ᠰᠢᠨᠬᠤᠸᠠ ᠬᠣᠷᠢᠶ᠎ᠠ ᠵᠢᠨ ᠫᠨᠤᠮ ᠪᠧᠩ᠎ᠤᠨ 4 ᠰᠠᠷ᠎ᠠ ᠵᠢᠨ 17᠎ᠤ ᠴᠠᠭᠢᠯᠭ᠋ᠠᠨ ᠮᠡᠳᠡᠭᠡ 4 ᠰᠠᠷ᠎ᠠ ᠵᠢᠨ 17᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠫᠨᠤᠮ ᠪᠧᠩ᠎ᠳᠤ ᠬᠦᠷᠴᠦ ᠺᠠᠮᠪᠤᠵᠠ᠎ᠳᠤ ᠲᠥᠷᠥ ᠵᠢᠨ ᠶᠠᠪᠤᠳᠠᠯ᠎ᠤᠨ ᠠᠢ᠌ᠯᠴᠢᠯᠠᠯᠲᠠ ᠬᠢᠬᠦ ᠲᠠᠰᠢᠷᠠᠮ ᠵᠶ᠋ᠠᠷ ᠺᠠᠮᠪᠤᠵᠠ ᠵᠢᠨ 《ᠺᠮᠧᠷ᠎ᠤᠨ ᠴᠠᠭ ᠰᠣᠨᠢᠨ》᠂ 《ᠺᠠᠮᠪᠤᠵᠠ ᠳᠤᠮᠳᠠᠳᠤ ᠵᠢᠨ ᠡᠳᠦᠷ᠎ᠤᠨ ᠰᠣᠨᠢᠨ》 ᠪᠣᠯᠣᠨ ᠺᠠᠮᠪᠤᠵᠠ ᠵᠢᠨ 《ᠰᠢᠨ᠎ᠡ ᠰᠡᠪᠡᠭᠦᠨ ᠰᠣᠨᠢᠨ ᠮᠡᠳᠡᠭᠡ》 ᠰᠦᠯᠵᠢᠶ᠎ᠡ᠎ᠳᠤ 《ᠥᠭᠡᠳᠡ ᠥᠭᠡᠳᠡ᠎ᠠᠴᠠ᠎ᠪᠠᠨ ᠲᠡᠮᠡᠦᠯᠵᠦ᠂ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ ᠴᠠᠭ ᠦᠶ᠎ᠡ ᠵᠢᠨ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠲᠣᠭᠲᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠤᠶ᠎ᠠ》 ᠭᠡᠬᠦ ᠭᠠᠷᠴᠠᠭ᠎ᠲᠠᠢ ᠨᠡᠷ᠎ᠡ ᠬᠠᠲᠠᠭᠰᠠᠨ ᠵᠣᠬᠢᠶᠠᠯ ᠨᠡᠢ᠌ᠲᠡᠯᠡᠪᠡ᠃ ᠵᠣᠬᠢᠶᠠᠯ᠎ᠤᠨ ᠪᠦᠭᠦ ᠠᠭᠤᠯᠭ᠎ᠠ᠎ᠨᠢ ᠳᠣᠣᠷᠠᠬᠢ ᠮᠡᠲᠦ᠄
ᠥᠭᠡᠳᠡ ᠥᠭᠡᠳᠡ᠎ᠠᠴᠠ᠎ᠪᠠᠨ ᠲᠡᠮᠡᠦᠯᠵᠦ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ ᠴᠠᠭ ᠦᠶ᠎ᠡ ᠵᠢᠨ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠲᠣᠭᠲᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠤᠶ᠎ᠠ
ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ
ᠺᠠᠮᠪᠤᠵᠠ ᠵᠢᠨ ᠤᠯᠠᠮᠵᠢᠯᠠᠯᠲᠤ ᠰᠢᠨ᠎ᠡ ᠵᠢᠯ ᠬᠦᠷᠴᠦ ᠢᠷᠡᠬᠦ ᠲᠠᠰᠢᠷᠠᠮ ᠵᠶ᠋ᠠᠷ ᠤᠷᠢᠯᠭ᠎ᠠ᠎ᠪᠠᠷ ᠰᠠᠢ᠌ᠨ ᠨᠠᠢ᠌ᠵᠠ ᠵᠢᠨᠳᠠᠭᠠᠨ ᠠᠢ᠌ᠯᠴᠢᠯᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠂ ᠠᠬ᠎ᠠ ᠳᠡᠭᠦᠦ ᠺᠠᠮᠪᠤᠵᠠ ᠵᠢᠨ ᠠᠷᠠᠳ ᠲᠦᠮᠡᠨ᠎ᠳᠤ ᠬᠠᠮᠤᠭ᠎ᠤᠨ ᠰᠠᠢ᠌ᠨ ᠰᠠᠢ᠌ᠬᠠᠨ ᠰᠢᠨ᠎ᠡ ᠵᠢᠯ᠎ᠤᠨ ᠵᠥᠩᠨᠡᠯ ᠳᠡᠪᠰᠢᠭᠦᠯᠵᠦ ᠪᠠᠢ᠌ᠨ᠎ᠠ᠃ ᠡᠨᠡ ᠪᠣᠯ ᠮᠢᠨᠤ 9 ᠵᠢᠯ᠎ᠤᠨ ᠳᠠᠷᠠᠭ᠎ᠠ ᠺᠠᠮᠪᠤᠵᠠ᠎ᠳᠤ ᠳᠠᠬᠢᠨᠲᠠ ᠠᠢ᠌ᠯᠴᠢᠯᠠᠵᠤ ᠪᠠᠢ᠌ᠭ᠎ᠠ ᠶᠠᠪᠤᠳᠠᠯ ᠪᠣᠯᠣᠨ᠎ᠠ᠃ ᠡᠨᠡ ᠤᠳᠠᠭ᠎ᠠ ᠵᠢᠨ ᠠᠢ᠌ᠯᠴᠢᠯᠠᠯᠲᠠ᠎ᠪᠠᠷ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠨᠡᠩ ᠶᠡᠬᠡ ᠠᠬᠢᠴᠠ᠎ᠲᠠᠢ ᠪᠤᠯᠬᠤ ᠵᠢ ᠬᠥᠲᠥᠯᠥᠨ ᠳᠠᠭ᠋ᠠᠭᠤᠯᠵᠤ ᠵᠢ ᠬᠦᠰᠡᠵᠦ ᠪᠠᠢ᠌ᠨ᠎ᠠ᠃
ᠡᠶᠡᠯᠳᠡᠭ ᠬᠥᠷᠰᠢ ᠵᠢᠨ ᠨᠥᠭᠦᠷᠰᠡᠭ ᠬᠠᠷᠢᠯᠴᠠᠭ᠎ᠠ ᠪᠣᠯ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠲᠡᠦᠬᠡ ᠵᠢᠨ ᠳᠡᠪᠢᠰᠬᠡᠷ ᠥᠩᠭᠡ ᠮᠥᠨ᠃ ᠳᠤᠮᠳᠠᠳᠤ ᠤᠯᠤᠰ ᠪᠣᠯᠣᠨ ᠺᠠᠮᠪᠤᠵᠠ ᠵᠢᠨ ᠭᠠᠵᠠᠷ ᠵᠦᠢ ᠵᠢᠨ ᠪᠠᠢ᠌ᠷᠢᠯᠠᠯ ᠤᠢ᠌ᠷᠠᠯᠴᠠᠭ᠎ᠠ ᠪᠠᠢ᠌ᠵᠤ᠂ ᠨᠥᠭᠦᠷᠰᠡᠭ ᠶᠠᠪᠤᠯᠴᠠᠭ᠎ᠠ ᠵᠢ 2000 ᠰᠢᠬᠠᠮ ᠵᠢᠯ᠎ᠤᠨ ᠡᠮᠦᠨ᠎ᠡ ᠭᠦᠷᠲᠡᠯ᠎ᠡ ᠮᠥᠷᠳᠡᠵᠦ ᠪᠣᠯᠣᠨ᠎ᠠ᠃ ᠳᠤᠮᠳᠠᠳᠤ ᠤᠯᠤᠰ᠎ᠤᠨ ᠲᠠᠩ ᠤᠯᠤᠰ᠎ᠤᠨ ᠦᠶ᠎ᠡ᠎ᠳᠤ ᠺᠮᠧᠷ ᠸᠠᠩ᠎ᠤᠨ ᠤᠭᠰᠠᠭ᠋ᠠᠨ᠎ᠤ ᠪᠦᠷᠢᠯᠳᠦᠭᠦᠨ ᠳᠤᠮᠳᠠᠳᠤ ᠤᠯᠤᠰ᠎ᠤᠨ ᠴᠠᠩ ᠠᠨ᠎ᠳᠤ ᠠᠢ᠌ᠯᠴᠢᠯᠠᠵᠤ᠂ 《ᠪᠢᠨ ᠬᠠᠨ》 ᠭᠡᠵᠦ ᠨᠡᠷᠡᠯᠡᠭᠳᠡᠨ ᠬᠦᠨᠳᠦᠳᠬᠡᠭᠳᠡᠪᠡ᠃ ᠲᠡᠷᠡ ᠦᠶ᠎ᠡ᠎ᠠᠴᠠ ᠡᠬᠢᠯᠡᠨ ᠬᠣᠶᠠᠷ ᠤᠯᠤᠰ ᠨᠢᠭᠲᠠ ᠶᠠᠪᠤᠯᠴᠠᠭᠰᠠᠭ᠋ᠠᠷ ᠢᠷᠡᠵᠡᠢ᠃ ᠳᠤᠮᠳᠠᠳᠤ ᠤᠯᠤᠰ᠎ᠤᠨ ᠱᠠᠭ᠋ᠠᠵᠠᠩ ᠡᠳ᠋ᠯᠡᠯ᠂ ᠰᠢᠷᠳᠡᠮᠡᠯ ᠡᠳ᠋ᠯᠡᠯ ᠲᠡᠯᠡᠶ ᠳᠡᠭᠡᠷᠡᠬᠢ ᠲᠣᠷᠭ᠋ᠠᠨ ᠵᠠᠮ ᠵᠶ᠋ᠠᠷ ᠺᠠᠮᠪᠤᠵᠠ᠎ᠳᠤ ᠬᠦᠷᠭᠡᠭᠳᠡᠵᠦ᠂ ᠺᠠᠮᠪᠤᠵᠠ ᠵᠢᠨ ᠦᠨᠦᠷᠲᠦ ᠡᠳ᠋᠂ ᠲᠣᠷᠭ᠎ᠠ ᠵᠢᠨ ᠲᠦᠭᠦᠬᠡᠢ ᠮᠠᠲᠸᠷᠢᠶᠠᠯ ᠵᠡᠷᠭᠡ ᠣᠨᠴᠠ ᠭᠠᠷᠤᠯᠲᠠ ᠳᠤᠮᠳᠠᠳᠤ ᠤᠯᠤᠰ᠎ᠤᠨ ᠠᠷᠠᠳ ᠲᠦᠮᠡᠨ᠎ᠤ ᠪᠠᠬᠠᠷᠬᠠᠯ᠎ᠢ ᠶᠡᠬᠡᠳᠡ ᠣᠯᠵᠤ᠂ ᠪᠠᠶ᠎ᠤᠨ ᠰᠦᠮ᠎ᠡ ᠵᠢᠨ ᠭᠦᠳᠦᠭᠦᠷ ᠱᠤᠭᠤᠮᠠᠯ᠎ᠨᠢ ᠲᠡᠦᠬᠡᠨ ᠳᠡᠭᠡᠷᠡᠬᠢ ᠬᠣᠶᠠᠷ ᠤᠯᠤᠰ᠎ᠤᠨ ᠠᠷᠠᠯᠵᠢᠶᠠᠨ᠎ᠤ ᠦᠪᠡᠳᠡᠭᠰᠢ ᠪᠠᠢ᠌ᠳᠠᠯ᠎ᠢ ᠠᠮᠢᠯᠠᠭᠤᠯᠤᠨ ᠢᠯᠡᠷᠡᠭᠦᠯᠪᠡ᠃ ᠺᠠᠮᠪᠤᠵᠠ ᠵᠢᠨ ᠣᠯᠠᠨ ᠬᠤᠲᠤᠭᠲᠤ ᠯᠠᠮᠠ ᠳᠤᠮᠳᠠᠳᠤ ᠤᠯᠤᠰ᠎ᠲᠤ ᠬᠦᠷᠴᠦ ᠨᠣᠮ ᠤᠯᠠᠮᠵᠢᠯᠠᠨ ᠱᠠᠰᠢᠨ ᠳᠡᠯᠭᠡᠷᠡᠭᠦᠯᠵᠦ᠂ ᠳᠤᠮᠳᠠᠳᠤ ᠤᠯᠤᠰ᠎ᠤᠨ ᠶᠤᠸᠠᠨ ᠤᠯᠤᠰ᠎ᠤᠨ ᠵᠧᠦ ᠳ᠋ᠡ ᠭᠤᠸᠠᠨᠤ ᠵᠣᠬᠢᠶᠠᠭᠰᠠᠨ 《ᠺᠮᠧᠷ᠎ᠤᠨ ᠨᠤᠲᠤᠭ ᠤᠰᠤᠨ᠎ᠤ ᠲᠡᠮᠳᠡᠭᠯᠡᠯ》᠎ᠨᠢ ᠺᠠᠮᠪᠤᠵᠠ ᠵᠢᠨ ᠲᠡᠦᠬᠡ ᠵᠢ ᠰᠤᠳᠤᠯᠬᠤ ᠴᠢᠬᠤᠯᠠ ᠲᠤᠯᠭᠤᠷ ᠪᠢᠴᠢᠭ ᠪᠣᠯᠤᠭᠰᠠᠨ ᠪᠠᠢ᠌ᠨ᠎ᠠ᠃ ᠠᠭᠤᠤ ᠶᠡᠬᠡ ᠳᠤᠮᠳᠠᠳᠤ ᠵᠢᠨ ᠪᠣᠯᠪᠠᠰᠤᠨ ᠪᠣᠯᠣᠨ ᠺᠮᠧᠷ᠎ᠤᠨ ᠪᠣᠯᠪᠠᠰᠤᠨ ᠥᠨᠢ ᠤᠳᠠᠭ᠋ᠠᠨ ᠲᠡᠦᠬᠡ ᠵᠢᠨ ᠤᠷᠲᠤ ᠠᠶᠠᠨ᠎ᠢ ᠳᠤᠭᠤᠯᠵᠤ᠂ ᠬᠠᠷᠢᠯᠴᠠᠨ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ᠃
ᠵᠢᠷᠤᠮ ᠡᠯᠪᠡᠷᠢᠯ᠎ᠢ ᠬᠦᠨᠳᠦᠳᠬᠡᠬᠦ ᠪᠣᠯ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠢᠯᠡ ᠲᠣᠳᠣ ᠣᠨᠴᠠᠯᠢᠭ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ᠂ ᠶᠡᠷᠦᠩᠬᠡᠢ ᠰᠠᠢ᠌ᠳ ᠵᠧᠦ ᠧᠨ ᠯᠠᠢ ᠵᠡᠷᠭᠡ ᠳᠤᠮᠳᠠᠳᠤ ᠤᠯᠤᠰ᠎ᠤᠨ ᠠᠬᠠᠮᠠᠳ ᠨᠢᠭᠡ ᠦᠶ᠎ᠡ ᠵᠢᠨ ᠤᠳᠤᠷᠢᠳᠬᠤ ᠬᠥᠮᠥᠰ ᠪᠣᠯᠣᠨ ᠰᠢᠬᠠᠨᠦ᠋ᠺᠸ ᠴᠢᠨ ᠸᠠᠩ ᠪᠣᠯ ᠳᠤᠮᠳᠠᠳᠤ ᠺᠠᠮᠪᠤᠵᠠ ᠵᠢᠨ ᠨᠥᠬᠥᠷᠯᠡᠯ᠎ᠤᠨ ᠦᠢ᠍ᠯᠡᠰ᠎ᠢ ᠬᠠᠮᠲᠤ᠎ᠪᠠᠷ ᠴᠣᠭᠴᠠᠯᠠᠨ ᠪᠠᠢ᠌ᠭᠤᠯᠤᠭᠴᠢ ᠮᠥᠨ᠃ 70 ᠵᠢᠯ᠎ᠤᠨ ᠡᠮᠦᠨ᠎ᠡ ᠰᠢᠬᠠᠨᠥ᠋ᠺᠸ ᠴᠢᠨ ᠸᠠᠩ ᠪᠣᠯᠣᠨ ᠵᠧᠦ ᠧᠨ ᠯᠠᠢ ᠶᠡᠷᠦᠩᠬᠡᠢ ᠰᠠᠢ᠌ᠳ ᠪᠠᠨᠳᠥ᠋ᠩᠤᠨ ᠬᠤᠷᠠᠯ ᠳᠡᠭᠡᠷ᠎ᠡ ᠠᠭᠤᠯᠵᠠᠮᠠᠭᠴᠠ ᠬᠠᠭᠤᠴᠢᠨ ᠲᠠᠨᠢᠯ ᠮᠡᠲᠦ ᠪᠠᠢ᠌ᠵᠤ᠂ ᠺᠠᠮᠪᠤᠵᠠ ᠵᠢᠨ᠎ᠬᠢᠨ ᠳᠠᠪᠬᠤᠷ ᠳᠠᠪᠬᠤᠷ ᠬᠠᠷᠰᠢ ᠰᠠᠭ᠋ᠠᠳ᠎ᠢ ᠢᠯᠠᠨ ᠳᠠᠪᠠᠵᠤ 1958 ᠣᠨ᠎ᠳᠤ ᠰᠢᠨ᠎ᠡ ᠳᠤᠮᠳᠠᠳᠤ ᠤᠯᠤᠰ᠎ᠲᠠᠢ ᠭᠠᠳᠠᠭ᠋ᠠᠳᠤ ᠬᠠᠷᠢᠯᠴᠠᠭ᠎ᠠ ᠪᠠᠢ᠌ᠭᠤᠯᠵᠤ᠂ ᠳᠤᠮᠳᠠᠳᠤ ᠤᠯᠤᠰ᠎ᠤᠨ᠎ᠬᠢᠨ ᠺᠠᠮᠪᠤᠵᠠ ᠵᠢᠨ ᠭᠠᠳᠠᠭ᠋ᠠᠳᠤ ᠵᠢᠨ ᠲᠦᠷᠢᠮᠡᠬᠡᠢ᠌ᠯᠡᠯᠢ ᠡᠰᠡᠷᠭᠦᠴᠡᠬᠦ᠂ ᠤᠯᠤᠰ᠎ᠤᠨ ᠡᠷᠬᠡ ᠮᠡᠳᠡᠯ ᠲᠤᠰᠠᠭ᠋ᠠᠷ ᠲᠣᠭᠲᠠᠨᠢᠯ ᠵᠶ᠋ᠠᠨ ᠬᠠᠮᠠᠭ᠋ᠠᠯᠠᠬᠤ ᠰᠢᠳᠤᠷᠭᠤ ᠶᠣᠰᠣᠨ᠎ᠤ ᠲᠡᠮᠡᠴᠡᠯ᠎ᠢ ᠪᠦᠭᠦ ᠬᠦᠴᠦ᠎ᠪᠠᠷ ᠵᠶ᠋ᠡᠨ ᠳᠡᠮᠵᠢᠪᠡ᠃ ᠬᠣᠶᠠᠷ ᠲᠠᠯ᠎ᠠ ᠵᠶ᠋ᠡᠨ ᠬᠠᠮᠤᠭ᠎ᠠᠴᠠ ᠪᠠᠴᠢᠮ ᠬᠠᠪᠰᠤᠷᠤᠯᠭ᠎ᠠ ᠬᠦᠰᠡᠭᠰᠡᠨ ᠴᠠᠭ ᠮᠥᠴᠡ᠎ᠳᠤ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠ᠃ ᠰᠢᠬᠠᠨᠦ᠋ᠺᠸ ᠴᠢᠨ ᠸᠠᠩ ᠳᠤᠮᠳᠠᠳᠤ ᠤᠯᠤᠰ᠎ᠲᠤ 40 ᠰᠢᠬᠠᠮ ᠵᠢᠯ ᠠᠮᠢᠳᠤᠷᠠᠵᠤ᠂ ᠳᠤᠮᠳᠠᠳᠤ ᠤᠯᠤᠰ᠎ᠢ ᠬᠣᠶᠠᠳᠠᠭᠢ ᠨᠤᠲᠤᠭ ᠵᠶ᠋ᠠᠷ ᠦᠵᠡᠵᠦ᠂ ᠲᠡᠭᠦᠨ᠎ᠤ ᠵᠣᠬᠢᠶᠠᠨ ᠪᠦᠲᠦᠭᠡᠭᠰᠡᠨ 《ᠳᠤᠮᠳᠠᠳᠤ ᠤᠯᠤᠰ᠎ᠢ ᠳᠤᠷᠠᠰᠤᠨ ᠰᠠᠨᠠᠭ᠋ᠠᠯᠵᠠᠬᠤᠢ》 ᠵᠡᠷᠭᠡ ᠳᠤᠮᠳᠠᠳᠤ ᠺᠠᠮᠪᠤᠵᠠ ᠵᠢᠨ ᠨᠥᠬᠥᠷᠯᠡᠯ᠎ᠢ ᠮᠠᠭᠲᠠᠨ ᠳᠠᠭᠤᠯᠠᠭᠰᠠᠨ ᠳᠠᠭᠤᠤ᠎ᠨᠢ ᠤᠳᠤ ᠪᠤᠯᠲᠠᠯ᠎ᠠ ᠤᠯᠠᠮᠵᠢᠯᠠᠭᠳᠠᠭᠰᠠᠭ᠋ᠠᠷ ᠪᠠᠢ᠌ᠨ᠎ᠠ᠃ ᠤᠯᠤᠰ᠎ᠤᠨ ᠸᠠᠩ ᠰᠢᠬᠠᠮᠦᠨᠢ ᠪᠣᠯᠣᠨ ᠸᠠᠩ᠎ᠤᠨ ᠡᠬᠡ ᠮᠤᠨᠢᠯᠢᠶᠧ ᠵᠢᠯ ᠪᠦᠷᠢ ᠳᠤᠮᠳᠠᠳᠤ ᠤᠯᠤᠰ᠎ᠲᠤ ᠢᠷᠡᠳᠡᠭ ᠪᠥᠭᠡᠳ ᠪᠢ ᠬᠣᠶᠠᠷ ᠬᠠᠭ᠋ᠠᠨᠲᠠᠨᠲᠠᠢ ᠣᠯᠠᠨ ᠤᠳᠠᠭ᠎ᠠ ᠠᠭᠤᠯᠵᠠᠵᠤ ᠵᠣᠭᠣᠭ ᠳᠡᠯᠭᠡᠪᠡ᠃ 2020 ᠣᠨ᠎ᠳᠤ ᠪᠢ ᠸᠠᠩ᠎ᠤᠨ ᠡᠬᠡ ᠮᠤᠨᠢᠯᠢᠶᠧ᠎ᠳᠤ ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ 《ᠨᠥᠬᠥᠷᠯᠡᠯ᠎ᠤᠨ ᠭᠠᠪᠢᠶᠠᠨ ᠲᠡᠮᠳᠡᠭ》 ᠣᠯᠭᠣᠪᠠ᠃ ᠡᠨᠡ ᠬᠦ᠌ ᠬᠦᠨᠳᠦ ᠵᠢᠨ ᠵᠢᠩ᠎ᠲᠠᠢ ᠭᠠᠪᠢᠶᠠᠨ ᠲᠡᠮᠳᠡᠭ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠺᠠᠮᠪᠤᠵᠠ ᠵᠢᠨ ᠠᠷᠠᠳ ᠲᠦᠮᠡᠨ᠎ᠯᠦᠭᠡ ᠵᠢᠨ ᠭᠦᠨ ᠵᠤᠵᠠᠭ᠋ᠠᠨ ᠨᠥᠬᠥᠷᠯᠡᠯ᠎ᠢ ᠲᠥᠯᠥᠭᠡᠯᠡᠵᠦ ᠪᠠᠢ᠌ᠨ᠎ᠠ᠃ ᠡᠷᠡᠨ ᠵᠠᠭᠤᠨ᠎ᠤ ᠬᠢᠵᠢᠭ᠎ᠤᠨ ᠪᠠᠢ᠌ᠳᠠᠯ᠎ᠤᠨ ᠡᠮᠦᠨ᠎ᠡ ᠲᠤᠬᠠᠢ ᠵᠢᠨ ᠦᠶ᠎ᠡ᠎ᠳᠤ ᠲᠡᠷᠢᠭᠦᠨ ᠰᠠᠢ᠌ᠳ᠎ᠤᠨ ᠲᠤᠰᠢᠶᠠᠯ᠎ᠢ ᠡᠭᠦᠷᠭᠡᠯᠡᠵᠦ ᠪᠠᠢ᠌ᠭᠰᠠᠨ ᠬᠤᠩᠰᠸᠨ ᠰᠠᠯᠬᠢ ᠰᠢᠭᠤᠷᠭ᠋ᠠᠨ᠎ᠢ ᠰᠥᠷᠦᠨ ᠳᠤᠮᠳᠠᠳᠤ ᠤᠯᠤᠰ᠎ᠲᠤ ᠠᠢ᠌ᠯᠴᠢᠯᠠᠵᠤ᠂ ᠳᠤᠮᠳᠠᠳᠤ ᠤᠯᠤᠰ ᠣᠯᠠᠨ ᠡᠮᠴᠢᠯᠡᠭᠡᠨ᠎ᠤ ᠠᠩᠭᠢ ᠲᠣᠮᠢᠯᠠᠨ ᠺᠠᠮᠪᠤᠵᠠ ᠵᠢ ᠲᠤᠰᠠᠯᠠᠵᠤ᠂ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠶᠡᠬᠡ ᠬᠡᠮᠵᠢᠶᠡᠨ᠎ᠤ ᠡᠮᠴᠢᠯᠡᠭᠡᠨ᠎ᠤ ᠡᠳ᠋ ᠪᠣᠳᠠᠰ ᠬᠠᠩᠭ᠋ᠠᠪᠠ᠃ ᠨᠠᠷᠢᠨ ᠪᠤᠳᠤᠯᠢᠶᠠᠨᠲᠠᠢ ᠳᠡᠯᠡᠬᠡᠢ ᠵᠢᠨ ᠪᠠ ᠭᠠᠵᠠᠷ ᠣᠷᠣᠨ᠎ᠤ ᠪᠠᠢ᠌ᠳᠠᠯ᠎ᠤᠨ ᠡᠮᠦᠨ᠎ᠡ ᠬᠣᠶᠠᠷ ᠲᠠᠯ᠎ᠠ᠎ᠪᠠᠷ ᠵᠶ᠋ᠠᠨ ᠨᠦᠭᠦᠭᠡ ᠡᠲᠡᠭᠡᠳ᠎ᠤᠨ ᠵᠶ᠋ᠡᠨ ᠭᠣᠣᠯᠯᠠᠭᠴᠢ ᠠᠰᠢᠭ ᠲᠤᠰᠠ᠎ᠪᠠᠨ ᠬᠠᠮᠠᠭ᠋ᠠᠯᠠᠬᠤ ᠵᠢ ᠲᠡᠮᠵᠢᠵᠤ᠂ ᠭᠠᠷ ᠬᠣᠯᠪᠣᠨ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠳᠤᠮᠳᠠᠳᠤ ᠺᠠᠮᠪᠤᠵᠠ ᠵᠢᠨ ᠬᠠᠳᠠᠨ ᠪᠠᠲᠤ ᠨᠥᠬᠥᠷᠯᠡᠯ᠎ᠢ ᠪᠠᠢ᠌ᠭᠤᠯᠪᠠ᠃
ᠡᠷᠬᠡ ᠲᠡᠭᠰᠢ ᠬᠠᠷᠢᠯᠴᠠᠨ ᠠᠰᠢᠭᠲᠠᠢ ᠪᠠᠢ᠌ᠬᠤ ᠪᠣᠯ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠮᠥᠨ᠃ ᠳᠤᠮᠳᠠᠳᠤ ᠤᠯᠤᠰ ᠤᠷᠳᠤ ᠬᠤᠭᠤᠴᠠᠭ᠋ᠠᠨ᠎ᠤ ᠲᠤᠷᠰᠢ ᠺᠠᠮᠪᠤᠵᠠ ᠵᠢᠨ ᠬᠠᠮᠤᠭ᠎ᠤᠨ ᠶᠡᠬᠡ ᠠᠷᠠᠯᠵᠢᠶᠠᠨ᠎ᠤ ᠬᠠᠨᠢᠲᠠᠨ ᠤᠯᠤᠰ ᠪᠠ ᠬᠠᠮᠤᠭ᠎ᠤᠨ ᠶᠡᠬᠡ ᠪᠡᠯᠡ ᠣᠷᠣᠭᠤᠯᠤᠯᠲᠠ ᠵᠢᠨ ᠢᠷᠡᠯᠲᠡ ᠵᠢᠨ ᠤᠯᠤᠰ ᠪᠠᠢ᠌ᠵᠤ᠂ ᠬᠣᠶᠠᠷ ᠤᠯᠤᠰ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢ᠌ᠷᠡᠪᠡ᠃ ᠳᠤᠮᠳᠠᠳᠤ ᠺᠠᠮᠪᠤᠵᠠ ᠵᠢᠨ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ᠎ᠤᠨ ᠠᠵᠠ ᠳᠤᠭᠢᠶᠠᠯᠢ ᠠᠮᠵᠢᠭᠤᠯᠤᠨ ᠪᠠᠨᠠᠨᠠ᠂ ᠠᠪᠠᠷᠠᠶ᠂ ᠯᠣᠣ ᠵᠢᠨ ᠨᠢᠳᠦᠨ ᠬᠣᠰᠢᠭᠤᠲᠤ ᠲᠠᠷᠴᠠ ᠵᠡᠷᠭᠡ ᠺᠠᠮᠪᠤᠵᠠ ᠵᠢᠨ ᠰᠢᠯᠢᠳᠡᠭ ᠲᠠᠷᠢᠶᠠᠯᠠᠩ᠎ᠤᠨ ᠪᠦᠲᠦᠭᠡᠭᠳᠡᠬᠦᠨ ᠳᠤᠮᠳᠠᠳᠤ ᠤᠯᠤᠰ᠎ᠤᠨ ᠲᠦᠭ ᠲᠦᠮᠡᠨ ᠠᠢ᠌ᠯ ᠡᠷᠦᠭᠡ᠎ᠳᠤ ᠣᠷᠣᠪᠠ᠃ ᠳᠤᠮᠳᠠᠳᠤ ᠺᠠᠮᠪᠤᠵᠠ ᠵᠢᠨ ᠬᠠᠮᠲᠤᠷᠠᠨ ᠨᠡᠭᠡᠭᠡᠨ ᠬᠥᠭᠵᠢᠭᠦᠯᠦᠭᠰᠡᠨ ᠰᠢᠬᠠᠨᠦ᠋ᠺᠸ ᠭᠠᠷᠠᠮ᠎ᠤᠨ ᠠᠵᠤ ᠠᠬᠤᠢ ᠵᠢᠨ ᠣᠨᠴᠠᠭ᠋ᠠᠢ ᠣᠷᠣᠨ ᠤᠯᠠᠨ ᠤᠯᠤᠰ᠎ᠤᠨ 200 ᠭᠠᠷᠤᠢ ᠠᠵᠤ ᠠᠬᠤᠢ᠌ᠯᠠᠯ᠎ᠢ ᠲᠡᠳᠡᠨ ᠠᠪᠴᠢᠷᠠᠵᠤ ᠨᠤᠲᠤᠭᠰᠢᠭᠤᠯᠵᠤ᠂ ᠺᠠᠮᠪᠤᠵᠠ ᠵᠢᠨ ᠠᠵᠤ ᠦᠢ᠍ᠯᠡᠳᠪᠦᠷᠢ ᠵᠢᠨ ᠣᠳᠣᠬᠢᠴᠢᠯᠠᠯᠲᠠ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠴᠡᠢ᠃ ᠺᠠᠮᠪᠤᠵᠠ ᠵᠢᠨ ᠠᠩᠬᠠᠳᠠᠭᠴᠢ ᠵᠤᠷᠪᠤᠰ ᠲᠦᠷᠭᠡᠨ᠎ᠤ ᠵᠠᠰᠠᠮᠠᠯ ᠵᠠᠮ᠂ ᠠᠩᠬᠠᠳᠠᠭᠴᠢ ᠠᠭᠤᠯᠠᠨ ᠨᠢᠷᠤᠭᠤ ᠰᠤᠨᠳᠠᠯᠠᠭᠰᠠᠨ ᠬᠥᠭᠥᠷᠭᠡ᠂ ᠨᠢᠭᠡᠳᠦᠭᠡᠷ ᠲᠣᠮᠣ ᠴᠠᠭᠢᠯᠭ᠋ᠠᠨ ᠦᠷᠳᠡᠭᠡ᠂ ᠬᠠᠮᠤᠭ᠎ᠤᠨ ᠲᠣᠮᠣ ᠪᠡᠶ᠎ᠡ ᠵᠢᠨ ᠲᠠᠮᠢᠷ᠎ᠤᠨ ᠣᠷᠳᠣᠨ ᠵᠡᠷᠭᠡ ᠳᠤᠮᠳᠠᠳᠤ ᠤᠯᠤᠰ᠎ᠤᠨ ᠲᠡᠮᠵᠢᠨ ᠪᠠᠢ᠌ᠭᠤᠯᠤᠭᠰᠠᠨ ᠰᠠᠭᠤᠷᠢ ᠲᠥᠬᠦᠭᠡᠷᠦᠮᠵᠢ ᠵᠢᠨ ᠲᠦᠷᠦᠯ ᠵᠦᠢ᠍ᠯ᠎ᠨᠢ ᠺᠠᠮᠪᠤᠵᠠ ᠵᠢᠨ ᠠᠷᠠᠳ ᠤᠯᠠᠨ᠎ᠳᠤ ᠦᠨᠡᠨ ᠪᠣᠳᠠᠲᠠᠢ ᠠᠰᠢᠭ ᠬᠦᠷᠲᠡᠭᠡᠵᠦ᠂ ᠺᠠᠮᠪᠤᠵᠠ ᠵᠢᠨ ᠠᠯᠤᠰ ᠭᠡᠳᠤ ᠵᠢᠨ ᠬᠥᠭᠵᠢᠯᠲᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃ ᠳᠤᠮᠳᠠᠳᠤ ᠤᠯᠤᠰ᠎ᠤᠨ ᠲᠤᠰᠬᠠᠢ ᠮᠡᠷᠭᠡᠵᠢᠯᠲᠡᠨ ᠪᠠᠰᠠ ᠺᠠᠮᠪᠤᠵᠠ ᠵᠢᠨ ᠡᠯ᠎ᠡ ᠮᠤᠵᠢ ᠬᠤᠳᠠ᠎ᠪᠠᠷ ᠬᠦᠷᠴᠦ᠂ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠬᠠᠮᠵᠢᠯᠴᠠᠪᠠ᠃ ᠳᠤᠮᠳᠠᠳᠤ ᠺᠠᠮᠪᠤᠵᠠ ᠵᠢᠨ 《ᠠᠯᠮᠠᠰ ᠵᠢᠷᠭᠤᠭ᠋ᠠᠨ ᠲᠠᠯ᠎ᠠ》 ᠵᠢᠨ ᠬᠠᠮᠲᠤᠷᠠᠯᠴᠠᠭ᠎ᠠ᠎ᠨᠢ ᠺᠠᠮᠪᠤᠵᠠ ᠵᠢᠨ ᠬᠥᠭᠵᠢᠯᠲᠡ ᠵᠢ ᠠᠬᠢᠭᠤᠯᠪᠠ᠃
ᠪᠠᠭᠲᠠᠭ᠋ᠠᠮᠵᠢᠲᠠᠢ ᠬᠠᠷᠢᠯᠴᠠᠨ ᠲᠣᠯᠢ ᠪᠤᠯᠭ᠋ᠠᠬᠤ ᠪᠣᠯ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠭᠦᠨ ᠵᠤᠵᠠᠭ᠋ᠠᠨ ᠣᠣᠷ ᠲᠤᠨᠳᠠᠰᠤ ᠮᠥᠨ᠃ ᠳᠤᠮᠳᠠᠳᠤ ᠤᠯᠤᠰ ᠶᠡᠬᠡ ᠬᠡᠮᠵᠢᠶᠡᠨ᠎ᠤ ᠬᠠᠭᠤᠴᠢ ᠰᠤᠳᠤᠯᠤᠯ᠎ᠤᠨ ᠰᠤᠳᠤᠯᠭ᠋ᠠᠨ᠂ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠯᠲᠠ᠂ ᠰᠣᠶᠣᠯ ᠲᠡᠦᠬᠡ᠂ ᠪᠠᠷᠢᠯᠭ᠎ᠠ ᠵᠢᠨ ᠤᠷᠠᠯᠢᠭ ᠵᠡᠷᠭᠡ ᠲᠠᠯ᠎ᠠ ᠵᠢᠨ ᠲᠤᠰᠬᠠᠢ ᠮᠡᠷᠭᠡᠵᠢᠯᠲᠡᠨ ᠲᠣᠮᠢᠯᠠᠨ ᠺᠠᠮᠪᠤᠵᠠ᠎ᠳᠤ 30 ᠰᠢᠬᠠᠮ ᠵᠢᠯ ᠰᠠᠭᠤᠯᠭ᠋ᠠᠵᠤ᠂ ᠤᠷᠢᠳ ᠬᠣᠵᠢᠳ ᠵᠧᠦ ᠰᠠ ᠰᠠᠬᠢᠭᠤᠯᠰᠤᠨ᠎ᠤ ᠰᠦᠮ᠎ᠡ᠂ ᠴᠠ ᠵᠢᠶᠣᠣ ᠰᠧ ᠰᠦᠮ᠎ᠡ᠂ ᠠᠩᠺᠤᠷ ᠸᠠᠩ᠎ᠤᠨ ᠣᠷᠳᠣᠨ᠎ᠤ ᠪᠠᠭᠤᠷᠢ ᠵᠢ ᠵᠠᠰᠠᠨ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠵᠦ᠂ ᠠᠩᠺᠤᠷᠤᠨ ᠡᠷᠲᠡᠨ᠎ᠤ ᠦᠯᠡᠳᠡᠭᠳᠡᠯ ᠭᠡᠬᠦ ᠡᠨᠡ ᠬᠦ᠌ ᠬᠥᠮᠥᠨ ᠲᠥᠷᠥᠯᠬᠢᠲᠡᠨ᠎ᠤ ᠪᠣᠯᠪᠠᠰᠤᠨ᠎ᠤ ᠦᠨᠡᠲᠦ ᠡᠷᠳᠡᠨᠢ ᠵᠢᠨ ᠤᠤᠯ᠎ᠤᠨ ᠴᠤᠭ ᠭᠢᠯᠪᠠᠭ᠎ᠠ ᠵᠢ ᠰᠡᠷᠭᠦᠭᠡᠭᠰᠡᠨ ᠪᠠᠢ᠌ᠨ᠎ᠠ᠃ ᠨᠡᠩ ᠤᠯᠠᠨ ᠳᠤᠮᠳᠠᠳᠤ ᠤᠯᠤᠰ᠎ᠤᠨ ᠵᠢᠭᠤᠯᠴᠢᠯᠠᠬᠰᠠᠳ ᠺᠠᠮᠪᠤᠵᠠ᠎ᠳᠤ ᠬᠦᠷᠴᠦ᠂ ᠭᠦᠨ ᠵᠤᠵᠠᠭ᠋ᠠᠨ ᠲᠡᠦᠬᠡ ᠰᠣᠶᠣᠯ᠎ᠢ ᠣᠢ᠌ᠯᠠᠭ᠋ᠠᠳᠠᠭ ᠪᠣᠯᠪᠠ᠃ ᠺᠠᠮᠪᠤᠵᠠ ᠵᠢᠨ ᠨᠡᠩ ᠤᠯᠠᠨ ᠨᠠᠢ᠌ᠵᠠ ᠨᠠᠷ ᠬᠢᠲᠠᠳ ᠭᠡᠯᠡ ᠰᠤᠷᠴᠤ᠂ ᠡᠷᠲᠡᠨ᠎ᠤ ᠳᠤᠮᠳᠠᠳᠤ ᠵᠢᠨ ᠪᠣᠯᠪᠠᠰᠤᠨ ᠪᠣᠯᠣᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠭᠠᠢ᠌ᠬᠠᠮᠰᠢᠭ᠎ᠢ ᠣᠢ᠌ᠯᠠᠭ᠋ᠠᠬᠤ ᠪᠣᠯᠪᠠ᠃ ᠡᠳᠡᠭᠡᠷ ᠵᠢᠯ᠎ᠤᠳ᠎ᠲᠤ ᠳᠤᠮᠳᠠᠳᠤ ᠤᠯᠤᠰ ᠺᠠᠮᠪᠤᠵᠠ᠎ᠳᠤ 《ᠨᠥᠬᠥᠷᠯᠡᠯ᠎ᠤᠨ ᠵᠠᠮ》᠎ᠢ ᠳᠡᠪᠢᠰᠴᠦ᠂ 《ᠵᠣᠯ ᠵᠢᠷᠭ᠋ᠠᠯ᠎ᠤᠨ ᠪᠤᠯᠠᠭ》᠎ᠢ ᠮᠠᠯᠲᠠᠵᠤ ᠥᠭᠭᠦᠨ᠂ ᠳᠤᠮᠳᠠᠳᠤ ᠺᠠᠮᠪᠤᠵᠠ ᠵᠢᠨ ᠨᠥᠭᠦᠷᠰᠡᠭ ᠶᠠᠳᠠᠭᠤ ᠵᠢ ᠲᠡᠳᠬᠦᠬᠦ ᠵᠢᠱ᠌ᠢᠶ᠎ᠡ ᠦᠵᠡᠭᠦᠯᠭᠦ ᠲᠣᠰᠬᠣᠨ᠎ᠢ ᠪᠠᠢ᠌ᠭᠤᠯᠪᠠ᠃ ᠺᠠᠮᠪᠤᠵᠠ᠎ᠳᠤ ᠲᠣᠮᠢᠯᠠᠭᠰᠠᠨ ᠬᠢᠲᠠᠳ ᠡᠮᠨᠡᠯᠭᠡ ᠵᠢᠨ ᠡᠮᠴᠢᠯᠡᠭᠡᠨ᠎ᠤ ᠠᠩᠭᠢ ᠵᠢᠨ᠎ᠬᠢᠨ ᠰᠣᠨᠣᠷ᠎ᠤᠨ ᠰᠠᠭ᠋ᠠᠳ᠎ᠲᠠᠢ ᠬᠡᠦᠬᠡᠨ᠎ᠢ ᠠᠩᠬ᠎ᠠ ᠭᠡᠯᠡ᠎ᠳᠤ ᠣᠷᠣᠭᠤᠯᠤᠨ 《ᠡᠵᠢ》 ᠬᠡᠮᠡᠨ ᠳᠠᠭᠤᠳᠠᠭᠤᠯᠵᠤ᠂ ᠣᠷᠳᠣ ᠬᠤᠭᠤᠴᠠᠭ᠎ᠠ᠎ᠪᠠᠷ ᠬᠦᠷᠳᠦᠲᠦ ᠰᠠᠨᠳᠠᠯᠢ᠎ᠳᠤ ᠲᠦᠰᠢᠭᠯᠡᠨ ᠶᠠᠪᠤᠵᠤ ᠰᠠᠭᠤᠵᠤ ᠪᠠᠢ᠌ᠭᠰᠠᠨ ᠡᠪᠡᠳᠴᠢᠲᠡᠨ᠎ᠢ ᠪᠣᠰᠴᠤ ᠵᠣᠭᠰᠣᠭ᠋ᠠᠵᠠᠢ᠃
ᠣᠢ᠌ᠷ᠎ᠠ ᠵᠢᠨ ᠬᠠᠭ᠋ᠠᠰ ᠵᠠᠭᠤᠨ᠎ᠤ ᠲᠤᠷᠰᠢ ᠠᠽᠢᠶ᠎ᠠ ᠲᠢᠪ ᠶᠡᠷᠦᠩᠬᠡᠢ᠎ᠳᠡᠭᠡᠨ ᠡᠩᠬᠡ ᠲᠠᠢ᠌ᠪᠤᠩ ᠲᠣᠭᠲᠠᠭᠤᠨ ᠪᠠᠢ᠌ᠳᠠᠯ ᠵᠶ᠋ᠠᠨ ᠪᠠᠲᠤᠯᠠᠵᠤ᠂ ᠠᠵᠤ ᠠᠬᠤᠢ᠎ᠨᠢ ᠲᠦᠷᠭᠡᠨ ᠨᠡᠮᠡᠭᠳᠡᠵᠦ᠂ ᠳᠡᠯᠡᠬᠡᠢ ᠵᠢᠨ ᠬᠥᠭᠵᠢᠯᠲᠡ ᠵᠢᠨ ᠲᠡᠦᠬᠡᠨ ᠳᠡᠭᠡᠷᠡᠬᠢ 《ᠠᠽᠢᠶ᠎ᠠ ᠲᠢᠪ᠎ᠤᠨ ᠭᠠᠢ᠌ᠬᠠᠮᠰᠢᠭ》᠎ᠢ ᠡᠭᠦᠳᠪᠡ᠃ ᠣᠳᠣᠬᠠᠨ᠎ᠤ ᠳᠡᠯᠡᠬᠡᠢ ᠶᠢᠷᠲᠢᠨᠴᠦ᠎ᠳᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠠᠽᠢᠶ᠎ᠠ ᠲᠢᠪ ᠶᠠᠭ ᠪᠦᠬᠦᠯᠢ ᠴᠣᠭᠴᠠ ᠵᠢᠨ ᠬᠥᠭᠵᠢᠯ ᠮᠠᠨᠳᠤᠯ᠎ᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠪᠠᠢ᠌ᠨ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ ᠪᠠᠢ᠌ᠬᠤ ᠣᠢ᠌ᠯᠠᠭ᠋ᠠᠭᠳᠠᠬᠤᠨ ᠪᠠ ᠬᠥᠷᠰᠢ ᠵᠡᠷᠭᠡᠯᠡᠳᠡᠭᠡ᠎ᠲᠠᠢ᠎ᠪᠠᠨ ᠰᠠᠢ᠌ᠬᠠᠨ ᠶᠠᠪᠤᠯᠴᠠᠬᠤ᠂ ᠬᠥᠷᠰᠢ ᠵᠡᠷᠭᠡᠯᠡᠳᠡᠭᠡ᠎ᠲᠠᠢ᠎ᠪᠠᠨ ᠨᠥᠬᠥᠷᠯᠡᠬᠦ ᠴᠢᠭᠯᠡᠯᠲᠡ ᠵᠢ ᠦᠷᠭᠦᠯᠵᠢᠯᠡᠨ ᠪᠠᠷᠢᠮᠲᠠᠯᠠᠵᠤ᠂ ᠬᠥᠷᠰᠢ ᠵᠡᠷᠭᠡᠯᠡᠳᠡᠭᠡ ᠤᠯᠤᠰ᠎ᠯᠤᠭ᠎ᠠ ᠵᠢᠨ ᠨᠥᠭᠦᠷᠰᠡᠭ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠦᠷ᠎ᠡ ᠪᠦᠲᠦᠮᠵᠢ ᠵᠢ ᠬᠥᠷᠰᠢ ᠵᠡᠷᠭᠡᠯᠡᠳᠡᠭᠡ ᠤᠯᠤᠰ᠎ᠲᠤ ᠨᠡᠩ ᠤᠯᠠᠨ ᠬᠦᠷᠲᠡᠭᠡᠵᠦ᠂ ᠭᠠᠵᠠᠷ ᠣᠷᠣᠨ᠎ᠤ ᠡᠩᠬᠡ ᠲᠠᠢ᠌ᠪᠤᠩ ᠪᠠ ᠲᠣᠭᠲᠠᠭᠤᠨ᠎ᠢ ᠬᠠᠮᠲᠤ᠎ᠪᠠᠷ ᠬᠠᠮᠠᠭ᠋ᠠᠯᠠᠨ᠂ ᠠᠽᠢᠶ᠎ᠠ ᠲᠢᠪ᠎ᠤᠨ ᠣᠳᠣᠬᠢᠴᠢᠯᠠᠯᠲᠠ ᠵᠢᠨ ᠠᠬᠢᠴᠠ ᠵᠢ ᠭᠠᠷ ᠬᠣᠯᠪᠣᠨ ᠠᠬᠢᠭᠤᠯᠤᠨ᠎ᠠ᠃
ᠠᠽᠢᠶ᠎ᠠ ᠲᠢᠪ᠎ᠤᠨ ᠲᠣᠮᠣ ᠭᠡᠷ ᠪᠦᠯᠢ ᠵᠢᠨ ᠴᠢᠬᠤᠯᠠ ᠪᠦᠷᠢᠯᠳᠦᠭᠦᠨ ᠪᠣᠯᠤᠭᠰᠠᠨ᠎ᠤ ᠬᠤᠪᠢ᠎ᠳᠤ ᠳᠤᠮᠳᠠᠳᠤ ᠺᠠᠮᠪᠤᠵᠠ ᠬᠣᠶᠠᠷ ᠤᠯᠤᠰ ᠲᠡᠦᠬᠡ ᠵᠢᠨ ᠤᠷᠤᠰᠬᠠᠯ᠎ᠳᠤ ᠵᠣᠬᠢᠴᠠᠵᠤ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠬᠠᠷᠢᠭᠤᠯᠲᠠ ᠥᠭᠴᠦ᠂ ᠥᠭᠡᠳᠡ ᠥᠭᠡᠳᠡ᠎ᠠᠴᠠ᠎ᠪᠠᠨ ᠲᠡᠮᠡᠦᠯᠵᠦ᠂ ᠬᠠᠷᠢᠯᠴᠠᠨ ᠳᠡᠮᠵᠢᠯᠴᠡᠵᠦ ᠠᠮᠵᠢᠯᠲᠠ ᠪᠦᠳᠦᠮᠵᠢ ᠡᠭᠦᠳᠴᠦ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠬᠤ ᠬᠣᠰᠢᠭᠤᠴᠢ ᠪᠠ ᠵᠢᠱ᠌ᠢᠶ᠎ᠡ ᠦᠵᠡᠭᠦᠯᠦᠭᠴᠢ ᠪᠣᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠤᠶ᠎ᠠ᠃
— ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠵᠢᠨ ᠢᠲᠡᠭᠡᠯᠴᠡᠭᠡ᠎ᠪᠠᠨ ᠭᠦᠨᠵᠡᠭᠡᠢ᠌ᠷᠡᠭᠦᠯᠦᠶᠡ᠃ ᠳᠡᠭᠡᠳᠦ ᠳᠠᠪᠬᠤᠷᠭ᠎ᠠ ᠵᠢᠨ ᠨᠢᠭᠲᠠ ᠶᠠᠪᠤᠯᠴᠠᠭ᠎ᠠ᠎ᠪᠠᠨ ᠪᠠᠲᠤᠯᠠᠵᠤ᠂ ᠪᠠᠢ᠌ᠯᠳᠤᠬᠤ ᠪᠣᠳᠣᠯᠭ᠎ᠠ ᠵᠢᠨ ᠥᠨᠳᠥᠷᠴᠡ᠎ᠠᠴᠠ ᠰᠢᠨ᠎ᠡ ᠴᠠᠭ ᠦᠶ᠎ᠡ ᠵᠢᠨ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠵᠢᠷᠤᠭ ᠲᠥᠯᠥᠪᠯᠡᠭᠡ ᠵᠢ ᠵᠢᠷᠤᠭᠯᠠᠬᠤ ᠵᠢ ᠪᠠᠷᠢᠮᠲᠠᠯᠠᠶ᠎ᠠ᠃ ᠳᠤᠮᠳᠠᠳᠤ ᠤᠯᠤᠰ ᠺᠠᠮᠪᠤᠵᠠ ᠵᠢᠨ᠎ᠬᠢᠨ᠎ᠤ ᠲᠤᠰ ᠤᠯᠤᠰ᠎ᠤᠨ ᠵᠶ᠋ᠠᠨ ᠪᠠᠢ᠌ᠳᠠᠯ᠎ᠳᠤ ᠨᠡᠢ᠌ᠴᠡᠭᠰᠡᠨ ᠬᠥᠭᠵᠢᠯᠲᠡ ᠵᠢᠨ ᠵᠠᠮ ᠵᠶ᠋ᠠᠨ ᠡᠵᠡᠨ ᠮᠡᠳᠡᠨ ᠰᠣᠩᠭᠣᠬᠤ᠂ ᠤᠯᠤᠰ᠎ᠤᠨ ᠵᠶ᠋ᠠᠨ ᠡᠷᠬᠡ ᠮᠡᠳᠡᠯ᠂ ᠲᠤᠰᠠᠭ᠋ᠠᠷ ᠲᠣᠭᠲᠠᠨᠢᠯ᠂ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠢ᠌ᠬᠤ᠎ᠪᠠᠨ ᠬᠠᠮᠠᠭ᠋ᠠᠯᠠᠬᠤ᠂ ᠤᠯᠠᠨ ᠤᠯᠤᠰ᠎ᠤᠨ ᠲᠠᠪᠴᠠᠩ᠎ᠳᠤ ᠨᠡᠩ ᠶᠡᠬᠡ ᠦᠢ᠍ᠯᠡᠳᠦᠯ ᠦᠵᠡᠭᠦᠯᠭᠦ ᠵᠢ ᠡᠷᠡᠰ ᠳᠡᠮᠵᠢᠨ᠎ᠠ᠃ ᠬᠣᠶᠠᠷ ᠲᠠᠯ᠎ᠠ᠎ᠪᠠᠷ ᠵᠶ᠋ᠠᠨ ᠭᠠᠳᠠᠭ᠋ᠠᠳᠤ ᠬᠠᠷᠢᠯᠴᠠᠭ᠎ᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠡᠷᠭᠡ ᠪᠠᠢ᠌ᠯᠳᠤᠬᠤ ᠪᠣᠳᠣᠯᠭ᠎ᠠ ᠵᠢᠨ ᠣᠯᠣᠯᠴᠠᠭ᠎ᠠ᠎ᠪᠠᠨ ᠴᠢᠩᠭ᠋ᠠᠳᠬᠠᠵᠤ᠂ ᠭᠠᠳᠠᠭ᠋ᠠᠳᠤ ᠵᠢᠨ ᠬᠦᠴᠦᠨ᠎ᠤ ᠳᠣᠲᠣᠭ᠋ᠠᠳᠤ ᠶᠠᠪᠤᠳᠠᠯ᠎ᠳᠤ ᠭᠠᠷ ᠲᠦᠷᠦᠭᠦ᠂ ᠬᠤᠳᠬᠤᠨ ᠵᠠᠪᠰᠠᠷᠳᠠᠭᠤᠯᠬᠤ᠂ ᠳᠤᠮᠳᠠᠳᠤ ᠺᠠᠮᠪᠤᠵᠠ ᠵᠢᠨ ᠨᠥᠬᠥᠷᠯᠡᠯ᠎ᠢ ᠡᠪᠳᠡᠬᠦ ᠵᠢ ᠡᠷᠡᠰ ᠡᠰᠡᠷᠭᠦᠴᠡᠵᠦ᠂ ᠤᠯᠤᠰ ᠲᠦᠷᠦ ᠵᠢᠨ ᠠᠮᠤᠷ ᠲᠦᠪᠰᠢᠨ᠎ᠢ ᠬᠠᠮᠲᠤ᠎ᠪᠠᠷ ᠬᠠᠮᠠᠭ᠋ᠠᠯᠠᠶ᠎ᠠ᠃
— ᠨᠡᠩ ᠴᠢᠨᠠᠷ ᠰᠠᠢ᠌ᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠥᠷᠭᠡᠳᠬᠡᠶ᠎ᠡ᠃ ᠬᠥᠭᠵᠢᠯᠲᠡ ᠵᠢ ᠲᠡᠷᠢᠭᠦᠨ᠎ᠳᠤ ᠲᠠᠯᠪᠢᠬᠤ᠂ ᠠᠷᠠᠳ ᠲᠦᠮᠡᠨ ᠵᠶ᠋ᠠᠷ ᠦᠨᠳᠦᠰᠦ ᠪᠤᠯᠭ᠋ᠠᠬᠤ ᠵᠢ ᠪᠠᠷᠢᠮᠲᠠᠯᠠᠵᠤ᠂ ᠳᠤᠮᠳᠠᠳᠤ ᠺᠠᠮᠪᠤᠵᠠ ᠵᠢᠨ ᠵᠠᠰᠠᠭ᠎ᠤᠨ ᠣᠷᠳᠣᠨ᠎ᠤ ᠬᠣᠭᠣᠷᠣᠨᠳᠣᠭᠢ ᠵᠣᠬᠢᠴᠠᠭᠤᠯᠬᠤ ᠵᠥᠪᠯᠡᠯ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠰᠠᠨᠠᠭ᠋ᠠᠴᠢᠯᠠᠭ᠎ᠠ ᠵᠢ ᠺᠠᠮᠪᠤᠵᠠ ᠵᠢᠨ 《ᠲᠠᠪᠤᠨ ᠥᠨᠴᠥᠭᠲᠦ ᠪᠠᠢ᠌ᠯᠳᠤᠬᠤ ᠪᠣᠳᠣᠯᠭ᠎ᠠ》᠎ᠲᠠᠢ ᠵᠣᠯᠭ᠋ᠠᠭᠤᠯᠬᠤ ᠵᠢ ᠠᠬᠢᠭᠤᠯᠵᠤ᠂ 《ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠬᠣᠩᠭᠢᠯ》 ᠪᠣᠯᠣᠨ 《ᠠᠮᠤ ᠵᠢᠭ᠋ᠠᠰᠤᠨ᠎ᠤ ᠦᠢ᠍ᠯᠡᠰ᠎ᠤᠨ ᠬᠣᠩᠭᠢᠯ》᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠶᠡ᠃ ᠤᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠯ᠎ᠢ ᠬᠠᠮᠲᠤ᠎ᠪᠠᠷ ᠬᠠᠮᠠᠭ᠋ᠠᠯᠠᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠵᠢ ᠠᠬᠢᠭᠤᠯᠵᠤ᠂ ᠲᠡᠷᠢᠭᠦᠨ᠎ᠤ ᠦᠢ᠍ᠯᠡᠳᠬᠦ ᠦᠢ᠍ᠯᠡᠰ᠂ ᠪᠣᠬᠢᠷᠳᠤᠯ ᠦᠭᠡᠢ ᠬᠥᠭᠵᠢᠯᠲᠡ᠂ ᠲᠣᠭ᠋ᠠᠴᠢᠯᠠᠭᠰᠠᠨ ᠠᠵᠤ ᠠᠬᠤᠢ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠴᠢᠩᠭ᠋ᠠᠳᠬᠠᠵᠤ᠂ 《ᠠᠯᠮᠠᠰ ᠵᠢᠷᠭᠤᠭ᠋ᠠᠨ ᠲᠠᠯ᠎ᠠ》 ᠵᠢᠨ ᠬᠠᠮᠲᠤᠷᠠᠯᠴᠠᠭ᠎ᠠ ᠵᠢ ᠨᠡᠩ ᠭᠡᠷᠡᠯ ᠰᠠᠴᠤᠷᠠᠩᠭᠤᠢ ᠪᠠᠲᠤ ᠪᠡᠬᠢ ᠪᠤᠯᠭ᠋ᠠᠵᠤ᠂ ᠲᠤᠰ ᠲᠤᠰ᠎ᠤᠨ ᠣᠳᠣᠬᠢᠴᠢᠯᠠᠯᠲᠠ ᠵᠢᠨ ᠠᠬᠢᠴᠠ᠎ᠳᠤ ᠬᠦᠴᠦᠨ ᠨᠡᠮᠡᠷᠢᠯᠡᠶ᠎ᠡ᠃
— ᠨᠡᠩ ᠥᠨᠳᠥᠷ ᠲᠡᠰ ᠳᠠᠪᠬᠤᠷᠭ᠎ᠠ ᠵᠢᠨ ᠠᠮᠤᠷ ᠲᠦᠪᠰᠢᠨ᠎ᠤ ᠪᠠᠲᠤᠯᠠᠭ᠎ᠠ ᠵᠢ ᠪᠠᠲᠤ ᠪᠠᠢ᠌ᠭᠤᠯᠤᠶ᠎ᠠ᠃ ᠭᠠᠷ ᠲᠦᠷᠦᠭᠦ ᠵᠢ ᠡᠰᠡᠷᠭᠦᠴᠡᠬᠦ᠂ ᠬᠠᠭ᠋ᠠᠴᠠᠭᠤᠯᠬᠤ ᠵᠢ ᠡᠰᠡᠷᠭᠦᠴᠡᠬᠦ᠂ 《ᠥᠩᠭᠡ ᠵᠢᠨ ᠬᠤᠪᠢᠰᠬᠠᠯ》᠎ᠢ ᠰᠡᠷᠭᠡᠢ᠌ᠯᠡᠨ ᠬᠣᠷᠢᠭᠯᠠᠬᠤ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ᠂ 《ᠨᠢᠭᠡ ᠪᠦᠰᠡ ᠨᠢᠭᠡ ᠵᠠᠮ》᠎ᠤᠨ ᠲᠦᠷᠦᠯ ᠵᠦᠢ᠍ᠯ᠎ᠢ ᠬᠠᠮᠲᠤ᠎ᠪᠠᠷ ᠪᠠᠶ᠋ᠢᠭᠤᠯᠬᠤ ᠠᠮᠤᠷ ᠲᠦᠪᠰᠢᠨ᠎ᠤ ᠬᠠᠮᠠᠭ᠋ᠠᠯᠠᠯᠲᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠴᠠᠭᠢᠯᠭ᠋ᠠᠨ ᠴᠢᠮᠡᠭᠡ ᠬᠣᠯᠪᠤᠭ᠎ᠠ ᠰᠦᠯᠵᠢᠶᠡᠨ᠎ᠤ ᠮᠡᠬᠡᠯᠡᠯ ᠵᠡᠷᠭᠡ ᠶᠠᠯᠠᠲᠤ ᠠᠵᠢᠯᠯᠠᠭ᠎ᠠ᠎ᠳᠤ ᠬᠦᠴᠦᠲᠡᠢ ᠴᠣᠬᠢᠯᠲᠠ ᠥᠭᠴᠦ᠂ ᠬᠣᠶᠠᠷ ᠤᠯᠤᠰ᠎ᠤᠨ ᠬᠥᠭᠵᠢᠯᠲᠡ᠎ᠳᠤ ᠠᠮᠤᠷ ᠲᠦᠪᠰᠢᠨ᠎ᠤ ᠣᠷᠴᠢᠨ ᠲᠣᠭᠣᠷᠢᠨ᠎ᠢ ᠪᠤᠢ ᠪᠤᠯᠭ᠋ᠠᠵᠤ ᠥᠭᠭᠦᠶ᠎ᠡ᠃ ᠬᠠᠮᠲᠤ ᠵᠢᠨ᠂ ᠶᠡᠷᠦᠩᠬᠡᠢ᠌ᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠵᠤ᠂ ᠠᠮᠤᠷ ᠲᠦᠪᠰᠢᠨ᠎ᠤ ᠣᠢ᠌ᠯᠠᠭ᠋ᠠᠭᠳᠠᠬᠤᠨ᠎ᠢ ᠵᠣᠯᠭ᠋ᠠᠭᠤᠯᠬᠤ ᠵᠢ ᠢᠳᠡᠪᠬᠢᠲᠡᠢ ᠠᠬᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠵᠢᠨ ᠡᠩᠬᠡ ᠲᠠᠢ᠌ᠪᠤᠩ ᠠᠮᠤᠷ ᠲᠣᠭᠲᠠᠭᠤᠨ᠎ᠢ ᠬᠠᠮᠲᠤ᠎ᠪᠠᠷ ᠠᠬᠢᠭᠤᠯᠤᠶ᠎ᠠ᠃
— ᠨᠡᠩ ᠥᠨᠳᠥᠷ ᠳᠠᠪᠲᠠᠮᠵᠢ ᠪᠦᠬᠦᠢ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠥᠷᠨᠢᠭᠦᠯᠦᠶ᠎ᠡ᠃ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠬᠤ᠂ ᠡᠶ᠎ᠡ ᠨᠠᠢ᠌ᠷᠲᠠᠢ ᠬᠠᠮᠲᠤ᠎ᠪᠠᠷ ᠣᠷᠣᠰᠢᠬᠤ ᠵᠢ ᠪᠠᠷᠢᠮᠲᠠᠯᠠᠵᠤ᠂ ᠪᠣᠯᠪᠠᠰᠤᠨ᠎ᠤ ᠨᠡᠪᠲᠡᠷᠡᠯᠴᠡᠭᠡ ᠶᠠᠷᠢᠯᠴᠠᠭ᠎ᠠ ᠵᠢ ᠴᠢᠩᠭ᠋ᠠᠳᠬᠠᠵᠤ᠂ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠷᠰᠢᠯᠭ᠎ᠠ ᠵᠢᠨ ᠰᠣᠯᠢᠯᠴᠠᠭ᠎ᠠ ᠵᠢ ᠭᠦᠨᠵᠡᠭᠡᠢ᠌ᠷᠡᠭᠦᠯᠵᠦ᠂ ᠤᠯᠠᠨ ᠶᠠᠩᠵᠤ ᠭᠡᠯᠪᠡᠷᠢ ᠵᠢᠨ ᠰᠣᠶᠣᠯ ᠵᠢᠭᠤᠯᠴᠢᠯᠠᠯ᠂ ᠥᠪ ᠬᠥᠷᠥᠩᠭᠡ ᠵᠢ ᠬᠠᠮᠠᠭ᠋ᠠᠯᠠᠨ ᠰᠡᠷᠭᠦᠭᠡᠬᠦ᠂ ᠵᠠᠯᠠᠭᠤᠴᠤᠳ᠎ᠤᠨ ᠶᠠᠪᠤᠯᠴᠠᠭ᠎ᠠ ᠵᠡᠷᠭᠡ ᠬᠠᠮᠲᠤᠷᠠᠯᠴᠠᠭ᠎ᠠ ᠵᠢ ᠥᠷᠨᠢᠭᠦᠯᠵᠦ᠂ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠵᠤ᠂ ᠠᠽᠢᠶ᠎ᠠ ᠲᠢᠪ᠎ᠤᠨ ᠦᠷᠳᠡᠭ᠎ᠤᠨ ᠦᠵᠡᠯᠲᠡ ᠪᠠ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠬᠠᠮᠲᠤ᠎ᠪᠠᠷ ᠪᠠᠳᠠᠷᠠᠭᠤᠯᠤᠶ᠎ᠠ᠃
— ᠨᠡᠩ ᠥᠨᠳᠥᠷ ᠪᠠᠷᠢᠮᠵᠢᠶᠠᠲᠤ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠶ᠎ᠠ᠃ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ᠎ᠤᠨ ᠵᠣᠷᠢᠭ ᠰᠠᠨᠠᠭ᠎ᠠ᠎ᠠᠴᠠ ᠤᠶᠤᠨ ᠤᠬᠠᠭ᠋ᠠᠨ ᠬᠦᠷᠲᠡᠵᠦ᠂ ᠡᠩᠬᠡ ᠲᠠᠢ᠌ᠪᠤᠩ ᠪᠣᠯᠣᠨ ᠬᠥᠭᠵᠢᠯ ᠴᠡᠴᠡᠭᠯᠡᠯ᠎ᠳᠤ ᠬᠠᠨᠳᠤᠭᠤᠯᠤᠭᠰᠠᠨ ᠯᠠᠨᠼᠠᠩᠵᠢᠶᠠᠩ ᠮᠥᠷᠡᠨ ᠮᠸᠢᠢ᠍ᠭᠤᠩ ᠮᠥᠷᠡᠨ᠎ᠤ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠲᠦᠷᠭᠡᠳᠬᠡᠨ ᠪᠠᠢ᠌ᠭᠤᠯᠵᠤ᠂ ᠡᠩᠬᠡ ᠲᠠᠢ᠌ᠪᠤᠩ ᠠᠮᠤᠷ ᠲᠣᠭᠲᠠᠭᠤᠨ᠂ ᠴᠡᠴᠡᠭᠯᠡᠯ ᠬᠥᠭᠵᠢᠯ ᠦᠵᠡᠰᠬᠦᠯᠡᠩᠲᠦ ᠰᠠᠢ᠌ᠬᠠᠨ᠂ ᠨᠥᠭᠦᠷᠰᠡᠭ ᠵᠶ᠋ᠡᠷ ᠬᠠᠮᠲᠤ ᠣᠷᠣᠰᠢᠬᠤ ᠠᠽᠢᠶ᠎ᠠ ᠲᠢᠪ᠎ᠤᠨ ᠭᠡᠷ ᠣᠷᠣᠨ᠎ᠢ ᠭᠠᠷ ᠬᠣᠯᠪᠣᠨ ᠪᠦᠲᠦᠭᠡᠨ ᠪᠠᠢ᠌ᠭᠤᠯᠤᠶ᠎ᠠ᠃ ᠡᠵᠡᠷᠬᠡᠬᠦ ᠦᠵᠡᠯ᠂ ᠬᠦᠴᠦᠷᠬᠡᠭᠯᠡᠯ᠎ᠤᠨ ᠤᠯᠤᠰ ᠲᠦᠷᠦ᠂ ᠯᠠᠭᠧᠷ᠎ᠤᠨ ᠡᠰᠡᠷᠭᠦᠴᠡᠯᠳᠦᠯ᠎ᠢ ᠬᠠᠮᠲᠤ᠎ᠪᠠᠷ ᠡᠰᠡᠷᠭᠦᠴᠡᠵᠦ᠂ ᠬᠣᠶᠠᠷ ᠤᠯᠤᠰ ᠪᠣᠯᠣᠨ ᠬᠥᠭᠵᠢᠵᠦ ᠪᠠᠢ᠌ᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠵᠤ᠂ ᠡᠷᠬᠡ ᠲᠡᠭᠰᠢ ᠡᠮᠬᠢ ᠳᠢᠭᠯᠢᠮ᠎ᠲᠠᠢ ᠳᠡᠯᠡᠬᠡᠢ ᠵᠢᠨ ᠤᠯᠠᠨ ᠲᠤᠢ᠌ᠯᠵᠢᠯᠲᠡ᠂ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠢ᠌ᠵᠢᠯᠲᠡ ᠵᠢ ᠰᠠᠨᠠᠭ᠋ᠠᠴᠢᠯᠠᠵᠤ᠂ ᠳᠡᠯᠡᠬᠡᠢ ᠵᠢᠨ ᠡᠩᠬᠡ ᠲᠠᠢ᠌ᠪᠤᠩ ᠲᠣᠭᠲᠠᠭᠤᠨ ᠪᠣᠯᠣᠨ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ᠎ᠪᠠᠷ ᠬᠦᠴᠦᠯᠡᠵᠦ᠂ ᠬᠠᠮᠠᠭ᠋ᠠᠯᠠᠬᠤ ᠦᠵᠡᠯ᠎ᠢ ᠬᠠᠮᠲᠤ᠎ᠪᠠᠷ ᠡᠰᠡᠷᠭᠦᠴᠡᠨ ᠬᠣᠷᠢᠭᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠵᠢᠨ ᠤᠯᠠᠨ ᠤᠯᠤᠰ᠎ᠤᠨ ᠣᠷᠴᠢᠨ ᠲᠣᠭᠣᠷᠢᠨ᠎ᠢ ᠬᠠᠮᠠᠭ᠋ᠠᠯᠠᠶ᠎ᠠ᠃
《ᠬᠠᠭᠤᠴᠢᠨ ᠨᠥᠬᠥᠷᠯᠡᠯ ᠰᠢᠵᠢᠷ ᠠᠯᠳᠠ ᠮᠡᠲᠦ᠂ ᠵᠠᠭᠤᠨᠲᠠ ᠬᠠᠢ᠌ᠯᠤᠭᠤᠯᠤᠭᠰᠠᠨ ᠴᠦ᠍ ᠥᠩᠭᠡ᠎ᠨᠢ ᠬᠤᠪᠢᠷᠠᠬᠤ ᠦᠭᠡᠢ》᠃ ᠬᠣᠶᠠᠷ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ ᠣᠨ ᠰᠠᠷ᠎ᠠ ᠵᠢᠨ ᠳᠠᠪᠲᠠᠯᠲᠠ ᠪᠣᠯᠣᠨ ᠰᠠᠯᠬᠢ ᠪᠣᠷᠣᠭ᠋ᠠᠨ᠎ᠤ ᠰᠢᠯᠭ᠋ᠠᠯᠲᠠ ᠵᠢ ᠥᠩᠭᠡᠷᠡᠭᠡᠭᠰᠡᠨ ᠳᠤᠮᠳᠠᠳᠤ ᠺᠠᠮᠪᠤᠵᠠ ᠵᠢᠨ ᠪᠣᠯᠣᠳ ᠮᠡᠲᠦ ᠪᠠᠲᠤ ᠨᠥᠬᠥᠷᠯᠡᠯ ᠯᠠᠪᠲᠠᠢ ᠤᠭ ᠰᠠᠨᠠᠭ᠎ᠠ ᠪᠠᠲᠤ ᠪᠡᠬᠢ᠂ ᠴᠢᠨᠠᠷ ᠡᠭᠦᠷᠢᠳᠡ ᠬᠤᠪᠢᠷᠠᠬᠤ ᠦᠭᠡᠢ ᠭᠡᠳᠡᠭ᠎ᠢ ᠪᠢ ᠪᠠᠲᠤ ᠢᠲᠡᠭᠡᠵᠦ ᠪᠠᠢ᠌ᠨ᠎ᠠ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ᠎ᠲᠠᠢ ᠬᠠᠮᠲᠤ᠎ᠪᠠᠷ ᠡᠩᠬᠡ ᠲᠠᠢ᠌ᠪᠤᠩ᠎ᠢ ᠬᠠᠮᠲᠤ᠎ᠪᠠᠷ ᠰᠠᠬᠢᠵᠤ᠂ ᠬᠥᠭᠵᠢᠯᠲᠡ ᠵᠢ ᠬᠠᠮᠲᠤ᠎ᠪᠠᠷ ᠡᠷᠢᠯᠬᠢᠯᠡᠵᠦ᠂ ᠬᠥᠭᠵᠢᠯ ᠴᠡᠴᠡᠭᠯᠡᠯ᠎ᠢ ᠬᠠᠮᠲᠤ᠎ᠪᠠᠷ ᠡᠭᠦᠳᠴᠦ᠂ ᠰᠢᠨ᠎ᠡ ᠴᠠᠭ ᠦᠶ᠎ᠡ ᠵᠢᠨ ᠳᠤᠮᠳᠠᠳᠤ ᠺᠠᠮᠪᠤᠵᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠤᠷᠪᠠᠭ᠋ᠠᠨ ᠬᠥᠷᠪᠡᠭᠡᠨ᠎ᠲᠠᠢ ᠬᠤᠪᠢᠰ᠎ᠤᠨ ᠰᠣᠯᠪᠢᠴᠠᠭᠰᠠᠨ ᠳᠡᠯᠡᠬᠡᠢ ᠶᠢᠷᠲᠢᠨᠴᠦ᠎ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠤᠬᠲᠠᠭ᠋ᠠᠯ᠎ᠲᠦ ᠴᠢᠨᠠᠷ᠎ᠢ ᠨᠡᠮᠡᠷᠢᠯᠡᠨ᠎ᠡ᠃