ᠰᠢᠨᠬᠤᠸᠠ ᠬᠣᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 28᠎ᠤ ᠴᠠᠭᠢᠯᠭ᠋ᠠᠨ ᠮᠡᠳᠡᠭᠡ
(2025 ᠣᠨ᠎ᠤ 3 ᠰᠠᠷ᠎ᠠ ᠵᠢᠨ 28᠎ᠤ ᠡᠳᠦᠷ᠂ ᠪᠡᠭᠡᠵᠢᠩ᠎ᠳᠤ)
ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ
ᠬᠠᠪᠤᠷ᠎ᠤᠨ ᠤᠷᠢᠨ ᠳᠤᠯᠠᠭ᠋ᠠᠨ ᠤᠯᠠᠷᠢᠯ᠎ᠳᠤ᠂ ᠲᠠ ᠤᠯᠠᠨ᠎ᠲᠠᠢ ᠠᠭᠤᠯᠵᠠᠵᠤ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠃ ᠤᠯᠠᠨ᠎ᠢ ᠤᠷᠢᠵᠤ ᠠᠪᠴᠢᠷᠠᠭᠰᠠᠨ᠎ᠨᠢ ᠤᠯᠠᠨ᠎ᠤ ᠰᠠᠨᠠᠯ᠎ᠢ ᠰᠣᠨᠣᠰᠴᠤ᠂ ᠤᠯᠠᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠬᠠᠷᠢᠭᠤᠯᠲᠠ ᠥᠭᠴᠦ᠂ ᠥᠷᠭᠡᠨ ᠤᠯᠠᠨ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠲᠤ ᠨᠡᠩ ᠰᠠᠢ᠌ᠨ ᠬᠥᠭᠵᠢᠬᠦ ᠵᠢ ᠳᠡᠮᠵᠢᠬᠦ ᠵᠢᠨ ᠲᠥᠯᠥᠭᠡ ᠶᠤᠮ᠃ ᠪᠢ 4 ᠲᠠᠯ᠎ᠠ ᠵᠢᠨ ᠲᠠᠨᠢᠯᠲᠠ ᠵᠢᠨ ᠲᠤᠬᠠᠢ ᠶᠠᠷᠢᠶ᠎ᠠ᠃
ᠨᠢᠭᠡ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠴᠢᠬᠤᠯᠠ ᠦᠢ᠍ᠯᠡᠳᠦᠯ ᠦᠵᠡᠭᠦᠯᠪᠡ
ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠭᠠᠷᠤᠢ ᠵᠢᠯ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠢ ᠵᠢᠯ᠎ᠤᠨ ᠲᠤᠷᠰᠢ᠂ ᠠᠵᠤ ᠠᠬᠤᠢ ᠵᠢᠨ ᠲᠦᠷᠭᠡᠨ ᠬᠥᠭᠵᠢᠯᠲᠡ ᠪᠠ ᠨᠡᠢ᠌ᠭᠡᠮ᠎ᠤᠨ ᠣᠷᠳᠣ ᠬᠤᠭᠤᠴᠠᠭ᠋ᠠᠨ᠎ᠤ ᠲᠣᠭᠲᠠᠭᠤᠨ ᠪᠠᠢ᠌ᠳᠠᠯ᠎ᠤᠨ 《ᠬᠣᠶᠠᠷ ᠶᠡᠬᠡ ᠭᠠᠢ᠌ᠬᠠᠮᠰᠢᠭ》᠎ᠢ ᠡᠭᠦᠳᠦᠭᠰᠡᠨ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠪᠠ ᠳᠤᠮᠳᠠᠳᠤ ᠤᠯᠤᠰ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠎ᠳᠤ ᠲᠦᠰᠢᠭᠯᠡᠭᠰᠡᠨ ᠶᠤᠮ᠂ ᠡᠭᠦᠨ᠎ᠳᠤ ᠳᠤᠮᠳᠠᠳᠤ ᠤᠯᠤᠰ᠎ᠲᠤ ᠪᠠᠢ᠌ᠭ᠎ᠠ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠦᠵᠡᠭᠦᠯᠦᠭᠰᠡᠨ ᠬᠤᠪᠢ ᠨᠡᠮᠡᠷᠢ ᠵᠢ ᠪᠠᠭᠲᠠᠭ᠋ᠠᠭᠰᠠᠨ ᠳᠡᠯᠡᠬᠡᠢ ᠨᠡᠢ᠌ᠭᠡᠮ᠎ᠤᠨ ᠳᠡᠮᠵᠢᠯᠭᠡ ᠬᠠᠪᠰᠤᠷᠤᠯᠭ᠎ᠠ᠎ᠠᠴᠠ ᠰᠠᠯᠵᠤ ᠴᠢᠳᠠᠬᠤ ᠦᠭᠡᠢ ᠶᠤᠮ᠃
ᠥᠭᠡᠷᠡᠴᠢᠯᠡᠯᠲᠡ ᠨᠡᠭᠡᠭᠡᠯᠲᠡ᠎ᠨᠢ ᠳᠤᠮᠳᠠᠳᠤ ᠤᠯᠤᠰ᠎ᠢ ᠦᠳᠲᠡᠷ ᠲᠦᠷᠭᠡᠨ ᠵᠶ᠋ᠡᠷ ᠳᠡᠯᠡᠬᠡᠢ ᠵᠢᠨ ᠵᠠᠬ᠎ᠠ ᠳᠡᠯᠭᠡᠭᠦᠷ᠎ᠲᠤ ᠣᠷᠣᠭᠤᠯᠵᠤ᠂ ᠶᠡᠬᠡ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠬᠦ ᠪᠤᠯᠭ᠋ᠠᠬᠰᠠᠨ᠎ᠤ ᠴᠢᠬᠤᠯᠠ ᠨᠢᠭᠡ ᠵᠤᠷᠪᠤᠰ ᠪᠣᠯ ᠭᠠᠳᠠᠭ᠋ᠠᠳᠤ ᠪᠡᠯᠡ ᠵᠢ ᠢᠳᠡᠪᠬᠢᠲᠡᠢ ᠠᠰᠢᠭᠯᠠᠭᠰᠠᠨ ᠶᠠᠪᠤᠳᠠᠯ ᠪᠣᠯᠣᠨ᠎ᠠ᠃ 1979 ᠣᠨ᠎ᠳᠤ ᠳᠤᠮᠳᠠᠳᠤ ᠤᠯᠤᠰ᠎ᠠᠴᠠ ᠳᠤᠮᠳᠠᠳᠤ ᠭᠠᠳᠠᠭ᠋ᠠᠳᠤ ᠪᠡᠯᠡ ᠵᠢᠨ ᠨᠡᠢ᠌ᠯᠡᠭᠦᠯᠦᠨ ᠡᠵᠡᠩᠨᠡᠬᠦ ᠠᠵᠤ ᠠᠬᠤᠢ᠌ᠯᠠᠯ᠎ᠤᠨ ᠬᠠᠤᠯᠢ ᠵᠢ ᠨᠡᠢ᠌ᠲᠡᠯᠡᠵᠦ᠂ ᠭᠠᠳᠠᠭ᠋ᠠᠳᠤ ᠵᠢᠨ ᠪᠡᠯᠡ ᠵᠢ ᠠᠰᠢᠭᠯᠠᠬᠤ ᠡᠭᠦᠳᠡ ᠵᠢ ᠠᠯᠬᠤᠮ ᠠᠯᠬᠤᠮ ᠵᠶ᠋ᠠᠷ ᠨᠡᠭᠡᠭᠡᠪᠡ᠃ 1992 ᠣᠨ᠎ᠳᠤ ᠳᠤᠮᠳᠠᠳᠤ ᠤᠯᠤᠰ᠎ᠠᠴᠠ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠯ᠎ᠢ ᠪᠠᠢ᠌ᠭᠤᠯᠬᠤ᠎ᠪᠠᠷ ᠲᠣᠭᠲᠠᠵᠤ᠂ ᠭᠠᠳᠠᠭ᠋ᠠᠳᠤ ᠵᠢᠨ ᠠᠵᠤ ᠠᠬᠤᠢ᠌ᠯᠠᠯ ᠳᠤᠮᠳᠠᠳᠤ ᠤᠯᠤᠰ᠎ᠲᠤ ᠪᠡᠯᠡ ᠣᠷᠣᠭᠤᠯᠬᠤ ᠵᠢ ᠪᠦᠭᠦ ᠲᠠᠯ᠎ᠠ᠎ᠪᠠᠷ ᠲᠦᠷᠭᠡᠳᠬᠡᠪᠡ᠃ 2001 ᠣᠨ᠎ᠳᠤ ᠳᠤᠮᠳᠠᠳᠤ ᠤᠯᠤᠰ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠢ᠌ᠭᠤᠯᠤᠯᠲᠠ᠎ᠳᠤ ᠵᠢᠩᠬᠢᠨᠢ᠎ᠪᠠᠷ ᠣᠷᠣᠵᠤ᠂ ᠭᠠᠳᠠᠭ᠋ᠠᠳᠤ ᠵᠢᠨ ᠠᠵᠤ ᠠᠬᠤᠢ᠌ᠯᠠᠯ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠬᠤ᠎ᠨᠢ ᠤᠯᠠᠮ᠎ᠠᠴᠠ ᠤᠯᠠᠮ ᠣᠯᠠᠰᠢᠷᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠤᠨ ᠳᠠᠷᠠᠭ᠎ᠠ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠰᠢᠨ᠎ᠡ ᠱᠠᠲᠤᠨ᠎ᠳᠤ ᠣᠷᠣᠵᠤ᠂ ᠭᠠᠳᠠᠭ᠋ᠠᠳᠤ ᠪᠡᠯᠡ ᠵᠢ ᠠᠰᠢᠭᠯᠠᠬᠤ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠪᠠ᠃ ᠣᠳᠣᠬᠠᠨ ᠪᠤᠯᠲᠠᠯ᠎ᠠ ᠭᠠᠳᠠᠭ᠋ᠠᠳᠤ ᠵᠢᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠲᠠᠬᠢ ᠪᠡᠯᠡ ᠤᠷᠤᠭᠤᠯᠤᠯᠲᠠ 20 ᠠᠵᠢᠯ ᠲᠥᠷᠥᠯ᠎ᠤᠨ ᠲᠦᠷᠦᠯ ᠵᠦᠢ᠍ᠯ᠂ 115 ᠠᠵᠢᠯ ᠲᠥᠷᠥᠯ᠎ᠤᠨ ᠲᠣᠮᠣ ᠲᠥᠷᠥᠯ᠎ᠢ ᠪᠦᠷᠬᠦᠵᠦ᠂ ᠨᠡᠢ᠌ᠲᠡ 124 ᠲᠦᠮᠡᠨ ᠡᠷᠦᠭᠡ ᠠᠵᠤ ᠠᠬᠤᠢ᠌ᠯᠠᠯ᠎ᠢ ᠪᠠᠢ᠌ᠭᠤᠯᠵᠤ᠂ ᠪᠡᠯᠡ ᠣᠷᠣᠭᠤᠯᠤᠯᠲᠠ ᠵᠢᠨ ᠬᠡᠮᠵᠢᠶ᠎ᠡ᠎ᠨᠢ 3 ᠲᠦᠮᠡᠨ ᠳ᠋ᠦᠩᠰᠢᠭᠤᠷ ᠭᠠᠷᠤᠢ ᠳ᠋ᠣᠯᠯᠠᠷ᠎ᠲᠤ ᠬᠦᠷᠴᠡᠢ᠃
ᠭᠠᠳᠠᠭ᠋ᠠᠳᠤ ᠵᠢᠨ ᠠᠵᠤ ᠠᠬᠤᠢ᠌ᠯᠠᠯ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠵᠤ᠂ ᠳᠤᠮᠳᠠᠳᠤ ᠤᠯᠤᠰ᠎ᠤᠨ ᠬᠥᠭᠵᠢᠯᠲᠡ᠎ᠳᠤ ᠴᠢᠬᠤᠯᠠ ᠦᠢ᠍ᠯᠡᠳᠦᠯ ᠦᠵᠡᠭᠦᠯᠪᠡ᠃ ᠨᠢᠭᠡ᠎ᠳᠤ ᠳᠤᠮᠳᠠᠳᠤ ᠤᠯᠤᠰ᠎ᠤᠨ ᠠᠵᠤ ᠠᠬᠤᠢ ᠵᠢᠨ ᠨᠡᠮᠡᠭᠳᠡᠯ ᠪᠠ ᠠᠵᠢᠯ ᠣᠯᠭᠣᠯᠲᠠ ᠵᠢ ᠲᠠᠢ᠌ᠴᠢᠯᠠᠪᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠨᠢ ᠳᠤᠮᠳᠠᠳᠤ ᠤᠯᠤᠰ᠎ᠤᠨ 1/3 ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ᠂ 1/4 ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠂ 1/7 ᠵᠢᠨ ᠭᠠᠢ᠌ᠯᠢ ᠲᠠᠲᠠᠪᠤᠷᠢ᠎ᠳᠤ ᠬᠤᠪᠢ ᠨᠡᠮᠡᠷᠢ ᠦᠵᠡᠭᠦᠯᠵᠦ᠂ 3000 ᠲᠦᠮᠡ ᠭᠠᠷᠤᠢ ᠠᠵᠢᠯ᠎ᠤᠨ ᠪᠠᠢ᠌ᠷᠢ ᠵᠢ ᠡᠭᠦᠳᠪᠡ᠃ ᠬᠣᠶᠠᠷ᠎ᠲᠤ ᠳᠤᠮᠳᠠᠳᠤ ᠤᠯᠤᠰ᠎ᠤᠨ ᠮᠡᠷᠭᠡᠵᠢᠯ ᠪᠣᠯᠣᠨ ᠬᠠᠮᠢᠶᠠᠷᠤᠯᠲᠠ ᠵᠢᠨ ᠲᠡᠪᠰᠢᠯᠳᠠ ᠵᠢ ᠠᠬᠢᠭᠤᠯᠪᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠠᠪᠴᠢᠷᠠᠭᠰᠠᠨ ᠲᠡᠷᠢᠭᠦᠨ᠎ᠤ ᠮᠡᠷᠭᠡᠵᠢᠯ ᠪᠠ ᠬᠠᠮᠢᠶᠠᠷᠤᠯᠲᠠ ᠵᠢᠨ ᠲᠤᠷᠰᠢᠯᠭ᠎ᠠ᠎ᠨᠢ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠬᠥᠭᠵᠢᠯᠲᠡ ᠪᠠ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ᠎ᠳᠤ ᠢᠳᠡᠪᠬᠢᠲᠡᠢ ᠨᠥᠯᠥᠭᠡ ᠦᠵᠡᠭᠦᠯᠪᠡ᠃ ᠥᠩᠭᠡᠷᠡᠭᠰᠡᠨ 10 ᠵᠢᠯ᠎ᠳᠤ ᠳᠤᠮᠳᠠᠳᠤ ᠤᠯᠤᠰ᠎ᠲᠤ ᠪᠠᠢ᠌ᠭ᠎ᠠ ᠬᠡᠪᠴᠢᠶᠡᠵᠢᠯ᠎ᠠᠴᠠ ᠳᠡᠭᠡᠭᠰᠢᠬᠢ ᠭᠠᠳᠠᠭ᠋ᠠᠳᠤ ᠪᠡᠯᠡ ᠵᠢᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ 86.4%᠎ᠪᠠᠷ ᠨᠡᠮᠡᠭᠳᠡᠵᠦ᠂ ᠪᠦᠲᠦᠮᠵᠢᠲᠡᠢ ᠡᠭᠦᠳᠦᠯᠲᠡ ᠵᠢᠨ ᠲᠤᠰᠬᠠᠢ ᠠᠰᠢᠭ᠎ᠤᠨ ᠲᠣᠭ᠎ᠠ 336%᠎ᠪᠠᠷ ᠨᠡᠮᠡᠭᠳᠡᠪᠡ᠃ ᠭᠤᠷᠪᠠ᠎ᠳᠤ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠵᠢ ᠠᠬᠢᠭᠤᠯᠪᠠ᠃ ᠳᠤᠮᠳᠠᠳᠤ ᠤᠯᠤᠰ᠎ᠤᠨ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠠᠵᠢᠯ᠎ᠤᠨ ᠬᠤᠪᠢᠶᠠᠷᠢᠯᠠᠯ᠎ᠳᠤ ᠭᠦᠨᠵᠡᠭᠡᠢ ᠣᠷᠤᠯᠴᠠᠬᠤ ᠵᠢ ᠠᠬᠢᠭᠤᠯᠵᠤ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠠᠵᠤ ᠠᠬᠤᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠮᠢ ᠠᠬᠤᠢ ᠵᠡᠷᠭᠡ ᠤᠯᠠᠨ ᠲᠠᠯ᠎ᠠ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠪᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠪᠠᠰᠠ ᠳᠤᠮᠳᠠᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠠᠵᠢᠯᠯᠠᠭ᠎ᠠ ᠪᠣᠯᠣᠨ ᠨᠡᠢ᠌ᠭᠡᠮ᠎ᠤᠨ ᠨᠡᠢ᠌ᠲᠡ ᠵᠢᠨ ᠠᠰᠠᠷᠠᠮᠵᠢ ᠵᠢᠨ ᠪᠤᠰᠤᠳ ᠦᠢ᠍ᠯᠡᠰ᠎ᠲᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠲᠠᠢ ᠭᠦᠨ ᠵᠤᠵᠠᠭ᠋ᠠᠨ ᠨᠥᠬᠥᠷᠯᠡᠯ ᠪᠠᠢ᠌ᠭᠤᠯᠪᠠ᠃
ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠪᠣᠯᠣᠨ ᠰᠢᠨ᠎ᠡ ᠵᠢ ᠡᠭᠦᠳᠬᠦ ᠡᠭᠦᠳᠦᠨ ᠪᠦᠲᠦᠭᠡᠯᠲᠡ ᠵᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ᠎ᠤᠨ ᠳᠡᠯᠡᠬᠡᠢ ᠳ᠋ᠠᠬᠢᠨ᠎ᠢ ᠬᠣᠯᠪᠣᠨ ᠨᠡᠪᠲᠡᠷᠡᠯᠴᠡᠭᠦᠯᠬᠦ᠂ ᠠᠵᠤ ᠠᠬᠤᠢ ᠵᠢᠨ ᠳᠡᠯᠡᠬᠡᠢ᠌ᠵᠢᠯᠲᠡ᠎ᠳᠤ ᠠᠭᠤᠰᠤᠯᠴᠠᠬᠤ ᠵᠢᠨ ᠴᠢᠬᠤᠯᠠ ᠣᠷᠣᠯᠴᠠᠭᠴᠢ ᠮᠥᠨ ᠭᠡᠳᠡᠭ᠎ᠢ ᠦᠢ᠍ᠯᠡᠳᠦᠯᠭᠡ ᠭᠡᠷᠡᠴᠢᠯᠡᠪᠡ᠃ ᠡᠨᠳᠡ ᠪᠢ ᠳᠤᠮᠳᠠᠳᠤ ᠤᠯᠤᠰ᠎ᠤᠨ ᠬᠥᠭᠵᠢᠯᠲᠡ᠎ᠳᠤ ᠣᠷᠣᠯᠴᠠᠬᠰᠠᠨ ᠪᠠ ᠲᠡᠭᠦᠨ᠎ᠢ ᠳᠡᠮᠵᠢᠭᠰᠡᠨ ᠪᠤᠢ ᠪᠦᠬᠦᠢ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠬᠤ᠎ᠪᠠᠨ ᠢᠯᠡᠳᠬᠡᠶ᠎ᠡ!
ᠭᠠᠳᠠᠭ᠋ᠠᠳᠤ ᠵᠢᠨ ᠠᠵᠤ ᠠᠬᠤᠢ᠌ᠯᠠᠯ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠤᠭ᠋ᠠᠳ ᠨᠡᠢ᠌ᠳᠡᠮ᠎ᠳᠡᠭᠡᠨ ᠡᠯᠪᠡᠭ ᠳᠡᠯᠪᠡᠭ ᠠᠴᠢ ᠬᠠᠷᠢᠭᠤ ᠣᠯᠵᠤ ᠪᠠᠢ᠌ᠬᠤ ᠵᠢ ᠪᠢᠳᠡ ᠪᠠᠶᠠᠷᠲᠠᠢ᠎ᠪᠠᠷ ᠣᠯᠵᠤ ᠬᠠᠷᠠᠯ᠎ᠠ᠃ ᠵᠠᠷᠢᠮ᠎ᠨᠢ ᠲᠠᠩ ᠭᠠᠭᠴᠠ ᠲᠤᠬᠠᠢ᠌ᠯᠠᠭᠰᠠᠨ ᠠᠵᠢᠯ ᠵᠶ᠋ᠠᠨ ᠶᠡᠷᠦᠩᠬᠡᠢ᠌ᠯᠡᠭᠰᠡᠨ ᠡᠵᠡᠩᠨᠡᠯᠲᠡ ᠪᠣᠯᠭ᠋ᠠᠨ ᠥᠷᠭᠡᠳᠬᠡᠵᠦ᠂ ᠵᠠᠷᠢᠮ᠎ᠨᠢ ᠨᠢᠭᠡ ᠭᠠᠵᠠᠷ᠎ᠲᠤ ᠡᠵᠡᠩᠨᠡᠵᠦ ᠪᠠᠢ᠌ᠭᠰᠠᠨ᠎ᠠᠴᠠ᠎ᠪᠠᠨ ᠤᠯᠠᠨ ᠭᠠᠵᠠᠷ᠎ᠲᠤ ᠪᠦᠭᠦ ᠲᠠᠯ᠎ᠠ᠎ᠪᠠᠷ ᠬᠥᠭᠵᠢᠵᠦ᠂ ᠵᠠᠷᠢᠮ᠎ᠨᠢ ᠨᠢᠭᠡ ᠦᠢ᠍ᠯᠡᠳᠪᠦᠷᠢ᠎ᠠᠴᠠ᠎ᠪᠠᠨ ᠠᠵᠤ ᠠᠬᠤᠢ᠌ᠯᠠᠯ᠎ᠤᠨ ᠪᠦᠯᠦᠭᠯᠡᠯ ᠪᠣᠯᠣᠨ ᠪᠤᠵᠠᠭ᠋ᠠᠢ᠌ᠷᠠᠵᠤ᠂ ᠠᠵᠤ ᠠᠬᠤᠢ᠌ᠯᠠᠯ᠎ᠤᠨ ᠪᠣᠳᠠᠲᠤ ᠬᠦᠴᠦᠨ᠎ᠨᠢ ᠬᠡᠳᠦᠨ ᠲᠠᠭᠢᠨ᠂ ᠬᠡᠳᠦᠨ ᠠᠷᠪᠠᠨ ᠲᠠᠭᠢᠨ ᠴᠢᠨᠠᠭᠰᠢᠯᠠᠪᠠᠯ ᠵᠠᠭᠤ ᠭᠠᠷᠤᠢ ᠲᠠᠭᠢᠨ ᠵᠶ᠋ᠠᠷ ᠨᠡᠮᠡᠭᠳᠡᠵᠦ ᠪᠠᠢ᠌ᠨ᠎ᠠ᠃ ᠶᠠᠭ ᠳᠤᠮᠳᠠᠳᠤ ᠤᠯᠤᠰ᠎ᠤᠨ ᠡᠷᠲᠡᠨ᠎ᠤ ᠦᠭᠡᠨ᠎ᠳᠤ ᠬᠡᠯᠡᠭᠰᠡᠨ 《ᠮᠤᠳᠤᠷ ᠵᠢᠮᠢᠰ᠎ᠤᠨ ᠠᠴᠢ ᠵᠢ ᠴᠡᠪᠡᠷ ᠬᠠᠰ ᠵᠶ᠋ᠡᠷ ᠬᠠᠷᠢᠭᠤᠯᠤᠮᠤᠢ》 ᠭᠡᠳᠡᠭᠴᠢᠯᠡᠨ᠂ ᠡᠨᠡ᠎ᠨᠢ ᠳᠠᠷᠤᠢ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠬᠠᠷᠠᠭᠤᠯᠵᠤ ᠪᠠᠢ᠌ᠨ᠎ᠠ᠃
