ᠯᠢ ᠺᠸ ᠴᠢᠶᠠᠩ ᠪᠣᠯᠤᠨ ᠺᠦᠸᠠᠢ᠍ᠢ᠍ᠲᠤᠨ ᠲᠡᠷᠢᠭᠦᠨ ᠰᠠᠶ᠋ᠢᠳ ᠰᠠᠪᠠᠾᠸ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠵᠠᠢ
ᠰᠢᠨᠬᠤᠸᠠ ᠬᠣᠷᠢᠶᠠᠨ᠎ᠤ ᠪᠡᠭᠡᠵᠢᠩ᠎ᠤᠨ 3 ᠰᠠᠷ᠎ᠠ ᠵᠢᠨ 22᠎ᠤᠨ ᠴᠠᠬᠢᠯᠭ᠋ᠠᠨ ᠮᠡᠳᠡᠭᠡ 3 ᠰᠠᠷ᠎ᠠ ᠵᠢᠨ 22᠎ᠤᠨ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠣᠯᠤᠨ ᠺᠦᠸᠠᠢ᠍ᠢ᠍ᠲᠤᠨ ᠠᠢ᠍ᠢ᠍ᠮᠢᠷ ᠨᠠᠸᠠᠹ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ ᠵᠢ ᠪᠡᠯᠭᠡᠯᠡᠪᠡ᠃
ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠳᠤᠮᠳᠠᠳᠤ ᠺᠦᠸᠠᠢ᠍ᠢ᠍ᠲ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ ᠬᠠᠭ᠋ᠠᠰ ᠵᠠᠭᠤᠨ᠎ᠤ ᠲᠤᠷᠰᠢ᠂ ᠬᠣᠶᠠᠷ ᠤᠯᠤᠰ᠎ᠤᠨ ᠤᠯᠠᠮᠵᠢᠯᠠᠯᠲᠤ ᠨᠥᠬᠥᠷᠯᠡᠯ ᠶᠠᠪᠤᠬᠤ ᠲᠤᠳᠤᠮ ᠪᠡᠬᠢᠵᠢᠪᠡ᠃ ᠤᠢ᠍ᠢ᠍ᠷ᠎ᠠ ᠵᠢᠨ ᠵᠢᠯ᠎ᠠᠴᠠ᠂ ᠬᠣᠶᠠᠷ ᠤᠯᠤᠰ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠵᠤ᠂ ᠤᠯᠤᠰ ᠲᠦᠷᠦ ᠵᠢᠨ ᠢᠲᠡᠭᠡᠯᠴᠡᠭᠡ ᠡᠳᠦᠷ ᠢᠷᠡᠬᠦᠶ᠎ᠡ ᠭᠦᠨᠵᠡᠭᠡᠶ᠋ᠢᠷᠡᠵᠦ᠂ ᠡᠯ᠎ᠡ ᠬᠦᠷᠢᠶᠡᠨ᠎ᠤ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠲᠤᠰ ᠲᠤᠰ᠎ᠤᠨ ᠭᠣᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠣᠶ᠋ᠢᠯᠠᠭ᠋ᠠᠯᠴᠠᠵᠤ᠂ ᠬᠠᠷᠢᠯᠴᠠᠨ ᠲᠡᠮᠵᠢᠵᠤ᠂ ᠳᠡᠯᠡᠬᠡᠢ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ ᠳᠤᠮᠳᠠ ᠨᠢᠭᠲᠠ ᠬᠠᠮᠵᠢᠯᠴᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ ᠡᠭᠦᠰᠦᠭᠰᠡᠨ᠎ᠤ ᠳᠠᠷᠠᠭ᠎ᠠ᠂ ᠬᠣᠶᠠᠷ ᠲᠠᠯ᠎ᠠ᠎ᠪᠠᠷ ᠵᠶ᠋ᠠᠨ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠬᠢᠵᠢᠭ᠎ᠲᠠᠢ ᠬᠠᠮᠲᠤ᠎ᠪᠠᠷ ᠲᠡᠮᠡᠴᠡᠵᠦ᠂ ᠳᠤᠮᠳᠠᠳᠤ ᠺᠦᠸᠠᠢ᠍ᠢ᠍ᠲᠤᠨ ᠬᠠᠷᠢᠯᠴᠠᠭ᠎ᠠ ᠵᠢᠨ ᠥᠨᠳᠥᠷ ᠲᠦᠪᠰᠢᠨ᠎ᠢ ᠢᠯᠡᠷᠡᠭᠦᠯᠪᠡ᠃ ᠪᠢ ᠳᠤᠮᠳᠠᠳᠤ ᠺᠦᠸᠠᠢ᠍ᠢ᠍ᠲᠤᠨ ᠬᠠᠷᠢᠯᠴᠠᠭ᠎ᠠ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠠᠢ᠍ᠢ᠍ᠮᠢᠷ ᠨᠠᠸᠠᠹᠲᠠᠢ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠬᠣᠶᠠᠷ ᠤᠯᠤᠰ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠣᠶ᠎ᠪᠠᠷ ᠠᠵᠠ ᠲᠣᠬᠢᠶᠠᠯ ᠪᠣᠯᠭ᠋ᠠᠵᠤ᠂ ᠤᠯᠠᠮᠵᠢᠯᠠᠯᠲᠤ ᠨᠥᠬᠥᠷᠯᠡᠯ ᠵᠶ᠋ᠠᠨ ᠪᠠᠳᠠᠷᠠᠭᠤᠯᠤᠨ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠪᠣᠷᠣ ᠲᠥᠯᠥᠪ᠎ᠤᠨ ᠳᠣᠲᠣᠷ᠎ᠠ ᠡᠯ᠎ᠡ ᠬᠦᠷᠢᠶᠡᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠦᠶᠯᠡᠳᠦᠨᠡ ᠭᠡᠵᠦ ᠵᠢᠭ᠋ᠠᠵᠤ ᠭᠠᠷᠭ᠋ᠠᠪᠠ᠃
ᠨᠠᠸᠠᠹ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠺᠦᠸᠠᠢ᠍ᠢ᠍ᠲ ᠳᠤᠮᠳᠠᠳᠤ ᠬᠣᠶᠠᠷ ᠤᠯᠤᠰ᠎ᠤᠨ ᠬᠠᠷᠢᠯᠴᠠᠭ᠎ᠠ ᠪᠠᠲᠤ ᠪᠠᠬᠢ ᠪᠥᠭᠡᠳ ᠲᠠᠰᠤᠷᠠᠯᠲᠠ ᠥᠬᠡᠶ ᠬᠥᠭᠵᠢᠨ ᠭᠦᠨᠵᠡᠭᠡᠶ᠋ᠢᠷᠡᠵᠤ ᠪᠠᠢ᠍ᠢ᠍ᠨ᠎ᠠ᠃ ᠬᠣᠶᠠᠷ ᠲᠠᠯ᠎ᠠ᠎ᠪᠠᠷ ᠵᠶ᠋ᠠᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠪᠣᠷᠣ ᠲᠥᠯᠥᠪ᠎ᠤᠨ ᠳᠣᠲᠣᠷ᠎ᠠ ᠠᠯᠢ ᠤᠯᠠᠨ ᠴᠢᠬᠤᠯᠠ ᠶᠡᠬᠡ ᠲᠦᠷᠦᠯ ᠵᠦᠢ᠍ᠯ᠎ᠳᠤ ᠬᠠᠮᠲᠤᠷᠠᠯᠴᠠᠭ᠎ᠠ ᠥᠷᠨᠢᠭᠦᠯᠵᠦ᠂ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠠᠯ᠎ᠠ᠎ᠪᠠᠷ ᠴᠤ᠌ ᠤᠯᠤᠯᠴᠠᠭ᠎ᠠ ᠵᠣᠬᠢᠴᠠᠭᠤᠯᠭ᠎ᠠ᠎ᠪᠠᠨ ᠪᠠᠲᠤᠯᠠᠵᠤ᠂ ᠳᠡᠯᠡᠬᠡᠢ ᠵᠢᠨ ᠡᠩᠬᠡ ᠲᠠᠶ᠋ᠢᠪᠤᠩ ᠬᠢᠭᠡᠳ ᠠᠮᠤᠷ ᠲᠦᠪᠰᠢᠨ᠎ᠢ ᠬᠠᠮᠲᠤ᠎ᠪᠠᠷ ᠬᠠᠮᠠᠭ᠋ᠠᠯᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠤᠨ ᠡᠮᠦᠨ᠎ᠡ᠂ ᠬᠣᠶᠠᠷ ᠤᠯᠤᠰ ᠵᠶ᠋ᠠᠷ ᠵᠶ᠋ᠠᠨ ᠢᠳᠡᠪᠬᠢᠲᠡᠢ ᠵᠣᠬᠢᠴᠠᠭᠤᠯᠵᠤ ᠨᠢᠭᠲᠠ ᠬᠠᠮᠲᠤᠷᠠᠨ ᠠᠵᠢᠯᠯᠠᠵᠠᠢ᠃ ᠪᠢ ᠬᠣᠶᠠᠷ ᠲᠠᠯ᠎ᠠ ᠵᠢᠨ ᠬᠠᠷᠢᠯᠴᠠᠭ᠎ᠠ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠡᠯ᠎ᠡ ᠬᠦᠷᠢᠶᠡᠨ᠎ᠤ ᠬᠠᠮᠲᠤᠷᠠᠯᠴᠠᠭ᠎ᠠ᠎ᠪᠠᠨ ᠳᠡᠰ ᠳᠡᠪᠰᠢᠭᠦᠯᠦᠨ ᠥᠷᠭᠡᠳᠬᠡᠬᠦ ᠵᠢ ᠬᠦᠰᠡᠵᠦ ᠪᠠᠶ᠋ᠢᠨ᠎ᠠ ᠭᠡᠵᠦ ᠢᠯᠡᠳᠭᠡᠪᠡ᠃
ᠲᠤᠰ ᠡᠳᠦᠷ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ ᠪᠣᠯᠤᠨ ᠺᠦᠸᠠᠢ᠍ᠢ᠍ᠲᠤᠨ ᠲᠡᠷᠢᠭᠦᠨ ᠰᠠᠶ᠋ᠢᠳ ᠰᠠᠪᠠᠾᠸ ᠴᠤ᠌ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ᠃ ᠯᠢ ᠺᠸ ᠴᠢᠶᠠᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠳᠤᠮᠳᠠᠳᠤ ᠺᠦᠸᠠᠢ᠍ᠢ᠍ᠲ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠲᠤᠷᠰᠢ᠂ ᠬᠣᠶᠠᠷ ᠲᠠᠯ᠎ᠠ ᠵᠢᠨ ᠬᠠᠷᠢᠯᠴᠠᠭ᠎ᠠ ᠤᠷᠤᠭᠰᠢᠲᠠᠢ ᠬᠥᠭᠵᠢᠵᠦ᠂ ᠤᠯᠤᠰ ᠲᠦᠷᠦ ᠵᠢᠨ ᠢᠲᠡᠭᠡᠯᠴᠡᠭᠡ ᠡᠳᠦᠷ ᠢᠷᠡᠬᠦᠶ᠎ᠡ ᠪᠡᠬᠢᠵᠢᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠬᠠᠮᠲᠤᠷᠠᠯᠴᠠᠭ᠎ᠠ ᠲᠣᠭᠲᠠᠭᠤᠨ ᠵᠶ᠋ᠠᠷ ᠠᠬᠢᠵᠤ᠂ ᠡᠨᠧᠷᠭᠢ᠂ ᠰᠠᠭᠤᠷᠢ ᠲᠥᠬᠥᠭᠡᠷᠦᠮᠵᠢ᠂ ᠮᠥᠩᠭᠥᠨ ᠭᠦᠢ᠍ᠯᠭᠡᠭᠡᠨ᠂ ᠰᠣᠶᠣᠯ ᠢᠷᠭᠡᠨᠰᠢᠯ ᠵᠡᠷᠭᠡ ᠬᠦᠷᠢᠶᠡᠨ᠎ᠤ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠤ ᠣᠶ᠋ᠢᠯᠠᠭ᠋ᠠᠯᠴᠠᠭ᠎ᠠ ᠪᠠ ᠨᠥᠬᠥᠷᠯᠡᠯ ᠲᠠᠰᠤᠷᠠᠯᠳᠠ ᠦᠭᠡᠢ ᠭᠦᠨᠵᠡᠭᠡᠶ᠋ᠢᠷᠡᠪᠡ᠃ ᠳᠤᠮᠳᠠᠳᠤ ᠤᠯᠤᠰ ᠳᠤᠷᠠᠲᠠᠶ᠎ᠠ ᠺᠦᠸᠠᠢ᠍ᠢ᠍ᠲᠤᠨᠬᠢᠨᠲᠠᠢ ᠬᠠᠮᠲᠤ᠎ᠪᠠᠷ ᠳᠤᠮᠳᠠᠳᠤ ᠺᠦᠸᠠᠢ᠍ᠢ᠍ᠲᠤᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ ᠨᠡᠩ ᠶᠡᠬᠡ ᠬᠥᠭᠵᠢᠯᠲᠡ᠎ᠲᠠᠢ ᠪᠣᠯᠬᠤ ᠵᠢ ᠠᠬᠢᠭᠤᠯᠤᠨ᠎ᠠ ᠭᠡᠵᠤ ᠢᠯᠡᠳᠭᠡᠪᠡ᠃
ᠰᠠᠪᠠᠾᠧ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠺᠦᠸᠠᠢ᠍ᠢ᠍ᠲ ᠳᠤᠮᠳᠠᠳᠤ ᠬᠣᠶᠠᠷ ᠤᠯᠤᠰ᠎ᠤᠨ ᠨᠥᠬᠥᠷᠰᠡᠭ ᠬᠠᠷᠢᠯᠴᠠᠭ᠎ᠠ ᠪᠠᠲᠤ ᠪᠠᠬᠢ᠂ ᠨᠢᠭᠲᠠ ᠴᠢᠩᠭ᠎ᠠ ᠪᠠᠢ᠍ᠢ᠍ᠵᠤ᠂ ᠬᠠᠮᠲᠤᠷᠠᠯᠴᠠᠭ᠋ᠠᠨ᠎ᠤ ᠦᠷ᠎ᠡ ᠪᠦᠲᠦᠭᠡᠯ ᠡᠯᠪᠡᠭ ᠪᠠᠶᠠᠯᠢᠭ ᠪᠢᠯᠡ᠃ ᠺᠦᠸᠠᠢ᠍ᠢ᠍ᠲᠤᠨ ᠲᠠᠯ᠎ᠠ ᠺᠦᠸᠠᠢ᠍ᠢ᠍ᠲ ᠳᠤᠮᠳᠠᠳᠤ ᠵᠢᠨ ᠨᠥᠬᠥᠷᠰᠡᠭ ᠬᠠᠷᠢᠯᠴᠠᠭ᠎ᠠ ᠵᠢ ᠳᠡᠭᠡᠳᠦ ᠬᠡᠮᠵᠢ᠊ ᠢ᠎ᠡ᠎ᠪᠠᠷ ᠴᠢᠬᠤᠯᠠᠴᠢᠯᠠᠵᠤ᠂ ᠳᠤᠮᠳᠠᠳᠤ ᠤᠯᠤᠰ᠎ᠲᠠᠢ ᠬᠠᠮᠳᠤ᠎ᠪᠠᠷ ᠬᠣᠶᠠᠷ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠷᠢᠯᠴᠠᠭ᠋ᠠᠨ᠎ᠤ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠥᠬᠥᠷᠰᠡᠭ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠪᠡᠶᠡᠯᠡᠭᠦᠯᠬᠦ ᠵᠢ ᠬᠦᠰᠡᠵᠦ ᠪᠠᠶ᠋ᠢᠨ᠎ᠠ ᠭᠡᠵᠤ ᠢᠯᠡᠳᠭᠡᠵᠠᠢ᠃