ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 3᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 2᠎ᠤᠨ ᠡᠳᠦᠷ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠲᠦᠩᠯᠥ᠋ᠨ᠎ᠳᠤ ᠭᠠᠰᠢᠭᠤᠳᠠᠯ᠎ᠤᠨ ᠴᠠᠭᠢᠯᠭ᠋ᠠᠨ ᠴᠢᠮᠡᠭᠡ ᠶᠠᠪᠤᠭᠤᠯᠵᠤ᠂ ᠯᠠᠤᠰ᠎ᠤᠨ ᠨᠠᠮ ᠪᠣᠯᠣᠨ ᠤᠯᠤᠰ᠎ᠤᠨ ᠤᠤᠯ᠎ᠤᠨ ᠲᠡᠷᠢᠭᠦᠯᠡᠭᠴᠢ ᠺᠠᠨᠳᠠᠢ ᠵᠢᠨ ᠨᠠᠰᠤ ᠪᠠᠷᠠᠭᠰᠠᠨ᠎ᠳᠤ ᠲᠤᠢ᠌ᠯ ᠵᠶ᠋ᠡᠷ ᠡᠮᠭᠡᠨᠢᠨ ᠭᠠᠰᠢᠭᠤᠳᠠᠵᠤ ᠪᠠᠢ᠌ᠬᠤ᠎ᠪᠠᠨ ᠢᠯᠡᠳᠬᠡᠵᠦ᠂ ᠺᠠᠨᠳᠠᠢ ᠨᠥᠬᠥᠷ᠎ᠤᠨ ᠭᠡᠷ ᠪᠦᠯᠢ ᠵᠢᠨ᠎ᠬᠢᠨ᠎ᠢ ᠴᠢᠩ ᠰᠡᠳᠬᠢᠯ᠎ᠠᠴᠠ᠎ᠪᠠᠨ ᠲᠣᠬᠣᠨᠢᠭᠤᠯᠵᠤ ᠪᠠᠢ᠌ᠬᠤ᠎ᠪᠠᠨ ᠢᠯᠡᠳᠬᠡᠪᠡ᠃ ᠪᠦᠭᠦ ᠠᠭᠤᠯᠭ᠎ᠠ᠎ᠨᠢ ᠳᠣᠣᠷᠠᠬᠢ ᠮᠡᠲᠦ᠄
ᠯᠠᠤᠰ᠎ᠤᠨ ᠨᠠᠮ ᠪᠣᠯᠣᠨ ᠤᠯᠤᠰ᠎ᠤᠨ ᠤᠤᠯ᠎ᠤᠨ ᠲᠡᠷᠢᠭᠦᠯᠡᠭᠴᠢ ᠺᠠᠨᠳᠠᠢ ᠨᠥᠬᠥᠷ ᠵᠣᠯ ᠪᠤᠰᠤ᠎ᠪᠠᠷ ᠨᠠᠰᠤ ᠪᠠᠷᠠᠪᠠ᠃ ᠪᠢ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠡᠮᠦᠨ᠎ᠡ᠎ᠠᠴᠠ᠂ ᠲᠡᠷᠡᠴᠢᠯᠡᠨ ᠬᠤᠪᠢ ᠬᠥᠮᠥᠨ᠎ᠤ ᠨᠡᠷ᠎ᠡ᠎ᠪᠠᠷ ᠵᠶ᠋ᠡᠨ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠂ ᠯᠠᠤᠰ᠎ᠤᠨ ᠵᠠᠰᠠᠭ᠎ᠤᠨ ᠣᠷᠳᠣᠨ᠂ ᠯᠠᠤᠰ᠎ᠤᠨ ᠠᠷᠠᠳ ᠲᠦᠮᠡᠨ᠎ᠳᠤ ᠺᠠᠨᠳᠠᠢ ᠨᠥᠬᠥᠷ᠎ᠤᠨ ᠨᠠᠰᠤ ᠪᠠᠷᠠᠭᠰᠠᠨ᠎ᠳᠤ ᠲᠤᠢ᠌ᠯ ᠵᠶ᠋ᠡᠷ ᠡᠮᠭᠡᠨᠢᠨ ᠭᠠᠰᠢᠭᠤᠳᠠᠵᠤ ᠪᠠᠢ᠌ᠬᠤ᠎ᠪᠠᠨ ᠢᠯᠡᠳᠬᠡᠵᠦ᠂ ᠺᠠᠨᠳᠠᠢ ᠨᠥᠬᠥᠷ᠎ᠤᠨ ᠭᠡᠷ ᠪᠦᠯᠢ ᠵᠢᠨ᠎ᠬᠢᠨ᠎ᠢ ᠴᠢᠩ ᠰᠡᠳᠬᠢᠯ᠎ᠠᠴᠠ᠎ᠪᠠᠨ ᠲᠣᠬᠣᠨᠢᠭᠤᠯᠵᠤ ᠪᠠᠢ᠌ᠨ᠎ᠠ᠃
ᠺᠠᠨᠳᠠᠢ ᠨᠥᠬᠥᠷ ᠪᠣᠯ ᠡᠷᠡᠰ ᠪᠠᠲᠤ ᠡᠪ ᠬᠠᠮᠲᠤ ᠶᠣᠰᠣᠨ᠎ᠤ ᠦᠵᠡᠯᠲᠡᠨ ᠮᠥᠨ᠂ ᠯᠠᠤᠰ᠎ᠤᠨ ᠨᠠᠮ ᠪᠣᠯᠣᠨ ᠤᠯᠤᠰ᠎ᠤᠨ ᠠᠬᠠᠮᠠᠳ ᠨᠢᠭᠡ ᠦᠶ᠎ᠡ ᠵᠢᠨ ᠭᠠᠷᠮᠠᠭ᠋ᠠᠢ ᠤᠳᠤᠷᠢᠳᠬᠤ ᠬᠥᠮᠥᠨ ᠮᠥᠨ᠂ ᠳᠤᠮᠳᠠᠳᠤ ᠤᠯᠤᠰ᠎ᠤᠨ ᠨᠠᠮ ᠪᠣᠯᠣᠨ ᠠᠷᠠᠳ ᠲᠦᠮᠡᠨ᠎ᠤ ᠳᠣᠲᠣᠨᠣ ᠨᠥᠬᠥᠷ ᠪᠠ ᠨᠠᠢ᠌ᠵᠠ ᠮᠥᠨ᠂ ᠯᠠᠤᠰ᠎ᠤᠨ ᠰᠢᠨᠡᠴᠢᠯᠡᠯᠲᠡ ᠵᠢᠨ ᠠᠵᠢᠯ ᠦᠢ᠍ᠯᠡᠰ ᠪᠣᠯᠣᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠯᠲᠠ᠎ᠳᠤ ᠨᠢᠭᠡ ᠨᠠᠰᠤᠨ᠎ᠤ ᠤᠶᠤᠨ ᠴᠢᠳᠠᠯ ᠵᠶ᠋ᠠᠨ ᠡᠷᠭᠦᠵᠦ᠂ ᠳᠤᠮᠳᠠᠳᠤ ᠯᠠᠤᠰ᠎ᠤᠨ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ ᠵᠢᠨ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ᠎ᠤᠨ ᠨᠠᠮ᠂ ᠵᠠᠰᠠᠭ᠎ᠤᠨ ᠣᠷᠳᠣᠨ᠂ ᠠᠷᠠᠳ ᠲᠦᠮᠡᠨ ᠺᠠᠨᠳᠠᠢ ᠨᠥᠬᠥᠷ᠎ᠢ ᠡᠭᠦᠷᠢᠳᠡ ᠳᠤᠷᠠᠰᠤᠨ ᠰᠠᠨᠠᠭ᠋ᠠᠯᠵᠠᠬᠤ ᠪᠣᠯᠣᠨ᠎ᠠ᠃
