ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠤᠷᠤᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2025-05-09

 
   ᠰᠢᠨᠬᠤᠸᠠ ᠬᠣᠷᠢᠶ᠎ᠠ ᠵᠢᠨ ᠮᠣᠰᠺᠸᠠ ᠵᠢᠨ 5 ᠰᠠᠷ᠎ᠠ ᠵᠢᠨ 8᠎ᠤ ᠴᠠᠭᠢᠯᠭ᠋ᠠᠨ ᠮᠡᠳᠡᠭᠡ  ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠤᠷᠤᠰ᠎ᠤᠨ ᠶᠡᠷᠦᠩᠬᠡᠢ᠌ᠯᠡᠭᠴᠢ ᠫᠦᠲ᠋ᠢᠨ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠮᠣᠰᠺᠸᠠ ᠵᠢᠨ ᠺᠷᠸᠮᠯᠢ ᠣᠷᠳᠣᠨ᠎ᠳᠤ ᠬᠡᠯᠡᠯᠴᠡᠭᠡ ᠬᠢᠪᠡ᠃ ᠬᠣᠶᠠᠷ ᠤᠯᠤᠰ᠎ᠤᠨ ᠲᠡᠷᠢᠭᠦᠨ ᠳᠤᠮᠳᠠᠳᠤ ᠤᠷᠤᠰ᠎ᠤᠨ ᠬᠠᠷᠢᠯᠴᠠᠭ᠎ᠠ ᠪᠣᠯᠣᠨ ᠳᠡᠯᠡᠬᠡᠢ ᠵᠢᠨ ᠪᠠ ᠭᠠᠵᠠᠷ ᠣᠷᠣᠨ᠎ᠤ ᠴᠢᠬᠤᠯᠠ ᠶᠡᠬᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠡᠷᠡᠰ ᠭᠤᠢ᠌ᠪᠢᠰᠢ ᠦᠭᠡᠢ ᠭᠦᠨᠵᠡᠭᠡᠢ᠌ᠷᠡᠭᠦᠯᠵᠦ᠂ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠲᠣᠭᠲᠠᠭᠤᠨ᠂ ᠡᠷᠡᠭᠦᠯ᠂ ᠥᠨᠳᠥᠷ ᠲᠦᠪᠰᠢᠨ ᠪᠦᠬᠦᠢ ᠬᠥᠭᠵᠢᠯᠲᠡ ᠵᠢ ᠠᠭᠢᠭᠤᠯᠤᠨ᠎ᠠ; ᠳᠡᠯᠡᠬᠡᠢ ᠵᠢᠨ ᠬᠣᠶᠠᠳᠤᠭ᠋ᠠᠷ ᠶᠡᠬᠡ ᠲᠠᠢ᠌ᠨ᠎ᠤ ᠲᠤᠬᠠᠢ ᠵᠥᠪ ᠲᠡᠦᠬᠡ ᠵᠢᠨ ᠦᠵᠡᠯᠲᠡ ᠵᠢ ᠬᠠᠮᠲᠤ᠎ᠪᠠᠷ ᠪᠠᠳᠠᠷᠠᠭᠤᠯᠵᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠡᠷᠬᠡ ᠰᠦᠷ ᠪᠠ ᠪᠠᠢ᠌ᠷᠢ ᠰᠠᠭᠤᠷᠢ ᠵᠢ ᠬᠠᠮᠠᠭ᠋ᠠᠯᠠᠨ᠂ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃


