ᠤᠢ᠍ᠢ᠍ᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠤᠨ ᠭᠠᠷᠭ᠋ᠠᠯᠲᠠ ᠢᠯᠡᠳᠲᠡ ᠨᠡᠮᠡᠭᠳᠡᠵᠦ᠂ ᠤᠯᠤᠰ᠎ᠤᠨ ᠰᠢᠨ᠎ᠡ ᠵᠢ ᠡᠭᠦᠳᠬᠦ ᠴᠢᠳᠠᠪᠤᠷᠢ ᠦᠳᠲᠡᠷ ᠲᠦᠷᠭᠡᠨ ᠳᠡᠭᠡᠭᠰᠢᠯᠡᠭᠰᠡᠨ ᠪᠣᠯᠪᠠᠴᠤ ᠦᠷ᠎ᠡ ᠪᠦᠲᠦᠭᠡᠯ᠎ᠢ ᠬᠤᠪᠢᠷᠠᠭᠤᠯᠬᠤ ᠦᠷ᠎ᠡ ᠪᠦᠲᠦᠮᠵᠢ ᠳᠣᠣᠷ᠎ᠠ᠎ᠠᠴᠠ ᠪᠤᠯᠵᠤ᠂ ᠮᠠᠰᠢ ᠤᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠦᠨ ᠬᠡᠷᠡᠭᠯᠡᠵᠦ ᠴᠢᠳᠠᠭᠰᠠᠨ ᠦᠭᠡᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠠᠵᠤ ᠠᠬᠤᠢ 《ᠬᠣᠶᠠᠷ ᠠᠷᠠᠰᠤ》 ᠵᠢᠨ ᠦᠵᠡᠭᠳᠡᠯ ᠮᠥᠨ ᠯᠡ ᠣᠷᠣᠰᠢᠭᠰᠠᠭ᠋ᠠᠷ ᠪᠠᠢ᠌ᠨ᠎ᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠨᠢ ᠴᠢᠳᠠᠪᠤᠷᠢᠲᠠᠨ᠂ ᠪᠡᠯᠡ ᠮᠥᠩᠭᠥ᠂ ᠮᠡᠳᠡᠭᠡ ᠵᠠᠩᠭᠢ ᠵᠡᠷᠭᠡ ᠡᠯ᠎ᠡ ᠲᠥᠷᠥᠯ᠎ᠤᠨ ᠰᠢᠨ᠎ᠡ ᠵᠢ ᠡᠭᠦᠳᠬᠦ ᠴᠢᠬᠤᠯᠠ ᠬᠦᠴᠦᠨ ᠵᠦᠢ᠍ᠯ᠎ᠤᠨ ᠴᠤᠭᠯᠠᠷᠠᠯ᠎ᠤᠨ ᠭᠠᠵᠠᠷ ᠪᠣᠯᠤᠭᠰᠠᠨ᠎ᠤ ᠬᠤᠪᠢ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠢ ᠪᠣᠢ᠌ᠵᠢᠭᠤᠯᠤᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠰᠢᠰᠲ᠋ᠧᠮ᠎ᠢ ᠲᠡᠭᠦᠯᠳᠡᠷᠵᠢᠭᠦᠯᠬᠦ᠎ᠨᠢ ᠵᠠᠰᠠᠭ᠂ ᠠᠵᠤ ᠦᠢᠯᠡᠰ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠡᠯ᠎ᠡ ᠲᠥᠷᠥᠯ᠎ᠤᠨ ᠡᠬᠢ ᠪᠠᠶᠠᠯᠢᠭ᠎ᠢ ᠪᠦᠲᠦᠮᠵᠢᠲᠡᠶ ᠡᠮᠬᠢᠯᠡᠨ ᠨᠡᠢ᠌ᠯᠡᠭᠦᠯᠵᠦ᠂ ᠰᠤᠳᠤᠯᠤᠨ ᠨᠡᠭᠡᠭᠡᠬᠦ᠂ ᠨᠡᠪᠴᠢᠭᠦᠯᠬᠦ᠂ ᠤᠯᠠᠷᠢᠭᠤᠯᠬᠤ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠦᠢᠯᠡᠴᠢᠯᠡᠭᠡ ᠵᠡᠷᠭᠡ ᠵᠠᠩᠭᠢᠯᠠᠭ᠎ᠠ ᠵᠢᠨ ᠬᠡᠯᠬᠢᠶ᠎ᠡ ᠵᠢ ᠨᠡᠪᠲᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠠᠰᠢᠭᠲᠠᠶ ᠶᠤᠮ ᠃
ᠦᠷ᠎ᠡ ᠪᠦᠲᠦᠭᠡᠯ᠎ᠤᠨ ᠰᠢᠯᠵᠢᠯᠲᠡ᠎ᠳᠤ ᠳᠥᠷᠪᠡᠨ ᠶᠡᠬᠡ ᠲᠦᠭᠵᠢᠷᠡᠯ ᠣᠷᠣᠰᠢᠵᠤ ᠪᠠᠢ᠌ᠨ᠎ᠠ ᠃
ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠨᠤᠷᠮ᠎ᠠ ᠵᠢ ᠳᠣᠣᠷ᠎ᠠ ᠪᠣᠯᠭ᠋ᠠᠭᠰᠠᠨ ᠰᠢᠯᠲᠠᠭ᠋ᠠᠨ ᠮᠠᠰᠢ ᠤᠯᠠᠨ ᠪᠠᠢ᠌ᠨ᠎ᠠ᠂ ᠭᠡᠪᠡᠴᠦ ᠪᠦᠬᠦᠢ᠌ᠯᠡ ᠰᠢᠨ᠎ᠡ ᠵᠢ ᠡᠭᠦᠳᠬᠦ ᠬᠡᠯᠬᠢᠶ᠎ᠡ᠎ᠠᠴᠠ ᠠᠪᠴᠤ ᠦᠵᠡᠪᠡᠯ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠶᠠᠪᠤᠳᠠᠯ᠎ᠳᠤ ᠭᠣᠣᠯᠳᠠᠭᠤ ᠲᠦᠷᠪᠡᠨ ᠶᠡᠬᠡ ᠲᠦᠭᠵᠢᠷᠡᠯ ᠣᠷᠣᠰᠢᠵᠤ ᠪᠠᠢ᠌ᠨ᠎ᠠ᠄
ᠨᠢᠭᠡ᠎ᠳᠤ ᠡᠬᠢ ᠡᠭᠦᠰᠦᠯ᠎ᠠᠴᠠ᠎ᠨᠢ ᠰᠢᠨ᠎ᠡ ᠵᠢ ᠡᠭᠦᠳᠬᠦ ᠴᠢᠳᠠᠪᠤᠷᠢ ᠴᠢᠩᠭ᠎ᠠ ᠪᠤᠰᠤ ᠪᠠᠢ᠌ᠨ᠎ᠠ ᠃ ᠬᠡᠳᠦᠢ᠌ᠪᠡᠷ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠤᠨ ᠭᠠᠷᠤᠯᠲᠠ ᠵᠢᠨ ᠬᠡᠪᠴᠢᠢ᠎ᠡ ᠲᠠᠰᠤᠷᠠᠯᠳᠠ ᠦᠭᠡᠢ ᠥᠷᠭᠡᠳᠴᠦ ᠪᠠᠢ᠌ᠭ᠎ᠠ ᠪᠣᠯᠪᠠᠴᠤ ᠵᠠᠷᠢᠮ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠬᠦᠷᠢᠶᠡᠨ᠎ᠳᠤ ᠪᠠᠰᠠ ᠴᠢᠬᠤᠯᠠ ᠶᠡᠬᠡ ᠰᠢᠪᠲᠤᠯᠤᠯᠲᠠ᠎ᠪᠠᠷ ᠳᠤᠲᠠᠮᠠᠭ ᠪᠠᠢ᠌ᠵᠤ᠂ ᠮᠡᠷᠭᠡᠵᠢᠯ᠎ᠤᠨ ᠬᠢᠷᠢ ᠬᠡᠮᠵᠢᠢ᠎ᠡ᠎ᠨᠢ ᠭᠠᠳᠠᠭ᠋ᠠᠳᠤ ᠵᠢᠨ ᠲᠡᠷᠢᠭᠦᠨ᠎ᠤ ᠮᠡᠷᠭᠡᠵᠢᠯ᠎ᠲᠠᠢ ᠦᠷᠢᠰᠦᠯᠳᠦᠭᠦ᠎ᠳᠤ ᠬᠠᠷᠠᠬᠠᠨ ᠪᠡᠷᠬᠡᠲᠡᠢ ᠪᠠᠢ᠌ᠬᠤ᠎ᠠᠴᠠ ᠪᠤᠯᠵᠤ᠂ ᠬᠡᠰᠡᠭ ᠠᠵᠤ ᠠᠬᠤᠢ᠌ᠯᠠᠯ ᠦᠷ᠎ᠡ ᠪᠦᠲᠦᠭᠡᠯ᠎ᠢ ᠬᠤᠪᠢᠷᠠᠭᠤᠯᠬᠤ ᠶᠠᠪᠤᠴᠠ᠎ᠳᠤ ᠭᠠᠳᠠᠭ᠋ᠠᠳᠤ ᠵᠢᠨ ᠲᠡᠷᠢᠭᠦᠨ᠎ᠤ ᠮᠡᠷᠭᠡᠵᠢᠯ᠎ᠢ ᠤᠷᠢᠳᠠᠪᠠᠷ ᠰᠣᠩᠭᠣᠨ ᠬᠤᠳᠠᠯᠳᠤᠨ ᠠᠪᠬᠤ ᠪᠣᠯᠵᠠᠢ ᠃
ᠬᠣᠶᠠᠷ᠎ᠲᠤ ᠮᠡᠷᠭᠡᠵᠢᠯ᠎ᠤᠨ ᠬᠠᠩᠭ᠋ᠠᠯᠭ᠎ᠠ ᠬᠡᠷᠡᠭᠴᠡᠭᠡ ᠵᠣᠬᠢᠴᠠᠯᠳᠤᠬᠤ ᠦᠭᠡᠢ ᠪᠠᠢ᠌ᠨ᠎ᠠ ᠃ ᠨᠢᠭᠡ ᠲᠠᠯ᠎ᠠ᠎ᠪᠠᠷ᠂ ᠵᠠᠷᠢᠮ ᠶᠡᠬᠡ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠡᠭᠦᠳᠡ᠎ᠪᠠᠨ ᠲᠦᠭᠵᠢᠨ ᠰᠤᠳᠤᠯᠭ᠋ᠠᠨ ᠬᠢᠵᠦ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠨᠢ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠠᠴᠠ ᠰᠠᠯᠤᠩᠭᠢᠷᠠᠵᠤ᠂ ᠠᠵᠤ ᠠᠬᠤᠢ᠌ᠯᠠᠯ ᠬᠦᠯᠢᠶᠡᠨ ᠠᠪᠬᠤ᠎ᠳᠤ ᠬᠦᠴᠢᠷ ᠪᠠᠢ᠌ᠨ᠎ᠠ; ᠨᠥᠭᠥᠭᠡ ᠲᠠᠯ᠎ᠠ᠎ᠪᠠᠷ᠂ ᠬᠡᠰᠡᠭ ᠳᠡᠭᠡᠳᠦ ᠰᠤᠷᠭ᠋ᠠᠭᠤᠯᠢ ᠪᠤᠶᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠤᠨ ᠪᠣᠯᠪᠠᠰᠤᠷᠠᠭᠰᠠᠨ ᠬᠡᠮᠵᠢᠶ᠎ᠡ᠎ᠨᠢ ᠥᠨᠳᠥᠷ ᠪᠢᠰᠢ᠂ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠶᠡᠬᠡ᠂ ᠠᠵᠤ ᠠᠬᠤᠢ᠌ᠯᠠᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠳᠤᠷ᠎ᠠ ᠥᠬᠡᠶ ᠪᠤᠶᠤ ᠬᠤᠪᠢᠷᠠᠭᠤᠯᠬᠤ ᠵᠣᠷᠢᠭ ᠥᠬᠡᠶ ᠪᠠᠢ᠌ᠨ᠎ᠠ ᠃ ᠡᠭᠦᠨ᠎ᠤ ᠬᠠᠮᠲᠤ᠂ ᠰᠠᠭ᠋ᠠᠳ ᠥᠬᠡᠶ ᠲᠣᠭᠲᠠᠭᠤᠨ ᠮᠡᠳᠡᠭᠡ ᠵᠠᠩᠭᠢ ᠵᠢᠨ ᠠᠷᠭ᠎ᠠ ᠵᠠᠮ ᠵᠶ᠋ᠠᠷ ᠳᠤᠲᠠᠮᠠᠭ᠎ᠠᠴᠠ ᠪᠣᠯᠵᠣ᠂ ᠮᠡᠷᠭᠡᠵᠢᠯ᠎ᠤᠨ ᠬᠠᠩᠭ᠋ᠠᠯᠭ᠎ᠠ ᠬᠡᠷᠡᠭᠴᠡᠭᠡ ᠵᠢ ᠬᠣᠶᠠᠷ ᠲᠠᠯ᠎ᠠ᠎ᠪᠠᠷ ᠵᠶ᠋ᠠᠨ ᠴᠠᠭ ᠲᠤᠬᠠᠶ᠎ᠳᠤᠨᠢ ᠵᠣᠯᠭ᠋ᠠᠭᠤᠯᠬᠤ᠎ᠳᠤ ᠬᠦᠴᠢᠷᠲᠡᠶ ᠪᠠᠢ᠌ᠵᠤ᠂ ᠮᠠᠰᠢ ᠣᠯᠠᠨ ᠰᠢᠯᠢᠳᠡᠭ ᠰᠤᠳᠤᠯᠤᠨ ᠨᠡᠭᠡᠭᠡᠭᠰᠡᠨ ᠦᠷ᠎ᠡ ᠪᠦᠲᠦᠭᠡᠯ᠎ᠢ ᠬᠤᠪᠢᠷᠠᠭᠤᠯᠬᠤ ᠠᠷᠭ᠎ᠠ ᠵᠠᠮ ᠥᠬᠡᠶ ᠪᠣᠯᠭ᠋ᠠᠵᠠᠶ ᠃
ᠭᠤᠷᠪᠠ᠎ᠳᠤ ᠪᠡᠯᠡ ᠮᠥᠩᠭᠥ ᠵᠢᠨ ᠪᠠᠲᠤᠯᠠᠭ᠎ᠠ ᠳᠤᠲᠠᠭᠳᠠᠵᠤ ᠪᠠᠢ᠌ᠨ᠎ᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠠᠯᠬᠤᠮ ᠪᠦᠷᠢ᠎ᠳᠤ ᠴᠥᠮ ᠶᠡᠬᠡ ᠬᠡᠮᠵᠢᠶᠡᠨ᠎ᠤ ᠪᠡᠯᠡ ᠮᠥᠩᠭᠥ᠎ᠪᠠᠷ ᠪᠠᠲᠤᠯᠠᠭ᠎ᠠ ᠪᠣᠯᠭ᠋ᠠᠬᠤ ᠴᠢᠬᠤᠯᠠᠲᠠᠢ᠂ ᠡᠨᠡ᠎ᠨᠢ ᠪᠡᠯᠡ ᠮᠥᠩᠭᠥ ᠴᠤᠭᠯᠠᠭᠤᠯᠬᠤ᠎ᠳᠤ ᠬᠦᠴᠢᠷᠲᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠂ ᠢᠯᠠᠩᠭᠤᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠳᠤ ᠠᠪᠴᠤ ᠬᠡᠯᠡᠪᠡᠯ ᠯᠤᠲᠤ ᠶᠡᠬᠡ ᠥᠷᠢᠰᠥᠯᠳᠦᠭᠡᠨ ᠪᠣᠯᠬᠤ ᠶᠤᠮ ᠃ ᠬᠡᠰᠡᠭ ᠠᠵᠤ ᠠᠬᠤᠢ᠌ᠯᠠᠯ ᠳᠠᠮᠫᠤᠷᠠᠬᠤ ᠲᠦᠭᠰᠢᠭᠦᠷᠢ᠎ᠠᠴᠠ ᠵᠠᠢ᠌ᠯᠠᠬᠤ ᠵᠢᠨ ᠲᠥᠯᠥᠭᠡ ᠪᠡᠯᠡ ᠮᠥᠩᠭᠥ ᠣᠷᠣᠭᠤᠯᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠳᠤᠷ᠎ᠠ ᠦᠭᠡᠢ ᠪᠠᠢ᠌ᠨ᠎ᠠ ᠃
ᠳᠥᠷᠪᠡ᠎ᠳᠤ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠡᠷᠭᠢᠯᠲᠡ ᠰᠢᠯᠤᠭᠤᠨ ᠪᠤᠰᠤ ᠪᠠᠢ᠌ᠨ᠎ᠠ ᠃ ᠰᠢᠨ᠎ᠡ ᠵᠢ ᠡᠭᠦᠳᠬᠦ ᠭᠣᠣᠯ ᠴᠣᠭᠴᠠ ᠵᠢᠨ ᠬᠣᠭᠣᠷᠣᠨᠳᠣ ᠪᠦᠲᠦᠮᠵᠢᠲᠡᠢ ᠬᠠᠮᠲᠤᠷᠠᠯᠴᠠᠭ᠎ᠠ ᠳᠤᠲᠠᠭᠳᠠᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ 《ᠥᠨᠥᠴᠢᠨ ᠠᠷᠠᠯ》᠎ᠤᠨ ᠦᠵᠡᠭᠳᠡᠯ᠎ᠢ ᠲᠤᠪᠤᠢ᠍ᠢ᠍ᠮ᠎ᠠ ᠪᠣᠯᠭ᠋ᠠᠵᠠᠢ ᠃ ᠨᠢᠭᠡ ᠲᠠᠯ᠎ᠠ᠎ᠪᠠᠷ᠂ ᠬᠡᠰᠡᠭ ᠳᠡᠭᠡᠳᠦ ᠰᠤᠷᠭ᠋ᠠᠭᠤᠯᠢ ᠪᠤᠶᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠳᠣᠣᠷ᠎ᠠ ᠪᠠᠢ᠌ᠵᠤ᠂ ᠴᠢᠨᠠᠭᠰᠢᠯᠠᠪᠠᠯ ᠡᠬᠢ ᠪᠠᠶᠠᠯᠢᠭ᠎ᠢ ᠰᠤᠯᠠ ᠲᠠᠯᠪᠢᠬᠤ ᠪᠠ ᠪᠦᠷᠢᠯᠭᠡᠨ ᠰᠦᠢ᠍ᠳᠬᠡᠬᠦ ᠵᠡᠷᠭᠡ ᠦᠵᠡᠭᠳᠡᠯ ᠢᠯᠡᠷᠡᠵᠦ ᠪᠠᠢ᠌ᠨ᠎ᠠ; ᠨᠦᠬᠦᠭᠡ ᠲᠠᠯ᠎ᠠ᠎ᠪᠠᠷ᠂ ᠠᠵᠤ ᠠᠬᠤᠢ᠌ᠯᠠᠯ᠎ᠨᠢ ᠵᠠᠪᠰᠠᠷ᠎ᠤᠨ ᠲᠤᠷᠰᠢᠯᠲᠠ ᠵᠢᠨ ᠰᠠᠭᠤᠷᠢᠨ ᠭᠠᠵᠠᠷ᠂ ᠬᠡᠮᠵᠢᠭᠦᠷᠯᠢᠭ ᠲᠥᠬᠥᠭᠡᠷᠦᠮᠵᠢ ᠵᠡᠷᠭᠡ ᠡᠬᠢ ᠪᠠᠶᠠᠯᠢᠭ ᠵᠶ᠋ᠠᠷ ᠳᠤᠲᠠᠮᠠᠭ᠎ᠠᠴᠠ ᠪᠤᠯᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠤᠷᠤᠭᠰᠢᠲᠠᠢ ᠲᠦᠯᠬᠢᠨ ᠠᠬᠢᠭᠤᠯᠬᠤ᠎ᠳᠤ ᠪᠡᠷᠬᠡᠲᠡᠢ ᠪᠠᠢ᠌ᠨ᠎ᠠ ᠃
ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠣᠨᠳᠣᠣᠰᠢᠭᠤᠯᠬᠤ ᠵᠢ ᠪᠦᠲᠦᠮᠵᠢᠲᠡᠢ ᠠᠬᠢᠭᠤᠯᠬᠤ᠎ᠳᠤ᠂ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠣᠨᠳᠣᠣᠰᠢᠭᠤᠯᠬᠤ ᠳᠤᠮᠳᠠ ᠣᠷᠣᠰᠢᠵᠤ ᠪᠠᠢ᠌ᠭ᠎ᠠ ᠬᠠᠷᠰᠢ ᠰᠠᠭ᠋ᠠᠳ ᠬᠦᠴᠢᠷ ᠠᠰᠠᠭᠤᠳᠠᠯ᠎ᠳᠤ ᠴᠢᠭᠯᠡᠭᠦᠯᠦᠨ ᠤᠯᠠᠨ ᠲᠠᠯ᠎ᠠ᠎ᠪᠠᠷ ᠬᠦᠴᠦᠯᠡᠬᠦ ᠬᠡᠷᠡᠭᠲᠡᠢ ᠃ ᠪᠣᠳᠠᠲᠠᠶ᠎ᠪᠠᠷ ᠬᠡᠯᠡᠪᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ᠂ ᠮᠥᠩᠭᠥᠨ ᠭᠦᠢ᠍ᠯᠭᠡᠭᠡᠨ ᠵᠶ᠋ᠡᠷ ᠲᠤᠯᠭ᠋ᠠᠭᠤᠷᠢᠯᠠᠬᠤ᠂ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠡᠷᠭᠡ 4 ᠲᠠᠯ᠎ᠠ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠢ᠌ᠭᠤᠯᠵᠤ ᠪᠣᠯᠤᠨ᠎ᠠ ᠃ᠨᠢᠭᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠲᠠᠪᠴᠠᠩ᠎ᠢ ᠨᠢᠭᠡᠳᠦᠯᠲᠡᠢ ᠲᠥᠯᠥᠪᠯᠡᠨ ᠪᠠᠢ᠌ᠷᠢᠯᠠᠭᠤᠯᠵᠤ᠂ ᠠᠵᠤ ᠦᠢ᠍ᠯᠡᠰᠵᠢᠯᠲᠡ ᠵᠢᠨ ᠶᠠᠪᠤᠴᠠ᠎ᠳᠠᠬᠢ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ 《ᠪᠣᠭᠣᠮᠢ》 ᠵᠢᠨ ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠨ᠎ᠡ ᠃ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠣᠬᠢᠶᠠᠮᠠᠯ ᠤᠶᠤᠨ ᠴᠢᠳᠠᠪᠤᠷᠢ᠂ ᠲᠡᠷᠢᠭᠦᠨ᠎ᠤ ᠦᠢ᠍ᠯᠡᠳᠬᠦ ᠦᠢ᠍ᠯᠡᠰ᠂ ᠠᠮᠢ ᠨᠠᠰᠤ ᠡᠷᠡᠭᠦᠯ ᠮᠡᠨᠳᠦ ᠵᠡᠷᠭᠡ ᠬᠣᠰᠢᠭᠤᠷᠠᠯ ᠬᠦᠷᠢᠶᠡᠨ᠎ᠳᠤ ᠨᠢᠭᠡ ᠪᠦᠯᠦᠭ ᠳᠡᠭᠡᠳᠦ ᠲᠡᠰ᠎ᠤᠨ ᠰᠤᠳᠤᠯᠤᠨ ᠨᠡᠭᠡᠭᠡᠬᠦ ᠲᠠᠪᠴᠠᠩ᠎ᠢ ᠤᠷᠢᠳᠴᠢᠯᠠᠨ ᠪᠠᠢ᠌ᠷᠢᠰᠢᠭᠤᠯᠤᠨ ᠪᠠᠢ᠌ᠭᠤᠯᠵᠤ᠂ ᠠᠵᠤ ᠦᠢ᠍ᠯᠡᠰ᠎ᠤᠨ ᠨᠡᠢ᠌ᠲᠡᠴᠢ ᠴᠢᠨᠠᠷᠲᠠᠢ ᠵᠠᠩᠭᠢᠯᠠᠭ᠎ᠠ ᠵᠢᠨ ᠮᠡᠷᠭᠡᠵᠢᠯ᠎ᠳᠤ ᠬᠦᠴᠦᠯᠡᠨ ᠰᠢᠪᠲᠤᠯᠤᠯᠲᠠ ᠭᠠᠷᠭ᠋ᠠᠨ᠎ᠠ ᠃ ᠬᠥᠲᠥᠴᠢ ᠠᠵᠤ ᠠᠬᠤᠢ᠌ᠯᠠᠯ᠎ᠤᠨ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠠᠢ ᠬᠣᠯᠪᠣᠭ᠋ᠠᠯᠠᠵᠤ ᠰᠤᠳᠤᠯᠤᠨ ᠨᠡᠭᠡᠭᠡᠬᠦ ᠲᠠᠪᠴᠠᠩ ᠢ ᠬᠠᠮᠲᠤ᠎ᠪᠠᠷ ᠪᠠᠢ᠌ᠭᠤᠯᠬᠤ ᠵᠢ ᠵᠣᠷᠢᠭᠵᠢᠭᠤᠯᠵᠤ᠂ ᠠᠵᠤ ᠦᠢ᠌ᠯᠡᠰᠵᠢᠯᠲᠡ ᠵᠢᠨ ᠶᠠᠪᠤᠴᠠ᠎ᠳᠠᠬᠢ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠢ ᠵᠢᠨ ᠲᠣᠭᠣᠷᠢᠨ᠎ᠳᠤ ᠬᠠᠮᠲᠤᠷᠠᠭᠰᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠦᠨ᠂ ᠥᠨᠳᠥᠷ ᠦᠷ᠎ᠡ ᠠᠰᠢᠭ᠎ᠲᠤ ᠬᠦᠴᠦᠷᠬᠡᠭ ᠶᠡᠬᠡ ᠨᠡᠢ᠌ᠲᠡᠯᠢᠭ ᠴᠢᠨᠠᠷᠲᠠᠶ ᠮᠡᠷᠭᠡᠵᠢᠯ᠎ᠤᠨ ᠬᠠᠩᠭ᠋ᠠᠯᠭ᠎ᠠ ᠵᠢᠨ ᠰᠢᠰᠲ᠋ᠧᠮᠵᠢ ᠵᠢ ᠪᠠᠢ᠌ᠭᠤᠯᠤᠨ᠎ᠠ ᠃ ᠡᠷᠬᠡ ᠬᠠᠷᠢᠭᠤᠴᠠᠯᠭ᠎ᠠ ᠲᠣᠳᠣᠷᠬᠠᠢ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠂ ᠠᠶᠤᠯ ᠲᠦᠭᠰᠢᠭᠦᠷᠢ ᠵᠢ ᠬᠠᠮᠲᠤ᠎ᠪᠠᠷ ᠡᠭᠦᠷᠭᠡᠯᠡᠬᠦ ᠰᠤᠳᠤᠯᠤᠨ ᠨᠡᠭᠡᠭᠡᠬᠦ ᠲᠠᠪᠴᠠᠩ᠎ᠢ ᠬᠠᠮᠲᠤ᠎ᠪᠠᠷ ᠬᠡᠷᠡᠭᠯᠡᠬᠦ ᠲᠣᠭᠲᠠᠴᠠ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠠᠢ ᠬᠣᠯᠪᠣᠭ᠋ᠠᠯᠠᠨ ᠵᠠᠬ᠎ᠠ ᠳᠡᠯᠭᠡᠭᠦᠷ᠎ᠤᠨ ᠬᠡᠷᠡᠭᠴᠡᠭᠡ᠎ᠲᠠᠢ ᠤᠶᠠᠯᠳᠤᠭᠤᠯᠤᠨ ᠰᠢᠨ᠎ᠡ ᠵᠢ ᠡᠭᠦᠳᠬᠦ ᠠᠵᠢᠯᠯᠠᠭ᠎ᠠ ᠥᠷᠨᠢᠭᠦᠯᠬᠦ ᠵᠢ ᠳᠡᠮᠵᠢᠨ᠎ᠡ ᠃