ᠳᠤᠮᠳᠠᠳᠤ ᠯᠠᠤᠰ ᠪᠣᠯ ᠠᠭᠤᠯᠠ ᠤᠰᠤ᠎ᠪᠠᠷ ᠵᠶ᠋ᠡᠨ ᠵᠠᠯᠭ᠋ᠠᠯᠳᠤᠭᠰᠠᠨ ᠨᠡᠢ᠌ᠭᠡᠮ ᠵᠢᠷᠤᠮᠲᠤ ᠬᠥᠷᠰᠢ ᠤᠯᠤᠰ᠂ ᠰᠠᠢ᠌ᠨ ᠵᠡᠷᠭᠡᠯᠡᠳᠡᠭᠡ᠂ ᠰᠠᠢ᠌ᠨ ᠨᠠᠢ᠌ᠵᠠ᠂ ᠰᠠᠢ᠌ᠨ ᠨᠥᠬᠥᠷ᠂ ᠰᠠᠢ᠌ᠨ ᠬᠠᠨᠢᠲᠠᠨ ᠮᠥᠨ᠃ ᠳᠤᠮᠳᠠᠳᠤ ᠤᠯᠤᠰ ᠳᠤᠮᠳᠠᠳᠤ ᠯᠠᠤᠰ᠎ᠤᠨ ᠬᠣᠶᠠᠷ ᠨᠠᠮ ᠬᠣᠶᠠᠷ ᠤᠯᠤᠰ᠎ᠤᠨ ᠤᠯᠠᠮᠵᠢᠯᠠᠯᠲᠤ ᠨᠥᠬᠥᠷᠯᠡᠯ᠎ᠢ ᠪᠡᠬᠢᠵᠢᠭᠦᠯᠦᠨ ᠪᠠᠳᠠᠷᠠᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠂ ᠳᠤᠷᠠᠲᠠᠶ᠎ᠠ ᠯᠠᠤᠰᠤᠨᠬᠢᠨᠲᠠᠢ ᠬᠠᠮᠲᠤ᠎ᠪᠠᠷ ᠴᠢᠷᠮᠠᠢ᠌ᠵᠤ ᠳᠤᠮᠳᠠᠳᠤ ᠯᠠᠤᠰ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠴᠢ ᠲᠤᠰ ᠲᠤᠰ᠎ᠤᠨ ᠨᠡᠢ᠌ᠭᠡᠮ ᠵᠢᠷᠤᠮ᠎ᠤᠨ ᠠᠵᠢᠯ ᠦᠢ᠍ᠯᠡᠰ᠎ᠤᠨ ᠨᠡᠩ ᠶᠡᠬᠡ ᠬᠥᠭᠵᠢᠯᠲᠡ᠎ᠲᠠᠢ ᠪᠤᠯᠬᠤ ᠵᠢ ᠠᠬᠢᠭᠤᠯᠤᠨ᠎ᠠ᠃ ᠶᠡᠷᠦᠩᠬᠡᠢ ᠱᠦᠵᠢ ᠲᠦᠩᠯᠥ᠋ᠨ ᠨᠥᠬᠥᠷ ᠵᠶ᠋ᠡᠷ ᠲᠦᠷᠦᠭᠦᠯᠡᠭᠦᠯᠦᠭᠰᠡᠨ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠯᠠᠤᠰ᠎ᠤᠨ ᠨᠠᠮ ᠪᠣᠯᠣᠨ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠦᠢ᠍ᠯᠡᠰ ᠲᠠᠰᠤᠷᠠᠯᠲᠠ ᠦᠭᠡᠢ ᠨᠡᠩ ᠶᠡᠬᠡ ᠰᠢᠨ᠎ᠡ ᠠᠮᠵᠢᠯᠲᠠ ᠣᠯᠬᠤ ᠵᠢ ᠬᠦᠰᠡᠨ ᠵᠥᠩᠨᠡᠵᠦ ᠪᠠᠢ᠌ᠨ᠎ᠠ᠃
ᠺᠠᠨᠳᠠᠶ ᠨᠥᠬᠥᠷ ᠥᠨᠢᠳᠡ ᠪᠠᠯᠠᠷᠠᠰᠢ ᠦᠭᠡᠢ!