ᠬᠣᠶᠠᠷ᠂ ᠳᠤᠮᠳᠠᠳᠤ ᠤᠯᠤᠰ ᠣᠷᠳᠣ ᠬᠤᠭᠤᠴᠠᠭ᠎ᠠ᠎ᠪᠠᠷ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠪᠡᠯᠡ ᠣᠷᠣᠭᠤᠯᠵᠤ ᠦᠢ᠍ᠯᠡᠰ ᠵᠢᠡᠨ ᠬᠥᠭᠵᠢᠭᠦᠯᠬᠦ ᠰᠢᠮᠡᠲᠦ ᠬᠥᠷᠥᠰᠥ ᠪᠣᠯᠣᠨ᠎ᠠ
ᠤᠯᠠᠨ ᠵᠢᠯ᠎ᠤᠨ ᠲᠤᠷᠰᠢ᠂ ᠳᠤᠮᠳᠠᠳᠤ ᠤᠯᠤᠰ ᠢᠮᠠᠭᠲᠠ ᠳᠡᠯᠡᠬᠡᠢ ᠵᠢᠨ ᠠᠵᠤ ᠠᠬᠤᠢ ᠵᠢᠨ ᠨᠡᠮᠡᠭᠳᠡᠯ᠎ᠤᠨ ᠭᠣᠣᠯ ᠬᠤᠪᠢ ᠨᠡᠮᠡᠷᠢ ᠦᠵᠡᠭᠦᠯᠦᠭᠴᠢ ᠪᠠ ᠲᠣᠭᠲᠠᠪᠤᠷᠢᠵᠢᠭᠤᠯᠤᠭᠴᠢ ᠪᠣᠯᠵᠤ᠂ ᠤᠳᠤ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠭᠦ ᠲᠠᠯ᠎ᠠ᠎ᠪᠠᠷ ᠠᠬᠢᠭᠤᠯᠵᠤ᠂ ᠠᠵᠢᠯ ᠦᠢ᠍ᠯᠡᠰ᠎ᠤᠨ ᠲᠠᠪᠴᠠᠩ ᠶᠡᠬᠡ᠂ ᠵᠠᠬ᠎ᠠ ᠳᠡᠯᠭᠡᠭᠦᠷ᠎ᠤᠨ ᠢᠷᠡᠭᠡᠳᠦᠢ ᠥᠷᠭᠡᠨ᠂ ᠲᠦᠷᠦ ᠵᠢᠨ ᠪᠣᠳᠣᠯᠭ᠎ᠠ ᠵᠢᠨ ᠵᠢᠱ᠌ᠢᠯᠲᠡ ᠲᠣᠭᠲᠠᠭᠤᠨ᠂ ᠠᠮᠤᠷ ᠲᠦᠪᠰᠢᠨ᠎ᠤ ᠪᠠᠢ᠌ᠳᠠᠯ ᠰᠠᠢ᠌ᠨ ᠪᠠᠢ᠌ᠨ᠎ᠠ᠂ ᠶᠠᠭ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠪᠡᠯᠡ ᠣᠷᠣᠭᠤᠯᠵᠤ ᠦᠢ᠍ᠯᠡᠰ ᠵᠢᠡᠨ ᠬᠥᠭᠵᠢᠭᠦᠯᠬᠦ᠎ᠳᠤ ᠠᠰᠢᠭᠲᠠᠢ ᠰᠢᠮᠡᠲᠦ ᠬᠥᠷᠥᠰᠥ ᠪᠣᠯᠣᠨ᠎ᠠ᠃
ᠭᠠᠳᠠᠭ᠋ᠠᠳᠤ ᠨᠡᠭᠡᠭᠡᠯᠲᠡ ᠪᠣᠯ ᠳᠤᠮᠳᠠᠳᠤ ᠤᠯᠤᠰ᠎ᠤᠨ ᠦᠨᠳᠦᠰᠦᠨ ᠤᠯᠤᠰ᠎ᠤᠨ ᠪᠣᠳᠣᠯᠭ᠎ᠠ ᠮᠥᠨ᠂ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠳᠦᠷᠢᠮ᠂ ᠲᠣᠭᠲᠠᠭ᠋ᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ ᠪᠠᠢ᠌ᠨ᠎ᠠ᠃ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠵᠢ ᠭᠤᠢ᠌ᠪᠢᠰᠢ ᠦᠭᠡᠢ ᠠᠬᠢᠭᠤᠯᠵᠤ᠂ ᠨᠡᠭᠡᠭᠡᠯᠲᠡ ᠬᠢᠬᠦ ᠡᠭᠦᠳᠡ᠎ᠪᠠᠨ ᠶᠠᠪᠤᠬᠤ ᠳᠤᠳᠤᠮ ᠶᠡᠬᠡ ᠨᠡᠭᠡᠭᠡᠵᠦ᠂ ᠭᠠᠳᠠᠭ᠋ᠠᠳᠤ ᠪᠡᠯᠡ ᠵᠢ ᠠᠰᠢᠭᠯᠠᠬᠤ ᠳᠦᠷᠦ ᠵᠢᠨ ᠪᠣᠳᠣᠯᠭ᠎ᠠ ᠬᠤᠪᠢᠷᠠᠭᠰᠠᠨ ᠦᠭᠡᠢ ᠮᠥᠷᠲᠡᠭᠡᠨ ᠬᠤᠪᠢᠷᠠᠭᠤᠯᠬᠤ ᠴᠤ᠌ ᠦᠭᠡᠢ ᠶᠤᠮ ᠭᠡᠳᠡᠭ᠎ᠢ ᠪᠢ ᠡᠨᠳᠡ ᠳᠤᠷᠠᠲᠠᠶ᠎ᠠ ᠳᠠᠬᠢᠨᠲᠠ ᠢᠯᠡᠷᠬᠡᠢ᠌ᠯᠡᠶᠡ᠃
ᠳᠤᠮᠳᠠᠳᠤ ᠤᠯᠤᠰ ᠪᠣᠯ ᠪᠦᠭᠦ ᠪᠥᠮᠪᠥᠷᠴᠡᠭ᠎ᠤᠨ ᠬᠣᠶᠠᠳᠤᠭ᠋ᠠᠷ ᠲᠣᠮᠣ ᠬᠡᠷᠡᠭᠯᠡᠭᠡ ᠵᠢᠨ ᠵᠠᠬ᠎ᠠ ᠳᠡᠯᠭᠡᠭᠦᠷ ᠪᠣᠯᠣᠨ᠎ᠠ᠂ ᠪᠦᠭᠦ ᠪᠥᠮᠪᠥᠷᠴᠡᠭ᠎ᠤᠨ ᠬᠠᠮᠤᠭ᠎ᠤᠨ ᠶᠡᠬᠡ ᠬᠡᠪᠴᠢᠶ᠎ᠡ᠎ᠲᠠᠢ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ᠎ᠲᠠᠢ ᠪᠠᠢ᠌ᠵᠤ᠂ ᠲᠡᠭᠦᠨ᠎ᠳᠤ ᠯᠤᠲᠤ ᠶᠡᠬᠡ ᠪᠡᠯᠡ ᠣᠷᠣᠭᠤᠯᠤᠯᠲᠠ ᠪᠠ ᠬᠡᠷᠡᠭᠯᠡᠭᠡᠨ᠎ᠤ ᠲᠠᠯᠳᠠ ᠬᠦᠴᠦᠨ ᠠᠭᠤᠯᠤᠭᠳᠠᠵᠤ ᠪᠠᠢ᠌ᠳᠠᠭ᠃ ᠳᠤᠮᠳᠠᠳᠤ ᠤᠯᠤᠰ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠪᠡᠶᠡᠯᠡᠭᠦᠯᠵᠦ᠂ ᠪᠣᠬᠢᠷᠳᠤᠯ ᠦᠭᠡᠢ᠂ ᠲᠣᠭ᠋ᠠᠴᠢᠯᠠᠯᠲᠠ᠂ ᠣᠶᠤᠨᠴᠢᠯᠠᠯᠲᠠ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠰ᠎ᠤᠨ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠢ᠌ᠬᠤ ᠪᠣᠯ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ ᠵᠢᠨ ᠬᠠᠮᠤᠭ᠎ᠤᠨ ᠰᠠᠢ᠌ᠨ ᠬᠡᠷᠡᠭᠯᠡᠭᠡ ᠵᠢᠨ ᠦᠵᠡᠭᠳᠡᠯ ᠪᠣᠯᠣᠨ᠎ᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠳᠤᠮᠳᠠᠳᠤ ᠤᠯᠤᠰ᠎ᠲᠤ ᠳᠠᠪᠠᠭᠤᠯᠢᠭ ᠪᠠ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ᠂ ᠪᠦᠭᠦ ᠪᠥᠮᠪᠥᠷᠴᠡᠭ᠎ᠤᠨ ᠥᠷᠢᠰᠦᠯᠳᠦᠭᠡᠨ᠎ᠤ ᠳᠤᠮᠳᠠ ᠲᠡᠷᠢᠭᠦᠨ ᠲᠣᠭᠢᠶᠠᠯ᠎ᠢ ᠣᠯᠵᠤ ᠪᠣᠯᠣᠨ᠎ᠠ᠃
ᠳᠤᠮᠳᠠᠳᠤ ᠤᠯᠤᠰ ᠨᠢᠭᠡᠨᠲᠡ ᠭᠠᠳᠠᠭ᠋ᠠᠳᠤ ᠪᠡᠯᠡ ᠵᠢ ᠠᠰᠢᠭᠯᠠᠬᠤ ᠨᠡᠯᠢᠶᠡᠳ ᠪᠦᠷᠢᠨ ᠲᠡᠭᠦᠯᠳᠡᠷ ᠬᠠᠤᠯᠢ ᠲᠣᠭᠲᠠᠭ᠋ᠠᠯ ᠲᠦᠷᠦ ᠵᠢᠨ ᠪᠣᠳᠣᠯᠭ᠎ᠠ ᠵᠢᠨ ᠰᠢᠰᠲ᠋ᠧᠮ ᠪᠠ ᠠᠵᠢᠯ᠎ᠤᠨ ᠰᠢᠰᠲ᠋ᠧᠮ᠎ᠢ ᠪᠦᠷᠢᠯᠳᠦᠭᠦᠯᠪᠡ᠃ ᠪᠢᠳᠡ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠲᠣᠭᠲᠠᠭ᠋ᠠᠯᠲᠠ ᠵᠢ ᠴᠢᠩᠭ᠋ᠠᠳᠬᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠥᠮᠴᠢᠯᠡᠯᠲᠡ ᠵᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ᠎ᠪᠠᠷ ᠵᠠᠰᠠᠭᠰᠠᠨ᠂ ᠳᠡᠯᠡᠬᠡᠢ᠌ᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠢᠳᠡᠪᠬᠢᠲᠡᠢ ᠪᠤᠢ ᠪᠤᠯᠭ᠋ᠠᠵᠤ᠂ ᠢᠯᠡ ᠲᠣᠳᠣ᠂ ᠲᠣᠭᠲᠠᠭᠤᠨ᠂ ᠵᠢᠱ᠌ᠢᠵᠦ ᠪᠣᠯᠬᠤᠢ᠌ᠴᠠ ᠲᠦᠷᠦ ᠵᠢᠨ ᠪᠣᠳᠣᠯᠭ᠎ᠠ ᠵᠢᠨ ᠣᠷᠴᠢᠨ ᠨᠥᠬᠥᠴᠡᠯ᠎ᠢ ᠪᠤᠢ ᠪᠤᠯᠭ᠋ᠠᠵᠤ᠂ ᠭᠠᠳᠠᠭ᠋ᠠᠳᠤ ᠪᠡᠯᠡ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠬᠠᠮᠤᠭ ᠠᠩᠬ᠎ᠠ 190 ᠵᠦᠢ᠍ᠯ ᠪᠠᠢ᠌ᠭᠰᠠᠨ᠎ᠠᠴᠠ ᠬᠠᠰᠤᠭ᠋ᠠᠳ ᠤᠳᠤ ᠵᠢᠨ ᠪᠦᠭᠦ ᠤᠯᠤᠰ᠎ᠤᠨ ᠬᠡᠪᠯᠡᠯ᠎ᠤᠨ 29 ᠵᠦᠢ᠍ᠯ ᠪᠠ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠬᠡᠪᠯᠡᠯ᠎ᠤᠨ 27 ᠵᠦᠢ᠍ᠯ ᠪᠤᠯᠭ᠋ᠠᠵᠤ᠂ ᠦᠢ᠍ᠯᠡᠳᠬᠦ ᠦᠢ᠍ᠯᠡᠰ᠎ᠤᠨ ᠬᠦᠷᠢᠶᠡᠨ᠎ᠳᠤ 《ᠳᠠᠭᠤᠰᠬᠠᠬᠤ》 ᠵᠢ ᠪᠡᠶᠡᠯᠡᠭᠦᠯᠪᠡ᠃ ᠣᠢ᠌ᠷ᠎ᠠ ᠵᠢᠨ ᠬᠡᠳᠦᠨ ᠵᠢᠯ᠎ᠳᠤ᠂ ᠣᠯᠠᠨ ᠤᠯᠤᠰ᠎ᠤᠨ ᠠᠵᠤ ᠠᠬᠤᠢ ᠵᠢᠨ ᠣᠷᠴᠢᠨ ᠨᠥᠬᠥᠴᠡᠯ᠎ᠤᠨ ᠬᠤᠪᠢᠷᠠᠯᠲᠠ ᠨᠡᠯᠢᠶᠡᠳ ᠶᠡᠬᠡ ᠪᠠᠢ᠌ᠵᠤ᠂ ᠪᠢᠳᠡ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠬᠤ ᠰᠢᠷᠢᠰ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ 《ᠳᠤᠮᠳᠠᠳᠤ ᠤᠯᠤᠰ᠎ᠲᠤ ᠪᠡᠯᠡ ᠣᠷᠣᠭᠤᠯᠬᠤ》 ᠲᠦᠷᠦᠯ ᠲᠡᠮᠳᠡᠭ᠎ᠢ ᠦᠷᠭᠦᠯᠵᠢᠯᠡᠨ ᠡᠭᠦᠳᠴᠦ᠂ ᠡᠯ᠎ᠡ ᠭᠠᠵᠠᠷ᠎ᠤᠨ᠎ᠬᠢᠨ ᠴᠥᠮ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠳᠤ ᠦᠢ᠍ᠯᠡᠴᠢᠯᠡᠬᠦ ᠪᠠᠲᠤᠯᠠᠭ᠎ᠠ᠎ᠪᠠᠨ ᠴᠢᠩᠭ᠋ᠠᠳᠬᠠᠪᠠ᠂ ᠡᠨᠡ ᠲᠠᠯ᠎ᠠ ᠵᠢᠨ ᠠᠵᠢᠯ᠎ᠢ ᠶᠠᠪᠤᠬᠤ ᠲᠤᠲᠤᠮ ᠰᠠᠢ᠌ᠨ ᠬᠢᠬᠦ ᠪᠣᠯᠣᠨ᠎ᠠ᠃
ᠳᠤᠮᠳᠠᠳᠤ ᠤᠯᠤᠰ ᠤᠷᠳᠤ ᠬᠤᠭᠤᠴᠠᠭ᠎ᠠ᠎ᠪᠠᠷ ᠤᠯᠤᠰ ᠲᠦᠷᠦ ᠵᠢᠨ ᠪᠠᠢ᠌ᠳᠠᠯ ᠲᠣᠭᠲᠠᠭᠤᠨ᠂ ᠨᠡᠢ᠌ᠭᠡᠮ ᠠᠮᠤᠷ ᠲᠣᠭᠲᠠᠭᠤᠨ ᠪᠠᠢ᠌ᠬᠤ ᠵᠢ ᠪᠠᠲᠤᠯᠠᠵᠤ᠂ ᠳᠡᠯᠡᠬᠡᠢ ᠨᠡᠢ᠌ᠲᠡ᠎ᠳᠤ ᠮᠡᠳᠡᠷᠡᠭᠳᠡᠭᠰᠡᠨ ᠬᠠᠮᠤᠭ᠎ᠤᠨ ᠠᠮᠤᠷ ᠲᠦᠪᠰᠢᠨ ᠤᠯᠤᠰ᠎ᠤᠨ ᠨᠢᠭᠡ ᠮᠥᠨ᠃ ᠤᠯᠠᠨ ᠵᠶ᠋ᠠᠷ ᠵᠶ᠋ᠠᠨ ᠳᠤᠮᠳᠠᠳᠤ ᠤᠯᠤᠰ᠎ᠲᠤ ᠠᠵᠢᠯᠯᠠᠵᠤ ᠠᠮᠢᠳᠤᠷᠠᠵᠤ᠂ ᠡᠶ᠎ᠡ ᠡᠪ᠎ᠢ ᠡᠷᠬᠢᠮᠯᠡᠨ᠂ ᠡᠶ᠎ᠡ ᠨᠠᠢ᠌ᠷᠲᠠᠢ ᠬᠠᠮᠲᠤ ᠣᠷᠣᠰᠢᠬᠤ ᠪᠣᠯᠪᠠᠰᠤᠨ᠎ᠤ ᠤᠯᠠᠮᠵᠢᠯᠠᠯ᠎ᠢ ᠣᠢ᠌ᠯᠠᠭ᠋ᠠᠨ ᠮᠡᠳᠡᠷᠡᠵᠦ᠂ ᠢᠲᠡᠭᠡᠯ᠎ᠢ ᠵᠢᠷᠤᠮᠯᠠᠨ ᠡᠪ᠎ᠢ ᠬᠢᠴᠢᠶᠡᠬᠦ᠂ ᠲᠦᠷᠦᠯ ᠰᠠᠲᠤᠨᠲᠠᠢᠪᠠᠨ ᠳᠣᠲᠣᠨᠣ᠂ ᠬᠥᠷᠰᠢ ᠵᠡᠷᠭᠡᠯᠡᠳᠡᠭᠡ᠎ᠲᠠᠢ᠎ᠪᠠᠨ ᠨᠥᠭᠦᠷᠰᠡᠭ ᠨᠡᠢ᠌ᠭᠡᠮ᠎ᠤᠨ ᠠᠭᠤᠷ ᠠᠮᠢᠰᠬᠤᠯ᠎ᠢ ᠪᠡᠶᠡᠴᠢᠯᠡᠨ ᠣᠢ᠌ᠯᠠᠭ᠋ᠠᠬᠤ ᠵᠢ ᠢᠲᠡᠭᠡᠵᠦ ᠪᠠᠢ᠌ᠨ᠎ᠠ᠃
ᠶᠡᠷᠦᠩᠬᠡᠢ᠌ᠯᠡᠭᠡᠳ ᠬᠡᠯᠡᠪᠡᠯ᠂ ᠳᠤᠮᠳᠠᠳᠤ ᠤᠯᠤᠰ ᠥᠩᠭᠡᠷᠡᠭᠰᠡᠨ᠎ᠳᠤ᠂ ᠤᠳᠤ᠂ ᠢᠷᠡᠭᠡᠳᠦᠢ᠎ᠳᠤ ᠴᠦ᠍ ᠭᠡᠰᠡᠨ ᠯᠠᠪᠲᠠᠢ ᠭᠠᠳᠠᠭ᠋ᠠᠳᠤ ᠵᠢᠨ ᠠᠷᠠᠯᠵᠢᠶᠠᠴᠢᠨ᠎ᠤ ᠬᠦᠰᠡᠵᠦ ᠪᠠᠢ᠌ᠭ᠎ᠠ᠂ ᠠᠮᠤᠷ ᠲᠦᠪᠰᠢᠨ᠂ ᠵᠢᠳᠬᠦᠯ ᠴᠢᠷᠮᠠᠢ᠌ᠯᠭ᠎ᠠ ᠭᠠᠷᠭ᠋ᠠᠵᠤ ᠳᠡᠢ᠌ᠯᠭᠦ ᠪᠡᠯᠡ ᠣᠷᠣᠭᠤᠯᠤᠯᠲᠠ ᠵᠢᠨ ᠵᠣᠷᠢᠭᠰᠠᠨ ᠭᠠᠵᠠᠷ ᠪᠣᠯᠣᠨ᠎ᠠ᠂ ᠳᠤᠮᠳᠠᠳᠤ ᠤᠯᠤᠰ᠎ᠲᠠᠢ ᠬᠠᠮᠲᠤ ᠤᠷᠤᠭᠰᠢᠯᠠᠬᠤ ᠪᠣᠯ ᠠᠵᠠ ᠲᠣᠭᠢᠶᠠᠯ᠎ᠲᠠᠢ ᠬᠠᠮᠲᠤ ᠤᠷᠤᠭᠰᠢᠯᠠᠭᠰᠠᠨ ᠶᠠᠪᠤᠳᠠᠯ ᠪᠠᠢ᠌ᠵᠤ᠂ ᠳᠤᠮᠳᠠᠳᠤ ᠤᠯᠤᠰ᠎ᠢ ᠢᠲᠡᠭᠡᠬᠦ ᠪᠣᠯ ᠮᠠᠷᠭ᠋ᠠᠰᠢ᠎ᠪᠠᠨ ᠢᠲᠡᠭᠡᠵᠦ ᠪᠠᠢ᠌ᠭ᠎ᠠ ᠶᠠᠪᠤᠳᠠᠯ ᠪᠠᠢ᠌ᠵᠤ᠂ ᠳᠤᠮᠳᠠᠳᠤ ᠤᠯᠤᠰ᠎ᠲᠤ ᠪᠡᠯᠡ ᠣᠷᠣᠭᠤᠯᠬᠤ ᠪᠣᠯ ᠢᠷᠡᠭᠡᠳᠦᠢ᠎ᠳᠡᠭᠡᠨ ᠪᠡᠯᠡ ᠣᠷᠣᠭᠤᠯᠵᠤ ᠪᠠᠢ᠌ᠭ᠎ᠠ ᠶᠠᠪᠤᠳᠠᠯ ᠪᠣᠯᠣᠨ᠎ᠠ ᠭᠡᠳᠡᠭ᠎ᠢ ᠢᠲᠡᠭᠡᠵᠦ ᠪᠠᠢ᠌ᠨ᠎ᠠ᠃ ᠥᠷᠭᠡᠨ ᠤᠯᠠᠨ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ᠎ᠬᠢᠨ ᠡᠷᠡᠭᠡᠯᠵᠡᠭᠡ᠎ᠪᠠᠨ ᠠᠯᠳᠠᠷᠠᠭ᠋ᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠠᠨᠠᠭ᠎ᠠ ᠠᠮᠤᠷ ᠳᠤᠮᠳᠠᠳᠤ ᠤᠯᠤᠰ᠎ᠲᠤ ᠢᠷᠡᠨ ᠬᠥᠭᠵᠢᠵᠦ᠂ ᠳᠤᠮᠳᠠᠳᠤ ᠤᠯᠤᠰ᠎ᠤᠨ ᠬᠥᠭᠵᠢᠯᠲᠡ ᠵᠢᠨ ᠠᠵᠠ ᠲᠣᠭᠢᠶᠠᠯ᠎ᠢ ᠬᠤᠪᠢᠶᠠᠯᠴᠠᠬᠤ ᠵᠢ ᠬᠦᠰᠡᠵᠦ ᠪᠠᠢ᠌ᠨ᠎ᠠ᠃
ᠭᠤᠷᠪᠠ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠲᠠᠬᠢ ᠬᠥᠭᠵᠢᠯᠲᠡ᠎ᠳᠤ ᠲᠤᠯᠭ᠋ᠠᠷᠠᠭᠰᠠᠨ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠎ᠡ
ᠡᠳᠡᠭᠡᠷ ᠵᠢᠯ᠎ᠤᠳ᠎ᠲᠤ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠲᠠᠬᠢ ᠬᠥᠭᠵᠢᠯᠲᠡ᠎ᠳᠤ ᠨᠡᠬᠡᠷᠡᠨ ᠡᠳᠦᠢ ᠲᠡᠳᠦᠢ ᠠᠰᠠᠭᠤᠳᠠᠯ ᠲᠤᠯᠭ᠋ᠠᠷᠠᠵᠤ ᠪᠤᠢ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠣᠪᠣᠷ ᠮᠠᠰᠢ ᠢᠯᠠ ᠲᠣᠳᠣᠷᠬᠠᠢ ᠪᠠᠢ᠌ᠵᠤ᠂ ᠮᠠᠨ᠎ᠤ ᠤᠯᠤᠰ᠎ᠤᠨ ᠳᠣᠲᠣᠭ᠋ᠠᠳᠤ ᠵᠢᠨ ᠬᠠᠮᠢᠶᠠᠷᠤᠯᠲᠠ᠎ᠳᠤ ᠬᠣᠯᠪᠣᠭᠳᠠᠬᠤ ᠠᠰᠠᠭᠤᠳᠠᠯ᠎ᠢ ᠪᠣᠯ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ ᠳᠠᠮᠵᠢᠭᠤᠯᠤᠨ ᠰᠢᠢ᠍ᠳᠪᠦᠷᠢᠯᠡᠨ᠎ᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ ᠪᠣᠯᠣᠨ ᠭᠠᠳᠠᠭ᠋ᠠᠳᠤ᠎ᠳᠤ ᠵᠣᠷᠢᠭᠤᠯᠤᠭᠰᠠᠨ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠪᠠᠢ᠌ᠭᠤᠯᠤᠯ᠎ᠤᠨ ᠥᠭᠡᠷᠡᠴᠢᠯᠡᠯᠲᠡ᠎ᠳᠤ ᠨᠢᠭᠡᠨᠲᠡ ᠵᠠᠮ ᠱᠤᠭᠤᠮ᠎ᠤᠨ ᠵᠢᠷᠤᠭ ᠪᠠ ᠴᠠᠭ᠎ᠤᠨ ᠬᠦᠰᠦᠨᠦᠭᠲᠦ ᠵᠢ ᠲᠣᠭᠲᠠᠭ᠋ᠠᠪᠠ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠳᠠᠭ᠋ᠠᠯᠳᠤᠨ᠂ ᠤᠯᠠᠨ᠎ᠤ ᠠᠩᠬᠠᠷᠴᠤ ᠪᠠᠢ᠌ᠭ᠎ᠠ ᠠᠰᠠᠭᠤᠳᠠᠯ ᠪᠦᠲᠦᠮᠵᠢᠲᠡᠢ ᠰᠢᠢ᠍ᠳᠪᠦᠷᠢᠯᠡᠭᠳᠡᠨ᠎ᠡ ᠭᠡᠳᠡᠭ᠎ᠢ ᠢᠲᠡᠭᠡᠵᠦ ᠪᠠᠢ᠌ᠨ᠎ᠠ᠃
ᠨᠢᠭᠡ᠎ᠳᠤ ᠨᠡᠭᠡᠭᠡᠯᠲᠡ ᠬᠢᠬᠦ ᠵᠢ ᠤᠯᠠᠮ ᠨᠢᠭᠡ ᠠᠯᠬᠤᠮ ᠥᠷᠭᠡᠳᠬᠡᠬᠦ ᠲᠤᠬᠠᠢ᠃ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠤᠨ ᠪᠠᠷᠢᠮᠵᠢᠶ᠎ᠠ ᠵᠢ ᠳᠣᠷᠣᠭᠰᠢᠯᠠᠭᠤᠯᠬᠤ ᠪᠣᠯ ᠮᠠᠨ᠎ᠤ ᠲᠠᠷᠠᠭ᠋ᠠᠴᠢ ᠵᠢᠨ ᠨᠡᠭᠡᠭᠡᠯᠲᠡ ᠬᠢᠬᠦ ᠵᠢ ᠥᠷᠭᠡᠳᠬᠡᠬᠦ ᠵᠢᠨ ᠭᠣᠣᠯᠳᠠᠯᠭ᠎ᠠ ᠪᠣᠯᠣᠨ᠎ᠠ᠃ ᠨᠡᠭᠡᠭᠡᠯᠲᠡ ᠵᠢᠨ ᠠᠷᠭ᠎ᠠ ᠬᠡᠮᠵᠢᠶ᠎ᠡ ᠵᠢ ᠡᠷᠲᠡ ᠨᠠᠢ᠌ᠳᠠᠪᠤᠷᠢᠵᠢᠭᠤᠯᠬᠤ᠎ᠠᠴᠠ ᠪᠢᠰᠢ ᠬᠣᠵᠢᠭᠤᠳᠠᠭᠤᠯᠵᠤ ᠪᠤᠯᠬᠤ ᠦᠭᠡᠢ᠂ ᠲᠦᠷᠭᠡᠨ ᠨᠠᠢ᠌ᠳᠠᠪᠤᠷᠢᠵᠢᠭᠤᠯᠬᠤ᠎ᠠᠴᠠ ᠪᠢᠰᠢ ᠤᠳᠠᠭ᠋ᠠᠰᠢᠷᠠᠭᠤᠯᠵᠤ ᠪᠤᠯᠬᠤ ᠦᠭᠡᠢ ᠭᠡᠵᠦ ᠪᠢ ᠲᠤᠰᠬᠠᠢ᠌ᠯᠠᠨ ᠴᠢᠬᠤᠯᠠᠴᠢᠯᠠᠵᠤ ᠥᠩᠭᠡᠷᠡᠭᠰᠡᠨ ᠶᠤᠮ᠃ ᠡᠨᠡ ᠵᠢᠯ᠂ ᠪᠢᠳᠡ ᠵᠠᠷᠢᠮ ᠲᠠᠯ᠎ᠠ ᠵᠢᠨ ᠨᠡᠭᠡᠭᠡᠯᠲᠡ ᠬᠢᠬᠦ ᠲᠤᠷᠰᠢᠯᠲᠠ ᠵᠢᠨ ᠴᠡᠭ᠎ᠢ ᠥᠷᠭᠡᠳᠬᠡᠵᠦ᠂ ᠪᠠᠰᠠ ᠰᠣᠶᠣᠯ᠂ ᠰᠤᠷᠭ᠋ᠠᠨ ᠬᠥᠮᠦᠵᠢᠯ ᠵᠡᠷᠭᠡ ᠬᠦᠷᠢᠶᠡᠨ᠎ᠳᠠᠬᠢ ᠨᠡᠭᠡᠭᠡᠯᠲᠡ ᠬᠢᠬᠦ ᠵᠢ ᠲᠦᠷᠭᠡᠳᠬᠡᠬᠦ ᠪᠣᠯᠣᠨ᠎ᠠ᠃ ᠡᠭᠦᠨ᠎ᠤ ᠬᠠᠮᠲᠤ᠂ ᠪᠢᠳᠡ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠶᠠᠪᠤᠴᠠ᠎ᠳᠠᠬᠢ 《ᠲᠣᠮᠣ ᠡᠭᠦᠳᠡ ᠵᠢ ᠨᠡᠭᠡᠭᠡᠵᠦ᠂ ᠵᠢᠵᠢᠭ ᠡᠭᠦᠳᠡ ᠵᠢ ᠨᠡᠭᠡᠭᠡᠬᠦ ᠦᠭᠡᠢ》 ᠪᠣᠳᠠᠲᠠᠢ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠢ ᠮᠠᠨ᠎ᠤ ᠨᠢᠭᠡᠨᠲᠡ ᠨᠡᠭᠡᠭᠡᠭᠰᠡᠨ ᠬᠦᠷᠢᠶᠡᠨ᠎ᠳᠤ 《ᠣᠷᠣᠬᠤ ᠵᠢ ᠵᠥᠪᠰᠢᠶᠡᠷᠡᠬᠦ ᠮᠥᠷᠲᠡᠭᠡᠨ ᠡᠵᠡᠩᠨᠡᠬᠦ ᠵᠢ ᠴᠦ᠍ ᠵᠥᠪᠰᠢᠶᠡᠷᠡᠬᠦ》 ᠪᠣᠯᠭ᠋ᠠᠨ᠎ᠠ᠃
ᠬᠣᠶᠠᠷ᠎ᠲᠤ ᠵᠠᠬ᠎ᠠ ᠳᠡᠯᠭᠡᠭᠦᠷ᠎ᠤᠨ ᠲᠥᠪ ᠭᠣᠣᠯᠴᠢ ᠥᠷᠢᠰᠦᠯᠳᠦᠭᠡᠨ᠎ᠢ ᠬᠠᠮᠠᠭ᠋ᠠᠯᠠᠬᠤ ᠲᠤᠬᠠᠢ᠃ ᠳᠤᠮᠳᠠᠳᠤ ᠤᠯᠤᠰ᠎ᠲᠤ ᠪᠠᠢ᠌ᠭ᠎ᠠ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠳ᠎ᠤᠨ ᠤᠯᠤᠰ᠎ᠤᠨ ᠠᠷᠠᠳ ᠢᠷᠭᠡᠨ᠎ᠤ ᠬᠠᠷᠠᠭ᠋ᠠᠯᠵᠠᠯ᠎ᠢ ᠪᠠᠲᠤᠯᠠᠵᠤ᠂ ᠬᠠᠤᠯᠢ ᠴᠠᠭ᠋ᠠᠵᠠ ᠵᠢ ᠬᠡᠷᠡᠭᠯᠡᠬᠦ ᠲᠠᠯ᠎ᠠ᠎ᠪᠠᠷ ᠨᠢᠭᠡᠳᠦᠯᠲᠡᠢ᠂ ᠪᠠᠢ᠌ᠷᠢ ᠰᠠᠭᠤᠷᠢ ᠬᠠᠷᠠᠭ᠋ᠠᠯᠵᠠᠯ᠎ᠤᠨ ᠲᠠᠯ᠎ᠠ᠎ᠪᠠᠷ ᠠᠳᠠᠯᠢ ᠲᠡᠭᠰᠢ ᠪᠠᠢ᠌ᠬᠤ ᠵᠢ ᠪᠠᠲᠤᠯᠠᠬᠤ ᠶᠣᠰᠣᠲᠠᠢ ᠭᠡᠵᠦ ᠪᠢᠳᠡ ᠦᠵᠡᠭᠰᠡᠭᠡᠷ ᠢᠷᠡᠭᠰᠡᠨ ᠶᠤᠮ᠃ ᠪᠢᠳᠡ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠡᠯᠧᠮᠧᠨ᠋ᠲ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠣᠯᠬᠤ ᠵᠢ ᠪᠠᠲᠤᠯᠠᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠳᠬᠡᠨ ᠪᠠᠢ᠌ᠭᠤᠯᠵᠤ᠂ ᠵᠠᠷᠢᠮ ᠬᠦᠷᠢᠶᠡᠨ᠎ᠳᠠᠬᠢ ᠳᠣᠲᠣᠭ᠋ᠠᠳᠤ ᠵᠢᠨ ᠰᠢᠷᠦᠭᠦᠨ ᠥᠷᠢᠰᠦᠯᠳᠦᠭᠡᠨ᠎ᠢ ᠬᠦᠴᠦᠯᠡᠨ ᠴᠡᠭᠴᠡᠯᠡᠨ ᠵᠠᠰᠠᠵᠤ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠳᠤᠮᠳᠠᠳᠤ᠎ᠳᠤ ᠦᠢ᠍ᠯᠡᠳᠪᠦᠷᠢᠯᠡᠭᠰᠡᠨ ᠦᠢ᠍ᠯᠡᠳᠬᠦᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ ᠶᠣᠰᠣᠭ᠋ᠠᠷ ᠡᠷᠬᠡ ᠲᠡᠭᠰᠢ᠎ᠪᠠᠷ ᠣᠷᠤᠯᠴᠠᠬᠤ ᠵᠢ ᠪᠠᠲᠤᠯᠠᠨ᠎ᠠ᠃ ᠤᠯᠠᠨ᠎ᠤ ᠬᠦᠰᠡᠯ ᠱᠠᠭ᠋ᠠᠷᠳᠠᠯᠭ᠎ᠠ ᠵᠢ ᠪᠢᠳᠡ ᠨᠠᠷᠢᠨ ᠬᠢᠨᠠᠮᠠᠭ᠋ᠠᠢ ᠰᠤᠳᠤᠯᠵᠤ᠂ ᠶᠠᠮᠠᠷ ᠠᠰᠠᠭᠤᠳᠠᠯ ᠪᠠᠢ᠌ᠪᠠᠯ ᠴᠠᠭ ᠲᠤᠬᠠᠢᠳᠤᠨᠢ ᠲᠡᠷᠡ ᠠᠰᠠᠭᠤᠳᠠᠯ᠎ᠢ ᠰᠢᠢ᠍ᠳᠪᠦᠷᠢᠯᠡᠨ᠎ᠡ᠃
ᠭᠤᠷᠪᠠ᠎ᠳᠤ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠬᠤ ᠲᠤᠬᠠᠢ᠃ ᠭᠠᠳᠠᠭ᠋ᠠᠳᠤ ᠵᠢᠨ ᠠᠷᠠᠯᠵᠢᠶᠠᠴᠢᠨᠯᠤᠭᠠ ᠵᠢᠨ ᠣᠯᠣᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠳᠤᠮᠳᠠᠳᠤ ᠤᠯᠤᠰ᠎ᠲᠤ ᠢᠷᠡᠵᠤ ᠠᠷᠠᠯᠵᠢᠶ᠎ᠠ ᠬᠢᠵᠦ ᠪᠡᠯᠡ ᠣᠷᠣᠭᠤᠯᠬᠤ᠎ᠳᠤ ᠠᠯᠢ ᠴᠢᠳᠠᠬᠤ᠎ᠪᠠᠷ ᠲᠦᠭᠦᠮ ᠦᠵᠡᠭᠦᠯᠵᠦ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ ᠭᠡᠵᠦ ᠪᠢ ᠣᠯᠠᠨᠲᠠ ᠱᠠᠭ᠋ᠠᠷᠳᠠᠭᠰᠠᠨ ᠶᠤᠮ᠃ ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠲᠣᠭᠣᠷᠢᠭ ᠰᠢᠷᠡᠭᠡᠨ᠎ᠤ ᠬᠤᠷᠠᠯ᠎ᠢ ᠰᠠᠷ᠎ᠠ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠠᠵᠤ ᠠᠬᠤᠢ᠌ᠯᠠᠯ᠎ᠤᠨ ᠬᠦᠰᠡᠯ ᠱᠠᠭ᠋ᠠᠷᠳᠠᠯᠭ᠎ᠠ ᠵᠢ ᠰᠣᠨᠣᠰᠴᠤ᠂ ᠬᠦᠴᠢᠷ ᠵᠣᠪᠠᠭᠤᠷᠢ ᠵᠢ᠎ᠨᠢ ᠬᠠᠪᠰᠤᠷᠴᠤ ᠰᠢᠢ᠍ᠳᠪᠦᠷᠢᠯᠡᠨ ᠥᠭᠳᠡᠭ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠳᠤ ᠦᠢ᠍ᠯᠡᠴᠢᠯᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠨᠢᠭᠡᠳ ᠨᠢᠭᠡ᠎ᠪᠠᠷ ᠬᠠᠷᠠᠭ᠋ᠠᠯᠵᠠᠨ》 ᠭᠣᠣᠯᠳᠠᠯᠭ᠎ᠠ᠎ᠲᠠᠢ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠢ ᠲᠣᠭᠣᠷᠢᠨ ᠰᠤᠷᠪᠤᠯᠵᠢᠯᠠᠵᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠪᠠ᠃ ᠡᠳᠡᠭᠡᠷ ᠠᠷᠭ᠎ᠠ ᠬᠢᠳᠡᠯ᠎ᠢ ᠦᠷᠭᠦᠯᠵᠢᠯᠠᠨ ᠪᠠᠷᠢᠮᠲᠠᠯᠠᠨ᠎ᠠ᠃ ᠤᠯᠠᠨ ᠰᠠᠯᠠᠭ᠎ᠠ ᠮᠥᠴᠢᠷ᠎ᠲᠤ ᠬᠣᠯᠪᠣᠭᠳᠠᠭᠰᠠᠨ ᠠᠰᠠᠭᠤᠳᠠᠯ᠎ᠳᠤ᠂ ᠵᠣᠬᠢᠴᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠬᠠᠮᠲᠤ᠎ᠪᠠᠷ ᠰᠢᠢ᠍ᠳᠪᠦᠷᠢᠯᠡᠬᠦ ᠵᠢ ᠠᠬᠢᠭᠤᠯᠤᠨ᠎ᠠ᠃ ᠬᠥᠮᠥᠰ᠎ᠤᠨ ᠶᠠᠪᠤᠯᠴᠠᠭ᠎ᠠ ᠵᠢ ᠨᠡᠮᠡᠭᠳᠡᠭᠦᠯᠬᠦ ᠪᠠ ᠳᠤᠮᠳᠠᠳᠤ ᠤᠯᠤᠰ᠎ᠲᠤ ᠪᠠᠢ᠌ᠬᠤ᠎ᠳᠤ ᠲᠦᠭᠦᠮ ᠦᠵᠡᠭᠦᠯᠭᠦ ᠵᠢᠨ ᠲᠥᠯᠥᠭᠡ᠂ ᠡᠨᠡ ᠬᠡᠳᠦᠨ ᠵᠢᠯ᠎ᠳᠤ ᠳᠤᠮᠳᠠᠳᠤ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠮᠠᠰᠢ ᠤᠯᠠᠨ ᠠᠷᠭ᠎ᠠ ᠬᠡᠮᠵᠢᠶ᠎ᠡ ᠠᠪᠴᠠᠢ᠂ ᠤᠯᠠᠮ ᠨᠢᠭᠡ ᠠᠯᠬᠤᠮ ᠰᠠᠢ᠌ᠲᠤᠷ ᠨᠠᠢ᠌ᠳᠠᠪᠤᠷᠢᠵᠢᠭᠤᠯᠤᠨ᠎ᠠ᠃
ᠡᠳᠡᠭᠡᠷ ᠵᠢᠯ᠎ᠤᠳ᠎ᠲᠤ ᠭᠠᠳᠠᠭ᠋ᠠᠳᠤ ᠵᠢᠨ ᠠᠵᠤ ᠠᠬᠤᠢ᠌ᠯᠠᠯ᠎ᠤᠨ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠬᠤ ᠶᠠᠪᠤᠳᠠᠯ᠎ᠨᠢ ᠪᠠᠰᠠ ᠭᠠᠵᠠᠷ ᠣᠷᠣᠨ ᠵᠶ᠋ᠠᠷ ᠰᠢᠯᠲᠠᠭ᠋ᠠᠯᠠᠭᠳᠠᠭᠰᠠᠨ ᠤᠯᠤᠰ ᠲᠦᠷᠦ ᠵᠢᠨ ᠬᠦᠴᠦᠨ ᠵᠦᠢ᠍ᠯ᠎ᠤᠨ ᠬᠠᠷᠰᠢᠯᠠᠯ᠎ᠳᠤ ᠤᠴᠠᠷᠠᠪᠠ᠂ ᠡᠨᠡ᠎ᠨᠢ ᠤᠯᠠᠨ ᠤᠯᠤᠰ᠎ᠤᠨ ᠤᠯᠤᠰ ᠲᠦᠷᠦ᠂ ᠭᠠᠳᠠᠭ᠋ᠠᠳᠤ ᠬᠠᠷᠢᠯᠴᠠᠭ᠎ᠠ᠎ᠳᠤ ᠬᠣᠯᠪᠣᠭᠳᠠᠵᠤ ᠪᠠᠢ᠌ᠨ᠎ᠠ᠃ ᠪᠤᠰᠤᠳ᠎ᠤᠨ ᠳ᠋ᠧᠩ᠎ᠢ ᠤᠨᠲᠠᠷᠠᠭ᠋ᠠᠬᠤ᠎ᠨᠢ ᠥᠪᠡᠷ᠎ᠢ᠎ᠪᠠᠨ ᠢᠯᠡᠭᠦᠦ ᠭᠡᠷᠡᠯ ᠭᠡᠭᠡ᠎ᠲᠠᠢ ᠪᠤᠯᠭ᠋ᠠᠵᠤ ᠴᠢᠳᠠᠬᠤ ᠦᠭᠡᠢ; ᠪᠤᠰᠤᠳ᠎ᠤᠨ ᠵᠠᠮ᠎ᠢ ᠬᠠᠰᠢᠪᠠᠯ ᠡᠴᠦᠰ᠎ᠲᠡᠭᠡᠨ ᠥᠪᠡᠷ᠎ᠤᠨ ᠵᠠᠮ ᠵᠶ᠋ᠠᠨ ᠪᠥᠭᠯᠡᠨ᠎ᠡ ᠭᠡᠵᠦ ᠪᠢ ᠦᠷᠭᠦᠯᠵᠢ ᠶᠠᠷᠢᠳᠠᠭ᠃ ᠤᠯᠠᠨ ᠵᠶ᠋ᠠᠷ ᠵᠶ᠋ᠠᠨ ᠨᠡᠯᠢᠶᠡᠳ ᠠᠩᠬᠠᠷᠴᠤ ᠪᠠᠢ᠌ᠭ᠎ᠠ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠠᠰᠠᠭᠤᠳᠠᠯ᠎ᠤᠨ ᠲᠠᠯ᠎ᠠ᠎ᠪᠠᠷ᠂ ᠳᠤᠮᠳᠠᠳᠤ ᠠᠮᠧᠷᠢᠺᠠ ᠵᠢᠨ ᠬᠠᠷᠢᠴᠠᠭ᠎ᠠ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ᠎ᠪᠠᠨ ᠪᠠᠲᠤᠯᠠᠬᠤ᠎ᠨᠢ ᠬᠣᠶᠠᠷ ᠤᠯᠤᠰ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠᠲᠠᠢ ᠨᠡᠢ᠌ᠴᠡᠵᠦ ᠪᠠᠢ᠌ᠨ᠎ᠠ ᠭᠡᠵᠦ ᠪᠢᠳᠡ ᠢᠮᠠᠭᠲᠠ ᠦᠵᠡᠭᠰᠡᠭᠡᠷ ᠢᠷᠡᠪᠡ᠃ ᠳᠤᠮᠳᠠᠳᠤ ᠠᠮᠧᠷᠢᠺᠠ ᠵᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ ᠵᠢᠨ ᠮᠥᠨ ᠴᠢᠨᠠᠷ ᠪᠣᠯ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠶᠠᠪᠤᠳᠠᠯ ᠪᠣᠯᠣᠨ᠎ᠠ᠂ ᠠᠵᠤ ᠠᠬᠤᠢ ᠠᠷᠠᠯᠵᠢᠶᠠᠨ᠎ᠤ ᠮᠥᠷᠭᠦᠯᠳᠦᠭᠡᠨ᠎ᠢ ᠡᠷᠬᠡ ᠲᠡᠭᠰᠢ ᠶᠠᠷᠢᠯᠴᠠᠭ᠎ᠠ ᠵᠥᠪᠳᠡᠯᠴᠡᠭᠡ᠎ᠪᠠᠷ ᠳᠠᠮᠵᠢᠨ ᠵᠣᠬᠢᠰᠲᠠᠢ ᠰᠢᠢ᠍ᠳᠪᠦᠷᠢᠯᠡᠪᠡᠯ ᠵᠣᠬᠢᠨ᠎ᠠ᠃ ᠳᠤᠮᠳᠠᠳᠤ ᠤᠯᠤᠰ ᠬᠠᠷᠢᠯᠴᠠᠨ ᠬᠦᠨᠳᠦᠳᠬᠡᠬᠦ᠂ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠬᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠦᠷᠳᠡᠭᠦ ᠵᠠᠷᠴᠢᠮ ᠶᠣᠰᠣᠭ᠋ᠠᠷ ᠳᠤᠮᠳᠠᠳᠤ ᠠᠮᠧᠷᠢᠺᠠ ᠵᠢᠨ ᠬᠠᠷᠢᠴᠠᠭ᠎ᠠ ᠵᠢ ᠰᠢᠢ᠍ᠳᠪᠦᠷᠢᠯᠡᠨ᠎ᠡ᠃ ᠳᠤᠮᠳᠠᠳᠤ ᠤᠯᠤᠰ ᠡᠩᠬᠡ ᠲᠠᠢ᠌ᠪᠤᠩ ᠬᠥᠭᠵᠢᠯᠲᠡ ᠵᠢᠨ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ ᠳᠡᠯᠡᠬᠡᠢ ᠵᠢᠨ ᠪᠠ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠰᠢᠢ᠍ᠳᠪᠦᠷᠢᠯᠡᠬᠦ ᠵᠢ ᠢᠳᠡᠪᠬᠢᠲᠡᠢ ᠠᠬᠢᠭᠤᠯᠵᠤ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠬᠥᠭᠵᠢᠯᠲᠡ᠎ᠳᠤ ᠰᠠᠢ᠌ᠨ ᠰᠠᠢ᠌ᠬᠠᠨ ᠭᠠᠳᠠᠭ᠋ᠠᠳᠤ ᠣᠷᠴᠢᠨ ᠨᠥᠬᠥᠴᠡᠯ᠎ᠢ ᠴᠢᠷᠮᠠᠢ᠌ᠨ ᠪᠤᠢ ᠪᠣᠯᠭ᠋ᠠᠨ᠎ᠠ᠃
