ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠨᠠᠶᠮᠠᠨ ᠠᠷᠭ᠎ᠠ ᠬᠡᠮᠵᠢᠶ᠎ᠡ
ᠲᠤᠰᠬᠠᠶ ᠮᠡᠷᠭᠡᠵᠢᠯᠲᠡᠨ᠎ᠤ ᠲᠠᠨᠢᠯᠴᠠᠭᠤᠯᠭ᠎ᠠ᠄

ᠬᠠᠨ ᠶᠦᠩ᠂ ᠥᠪᠥᠷ ᠮᠣᠩᠭᠤᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠦᠶᠯᠡᠴᠢᠯᠡᠭᠡᠨ᠎ᠤ ᠲᠥᠪ᠎ᠤᠨ ᠡᠷᠬᠢᠯᠡᠭᠴᠢ᠂ ᠠᠰᠫᠢᠷᠠᠨᠲ᠂ ᠳᠡᠭᠡᠰᠦ ᠵᠡᠷᠭᠡ ᠵᠢᠨ ᠢᠨᠵᠧᠨᠧᠷ᠂ ᠠᠰᠫᠢᠷᠠᠨᠲ᠎ᠤᠨ ᠵᠢᠯᠣᠭᠤᠳᠣᠭᠴᠢ ᠪᠠᠭᠰᠢ᠂ ᠤᠯᠤᠰ᠎ᠠᠴᠠ ᠮᠡᠳᠡᠯᠭᠡ ᠵᠢᠨ ᠥᠮᠴᠢᠯᠡᠬᠦ ᠡᠷᠬᠡ ᠵᠢᠨ ᠵᠠᠯᠠᠭᠤᠴᠤᠳ᠎ᠤᠨ ᠬᠤᠯᠪᠣᠭ᠋ᠠᠨ᠎ᠤ ᠭᠡᠰᠢᠭᠦᠨ᠂ ᠤᠯᠤᠰ᠎ᠠᠴᠠ ᠮᠡᠳᠡᠯᠭᠡ ᠵᠢᠨ ᠥᠮᠴᠢᠯᠡᠬᠦ ᠡᠷᠬᠡ ᠵᠢᠨ ᠵᠠᠭᠤᠨ ᠨᠡᠷᠡᠰ ᠳᠡᠭᠡᠰᠦ ᠳᠡᠰ ᠵᠢᠨ ᠴᠢᠳᠠᠪᠤᠷᠢᠲᠠᠨ᠎ᠤ ᠵᠢᠱ᠌ᠢᠭᠳᠡᠭᠴᠢ᠂ ᠪᠥᠬᠦ ᠤᠯᠤᠰ᠎ᠤᠨ ᠲᠤᠰᠬᠠᠶ ᠠᠰᠢᠭ᠎ᠤᠨ ᠮᠡᠳᠡᠭᠡ ᠵᠠᠩᠭᠢ ᠵᠢᠨ ᠳᠠᠭ᠋ᠠᠭᠤᠯᠤᠭᠴᠢ ᠴᠢᠳᠠᠪᠤᠷᠢᠲᠠᠨ᠂ ᠥᠪᠥᠷ ᠮᠣᠩᠭᠤᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠶ ᠮᠡᠷᠭᠡᠵᠢᠯᠲᠡᠨ᠂ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠮᠡᠳᠡᠯᠭᠡ ᠵᠢᠨ ᠥᠮᠴᠢᠯᠡᠬᠦ ᠡᠷᠬᠡ ᠵᠢᠨ ᠠᠵᠢᠯ᠎ᠢ 20 ᠵᠢᠯ ᠡᠷᠬᠢᠯᠡᠵᠦ᠂ ᠢᠮᠠᠭᠲᠠ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ ᠪᠦᠲᠦᠭᠡᠯᠴᠢ ᠴᠢᠨᠠᠷᠲᠠᠶ᠎ᠪᠠᠷ ᠠᠵᠢᠯ ᠵᠶ᠋ᠠᠨ ᠥᠷᠨᠢᠭᠦᠯᠳᠡᠭ᠃ ᠣᠯᠠᠨ ᠵᠢᠯ᠎ᠤᠨ ᠲᠤᠷᠰᠢ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠤᠳᠤᠯᠭ᠋ᠠᠨ᠎ᠤ ᠰᠡᠳᠦᠪ᠎ᠤᠳ ᠰᠤᠳᠤᠯᠭ᠋ᠠᠨ᠎ᠢ ᠡᠷᠬᠢᠯᠡᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠵᠠᠯᠠᠭᠤᠴᠤᠳ᠂ ᠵᠢᠳᠬᠦᠯ᠎ᠲᠡᠶ ᠵᠠᠯᠠᠭᠤᠴᠤᠳ᠂ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ ᠵᠡᠷᠭᠡ ᠣᠯᠠᠨ ᠵᠦᠶᠯ᠎ᠤᠨ ᠢᠷᠠᠭᠤ ᠠᠯᠳᠠᠷ᠎ᠢ ᠬᠦᠷᠲᠡᠪᠡ᠃
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠬᠠᠤᠯᠢ》 ᠵᠢ ᠲᠤᠤᠱᠯᠠᠭᠤᠯᠤᠨ ᠨᠠᠢ᠍ᠳᠠᠪᠤᠷᠢᠵᠢᠭᠤᠯᠬᠤ᠂ ᠪᠥᠬᠦ ᠨᠡᠶ᠋ᠢᠭᠡᠮ᠎ᠤᠨ ᠰᠢᠨ᠎ᠡ ᠵᠢ ᠡᠭᠦᠳᠴᠦ ᠠᠳᠠᠯ ᠦᠶᠯᠡᠰ ᠴᠣᠭᠴᠠᠯᠠᠬᠤ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠠᠵᠤ ᠠᠬᠤᠢ ᠵᠢᠨ ᠨᠢᠭᠲᠠ ᠤᠶᠠᠯᠳᠤᠯ᠎ᠢ ᠠᠬᠢᠭᠤᠯᠬᠤ ᠵᠢᠨ ᠲᠤᠰᠠᠳᠠ᠂ ᠥᠪᠥᠷ ᠮᠣᠩᠭᠤᠯ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠨᠠᠶᠮᠠᠨ ᠵᠦᠶᠯ᠎ᠤᠨ ᠠᠷᠭ᠎ᠠ ᠬᠡᠮᠵᠢᠶ᠎ᠡ》 (ᠥᠪᠥᠷ ᠵᠠᠰᠠᠭ ᠲᠠᠷᠬᠠᠭ᠋ᠠᠭᠰᠠᠨ [2017] 2 ᠳ᠋ᠤᠭ᠋ᠠᠷ ᠲᠣᠭ᠋ᠠᠲᠤ) ᠵᠢ ᠨᠡᠶ᠋ᠢᠲᠡᠯᠡᠪᠡ᠂ 《ᠠᠷᠭ᠎ᠠ ᠬᠡᠮᠵᠢᠶ᠎ᠡ》᠎ᠳᠤ ᠵᠢᠭ᠋ᠠᠵᠤ ᠭᠠᠷᠭ᠋ᠠᠭᠰᠠᠨ᠎ᠨᠢ ᠬᠡᠷᠡᠭᠯᠡᠭᠡᠨ᠎ᠤ ᠳᠡᠭᠡᠰᠦ ᠵᠡᠷᠭᠡ ᠵᠢᠨ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠪᠣᠯ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠥᠪᠥᠷ ᠮᠣᠩᠭᠤᠯ᠎ᠤᠨ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠵᠢ ᠠᠬᠢᠭᠤᠯᠬᠤ ᠰᠢᠭᠤᠳ ᠬᠥᠳᠡᠯᠭᠡᠬᠦ ᠬᠦᠴᠦᠨ᠂ ᠪᠠᠰᠠ ᠴᠤ᠌ ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠢ ᠪᠡᠶᠡᠯᠡᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠲᠤᠯᠠᠭ᠎ᠠ ᠮᠥᠨ᠂ ᠡᠨᠡ᠎ᠨᠢ ᠰᠢᠨ᠎ᠡ ᠵᠢ ᠡᠭᠦᠳᠬᠦ ᠬᠥᠭᠵᠢᠯᠲᠡ ᠵᠢᠨ ᠶᠡᠷᠦᠩᠬᠡᠶ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃
ᠭᠤᠤᠯᠳᠠᠯᠭ᠎ᠠ᠎ᠲᠠᠢ ᠠᠷᠭ᠎ᠠ ᠬᠡᠮᠵᠢᠶ᠎ᠡ᠎ᠳᠤ ᠪᠠᠭᠲᠠᠬᠤ᠎ᠨᠢ᠄
1. ᠲᠣᠮᠣ ᠳ᠋ᠠᠶ᠋ᠢᠲ᠋ᠠ ᠵᠢᠨ ᠠᠷᠠᠯᠵᠢᠶᠠᠨ᠎ᠤ ᠲᠠᠪᠴᠠᠩ ᠢ ᠬᠡᠷᠡᠭᠯᠡᠨ᠎ᠡ᠃ 《ᠠᠷᠭ᠎ᠠ ᠬᠡᠮᠵᠢᠶ᠎ᠡ》᠎ᠳᠤ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠲᠣᠮᠣ ᠳ᠋ᠠᠶ᠋ᠢᠲ᠋ᠠ᠂ ᠡᠭᠦᠯᠡᠨ ᠮᠡᠳᠡᠭᠡ ᠵᠠᠩᠭᠢ ᠵᠢ ᠨᠡᠶ᠋ᠢᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ᠂ ᠮᠡᠷᠭᠡᠵᠢᠯ ᠠᠷᠠᠯᠵᠢᠶᠠᠯᠠᠬᠤ᠂ ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠪᠠ ᠲᠥᠷᠦ ᠵᠢᠨ ᠪᠣᠳᠣᠯᠭ᠎ᠠ ᠵᠢᠨ ᠤᠷᠮᠠᠰᠢᠭᠤᠯᠤᠯ᠎ᠢ ᠨᠢᠭᠡ ᠴᠣᠭᠴᠠᠵᠢᠭᠤᠯᠤᠭᠰᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠢ ᠪᠠᠶ᠋ᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠠᠷᠠᠯᠵᠢᠶᠠᠨ᠎ᠤ ᠲᠠᠪᠴᠠᠩ᠎ᠤᠨ ᠠᠵᠢᠯᠯᠠᠭ᠋ᠠᠨ᠎ᠨᠢ ᠥᠷᠢᠰᠥᠯᠳᠦᠭᠡᠨ ᠵᠶ᠋ᠠᠷ ᠳᠠᠮᠵᠢᠨ ᠰᠢᠯᠢᠳᠡᠭ ᠦᠶᠯᠡᠴᠢᠯᠡᠭᠡᠨ᠎ᠤ ᠪᠦᠯᠬᠦᠮ᠎ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠰᠬᠠᠶ ᠦᠶᠯᠡᠴᠢᠯᠡᠭᠡ ᠬᠢᠳᠡᠭ᠃ ᠪᠠᠶ᠋ᠢᠷᠢᠰᠢᠭᠤᠯᠤᠯ᠎ᠨᠢ ᠵᠦᠶ ᠵᠣᠬᠢᠰᠲᠠᠶ᠂ ᠠᠵᠢᠯᠯᠠᠭ᠋ᠠᠨ᠎ᠨᠢ ᠥᠨᠳᠥᠷ ᠦᠷ᠎ᠡ ᠪᠦᠲᠦᠮᠵᠢᠲᠡᠶ᠂ ᠪᠠᠷᠢᠮᠵᠢᠶ᠎ᠠ᠎ᠨᠢ ᠨᠢᠭᠡᠳᠦᠯᠲᠡᠶ᠂ ᠦᠶᠯᠡᠴᠢᠯᠡᠭᠡᠨ᠎ᠨᠢ ᠵᠢᠷᠤᠮᠵᠢᠭᠰᠠᠨ ᠪᠦᠲᠦᠭᠡᠨ ᠪᠠᠶ᠋ᠢᠭᠤᠯᠤᠯᠲᠠ ᠵᠢᠨ ᠵᠠᠷᠴᠢᠮ ᠶᠣᠰᠣᠭ᠋ᠠᠷ᠂ ᠣᠷᠣᠨ ᠪᠦᠰᠡ ᠵᠢᠨ ᠴᠢᠨᠠᠷᠲᠠᠶ ᠮᠡᠷᠭᠡᠵᠢᠯ᠎ᠤᠨ ᠥᠮᠴᠢᠯᠡᠬᠦ ᠡᠷᠬᠡ ᠵᠢᠨ ᠠᠷᠠᠯᠵᠢᠶᠠᠨ᠎ᠤ ᠲᠠᠪᠴᠠᠩᠤᠳᠢ ᠬᠥᠲᠥᠯᠥᠨ ᠵᠢᠯᠣᠭᠤᠳᠴᠤ ᠪᠠᠶ᠋ᠢᠭᠤᠯᠤᠨ᠂ ᠲᠠᠪᠴᠠᠩ᠎ᠤᠨ ᠡᠬᠢ ᠪᠠᠶᠠᠯᠢᠭ᠎ᠢ ᠬᠠᠮᠲᠤ᠎ᠳᠠᠭᠠᠨ ᠡᠳ᠋ᠯᠡᠬᠦ ᠵᠢ ᠪᠡᠶᠡᠯᠡᠭᠦᠯᠦᠨ᠎ᠡ᠃
