ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-05-20

 
     ᠰᠢᠨᠬᠤᠸᠠ ᠬᠣᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 13᠎ᠤ ᠴᠠᠭᠢᠯᠭ᠋ᠠᠨ ᠮᠡᠳᠡᠭᠡ  5 ᠰᠠᠷ᠎ᠠ ᠵᠢᠨ 13᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠠᠬᠢ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠵᠢᠨ ᠫᠢᠩ᠂ ᠳᠤᠮᠳᠠᠳᠤ ᠤᠯᠤᠰ᠎ᠤᠨ᠎ᠬᠢᠨ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ᠎ᠬᠢᠨ᠎ᠲᠠᠢ ᠭᠠᠷ ᠬᠣᠯᠪᠣᠨ ᠲᠠᠪᠤᠨ ᠶᠡᠬᠡ ᠢᠨᠵᠧᠨᠧᠷᠢᠩ᠎ᠢ ᠡᠬᠢᠯᠡᠭᠦᠯᠵᠦ᠂ ᠬᠥᠭᠵᠢᠯᠲᠡ ᠮᠠᠨᠳᠤᠯᠲᠠ ᠵᠢ ᠬᠠᠮᠲᠤ᠎ᠪᠠᠷ ᠰᠦᠪᠡᠭᠴᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠢ᠌ᠭᠤᠯᠤᠨ᠎ᠠ ᠭᠡᠵᠦ ᠨᠡᠢ᠌ᠲᠡᠯᠡᠪᠡ᠃


6388284107005623764237588.jpg



5 ᠰᠠᠷ᠎ᠠ ᠵᠢᠨ 13 ᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ  ᠪᠡᠭᠡᠵᠢᠩ᠎ᠳᠠᠬᠢ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ  ᠵᠤᠷᠢᠯᠳᠠᠳᠤ ᠶᠠᠷᠢᠶ᠎ᠠ ᠲᠠᠯᠪᠢᠪᠠ᠃ (ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠶᠢᠨ ᠪᠦᠸᠧ ᠭᠦ᠋ ᠰᠡᠭᠦᠳᠡᠷᠯᠡᠪᠡ)

      ᠵᠤᠨ᠎ᠤ ᠡᠬᠢ᠎ᠪᠠᠷ ᠡᠬᠡ ᠪᠠᠢ᠌ᠭ᠋ᠠᠯᠢ ᠠᠮᠢᠵᠢᠷᠠᠯ᠎ᠤᠨ ᠬᠦᠴᠦᠨ ᠵᠶ᠋ᠡᠷ ᠪᠢᠯᠬᠠᠨ᠎ᠠ᠃ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠤᠯᠤᠰ᠎ᠤᠨ ᠲᠣᠭ ᠵᠢᠴᠢ ᠬᠣᠯᠪᠣᠭᠳᠠᠯ ᠪᠦᠬᠦᠢ ᠭᠠᠵᠠᠷ ᠣᠷᠣᠨ᠎ᠤ ᠵᠣᠬᠢᠶᠠᠨ ᠪᠠᠢ᠌ᠭᠤᠯᠤᠯᠲᠠ ᠵᠢᠨ ᠲᠣᠭ ᠰᠠᠯᠬᠢᠨ᠎ᠤ ᠠᠶ᠎ᠠ᠎ᠪᠠᠷ ᠨᠠᠮᠢᠷᠠᠨ᠎ᠠ᠃
      ᠰᠢ ᠵᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠵᠢᠨ ᠶᠡᠷᠦᠩᠬᠡᠢ᠌ᠯᠡᠭᠴᠢ ᠫᠸᠲᠷᠤ᠋᠂ ᠪᠷᠠᠽᠢᠯ᠎ᠤᠨ ᠶᠡᠷᠦᠩᠬᠡᠢ᠌ᠯᠡᠭᠴᠢ ᠯᠦᠯᠠ᠂ ᠴᠢᠯᠢ ᠵᠢᠨ ᠶᠡᠷᠦᠩᠬᠡᠢ᠌ᠯᠡᠭᠴᠢ ᠪᠦᠧᠧᠯᠢᠴᠢ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ ᠵᠢᠴᠢ ᠭᠠᠵᠠᠷ ᠣᠷᠣᠨ᠎ᠤ ᠵᠣᠬᠢᠶᠠᠨ ᠪᠠᠢ᠌ᠭᠤᠯᠤᠯᠲᠠ ᠵᠢᠨ ᠲᠥᠯᠥᠭᠡᠯᠡᠭᠴᠢᠳ᠎ᠤᠨ ᠪᠦᠯᠭᠦᠮ᠎ᠤᠨ ᠳᠠᠷᠤᠭ᠎ᠠ᠎ᠲᠠᠢ ᠳᠣᠲᠣᠨᠣ᠎ᠪᠠᠷ ᠭᠠᠷ ᠠᠳᠬᠤᠭᠰᠠᠨ ᠪᠥᠭᠡᠳ ᠬᠠᠮᠲᠤ ᠵᠢᠨ ᠰᠡᠭᠦᠳᠡᠷ ᠲᠠᠲᠠᠭᠤᠯᠪᠠ᠃
      ᠬᠠᠯᠠᠭᠤᠨ ᠠᠯᠠᠭ᠎ᠠ ᠲᠡᠰᠢᠯᠲᠡ ᠵᠢᠨ ᠳᠤᠮᠳᠠ ᠰᠢ ᠵᠢᠨ ᠫᠢᠩ 《ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢ ᠪᠠᠢ᠌ᠭᠤᠯᠬᠤ ᠰᠢᠨ᠎ᠡ ᠬᠠᠭᠤᠳᠠᠰᠤ ᠵᠢ ᠪᠢᠴᠢᠭᠯᠡᠶ᠎ᠡ》 ᠭᠡᠬᠦ ᠰᠡᠳᠦᠪ ᠵᠶ᠋ᠡᠷ ᠭᠣᠣᠯ ᠵᠤᠷᠢᠯᠳᠠᠳᠤ ᠶᠠᠷᠢᠶ᠎ᠠ ᠲᠠᠯᠪᠢᠪᠠ᠃
     ᠰᠢ ᠵᠢᠨ ᠫᠢᠩ᠂ 2015 ᠣᠨ᠎ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠲᠥᠯᠥᠭᠡᠯᠡᠭᠴᠢᠳ᠎ᠲᠠᠢ ᠬᠠᠮᠲᠤ᠎ᠪᠠᠷ ᠪᠡᠭᠡᠵᠢᠩ᠎ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠠᠩᠬᠠᠳᠤᠭ᠋ᠠᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ ᠪᠠᠢ᠌ᠭᠤᠯᠤᠭᠳᠠᠭᠰᠠᠨ᠎ᠢ ᠲᠤᠩᠬᠠᠭᠯᠠᠪᠠ᠃ 10 ᠵᠢᠯ᠎ᠤᠨ ᠲᠤᠷᠰᠢ ᠬᠣᠶᠠᠷ ᠲᠠᠯ᠎ᠠ ᠵᠢᠨ ᠨᠢᠮᠪᠠᠢ ᠪᠣᠢ᠌ᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ  ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠨᠢ ᠨᠢᠭᠡᠨ ᠨᠢᠯᠬ᠎ᠠ ᠴᠢᠬᠢ ᠪᠠᠢ᠌ᠭᠰᠠᠨ᠎ᠠᠴᠠ᠎ᠪᠠᠨ ᠲᠣᠮᠣ ᠮᠣᠳᠣ ᠪᠣᠯᠵᠤ ᠪᠣᠢ᠌ᠵᠢᠭᠰᠠᠨ ᠪᠠᠢ᠌ᠨ᠎ᠠ᠃ ᠬᠣᠶᠠᠷ ᠲᠠᠯ᠎ᠠ᠎ᠪᠠᠷ ᠵᠶ᠋ᠡᠨ ᠭᠠᠷ ᠬᠣᠯᠪᠣᠨ ᠮᠥᠷᠥ ᠵᠡᠷᠭᠡᠴᠡᠵᠦ᠂ ᠬᠠᠷᠢᠯᠴᠠᠨ ᠳᠡᠮᠵᠢᠵᠦ᠂ ᠭᠠᠳᠠᠭ᠋ᠠᠳᠤ ᠬᠠᠷᠢᠯᠴᠠᠭ᠎ᠠ ᠪᠠᠢ᠌ᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ ᠢᠮᠠᠭᠲᠠ ᠨᠢᠭᠡ ᠳᠤᠮᠳᠠᠳᠤ ᠤᠯᠤᠰ ᠪᠠᠢ᠌ᠬᠤ ᠵᠠᠷᠴᠢᠮ᠎ᠢ ᠪᠠᠷᠢᠮᠲᠠᠯᠠᠵᠤ᠂  ᠲᠤᠮᠳᠠᠳᠤ ᠵᠢᠨ ᠲᠠᠯ᠎ᠠ ᠵᠢᠨ᠎ᠬᠢᠨ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠲᠤᠰ ᠤᠯᠤᠰ᠎ᠤᠨ ᠵᠶ᠋ᠠᠨ ᠪᠠᠢ᠌ᠳᠠᠯ᠎ᠳᠤ ᠨᠡᠢ᠌ᠴᠡᠭᠰᠡᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠤᠯᠤᠰ᠎ᠤᠨ ᠡᠷᠬᠡ ᠮᠡᠳᠡᠯ ᠪᠠ ᠲᠤᠰᠠᠭ᠋ᠠᠷ ᠲᠣᠭᠲᠠᠨᠢᠯ ᠵᠶ᠋ᠠᠨ ᠬᠠᠮᠠᠭ᠋ᠠᠯᠠᠬᠤ ᠵᠢ ᠲᠡᠮᠵᠢᠵᠥ᠂ ᠭᠠᠳᠠᠭ᠋ᠠᠳᠤ ᠵᠢᠨ᠎ᠬᠢᠨ᠎ᠤ ᠭᠠᠷ ᠲᠦᠷᠦᠭᠦ ᠵᠢ ᠡᠰᠡᠷᠭᠦᠴᠡᠪᠡ; ᠬᠣᠶᠠᠷ ᠲᠠᠯ᠎ᠠ᠎ᠪᠠᠷ ᠵᠶ᠋ᠡᠨ ᠤᠷᠤᠰᠬᠠᠯ᠎ᠤᠨ ᠡᠮᠦᠨ᠎ᠡ ᠬᠣᠰᠢᠭᠤᠷᠠᠨ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠲᠡᠵᠦ᠂ ᠠᠵᠤ ᠠᠬᠤᠢ ᠵᠢᠨ ᠳᠡᠯᠡᠬᠡᠢ᠌ᠵᠢᠯᠲᠡ ᠵᠢᠨ ᠶᠡᠬᠡ ᠬᠠᠨᠳᠤᠰᠢ᠎ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠥᠨ ᠭᠦᠢ᠍ᠯᠭᠡᠭᠡᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠨ ᠲᠠᠰᠤᠷᠠᠯᠲᠠ ᠦᠭᠡᠢ ᠭᠦᠨᠵᠡᠭᠡᠢ᠌ᠷᠡᠬᠦ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠢ᠌ᠭᠤᠯᠪᠠ; ᠬᠣᠶᠠᠷ ᠲᠠᠯ᠎ᠠ᠎ᠪᠠᠷ ᠵᠶ᠋ᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠵᠤ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ᠂ ᠳᠠᠯᠠᠢ ᠵᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠢ᠌ᠭ᠋ᠠᠯᠢ ᠵᠢᠨ ᠭᠠᠮᠰᠢᠭ ᠪᠠ ᠡᠷᠢᠨ ᠵᠠᠭᠤᠨ᠎ᠤ ᠬᠢᠵᠢᠭ᠎ᠤᠨ ᠪᠠᠢ᠌ᠳᠠᠯ᠎ᠢ ᠭᠠᠷ ᠬᠣᠯᠪᠣᠨ ᠠᠷᠭ᠋ᠠᠴᠠᠭ᠋ᠠᠪᠠ; ᠬᠤᠶᠠᠷ ᠲᠠᠯ᠎ᠠ᠎ᠪᠠᠷ ᠵᠶ᠋ᠡᠨ ᠪᠦᠯᠬᠦᠮᠳᠡᠨ ᠬᠠᠮᠵᠢᠯᠴᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠲᠤ᠎ᠪᠠᠷ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠠᠬᠢᠭᠤᠯᠵᠤ᠂ ᠳᠡᠯᠡᠬᠡᠢ ᠵᠢᠨ ᠤᠯᠠᠨ ᠲᠤᠢ᠌ᠯᠵᠢᠯ ᠪᠣᠯᠣᠨ ᠤᠯᠠᠨ ᠤᠯᠤᠰ᠎ᠤᠨ ᠬᠠᠷᠢᠯᠴᠠᠭ᠎ᠠ ᠵᠢᠨ ᠠᠷᠠᠳᠴᠢᠯᠠᠯ᠎ᠢ ᠠᠬᠢᠭᠤᠯᠪᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ ᠨᠢᠭᠡᠨᠲᠡ ᠭᠠᠷ ᠬᠣᠯᠪᠣᠨ ᠬᠠᠮᠲᠤ᠎ᠪᠠᠷ ᠤᠷᠤᠭᠰᠢᠯᠠᠬᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠤᠭᠰᠠᠨ᠎ᠢ ᠪᠣᠳᠠᠲᠤ ᠶᠠᠪᠤᠳᠠᠯ ᠭᠡᠷᠡᠴᠢᠯᠡᠪᠡ᠃ ᠲᠡᠭᠦᠨ᠎ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ᠎ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ᠎ᠳᠡᠭᠡᠨ ᠪᠠᠭᠲᠠᠭ᠋ᠠᠵᠤ ᠪᠠᠢ᠌ᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭ᠋ᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ᠎ᠳᠤ ᠪᠤᠶᠠᠨ ᠦᠢ᠍ᠯᠡᠳᠬᠦ ᠪᠠᠢ᠌ᠵᠤ᠂ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠵᠢᠨ ᠠᠯᠤᠰ ᠢᠷᠡᠭᠡᠳᠦᠢ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃



6388284110963434969179352.jpg


5 ᠰᠠᠷ᠎ᠠ ᠵᠢᠨ 13᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠠᠬᠢ ᠤᠯᠤᠰ᠎ᠤᠨ ᠬᠤᠷᠠᠯ᠎ᠤᠨ ᠲᠥᠪ᠎ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ᠎ᠤᠨ ᠡᠭᠢᠯᠡᠯᠲᠡ ᠵᠢᠨ ᠶᠣᠰᠣᠯᠠᠯ᠎ᠳᠤ ᠣᠷᠣᠯᠴᠠᠬᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ ᠵᠢᠷᠤᠭ ᠪᠣᠯ ᠰᠢ ᠵᠢᠨ ᠫᠢᠩ ᠪᠣᠯᠣᠨ ᠬᠤᠷᠠᠯ᠎ᠳᠤ ᠣᠷᠣᠯᠴᠠᠬᠰᠠᠨ ᠵᠣᠴᠢᠳ ᠬᠠᠮᠲᠤ ᠵᠢᠨ ᠰᠡᠭᠦᠳᠡᠷ ᠲᠠᠲᠠᠭᠤᠯᠵᠤ ᠪᠠᠢ᠌ᠭ᠎ᠠ᠎ᠨᠢ᠃ (ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠳ᠋ᠢᠩ ᠬᠠᠢ ᠲᠤᠤ ᠰᠡᠭᠦᠳᠡᠷᠯᠡᠪᠡ)
      ᠰᠢ ᠵᠢᠨ ᠫᠢᠩ᠂ ᠣᠳᠣᠬᠠᠨ᠎ᠳᠤ ᠳᠡᠯᠡᠬᠡᠢ ᠶᠢᠷᠲᠢᠨᠴᠦ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠢ᠌ᠨ᠎ᠠ᠃ ᠡᠯ᠎ᠡ ᠤᠯᠤᠰ ᠭᠠᠭᠴᠠ ᠬᠦ᠌ ᠪᠦᠯᠬᠦᠮᠳᠡᠨ ᠬᠠᠮᠵᠢᠯᠴᠠᠪᠠᠯ ᠰᠠᠶᠢ ᠳᠡᠯᠡᠬᠡᠢ ᠵᠢᠨ ᠡᠩᠬᠡ ᠲᠠᠢ᠌ᠪᠤᠩ ᠲᠣᠭᠲᠠᠭᠤᠨ᠎ᠢ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠬᠥᠭᠵᠢᠯ ᠴᠡᠴᠡᠭᠯᠡᠯ᠎ᠢ ᠠᠬᠢᠭᠤᠯᠵᠤ ᠴᠢᠳᠠᠨ᠎ᠠ᠃ ᠪᠣᠭᠣᠮᠲᠠ ᠵᠢᠨ ᠭᠠᠢ᠌ᠯᠢ ᠵᠢᠨ ᠳᠠᠢ᠌ᠨ᠂ ᠠᠷᠠᠯᠵᠢᠶᠠᠨ᠎ᠤ ᠳᠠᠢ᠌ᠨ᠎ᠳᠤ ᠢᠯᠠᠭᠴᠢ ᠪᠠᠢ᠌ᠬᠤ ᠦᠭᠡᠢ᠂ ᠡᠵᠡᠷᠬᠡᠬᠦ ᠡᠵᠡᠷᠬᠡᠭᠯᠡᠬᠦ᠎ᠨᠢ ᠵᠥᠪᠭᠡᠨ ᠥᠪᠡᠷ᠎ᠢ᠎ᠪᠠᠨ ᠭᠠᠭᠴᠠᠭ᠋ᠠᠷᠳᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ ᠪᠣᠯ ᠴᠥᠮ ᠪᠦᠭᠦ ᠪᠥᠮᠪᠥᠷᠴᠡᠭ᠎ᠤᠨ ᠬᠥᠭᠵᠢᠵᠦ ᠪᠠᠢ᠌ᠭ᠎ᠠ ᠤᠯᠤᠰ᠎ᠤᠳ᠎ᠤᠨ ᠴᠢᠬᠤᠯᠠ ᠪᠦᠷᠢᠯᠳᠦᠭᠦᠨ ᠮᠥᠨ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠪᠣᠯ ᠮᠠᠨ᠎ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ᠎ᠤ ᠲᠥᠷᠥᠯᠬᠢ ᠡᠷᠬᠡ ᠮᠥᠨ᠂ ᠲᠥᠪ ᠭᠣᠣᠯᠴᠢ ᠰᠢᠳᠤᠷᠭᠤ ᠶᠣᠰᠣ ᠪᠣᠯ ᠪᠢᠳᠡᠨ᠎ᠤ ᠬᠠᠮᠲᠤ ᠵᠢᠨ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ᠎ᠬᠢᠨ᠎ᠲᠠᠢ ᠭᠠᠷ ᠬᠣᠯᠪᠣᠨ ᠲᠠᠪᠤᠨ ᠶᠡᠬᠡ ᠢᠨᠵᠧᠨᠧᠷᠢᠩ᠎ᠢ ᠡᠬᠢᠯᠡᠭᠦᠯᠵᠦ᠂ ᠬᠥᠭᠵᠢᠯ ᠮᠠᠨᠳᠤᠯ᠎ᠢ ᠬᠠᠮᠲᠤ᠎ᠪᠠᠷ ᠡᠷᠢᠯᠬᠢᠯᠡᠵᠦ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠢ᠌ᠭᠤᠯᠤᠨ᠎ᠠ᠃
      ᠨᠢᠭᠡ ᠪᠣᠯ ᠪᠦᠯᠬᠦᠮᠳᠡᠯ᠎ᠤᠨ ᠢᠨᠵᠧᠨᠧᠷᠢᠩ᠃ ᠦᠷᠭᠦᠯᠵᠢᠯᠡᠨ ᠲᠤᠰ ᠲᠤᠰ᠎ᠤᠨ ᠵᠶ᠋ᠠᠨ ᠭᠣᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠢ᠌ᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠳᠡᠮᠵᠢᠯᠴᠡᠵᠦ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠪᠠᠷ ᠭᠣᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠤᠯᠠᠨ ᠤᠯᠤᠰ᠎ᠤᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠳᠤᠮᠳᠠ ᠬᠠᠮᠲᠤ ᠵᠢᠨ ᠳᠠᠭᠤᠨ ᠵᠶ᠋ᠠᠨ ᠴᠤᠤᠷᠢᠶᠠᠲᠤᠭᠤᠯᠤᠨ᠎ᠠ᠃ ᠢᠷᠡᠬᠦ 3 ᠵᠢᠯ᠎ᠳᠤ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ 300 ᠲᠦᠷᠦ ᠵᠢᠨ ᠨᠠᠮ᠎ᠤᠨ ᠺᠠᠳ᠋ᠷ᠎ᠢ ᠤᠷᠢᠵᠤ ᠳᠤᠮᠳᠠᠳᠤ ᠤᠯᠤᠰ᠎ᠲᠤ ᠰᠢᠨᠵᠢᠯᠡᠨ ᠪᠠᠢ᠌ᠴᠠᠭ᠋ᠠᠯᠭ᠋ᠠᠵᠤ ᠠᠶ᠋ᠢᠯᠴᠢᠯᠠᠯᠲᠠ ᠬᠢᠯᠭᠡᠨ᠎ᠡ᠃
