ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠬᠣᠷᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ  ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ ᠬᠡᠷᠡᠭᠯᠡᠭᠡᠨ᠎ᠤ ᠤᠳᠤᠷᠢᠳᠤᠮᠵᠢ ᠵᠢ ᠲᠣᠪᠣᠶ᠋ᠢᠯᠭ᠋ᠠᠵᠤ ᠵᠣᠬᠢᠶᠠᠮᠠᠯ ᠣᠶᠤᠨ ᠴᠢᠳᠠᠪᠤᠷᠢ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2025-04-28

 
  ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 26᠎ᠤ ᠴᠠᠬᠢᠯᠭ᠋ᠠᠨ ᠮᠡᠳᠡᠭᠡ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 4 ᠰᠠᠷ᠎ᠠ ᠵᠢᠨ 25᠎ᠤ ᠦᠳᠡ ᠵᠢᠨ ᠬᠣᠢ᠌ᠨ᠎ᠠ ᠵᠣᠬᠢᠶᠠᠮᠠᠯ ᠣᠶᠤᠨ ᠴᠢᠳᠠᠪᠤᠷᠢ ᠵᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠬᠣᠷᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ ᠰᠢᠨ᠎ᠡ ᠨᠢᠭᠡ ᠦᠶ᠎ᠡ ᠵᠢᠨ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ᠎ᠤᠨ ᠲᠦᠷᠭᠡᠨ ᠬᠤᠪᠢᠰᠤᠯᠲᠠ ᠵᠢᠨ ᠰᠢᠨ᠎ᠡ ᠪᠠᠢ᠌ᠳᠠᠯ᠎ᠤᠨ ᠡᠮᠦᠨ᠎ᠡ᠂ ᠰᠢᠨ᠎ᠡ ᠬᠡᠯᠪᠡᠷᠢ ᠵᠢᠨ ᠤᠯᠤᠰ ᠳᠠᠶᠠᠭ᠋ᠠᠷ᠎ᠤᠨ ᠪᠠᠢ᠌ᠭᠤᠯᠤᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠬᠡᠷᠡᠭᠯᠡᠭᠡᠨ᠎ᠤ ᠤᠳᠤᠷᠢᠳᠤᠮᠵᠢ ᠵᠢ ᠳᠣᠪᠣᠶ᠋ᠢᠯᠭ᠋ᠠᠵᠤ᠂ ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ ᠵᠢᠨ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠢ᠌ᠰᠢ ᠡᠷᠡᠭᠦᠯ ᠪᠥᠭᠡᠳ ᠡᠮᠬᠢ ᠳᠢᠭᠯᠢᠮ᠎ᠲᠠᠢ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