ᠬᠣᠶᠠᠷ᠎ᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ ᠲᠠᠪᠴᠠᠩ᠎ᠢ ᠲᠡᠭᠦᠯᠳᠡᠷᠵᠢᠭᠦᠯᠵᠦ᠂ ᠮᠡᠷᠭᠡᠵᠢᠯ ᠬᠢᠭᠡᠳ ᠵᠠᠬ᠎ᠠ ᠳᠡᠯᠭᠡᠭᠦᠷ᠎ᠤᠨ ᠰᠠᠯᠤᠩᠭᠢᠷᠠᠬᠤ ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠨ᠎ᠡ ᠃ ᠠᠵᠤ ᠠᠬᠤᠢ᠌ᠯᠠᠯ ᠣᠳ ᠣᠨ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ ᠤ ᠰᠤᠳᠤᠯᠤᠯ ᠣᠨ ᠬᠦᠷᠢᠶᠡᠯᠡᠩ ᠭᠠᠵᠠᠷ᠎ᠯᠤᠭ᠎ᠠ ᠬᠠᠮᠲᠤᠷᠠᠨ ᠬᠡᠷᠡᠭᠴᠡᠭᠡ ᠱᠠᠭ᠋ᠠᠷᠳᠠᠯᠭ᠎ᠠ ᠢᠢ ᠵᠣᠯᠭ᠋ᠠᠭᠤᠯᠬᠤ᠂ ᠳᠠᠪᠠᠭᠤᠯᠢᠭ ᠢᠢ᠍ᠡᠷ ᠢᠢ᠍ᠡᠨ ᠬᠠᠷᠢᠯᠴᠠᠨ ᠨᠥᠬᠥᠪᠥᠷᠢᠯᠡᠬᠦ᠂ ᠠᠰᠢᠭ ᠲᠤᠰᠠ ᠢᠢ ᠬᠠᠮᠲᠤ᠎ᠪᠠᠷ ᠡᠳ᠋ᠯᠡᠬ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠣᠨ ᠦᠷ᠎ᠡ ᠪᠦᠲᠦᠭᠡᠯ ᠢ ᠬᠤᠪᠢᠷᠠᠭᠤᠯᠬᠤ ᠲᠠᠪᠴᠠᠩ ᠢ ᠬᠠᠮᠲᠤ᠎ᠪᠠᠷ ᠪᠠᠢ᠌ᠭᠤᠯᠬᠤ ᠢᠢ ᠵᠣᠷᠢᠭᠵᠢᠭᠤᠯᠵᠤ᠂ ᠵᠠᠬ᠎ᠠ ᠳᠡᠯᠭᠡᠭᠦᠷ ᠣᠨ ᠬᠡᠷᠡᠭᠴᠡᠭᠡ ᠱᠠᠭ᠋ᠠᠷᠳᠠᠯᠭ᠎ᠠ᠎ᠲᠤ ᠬᠠᠨᠳᠤᠭᠤᠯᠤᠨ ᠮᠡᠷᠭᠡᠵᠢᠯ ᠢ ᠵᠠᠬᠢᠶᠠᠯᠠᠨ ᠦᠢ᠍ᠯᠡᠳᠬᠦ᠂ ᠬᠢᠨᠠᠨ ᠰᠢᠯᠭ᠋ᠠᠵᠤ ᠰᠢᠯᠭ᠋ᠠᠨ ᠪᠠᠢ᠌ᠴᠠᠭ᠋ᠠᠬᠤ᠂ ᠵᠠᠪᠰᠠᠷ᠎ᠤᠨ ᠲᠤᠷᠰᠢᠯᠲᠠ ᠵᠢ ᠪᠣᠯᠪᠠᠰᠤᠷᠠᠩᠭᠤᠢ ᠪᠣᠯᠭ᠋ᠠᠬᠤ᠂ ᠠᠵᠤ ᠦᠢ᠍ᠯᠡᠰᠵᠢᠭᠦᠯᠦᠨ ᠨᠡᠭᠡᠭᠡᠬᠦ ᠵᠡᠷᠭᠡ ᠠᠵᠢᠯᠯᠠᠭ᠎ᠠ ᠢᠢ ᠬᠠᠮᠲᠤ᠎ᠪᠠᠷ ᠥᠷᠨᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠣᠨ ᠰᠢᠨ᠎ᠡ ᠢᠢ ᠡᠭᠦᠳᠦᠭᠰᠡᠨ ᠦᠷ᠎ᠡ ᠪᠦᠲᠦᠭᠡᠯ ᠢ ᠲᠤᠷᠰᠢᠯᠲᠠ ᠢᠢ᠍ᠨ ᠲᠠᠰᠤᠭ᠎ᠠᠴᠠ ᠵᠠᠬ᠎ᠠ ᠳᠡᠯᠭᠡᠭᠦᠷ ᠲᠡᠰᠢ ᠲᠦᠯᠬᠢᠨ ᠠᠬᠢᠭᠤᠯᠬᠤ ᠬᠡᠷᠡᠭᠲᠡᠢ ᠃ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠤᠯᠤᠰ᠎ᠤᠨ ᠭᠠᠯ ᠪᠠᠮᠪᠠᠷ᠎ᠤᠨ ᠠᠵᠤ ᠦᠢᠯᠡᠰ᠎ᠤᠨ ᠰᠠᠭᠤᠷᠢᠨ ᠭᠠᠵᠠᠷ᠂ ᠭᠠᠯ ᠪᠠᠮᠪᠠᠷ᠎ᠤᠨ ᠠᠳᠠᠯ ᠦᠢᠯᠡᠰ ᠴᠣᠭᠴᠠᠯᠠᠬᠤ ᠲᠥᠪ᠂ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ᠂ ᠤᠯᠤᠰ᠎ᠲᠠᠭᠠᠨ ᠪᠤᠴᠠᠵᠤ ᠢᠷᠡᠭᠰᠡᠳ᠎ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠠᠵᠤ ᠦᠢ᠌ᠯᠡᠰᠵᠢᠯᠲᠡ ᠵᠢᠨ ᠲᠠᠪᠴᠠᠩ ᠵᠶ᠋ᠠᠷ ᠰᠠᠭᠤᠷᠢ ᠪᠣᠯᠭ᠋ᠠᠵᠤ᠂ ᠣᠨᠴᠠᠯᠢᠠᠠᠳᠦ ᠠᠵᠤ ᠦᠢᠯᠡᠰ᠎ᠤᠨ ᠪᠥᠭᠡᠮᠨᠡᠷᠡᠯ᠎ᠢ ᠪᠣᠢ᠌ᠵᠢᠭᠤᠯᠤᠨ ᠪᠣᠶ ᠪᠣᠯᠭ᠋ᠠᠬᠤ᠎ᠪᠠᠷ ᠬᠠᠷᠠᠯᠲᠠ ᠪᠣᠯᠭ᠋ᠠᠨ᠂ ᠠᠳᠠᠯ ᠦᠢᠯᠡᠰ ᠴᠣᠭᠴᠠᠯᠠᠬᠤ ᠵᠤᠯᠵᠠᠭ᠎ᠠ ᠮᠣᠳᠣᠨ᠎ᠤ ᠬᠦᠷᠢᠶᠡᠯᠡᠩ᠂ ᠨᠡᠪᠴᠢᠭᠦᠯᠦᠭᠦᠷ᠂ ᠲᠦᠷᠭᠡᠳᠬᠡᠭᠦᠷ ᠵᠡᠷᠭᠡ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ᠎ᠤ ᠲᠠᠪᠴᠠᠩ ᠵᠶ᠋ᠠᠷ ᠭᠣᠤᠯ ᠱᠤᠭᠤᠮ ᠪᠣᠯᠭ᠋ᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠡᠪᠴᠢᠭᠦᠯᠦᠨ ᠬᠤᠪᠢᠷᠠᠭᠤᠯᠬᠤ ᠰᠠᠭᠤᠷᠢᠨ ᠭᠠᠵᠠᠷ᠎ᠢ ᠪᠠᠢ᠌ᠭᠤᠯᠵᠤ᠂ ᠰᠢᠨ᠎ᠡ ᠵᠢ ᠡᠭᠦᠳᠬᠦ ᠬᠡᠯᠬᠢᠶ᠎ᠡ ᠵᠢ ᠵᠣᠯᠭ᠋ᠠᠭᠤᠯᠬᠤ ᠠᠵᠤ ᠦᠢᠯᠡᠰ᠎ᠤᠨ ᠬᠡᠯᠬᠢᠶ᠎ᠡ ᠵᠢ ᠠᠬᠢᠭᠤᠯᠤᠨ᠎ᠠ ᠃ ᠠᠵᠤ ᠠᠬᠤᠢ᠌ᠯᠠᠯ ᠵᠶ᠋ᠠᠷ ᠭᠣᠤᠯ ᠴᠣᠭᠴᠠ ᠪᠣᠯᠭ᠋ᠠᠭᠰᠠᠨ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠶ᠋ᠠᠷ ᠲᠦᠰᠢᠭ ᠪᠣᠯᠭ᠋ᠠᠭᠰᠠᠨ᠂ ᠡᠯ᠎ᠡ ᠰᠢᠨ᠎ᠡ ᠵᠢ ᠡᠭᠦᠳᠬᠦ ᠭᠣᠤᠯ ᠴᠣᠭᠴᠠ ᠬᠠᠮᠲᠤ᠎ᠪᠠᠷ ᠣᠷᠣᠯᠴᠠᠭᠰᠠᠨ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠬᠣᠯᠪᠣᠭ᠋ᠠᠲᠤ ᠴᠣᠭᠴᠠ ᠵᠢ ᠲᠦᠷᠭᠡᠳᠬᠡᠨ ᠪᠠᠢ᠌ᠭᠤᠯᠵᠤ᠂ ᠰᠢᠯᠵᠢᠭᠦᠯᠦᠨ ᠥᠭᠬᠦ᠂ ᠨᠡᠢ᠌ᠯᠡᠭᠦᠯᠦᠨ ᠬᠤᠳᠠᠯᠳᠤᠨ ᠠᠪᠬᠤ᠂ ᠬᠠᠮᠲᠤᠷᠠᠯᠴᠠᠵᠤ ᠰᠤᠳᠤᠯᠤᠨ ᠨᠡᠭᠡᠭᠡᠬᠦ᠂ ᠥᠮᠴᠢᠯᠡᠬᠦ ᠡᠷᠬᠡ ᠵᠢ ᠬᠤᠳᠠᠯᠳᠤᠨ ᠠᠪᠴᠤ ᠲᠠᠰᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠵᠢ ᠭᠦᠨᠵᠡᠭᠡᠶ ᠠᠭᠤᠰᠤᠯᠴᠠᠭᠤᠯᠬᠤ᠂ ᠰᠢᠨ᠎ᠡ ᠵᠢ ᠡᠭᠦᠳᠬᠦ ᠬᠡᠯᠬᠢᠶ᠎ᠡ ᠬᠢᠭᠡᠳ ᠠᠵᠤ ᠦᠢᠯᠡᠰ᠎ᠤᠨ ᠬᠡᠯᠬᠢᠶ᠎ᠡ ᠵᠢ ᠨᠡᠪᠲᠡᠷᠡᠭᠦᠯᠬᠦ ᠵᠢ ᠲᠦᠷᠭᠡᠳᠬᠡᠨ᠎ᠡ ᠃ ᠮᠡᠳᠡᠭᠡ ᠵᠠᠩᠭᠢ ᠵᠢᠨ ᠵᠠᠮ ᠮᠥᠷ ᠰᠠᠭ᠋ᠠᠳ ᠦᠭᠡᠶ᠂ ᠦᠢ᠍ᠯᠡᠴᠢᠯᠡᠭᠡᠨ᠎ᠤ ᠴᠢᠳᠠᠮᠵᠢ ᠪᠦᠷᠢᠨ᠂ ᠠᠷᠠᠯᠵᠢᠶᠠᠨ᠎ᠤ ᠠᠵᠢᠯᠯᠠᠭ᠎ᠠ ᠡᠮᠬᠢ ᠵᠢᠷᠤᠮ᠎ᠲᠠᠢ ᠪᠠᠢ᠌ᠬᠤ ᠮᠡᠷᠭᠡᠵᠢᠯ᠎ᠤᠨ ᠠᠷᠠᠯᠵᠢᠶᠠᠨ᠎ᠤ ᠲᠠᠪᠴᠠᠩ᠎ᠢ ᠪᠠᠢ᠌ᠭᠤᠯᠵᠤ᠂ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠶᠡᠬᠡᠪᠡᠷ ᠬᠥᠭᠵᠢᠭᠦᠯᠦᠨ᠂ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ᠎ᠳᠤ ᠰᠠᠢ᠌ᠨ ᠰᠠᠢ᠌ᠬᠠᠨ ᠠᠮᠢ ᠠᠬᠤᠶ ᠵᠢ ᠪᠣᠶ ᠪᠣᠯᠭ᠋ᠠᠬᠤ ᠬᠡᠷᠡᠭᠲᠡᠶ ᠃
ᠭᠤᠷᠪᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠮᠥᠩᠭᠥᠨ ᠭᠦᠢᠯᠭᠡᠭᠡᠨ᠎ᠤ ᠲᠤᠯᠭ᠋ᠠᠭᠤᠷᠢᠯᠠᠬᠤ ᠲᠠᠪᠴᠠᠩ᠎ᠤᠨ ᠰᠢᠨ᠎ᠡ ᠵᠢ ᠡᠭᠦᠳᠴᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ 《ᠪᠠᠯᠠ ᠳᠣᠭᠢᠷᠠᠭᠤᠯᠬᠤ᠎ᠳᠤ ᠬᠦᠴᠢᠷᠲᠡᠶ》 ᠪᠠᠢ᠌ᠬᠤ ᠠᠰᠠᠭᠤᠳᠠᠯ᠎ᠢ ᠭᠣᠤᠯᠳᠠᠯᠭ᠎ᠠ᠎ᠲᠠᠢ ᠰᠢᠢᠳᠪᠦᠷᠢᠯᠡᠨ᠎ᠡ ᠃ ᠰᠢᠨ᠎ᠡ ᠵᠢ ᠡᠭᠦᠳᠬᠦ ᠬᠡᠯᠬᠢᠢ᠎ᠡ ᠵᠢᠨ ᠲᠣᠭᠣᠷᠢᠨ᠎ᠳᠤ ᠪᠡᠯᠡ ᠮᠥᠩᠭᠥᠨ᠎ᠤ ᠬᠡᠯᠬᠢᠢ᠎ᠡ ᠵᠢ ᠪᠦᠷᠢᠨᠰᠢᠬᠦᠯᠵᠤ᠂ ᠪᠡᠯᠡ ᠮᠥᠩᠭᠥᠨ᠎ᠤ ᠬᠡᠯᠬᠢᠢ᠎ᠡ ᠪᠣᠯᠤᠨ ᠰᠢᠨ᠎ᠡ ᠵᠢ ᠡᠭᠦᠳᠬᠦ ᠬᠡᠯᠬᠢᠢ᠎ᠡ ᠮᠠᠶᠢᠭ᠎ᠤᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠠᠵᠢᠯᠯᠠᠭ᠎ᠠ ᠵᠢᠨ ᠠᠯᠬᠤᠮ ᠪᠦᠷᠢ᠎ᠳᠤ ᠬᠥᠭᠥᠷᠭᠡ ᠬᠣᠯᠪᠣᠭ᠋ᠠᠰᠤ ᠪᠤᠯᠵᠤ᠂ ᠠᠶᠤᠯ ᠲᠦᠭᠰᠢᠭᠦᠷᠢ ᠵᠢᠨ ᠪᠡᠯᠡ ᠣᠷᠣᠭᠤᠯᠤᠯᠲᠠ ᠣᠯᠭᠣᠨ᠎ᠠ ᠃ ᠰᠲ᠋ᠣᠺ᠎ᠤᠨ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ ᠪᠣᠯᠤᠨ ᠠᠪᠴᠠᠭ᠋ᠠᠨ᠎ᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠤᠯᠠᠨ᠎ᠤ ᠪᠡᠯᠡ ᠴᠤᠭᠯᠠᠭᠤᠯᠬᠤ ᠪᠠᠩᠬᠢ᠂ ᠡᠭᠦᠳᠦᠭᠴᠢ ᠴᠣᠭᠴᠠᠯᠠᠭᠴᠢ ᠵᠢᠨ ᠪᠠᠩᠬᠢ ᠵᠡᠷᠭᠡ ᠰᠢᠨ᠎ᠡ ᠬᠡᠯᠪᠡᠷᠢ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠦᠪᠡᠭᠴᠢᠯᠡᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠮᠥᠩᠭᠥᠨ ᠭᠦᠢ᠍ᠯᠭᠡᠭᠡᠨ᠎ᠤ ᠲᠤᠯᠭ᠋ᠠᠭᠤᠷᠢᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ ᠃ ᠵᠠᠰᠠᠭ᠎ᠤᠨ ᠣᠷᠳᠣᠨ᠎ᠤ ᠬᠥᠲᠥᠯᠦᠨ ᠵᠢᠯᠣᠭᠣᠳᠬᠤ ᠰᠠᠭᠤᠷᠢ ᠮᠥᠩᠭᠥ ᠵᠢᠨ ᠦᠢᠯᠡᠳᠦᠯ᠎ᠢ ᠪᠠᠳᠠᠷᠠᠭᠤᠯᠵᠤ᠂ ᠠᠨᠴᠢᠯ᠎ᠤᠨ ᠪᠠᠯᠠ ᠣᠷᠣᠭᠤᠯᠤᠯᠲᠠ ᠵᠢᠨ ᠰᠠᠭᠤᠷᠢ ᠮᠥᠩᠭᠥ᠂ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠵᠢᠨ ᠰᠠᠭᠤᠷᠢ ᠮᠥᠩᠭᠥ ᠵᠡᠷᠭᠡ ᠨᠡᠢ᠌ᠭᠡᠮ᠎ᠤᠨ ᠬᠥᠷᠥᠩᠭᠡ ᠵᠢ ᠭᠦᠢᠴᠡᠳ ᠳᠠᠢ᠌ᠴᠢᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ ᠵᠢ ᠪᠥᠬᠥ ᠲᠠᠯ᠎ᠠ᠎ᠪᠠᠷ ᠳᠡᠮᠵᠢᠵᠦ᠂ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠪᠠᠯᠠ ᠣᠷᠣᠭᠤᠯᠤᠯᠲᠠ ᠵᠢᠨ ᠰᠢᠰᠲ᠋ᠧᠮᠵᠢ ᠵᠢ ᠪᠠᠢ᠌ᠭᠤᠯᠤᠨ᠎ᠠ ᠃ ᠮᠥᠩᠭᠥᠨ ᠭᠦᠢᠯᠭᠡᠭᠡᠨ᠎ᠤ ᠨᠡᠷᠡᠳᠬᠦᠨ᠎ᠤ ᠰᠢᠨ᠎ᠡ ᠵᠢ ᠡᠭᠦᠳᠴᠦ᠂ ᠠᠷᠠᠳ᠎ᠤᠨ ᠳᠤᠮᠳᠠᠬᠢ ᠮᠥᠩᠭᠥᠨ ᠭᠦᠢᠯᠭᠡᠭᠡᠨ᠎ᠤ ᠡᠮᠬᠢ ᠵᠢᠷᠤᠮ᠎ᠢ ᠵᠢᠷᠤᠮᠵᠢᠭᠤᠯᠤᠨ᠂ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠣᠮᠫᠠᠨᠢ᠂ ᠪᠠᠯᠠ ᠲᠣᠬᠢᠷᠠᠭᠤᠯᠭ᠎ᠠ ᠵᠢᠨ ᠴᠢᠨᠠᠷᠲᠠᠶ ᠳᠠᠭ᠋ᠠᠭ᠋ᠠᠯᠲᠠ ᠬᠢᠬᠦ ᠺᠣᠮᠫᠠᠨᠢ᠂ ᠰᠲ᠋ᠣᠺ᠎ᠤᠨ ᠡᠷᠬᠡ ᠵᠢᠨ ᠪᠠᠯᠠ ᠣᠷᠣᠭᠤᠯᠤᠯᠲᠠ ᠵᠢᠨ ᠰᠠᠭᠤᠷᠢ ᠮᠥᠩᠭᠥ᠂ ᠪᠠᠯᠠ ᠲᠣᠬᠢᠷᠠᠭᠤᠯᠭ᠎ᠠ ᠵᠢᠨ ᠲᠦᠷᠢᠶᠡᠰᠦᠯᠡᠬᠦ ᠺᠣᠮᠫᠠᠨᠢ᠂ ᠳᠠᠨᠵᠢᠯᠠᠬᠤ ᠭᠠᠵᠠᠷ ᠵᠡᠷᠭᠡ ᠡᠯ᠎ᠡ ᠲᠥᠷᠥᠯ᠎ᠤᠨ ᠪᠠᠯᠠ ᠲᠣᠬᠢᠷᠠᠭᠤᠯᠭ᠎ᠠ ᠵᠢᠨ ᠦᠢᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠵᠣᠷᠢᠭᠵᠢᠭᠤᠯᠵᠤ ᠪᠠᠢ᠌ᠭ᠋ᠠᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠬᠥᠭᠵᠢᠯᠲᠡ ᠵᠢ ᠲᠤᠯᠭ᠋ᠠᠭᠤᠷᠢᠯᠠᠭᠤᠯᠤᠨᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠢᠲᠡᠭᠡᠮᠵᠢ ᠵᠢᠨ ᠰᠢᠰᠲ᠋ᠧᠮᠵᠢ ᠵᠢ ᠪᠠᠢ᠌ᠭᠤᠯᠵᠤ᠂ 《ᠢᠨᠲ᠋ᠧᠷ ᠰᠦᠯᠵᠢᠶ᠎ᠡ +》 ᠮᠡᠷᠭᠡᠵᠢᠯ᠎ᠢ ᠬᠡᠷᠡᠭᠯᠡᠨ ᠠᠵᠤ ᠠᠬᠤᠢ᠌ᠯᠠᠯ᠎ᠤᠨ ᠲᠣᠮᠣ ᠳ᠋ᠠᠢ᠌ᠲ᠋ᠠ ᠵᠢᠨ ᠢᠲᠡᠭᠡᠮᠵᠢ ᠵᠢᠨ ᠲᠠᠪᠴᠠᠩ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠲᠦᠭᠰᠢᠭᠦᠷᠢ ᠵᠢ ᠡᠵᠡᠮᠳᠡᠬᠦ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠦᠨ᠎ᠡ ᠃
ᠲᠦᠷᠪᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠲᠠᠪᠴᠠᠩ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠤᠨ 《ᠥᠨᠥᠴᠢᠨ ᠠᠷᠠᠯ》᠎ᠤᠨ ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠨ᠎ᠡ ᠃ ᠦᠵᠦ ᠲᠥᠯᠥᠪᠯᠡᠭᠡ ᠵᠢ ᠴᠢᠩᠭ᠋ᠠᠳᠬᠠᠵᠤ᠂ ᠤᠳᠤ ᠵᠢᠨ ᠪᠠᠢ᠌ᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠲᠠᠪᠴᠠᠩ᠎ᠢ ᠡᠮᠬᠢᠯᠡᠨ ᠨᠡᠢ᠌ᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠲᠥᠪᠯᠡᠷᠡᠭᠦᠯᠬᠦ ᠵᠢ ᠠᠬᠢᠭᠤᠯᠵᠤ᠂ ᠤᠯᠠᠨ ᠲᠡᠰ ᠳᠠᠪᠬᠤᠷᠭ᠎ᠠ ᠵᠢᠨ᠂ ᠥᠷᠭᠡᠨ ᠬᠦᠷᠢᠶᠡᠨ᠎ᠤ᠂ ᠰᠦᠯᠵᠢᠶᠡᠵᠢᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠲᠠᠪᠴᠠᠩ᠎ᠤᠨ ᠰᠢᠰᠲ᠋ᠧᠮ᠎ᠢ ᠪᠠᠢ᠌ᠭᠤᠯᠤᠨ᠎ᠠ ᠃ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠵᠢᠨ ᠠᠵᠤ ᠠᠬᠤᠢ᠌ᠯᠠᠯ᠎ᠳᠤ ᠬᠠᠨᠳᠤᠭᠤᠯᠤᠨ ᠲᠤᠷᠰᠢᠯᠲᠠ ᠵᠢᠨ ᠲᠠᠰᠤᠭ ᠵᠢᠴᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠣᠮᠣ ᠬᠡᠯᠪᠡᠷᠢ ᠵᠢᠨ ᠬᠡᠮᠵᠢᠭᠦᠷᠯᠢᠭ ᠲᠥᠬᠥᠭᠡᠷᠦᠮᠵᠢ᠎ᠪᠠᠨ ᠴᠢᠯᠥᠭᠡᠲᠡᠶ ᠨᠡᠭᠡᠭᠡᠬᠦ ᠵᠢ ᠵᠣᠷᠢᠭᠵᠢᠭᠤᠯᠵᠤ᠂ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ ᠃ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠬᠣᠯᠪᠣᠭ᠎ᠠ ᠪᠠᠢ᠌ᠭᠤᠯᠬᠤ ᠵᠢ ᠳᠡᠮᠵᠢᠵᠦ᠂ ᠬᠣᠯᠪᠣᠭ᠎ᠠ᠎ᠳᠤ ᠲᠦᠰᠢᠭᠯᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠲᠠᠪᠴᠠᠩ ᠪᠠᠢ᠌ᠭᠤᠯᠬᠤ ᠵᠢ ᠵᠣᠷᠢᠭᠵᠢᠭᠤᠯᠤᠨ᠎ᠠ ᠃