ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠄
ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠥᠲᠥᠭᠡᠨ ᠪᠠᠢ᠌ᠭᠤᠯᠬᠤ᠎ᠳᠤ ᠬᠡᠷᠡᠭᠵᠢᠭᠦᠯᠬᠦ ᠲᠥᠰᠦᠯ》 (ᠥᠪᠥᠷ ᠮᠤᠩᠭᠤᠯ ᠰᠢᠨᠵᠢᠯᠡᠬᠦ ᠤᠬᠠᠭ᠋ᠠᠨ ᠮᠡᠷᠭᠡᠵᠢᠯ ᠲᠠᠷᠬᠠᠭ᠋ᠠᠭᠰᠠᠨ [2020] 68 ᠳ᠋ᠤᠭ᠋ᠠᠷ ᠲᠣᠭ᠋ᠠᠲᠤ) ᠵᠡᠷᠭᠡ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠠᠬᠢᠭᠤᠯᠤᠨ ᠬᠡᠷᠡᠭᠵᠢᠭᠦᠯᠲᠦᠭᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2024 ᠣᠨ᠎ᠤ 10 ᠰᠠᠷ᠎ᠠ ᠵᠢᠨ 28᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
ᠨᠢᠭᠡᠳᠦᠭᠡᠷ ᠵᠦᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠳᠣᠷᠣᠭᠰᠢ 《ᠮᠡᠷᠭᠡᠵᠢᠯ᠎ᠤᠨ ᠰᠢᠨ᠎ᠡ ᠵᠢ ᠡᠭᠦᠳᠬᠦ ᠲᠥᠪ》 ᠭᠡᠵᠦ ᠲᠣᠪᠴᠢᠯᠠᠨ᠎ᠠ)᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠨᠡᠯᠡᠯᠲᠡ᠎ᠪᠠᠷ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠪᠠ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠥᠲᠥᠭᠡᠨ ᠪᠠᠢ᠌ᠭᠤᠯᠬᠤ᠎ᠳᠤ ᠬᠡᠷᠡᠭᠵᠢᠭᠦᠯᠬᠦ ᠲᠥᠰᠦᠯ (ᠲᠦᠷ ᠬᠡᠷᠡᠭᠵᠢᠭᠦᠯᠬᠦ)》 (ᠥᠪᠥᠷ ᠰᠠᠯᠠᠭ᠎ᠠ ᠲᠠᠷᠬᠠᠭ᠋ᠠᠭᠰᠠᠨ [2020] 68 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠳᠣᠷᠣᠭᠰᠢ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ》 ᠭᠡᠵᠦ ᠲᠣᠪᠴᠢᠯᠠᠨ᠎ᠠ)᠎ᠨᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠬᠠᠷᠢᠭᠤᠴᠠᠵᠤ᠂ ᠡᠯ᠎ᠡ ᠠᠢ᠌ᠮᠠᠭ ᠬᠣᠲᠠ ᠵᠢᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠠᠴᠠ ᠲᠠᠨᠢᠯᠴᠠᠭᠤᠯᠤᠭᠰᠠᠨ ᠰᠠᠯᠠᠭ᠎ᠠ ᠮᠥᠴᠢᠷ᠎ᠨᠢ ᠬᠢᠨᠠᠯᠲᠠ ᠲᠠᠯᠪᠢᠵᠤ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠠᠮᠢᠶ᠎ᠠ ᠪᠥᠬᠥᠶ ᠮᠠᠲ᠋ᠧᠷᠢᠶᠠᠯ᠎ᠤᠨ ᠠᠩᠬᠠᠨ᠎ᠤ ᠬᠢᠨᠠᠯᠲᠠ ᠬᠢᠬᠦ ᠵᠢ ᠬᠠᠷᠢᠭᠤᠴᠠᠨ᠎ᠠ᠃
ᠭᠤᠷᠪᠠᠳᠤᠭ᠋ᠠᠷ ᠵᠦᠢᠯ ᠰᠢᠯᠭ᠋ᠠᠨ ᠬᠢᠨᠠᠵᠤ ᠦᠨᠡᠯᠡᠨ ᠵᠢᠱ᠌ᠢᠬᠦ ᠡᠲᠡᠭᠡᠳ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠴᠣᠬᠤᠯᠠᠪᠤᠷᠢᠯᠠᠨ ᠵᠥᠪᠰᠢᠶᠡᠷᠡᠵᠦ ᠪᠥᠲᠥᠭᠡᠨ ᠪᠠᠢ᠌ᠭᠤᠯᠤᠭᠰᠠᠨ ᠪᠥᠭᠡᠳ ᠨᠢᠭᠡᠨᠲᠡ ᠪᠦᠬᠦᠯᠢ 3 ᠵᠢᠯ ᠠᠵᠢᠯᠯᠠᠭᠰᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠣᠯᠤᠨ᠎ᠠ᠃
ᠳᠥᠷᠪᠡᠳᠦᠭᠡᠷ ᠵᠦᠢᠯ ᠰᠢᠯᠭ᠋ᠠᠨ ᠬᠢᠨᠠᠵᠤ ᠦᠨᠡᠯᠡᠨ ᠵᠢᠱ᠌ᠢᠬᠦ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠬᠤ ᠪᠤᠶᠤ ᠭᠤᠷᠪᠠᠳᠠᠬᠢ ᠡᠲᠡᠭᠡᠳ᠎ᠤᠨ ᠪᠠᠢ᠌ᠭᠤᠯᠤᠮᠵᠢ᠎ᠳᠤ ᠨᠠᠢ᠌ᠳᠠᠨ ᠥᠷᠨᠢᠭᠦᠯᠵᠦ᠂ ᠡᠩ᠎ᠤᠨ ᠪᠠᠢ᠌ᠳᠠᠯ᠎ᠳᠤ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠪᠠ ᠲᠤᠬᠠᠶ ᠵᠢᠨ ᠲᠠᠯᠠᠪᠠᠶ᠎ᠳᠤ ᠰᠢᠨᠵᠢᠯᠡᠨ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠪᠡᠶᠡᠯᠡᠭᠦᠯᠦᠨ᠎ᠡ᠃
ᠲᠠᠪᠤᠳᠤᠭ᠋ᠠᠷ ᠵᠦᠢᠯ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠪᠥᠲᠥᠭᠡᠨ ᠪᠠᠢ᠌ᠭᠤᠯᠬᠤ ᠵᠢ ᠴᠣᠬᠣᠯᠠᠪᠤᠷᠢᠯᠠᠬᠤ ᠦᠶ᠎ᠡ᠎ᠳᠤ ᠲᠣᠭᠲᠠᠭ᠋ᠠᠭᠰᠠᠨ ᠪᠥᠲᠥᠭᠡᠨ ᠪᠠᠢ᠌ᠭᠤᠯᠬᠤ ᠲᠥᠰᠦᠯ᠎ᠲᠠᠢ ᠬᠠᠷᠢᠴᠠᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠭᠰᠡᠨ ᠮᠡᠳᠡᠭᠦᠯᠦᠯᠲᠡ (ᠳᠠᠭ᠋ᠠᠯᠳᠤᠭᠤᠯᠤᠯ ᠬᠦᠰᠦᠨᠦᠭᠲᠦ 2)᠂ ᠣᠢ᠌ᠷ᠎ᠠ ᠵᠢᠨ ᠭᠤᠷᠪᠠᠨ ᠵᠢᠯ᠎ᠤᠨ ᠣᠨ᠎ᠤ ᠮᠡᠳᠡᠭᠦᠯᠦᠯᠲᠡ (ᠳᠠᠭ᠋ᠠᠯᠳᠤᠭᠤᠯᠤᠯ ᠬᠦᠰᠦᠨᠦᠭᠲᠦ 3) ᠵᠢᠴᠢ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ ᠲᠤᠰᠢᠶᠠᠨ᠎ᠠ᠃
ᠵᠢᠷᠭᠤᠳᠤᠭ᠋ᠠᠷ ᠵᠦᠢᠯ ᠮᠠᠲ᠋ᠧᠷᠢᠶᠠᠯ᠎ᠢ ᠬᠢᠨᠠᠨ ᠲᠣᠭᠲᠠᠭ᠋ᠠᠬᠤ᠎ᠳᠤ ᠭᠣᠤᠯᠳᠠᠭᠤ ᠬᠢᠨᠠᠨ ᠰᠢᠯᠭ᠋ᠠᠵᠤ ᠦᠨᠡᠯᠡᠨ ᠵᠢᠱ᠌ᠢᠬᠦ ᠭᠦᠢᠴᠡᠳᠬᠡᠯ ᠲᠣᠭ᠎ᠠ ᠵᠢᠨ ᠰᠢᠰᠲ᠋ᠧᠮᠵᠢ ᠵᠢ ᠦᠨᠳᠦᠰᠦᠯᠡᠨ ᠥᠷᠨᠢᠭᠦᠯᠦᠨ᠎ᠡ᠂ ᠡᠭᠦᠨ᠎ᠳᠤ ᠬᠠᠷᠠᠯᠲᠠᠲᠤ ᠡᠭᠦᠷᠭᠡ᠂ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠲᠦᠭᠡᠯ ᠪᠠ ᠨᠡᠢ᠌ᠭᠡᠮ᠎ᠤᠨ ᠦᠢᠯᠡᠴᠢᠯᠡᠭᠡ ᠵᠡᠷᠭᠡ ᠪᠠᠢ᠌ᠳᠠᠯ (ᠳᠠᠭ᠋ᠠᠯᠳᠤᠭᠤᠯᠤᠯ ᠬᠦᠰᠦᠨᠦᠭᠲᠦ 1) ᠪᠠᠭᠲᠠᠨ᠎ᠠ᠃
ᠳᠣᠯᠣᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠭᠦᠢ᠍ᠴᠡᠳᠬᠡᠯ ᠲᠣᠭ᠎ᠠ ᠵᠢᠴᠢ ᠲᠤᠬᠠᠶ ᠵᠢᠨ ᠲᠠᠯᠠᠪᠠᠶ᠎ᠳᠤ ᠰᠢᠯᠭ᠋ᠠᠨ ᠪᠠᠢ᠌ᠴᠠᠭ᠋ᠠᠵᠤ ᠬᠢᠨᠠᠨ ᠬᠠᠷᠭᠤᠭᠤᠯᠤᠭᠰᠠᠨ ᠪᠠᠢ᠌ᠳᠠᠯ᠎ᠢ ᠦᠨᠳᠦᠰᠦᠯᠡᠨ ᠶᠡᠷᠦᠩᠬᠡᠢ᠌ᠯᠡᠨ ᠦᠨᠡᠯᠡᠨ ᠵᠢᠱ᠌ᠢᠭᠰᠡᠨ ᠦᠷ᠎ᠡ ᠳ᠋ᠦᠩ᠎ᠢ ᠪᠤᠶ ᠪᠣᠯᠭ᠋ᠠᠨ᠎ᠠ᠃ ᠦᠨᠡᠯᠡᠨ ᠵᠢᠱ᠌ᠢᠭᠰᠡᠨ ᠦᠷ᠎ᠡ ᠳ᠋ᠦᠩ᠎ᠢ ᠰᠢᠯᠢᠳᠡᠭ (80 ᠬᠤᠪᠢ)᠂ ᠬᠢᠷᠢ ᠲᠡᠩᠴᠡᠭᠰᠡᠨ (6080 ᠬᠤᠪᠢ᠂ 60 ᠬᠤᠪᠢ ᠪᠠᠭᠲᠠᠨ᠎ᠠ)᠂ ᠬᠢᠷᠢ ᠲᠡᠩᠴᠡᠭᠰᠡᠨ ᠥᠬᠡᠶ (60 ᠬᠤᠪᠢ) ᠭᠤᠷᠪᠠᠨ ᠲᠥᠷᠥᠯ ᠬᠤᠪᠢᠶᠠᠵᠤ᠂ ᠡᠭᠦᠨ᠎ᠳᠤ ᠰᠢᠯᠢᠳᠡᠭ᠎ᠤᠨ ᠬᠠᠷᠢᠴᠠᠯ᠎ᠢ ᠦᠨᠡᠯᠡᠨ ᠵᠢᠱ᠌ᠢᠭᠰᠡᠨ ᠶᠡᠷᠦᠩᠬᠡᠶ ᠲᠣᠭ᠎ᠠ ᠵᠢᠨ 30 %᠎ᠠᠴᠠ ᠬᠡᠲᠦᠷᠡᠭᠦᠯᠵᠦ ᠪᠣᠯᠬᠤ ᠥᠬᠡᠶ᠃
ᠨᠠᠢᠮᠠᠳᠤᠭ᠋ᠠᠷ ᠵᠦᠢ᠍ᠯ ᠦᠨᠡᠯᠡᠨ ᠵᠢᠱ᠌ᠢᠭᠰᠡᠨ ᠦᠷ᠎ᠡ ᠳ᠋ᠦᠩ᠎ᠢ ᠵᠠᠷᠯᠠᠨ ᠨᠡᠢ᠌ᠲᠡᠯᠡᠭᠡᠳ ᠣᠨᠳᠣᠣ ᠰᠠᠨᠠᠯ ᠦᠭᠡᠶ ᠪᠣᠯ᠂ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠰᠢᠯᠢᠳᠡᠭ ᠪᠣᠯᠬᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠤ ᠥᠪᠡᠷᠲᠡᠭᠡᠨ ᠵᠠᠰᠠᠬᠤ ᠣᠷᠣᠨ᠎ᠤ ᠡᠳ᠎ᠤᠨ ᠵᠠᠰᠠᠭ᠎ᠤᠨ ᠵᠠᠷᠤᠳᠠᠯ᠎ᠤᠨ ᠵᠣᠬᠢᠬᠤ ᠳᠡᠮᠵᠢᠯᠭᠡ ᠦᠵᠡᠭᠦᠯᠵᠦ᠂ ᠪᠡᠯᠡ ᠮᠥᠩᠭᠥ ᠵᠢᠨ ᠳᠡᠮᠵᠢᠯᠭᠡ ᠵᠢᠨ ᠲᠣᠭ᠎ᠠ ᠬᠡᠮᠵᠢᠶ᠎ᠡ ᠵᠢ ᠬᠣᠯᠪᠣᠭᠳᠠᠯ ᠪᠦᠬᠦᠢ ᠢᠵᠢ ᠪᠦᠷᠢᠳᠦᠭᠦᠯᠬᠦ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠵᠠᠷᠤᠳᠠᠯ᠎ᠢ ᠭᠣᠣᠯᠳᠠᠭᠤ ᠡᠵᠡᠨ ᠮᠡᠳᠡᠵᠦ ᠰᠡᠳᠦᠪ ᠰᠣᠩᠭᠣᠨ ᠰᠤᠳᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠂ ᠴᠢᠳᠠᠪᠤᠷᠢᠲᠠᠨ᠎ᠢ ᠬᠥᠮᠦᠵᠢᠭᠦᠯᠦᠨ ᠣᠷᠣᠭᠤᠯᠵᠤ ᠠᠪᠴᠢᠷᠠᠬᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠮᠵᠢᠭᠦᠷᠯᠢᠭ ᠬᠤᠳᠠᠯᠳᠤᠨ ᠠᠪᠬᠤ ᠪᠠ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ᠂ ᠲᠤᠷᠰᠢᠯᠲᠠ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠳᠤ ᠬᠡᠷᠡᠭᠯᠡᠨ᠎ᠡ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠵᠶ᠋ᠠᠷ ᠬᠢᠷᠢ ᠬᠡᠮ ᠮᠡᠬᠡᠯᠡᠨ ᠠᠪᠤᠭᠰᠠᠨ ᠪᠠᠢ᠌ᠪᠠᠯ᠂ ᠡᠳ᠋᠎ᠤᠨ ᠵᠠᠰᠠᠭ᠎ᠤᠨ ᠪᠠᠯᠠ ᠮᠥᠩᠭᠥ ᠵᠢ ᠨᠡᠬᠡᠮᠵᠢᠯᠡᠨ ᠠᠪᠴᠢᠷᠠᠬᠤ ᠵᠢ ᠣᠯᠵᠤ ᠮᠡᠳᠡᠪᠡᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠬᠤ ᠵᠢᠨ ᠬᠠᠮᠲᠤ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ ᠃
ᠠᠷᠪᠠᠳᠤᠭ᠋ᠠᠷ ᠵᠦᠢ᠍ᠯ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠬᠢᠷᠢ ᠲᠡᠩᠴᠡᠭᠰᠡᠨ ᠦᠭᠡᠶ ᠪᠣᠯ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠂ ᠴᠡᠭᠴᠡᠯᠡᠨ ᠰᠠᠢ᠌ᠵᠢᠷᠠᠭᠤᠯᠬᠤ ᠬᠤᠭᠤᠴᠠᠭ᠎ᠠ᠎ᠨᠢ 1 ᠵᠢᠯ ᠪᠣᠯᠤᠨ᠎ᠠ᠂ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠤᠰ ᠠᠷᠭ᠎ᠠ ᠵᠢ ᠦᠨᠳᠦᠰᠦᠯᠡᠨ ᠵᠣᠬᠢᠶᠠᠨ ᠪᠠᠢ᠌ᠭᠤᠯᠤᠨ ᠦᠨᠡᠯᠡᠨ ᠵᠢᠱ᠌ᠢᠵᠦ᠂ ᠪᠠᠲᠤᠯᠠᠭᠳᠠᠭᠰᠠᠨ ᠦᠭᠡᠶ ᠪᠣᠯ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠴᠣᠯᠠ ᠵᠢ᠎ᠨᠢ ᠬᠦᠴᠦᠨ ᠦᠭᠡᠶ ᠪᠣᠯᠭ᠋ᠠᠬᠤ ᠮᠥᠷᠲᠡᠭᠡᠨ 2 ᠵᠢᠯ᠎ᠤᠨ ᠳᠣᠲᠣᠷ᠎ᠠ ᠳᠠᠬᠢᠨ ᠮᠡᠳᠡᠭᠦᠯᠵᠦ ᠪᠣᠯᠬᠤ ᠦᠭᠡᠶ ᠃
ᠠᠷᠪᠠᠨ ᠨᠢᠭᠡᠳᠦᠭᠡᠷ ᠵᠦᠢ᠍ᠯ ᠳᠣᠣᠷᠠᠬᠢ ᠪᠠᠢ᠌ᠳᠠᠯ᠎ᠤᠨ ᠨᠢᠭᠡ᠎ᠨᠢ ᠭᠠᠷᠴᠤ᠂ ᠬᠢᠨᠠᠨ ᠲᠣᠭᠲᠠᠭ᠋ᠠᠯᠲᠠ ᠬᠢᠭᠡᠳ ᠦᠨᠡᠨ ᠪᠣᠳᠠᠲᠠᠶ ᠪᠠᠢ᠌ᠪᠠᠯ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ᠎ᠨᠢ ᠬᠦᠴᠦᠨ ᠦᠭᠡᠶ ᠪᠣᠯᠭ᠋ᠠᠨ᠎ᠠ ᠃
(ᠨᠢᠭᠡ) ᠬᠤᠭᠤᠴᠠᠭ᠎ᠠ ᠲᠤᠯᠤᠭᠰᠠᠨ ᠪᠠᠢ᠌ᠲᠠᠯ᠎ᠠ ᠣᠨ᠎ᠤ ᠮᠡᠳᠡᠭᠦᠯᠦᠯᠲᠡ᠎ᠪᠠᠨ ᠦᠯᠦ ᠲᠤᠰᠢᠶᠠᠭᠰᠠᠨ;