ᠳᠤᠮᠳᠠᠳᠤ ᠵᠢᠨ ᠡᠷᠲᠡᠨ᠎ᠤ ᠦᠭᠡᠨ᠎ᠳᠤ᠄ 《ᠠᠯᠢ ᠤᠯᠤᠰᠲᠤᠷ ᠬᠦᠷᠪᠡᠰᠦ ᠲᠡᠷᠡ ᠤᠯᠤᠰ᠎ᠤᠨ ᠵᠠᠩᠰᠢᠯ᠎ᠢ ᠳᠠᠭ᠋ᠠᠮᠤᠢ᠂ ᠠᠯᠢ ᠭᠡᠷᠲᠤᠷ ᠣᠴᠢᠪᠠᠰᠤ ᠲᠡᠷᠡ ᠭᠡᠷ᠎ᠤᠨ ᠴᠡᠭᠡᠷ᠎ᠢ ᠬᠢᠴᠢᠶᠡᠮᠦᠢ》 ᠭᠡᠳᠡᠭ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠠᠴᠠ ᠭᠠᠳᠠᠭᠰᠢ ᠭᠠᠷᠤᠭᠰᠠᠨ ᠳᠤᠮᠳᠠᠳᠤ ᠤᠯᠤᠰ᠎ᠤᠨ ᠠᠵᠤ ᠠᠬᠤᠢ᠌ᠯᠠᠯ᠎ᠳᠤ ᠲᠤᠬᠠᠢ ᠵᠢᠨ ᠭᠠᠵᠠᠷ᠎ᠤᠨ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠵᠤ᠂ ᠲᠤᠬᠠᠢ ᠵᠢᠨ ᠭᠠᠵᠠᠷ᠎ᠤᠨ ᠰᠣᠶᠣᠯ ᠪᠠ ᠵᠠᠩ ᠳᠠᠳᠬᠠᠯ᠎ᠢ ᠭᠦᠨᠳᠦᠳᠭᠡᠵᠦ᠂ ᠦᠨᠡᠨᠴᠢ ᠢᠲᠡᠭᠡᠮᠵᠢᠲᠡᠢ ᠡᠵᠡᠩᠨᠡᠵᠦ᠂ ᠨᠡᠢ᠌ᠭᠡᠮ᠎ᠤᠨ ᠬᠠᠷᠢᠭᠤᠴᠠᠯᠭ᠎ᠠ᠎ᠪᠠᠨ ᠢᠳᠡᠪᠬᠢᠲᠡᠢ ᠭᠦᠢ᠍ᠴᠡᠳᠬᠡᠬᠦ ᠬᠡᠷᠡᠭᠲᠡᠢ ᠭᠡᠵᠦ ᠢᠮᠠᠭᠲᠠ ᠴᠢᠬᠤᠯᠠᠴᠢᠯᠠᠭᠰᠠᠭ᠋ᠠᠷ ᠢᠷᠡᠭᠰᠡᠨ ᠶᠤᠮ᠃ ᠳᠤᠮᠳᠠᠳᠤ ᠤᠯᠤᠰ᠎ᠲᠤ ᠪᠠᠢ᠌ᠭ᠎ᠠ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠳ ᠴᠤ᠌ ᠡᠢ᠌ᠮᠦ ᠪᠠᠢ᠌ᠬᠤ ᠶᠣᠰᠣᠲᠠᠢ᠃
ᠳᠥᠷᠪᠡ᠂ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠬᠠᠮᠠᠭ᠋ᠠᠯᠠᠬᠤ ᠵᠢᠨ ᠲᠥᠯᠥᠭᠡ ᠬᠠᠮᠲᠤ᠎ᠪᠠᠷ ᠴᠢᠷᠮᠠᠢ᠌ᠶ᠎ᠠ
ᠤᠯᠠᠨ ᠲᠠᠯᠠᠲᠤ ᠦᠵᠡᠯ ᠪᠣᠯ ᠳᠡᠯᠡᠬᠡᠢ ᠳ᠋ᠠᠬᠢᠨ᠎ᠳᠤ ᠲᠤᠯᠭ᠋ᠠᠷᠠᠵᠤ ᠪᠠᠢ᠌ᠭ᠎ᠠ ᠬᠦᠴᠢᠷᠳᠡᠯ ᠥᠷᠢᠰᠦᠯᠳᠦᠭᠡᠨ᠎ᠢ ᠰᠢᠢ᠍ᠳᠪᠦᠷᠢᠯᠡᠬᠦ ᠵᠠᠢ᠌ᠯᠠᠰᠢ ᠦᠭᠡᠢ ᠰᠣᠩᠭᠣᠯᠲᠠ ᠮᠥᠨ᠂ ᠠᠵᠤ ᠠᠬᠤᠢ ᠵᠢᠨ ᠳᠡᠯᠡᠬᠡᠢ᠌ᠵᠢᠯᠲᠡ ᠪᠣᠯ ᠬᠣᠷᠢᠭᠯᠠᠭᠳᠠᠰᠢ ᠦᠭᠡᠢ ᠲᠡᠦᠬᠡ ᠵᠢᠨ ᠤᠷᠤᠰᠬᠠᠯ ᠮᠥᠨ᠃ ᠳᠤᠮᠳᠠᠳᠤ ᠤᠯᠤᠰ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠢ᠌ᠵᠢᠯᠲᠡ ᠵᠢ ᠠᠬᠢᠭᠤᠯᠵᠤ᠂ ᠪᠦᠭᠦ ᠪᠥᠮᠪᠥᠷᠴᠡᠭ᠎ᠤᠨ ᠠᠵᠤ ᠠᠬᠤᠢ ᠵᠢᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ ᠮᠠᠶᠢᠭ᠎ᠤᠨ ᠳᠡᠯᠡᠬᠡᠢ ᠵᠢᠨ ᠠᠵᠤ ᠠᠬᠤᠢ ᠵᠢ ᠪᠠᠢ᠌ᠭᠤᠯᠬᠤ᠎ᠪᠠᠷ ᠴᠢᠷᠮᠠᠢ᠌ᠨ᠎ᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠬᠠᠮᠠᠭ᠋ᠠᠯᠠᠬᠤ ᠳᠤᠮᠳᠠ ᠴᠢᠬᠤᠯᠠ ᠦᠢ᠍ᠯᠡᠳᠦᠯ ᠦᠵᠡᠭᠦᠯᠵᠦ ᠪᠠᠢ᠌ᠬᠤ ᠪᠥᠭᠡᠳ ᠪᠠᠰᠠ ᠴᠢᠬᠤᠯᠠ ᠬᠠᠷᠢᠭᠤᠴᠠᠯᠭ᠎ᠠ ᠵᠢ ᠡᠭᠦᠷᠭᠡᠯᠡᠵᠦ ᠪᠠᠢ᠌ᠨ᠎ᠠ᠃ ᠪᠢᠳᠠ ᠭᠠᠷ ᠬᠣᠯᠪᠣᠨ ᠬᠠᠮᠲᠤ᠎ᠪᠠᠷ ᠤᠷᠤᠭᠰᠢᠯᠠᠵᠤ᠂ ᠠᠵᠤ ᠠᠬᠤᠢ ᠵᠢᠨ ᠳᠡᠯᠡᠬᠡᠢ᠌ᠵᠢᠯᠲᠡ ᠵᠢᠨ ᠵᠥᠪ ᠴᠢᠭᠯᠡᠯ ᠵᠶ᠋ᠡᠷ ᠬᠥᠭᠵᠢᠬᠦ ᠵᠢ ᠠᠬᠢᠭᠤᠯᠤᠶ᠎ᠠ᠃
ᠪᠢᠳᠠ ᠬᠠᠮᠲᠤ᠎ᠪᠠᠷ ᠣᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠯ᠎ᠢ ᠬᠠᠮᠠᠭ᠋ᠠᠯᠠᠶ᠎ᠠ᠃ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠢ᠌ᠭᠤᠯᠤᠯᠲᠠ᠎ᠪᠠᠷ ᠭᠣᠣᠯ ᠪᠤᠯᠭ᠋ᠠᠬᠰᠠᠨ ᠤᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠯ ᠪᠣᠯ ᠤᠯᠠᠨ ᠤᠯᠤᠰ᠎ᠤᠨ ᠠᠷᠠᠯᠵᠢᠶᠠᠨ᠎ᠤ ᠰᠠᠭᠤᠷᠢ ᠮᠥᠨ᠃ ᠣᠳᠣᠬᠠᠨ᠎ᠳᠤ᠂ ᠳᠡᠯᠡᠬᠡᠢ ᠵᠢᠨ ᠨᠡᠭᠡᠭᠡᠯᠲᠡ ᠵᠢᠨ ᠵᠢᠭ᠋ᠠᠯᠲᠠ ᠲᠣᠭ᠎ᠠ ᠳᠠᠰᠤᠷᠠᠯᠳᠠ ᠦᠭᠡᠢ ᠪᠠᠭᠤᠷᠠᠵᠤ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ ᠰᠢᠷᠦᠭᠦᠰᠴᠦ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠬᠦᠨᠳᠦ ᠨᠣᠴᠢᠲᠠᠢ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠨ᠎ᠠ᠃ ᠪᠢᠳᠡ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠢ᠌ᠭᠤᠯᠤᠯᠲᠠ ᠵᠢᠨ ᠣᠢ᠌ᠯᠠᠭ᠋ᠠᠭᠳᠠᠬᠤᠨ ᠪᠣᠯᠣᠨ ᠳᠦᠷᠢᠮ᠎ᠢ ᠪᠠᠲᠤ ᠰᠠᠬᠢᠵᠤ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠥᠮᠴᠢᠯᠡᠯᠲᠡ ᠵᠢ ᠦᠷᠭᠦᠯᠵᠢᠯᠡᠨ ᠠᠬᠢᠭᠤᠯᠵᠤ᠂ ᠡᠯ᠎ᠡ ᠤᠯᠤᠰ᠎ᠤᠨ ᠨᠡᠭᠡᠭᠡᠯᠲᠡ ᠬᠢᠬᠦ᠎ᠪᠠᠷ ᠳᠠᠮᠵᠢᠨ ᠬᠠᠮᠲᠤ᠎ᠪᠠᠷ ᠬᠥᠭᠵᠢᠬᠦ 《ᠪᠤᠭᠤᠷᠰᠤᠭ》᠎ᠢ ᠪᠤᠵᠠᠭ᠋ᠠᠢ᠌ᠷᠠᠭᠤᠯᠬᠤ ᠵᠢ ᠠᠬᠢᠭᠤᠯᠤᠶ᠎ᠠ᠃ ᠴᠥᠭᠡᠨ ᠪᠤᠰᠤ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠢᠯᠠᠩᠭᠤᠶ᠎ᠠ ᠤᠯᠤᠰ ᠠᠯᠤᠰᠯᠠᠭᠰᠠᠨ ᠺᠤᠮᠫᠠᠨᠢ᠎ᠨᠢ ᠨᠡᠯᠢᠶᠡᠳ ᠶᠡᠬᠡ ᠤᠯᠠᠨ ᠤᠯᠤᠰ᠎ᠤᠨ ᠨᠥᠯᠥᠭᠡᠯᠡᠬᠦ ᠬᠦᠴᠦᠨ᠎ᠲᠠᠢ ᠶᠤᠮ᠂ ᠤᠯᠠᠨ ᠵᠶ᠋ᠠᠷ ᠵᠶ᠋ᠠᠨ ᠣᠶᠤᠨᠴᠢ ᠲᠠᠭᠤᠨ ᠭᠠᠷᠭ᠋ᠠᠵᠤ᠂ ᠪᠣᠳᠠᠲᠠᠢ ᠵᠢ ᠡᠷᠬᠢᠮᠯᠡᠭᠰᠡᠨ ᠠᠵᠢᠯᠯᠠᠭ᠎ᠠ ᠠᠪᠴᠤ᠂ ᠡᠯ᠎ᠡ ᠵᠦᠢ᠍ᠯ᠎ᠤᠨ ᠲᠡᠦᠬᠡ ᠵᠢᠨ ᠬᠦᠷᠳᠦ ᠵᠢ ᠤᠬᠤᠷᠢᠭᠤᠯᠬᠤ ᠠᠵᠢᠯᠯᠠᠭ᠎ᠠ ᠵᠢ ᠬᠣᠷᠢᠭᠯᠠᠵᠤ᠂ ᠡᠪᠰᠡᠯ ᠦᠭᠡᠢ ᠦᠵᠡᠯᠴᠡᠭᠡᠨ᠎ᠠᠴᠠ ᠮᠤᠯᠲᠤᠷᠠᠵᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠵᠢ ᠠᠬᠢᠭᠤᠯᠬᠤ ᠵᠢ ᠬᠦᠰᠡᠵᠦ ᠪᠠᠢ᠌ᠨ᠎ᠠ᠃
ᠪᠢᠳᠡ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠬᠠᠮᠲᠤ᠎ᠪᠠᠷ ᠬᠠᠮᠠᠭ᠋ᠠᠯᠠᠶ᠎ᠠ᠃ ᠡᠨᠡ ᠪᠣᠯ ᠳᠡᠯᠡᠬᠡᠢ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠬᠦ ᠵᠢᠨ ᠴᠢᠬᠤᠯᠠ ᠪᠠᠲᠤᠯᠠᠭ᠎ᠠ ᠮᠥᠨ᠃ 《ᠬᠠᠷᠢᠴᠠᠭ᠎ᠠ ᠬᠤᠯᠪᠤᠭ᠎ᠠ᠎ᠪᠠᠨ ᠲᠠᠰᠤᠯᠬᠤ》᠎ᠨᠢ ᠪᠤᠰᠤᠳ᠎ᠢ ᠬᠣᠬᠢᠷᠠᠭᠤᠯᠵᠤ ᠪᠡᠶ᠎ᠡ᠎ᠳᠡᠭᠡᠨ ᠴᠤ᠌ ᠠᠰᠢᠭ ᠦᠭᠡᠢ ᠪᠠᠢ᠌ᠵᠤ᠂ ᠭᠠᠷᠬᠤ ᠵᠠᠮ ᠦᠭᠡᠢ ᠶᠤᠮ᠃ ᠵᠠᠷᠢᠮ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠪᠣᠯ ᠪᠦᠭᠦ ᠪᠥᠮᠪᠥᠷᠴᠡᠭ᠎ᠤᠨ ᠬᠣᠯᠪᠣᠭᠳᠠᠯ ᠪᠦᠬᠦᠢ ᠠᠵᠤ ᠦᠢ᠍ᠯᠡᠰ᠎ᠤᠨ 《ᠬᠡᠯᠬᠢᠶ᠎ᠡ ᠵᠢᠨ ᠡᠵᠡᠨ》 ᠮᠥᠨ᠂ ᠶᠡᠬᠡ ᠬᠡᠮᠵᠢᠶᠡᠨ᠎ᠤ ᠳᠡᠭᠡᠳᠦ ᠳᠣᠣᠷᠠᠳᠤ ᠬᠡᠯᠬᠢᠶ᠎ᠡ ᠵᠢᠨ ᠠᠵᠤ ᠠᠬᠤᠢ᠌ᠯᠠᠯ᠎ᠲᠠᠢ ᠴᠤᠭ ᠬᠠᠮᠲᠤ᠎ᠪᠠᠷ ᠣᠷᠣᠰᠢᠵᠤ ᠬᠠᠮᠲᠤ᠎ᠪᠠᠷ ᠠᠰᠢᠭ ᠭᠦᠷᠳᠡᠭᠦ ᠠᠵᠤ ᠦᠢ᠍ᠯᠡᠰ᠎ᠤᠨ ᠠᠮᠢ ᠠᠬᠤᠢ ᠵᠢ ᠪᠦᠷᠢᠯᠳᠦᠭᠦᠯᠵᠦ᠂ ᠭᠡᠷ᠎ᠡ ᠵᠢᠨ ᠵᠣᠷᠢᠭ ᠰᠠᠨᠠᠭ᠎ᠠ ᠵᠢ ᠪᠠᠲᠤ ᠰᠠᠬᠢᠵᠤ᠂ ᠡᠷᠭᠢᠯᠡᠭᠴᠢ ᠤᠯᠤᠰ᠎ᠲᠤ ᠦᠨᠳᠦᠰᠦᠯᠡᠬᠦ᠎ᠨᠢ ᠲᠤᠰ ᠪᠡᠶ᠎ᠡ ᠵᠢᠨ ᠠᠯᠤᠰ ᠭᠡᠳᠤ ᠵᠢᠨ ᠬᠥᠭᠵᠢᠯᠲᠡ᠎ᠳᠤ ᠠᠰᠢᠭᠲᠠᠢ ᠪᠥᠭᠡᠳ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ᠎ᠢ ᠬᠠᠮᠠᠭ᠋ᠠᠯᠠᠬᠤ᠎ᠳᠤ ᠠᠰᠢᠭᠲᠠᠢ ᠶᠤᠮ᠃ ᠲᠠ ᠤᠯᠠᠨ᠎ᠳᠤ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠲᠣᠭᠲᠠᠭᠤᠨ ᠪᠠᠢ᠌ᠳᠠᠯ᠎ᠢ ᠬᠠᠷᠰᠢᠯᠠᠬᠤ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠵᠢ ᠰᠣᠬᠣᠷ ᠪᠠᠯᠠᠢ᠎ᠪᠠᠷ ᠳᠠᠭ᠋ᠠᠬᠤ ᠦᠭᠡᠢ ᠪᠠᠢ᠌ᠵᠤ᠂ ᠪᠦᠭᠦ ᠪᠥᠮᠪᠥᠷᠴᠡᠭ᠎ᠤᠨ ᠬᠥᠭᠵᠢᠯᠲᠡ᠎ᠳᠤ ᠢᠳᠡᠪᠬᠢ ᠬᠦᠴᠦᠨ ᠪᠠ ᠲᠣᠬᠲᠠᠭ᠋ᠠᠯᠲᠤ ᠴᠢᠨᠠᠷ᠎ᠢ ᠢᠯᠡᠭᠦᠬᠡᠨ ᠨᠡᠮᠡᠷᠢᠯᠡᠬᠦ ᠵᠢ ᠬᠦᠰᠡᠵᠦ ᠪᠠᠢ᠌ᠨ᠎ᠠ᠃
ᠪᠢᠳᠡ ᠬᠠᠮᠲᠤ᠎ᠪᠠᠷ ᠨᠡᠭᠡᠭᠡᠯᠲᠡ᠎ᠲᠠᠢ ᠬᠠᠮᠲᠤᠷᠠᠯᠴᠠᠬᠤ ᠤᠯᠠᠨ ᠤᠯᠤᠰ᠎ᠤᠨ ᠠᠮᠢ ᠠᠬᠤᠢ ᠵᠢ ᠬᠠᠮᠠᠭ᠋ᠠᠯᠠᠶ᠎ᠠ᠃ ᠣᠨᠴᠠ ᠵᠠᠷᠢᠮ ᠤᠯᠤᠰ 《ᠪᠠᠭ᠎ᠠ ᠬᠦᠷᠢᠶ᠎ᠡ ᠥᠨᠳᠥᠷ ᠬᠡᠷᠡᠮ》᠂ ᠪᠣᠭᠣᠮᠲᠠ ᠵᠢᠨ ᠭᠠᠢ᠌ᠯᠢ ᠵᠢᠨ ᠪᠡᠬᠢᠯᠡᠯᠲᠡ ᠪᠠᠢ᠌ᠭᠤᠯᠵᠤ᠂ ᠠᠵᠤ ᠠᠬᠤᠢ ᠠᠷᠠᠯᠵᠢᠶᠠᠨ᠎ᠤ ᠠᠰᠠᠭᠤᠳᠠᠯ᠎ᠢ ᠤᠯᠤᠰ ᠲᠥᠷᠥᠴᠢᠯᠡᠵᠦ᠂ ᠪᠠᠭ᠋ᠠᠵᠢ ᠬᠡᠷᠡᠭᠯᠡᠭᠦᠷ ᠪᠤᠯᠭ᠋ᠠᠵᠤ᠂ ᠵᠡᠪᠰᠡᠭᠯᠡᠵᠦ᠂ ᠨᠠᠷᠮᠠᠢ ᠠᠮᠤᠷ ᠲᠦᠪᠰᠢᠨ ᠪᠤᠯᠭ᠋ᠠᠵᠤ᠂ ᠠᠵᠤ ᠠᠬᠤᠢ᠌ᠯᠠᠯ ᠡᠷᠬᠡᠪᠰᠢ ᠨᠢᠭᠡ ᠲᠠᠯ᠎ᠠ ᠵᠢ ᠰᠣᠩᠭᠣᠬᠤ ᠵᠢ ᠠᠯᠪᠠᠳᠠᠵᠤ᠂ ᠠᠵᠤ ᠠᠬᠤᠢ ᠵᠢᠨ ᠵᠢᠮ᠎ᠡ ᠶᠣᠰᠣ᠎ᠠᠴᠠ ᠵᠥᠷᠢᠴᠡᠭᠰᠡᠨ ᠰᠣᠩᠭᠣᠯᠲᠠ ᠭᠢᠯᠭᠡᠵᠦ ᠪᠠᠢ᠌ᠨ᠎ᠠ᠃ ᠡᠨᠡ᠎ᠨᠢ ᠵᠠᠬ᠎ᠠ ᠳᠡᠯᠭᠡᠭᠦᠷ᠎ᠤᠨ ᠳᠦᠷᠢᠮ ᠪᠠ ᠨᠡᠭᠡᠭᠡᠯᠲᠡ ᠵᠢᠨ ᠶᠡᠬᠡ ᠬᠠᠨᠳᠤᠰᠢ᠎ᠲᠠᠢ ᠨᠡᠢ᠌ᠴᠡᠬᠦ ᠦᠭᠡᠢ᠃ ᠠᠵᠤ ᠠᠬᠤᠢ᠌ᠯᠠᠯ ᠪᠣᠯ ᠡᠵᠡᠩᠨᠡᠯᠲᠡ ᠵᠢᠨ ᠭᠣᠣᠯ ᠴᠣᠭᠴᠠ ᠮᠥᠨ᠂ ᠤᠯᠠᠨ ᠵᠶ᠋ᠠᠷ ᠵᠶ᠋ᠠᠨ ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠭᠦᠨᠳᠦᠳᠭᠡᠵᠦ᠂ ᠵᠠᠬ᠎ᠠ ᠳᠡᠯᠭᠡᠭᠦᠷ᠎ᠤᠨ ᠳᠦᠷᠢᠮ᠎ᠢ ᠬᠠᠮᠠᠭ᠋ᠠᠯᠠᠵᠤ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠨ ᠬᠤᠳᠠᠯᠳᠤᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠨᠡᠭᠡᠭᠡᠯᠲᠡᠲᠡᠢ᠂ ᠤᠯᠠᠨ ᠡᠰᠢᠵᠢᠭᠰᠡᠨ᠂ ᠲᠣᠭᠲᠠᠭᠤᠨ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠪᠦᠷᠢᠯᠳᠦᠭᠦᠯᠬᠦ ᠵᠢ ᠬᠠᠮᠲᠤ᠎ᠪᠠᠷ ᠠᠬᠢᠭᠤᠯᠬᠤ ᠵᠢ ᠬᠦᠰᠡᠵᠦ ᠪᠠᠢ᠌ᠨ᠎ᠠ᠃
《ᠵᠣᠷᠢᠭ ᠨᠢᠭᠡᠲᠡᠨ ᠵᠠᠮ᠎ᠢ ᠬᠤᠯᠠ ᠭᠡᠵᠦ ᠴᠥᠬᠥᠷᠡᠳᠡᠭ ᠦᠭᠡᠢ》᠃ ᠤᠯᠠᠨ ᠵᠶ᠋ᠠᠷ ᠵᠶ᠋ᠠᠨ ᠲᠦᠮᠡᠨ ᠭᠠᠵᠠᠷ᠎ᠤᠨ ᠬᠤᠯᠠ᠎ᠠᠴᠠ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠬᠤ᠎ᠳᠠᠭᠠᠨ ᠪᠦᠷ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠢ ᠡᠪᠦᠷᠯᠡᠨ ᠢᠷᠡᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠯᠦᠭᠡ ᠵᠢᠨ ᠨᠥᠬᠥᠷᠯᠡᠯ᠎ᠢ ᠪᠤᠳᠤᠵᠤ ᠢᠷᠡᠭᠰᠡᠨ ᠶᠤᠮ᠃ ᠥᠨᠥᠳᠥᠷ᠎ᠤᠨ ᠶᠠᠷᠢᠯᠴᠠᠭ᠎ᠠ᠎ᠨᠢ ᠪᠢᠳᠡᠨ᠎ᠤ ᠣᠢ᠌ᠯᠠᠭ᠋ᠠᠯᠴᠠᠭ᠎ᠠ ᠵᠢ ᠭᠦᠨᠵᠡᠭᠡᠢ᠌ᠷᠡᠭᠦᠯᠵᠦ᠂ ᠨᠥᠬᠥᠷᠯᠡᠯ᠎ᠢ ᠪᠠᠲᠤᠳᠬᠠᠵᠤ᠂ ᠢᠲᠡᠭᠡᠯ᠎ᠢ ᠨᠡᠮᠡᠭᠳᠡᠭᠦᠯᠪᠡ᠃ ᠪᠢᠳᠡ ᠳᠤᠷᠠᠲᠠᠶ᠎ᠠ ᠥᠷᠭᠡᠨ ᠤᠯᠠᠨ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠲᠠᠢ ᠬᠠᠮᠲᠤ᠎ᠪᠠᠷ᠂ ᠳᠤᠮᠳᠠᠳᠤ ᠤᠯᠤᠰ᠎ᠤᠨ ᠡᠨᠡ ᠬᠦ᠌ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠡᠬᠡ ᠭᠠᠵᠠᠷ᠎ᠲᠤ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠨ᠎ᠡ᠃