2. ᠲᠤᠰᠠᠯᠠᠵᠤ ᠱᠠᠩᠨᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ 《ᠠᠷᠭ᠎ᠠ ᠬᠡᠮᠵᠢᠶ᠎ᠡ》᠎ᠳᠤ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠢ ᠲᠣᠬᠢᠷᠠᠭᠤᠯᠬᠤ ᠰᠢᠢ᠍ᠳᠪᠦᠷᠢᠯᠡᠬᠦ ᠴᠢᠨᠠᠷᠲᠠᠶ ᠦᠶᠯᠡᠳᠦᠯ᠎ᠢ ᠭᠦᠶᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢᠨ ᠠᠵᠢᠯᠯᠠᠭ᠎ᠠ᠎ᠳᠤ ᠲᠤᠰᠠᠯᠠᠮᠵᠢ ᠦᠵᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠦᠶᠯᠡᠳᠪᠦᠷᠢ ᠬᠤᠳᠠᠯᠳᠤᠭ᠋ᠠᠨ᠎ᠤ ᠳᠠᠩᠰᠠᠯᠠᠯᠲᠠ ᠪᠠ ᠭᠠᠶ᠋ᠢᠯᠢ ᠲᠤᠰᠢᠶᠠᠬᠤ ᠪᠠᠶ᠋ᠢᠭ᠎ᠠ ᠭᠠᠵᠠᠷ᠎ᠨᠢ ᠴᠥᠮ ᠥᠪᠥᠷ ᠮᠣᠩᠭᠤᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ ᠮᠡᠷᠭᠡᠵᠢᠯ᠎ᠤᠨ ᠤᠯᠠᠷᠢᠭᠤᠯᠤᠯᠲᠠ ᠵᠢ ᠵᠠᠯᠭ᠋ᠠᠨ ᠠᠪᠴᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ᠎ᠤᠨ ᠪᠣᠳᠠᠲᠠᠶ ᠮᠡᠷᠭᠡᠵᠢᠯ᠎ᠤᠨ ᠠᠷᠠᠯᠵᠢᠶ᠎ᠠ ᠵᠢᠨ ᠲᠤᠭ᠎ᠠ᠎ᠨᠢ 100 ᠲᠦᠮᠡᠨ ᠲᠥᠭᠦᠷᠢᠭ᠎ᠠᠴᠠ ᠳᠣᠷᠣᠭᠰᠢ ᠪᠠᠶ᠋ᠢᠪᠠᠯ 10 %᠎ᠪᠠᠷ ᠲᠤᠰᠠᠯᠠᠵᠤ᠂ 100 ᠲᠦᠮᠡᠨ ᠲᠥᠭᠦᠷᠢᠭ᠎ᠠᠴᠠ 500 ᠲᠦᠮᠡᠨ ᠲᠥᠭᠦᠷᠢᠭ ᠪᠠᠶ᠋ᠢᠪᠠᠯ ᠳᠠᠪᠠᠭᠰᠠᠨ ᠬᠡᠮᠵᠢᠶ᠎ᠡ ᠵᠢ ᠨᠡᠶ᠋ᠢᠯᠡᠭᠦᠯᠵᠦ ᠪᠣᠳᠤᠭ᠋ᠠᠳ 5 %᠎ᠪᠠᠷ ᠲᠤᠰᠠᠯᠠᠵᠤ᠂ 500 ᠲᠦᠮᠡᠨ ᠲᠥᠭᠦᠷᠢᠭ᠎ᠠᠴᠠ ᠳᠡᠭᠡᠭᠰᠢᠬᠢ ᠪᠠᠶ᠋ᠢᠪᠠᠯ ᠳᠠᠪᠠᠭᠰᠠᠨ ᠬᠡᠮᠵᠢᠶ᠎ᠡ ᠵᠢ ᠨᠡᠶ᠋ᠢᠯᠡᠭᠦᠯᠵᠦ ᠪᠣᠳᠤᠭ᠋ᠠᠳ 3 %᠎ᠪᠠᠷ ᠲᠤᠰᠠᠯᠠᠵᠤ᠂ ᠬᠠᠮᠤᠭ᠎ᠤᠨ ᠥᠨᠳᠥᠷ ᠨᠥᠬᠦᠪᠥᠷᠢ ᠥᠭᠬᠦ ᠬᠡᠮᠵᠢᠶ᠎ᠡ᠎ᠨᠢ 200 ᠲᠦᠮᠡᠨ ᠲᠥᠭᠦᠷᠢᠭ ᠪᠣᠯᠤᠨ᠎ᠠ᠃
ᠣᠷᠣᠨ᠎ᠤ ᠳᠣᠲᠣᠷᠠᠬᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠳᠡᠭᠡᠷ᠎ᠡ ᠮᠡᠷᠭᠡᠵᠢᠯ᠎ᠤᠨ ᠦᠷ᠎ᠡ ᠪᠦᠲᠦᠭᠡᠯ ᠭᠠᠷᠭ᠋ᠠᠵᠤ᠂ ᠪᠣᠳᠠᠲᠠᠶ ᠮᠡᠷᠭᠡᠵᠢᠯ᠎ᠤᠨ ᠠᠷᠠᠯᠵᠢᠶ᠎ᠠ ᠵᠢᠨ ᠲᠤᠭ᠎ᠠ᠎ᠨᠢ 500 ᠲᠦᠮᠡᠨ ᠲᠥᠭᠦᠷᠢᠭ᠎ᠠᠴᠠ ᠳᠣᠷᠣᠭᠰᠢ ᠪᠠᠶ᠋ᠢᠪᠠᠯ 10 %᠎ᠪᠠᠷ ᠨᠥᠬᠦᠪᠥᠷᠢ ᠥᠭᠴᠦ᠂ 500 ᠲᠦᠮᠡᠨ ᠲᠥᠭᠦᠷᠢᠭ᠎ᠠᠴᠠ ᠳᠡᠭᠡᠭᠰᠢ ᠪᠠᠶ᠋ᠢᠪᠠᠯ ᠳᠠᠪᠠᠭᠰᠠᠨ ᠬᠡᠮᠵᠢᠶ᠎ᠡ ᠵᠢ ᠨᠡᠶ᠋ᠢᠯᠡᠭᠦᠯᠵᠦ ᠪᠣᠳᠤᠭ᠋ᠠᠳ 5 %᠎ᠪᠠᠷ ᠨᠥᠬᠦᠪᠥᠷᠢ ᠥᠭᠴᠦ᠂ ᠬᠠᠮᠤᠭ᠎ᠤᠨ ᠥᠨᠳᠥᠷ ᠨᠥᠬᠦᠪᠥᠷᠢ ᠥᠭᠬᠦ ᠬᠡᠮᠵᠢᠶ᠎ᠡ᠎ᠨᠢ 100 ᠲᠦᠮᠡᠨ ᠲᠥᠭᠦᠷᠢᠭ ᠪᠣᠯᠤᠨ᠎ᠠ (ᠠᠳᠠᠯᠢ ᠨᠢᠭᠡ ᠲᠥᠷᠥᠯ ᠵᠦᠶᠯ᠎ᠢ ᠣᠯᠠᠨ ᠤᠳᠠᠭ᠎ᠠ ᠰᠢᠯᠵᠢᠭᠦᠯᠦᠨ ᠥᠭᠬᠦ᠎ᠳᠤ ᠳᠠᠪᠬᠤᠷᠳᠠᠭᠤᠯᠤᠨ ᠨᠥᠬᠦᠪᠥᠷᠢ ᠥᠭᠬᠦ ᠦᠭᠡᠢ)᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤᠯᠤᠭᠠ ᠬᠤᠯᠪᠣᠭᠳᠠᠬᠤ᠂ ᠮᠡᠷᠭᠡᠵᠢᠯ᠎ᠤᠨ ᠯᠠᠪᠯᠠᠭ᠎ᠠ᠂ ᠮᠡᠷᠭᠡᠵᠢᠯ᠎ᠤᠨ ᠦᠶᠯᠡᠴᠢᠯᠡᠭᠡ᠂ ᠮᠡᠷᠭᠡᠵᠢᠯ᠎ᠤᠨ ᠳᠠᠭ᠋ᠠᠭ᠋ᠠᠴᠢᠯᠠᠯᠲᠠ᠂ ᠮᠡᠷᠭᠡᠵᠢᠯ᠎ᠤᠨ ᠵᠠᠭᠤᠴᠢ ᠵᠡᠷᠭᠡ ᠠᠵᠢᠯᠯᠠᠭ᠎ᠠ᠎ᠳᠤ ᠦᠶᠯᠡᠴᠢᠯᠡᠭᠡᠨ᠎ᠤ ᠬᠤᠶᠠᠷ ᠲᠠᠯ᠎ᠠ᠎ᠪᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ᠎ᠳᠤ ᠠᠷᠠᠯᠵᠢᠶᠠᠯᠠᠬᠤ ᠵᠢᠨ ᠬᠠᠮᠲᠤ ᠠᠷᠠᠯᠵᠢᠶᠠᠯᠠᠬᠤ ᠵᠠᠷᠤᠳᠠᠯ ᠭᠠᠷᠤᠭᠰᠠᠨ ᠪᠠᠶ᠋ᠢᠪᠠᠯ᠂ ᠪᠣᠳᠠᠲᠠᠶ ᠦᠶᠯᠡᠴᠢᠯᠡᠭᠡᠨ᠎ᠤ ᠵᠣᠭᠤᠰ᠎ᠤᠨ ᠲᠤᠭ᠎ᠠ ᠵᠢᠨ 10 %᠎ᠪᠠᠷ ᠣᠷᠣᠨ᠎ᠤ ᠳᠣᠲᠣᠷᠠᠬᠢ ᠦᠶᠯᠡᠴᠢᠯᠡᠭᠡᠨ᠎ᠤ ᠬᠤᠶ᠋ᠢᠨᠠᠬᠢ ᠨᠥᠬᠦᠪᠥᠷᠢ ᠣᠯᠭᠤᠵᠤ᠂ ᠬᠠᠮᠤᠭ᠎ᠤᠨ ᠥᠨᠳᠥᠷ ᠨᠥᠬᠦᠪᠥᠷᠢᠯᠡᠬᠦ ᠬᠡᠮᠵᠢᠶ᠎ᠡ᠎ᠨᠢ 50 ᠲᠦᠮᠡᠨ ᠲᠥᠭᠦᠷᠢᠭ ᠪᠣᠯᠤᠨ᠎ᠠ᠃
3. ᠰᠢᠨ᠎ᠡ ᠵᠢ ᠡᠭᠦᠳᠬᠦ ᠪᠡᠶᠡᠴᠢ ᠴᠣᠭᠴᠠ ᠵᠢ ᠬᠥᠲᠥᠯᠥᠨ ᠵᠢᠯᠣᠭᠤᠳᠬᠤ ᠪᠠ ᠤᠷᠮᠠᠰᠢᠭᠤᠯᠤᠨ ᠵᠣᠷᠢᠭᠵᠢᠭᠤᠯᠤᠨ᠎ᠠ᠃ ᠳᠡᠭᠡᠰᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠠᠵᠢᠯ᠎ᠤᠨ ᠪᠠᠶ᠋ᠢᠭᠤᠯᠤᠮᠵᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠤᠳᠤᠯᠤᠨ ᠨᠡᠭᠡᠭᠡᠵᠦ ᠤᠯᠠᠷᠢᠭᠤᠯᠬᠤ ᠣᠨᠴᠠᠯᠢᠭᠲᠤ ᠨᠡᠶ᠋ᠢᠴᠡᠭᠰᠡᠨ ᠳᠣᠲᠣᠭ᠋ᠠᠳᠤ ᠵᠢᠨ ᠤᠷᠮᠠᠰᠢᠭᠤᠯᠬᠤ ᠳᠦᠷᠢᠮ ᠢ ᠪᠠᠶ᠋ᠢᠭᠤᠯᠤᠨ᠎ᠠ᠃ ᠵᠣᠬᠢᠬᠤ ᠬᠠᠷᠢᠴᠠᠯ᠎ᠤᠨ ᠰᠢᠯᠵᠢᠮᠡᠯ ᠠᠵᠢᠯ᠎ᠤᠨ ᠪᠠᠶ᠋ᠢᠷᠢ ᠪᠠᠶ᠋ᠢᠭᠤᠯᠬᠤ ᠵᠢ ᠵᠣᠷᠢᠭᠵᠢᠭᠤᠯᠵᠤ᠂ ᠰᠢᠨ᠎ᠡ ᠵᠢ ᠡᠭᠦᠳᠬᠦ ᠦᠶᠯᠡᠳᠦᠯᠭᠡ ᠵᠢᠨ ᠲᠤᠷᠰᠢᠯᠭ᠎ᠠ᠎ᠲᠠᠢ ᠠᠵᠤ ᠠᠬᠤᠶ᠋ᠢᠯᠠᠯᠲᠠ ᠪᠣᠯᠤᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠤᠷᠢᠵᠤ ᠵᠢᠭ᠋ᠠᠨ ᠰᠤᠷᠭ᠋ᠠᠬᠤ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯ᠎ᠢ ᠲᠤᠰᠢᠶᠠᠯ ᠬᠠᠪᠰᠤᠷᠭ᠋ᠠᠨ ᠡᠷᠬᠢᠯᠡᠬᠦ ᠬᠡᠷᠡᠭᠲᠡᠶ᠃
4. ᠪᠡᠯᠡ ᠮᠥᠩᠭᠦ ᠵᠢᠨ ᠣᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ 5 ᠳ᠋ᠦᠩᠰᠢᠭᠤᠷ ᠲᠥᠭᠦᠷᠢᠭ᠎ᠤᠨ ᠲᠤᠰᠬᠠᠶ ᠵᠦᠶᠯ᠎ᠤᠨ ᠪᠡᠯᠡ ᠮᠥᠩᠭᠦ ᠪᠠᠶ᠋ᠢᠭᠤᠯᠵᠤ᠂ ᠡᠯ᠎ᠡ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠠᠴᠠ ᠵᠣᠬᠢᠴᠠᠩᠭᠤᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠵᠦᠶᠯ᠎ᠤᠨ ᠪᠡᠯᠡ ᠮᠥᠩᠭᠦ ᠪᠠᠶ᠋ᠢᠭᠤᠯᠵᠤ᠂ ᠭᠤᠤᠯᠳᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠬᠥᠲᠥᠯᠥᠨ ᠵᠢᠯᠣᠭᠤᠳᠬᠤ᠂ ᠰᠡᠭᠦᠯᠡᠷ ᠨᠥᠬᠦᠪᠥᠷᠢᠯᠡᠬᠦ᠂ ᠰᠢᠨ᠎ᠡ ᠵᠢ ᠡᠭᠦᠳᠬᠦ ᠲᠡᠮᠳᠡᠭᠲᠦ᠂ ᠲᠦᠭᠰᠢᠭᠦᠷᠢ ᠵᠢᠨ ᠨᠥᠬᠦᠪᠥᠷᠢ ᠵᠡᠷᠭᠡ᠎ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠠᠶ᠋ᠢᠮᠠᠭ᠎ᠤᠨ ᠵᠠᠰᠠᠭ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠠᠰᠠᠭ᠎ᠤᠨ ᠣᠷᠳᠣᠨ᠎ᠤ ᠠᠩᠬ᠎ᠠ ᠬᠤᠳᠠᠯᠳᠤᠨ ᠠᠪᠬᠤ᠂ ᠵᠠᠬᠢᠶᠠᠯᠠᠨ ᠠᠪᠬᠤ ᠵᠡᠷᠭᠡ ᠲᠥᠷᠥ ᠵᠢᠨ ᠪᠣᠳᠣᠯᠭ᠎ᠠ᠎ᠪᠠᠷ ᠳᠠᠮᠵᠢᠭᠤᠯᠤᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠶᠯᠡᠳᠬᠦᠨ᠂ ᠰᠢᠨ᠎ᠡ ᠦᠶᠯᠡᠴᠢᠯᠡᠭᠡ ᠵᠢ ᠬᠤᠳᠠᠯᠳᠤᠨ ᠠᠪᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠬᠦ ᠬᠡᠷᠡᠭᠲᠡᠶ᠃ ᠬᠡᠷᠡᠭ᠎ᠤᠨ ᠳᠠᠷᠠᠭ᠎ᠠ ᠱᠠᠩᠨᠠᠵᠤ ᠨᠥᠬᠦᠪᠥᠷᠢᠯᠡᠬᠦ᠂ ᠱᠠᠩᠨᠠᠬᠤ᠎ᠪᠠᠷ ᠨᠥᠬᠦᠪᠥᠷᠢᠯᠡᠬᠦ ᠵᠢ ᠣᠷᠣᠯᠠᠭᠤᠯᠬᠤ᠂ ᠲᠦᠭᠰᠢᠭᠦᠷᠢ ᠵᠢᠨ ᠨᠥᠬᠦᠪᠥᠷᠢ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠩᠬᠠᠨ᠎ᠤ ᠰᠠᠤᠷᠢ (ᠢᠵᠢ) ᠲᠣᠨᠤᠭ ᠲᠥᠬᠦᠭᠡᠷᠦᠮᠵᠢ ᠵᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ ᠳᠠᠮᠵᠢᠵᠤ᠂ ᠡᠵᠡᠨ ᠮᠡᠳᠡᠭᠰᠡᠨ ᠮᠡᠳᠡᠯᠭᠡ ᠵᠢᠨ ᠥᠮᠴᠢᠯᠡᠬᠦ ᠡᠷᠬᠡ᠎ᠲᠠᠢ ᠴᠢᠬᠤᠯᠠ ᠶᠡᠭᠡ ᠪᠦᠷᠢᠨ ᠲᠥᠬᠦᠷ ᠲᠣᠨᠤᠭ ᠲᠥᠬᠦᠭᠡᠷᠦᠮᠵᠢ ᠵᠢᠴᠢ ᠭᠤᠤᠯᠯᠠᠬᠤ ᠲᠣᠨᠤᠭ ᠲᠥᠬᠦᠭᠡᠷᠦᠮᠵᠢ ᠵᠡᠷᠭᠡ ᠲᠡᠷᠢᠭᠦᠨ᠎ᠤ ᠲᠣᠨᠤᠭ ᠲᠥᠬᠦᠭᠡᠷᠦᠮᠵᠢ ᠵᠢ ᠠᠩᠬ᠎ᠠ ᠤᠳᠠᠭ᠎ᠠ ᠬᠤᠳᠠᠯᠳᠤᠨ ᠠᠪᠤᠭᠰᠠᠨ ᠠᠵᠤ ᠠᠬᠤᠶ᠋ᠢᠯᠠᠯ᠎ᠳᠤ ᠨᠥᠬᠦᠪᠥᠷᠢ ᠣᠯᠭᠤᠨ᠎ᠠ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢ ᠮᠥᠩᠭᠦᠯᠦᠭᠡ ᠬᠠᠮᠵᠢᠯᠴᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠳᠠᠯ ᠦᠶᠯᠡᠰ ᠴᠣᠭᠴᠠᠯᠠᠬᠤ ᠪᠠᠯᠠ ᠣᠷᠣᠭᠤᠯᠤᠯᠲᠠ ᠵᠢᠨ ᠬᠤᠪᠢᠶᠠᠷᠢ ᠰᠠᠭᠤᠷᠢ ᠮᠥᠩᠭᠦ ᠵᠢ ᠪᠠᠢ᠍ᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠩᠬ᠎ᠠ ᠡᠭᠦᠳᠦᠯᠲᠡ ᠵᠢᠨ ᠬᠤᠭᠤᠴᠠᠭ᠋ᠠᠨ᠎ᠤ ᠠᠵᠤ ᠠᠬᠤᠢ᠍ᠯᠠᠯ᠎ᠢ ᠳᠠᠮᠵᠢᠨ᠎ᠠ᠃ ᠠᠶ᠋ᠢᠮᠠᠭ ᠬᠤᠲᠠ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠮᠥᠩᠭᠦ ᠵᠢ ᠣᠯᠠᠨ ᠵᠦᠶᠯ᠎ᠤᠨ ᠬᠡᠯᠪᠡᠷᠢ᠎ᠪᠠᠷ ᠪᠠᠶ᠋ᠢᠭᠤᠯᠤᠨ᠎ᠠ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠳᠠᠯᠳᠤᠨ ᠠᠪᠤᠭᠴᠢ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠡᠮᠳᠡᠭᠲᠦ ᠵᠢ ᠭᠤᠶᠤᠴᠢᠯᠠᠵᠤ ᠪᠣᠯᠤᠨ᠎ᠠ᠂ ᠤᠯᠠᠷᠢᠭᠤᠯᠬᠤ ᠶᠠᠪᠤᠴᠠ᠎ᠳᠤ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠬᠡᠮᠵᠢᠭᠦᠷᠯᠢᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠷᠪᠤᠯᠵᠢ ᠪᠢᠴᠢᠭ ᠮᠡᠳᠡᠭᠡ ᠵᠠᠩᠭᠢ ᠵᠡᠷᠭᠡ ᠰᠢᠨ᠎ᠡ ᠵᠢ ᠡᠭᠦᠳᠬᠦ ᠦᠶᠯᠡᠴᠢᠯᠡᠭᠡᠨ᠎ᠤ ᠵᠠᠷᠤᠳᠠᠯ ᠢ ᠲᠥᠯᠥᠬᠦ᠎ᠳᠤ ᠬᠡᠷᠡᠭᠯᠡᠨ᠎ᠡ᠃
ᠡᠯ᠎ᠡ ᠲᠥᠷᠥᠯ᠎ᠤᠨ ᠲᠦᠭᠰᠢᠭᠦᠷᠢᠲᠦ ᠪᠡᠯᠡ ᠣᠷᠣᠭᠤᠯᠤᠯᠲᠠ ᠵᠢᠨ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠢ᠍ᠯ᠎ᠳᠤ ᠣᠷᠣᠭᠤᠯᠤᠯᠲᠠ ᠬᠢᠬᠦ᠎ᠳᠤ ᠣᠷᠣᠯᠴᠠᠭᠤᠯᠵᠤ᠂ ᠣᠷᠣᠭᠤᠯᠤᠯᠲᠠ ᠵᠢᠨ ᠲᠥᠷᠥᠯ ᠵᠦᠶᠯ᠎ᠤᠨ ᠢᠯᠠᠭᠳᠠᠯ᠎ᠳᠤ ᠬᠤᠬᠢᠷᠠᠯ ᠤᠴᠠᠷᠠᠭᠤᠯᠤᠭᠰᠠᠨ ᠪᠣᠯ᠂ ᠲᠡᠭᠦᠨ᠎ᠤ ᠪᠡᠯᠡ ᠣᠷᠣᠭᠤᠯᠤᠯᠲᠠ ᠵᠢᠨ ᠶᠡᠷᠦᠩᠬᠡᠶ ᠲᠤᠭ᠎ᠠ ᠵᠢᠨ 10 %᠎ᠪᠠᠷ ᠨᠥᠬᠦᠪᠥᠷᠢ ᠣᠯᠭᠤᠵᠤ᠂ ᠳᠠᠩ ᠭᠠᠭᠴᠠ ᠲᠥᠷᠥᠯ ᠵᠦᠶᠯ᠎ᠤᠨ ᠬᠠᠮᠤᠭ᠎ᠤᠨ ᠥᠨᠳᠥᠷ ᠨᠥᠬᠦᠪᠥᠷᠢ ᠥᠭᠬᠦ ᠬᠡᠮᠵᠢᠶ᠎ᠡ ᠵᠢ 50 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃
ᠡᠯ᠎ᠡ ᠲᠥᠷᠥᠯ᠎ᠤᠨ ᠮᠥᠩᠭᠦᠨ ᠭᠦᠶᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠠᠮᠵᠢᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠭᠡᠯᠡᠯᠭᠡ ᠵᠢᠨ ᠲᠦᠭᠰᠢᠭᠦᠷᠢ᠎ᠳᠤ ᠨᠥᠬᠦᠪᠥᠷᠢᠯᠡᠬᠦ ᠲᠤᠰᠬᠠᠶ ᠵᠦᠶᠯ᠎ᠤᠨ ᠪᠡᠯᠡ ᠮᠥᠩᠭᠦ ᠪᠠᠶ᠋ᠢᠭᠤᠯᠵᠤ᠂ ᠮᠥᠩᠭᠦᠨ ᠭᠦᠶᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠮᠡᠳᠡᠯᠭᠡ ᠵᠢᠨ ᠥᠮᠴᠢᠯᠡᠬᠦ ᠡᠷᠬᠡ ᠵᠢ ᠳᠠᠨᠵᠢᠯᠠᠬᠤ ᠠᠵᠢᠯ ᠥᠷᠨᠢᠭᠦᠯᠬᠦ᠎ᠳᠤ ᠬᠡᠷᠡᠭᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠤᠨ᠎ᠠ᠃
5. ᠵᠠᠭᠤᠴᠢ ᠦᠶᠯᠡᠴᠢᠯᠡᠭᠡᠨ᠎ᠤ ᠰᠢᠰᠲ᠋ᠧᠮᠵᠢ ᠵᠢ ᠪᠤᠶ᠋ᠢᠵᠢᠭᠤᠯᠤᠨ᠎ᠠ᠃ ᠡᠯ᠎ᠡ ᠲᠥᠷᠥᠯ᠎ᠤᠨ ᠭᠤᠤᠯ ᠴᠣᠭᠴᠠ ᠵᠢᠨ ᠮᠡᠷᠭᠡᠵᠢᠯ᠎ᠤᠨ ᠵᠠᠬ᠎ᠠ ᠳᠡᠯᠭᠡᠭᠦᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠷᠠᠯ ᠦᠵᠡᠰᠬᠦᠯᠡᠩ᠎ᠤᠨ ᠪᠠᠢ᠍ᠭᠤᠯᠤᠮᠵᠢ᠂ ᠮᠡᠷᠭᠡᠵᠢᠯ ᠰᠢᠯᠵᠢᠭᠦᠯᠬᠦ ᠲᠥᠪ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠷᠲᠡᠭ᠎ᠢ ᠦᠨᠡᠯᠡᠨ ᠵᠢᠱ᠌ᠢᠬᠦ ᠪᠠᠢ᠍ᠭᠤᠯᠤᠮᠵᠢ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠨᠡᠪᠴᠢᠭᠦᠯᠬᠦ᠂ ᠮᠡᠳᠡᠯᠭᠡ ᠵᠢᠨ ᠥᠮᠴᠢᠯᠡᠬᠦ ᠡᠷᠬᠡ ᠵᠢᠨ ᠦᠶᠯᠡᠴᠢᠯᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠦᠨ ᠭᠦᠶᠯᠭᠡᠭᠡᠨ᠎ᠤ ᠦᠶᠯᠡᠴᠢᠯᠡᠭᠡ᠂ ᠶᠡᠷᠦᠩᠬᠡᠶ᠋ᠢᠯᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠶᠯᠡᠴᠢᠯᠡᠭᠡ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠶᠯᠡᠴᠢᠯᠡᠭᠡᠨ᠎ᠤ ᠪᠠᠶ᠋ᠢᠭᠤᠯᠤᠮᠵᠢ ᠵᠢ ᠪᠡᠶ᠎ᠡ᠎ᠪᠠᠨ ᠳᠠᠭ᠋ᠠᠭ᠋ᠠᠬᠤ ᠪᠤᠶᠤ ᠬᠠᠮᠲᠤᠷᠠᠨ ᠡᠭᠦᠳᠦᠨ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠮᠡᠷᠭᠡᠵᠢᠯ᠎ᠤᠨ ᠠᠷᠠᠯᠵᠢᠶ᠎ᠠ᠂ ᠮᠡᠷᠭᠡᠵᠢᠯ᠎ᠤᠨ ᠵᠠᠭᠤᠴᠢᠯᠠᠭᠴᠢ᠂ ᠮᠡᠷᠭᠡᠵᠢᠯ᠎ᠤᠨ ᠬᠤᠷᠠᠮᠠᠯ ᠬᠢᠭᠡᠳ ᠡᠵᠡᠩᠨᠡᠯᠲᠡ ᠪᠠ ᠮᠡᠷᠭᠡᠵᠢᠯ᠎ᠤᠨ ᠪᠠᠯᠠ ᠣᠷᠣᠭᠤᠯᠵᠤ ᠪᠠᠯᠠ ᠲᠣᠬᠢᠷᠠᠭᠤᠯᠬᠤ ᠵᠡᠷᠭᠡ ᠦᠶᠯᠡᠴᠢᠯᠡᠭᠡᠨ᠎ᠤ ᠪᠠᠶ᠋ᠢᠭᠤᠯᠤᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠬᠢᠭᠡᠳ ᠦᠶᠯᠡᠴᠢᠯᠡᠭᠡᠨ᠎ᠤ ᠵᠢᠷᠤᠮᠵᠢᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠦᠶᠯᠡᠴᠢᠯᠡᠭᠡᠨ᠎ᠤ ᠪᠠᠶ᠋ᠢᠭᠤᠯᠤᠮᠵᠢ ᠵᠢᠨ ᠰᠢᠰᠲ᠋ᠧᠮᠵᠢᠭᠰᠡᠨ᠂ ᠪᠠᠷᠢᠮᠵᠢᠶᠠᠵᠢᠭᠤᠯᠤᠭᠰᠠᠨ ᠴᠢᠭᠯᠡᠯ ᠲᠡᠰᠢ ᠬᠥᠭᠵᠢᠬᠦ ᠵᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠶᠯᠡᠴᠢᠯᠡᠭᠡᠨ᠎ᠤ ᠪᠠᠶ᠋ᠢᠭᠤᠯᠤᠮᠵᠢ ᠵᠢ ᠪᠠᠶ᠋ᠢᠭᠤᠯᠬᠤ ᠪᠠᠷᠢᠮᠵᠢᠶ᠎ᠠ ᠪᠠ ᠬᠢᠷᠢ ᠴᠢᠳᠠᠮᠵᠢᠳᠤ ᠨᠡᠶ᠋ᠢᠴᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠦᠶᠯᠡᠴᠢᠯᠡᠭᠡᠨ᠎ᠤ ᠳᠤᠮᠳᠠ ᠦᠷ᠎ᠡ ᠪᠦᠲᠦᠮᠵᠢ᠎ᠨᠢ ᠢᠯᠡᠷᠬᠡᠶ ᠪᠠᠶ᠋ᠢᠪᠠᠯ᠂ ᠲᠡᠳᠡᠨ᠎ᠤ ᠦᠶᠯᠡᠴᠢᠯᠡᠭᠡᠨ᠎ᠤ ᠠᠮᠵᠢᠯᠲᠠ ᠪᠦᠲᠦᠮᠵᠢ ᠶᠣᠰᠣᠭ᠋ᠠᠷ ᠡᠳ᠋᠎ᠤᠨ ᠵᠠᠰᠠᠭ᠎ᠤᠨ ᠳᠠᠷᠠᠭ᠋ᠠᠬᠢ ᠨᠥᠬᠦᠪᠥᠷᠢ ᠥᠭᠴᠦ ᠳᠠᠮᠵᠢᠨ᠎ᠠ᠃
6. ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠬᠦ ᠡᠷᠬᠡ᠂ ᠠᠰᠢᠭ ᠬᠦᠷᠲᠡᠬᠦ ᠡᠷᠬᠡ᠂ ᠰᠢᠶᠳᠪᠦᠷᠢᠯᠡᠬᠦ ᠬᠠᠷᠢᠴᠠᠭ᠎ᠠ ᠵᠢ ᠰᠢᠯᠤᠭᠤᠳᠬᠠᠨ᠎ᠠ᠃ ᠤᠯᠤᠰ᠎ᠳᠤ ᠥᠮᠴᠢᠯᠡᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠥᠪᠡᠷ᠎ᠤᠨ ᠡᠵᠡᠮᠰᠢᠵᠦ ᠪᠠᠶ᠋ᠢᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠵᠶ᠋ᠠᠨ ᠤᠯᠤᠰ ᠣᠷᠣᠨ᠎ᠤ ᠠᠮᠤᠷ ᠲᠦᠪᠰᠢᠨ᠂ ᠤᠯᠤᠰ ᠣᠷᠣᠨ᠎ᠤ ᠠᠰᠢᠭ ᠲᠤᠰᠠ ᠪᠠ ᠨᠡᠶ᠋ᠢᠭᠡᠮ ᠨᠡᠶ᠋ᠢᠲᠡ ᠵᠢᠨ ᠴᠢᠬᠤᠯᠠ ᠶᠡᠭᠡ ᠠᠰᠢᠭ ᠲᠤᠰᠠ᠎ᠳᠤ ᠬᠤᠯᠪᠣᠭᠳᠠᠬᠤ᠎ᠠᠴᠠ ᠭᠠᠳᠠᠨ᠎ᠠ᠂ ᠰᠢᠯᠵᠢᠭᠦᠯᠦᠨ ᠥᠭᠬᠦ᠂ ᠵᠥᠪᠰᠢᠶᠡᠷᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠬᠤᠪᠢᠷᠠᠭᠤᠯᠬᠤ᠎ᠪᠠᠷ ᠡᠵᠡᠨ ᠮᠡᠳᠡᠨ ᠲᠣᠭᠲᠠᠭ᠋ᠠᠵᠤ ᠪᠣᠯᠤᠨ᠎ᠠ᠂ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠲᠤᠰ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠡᠷᠡᠭᠯᠡᠬᠦ᠂ ᠰᠢᠶᠳᠪᠦᠷᠢᠯᠡᠬᠦ ᠪᠠ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢ ᠳᠠᠬᠢᠵᠤ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ ᠦᠭᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠤᠭ᠋ᠠᠳ ᠣᠯᠤᠭᠰᠠᠨ ᠣᠷᠣᠯᠭ᠎ᠠ ᠵᠢ ᠤᠯᠤᠰ᠎ᠠᠴᠠ ᠬᠥᠮᠥᠷᠭᠡ᠎ᠳᠤ ᠣᠷᠣᠭᠤᠯᠬᠤ ᠦᠭᠡᠢ᠂ ᠪᠦᠬᠦᠨ᠎ᠢ ᠨᠢᠭᠡᠴᠡ᠎ᠳᠤ ᠦᠯᠡᠳᠡᠭᠡᠨ ᠥᠭᠴᠦ᠂ ᠪᠠᠶ᠋ᠢᠭᠤᠯᠭ᠎ᠠ ᠵᠢᠨ ᠲᠥᠰᠦᠪ᠎ᠲᠤ ᠣᠷᠣᠭᠤᠯᠤᠨ᠂ ᠨᠢᠭᠡᠳᠦᠯᠲᠡᠶ ᠬᠠᠮᠢᠶᠠᠷᠤᠯᠲᠠ ᠵᠢ ᠬᠡᠷᠡᠭᠵᠢᠭᠦᠯᠦᠨ᠎ᠡ᠃
7᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠠᠰᠠᠭ ᠵᠠᠬᠢᠷᠭ᠋ᠠᠨ᠎ᠤ ᠲᠤᠰᠢᠶᠠᠯ ᠡᠭᠦᠷᠭᠡᠯᠡᠬᠦ᠎ᠠᠴᠠ ᠡᠮᠦᠨᠡᠬᠢ ᠪᠡᠶ᠎ᠡ ᠬᠡᠮ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠪᠠᠶ᠋ᠢᠪᠠᠯ᠂ ᠺᠠᠳ᠋ᠷ ᠵᠣᠬᠢᠶᠠᠨ ᠪᠠᠶ᠋ᠢᠭᠤᠯᠤᠯᠲᠠ᠂ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠳᠠᠩᠰᠠᠯᠠᠭᠤᠯᠤᠭᠰᠠᠨ᠎ᠤ ᠲᠠᠷᠠᠭ᠎ᠠ᠂ ᠲᠤᠰ ᠨᠢᠭᠡᠴᠢ ᠵᠢᠨ ᠪᠡᠯᠡ ᠣᠷᠣᠭᠤᠯᠤᠨ ᠪᠠᠶ᠋ᠢᠭᠤᠯᠤᠭᠰᠠᠨ ᠪᠤᠶᠤ ᠪᠠᠶ᠋ᠢᠭᠤᠯᠤᠭᠰᠠᠨ ᠠᠵᠤ ᠠᠬᠤᠶ᠋ᠢᠯᠠᠯ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠠᠵᠢᠯ᠎ᠢ ᠲᠤᠰᠢᠶᠠᠯ ᠬᠠᠪᠰᠤᠷᠭ᠋ᠠᠨ ᠬᠢᠵᠦ᠂ ᠵᠣᠬᠢᠴᠠᠩᠭᠤᠶ ᠠᠵᠢᠯ᠎ᠤᠨ ᠠᠮᠵᠢᠯᠲᠠ ᠪᠦᠲᠦᠮᠵᠢ ᠵᠢ ᠠᠵᠢᠯ᠎ᠤᠨ ᠪᠠᠶ᠋ᠢᠷᠢ ᠵᠢᠨ ᠠᠮᠵᠢᠯᠲᠠ ᠪᠦᠲᠦᠮᠵᠢ᠎ᠳᠤ ᠪᠣᠳᠣᠵᠤ ᠪᠣᠯᠤᠨ᠎ᠠ᠂ ᠠᠵᠢᠯᠯᠠᠵᠤ ᠪᠠᠶ᠋ᠢᠭ᠎ᠠ ᠬᠤᠭᠤᠴᠠᠭ᠋ᠠᠨ᠎ᠳᠠᠭᠠᠨ ᠲᠤᠰᠢᠶᠠᠯ ᠬᠠᠪᠰᠤᠷᠭ᠋ᠠᠭᠰᠠᠨ ᠠᠵᠤ ᠠᠬᠤᠶ᠋ᠢᠯᠠᠯ᠎ᠠᠴᠠ ᠬᠠᠷᠠᠮᠵᠢ ᠠᠪᠴᠤ ᠪᠣᠯᠬᠤ ᠦᠭᠡᠢ᠂ ᠭᠡᠪᠡᠴᠦ ᠲᠤᠰ ᠬᠥᠮᠦᠨ᠎ᠨᠢ ᠭᠤᠤᠯ ᠪᠡᠶᠡᠯᠡᠭᠦᠯᠦᠭᠴᠢ ᠪᠣᠯᠤᠭᠰᠠᠨ᠎ᠤ ᠬᠤᠪᠢ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠨᠢᠭᠡᠨᠲᠡ ᠬᠤᠪᠢᠷᠠᠭᠤᠯᠤᠭ᠋ᠠᠳ ᠱᠠᠩᠨᠠᠯ ᠬᠥᠬᠢᠭᠦᠯᠦᠯ ᠣᠯᠭᠤᠬᠤ ᠦᠶ᠎ᠡ᠎ᠳᠤ᠂ ᠡᠮᠦᠨ᠎ᠡ ᠳᠤᠷᠠᠳᠤᠭᠰᠠᠨ ᠪᠡᠯᠡᠨ ᠵᠣᠭᠤᠰ᠎ᠤᠨ ᠱᠠᠩᠨᠠᠯ ᠬᠥᠬᠢᠭᠦᠯᠦᠯ᠎ᠢ ᠬᠦᠷᠲᠡᠵᠦ ᠪᠣᠯᠬᠤ ᠪᠥᠭᠡᠳ ᠲᠤᠰ ᠨᠢᠭᠡᠴᠢ᠎ᠳᠤ ᠵᠠᠷᠯᠠᠨ ᠨᠡᠶ᠋ᠢᠲᠡᠯᠡᠵᠦ ᠪᠣᠯᠤᠨ᠎ᠠ᠃
ᠳᠡᠭᠡᠰᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ ᠠᠵᠢᠯ ᠦᠢ᠍ᠯᠡᠰ᠎ᠤᠨ ᠨᠢᠭᠡᠴᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠤᠷᠢᠭᠳᠠᠭᠰᠠᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠪᠠᠨ ᠭᠦᠶᠴᠡᠳᠬᠡᠭᠰᠡᠨ ᠤᠷᠢᠲᠠᠯ ᠳᠣᠤᠷ᠎ᠠ᠂ ᠨᠢᠭᠡᠴᠡ ᠵᠢᠨ ᠵᠥᠪᠰᠢᠶᠡᠷᠡᠯ᠎ᠢ ᠣᠯᠤᠭᠰᠠᠨ᠎ᠤ ᠳᠠᠷᠠᠭ᠎ᠠ᠂ ᠠᠵᠤ ᠠᠬᠤᠶ᠋ᠢᠯᠠᠯ᠎ᠳᠤ ᠣᠴᠢᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠂ ᠮᠡᠷᠭᠡᠵᠢᠯ᠎ᠤᠨ ᠪᠣᠭᠤᠮᠲᠠ ᠰᠢᠪᠲᠤᠯᠬᠤ ᠠᠵᠢᠯᠯᠠᠭ᠎ᠠ ᠵᠢ ᠲᠤᠰᠢᠶᠠᠯ ᠬᠠᠪᠰᠤᠷᠭ᠋ᠠᠨ ᠬᠢᠬᠦ ᠵᠢ ᠵᠣᠷᠢᠭᠵᠢᠭᠤᠯᠵᠤ᠂ ᠣᠯᠤᠭᠰᠠᠨ ᠣᠷᠣᠯᠭ᠎ᠠ ᠵᠢ ᠬᠤᠪᠢ ᠬᠥᠮᠦᠨ ᠬᠢᠭᠡᠳ ᠨᠢᠭᠡᠴᠡ᠎ᠠᠴᠠ ᠵᠥᠪᠳᠡᠯᠴᠡᠨ ᠬᠤᠪᠢᠶᠠᠷᠢᠯᠠᠨ᠎ᠠ᠃
8᠃ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠶᠠᠪᠤᠴᠠ᠎ᠳᠤ ᠢᠯᠡᠷᠡᠭᠰᠡᠨ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠴᠢᠬᠤᠯᠠ ᠶᠡᠭᠡ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠬᠢᠨᠠᠨ ᠵᠥᠪᠯᠡᠬᠦ ᠪᠠ ᠲᠣᠭᠲᠠᠭ᠋ᠠᠨ᠎ᠠ᠃