(ᠬᠣᠶᠠᠷ) ᠦᠨᠡᠯᠡᠨ ᠵᠢᠱ᠌ᠢᠬᠦ᠎ᠳᠤ ᠤᠴᠢᠷ ᠰᠢᠯᠲᠠᠭ᠋ᠠᠨ ᠦᠭᠡᠢ᠎ᠪᠠᠷ ᠣᠷᠣᠯᠴᠠᠭᠰᠠᠨ ᠦᠭᠡᠢ᠂ ᠲᠤᠬᠠᠢ ᠵᠢᠨ ᠲᠠᠯᠠᠪᠤᠷ᠎ᠲᠤ ᠰᠢᠯᠭ᠋ᠠᠨ ᠪᠠᠢ᠌ᠴᠠᠭ᠋ᠠᠵᠤ ᠬᠢᠨᠠᠨ ᠬᠠᠷᠭᠤᠭᠤᠯᠬᠤ᠎ᠳᠤ ᠬᠠᠮᠵᠢᠯᠴᠠᠭᠰᠠᠨ ᠦᠭᠡᠢ;
(ᠭᠤᠷᠪᠠ) ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠴᠦ᠂ ᠬᠤᠳᠠᠯ ᠬᠠᠭᠤᠷᠮᠠᠭ ᠮᠠᠲ᠋ᠧᠷᠢᠶᠠᠯ ᠪᠠ ᠦᠨᠡᠨ ᠪᠣᠳᠠᠲᠠᠢ ᠪᠤᠰᠤ ᠲᠣᠭ᠎ᠠ ᠪᠠᠷᠢᠮᠲᠠ ᠵᠢ ᠬᠠᠩᠭ᠋ᠠᠭᠰᠠᠨ;
(ᠳᠥᠷᠪᠡ) ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠬᠡᠪ᠎ᠤᠨ ᠠᠵᠢᠯᠯᠠᠭ᠋ᠠᠨ᠎ᠢ ᠪᠠᠲᠤᠯᠠᠵᠤ ᠳᠡᠢ᠌ᠯᠬᠦ ᠦᠭᠡᠶ;
(ᠲᠠᠪᠤ) ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠵᠢᠴᠢ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠶ ᠪᠤᠰᠤᠳ ᠪᠠᠢ᠌ᠳᠠᠯ᠃
ᠠᠷᠪᠠᠨ ᠬᠣᠶᠠᠳᠤᠭ᠋ᠠᠷ ᠵᠦᠢᠯ ᠰᠢᠯᠭ᠋ᠠᠨ ᠬᠢᠨᠠᠵᠤ ᠦᠨᠡᠯᠡᠨ ᠵᠢᠱ᠌ᠢᠬᠦ᠎ᠳᠤ ᠣᠷᠣᠯᠴᠠᠭᠰᠠᠨ ᠬᠣᠯᠪᠣᠭᠳᠠᠯ ᠪᠥᠬᠥᠶ ᠠᠵᠢᠯᠲᠠᠨ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠬᠦᠨ᠎ᠨᠢ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠰᠢᠨᠵᠢᠯᠡᠬᠦ ᠤᠬᠠᠭ᠋ᠠᠨᠴᠢ᠂ ᠲᠥᠪ ᠭᠣᠤᠯᠴᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠶ᠂ ᠬᠠᠮᠢᠶ᠎ᠠ ᠪᠥᠬᠥᠶ ᠶᠠᠪᠤᠴᠠ ᠵᠢᠨ ᠮᠡᠳᠡᠭᠡ ᠵᠠᠩᠭᠢ ᠵᠢ ᠭᠠᠳᠠᠭᠰᠢ ᠨᠡᠢ᠌ᠲᠡᠯᠡᠵᠦ ᠪᠣᠯᠬᠤ ᠥᠬᠡᠶ᠂ ᠰᠢᠯᠭ᠋ᠠᠨ ᠬᠢᠨᠠᠵᠤ ᠦᠨᠡᠯᠡᠨ ᠵᠢᠱ᠌ᠢᠬᠦ ᠡᠲᠡᠭᠡᠳ᠎ᠤᠨ ᠶᠠᠮᠠᠷᠪᠠ ᠰᠦᠢᠳᠬᠡᠯ ᠬᠤᠷᠢᠶᠠᠵᠤ ᠪᠣᠯᠬᠤ ᠥᠬᠡᠶ᠃
ᠠᠷᠪᠠᠨ ᠭᠤᠷᠪᠠᠳᠤᠭ᠋ᠠᠷ ᠵᠦᠢ᠍ᠯ ᠲᠤᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