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠵᠡᠷᠭᠡ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠲᠥᠷᠦ ᠵᠢᠨ ᠪᠣᠳᠣᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠎ᠠ᠃ ᠡᠨᠡ ᠵᠢᠯ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠢ ᠲᠠᠷᠬᠠᠭ᠋ᠠᠭᠰᠠᠨ᠎ᠤ ᠳᠠᠷᠠᠭ᠎ᠠ 8.7 ᠳ᠋ᠦᠩᠰᠢᠭᠤᠷ ᠲᠥᠭᠥᠷᠢᠭ ᠨᠥᠬᠥᠪᠥᠷᠢᠯᠡᠵᠦ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ ᠬᠠᠰᠤᠵᠤ ᠭᠠᠷᠭ᠋ᠠᠬᠤ ᠬᠠᠷᠠᠭ᠋ᠠᠯᠵᠠᠯ ᠦᠵᠡᠭᠦᠯᠬᠦ ᠵᠣᠭᠣᠰ᠎ᠤᠨ ᠲᠣᠭ᠎ᠠ ᠵᠢ 533 ᠳ᠋ᠦᠩᠰᠢᠭᠤᠷ ᠲᠥᠭᠥᠷᠢᠭ ᠨᠠᠢ᠍ᠳᠠᠪᠤᠷᠢᠵᠢᠭᠤᠯᠬᠤ᠂ ᠳᠡᠭᠡᠰᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠤᠨ ᠠᠰᠢᠭ ᠣᠷᠣᠯᠭ᠎ᠠ ᠵᠢᠨ ᠭᠠᠶ᠋ᠢᠯᠢ ᠵᠢ 127 ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯᠪᠡ᠃
    ᠨᠢᠭᠡ ᠵᠦᠶᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠣᠶ᠋ᠢᠶ᠎ᠠ᠎ᠳᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠵᠤ ᠳᠠᠢ᠍ᠯᠠᠬᠤ ᠡᠰᠡᠬᠦ᠎ᠨᠢ ᠰᠢᠨ᠎ᠡ ᠵᠢ ᠡᠭᠦᠳᠦᠭᠰᠡᠨ ᠦᠷ᠎ᠡ ᠪᠦᠲᠦᠮᠵᠢ ᠵᠢ ᠰᠢᠭᠤᠳ ᠨᠥᠯᠥᠭᠡᠯᠡᠵᠦ ᠪᠠᠶᠳᠠᠭ᠃ ᠴᠧᠩᠳᠦ᠋ ᠵᠢᠨ ᠭᠤᠤ ᠰᠢᠨ᠎ᠡ ᠲᠣᠭᠣᠷᠢᠭ᠎ᠤᠨ ᠨᠡᠶ᠋ᠢᠲᠡᠯᠡᠭᠰᠡᠨ 《ᠬᠠᠩᠭ᠋ᠠᠯᠭ᠎ᠠ ᠬᠡᠷᠡᠭᠴᠡᠭᠡ ᠵᠢᠨ ᠠᠵᠠ ᠲᠣᠬᠢᠶᠠᠯ᠎ᠤᠨ ᠨᠠᠷᠢᠨ ᠳᠠᠩᠰᠠ》᠎ᠨᠢ ᠡᠨᠡ ᠬᠦ᠌ ᠵᠠᠬ᠎ᠠ ᠳᠡᠯᠭᠡᠭᠦᠷ᠎ᠢ ᠵᠣᠯᠭ᠋ᠠᠭᠤᠯᠬᠤ ᠬᠦᠴᠢᠷ ᠠᠰᠠᠭᠤᠳᠠᠯ᠎ᠢ ᠬᠠᠪᠰᠤᠷᠤᠨ ᠰᠢᠶᠳᠪᠦᠷᠢᠯᠡᠵᠦ᠂ ᠤᠯᠠᠮᠵᠢᠯᠠᠯᠲᠤ ᠲᠡᠳᠬᠦᠬᠦ ᠠᠷᠭ᠎ᠠ ᠬᠡᠯᠪᠡᠷᠢ ᠵᠢ ᠨᠠᠩ ᠥᠨᠳᠥᠷ ᠪᠦᠲᠦᠮᠵᠢᠲᠡᠶ ᠪᠥᠭᠡᠳ ᠥᠷᠢᠰᠦᠯᠳᠦᠬᠦ ᠠᠵᠤ ᠦᠶᠯᠡᠰ᠎ᠢ ᠳᠡᠮᠵᠢᠬᠦ ᠠᠷᠭ᠎ᠠ ᠬᠡᠯᠪᠡᠷᠢ ᠪᠣᠯᠭ᠋ᠠᠨ ᠬᠤᠪᠢᠷᠠᠭᠤᠯᠵᠤ᠂ ᠠᠵᠤ ᠠᠬᠤᠢ᠍ᠯᠠᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ᠃
    ᠴᠧᠩᠳᠦ᠋ ᠵᠢᠨ ᠭᠤᠤ ᠰᠢᠨ᠎ᠡ ᠲᠣᠭᠣᠷᠢᠭ᠎ᠲᠤ ᠡᠨᠡ ᠵᠢᠯ᠎ᠤᠨ 7 ᠰᠠᠷ᠎ᠠ᠎ᠳᠤ ᠨᠡᠶ᠋ᠢᠲᠡᠯᠡᠭᠰᠡᠨ 《ᠵᠣᠬᠢᠶᠠᠮᠠᠯ ᠣᠶᠤᠨ ᠴᠢᠳᠠᠪᠤᠷᠢ ᠵᠢᠨ ᠬᠡᠷᠡᠭᠯᠡᠭᠡᠨ᠎ᠤ ᠠᠵᠠ ᠲᠣᠬᠢᠶᠠᠯ᠎ᠤᠨ ᠨᠠᠷᠢᠨ ᠳᠠᠩᠰᠠ (ᠨᠢᠭᠡᠳᠦᠭᠡᠷ ᠪᠦᠯᠦᠭ)》 ᠵᠢ ᠣᠯᠵᠤ ᠬᠠᠷᠠᠪᠠ᠂ ᠡᠭᠦᠨ᠎ᠳᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠣᠯᠤᠨ ᠰᠦᠯᠵᠢᠶᠡᠨ᠎ᠤ ᠵᠠᠷᠢᠮ ᠮᠡᠳᠡᠭᠡ ᠵᠠᠩᠭᠢ ᠵᠢᠨ ᠰᠢᠰᠲ᠋ᠧᠮ᠎ᠤᠨ ᠪᠦᠲᠦᠭᠡᠨ ᠪᠠᠢ᠍ᠭᠤᠯᠤᠯᠲᠠ᠂ ᠠᠮᠤᠷ ᠠᠮᠤᠭᠤᠯᠠᠩ ᠨᠡᠶ᠋ᠢᠭᠡᠮ ᠲᠣᠭᠣᠷᠢᠭ᠎ᠤᠨ ᠪᠦᠲᠦᠭᠡᠨ ᠪᠠᠢ᠍ᠭᠤᠯᠤᠯᠲᠠ᠂ ᠣᠶᠤᠨᠴᠢ ᠨᠠᠰᠤᠵᠢᠯ᠎ᠤᠨ ᠠᠰᠠᠷᠠᠮᠵᠢ ᠵᠢᠨ ᠦᠶᠯᠡᠴᠢᠯᠡᠭᠡ ᠵᠡᠷᠭᠡ ᠵᠢ ᠬᠤᠳᠠᠯᠳᠤᠨ ᠠᠪᠬᠤ᠂ ᠬᠠᠩᠭ᠋ᠠᠯᠭ᠎ᠠ ᠵᠢᠨ ᠦᠵᠦᠭᠦᠷ᠎ᠨᠢ 119 ᠵᠦᠶᠯ᠎ᠤᠨ ᠳᠡᠭᠡᠰᠦ ᠰᠢᠨ᠎ᠡ ᠲᠣᠭᠣᠷᠢᠭ᠎ᠤᠨ ᠵᠣᠬᠢᠶᠠᠮᠠᠯ ᠣᠶᠤᠨ ᠴᠢᠳᠠᠪᠤᠷᠢ ᠵᠢᠨ ᠠᠵᠤ ᠠᠬᠤᠢ᠍ᠯᠠᠯ᠎ᠤᠨ ᠰᠢᠨ᠎ᠡ ᠵᠢ ᠡᠭᠦᠳᠦᠭᠰᠡᠨ ᠦᠶᠯᠡᠳᠬᠦᠨ᠎ᠤ ᠨᠡᠷᠡᠰ᠎ᠤᠨ ᠵᠢᠭᠰᠠᠭ᠋ᠠᠯᠲᠠ ᠵᠡᠷᠭᠡ ᠵᠢ ᠪᠠᠭᠲᠠᠭ᠋ᠠᠨ᠎ᠠ᠃ 《ᠠᠵᠠ ᠲᠣᠬᠢᠶᠠᠯ᠎ᠤᠨ ᠨᠠᠷᠢᠨ ᠳᠠᠩᠰᠠ ᠵᠢ ᠨᠡᠶ᠋ᠢᠲᠡᠯᠡᠭᠰᠡᠨ᠎ᠤ ᠳᠠᠷᠠᠭ᠎ᠠ ᠬᠠᠯᠠᠭᠤᠨ ᠲᠤᠰᠬᠠᠯ ᠭᠠᠷᠴᠤ᠂ ᠨᠢᠭᠡ ᠭᠠᠷᠠᠭ᠎ᠤᠨ ᠳᠣᠲᠣᠷ᠎ᠠ᠂ ᠡᠯ᠎ᠡ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠡᠴᠡ 28 ᠤᠳᠠᠭ᠎ᠠ ᠠᠵᠤ ᠠᠬᠤᠢ᠍ᠯᠠᠯ᠎ᠲᠠᠢ ᠵᠣᠯᠭ᠋ᠠᠭᠤᠯᠵᠤ᠂ ᠪᠠᠰᠠ ᠨᠢᠭᠡ ᠪᠦᠯᠦᠭ ᠥᠨᠳᠥᠷ ᠰᠢᠨ᠎ᠡ ᠲᠣᠭᠣᠷᠢᠭ᠎ᠤᠨ ᠭᠠᠳᠠᠨᠠᠬᠢ ᠠᠵᠤ ᠠᠬᠤᠢ᠍ᠯᠠᠯ ᠰᠠᠨᠠᠭ᠋ᠠᠴᠢᠯᠠᠭ᠎ᠠ᠎ᠠᠴᠠ᠎ᠪᠠᠨ ᠭᠡᠷ ᠲᠦᠨᠢ ᠬᠦᠷᠴᠦ᠂ 〈ᠡᠷᠦᠬᠡ ᠠᠮᠠ ᠣᠷᠣᠭᠤᠯᠬᠤ〉 ᠵᠢ ᠬᠦᠰᠡᠵᠦ ᠪᠠᠶ᠋ᠢᠨ᠎ᠠ᠃》 ᠭᠡᠵᠦ ᠭᠤᠤ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠬᠠᠷᠢᠭᠤᠴᠠᠯᠭ᠋ᠠᠲᠠᠨ ᠬᠡᠯᠡᠪᠡ᠃
    ᠣᠯᠵᠤ ᠮᠡᠳᠡᠭᠰᠡᠨ᠎ᠨᠢ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠲᠥᠷᠥ ᠵᠢᠨ ᠪᠣᠳᠣᠯᠭ᠎ᠠ᠎ᠳᠤ ᠪᠠᠰᠠ ᠠᠳᠠᠯ ᠦᠶᠯᠡᠰ ᠴᠣᠭᠴᠠᠯᠠᠵᠤ ᠰᠢᠨ᠎ᠡ ᠵᠢ ᠡᠭᠦᠳᠬᠦ ᠬᠡᠰᠡᠭ ᠵᠢᠭᠡᠯᠡᠯᠭᠡ ᠵᠢ ᠪᠣᠳᠠᠲᠠᠶ ᠨᠠᠶ᠋ᠢᠳᠠᠪᠤᠷᠢᠵᠢᠭᠤᠯᠤᠭᠰᠠᠨ ᠥᠬᠡᠶ ᠪᠠᠢ᠍ᠳᠠᠯ ᠣᠷᠣᠰᠢᠵᠤ ᠪᠠᠢ᠍ᠨ᠎ᠠ᠃ 
    ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠢ᠍ᠳᠠᠪᠤᠷᠢᠵᠢᠭᠤᠯᠬᠤ ᠬᠡᠷᠡᠭᠲᠡᠶ᠃
    ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠢ ᠲᠡᠳᠡᠨ ᠠᠪᠴᠢᠷᠠᠬᠤ
    ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠪᠣᠯ ᠮᠥᠨ ᠴᠢᠨᠠᠷ ᠳᠡᠭᠡᠷ᠎ᠡ᠎ᠪᠠᠨ ᠴᠢᠳᠠᠪᠤᠷᠢᠲᠠᠨ ᠵᠶ᠋ᠠᠷ ᠬᠥᠳᠡᠯᠭᠡᠭᠦᠷ ᠪᠣᠯᠭ᠋ᠠᠬᠤ ᠶᠠᠪᠤᠳᠠᠯ ᠪᠣᠯᠤᠨ᠎ᠠ᠃ ᠰᠢᠨ᠎ᠡ ᠵᠢ ᠡᠭᠦᠳᠬᠦ ᠬᠡᠯᠪᠡᠷᠢ ᠵᠢᠨ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠶ᠋ᠢᠷᠠᠭᠤᠯᠤᠶ᠎ᠠ ᠭᠡᠪᠡᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠴᠢᠳᠠᠪᠤᠷᠢᠲᠠᠨ᠎ᠢ ᠵᠣᠷᠢᠭᠵᠢᠭᠤᠯᠬᠤ᠂ ᠲᠡᠳᠡᠨ ᠠᠪᠴᠢᠷᠠᠬᠤ ᠪᠠ ᠬᠥᠮᠦᠵᠢᠭᠦᠯᠬᠦ ᠵᠢ ᠴᠢᠩᠭ᠋ᠠᠳᠬᠠᠬᠤ ᠬᠡᠷᠡᠭᠲᠡᠶ᠃