      ᠬᠣᠶᠠᠷ ᠪᠣᠯ ᠬᠥᠭᠵᠢᠯᠲᠡ ᠵᠢᠨ ᠢᠨᠵᠧᠨᠧᠷᠢᠩ᠃ ᠬᠠᠮᠲᠤ᠎ᠪᠠᠷ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠮᠵᠢ ᠵᠢ ᠡᠷᠡᠰ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠵᠢᠨ ᠤᠯᠠᠨ ᠤᠯᠤᠰ᠎ᠤᠨ ᠣᠷᠴᠢᠨ ᠲᠣᠭᠣᠷᠢᠨ᠎ᠢ ᠬᠠᠮᠠᠭ᠋ᠠᠯᠠᠨ᠎ᠠ᠃ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠭᠦᠨᠵᠡᠭᠡᠢ ᠠᠬᠢᠭᠤᠯᠤᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠨᠡᠩ ᠤᠯᠠᠨ ᠰᠢᠯᠢᠳᠡᠭ ᠦᠢ᠍ᠯᠡᠳᠬᠦᠨ᠎ᠢ ᠣᠷᠣᠭᠤᠯᠵᠤ᠂ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠲᠠᠬᠢ ᠪᠡᠯᠡ ᠣᠷᠣᠭᠤᠯᠤᠯᠲᠠ᠎ᠪᠠᠨ ᠥᠷᠭᠡᠳᠬᠡᠬᠦ ᠵᠢ ᠵᠣᠷᠢᠭᠵᠢᠭᠤᠯᠤᠨ᠎ᠠ᠃
     ᠭᠤᠷᠪᠠ ᠪᠣᠯ ᠪᠣᠯᠪᠠᠰᠤᠨ᠎ᠤ ᠢᠨᠵᠧᠨᠧᠷᠢᠩ᠃ ᠬᠠᠮᠲᠤ᠎ᠪᠠᠷ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭ᠋ᠠᠮᠵᠢᠲᠠᠢ ᠪᠣᠯᠪᠠᠰᠤᠨ᠎ᠤ ᠦᠵᠡᠯᠲᠡ ᠵᠢ ᠪᠤᠢ ᠪᠤᠯᠭ᠋ᠠᠵᠤ᠂ ᠡᠩᠬᠡ ᠲᠠᠢ᠌ᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ᠎ᠲᠠᠢ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠪᠣᠯᠪᠠᠰᠤᠨ᠎ᠤ ᠰᠣᠯᠢᠯᠴᠠᠭ᠎ᠠ ᠵᠢ ᠭᠦᠨᠵᠡᠭᠡᠢ᠌ᠷᠡᠭᠦᠯᠵᠦ᠂ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠪᠣᠯᠪᠠᠰᠤᠨ᠎ᠤ ᠶᠠᠷᠢᠯᠴᠠᠭ᠋ᠠᠨ᠎ᠤ ᠶᠡᠬᠡ ᠬᠤᠷᠠᠯ᠎ᠢ ᠡᠷᠭᠢᠯᠡᠨ᠎ᠡ᠃

      ᠳᠥᠷᠪᠡ ᠪᠣᠯ ᠨᠠᠢ᠌ᠷᠠᠮᠳᠠᠯ᠎ᠤᠨ ᠢᠨᠵᠧᠨᠧᠷᠢᠩ᠃ ᠬᠠᠮᠲᠤ᠎ᠪᠠᠷ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠵᠤ᠂ ᠭᠠᠮᠰᠢᠭ᠎ᠤᠨ ᠰᠦᠢ᠍ᠳᠦᠯ᠎ᠢ ᠵᠠᠰᠠᠬᠤ᠂ ᠰᠦᠯᠵᠢᠶᠡᠨ᠎ᠤ ᠠᠮᠤᠷ ᠲᠦᠪᠰᠢᠨ᠂ ᠰᠦᠷᠳᠡᠭᠦᠯᠦᠯ᠎ᠢ ᠡᠰᠡᠷᠭᠦᠴᠡᠬᠦ᠂ ᠢᠯᠵᠢᠷᠡᠯ᠎ᠢ ᠡᠰᠡᠷᠭᠦᠴᠡᠬᠦ᠂ ᠬᠣᠣᠷ ᠴᠠᠭ᠋ᠠᠵᠠᠯᠠᠬᠤ᠂ ᠤᠯᠤᠰ ᠠᠯᠤᠰᠯᠠᠭᠰᠠᠨ ᠵᠣᠬᠢᠶᠠᠨ ᠪᠠᠢ᠌ᠭᠤᠯᠤᠯᠲᠠ᠎ᠲᠠᠢ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠭᠠᠵᠠᠷ ᠣᠷᠣᠨ᠎ᠤ ᠠᠮᠤᠷ ᠲᠦᠪᠰᠢᠨ ᠲᠣᠭᠲᠠᠭᠤᠨ᠎ᠢ ᠴᠢᠷᠮᠠᠢ᠌ᠨ ᠬᠠᠮᠠᠭ᠋ᠠᠯᠠᠨ᠎ᠠ᠃
      ᠲᠠᠪᠤ ᠪᠣᠯ ᠠᠷᠠᠳ᠎ᠤᠨ ᠰᠡᠳᠬᠢᠯ᠎ᠤᠨ ᠢᠨᠵᠧᠨᠧᠷᠢᠩ᠃ ᠢᠷᠡᠬᠦ 3 ᠵᠢᠯ᠎ᠳᠤ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠲᠤ 3500 ᠵᠠᠰᠠᠭ᠎ᠤᠨ ᠣᠷᠳᠣᠨ᠎ᠤ ᠰᠤᠷᠤᠯᠭ᠎ᠠ ᠵᠢᠨ ᠱᠠᠩᠨᠠᠯ᠎ᠤᠨ ᠣᠷᠣᠨ ᠲᠣᠭ᠎ᠠ᠂ 1 ᠲᠦᠮᠡᠨ ᠳᠤᠮᠳᠠᠳᠤ ᠤᠯᠤᠰ᠎ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠣᠭ᠎ᠠ᠂ 500 ᠤᠯᠠᠨ ᠤᠯᠤᠰ᠎ᠤᠨ ᠬᠢᠲᠠᠳ ᠬᠡᠯᠡᠨ᠎ᠤ ᠪᠠᠭᠰᠢ ᠵᠢᠨ ᠰᠤᠷᠤᠯᠭ᠎ᠠ ᠵᠢᠨ ᠱᠠᠩᠨᠠᠯ᠎ᠤᠨ ᠣᠷᠣᠨ ᠲᠣᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠵᠢ ᠴᠥᠭᠡᠳᠬᠡᠬᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠣᠷᠣᠨ ᠲᠣᠭ᠎ᠠ᠂ 1000 《ᠬᠢᠲᠠᠳ ᠬᠡᠯᠡᠨ᠎ᠤ ᠬᠥᠭᠥᠷᠭᠡ》 ᠵᠢᠨ ᠲᠦᠷᠦᠯ ᠵᠦᠢ᠍ᠯ᠎ᠤᠨ ᠳᠤᠮᠳᠠᠳᠤ ᠤᠯᠤᠰ᠎ᠲᠤ ᠢᠷᠡᠬᠦ ᠪᠦᠯᠭᠦᠮ ᠳᠤᠭᠤᠢ᠌ᠯᠠᠩ᠎ᠤᠨ ᠣᠷᠣᠨ ᠲᠣᠭ᠎ᠠ ᠬᠠᠩᠭ᠋ᠠᠵᠤ᠂ 300 《ᠪᠠᠭ᠎ᠠ ᠮᠥᠷᠲᠡᠭᠡᠨ ᠭᠣᠢ᠌ᠳᠠ》 ᠠᠷᠠᠳ᠎ᠤᠨ ᠠᠮᠢᠳᠤᠷᠠᠯ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠪᠦᠷᠢᠯᠳᠦᠭᠦᠨ ᠤᠯᠤᠰ᠎ᠤᠨ ᠬᠢᠲᠠᠳ ᠬᠡᠯᠡᠨ᠎ᠤ ᠰᠤᠷᠭ᠋ᠠᠨ ᠬᠥᠮᠦᠵᠢᠯ ᠥᠷᠨᠢᠭᠦᠯᠬᠦ ᠵᠢ ᠲᠡᠮᠵᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠸ ᠣᠷᠣᠨ᠎ᠤ 5 ᠤᠯᠤᠰ᠎ᠲᠤ ᠸᠢᠰᠠ ᠵᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠵᠢᠨ ᠬᠠᠮᠲᠤ ᠭᠠᠵᠠᠷ ᠣᠷᠣᠨ᠎ᠤ ᠤᠯᠤᠰ᠎ᠤᠳ᠎ᠤᠨ ᠪᠦᠷᠬᠦᠴᠡ ᠵᠢᠨ ᠬᠡᠪᠴᠢᠶ᠎ᠡ ᠵᠢ ᠵᠣᠬᠢᠰᠲᠠᠢ ᠴᠠᠭ᠎ᠲᠤ ᠥᠷᠭᠡᠳᠬᠡᠨ᠎ᠡ ᠭᠡᠵᠦ ᠴᠢᠬᠤᠯᠠᠴᠢᠯᠠᠪᠠ᠃
      ᠰᠢ ᠵᠢᠨ ᠫᠢᠩ ᠬᠠᠮᠤᠭ᠎ᠤᠨ ᠰᠡᠭᠦᠯ᠎ᠳᠤ᠂ ᠳᠡᠯᠡᠬᠡᠢ ᠵᠢᠨ ᠪᠠᠢ᠌ᠳᠠᠯ ᠶᠠᠭ᠋ᠠᠬᠢᠵᠤ ᠬᠤᠪᠢᠷᠠᠭᠰᠠᠨ ᠴᠤ᠌᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠰᠠᠢ᠌ᠨ ᠨᠠᠢ᠌ᠵᠠ᠂ ᠰᠠᠢ᠌ᠨ ᠬᠠᠨᠢᠲᠠᠨ ᠪᠣᠯᠵᠤ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠲᠠᠢ ᠬᠠᠮᠲᠤ ᠲᠤᠰ ᠲᠤᠰ᠎ᠤᠨ ᠣᠳᠣᠬᠢᠴᠢᠯᠠᠯᠲᠠ ᠵᠢᠨ ᠠᠶᠠᠨ᠎ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠶ᠎ᠡ ᠭᠡᠵᠦ ᠴᠢᠬᠤᠴᠢᠯᠠᠪᠠ᠃
      ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠵᠢᠨ ᠶᠡᠷᠦᠩᠬᠡᠢ᠌ᠯᠡᠭᠴᠢ ᠫᠸᠲᠷᠤ᠋᠂ ᠪᠷᠠᠽᠢᠯ᠎ᠤᠨ ᠶᠡᠷᠦᠩᠬᠡᠢ᠌ᠯᠡᠭᠴᠢ ᠯᠦᠯᠠ᠂ ᠴᠢᠯᠢ ᠵᠢᠨ ᠶᠡᠷᠦᠩᠬᠡᠢ᠌ᠯᠡᠭᠴᠢ ᠪᠦᠸᠸᠯᠢᠴᠢ᠂ ᠰᠢᠨ᠎ᠡ ᠨᠡᠭᠡᠭᠡᠨ ᠬᠥᠭᠵᠢᠭᠦᠯᠦᠯᠲᠡ ᠵᠢᠨ ᠪᠠᠩᠬᠢ ᠵᠢᠨ ᠳᠠᠷᠤᠭ᠎ᠠ᠂ ᠪᠷᠠᠽᠢᠯ᠎ᠤᠨ ᠤᠤᠯ᠎ᠤᠨ ᠶᠡᠷᠦᠩᠬᠡᠢ᠌ᠯᠡᠭᠴᠢ ᠷᠤᠰᠤᠹ ᠲᠤᠰ ᠲᠤᠰ ᠪᠠᠶᠠᠷ᠎ᠤᠨ ᠦᠭᠡ ᠬᠡᠯᠡᠪᠡ᠃ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠬᠠᠮᠲᠤ ᠵᠢᠨ ᠴᠣᠭᠴᠠ ᠵᠢᠨ ᠲᠤᠰᠢᠶᠠᠯ᠎ᠳᠤ ᠭᠠᠷᠬᠤ᠎ᠪᠠᠷ ᠪᠠᠢ᠌ᠭ᠎ᠠ ᠵᠢᠵᠢᠭᠦᠷ ᠲᠡᠷᠢᠭᠦᠯᠡᠭᠴᠢ ᠤᠯᠤᠰ ᠦᠷᠥ᠋ᠭᠤᠸᠠᠢ ᠵᠢᠨ ᠶᠡᠷᠦᠩᠬᠡᠢ᠌ᠯᠡᠭᠴᠢ ᠤᠤᠷᠰᠢ ᠵᠢᠨ ᠣᠨᠴᠠᠭ᠋ᠠᠢ ᠲᠥᠯᠥᠭᠡᠯᠡᠭᠴᠢ᠎ᠠᠴᠠ ᠶᠡᠷᠦᠩᠬᠡᠢ᠌ᠯᠡᠭᠴᠢ ᠵᠢᠨ ᠪᠠᠶᠠᠷ᠎ᠤᠨ ᠵᠠᠬᠢᠳᠠᠯ᠎ᠢ ᠤᠩᠰᠢᠨ ᠨᠡᠢ᠌ᠲᠡᠯᠡᠪᠡ᠃ ᠲᠡᠳᠡ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ — ᠳᠤᠮᠳᠠᠳᠤ ᠤᠯᠤᠰ᠎ᠤᠨ ᠶᠠᠷᠢᠶᠠᠨ᠎ᠤ ᠲᠠᠪᠴᠠᠩ᠎ᠤᠨ 10 ᠵᠢᠯ᠎ᠤᠨ ᠬᠥᠭᠵᠢᠯᠲᠡ ᠵᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ — ᠳᠤᠮᠳᠠᠳᠤ ᠤᠯᠤᠰ᠎ᠤᠨ ᠬᠠᠮᠲᠤᠷᠠᠯᠴᠠᠭ᠎ᠠ ᠵᠢ ᠠᠬᠢᠭᠤᠯᠬᠤ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ᠎ᠳᠤ ᠦᠵᠡᠭᠦᠯᠦᠭᠰᠡᠨ ᠳᠤᠮᠳᠠᠳᠤ ᠤᠯᠤᠰ᠎ᠤᠨ ᠴᠢᠬᠤᠯᠠ ᠶᠡᠬᠡ ᠬᠤᠪᠢ ᠨᠡᠮᠡᠷᠢ ᠵᠢ ᠮᠠᠭᠲᠠᠨ ᠰᠠᠢ᠌ᠰᠢᠶᠠᠪᠠ᠃ ᠡᠯ᠎ᠡ ᠲᠠᠯ᠎ᠠ ᠵᠢᠨ᠎ᠬᠢᠨ ᠨᠢᠭᠡ ᠳᠤᠮᠳᠠᠳᠤ ᠤᠯᠤᠰ ᠪᠠᠢ᠌ᠬᠤ ᠵᠠᠷᠴᠢᠮ᠎ᠢ ᠡᠷᠡᠰ ᠳᠡᠮᠵᠢᠬᠦ᠎ᠪᠠᠨ ᠳᠠᠪᠲᠠᠨ ᠢᠯᠡᠷᠬᠡᠢ᠌ᠯᠡᠪᠡ᠃ ᠡᠯ᠎ᠡ ᠲᠠᠯ᠎ᠠ ᠵᠢᠨ᠎ᠬᠢᠨ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠣᠢ᠌ᠯᠠᠭ᠋ᠠᠭᠳᠠᠬᠤᠨ ᠪᠣᠯᠣᠨ ᠭᠤᠷᠪᠠᠨ ᠶᠡᠬᠡ ᠪᠦᠭᠦ ᠪᠥᠮᠪᠥᠷᠴᠡᠭ᠎ᠤᠨ ᠰᠠᠨᠠᠭ᠋ᠠᠴᠢᠯᠠᠭ᠎ᠠ᠎ᠨᠢ ᠳᠡᠯᠡᠬᠡᠢ ᠳ᠋ᠠᠬᠢᠨ᠎ᠳᠤ ᠡᠩᠬᠡ ᠲᠠᠢ᠌ᠪᠤᠩ ᠬᠥᠭᠵᠢᠯ ᠴᠡᠴᠡᠭᠯᠡᠯ ᠲᠠᠪᠰᠢᠯᠳᠠ ᠵᠢᠨ ᠭᠡᠭᠡᠨ ᠰᠠᠷᠠᠭᠤᠯ ᠢᠷᠡᠭᠡᠳᠦᠢ ᠵᠢ ᠨᠡᠭᠡᠭᠡᠵᠦ ᠥᠭᠴᠡᠢ᠃ ᠲᠣᠬᠳᠠᠭ᠋ᠠᠯᠳᠦ ᠪᠤᠰᠤ ᠳᠡᠯᠡᠬᠡᠢ ᠶᠢᠷᠲᠢᠨᠴᠦ᠎ᠳᠤ ᠬᠠᠨᠳᠤᠵᠤ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ — ᠳᠤᠮᠳᠠᠳᠤ ᠤᠯᠤᠰ ᠭᠠᠷ ᠬᠣᠯᠪᠣᠨ ᠬᠠᠮᠲᠤᠷᠠᠯᠴᠠᠵᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ — ᠳᠤᠮᠳᠠᠳᠤ ᠤᠯᠤᠰ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠲᠠᠰᠤᠷᠠᠯᠲᠠ ᠦᠭᠡᠢ ᠰᠢᠨ᠎ᠡ ᠠᠬᠢᠴᠠ᠎ᠲᠠᠢ ᠪᠤᠯᠬᠤ ᠵᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ — ᠳᠤᠮᠳᠠᠳᠤ ᠤᠯᠤᠰ᠎ᠤᠨ ᠬᠠᠮᠲᠤᠷᠠᠯᠴᠠᠭ᠋ᠠᠨ᠎ᠤ ᠰᠠᠢ᠌ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ — ᠳᠤᠮᠳᠠᠳᠤ ᠤᠯᠤᠰ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠬᠡᠬᠦ ᠵᠢ ᠪᠠᠷᠢᠮᠲᠠᠯᠠᠵᠤ᠂ ᠨᠦᠭᠦᠭᠡ ᠡᠲᠡᠭᠡᠳ᠎ᠤᠨ ᠵᠶ᠋ᠡᠨ ᠡᠷᠬᠡ ᠮᠡᠳᠡᠯ ᠵᠶ᠋ᠡᠨ ᠬᠠᠮᠠᠭ᠋ᠠᠯᠠᠬᠤ ᠪᠠ ᠬᠥᠭᠵᠢᠯᠲᠡ ᠵᠢᠨ ᠵᠠᠮ ᠵᠶ᠋ᠠᠨ ᠪᠡᠶ᠎ᠡ᠎ᠪᠠᠨ ᠳᠠᠭ᠋ᠠᠭ᠋ᠠᠵᠤ ᠰᠣᠩᠭᠣᠬᠤ ᠵᠢ ᠡᠷᠡᠰ ᠳᠡᠮᠵᠢᠨ᠎ᠠ; ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ ᠡᠯ᠎ᠡ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠪᠠᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ᠎ᠯᠤᠭ᠎ᠠ ᠵᠣᠯᠭ᠋ᠠᠭᠤᠯᠬᠤ ᠵᠢ ᠴᠢᠩᠭ᠋ᠠᠳᠬᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠰᠢᠨ᠎ᠡ ᠡᠨᠧᠷᠭᠢ᠂ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠡᠶᠡᠯᠡᠭᠦᠯᠦᠨ᠎ᠠ; ᠪᠣᠯᠪᠠᠰᠤᠨ᠎ᠤ ᠰᠣᠯᠢᠯᠴᠠᠭ᠎ᠠ ᠶᠠᠷᠢᠯᠴᠠᠭ᠎ᠠ ᠵᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ — ᠳᠤᠮᠳᠠᠳᠤ ᠤᠯᠤᠰ᠎ᠤᠨ ᠠᠷᠠᠳ ᠲᠦᠮᠡᠨ᠎ᠤ ᠬᠠᠷᠢᠯᠴᠠᠨ ᠣᠢ᠌ᠯᠠᠭ᠋ᠠᠯᠴᠠᠵᠤ ᠬᠠᠷᠢᠯᠴᠠᠨ ᠳᠣᠲᠣᠨᠣ ᠪᠠᠢ᠌ᠬᠤ ᠵᠢ ᠠᠭᠢᠭᠤᠯᠤᠨ᠎ᠠ; ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠡᠷᠬᠡ ᠰᠦᠷ᠎ᠢ ᠡᠷᠡᠰ ᠬᠠᠮᠠᠭ᠋ᠠᠯᠠᠵᠤ᠂ ᠳᠡᠯᠡᠬᠡᠢ ᠵᠢᠨ ᠪᠠ ᠭᠠᠵᠠᠷ ᠣᠷᠣᠨ᠎ᠤ ᠡᠩᠬᠡ ᠲᠠᠢ᠌ᠪᠤᠩ ᠲᠣᠭᠲᠠᠭᠤᠨ ᠪᠠᠢ᠌ᠳᠠᠯ᠎ᠢ ᠬᠠᠮᠠᠭ᠋ᠠᠯᠠᠵᠤ᠂ ᠤᠯᠠᠨ ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠵᠢ ᠳᠡᠮᠵᠢᠵᠦ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ᠂ ᠬᠦᠴᠦᠷᠬᠡᠭᠯᠡᠯ᠎ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠵᠢ ᠡᠰᠡᠷᠭᠦᠴᠡᠨ᠂ ᠪᠦᠭᠦ ᠪᠥᠮᠪᠥᠷᠴᠡᠭ᠎ᠤᠨ ᠬᠥᠭᠵᠢᠵᠦ ᠪᠠᠢ᠌ᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠨ᠎ᠠ ᠭᠡᠵᠦ ᠢᠯᠡᠳᠬᠡᠵᠡᠭᠡᠪᠡ᠃
      ᠲᠤᠰ ᠡᠳᠦᠷ᠎ᠤᠨ ᠦᠳᠡ᠎ᠳᠤ ᠰᠢ ᠵᠢᠨ ᠫᠢᠩ ᠬᠤᠷᠠᠯ᠎ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ ᠺᠠᠷᠢᠪᠸ ᠵᠢᠨ ᠤᠯᠤᠰ᠎ᠤᠳ᠎ᠤᠨ᠎ᠬᠢᠨ᠎ᠤ ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ᠎ᠤᠨ ᠪᠦᠯᠭᠦᠮ᠎ᠤᠨ ᠳᠠᠷᠤᠭ᠎ᠠ ᠵᠢ ᠤᠭᠲᠤᠬᠤ ᠳᠠᠢ᠌ᠯᠠᠯᠭ᠎ᠠ ᠬᠢᠪᠡ᠃
      ᠼᠠᠢ ᠴᠢ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ᠎ᠳᠤ ᠣᠷᠣᠯᠴᠠᠪᠠ᠃
      ᠸᠠᠩ ᠢ ᠡᠭᠢᠯᠡᠯᠲᠡ ᠵᠢᠨ ᠶᠣᠰᠣᠯᠠᠯ᠎ᠢ ᠡᠷᠭᠢᠯᠡᠪᠡ᠃
 

 

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ
ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠢ᠌ᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠣᠷᠣᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠳᠠ ᠬᠢᠬᠦ ᠵᠢᠨ ᠬᠠᠮᠲᠤ ᠵᠦᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠤᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠬᠤ ᠠᠵᠢᠯᠯᠠᠭ᠎ᠠ᠎ᠪᠠᠨ ᠲᠡᠭᠦᠰ ᠠᠮᠵᠢᠯᠲᠠᠲᠠᠢ ᠲᠡᠭᠦᠰᠬᠡᠪᠡ
 
            
Baidu
map