   ᠰᠢ ᠠᠨ᠎ᠤ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠫᠷᠣᠹᠧᠰᠰᠣᠷ ᠵᠧᠩ ᠨᠠᠨ ᠨᠢᠩ ᠨᠥᠬᠥᠷ ᠡᠨᠡ ᠠᠰᠠᠭᠤᠳᠠᠯ᠎ᠤᠨ ᠲᠤᠬᠠᠢ ᠲᠠᠢ᠌ᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠨᠥᠬᠥᠳ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃
   ᠰᠢ ᠵᠢᠨ ᠫᠢᠩ ᠲᠠᠢ᠌ᠯᠤᠮᠵᠢ ᠪᠠ ᠶᠠᠷᠢᠯᠴᠠᠭ᠎ᠠ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ᠎ᠨᠢ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ ᠵᠢ ᠬᠥᠲᠥᠯᠥᠨ ᠳᠠᠭ᠋ᠠᠭᠤᠯᠬᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠮᠡᠷᠭᠡᠵᠢᠯ ᠪᠣᠯᠤᠭᠰᠠᠨ᠎ᠤ ᠬᠤᠪᠢ᠎ᠳᠤ᠂ ᠬᠥᠮᠥᠨ ᠲᠥᠷᠥᠯᠬᠢᠲᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠭᠦᠨᠵᠡᠭᠡᠢ ᠬᠤᠪᠢᠷᠠᠭᠤᠯᠪᠠ᠃ ᠨᠠᠮ᠎ᠤᠨ ᠲᠥᠪ ᠬᠣᠷᠢᠶ᠎ᠠ ᠵᠣᠬᠢᠶᠠᠮᠠᠯ ᠣᠶᠤᠨ ᠴᠢᠳᠠᠪᠤᠷᠢ ᠵᠢ ᠬᠥᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠢ᠌ᠷ᠎ᠠ ᠵᠢᠨ ᠵᠢᠯ᠎ᠳᠤ ᠦᠵᠦ ᠲᠥᠯᠥᠪᠯᠡᠭᠡ ᠵᠢ ᠲᠡᠭᠦᠯᠳᠡᠷᠵᠢᠭᠦᠯᠦᠨ᠂ ᠠᠵᠢᠯ᠎ᠤᠨ ᠪᠠᠢ᠌ᠷᠢᠯᠠᠭᠤᠯᠤᠯᠲᠠ ᠵᠢ ᠴᠢᠩᠭ᠋ᠠᠳᠬᠠᠵᠤ᠂ ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ᠎ᠤ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠳᠡᠭᠡᠭᠰᠢᠯᠡᠬᠦ ᠵᠢ ᠠᠬᠢᠭᠤᠯᠪᠠ᠃ ᠡᠭᠦᠨ᠎ᠤ ᠬᠠᠮᠲᠤ ᠰᠠᠭᠤᠷᠢ ᠣᠨᠣᠯ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ ᠵᠡᠷᠭᠡ ᠲᠠᠯ᠎ᠠ᠎ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠢ᠌ᠨ᠎ᠠ᠃ ᠵᠥᠷᠢᠶ᠎ᠡ᠎ᠳᠤ ᠵᠥᠪ ᠵᠶ᠋ᠡᠷ ᠬᠠᠨᠳᠤᠵᠤ᠂ ᠨᠡᠩ ᠢᠯᠡᠭᠦᠦ ᠴᠢᠷᠮᠠᠢ᠌ᠵᠤ᠂ ᠵᠣᠬᠢᠶᠠᠮᠠᠯ ᠣᠶᠤᠨ ᠴᠢᠳᠠᠪᠤᠷᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠤ ᠦᠢ᠍ᠯᠡᠰ᠎ᠢ ᠬᠥᠭᠵᠢᠭᠦᠯᠬᠦ ᠪᠠ ᠡᠨᠧᠷᠭᠢ ᠣᠯᠭᠣᠨ ᠬᠡᠷᠡᠭᠯᠡᠬᠦ ᠵᠢ ᠪᠦᠬᠦ ᠲᠠᠯ᠎ᠠ᠎ᠪᠠᠷ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠵᠢᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠵᠢᠨ ᠬᠥᠭᠵᠢᠯᠲᠡ ᠪᠠ ᠵᠠᠰᠠᠯᠲᠠ ᠵᠢᠨ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
   ᠰᠢ ᠵᠢᠨ ᠫᠢᠩ᠂ ᠵᠣᠬᠢᠶᠠᠮᠠᠯ ᠣᠶᠤᠨ ᠴᠢᠳᠠᠪᠤᠷᠢ ᠵᠢᠨ ᠬᠦᠷᠢᠶᠡᠨ᠎ᠳᠤ ᠲᠡᠷᠢᠭᠦᠨ ᠠᠵᠠ ᠲᠣᠬᠢᠶᠠᠯ᠎ᠢ ᠡᠵᠡᠮᠳᠡᠵᠦ᠂ ᠳᠠᠪᠠᠭᠤᠯᠢᠭ ᠪᠠᠢ᠌ᠷᠢ ᠵᠢ ᠡᠵᠡᠯᠡᠬᠦ᠎ᠳᠤ ᠡᠷᠬᠡᠪᠰᠢ ᠰᠠᠭᠤᠷᠢ ᠣᠨᠣᠯ᠂ ᠠᠷᠭ᠎ᠠ᠂ ᠪᠠᠭ᠋ᠠᠵᠢ ᠵᠡᠷᠭᠡ ᠲᠠᠯ᠎ᠠ᠎ᠪᠠᠷ ᠰᠢᠪᠲᠤᠯᠤᠯᠲᠠ ᠭᠠᠷᠭ᠋ᠠᠬᠤ ᠬᠡᠷᠡᠭᠲᠡᠢ᠃ ᠰᠠᠭᠤᠷᠢ ᠰᠤᠳᠤᠯᠭ᠋ᠠᠨ᠎ᠢ ᠦᠷᠭᠦᠯᠵᠢᠯᠡᠨ ᠴᠢᠩᠭ᠋ᠠᠳᠬᠠᠵᠤ᠂ ᠬᠦᠴᠦᠨ ᠵᠶ᠋ᠡᠨ ᠲᠥᠪᠯᠡᠷᠡᠭᠦᠯᠦᠨ ᠳᠡᠭᠡᠳᠦ ᠳᠡᠰ᠎ᠤᠨ ᠴᠢᠫ᠂ ᠰᠠᠭᠤᠷᠢ ᠵᠥᠭᠡᠯᠡᠨ ᠲᠣᠨᠣᠭ ᠵᠡᠷᠭᠡ ᠭᠣᠣᠯᠯᠠᠬᠤ ᠮᠡᠷᠭᠡᠵᠢᠯ᠎ᠤᠨ ᠪᠣᠭᠣᠮᠲᠠ ᠵᠢ ᠰᠢᠪᠲᠤᠯᠵᠤ᠂ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠣᠶᠤᠨ ᠴᠢᠳᠠᠪᠤᠷᠢ ᠵᠢᠨ ᠰᠠᠭᠤᠷᠢ ᠵᠥᠭᠡᠯᠡᠨ ᠬᠠᠲᠠᠭᠤ ᠲᠣᠨᠤᠭ᠎ᠤᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ᠎ᠪᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠪ ᠲᠣᠮᠢᠶ᠎ᠠ ᠵᠢᠨ ᠬᠤᠪᠢᠰᠤᠯᠲᠠ ᠵᠢ ᠬᠥᠲᠥᠯᠥᠨ ᠳᠠᠭ᠋ᠠᠭᠤᠯᠵᠤ᠂ ᠡᠯ᠎ᠡ ᠬᠦᠷᠢᠶᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠪᠲᠤᠯᠤᠯᠲᠠ ᠵᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
   ᠰᠢ ᠵᠢᠨ ᠫᠢᠩ᠂ ᠮᠠᠨ᠎ᠤ ᠤᠯᠤᠰ᠎ᠤᠨ ᠳ᠋ᠠᠢ᠌ᠲ᠋ᠠ ᠵᠢᠨ ᠡᠬᠢ ᠪᠠᠶᠠᠯᠢᠭ ᠡᠯᠪᠡᠭ᠂ ᠠᠵᠤ ᠦᠢ᠍ᠯᠡᠰ᠎ᠤᠨ ᠰᠢᠰᠲ᠋ᠧᠮ ᠪᠦᠷᠢᠨ᠂ ᠬᠡᠷᠡᠭᠯᠡᠭᠡᠨ᠎ᠤ ᠪᠠᠢ᠌ᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ᠎ᠤᠨ ᠣᠷᠣᠨ ᠵᠠᠢ ᠯᠤᠲᠤ ᠶᠡᠬᠡ ᠶᠤᠮ᠃ ᠵᠣᠬᠢᠶᠠᠮᠠᠯ ᠣᠶᠣᠨ ᠴᠢᠳᠠᠪᠤᠷᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠣᠯᠣᠨ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠤ ᠠᠬᠤᠢ᠌ᠯᠠᠯ ᠵᠶ᠋ᠠᠷ ᠭᠣᠣᠯ ᠤᠳᠤᠷᠢᠳᠤᠮᠵᠢ ᠪᠣᠯᠭ᠋ᠠᠨ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ ᠬᠡᠷᠡᠭᠯᠡᠭᠡᠨ᠎ᠢ ᠵᠣᠬᠢᠴᠠᠭᠤᠯᠤᠭᠰᠠᠨ ᠰᠢᠨ᠎ᠡ ᠵᠢ ᠡᠭᠦᠳᠬᠦ ᠰᠢᠰᠲ᠋ᠧᠮ᠎ᠢ ᠪᠠᠢ᠌ᠭᠤᠯᠵᠤ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠰ ᠳᠡᠪᠰᠢᠭᠦᠯᠬᠦ᠎ᠳᠤ ᠬᠦᠴᠦᠨ ᠨᠡᠮᠡᠷᠢᠯᠡᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠵᠠᠮ᠎ᠢ ᠨᠡᠭᠡᠭᠡᠬᠦ ᠬᠡᠷᠡᠭᠲᠡᠢ᠃ ᠪᠣᠳᠣᠯᠲᠠ ᠵᠢᠨ ᠬᠦᠴᠦᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠢ᠌ᠲ᠋ᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ ᠵᠢ ᠭᠦᠨᠵᠡᠭᠡᠢ᠌ᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
   ᠰᠢ ᠵᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ᠎ᠤ ᠬᠤᠪᠢ᠎ᠳᠤ᠂ ᠵᠣᠬᠢᠶᠠᠮᠠᠯ ᠣᠶᠤᠨ ᠴᠢᠳᠠᠪᠤᠷᠢ ᠵᠢ ᠲᠥᠷᠥ ᠵᠢᠨ ᠪᠣᠳᠣᠯᠭ᠎ᠠ᠎ᠪᠠᠷ ᠳᠡᠮᠵᠢᠬᠦ᠎ᠨᠢ ᠮᠠᠰᠢ ᠴᠢᠬᠤᠯᠠ ᠶᠤᠮ᠃ ᠮᠡᠳᠡᠯᠭᠡ ᠵᠢᠨ ᠥᠮᠴᠢᠯᠡᠯ᠎ᠤᠨ ᠡᠷᠬᠡ᠂ ᠡᠳ᠋᠎ᠤᠨ ᠵᠠᠰᠠᠭ ᠭᠠᠢ᠌ᠯᠢ ᠲᠠᠲᠠᠪᠤᠷᠢ᠂ ᠵᠠᠰᠠᠭ᠎ᠤᠨ ᠣᠷᠳᠣᠨ ᠬᠤᠳᠠᠯᠳᠤᠨ ᠠᠪᠬᠤ᠂ ᠲᠥᠬᠦᠭᠡᠷᠦᠮᠵᠢ ᠵᠢ ᠴᠢᠯᠦᠭᠡᠲᠡᠢ ᠪᠣᠯᠭ᠋ᠠᠬᠤ ᠵᠡᠷᠭᠡ ᠲᠥᠷᠥ ᠵᠢᠨ ᠪᠣᠳᠣᠯᠭ᠎ᠠ ᠵᠢ ᠶᠡᠷᠦᠩᠬᠡᠢ᠌ᠯᠡᠨ ᠬᠡᠷᠡᠭᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠵᠢᠨ ᠪᠦᠬᠦ ᠰᠤᠷᠤᠯᠭ᠎ᠠ ᠵᠢᠨ ᠱᠠᠲᠤᠨ᠎ᠳᠠᠬᠢ ᠵᠢᠭ᠋ᠠᠨ ᠰᠤᠷᠭ᠋ᠠᠯᠲᠠ ᠪᠠ ᠪᠦᠬᠦ ᠨᠡᠢ᠌ᠭᠡᠮ᠎ᠤᠨ ᠶᠡᠷᠦᠩᠬᠡᠢ᠌ᠯᠡᠭᠰᠡᠨ ᠪᠣᠯᠪᠠᠰᠤᠷᠠᠯ᠎ᠤᠨ ᠵᠢᠭ᠋ᠠᠨ ᠰᠤᠷᠭ᠋ᠠᠯᠲᠠ ᠵᠢ ᠠᠬᠢᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠲᠤᠯᠠᠭ᠎ᠠ᠂ ᠠᠵᠢᠯ ᠮᠡᠷᠭᠡᠵᠢᠯ᠎ᠤᠨ ᠳᠡᠮᠵᠢᠯᠭᠡ ᠪᠠ ᠴᠢᠳᠠᠪᠤᠷᠢᠲᠠᠨ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠴᠢᠳᠠᠪᠤᠷᠢᠲᠠᠨ᠎ᠤ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ᠎ᠳᠤ ᠲᠠᠪᠴᠠᠩ ᠪᠠᠢ᠌ᠭᠤᠯᠵᠤ᠂ ᠨᠥᠬᠥᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
   ᠰᠢ ᠵᠢᠨ ᠫᠢᠩ᠂ ᠵᠣᠬᠢᠶᠠᠮᠠᠯ ᠣᠶᠤᠨ ᠴᠢᠳᠠᠪᠤᠷᠢ ᠤᠷᠢᠳ ᠡᠮᠦᠨ᠎ᠡ ᠪᠠᠢ᠌ᠭ᠎ᠠ ᠦᠭᠡᠢ ᠬᠥᠭᠵᠢᠯᠲᠡ ᠵᠢᠨ ᠠᠵᠠ ᠲᠣᠬᠢᠶᠠᠯ᠎ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠢ᠌ᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ᠎ᠢ ᠠᠪᠴᠢᠷᠠᠭᠰᠠᠨ ᠪᠠᠢ᠌ᠨ᠎ᠠ᠃ ᠵᠣᠬᠢᠶᠠᠮᠠᠯ ᠣᠶᠤᠨ ᠴᠢᠳᠠᠪᠤᠷᠢ ᠵᠢᠨ ᠬᠥᠭᠵᠢᠯᠲᠡ ᠵᠢᠨ ᠬᠠᠨᠳᠤᠰᠢ ᠪᠣᠯᠣᠨ ᠵᠢᠮ᠎ᠡ ᠶᠣᠰᠣ ᠵᠢ ᠡᠵᠡᠮᠳᠡᠵᠦ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠳᠦᠷᠢᠮ ᠲᠣᠭᠲᠠᠭ᠋ᠠᠯ᠂ ᠲᠥᠷᠥ ᠵᠢᠨ ᠪᠣᠳᠣᠯᠭ᠎ᠠ ᠪᠠᠢ᠌ᠭᠤᠯᠤᠯ᠂ ᠬᠡᠷᠡᠭᠯᠡᠭᠡᠨ᠎ᠤ ᠵᠢᠷᠤᠮᠵᠢᠯ᠂ ᠶᠣᠰᠣ ᠰᠤᠷᠲᠠᠬᠤᠨ᠎ᠤ ᠪᠠᠷᠢᠮᠵᠢᠶ᠎ᠠ ᠵᠢ ᠱᠠᠯᠠᠪᠳᠠᠨ ᠲᠣᠭᠲᠠᠭ᠋ᠠᠨ ᠲᠡᠭᠦᠯᠳᠡᠷᠵᠢᠭᠦᠯᠵᠦ᠂ ᠮᠡᠷᠭᠡᠵᠢᠯ᠎ᠤᠨ ᠬᠢᠨᠠᠨ ᠬᠡᠮᠵᠢᠬᠦ᠂ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠢᠰᠲ᠋ᠧᠮ᠎ᠢ ᠪᠠᠢ᠌ᠭᠤᠯᠵᠤ᠂ ᠵᠣᠬᠢᠶᠠᠮᠠᠯ ᠣᠶᠤᠨ ᠴᠢᠳᠠᠪᠤᠷᠢ ᠵᠢᠨ ᠠᠮᠤᠷ ᠲᠦᠪᠰᠢᠨ᠂ ᠨᠠᠢ᠌ᠳᠠᠪᠤᠷᠢᠲᠠᠢ᠂ ᠡᠵᠡᠮᠳᠡᠵᠦ ᠳᠡᠶ᠋ᠢᠯᠬᠦ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
   ᠰᠢ ᠵᠢᠨ ᠫᠢᠩ᠂ ᠵᠣᠬᠢᠶᠠᠮᠠᠯ ᠣᠶᠤᠨ ᠴᠢᠳᠠᠪᠤᠷᠢ ᠬᠥᠮᠥᠨ ᠲᠥᠷᠥᠯᠬᠢᠲᠡᠨ᠎ᠳᠤ ᠪᠤᠶᠠᠨ ᠦᠢ᠍ᠯᠡᠳᠬᠦ ᠣᠯᠠᠨ ᠤᠯᠤᠰ᠎ᠤᠨ ᠣᠯᠠᠨ ᠨᠡᠶ᠋ᠢᠲᠡ ᠵᠢᠨ ᠦᠢ᠍ᠯᠡᠳᠬᠦᠨ ᠪᠣᠯᠵᠤ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠥᠷᠭᠡᠨ ᠵᠶ᠋ᠡᠷ ᠥᠷᠨᠢᠭᠦᠯᠵᠦ᠂ ᠪᠦᠬᠦ ᠪᠥᠮᠪᠥᠷᠴᠡᠭ᠎ᠤᠨ ᠬᠥᠭᠵᠢᠵᠦ ᠪᠠᠢ᠌ᠭ᠎ᠠ ᠤᠯᠤᠰ᠎ᠤᠳ᠎ᠢ ᠬᠠᠪᠰᠤᠷᠤᠨ ᠮᠡᠷᠭᠡᠵᠢᠯ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠦᠬᠦ ᠪᠥᠮᠪᠥᠷᠴᠡᠭ᠎ᠤᠨ ᠣᠶᠤᠨᠲᠤ ᠬᠡᠷᠡᠭᠯᠡᠭᠡᠨ᠎ᠤ ᠵᠠᠪᠰᠠᠷ ᠵᠠᠭ᠋ᠠᠭ᠎ᠢ ᠨᠥᠬᠥᠪᠦᠷᠢᠯᠡᠬᠦ᠎ᠳᠤ ᠳᠤᠮᠳᠠᠳᠤ ᠤᠯᠤᠰ᠎ᠤᠨ ᠬᠤᠪᠢ ᠨᠡᠮᠡᠷᠢ ᠵᠢ ᠦᠵᠡᠭᠦᠯᠬᠦ ᠬᠡᠷᠡᠭᠲᠡᠢ᠃ ᠡᠯ᠎ᠡ ᠲᠠᠯ᠎ᠠ ᠵᠢᠨ᠎ᠬᠢᠨ᠎ᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ ᠵᠠᠰᠠᠯᠲᠠ ᠵᠢᠨ ᠳᠦᠷᠢᠮ᠂ ᠮᠡᠷᠭᠡᠵᠢᠯ᠎ᠤᠨ ᠪᠠᠷᠢᠮᠵᠢᠶ᠎ᠠ᠎ᠪᠠᠨ ᠵᠣᠯᠭ᠋ᠠᠭᠤᠯᠤᠨ ᠵᠣᠬᠢᠴᠠᠭᠤᠯᠬᠤ ᠵᠢ ᠠᠬᠢᠭᠤᠯᠵᠤ᠂ ᠥᠷᠭᠡᠨ ᠳᠡᠯᠭᠡᠷ ᠬᠠᠮᠲᠤ ᠵᠢᠨ ᠲᠠᠨᠢᠯᠲᠠ᠎ᠲᠠᠢ ᠪᠦᠬᠦ ᠪᠥᠮᠪᠥᠷᠴᠡᠭ᠎ᠤᠨ ᠵᠠᠰᠠᠯᠲᠠ ᠵᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ᠎ᠢ ᠡᠷᠲᠡᠬᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠺᠠᠮᠪᠤᠵᠠ ᠵᠢᠨ ᠵᠠᠭᠤᠴᠢᠯᠠᠭᠤᠷ᠎ᠲᠤ ᠨᠡᠷ᠎ᠡ ᠬᠠᠲᠠᠭᠰᠠᠨ ᠵᠣᠬᠢᠶᠠᠯ ᠨᠡᠢ᠌ᠲᠡᠯᠡᠪᠡ
ᠣᠯᠠᠨ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠬᠤ ᠦᠶ᠎ᠡ ᠵᠢᠨ ᠶᠠᠷᠢᠶ᠎ᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠤᠯᠤᠰ᠎ᠤᠨ ᠲᠡᠷᠢᠭᠦᠯᠡᠭᠴᠢ ᠰᠢ ᠵᠢᠨ ᠫᠢᠩ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠤᠯᠤᠰ᠎ᠤᠨ ᠲᠡᠷᠢᠭᠦᠯᠡᠭᠴᠢ ᠲᠦᠩᠯᠥ᠋ᠨ᠎ᠳᠤ ᠭᠠᠰᠢᠭᠤᠳᠠᠯ᠎ᠤᠨ ᠴᠠᠭᠢᠯᠭ᠋ᠠᠨ ᠴᠢᠮᠡᠭᠡ ᠶᠠᠪᠤᠭᠤᠯᠪᠠ
ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ
ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
 
            
Baidu
map