    ᠱᠠᠨ ᠰᠢ ᠵᠢᠨ ᠶᠦᠨ ᠵᠧᠤ ᠲᠣᠭᠣᠷᠢᠭ᠎ᠲᠤ᠂ ᠭᠣᠤᠯ ᠲᠤᠷᠰᠢᠯᠲᠠ ᠵᠢᠨ ᠠᠰᠠᠷ ᠵᠶ᠋ᠠᠷ ᠭᠣᠤᠯ ᠪᠣᠯᠭ᠋ᠠᠭᠰᠠᠨ 15 ᠨᠢᠭᠡᠴᠡ ᠵᠢᠨ ᠪᠠᠷᠢᠯᠭ᠎ᠠ ᠰᠦᠨᠳᠡᠷᠯᠡᠨ ᠪᠣᠰᠪᠠ᠃ 《ᠲᠦᠷᠦᠭᠦᠬᠡᠨ᠂ ᠨᠡᠭᠦᠷᠡᠰᠦ ᠵᠢ ᠴᠡᠪᠡᠷᠰᠢᠭᠦᠯᠦᠨ ᠰᠢᠲᠠᠭ᠋ᠠᠬᠤ ᠲᠤᠷᠰᠢᠯᠲᠠ ᠵᠢᠨ ᠲᠠᠪᠴᠠᠩ᠎ᠤᠨ ᠶᠣᠰᠣᠯᠠᠯ᠎ᠢ ᠰᠠᠶᠢᠬᠠᠨ ᠪᠡᠶᠡᠯᠡᠭᠦᠯᠵᠦ᠂ ᠨᠡᠭᠦᠷᠡᠰᠦ᠎ᠪᠠᠷ ᠤᠰᠤᠲᠥ᠋ᠷᠥᠭᠴᠢ ᠪᠣᠯᠭ᠋ᠠᠬᠤ᠎ᠪᠠᠷ ᠭᠣᠤᠯ ᠪᠣᠯᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠶᠯ᠎ᠨᠢ ᠨᠢᠭᠡᠨᠲᠡ ᠠᠵᠤ ᠦᠶ᠋ᠢᠯᠡᠰᠵᠢᠯᠲᠡ ᠵᠢᠨ ᠡᠴᠦᠰ᠎ᠤᠨ ᠨᠢᠭᠡ ᠠᠯᠬᠤᠮ᠎ᠢ ᠪᠡᠶᠡᠯᠡᠭᠦᠯᠵᠡᠶ᠃》 ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠢᠨᠵᠧᠨᠧᠷᠢᠩ᠎ᠤᠨ ᠢᠯᠴᠢ ᠵᠢᠨ ᠹᠢᠽᠢᠺ ᠰᠤᠳᠤᠯᠬᠤ ᠭᠠᠵᠠᠷ᠎ᠤᠨ ᠬᠤᠪᠢᠶᠠᠷᠢ ᠭᠠᠵᠠᠷ᠎ᠤᠨ ᠵᠣ᠋ ᠵᠢᠶᠦ᠋ᠨ ᠴᠢᠶᠠᠩ ᠳᠣᠭᠳᠣᠯᠤᠭᠰᠠᠨ ᠰᠡᠳᠬᠢᠯᠭᠡ᠎ᠪᠠᠨ ᠳᠠᠷᠤᠵᠤ ᠶᠠᠳᠠᠨ᠎ᠠ᠃
    ᠵᠥᠩ ᠰᠢ ᠵᠢᠨ ᠲᠤᠰᠬᠠᠶ ᠮᠡᠷᠭᠡᠵᠢᠯᠲᠡᠨ ᠡᠨᠳᠡ ᠢᠷᠡᠵᠦ ᠡᠷᠳᠡᠮ ᠰᠢᠨᠵᠢᠯᠡᠭᠡ ᠬᠢᠬᠦ᠎ᠨᠢ 《ᠨᠢᠭᠡ ᠴᠣᠮᠣ ᠺᠣᠹᠧ》᠎ᠠᠴᠠ ᠡᠬᠢᠯᠡᠭᠰᠡᠨ᠎ᠢ ᠬᠡᠨ ᠪᠣᠳᠣᠵᠤ ᠣᠯᠬᠤ ᠪᠤᠢ᠃ ᠵᠦ᠍ ᠵᠢᠶᠦ᠋ᠨ ᠴᠢᠶᠠᠩ ᠢᠨᠢᠶᠡᠮᠰᠦᠭᠯᠡᠨ ᠬᠡᠯᠡᠬᠦ᠎ᠳᠡᠭᠡᠨ᠂ ᠨᠢᠳᠤᠨᠤᠨ᠎ᠤ ᠨᠢᠭᠡ ᠤᠳᠠᠭ᠋ᠠᠨ᠎ᠤ ᠭᠡᠨᠡᠳᠲᠡ ᠵᠢᠨ ᠲᠣᠬᠢᠶᠠᠯ ᠵᠶ᠋ᠠᠷ᠂ ᠲᠤᠬᠠᠶ ᠵᠢᠨ ᠭᠠᠵᠠᠷ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠠᠵᠢᠯᠲᠠᠳ ᠪᠣᠯᠤᠨ ᠰᠤᠳᠤᠯᠭ᠋ᠠᠨ᠎ᠤ ᠭᠠᠵᠠᠷ᠎ᠤᠨ ᠠᠵᠢᠯᠲᠠᠨ ᠺᠤᠹᠤ ᠤᠤᠭᠤᠵᠤ᠂ ᠲᠤᠬᠠᠶ ᠵᠢᠨ ᠣᠶ᠋ᠢᠶ᠎ᠠ᠎ᠳᠤ ᠵᠥᠩ ᠢᠦᠶ ᠶᠠᠭ ᠰᠢᠨ᠎ᠡ ᠰᠤᠳᠤᠯᠤᠨ ᠨᠡᠭᠡᠭᠡᠬᠦ ᠰᠠᠭᠤᠷᠢᠨ ᠭᠠᠵᠠᠷ ᠡᠷᠢᠵᠦ ᠪᠠᠶ᠋ᠢᠪᠠ᠂ ᠭᠡᠲᠡᠯ᠎ᠡ ᠶᠠᠭ ᠰᠠᠶ᠋ᠢᠬᠠᠨ ᠡᠨᠧᠷᠭᠢ ᠵᠢᠨ ᠰᠤᠷᠪᠤᠯᠵᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠠᠵᠠ ᠲᠣᠬᠢᠶᠠᠯ ᠲᠣᠬᠢᠶᠠᠯᠳᠤᠵᠤ᠂ ᠨᠡᠭᠦᠷᠡᠰᠦ ᠵᠢ ᠴᠡᠪᠡᠷᠰᠢᠭᠦᠯᠦᠨ ᠬᠡᠷᠡᠭᠯᠡᠬᠦ ᠵᠦᠶᠯᠡᠰ᠎ᠢ ᠲᠤᠬᠠᠶ ᠵᠢᠨ ᠭᠠᠵᠠᠷ᠎ᠲᠤ ᠨᠤᠲᠤᠭᠰᠢᠭᠤᠯᠬᠤ ᠬᠦᠰᠡᠯ ᠵᠶ᠋ᠠᠨ ᠲᠡᠷᠡ ᠳᠣᠤᠷ᠎ᠠ᠎ᠨᠢ ᠲᠣᠭᠲᠠᠭ᠋ᠠᠵᠠᠶ᠃
   《ᠥᠩᠭᠡᠷᠡᠭᠡᠭᠰᠡᠨ᠎ᠳᠤ ᠦᠷ᠎ᠡ ᠪᠦᠲᠦᠭᠡᠯ᠎ᠨᠢ ᠲᠤᠷᠰᠢᠯᠲᠠ ᠵᠢᠨ ᠲᠠᠰᠤᠭ᠎ᠠᠴᠠ ᠭᠠᠷᠴᠤ ᠳᠠᠢ᠍ᠯᠠᠬᠤ ᠦᠭᠡᠢ᠎ᠠᠴᠠ ᠠᠶᠤᠵᠤ ᠪᠠᠶ᠋ᠢᠪᠠ᠂ ᠣᠳᠣ ᠪᠢᠳᠡᠨ᠎ᠤ ᠠᠭᠤᠷᠬᠠᠶ ᠰᠣᠩᠭᠣᠬᠤ ᠮᠡᠷᠭᠡᠵᠢᠯ ᠽᠠᠮᠪᠢᠶ᠎ᠠ᠎ᠳᠤ ᠠᠮᠵᠢᠯᠲᠠ᠎ᠲᠠᠢ ᠨᠠᠶ᠋ᠢᠳᠠᠪᠤᠷᠢᠵᠢᠵᠠᠶ!》 ᠭᠡᠵᠡᠶ᠃
ᠵᠢᠱ᠌ᠢᠶᠡᠯᠡᠪᠡᠯ᠂ ᠠᠰᠢᠭ ᠣᠷᠣᠯᠭ᠎ᠠ ᠵᠢ ᠬᠤᠪᠢᠷᠠᠭᠤᠯᠤᠨ ᠬᠠᠮᠲᠤ᠎ᠪᠠᠷ ᠡᠳ᠋ᠯᠡᠬᠦ ᠲᠣᠭᠲᠠᠴᠠ ᠵᠢᠨ ᠲᠠᠯ᠎ᠠ᠎ᠪᠠᠷ᠂ 1000 ᠲᠦᠮᠡᠨ ᠲᠥᠭᠥᠷᠢᠭ᠎ᠠᠴᠠ ᠳᠣᠷᠣᠭᠰᠢᠬᠢ ᠠᠷᠠᠯᠵᠢᠶᠠᠨ᠎ᠤ ᠵᠦᠶᠯᠡᠰ᠎ᠲᠤ᠂ ᠰᠤᠳᠤᠯᠤᠨ ᠨᠡᠭᠡᠭᠡᠬᠦ ᠠᠵᠢᠯᠲᠠᠨ ᠬᠢᠭᠡᠳ ᠰᠤᠷᠭ᠋ᠠᠭᠤᠯᠢ ᠵᠢᠨ ᠬᠣᠭᠣᠷᠣᠨᠳᠣ ᠬᠡᠷᠡᠭᠯᠡᠬᠦ ᠵᠥᠪᠰᠢᠶᠡᠷᠡᠯ᠎ᠤᠨ ᠲᠥᠷᠥᠯ᠎ᠨᠢ 9᠄ 1᠂ ᠦᠷ᠎ᠡ ᠪᠦᠲᠦᠭᠡᠯ᠎ᠢ ᠰᠢᠯᠵᠢᠭᠦᠯᠦᠨ ᠥᠭᠬᠦ ᠲᠥᠷᠥᠯ᠎ᠨᠢ 8᠄ 2᠂ ᠦᠷ᠎ᠡ ᠪᠦᠲᠦᠭᠡᠯ ᠵᠶ᠋ᠠᠷ ᠬᠤᠪᠢ ᠣᠷᠣᠭᠤᠯᠬᠤ ᠲᠥᠷᠥᠯ᠎ᠨᠢ 7᠄ 3 ᠵᠢᠨ ᠬᠠᠷᠢᠴᠠᠯ ᠵᠶ᠋ᠠᠷ ᠬᠤᠪᠢᠶᠠᠷᠢᠯᠠᠨ᠎ᠠ; ᠠᠷᠠᠯᠵᠢᠶᠠᠯᠠᠭᠰᠠᠨ ᠲᠣᠭ᠎ᠠ᠎ᠨᠢ 1000 ᠲᠦᠮᠡᠨ ᠲᠥᠭᠥᠷᠢᠭ᠎ᠠᠴᠠ ᠳᠡᠭᠡᠭᠰᠢᠬᠢ ᠲᠥᠷᠥᠯ ᠵᠦᠶᠯ᠎ᠨᠢ ᠬᠠᠮᠤᠭ᠎ᠤᠨ ᠥᠨᠳᠥᠷ᠎ᠲᠡᠭᠡᠨ ᠰᠤᠳᠤᠯᠤᠨ ᠨᠡᠭᠡᠭᠡᠬᠦ ᠪᠦᠯᠬᠦᠮ᠎ᠳᠤ 92 %᠎ᠤᠨ ᠠᠰᠢᠭ ᠣᠷᠣᠯᠭ᠎ᠠ ᠣᠯᠭᠣᠵᠤ ᠪᠣᠯᠤᠨ᠎ᠠ᠃ ᠡᠭᠦᠨ᠎ᠠᠴᠠ ᠭᠠᠳᠠᠨ᠎ᠠ᠂ ᠰᠤᠷᠭ᠋ᠠᠭᠤᠯᠢ᠎ᠨᠢ ᠣᠯᠠᠨ ᠡᠰᠢᠲᠦ ᠦᠨᠡᠯᠡᠯᠲᠡ ᠵᠢᠨ ᠲᠣᠭᠲᠠᠴᠠ ᠵᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠶᠯ᠎ᠢ ᠡᠭᠦᠷᠭᠡᠯᠡᠬᠦ ᠵᠢ ᠵᠣᠷᠢᠭᠵᠢᠭᠤᠯᠬᠤ ᠵᠢᠨ ᠬᠠᠮᠲᠤ᠂ ᠲᠡᠭᠦᠨ᠎ᠢ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠪᠠ ᠠᠵᠢᠯ ᠵᠢᠨ ᠠᠮᠵᠢᠯᠲᠠ ᠵᠢ ᠬᠢᠨᠠᠨ ᠰᠢᠯᠭ᠋ᠠᠬᠤ᠎ᠳᠤ ᠣᠷᠣᠭᠤᠯᠤᠨ᠎ᠠ᠃
    ᠰᠧᠴᠤᠸᠠᠨ ᠶᠡᠬᠡ ᠰᠤᠷᠭ᠋ᠠᠭᠤᠯᠢ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠢ ᠤᠷᠮᠠᠰᠢᠭᠤᠯᠤᠨ ᠵᠣᠷᠢᠭᠵᠢᠭᠤᠯᠬᠤ ᠲᠠᠯ᠎ᠠ᠎ᠪᠠᠷ ᠵᠣᠬᠢᠬᠤ ᠠᠮᠵᠢᠯᠲᠠ ᠣᠯᠤᠭᠰᠠᠨ᠎ᠢ ᠣᠯᠵᠤ ᠮᠡᠳᠡᠵᠡᠢ᠃ ᠲᠣᠰ ᠰᠤᠷᠭ᠋ᠠᠭᠤᠯᠢ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠬᠦ ᠡᠷᠬᠡ᠂ ᠠᠰᠢᠭ ᠬᠦᠷᠲᠡᠬᠦ ᠡᠷᠬᠡ ᠵᠢᠨ ᠥᠭᠡᠷᠡᠴᠢᠯᠡᠯᠲᠡ᠎ᠪᠠᠷ ᠭᠠᠷᠲᠠᠨ ᠪᠣᠯᠭ᠋ᠠᠵᠤ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠵᠢᠨ ᠡᠷᠬᠡ ᠵᠢ ᠨᠤᠲᠠᠯᠠᠨ ᠲᠣᠭᠲᠠᠭ᠋ᠠᠬᠤ ᠥᠭᠡᠷᠡᠴᠢᠯᠡᠯᠲᠡ ᠵᠢ ᠰᠦᠪᠡᠭᠴᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠢᠳᠡᠪᠬᠢᠵᠢᠯ᠎ᠢ ᠬᠥᠭᠵᠢᠭᠡᠪᠡ᠃ ᠣᠳᠣᠬᠠᠨ᠎ᠳᠤ᠂ ᠨᠢᠭᠡᠨᠲᠡ 80 ᠭᠠᠷᠤᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠳᠠᠨ ᠲᠣᠭᠲᠠᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ 30 ᠭᠠᠷᠤᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠍ᠯᠠᠯ᠎ᠢ ᠡᠭᠦᠳᠦᠨ ᠪᠠᠶ᠋ᠢᠭᠤᠯᠪᠠ᠃ ᠰᠤᠷᠭ᠋ᠠᠭᠤᠯᠢ ᠪᠠᠰᠠ ᠲᠤᠰᠬᠠᠶ ᠲᠤᠰᠢᠶᠠᠯᠲᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠷᠣᠨ ᠨᠤᠲᠤᠭ᠂ ᠠᠵᠤ ᠠᠬᠤᠶ᠋ᠢᠯᠠᠯ᠎ᠲᠠᠢ ᠬᠠᠮᠲᠤ᠎ᠪᠠᠷ ᠰᠤᠳᠤᠯᠤᠨ ᠨᠡᠭᠡᠭᠡᠬᠦ ᠲᠠᠪᠴᠠᠩ ᠪᠠᠶ᠋ᠢᠭᠤᠯᠬᠤ᠎ᠪᠠᠷ ᠳᠠᠮᠵᠢᠭᠤᠯᠤᠨ᠂ ᠢᠨᠵᠧᠨᠧᠷᠢᠩ᠎ᠤᠨ ᠬᠡᠷᠡᠭᠯᠡᠭᠡᠨ᠎ᠤ ᠨᠡᠭᠡᠭᠡᠨ ᠬᠥᠭᠵᠢᠭᠦᠯᠦᠯᠲᠡ᠂ ᠵᠠᠪᠰᠠᠷ᠎ᠤᠨ ᠲᠤᠷᠰᠢᠯᠲᠠ ᠵᠢᠨ ᠰᠤᠳᠤᠯᠤᠨ ᠨᠡᠭᠡᠭᠡᠯᠲᠡ᠎ᠨᠢ ᠪᠣᠯᠪᠠᠰᠤᠷᠠᠩᠭᠤᠶ᠂ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ᠎ᠪᠠᠷ ᠬᠦᠴᠦᠯᠡᠨ ᠴᠢᠷᠮᠠᠢ᠍ᠭᠰᠠᠨ ᠨᠢᠭᠡᠨ ᠰᠠᠯᠠᠭ᠎ᠠ ᠲᠤᠰᠬᠠᠶ ᠲᠤᠰᠢᠶᠠᠯᠲᠤ ᠡᠩᠨᠡᠭᠡ ᠵᠢ ᠪᠠᠶ᠋ᠢᠭᠤᠯᠵᠤ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠠᠵᠤ ᠠᠬᠤᠶ᠋ᠢᠯᠠᠯ᠎ᠤᠨ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠢ ᠲᠠᠲᠠᠵᠤ ᠴᠢᠳᠠᠬᠤ ᠦᠭᠡᠢ ᠪᠠᠶᠬᠤ ᠠᠰᠠᠭᠤᠳᠠᠯ᠎ᠢ ᠰᠢᠶᠳᠪᠦᠷᠢᠯᠡᠬᠦ ᠵᠢ ᠲᠦᠯᠬᠢᠨ ᠠᠬᠢᠭᠤᠯᠪᠠ᠃
    ᠵᠠᠷᠢᠮ ᠳᠡᠭᠡᠰᠦ ᠰᠤᠷᠭ᠋ᠠᠭᠤᠯᠢ ᠵᠢᠨ ᠤᠳᠤᠷᠢᠳᠬᠤ ᠺᠠᠳ᠋ᠷ ᠰᠢᠯᠵᠢᠭᠦᠯᠦᠨ ᠥᠭᠬᠦ ᠭᠣᠭᠴᠣᠭ᠎ᠠ᠎ᠳᠤ ᠮᠥᠨ ᠯᠡ ᠰᠡᠳᠬᠢᠯ ᠲᠠᠯᠪᠢᠵᠤ᠂ ᠵᠠᠷᠢᠮ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠲᠤᠰᠢᠶᠠᠯ᠎ᠤᠨ ᠡᠭᠦᠳᠦᠯᠲᠡ ᠵᠢᠨ ᠡᠷᠬᠡ ᠵᠢᠨ ᠬᠠᠷᠢᠶᠠᠯᠠᠯ᠎ᠤᠨ ᠬᠤᠪᠢᠶᠠᠷᠢᠯᠠᠯᠲᠠ᠎ᠳᠤ ᠮᠥᠨ ᠯᠡ ᠡᠷᠡᠭᠡᠯᠵᠡᠭᠡ᠎ᠲᠠᠢ ᠪᠠᠶ᠋ᠢᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠤᠬᠠᠶ ᠣᠶ᠋ᠢᠯᠠᠭ᠋ᠠᠯᠲᠠ ᠳᠤᠲᠠᠮᠠᠭ ᠪᠠᠶ᠋ᠢᠵᠤ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠳᠣᠲᠣᠭ᠋ᠠᠳᠤ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶ᠋ᠢᠬᠤ ᠵᠢ ᠣᠯᠵᠤ ᠮᠡᠳᠡᠵᠡᠢ᠃  ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ᠂ ᠦᠷ᠎ᠡ ᠪᠦᠲᠦᠭᠡᠯ᠎ᠤᠨ ᠰᠢᠯᠵᠢᠭᠦᠯᠦᠯᠲᠡ ᠪᠣᠯᠤᠨ ᠦᠷ᠎ᠡ ᠪᠦᠲᠦᠭᠡᠯ᠎ᠤᠨ ᠡᠷᠬᠡ ᠵᠢᠨ ᠬᠠᠷᠢᠶᠠᠯᠠᠯ᠎ᠤᠨ ᠲᠣᠭᠣᠷᠢᠨ᠎ᠳᠤ᠂ ᠮᠠᠨ᠎ᠤ ᠤᠯᠤᠰ ᠨᠢᠭᠡᠨᠲᠡ ᠦᠯᠡᠮᠵᠢ ᠣᠯᠠᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠨᠡᠶ᠋ᠢᠲᠡᠯᠡᠵᠡᠶ᠃ ᠢᠷᠡᠭᠡᠳᠦᠢ᠎ᠳᠤ᠂ ᠤᠳᠤᠷᠢᠳᠬᠤ ᠺᠠᠳ᠋ᠷᠴᠤᠳ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠬᠤᠯᠠᠴᠢᠯᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠦᠷ᠎ᠡ ᠪᠦᠲᠦᠭᠡᠯ᠎ᠢ ᠤᠯᠠᠷᠢᠭᠤᠯᠬᠤ᠎ᠳᠤ ᠢᠳᠡᠪᠬᠢᠲᠡᠢ ᠣᠷᠣᠯᠴᠠᠬᠤ᠂ ᠬᠠᠮᠢᠶᠠᠷᠤᠯᠲᠠ ᠵᠢᠨ ᠰᠠᠯᠠᠭ᠎ᠠ ᠮᠥᠴᠢᠷ ᠦᠷ᠎ᠡ ᠪᠦᠲᠦᠭᠡᠯ᠎ᠢ ᠤᠯᠠᠷᠢᠭᠤᠯᠬᠤ ᠵᠢ ᠬᠠᠯᠠᠭᠤᠨ ᠵᠶ᠋ᠠᠷ ᠠᠬᠢᠭᠤᠯᠬᠤ ᠨᠡᠶ᠋ᠢᠯᠡᠮᠡᠯ ᠬᠦᠴᠦᠨ᠎ᠢ ᠪᠤᠢ ᠪᠣᠯᠭ᠋ᠠᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ᠃ (ᠰᠤᠷᠪᠤᠯᠵᠢᠯᠠᠭᠴᠢ ᠴᠢᠦ ᠴᠤᠤ ᠢ   ᠬᠥ᠋ ᠶᠧ ᠺᠠᠶ   ᠬᠠᠨ ᠰᠢᠨ   ᠴᠢ ᡁᠢ ᠮᠢᠩ   ᠴᠢᠦᠶ ᠰᠢᠨ ᠮᠢᠩ)  

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠨᠠᠶᠮᠠᠨ ᠠᠷᠭ᠎ᠠ ᠬᠡᠮᠵᠢᠶ᠎ᠡ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠦᠨ ᠪᠦᠳᠦᠭᠡᠯᠲᠡ ᠵᠢᠨ ᠳᠤᠰᠬᠠᠢ ᠠᠰᠢᠭ᠎ᠤᠨ ᠵᠠᠷᠤᠳᠠᠯ ᠢ ᠲᠤᠰᠠᠯᠠᠬᠤ ᠠᠷᠭ᠎ᠠ》
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠄ ᠦᠷ᠎ᠡ ᠪᠦᠲᠦᠭᠡᠯ᠎ᠢ ᠬᠤᠪᠢᠷᠠᠭᠤᠯᠬᠤ ᠳᠤᠮᠳᠠᠬᠢ ᠳᠥᠷᠪᠡᠨ ᠮᠡᠷᠭᠡᠵᠢᠯ᠎ᠤᠨ ᠦᠢᠯᠡᠴᠢᠯᠡᠭᠡ ᠵᠢ ᠪᠡᠯᠡᠨ ᠵᠣᠭᠣᠰ ᠵᠶ᠋ᠠᠷ ᠱᠠᠩᠨᠠᠵᠤ ᠪᠣᠯᠬᠤ ᠪᠥᠭᠡᠳ ᠴᠠᠯᠢᠩ᠎ᠤᠨ ᠶᠡᠷᠦᠩᠬᠡᠶ ᠲᠣᠭ᠎ᠠ᠎ᠳᠤ ᠬᠢᠵᠠᠭ᠋ᠠᠷᠯᠠᠭᠳᠠᠬᠤ ᠥᠬᠡᠶ
ᠳᠥᠷᠪᠡᠨ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ᠎ᠳᠤ ᠬᠦᠴᠦᠨ ᠨᠡᠮᠡᠷᠢᠯᠡᠨ᠎ᠡ
ᠦᠷ᠎ᠡ ᠪᠦᠲᠦᠭᠡᠯ᠎ᠢ ᠬᠤᠪᠢᠷᠠᠭᠤᠯᠬᠤ 《ᠭᠤᠷᠪᠠᠨ ᠠᠯᠬᠤᠮ ᠵᠶ᠋ᠠᠷ ᠶᠠᠪᠤᠬᠤ》 ᠲᠢᠶᠠᠨᠵᠢᠨ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠬᠠᠪᠰᠤᠷᠬᠤ 《ᠭᠤᠷᠪᠠᠨ ᠦᠢᠯᠡᠳᠦᠯ》
 
            
Baidu
map