6388240983559566473962824.jpg



  ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠣᠷᠣᠰ᠎ᠤᠨ ᠶᠡᠷᠦᠩᠬᠡᠢ᠌ᠯᠡᠭᠴᠢ ᠫᠦᠲ᠋ᠢᠨ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠮᠣᠰᠺᠸᠠ ᠵᠢᠨ ᠺᠷᠧᠮᠯᠢ ᠣᠷᠳᠣᠨ᠎ᠳᠤ ᠬᠡᠯᠡᠯᠴᠡᠭᠡ ᠬᠢᠪᠡ᠃ ᠵᠢᠷᠤᠭ ᠪᠣᠯ ᠫᠦᠲ᠋ᠢᠨ ᠵᠤᠷᠵ ᠶᠡᠬᠡ ᠲᠢᠩᠬᠢᠮ᠎ᠳᠤ ᠰᠢ ᠵᠢᠨ ᠫᠢᠩ᠎ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠵᠤ ᠪᠠᠢ᠌ᠭ᠎ᠠ᠎ᠨᠢ᠃
   ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠸᠨ ᠰᠡᠭᠦᠳᠡᠷᠯᠡᠪᠡ

  5 ᠰᠠᠷ᠎ᠠ ᠵᠢᠨ ᠮᠣᠰᠺᠸᠠ ᠵᠢᠨ ᠲᠡᠭᠷᠢ᠎ᠨᠢ ᠴᠡᠯᠮᠡᠭ ᠠᠭ᠋ᠠᠷ᠎ᠨᠢ ᠲᠤᠩᠭ᠋ᠠᠯᠠᠭ᠃ ᠰᠢ ᠵᠢᠨ ᠫᠢᠩ ᠲᠡᠷᠭᠡ᠎ᠪᠠᠷ ᠬᠦᠷᠬᠦ ᠦᠶ᠎ᠡ᠎ᠳᠤ ᠺᠷᠸᠮᠯᠢ ᠣᠷᠳᠣᠨ᠎ᠤ ᠺᠣᠮᠠᠨᠳ᠋ᠯᠠᠭᠴᠢ ᠲᠡᠷᠭᠡᠨ᠎ᠠᠴᠠ ᠪᠠᠭᠤᠬᠤ ᠭᠠᠵᠠᠷ᠎ᠲᠤ ᠤᠭᠲᠤᠨ ᠠᠪᠤᠪᠠ᠃


6388240984886129298410786.jpg



   ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠣᠷᠣᠰ᠎ᠤᠨ ᠶᠡᠷᠦᠩᠬᠡᠢ᠌ᠯᠡᠭᠴᠢ ᠫᠦᠲ᠋ᠢᠨ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠮᠣᠰᠺᠸᠠ ᠵᠢᠨ ᠺᠷᠧᠮᠯᠢ ᠣᠷᠳᠣᠨ᠎ᠳᠤ ᠬᠡᠯᠡᠯᠴᠡᠭᠡ ᠬᠢᠪᠡ᠃ ᠬᠡᠯᠡᠯᠴᠡᠭᠡ ᠳᠠᠭᠤᠰᠤᠭᠰᠠᠨ᠎ᠤ ᠲᠠᠷᠠᠭ᠎ᠠ ᠬᠣᠶᠠᠷ ᠤᠯᠤᠰ᠎ᠤᠨ ᠲᠡᠷᠢᠭᠦᠨ 《ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ᠎ᠤᠨ ᠬᠤᠯᠪᠤᠭ᠎ᠠ ᠵᠢᠨ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠠᠢ᠌ᠨ᠂ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠲᠠᠢ᠌ᠨ᠎ᠤ ᠢᠯᠠᠯᠲᠠ ᠪᠣᠯᠣᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠪᠠᠢ᠌ᠭᠤᠯᠤᠭᠳᠠᠭᠰᠠᠨ 80 ᠵᠢᠯ᠎ᠤᠨ ᠤᠢ ᠵᠢ ᠳᠤᠷᠠᠰᠬᠠᠬᠤ ᠲᠠᠰᠢᠷᠠᠮ᠎ᠳᠤ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠴᠢᠨᠠᠭᠰᠢᠳᠠ ᠭᠦᠨᠵᠡᠭᠡᠢ᠌ᠷᠡᠭᠦᠯᠬᠦ ᠲᠤᠬᠠᠢ ᠬᠠᠮᠲᠤᠷᠠᠭᠰᠠᠨ ᠢᠯᠡᠷᠬᠡᠢ᠌ᠯᠡᠯᠲᠡ》᠎ᠳᠤ ᠭᠠᠷ᠎ᠤᠨ ᠦᠰᠦᠭ ᠵᠢᠷᠤᠪᠠ᠃
   ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠸᠠᠩ ᠶᠧ ᠰᠡᠭᠦᠳᠡᠷᠯᠡᠪᠡ
   ᠫᠦᠲ᠋ᠢᠨ ᠵᠤᠷᠵ ᠶᠡᠬᠡ ᠲᠢᠩᠬᠢᠮ᠎ᠳᠤ ᠰᠢ ᠵᠢᠨ ᠫᠢᠩ᠎ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠲᠥᠪ ᠶᠡᠬᠡᠮᠰᠦᠭ ᠵᠣᠴᠢᠨ ᠤᠭᠲᠤᠬᠤ ᠬᠥᠭᠵᠢᠮ᠎ᠤᠨ ᠠᠶᠠᠰ ᠳᠤᠮᠳᠠ ᠰᠢ ᠵᠢᠨ ᠫᠢᠩ ᠪᠣᠯᠣᠨ ᠫᠦᠲ᠋ᠢᠨ ᠲᠣᠰ ᠲᠤᠰ ᠵᠤᠷᠵ ᠶᠡᠬᠡ ᠲᠢᠩᠬᠢᠮ᠎ᠤᠨ ᠬᠣᠶᠠᠷ ᠲᠠᠯ᠎ᠠ᠎ᠪᠠᠷ ᠤᠯᠠᠭ᠋ᠠᠨ ᠬᠡᠪᠢᠰ᠎ᠤᠨ ᠳᠡᠭᠡᠭᠦᠷ ᠢᠳᠡᠷᠡᠭᠦᠨ ᠠᠯᠬᠤᠭ᠎ᠠ᠎ᠪᠠᠷ ᠠᠯᠬᠤᠯᠠᠨ ᠶᠡᠬᠡ ᠲᠢᠩᠬᠢᠮ᠎ᠤᠨ ᠭᠣᠣᠯ᠎ᠳᠤ ᠬᠦᠷᠴᠦ᠂ ᠳᠣᠲᠣᠨᠣ᠎ᠪᠠᠷ ᠭᠠᠷ ᠠᠳᠬᠤᠨ ᠬᠠᠮᠲᠤ ᠭᠡᠷᠡᠯ ᠵᠢᠷᠤᠭ ᠲᠠᠲᠠᠭᠤᠯᠪᠠ᠃ ᠴᠡᠷᠢᠭ᠎ᠤᠨ ᠬᠥᠭᠵᠢᠮ᠎ᠤᠨ ᠪᠦᠯᠭᠦᠮ ᠳᠤᠮᠳᠠᠳᠤ ᠤᠷᠤᠰ ᠬᠣᠶᠠᠷ ᠤᠯᠤᠰ᠎ᠤᠨ ᠰᠦᠯᠳᠡ ᠳᠠᠭᠤᠤ ᠵᠢ ᠬᠥᠭᠵᠢᠮᠳᠡᠪᠡ᠃


6388240986008004229217185.jpg



  ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠣᠷᠣᠰ᠎ᠤᠨ ᠶᠡᠷᠦᠩᠬᠡᠢ᠌ᠯᠡᠭᠴᠢ ᠫᠦᠲ᠋ᠢᠨ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠮᠣᠰᠺᠸᠠ ᠵᠢᠨ ᠺᠷᠧᠮᠯᠢ ᠣᠷᠳᠣᠨ᠎ᠳᠤ ᠬᠡᠯᠡᠯᠴᠡᠭᠡ ᠬᠢᠪᠡ᠃ ᠵᠢᠷᠤᠭ ᠪᠣᠯ ᠬᠣᠶᠠᠷ ᠤᠯᠤᠰ᠎ᠤᠨ ᠲᠡᠷᠢᠭᠦᠨ ᠪᠠᠭ᠎ᠠ ᠬᠡᠪᠴᠢᠶᠡᠨ᠎ᠤ ᠬᠡᠯᠡᠯᠴᠡᠭᠡ ᠬᠢᠵᠦ ᠪᠠᠢ᠌ᠭ᠎ᠠ᠎ᠨᠢ᠃
   ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠸᠠᠩ ᠶᠧ ᠰᠡᠭᠦᠳᠡᠷᠯᠡᠪᠡ
   ᠬᠣᠶᠠᠷ ᠤᠯᠤᠰ᠎ᠤᠨ ᠲᠡᠷᠢᠭᠦᠨ ᠤᠷᠢᠳ ᠬᠣᠵᠢᠳ ᠪᠠᠭ᠎ᠠ ᠬᠡᠪᠴᠢᠶᠡᠨ᠎ᠤ ᠬᠡᠯᠡᠯᠴᠡᠭᠡ᠂ ᠶᠡᠬᠡ ᠬᠡᠪᠴᠢᠶᠡᠨ᠎ᠤ ᠬᠡᠯᠡᠯᠴᠡᠭᠡ ᠬᠢᠪᠡ᠃


6388240987453317075734779.jpg


   ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ᠎ᠳᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠣᠷᠣᠰ᠎ᠤᠨ ᠶᠡᠷᠦᠩᠬᠡᠢ᠌ᠯᠡᠭᠴᠢ ᠫᠦᠲ᠋ᠢᠨ᠎ᠲᠠᠢ ᠮᠣᠰᠺᠸᠠ ᠵᠢᠨ ᠺᠷᠧᠮᠯᠢ ᠣᠷᠳᠣᠨ᠎ᠳᠤ ᠬᠡᠯᠡᠯᠴᠡᠭᠡ ᠬᠢᠭᠰᠡᠨ᠎ᠤ ᠳᠠᠷᠠᠭ᠎ᠠ ᠬᠠᠮᠲᠤ᠎ᠪᠠᠷ ᠰᠣᠷᠪᠤᠯᠵᠢᠯᠠᠬ᠍ᠴᠢᠳ᠎ᠲᠠᠢ ᠠᠭᠤᠯᠵᠠᠪᠠ᠃
   ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠵᠠᠢ ᠵᠢᠶᠠᠨ ᠯᠠᠨ ᠰᠡᠭᠦᠳᠡᠷᠯᠡᠪᠡ
   ᠰᠢ ᠵᠢᠨ ᠫᠢᠩ᠂ ᠣᠢ᠌ᠷ᠎ᠠ ᠵᠢᠨ ᠵᠢᠯ᠎ᠠᠴᠠ ᠬᠣᠶᠠᠷ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ ᠳᠤᠮᠳᠠᠳᠤ ᠤᠷᠤᠰ᠎ᠤᠨ ᠬᠠᠷᠢᠯᠴᠠᠭ᠎ᠠ ᠲᠣᠭᠲᠠᠭᠤᠨ᠂ ᠡᠷᠡᠭᠦᠯ᠂ ᠥᠨᠳᠥᠷ ᠲᠦᠪᠰᠢᠨ ᠪᠦᠬᠦᠢ ᠬᠥᠭᠵᠢᠯᠲᠡ ᠵᠢᠨ ᠪᠠᠢ᠌ᠳᠠᠯ ᠵᠶ᠋ᠠᠨ ᠪᠠᠲᠤᠯᠠᠵᠤ᠂ ᠤᠷᠳᠤ ᠬᠤᠭᠤᠴᠠᠭ᠎ᠠ᠎ᠪᠠᠷ ᠡᠶᠡᠯᠳᠡᠭ ᠬᠥᠷᠰᠢ ᠵᠢᠨ ᠨᠥᠭᠦᠷᠰᠡᠭ ᠬᠠᠷᠢᠯᠴᠠᠭ᠎ᠠ ᠵᠢ ᠪᠠᠲᠤᠯᠠᠬᠤ᠂ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠦᠷᠳᠡᠭᠦ᠎ᠨᠢ ᠬᠣᠶᠠᠷ ᠤᠯᠤᠰ᠎ᠤᠨ ᠬᠠᠷᠢᠯᠴᠠᠭ᠎ᠠ ᠵᠢᠨ ᠢᠯᠡ ᠲᠣᠳᠣ ᠣᠨᠴᠠᠯᠢᠭ ᠪᠣᠯᠵᠠᠢ᠃ ᠬᠣᠶᠠᠷ ᠤᠯᠤᠰ᠎ᠤᠨ ᠤᠯᠤᠰ ᠲᠥᠷᠥ ᠵᠢᠨ ᠢᠲᠡᠭᠡᠯᠴᠡᠭᠡ ᠵᠢᠨ ᠰᠠᠭᠤᠷᠢ ᠶᠠᠪᠤᠬᠤ ᠲᠤᠲᠤᠮ ᠭᠦᠨᠵᠡᠭᠡᠢ᠌ᠷᠡᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠨ ᠬᠣᠯᠪᠣᠭ᠋ᠠᠰᠤ ᠶᠠᠪᠤᠬᠤ ᠲᠤᠲᠤᠮ ᠪᠡᠬᠢᠵᠢᠵᠦ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠪᠣᠯᠣᠨ ᠣᠷᠣᠨ ᠨᠤᠲᠤᠭ᠎ᠤᠨ ᠶᠠᠪᠤᠯᠴᠠᠭ᠎ᠠ ᠶᠠᠪᠤᠬᠤ ᠲᠤᠲᠤᠮ ᠰᠠᠢ᠌ᠵᠢᠷᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠣᠷᠣᠰ᠎ᠤᠨ ᠬᠠᠷᠢᠯᠴᠠᠭ᠎ᠠ ᠨᠠᠩ ᠢᠲᠡᠭᠡᠯ᠎ᠲᠠᠢ ᠪᠥᠭᠡᠳ ᠯᠠᠪᠳᠠᠭᠤᠨ ᠲᠣᠭᠲᠠᠭᠤᠨ ᠪᠠᠲᠤ ᠪᠡᠬᠢ ᠪᠣᠯᠪᠠ᠃ ᠦᠷᠭᠦᠯᠵᠢᠯᠡᠨ ᠳᠤᠮᠳᠠᠳᠤ ᠤᠷᠤᠰ᠎ᠤᠨ ᠬᠠᠷᠢᠯᠴᠠᠭ᠎ᠠ ᠵᠢ ᠬᠥᠭᠵᠢᠭᠦᠯᠬᠦ ᠪᠠ ᠭᠦᠨᠵᠡᠭᠡᠢ᠌ᠷᠡᠭᠦᠯᠬᠦ ᠪᠣᠯ ᠬᠣᠶᠠᠷ ᠤᠯᠤᠰ᠎ᠤᠨ ᠠᠷᠠᠳ ᠲᠦᠮᠡᠨ᠎ᠤ ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠢ᠌ᠬᠤ ᠵᠢ ᠵᠠᠯᠭ᠋ᠠᠮᠵᠢᠯᠠᠬᠤ᠎ᠳᠤ ᠪᠠᠢ᠌ᠪᠠᠰᠤ ᠵᠣᠬᠢᠬᠤ ᠤᠳᠬ᠎ᠠ ᠠᠭᠤᠯᠭ᠎ᠠ ᠮᠥᠨ᠂ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠠᠮᠵᠢᠯᠲᠠ ᠣᠯᠬᠤ ᠵᠢ ᠠᠬᠢᠭᠤᠯᠬᠤ᠂ ᠲᠤᠰ ᠲᠤᠰ᠎ᠤᠨ ᠬᠥᠭᠵᠢᠯ ᠮᠠᠨᠳᠤᠯ ᠵᠶ᠋ᠠᠨ ᠠᠬᠢᠭᠤᠯᠬᠤ ᠵᠠᠢ᠌ᠯᠠᠰᠢ ᠦᠭᠡᠢ ᠰᠣᠩᠭᠣᠯᠲᠠ ᠮᠥᠨ᠂ ᠪᠠᠰᠠ ᠴᠤ᠌ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠠᠬᠢᠭᠤᠯᠬᠤ ᠴᠠᠭ ᠦᠶ᠎ᠡ ᠵᠢᠨ ᠤᠷᠢᠶᠠᠯᠠᠭ᠎ᠠ ᠮᠥᠨ ᠭᠡᠳᠡᠭ᠎ᠢ ᠲᠡᠦᠬᠡ ᠪᠠ ᠪᠣᠳᠠᠲᠤ ᠠᠬᠤᠢ ᠭᠦᠢ᠍ᠴᠡᠳ ᠭᠡᠷᠡᠴᠢᠯᠡᠪᠡ ᠭᠡᠵᠦ ᠵᠢᠭ᠋ᠠᠵᠤ ᠭᠠᠷᠭ᠋ᠠᠪᠠ᠃
   ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠠᠢ᠌ᠨ᠂ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠲᠠᠢ᠌ᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠢ᠌ᠨ ᠢᠯᠠᠯᠲᠠ ᠣᠯᠣᠭᠰᠠᠨ 80 ᠵᠢᠯ᠎ᠤᠨ ᠤᠢ ᠪᠣᠯᠣᠨ᠎ᠠ᠃ 80 ᠵᠢᠯ᠎ᠤᠨ ᠡᠮᠦᠨ᠎ᠡ᠂ ᠳᠤᠮᠳᠠᠳᠤ ᠤᠷᠤᠰ ᠬᠣᠶᠠᠷ ᠤᠯᠤᠰ᠎ᠤᠨ ᠠᠷᠠᠳ ᠲᠦᠮᠡᠨ ᠯᠤᠲᠤ ᠶᠡᠬᠡ ᠦᠷᠡᠭᠳᠡᠯ ᠭᠠᠷᠭ᠋ᠠᠵᠤ᠂ ᠠᠭᠤᠤ ᠶᠡᠬᠡ ᠢᠯᠠᠯᠲᠠ ᠵᠢ ᠲᠡᠮᠡᠴᠡᠨ ᠣᠯᠵᠤ᠂ ᠳᠡᠯᠡᠬᠡᠢ ᠵᠢᠨ ᠡᠩᠬᠡ ᠲᠠᠢ᠌ᠪᠤᠩ ᠪᠣᠯᠣᠨ ᠬᠥᠮᠥᠨ ᠲᠥᠷᠥᠯᠬᠢᠲᠡᠨ᠎ᠤ ᠲᠠᠪᠰᠢᠯᠳᠠ ᠵᠢᠨ ᠦᠢ᠍ᠯᠡᠰ᠎ᠢ ᠬᠠᠮᠠᠭ᠋ᠠᠯᠠᠬᠤ᠎ᠳᠤ ᠲᠡᠦᠬᠡᠨ ᠬᠠᠭᠤᠳᠠᠰᠤᠨ᠎ᠳᠤ ᠲᠡᠮᠳᠡᠭᠯᠡᠭᠳᠡᠬᠦ ᠲᠡᠦᠬᠡᠲᠦ ᠬᠤᠪᠢ ᠨᠡᠮᠡᠷᠢ ᠦᠵᠡᠭᠦᠯᠪᠡ᠃ ᠣᠳᠣᠬᠠᠨ᠎ᠤ ᠳᠡᠯᠡᠬᠡᠢ ᠳᠡᠭᠡᠷᠡᠬᠢ ᠭᠠᠭᠴᠠ ᠲᠠᠯᠠᠲᠤ ᠦᠵᠡᠯ᠎ᠤᠨ ᠰᠥᠷᠭᠡᠦ ᠤᠷᠤᠰᠬᠠᠯ ᠪᠣᠯᠣᠨ ᠬᠦᠴᠦᠷᠬᠡᠭᠯᠡᠯ ᠡᠵᠡᠷᠬᠡᠭ ᠠᠵᠢᠯᠯᠠᠭ᠎ᠠ ᠵᠢᠨ ᠡᠮᠦᠨ᠎ᠡ ᠳᠤᠮᠳᠠᠳᠤ ᠤᠯᠤᠰ ᠤᠷᠤᠰ᠎ᠤᠨ᠎ᠬᠢᠨ᠎ᠯᠤᠭ᠎ᠠ ᠬᠠᠮᠲᠤ᠎ᠪᠠᠷ ᠳᠡᠯᠡᠬᠡᠢ ᠵᠢᠨ ᠲᠣᠮᠣ ᠤᠯᠤᠰ ᠪᠣᠯᠣᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠶᠤᠯ ᠦᠭᠡᠢ ᠵᠢᠨ ᠵᠥᠪᠯᠡᠯ᠎ᠤᠨ ᠪᠠᠢ᠌ᠩᠭᠤ ᠵᠢᠨ ᠬᠡᠷᠡᠭ ᠡᠷᠭᠢᠯᠡᠭᠴᠢ ᠤᠯᠤᠰ ᠪᠤᠯᠬᠤ ᠣᠨᠴᠠᠭ᠋ᠠᠢ ᠬᠠᠷᠢᠭᠤᠴᠠᠯᠭ᠎ᠠ ᠵᠢ ᠡᠭᠦᠷᠭᠡᠯᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠳᠡᠯᠡᠬᠡᠢ ᠵᠢᠨ ᠬᠣᠶᠠᠳᠤᠭ᠋ᠠᠷ ᠶᠡᠬᠡ ᠲᠠᠢ᠌ᠨ᠎ᠤ ᠲᠤᠬᠠᠢ ᠵᠥᠪ ᠲᠡᠦᠬᠡ ᠵᠢᠨ ᠦᠵᠡᠯᠲᠡ ᠵᠢ ᠬᠠᠮᠲᠤ᠎ᠪᠠᠷ ᠪᠠᠳᠠᠷᠠᠭᠤᠯᠵᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠡᠷᠬᠡ ᠰᠦᠷ ᠪᠣᠯᠣᠨ ᠪᠠᠢ᠌ᠷᠢ ᠰᠠᠭᠤᠷᠢ ᠵᠢ ᠬᠠᠮᠠᠭ᠋ᠠᠯᠠᠵᠤ᠂ ᠳᠡᠯᠡᠬᠡᠢ ᠵᠢᠨ ᠬᠣᠶᠠᠳᠤᠭ᠋ᠠᠷ ᠶᠡᠬᠡ ᠲᠠᠢ᠌ᠨ᠎ᠤ ᠢᠯᠠᠯᠲᠠ ᠵᠢᠨ ᠦᠷ᠎ᠡ ᠪᠦᠲᠦᠭᠡᠯ᠎ᠢ ᠡᠷᠡᠰ ᠬᠠᠮᠠᠭ᠋ᠠᠯᠠᠵᠤ᠂ ᠳᠤᠮᠳᠠᠳᠤ ᠤᠷᠤᠰ ᠬᠣᠶᠠᠷ ᠤᠯᠤᠰ ᠵᠢᠴᠢ ᠥᠷᠭᠡᠨ ᠤᠯᠠᠨ ᠬᠥᠭᠵᠢᠵᠦ ᠪᠠᠢ᠌ᠭ᠎ᠠ ᠤᠯᠤᠰ᠎ᠤᠨ ᠡᠷᠬᠡ ᠠᠰᠢᠭ᠎ᠢ ᠡᠷᠡᠰ ᠬᠠᠮᠠᠭ᠋ᠠᠯᠠᠵᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠤᠢ᠌ᠯᠵᠢᠯᠳᠠ᠂ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠢ᠌ᠵᠢᠯᠲᠡ ᠵᠢ ᠭᠠᠷ ᠬᠣᠯᠪᠣᠨ ᠠᠬᠢᠭᠤᠯᠤᠨ᠎ᠠ ᠭᠡᠵᠦ ᠴᠢᠬᠤᠯᠠᠴᠢᠯᠠᠪᠠ᠃
   ᠬᠣᠶᠠᠷ ᠤᠯᠤᠰ᠎ᠤᠨ ᠲᠡᠷᠢᠭᠦᠨ ᠬᠣᠶᠠᠷ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠤ ᠡᠯ᠎ᠡ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ᠃
   ᠰᠢ ᠵᠢᠨ ᠫᠢᠩ᠂ ᠳᠤᠮᠳᠠᠳᠤ ᠤᠷᠤᠰ ᠬᠣᠶᠠᠷ ᠲᠠᠯ᠎ᠠ᠎ᠪᠠᠷ ᠵᠶ᠋ᠠᠨ ᠬᠠᠮᠲᠤᠷᠠᠯᠴᠠᠭ᠋ᠠᠨ᠎ᠤ ᠶᠡᠬᠡ ᠴᠢᠭᠯᠡᠯ᠎ᠢ ᠪᠠᠷᠢᠮᠲᠠᠯᠠᠵᠤ᠂ ᠭᠠᠳᠠᠭ᠋ᠠᠳᠤ ᠣᠷᠴᠢᠨ᠎ᠤ ᠬᠠᠷᠰᠢᠯᠠᠯ᠎ᠢ ᠠᠷᠢᠯᠭ᠋ᠠᠵᠤ᠂ ᠬᠠᠮᠲᠤᠷᠠᠯᠴᠠᠭ᠋ᠠᠨ᠎ᠤ 《ᠲᠣᠭᠲᠠᠭᠤᠨ》᠎ᠤ ᠰᠠᠭᠤᠷᠢ ᠵᠢ ᠨᠡᠩ ᠪᠡᠬᠢᠵᠢᠭᠦᠯᠵᠦ᠂ 《ᠤᠷᠤᠭᠰᠢᠯᠠᠬᠤ》 ᠬᠥᠳᠡᠯᠭᠡᠬᠦ ᠡᠨᠧᠷᠭᠢ ᠵᠢ ᠨᠡᠩ ᠭᠦᠢ᠍ᠴᠡᠳ ᠪᠣᠯᠭ᠋ᠠᠶ᠎ᠠ᠃ ᠬᠣᠶᠠᠷ ᠤᠯᠤᠰ᠎ᠤᠨ ᠡᠬᠢ ᠪᠠᠶᠠᠯᠢᠭ᠎ᠤᠨ ᠳᠠᠪᠠᠭᠤᠯᠢᠭ ᠪᠣᠯᠣᠨ ᠠᠵᠤ ᠦᠢ᠍ᠯᠡᠰ᠎ᠤᠨ ᠰᠢᠰᠲ᠋ᠧᠮ᠎ᠤᠨ ᠬᠠᠷᠢᠯᠴᠠᠨ ᠨᠥᠬᠥᠪᠦᠷᠢᠯᠡᠬᠦ ᠳᠠᠪᠠᠭᠤᠯᠢᠭ ᠵᠶ᠋ᠠᠨ ᠪᠠᠳᠠᠷᠠᠭᠤᠯᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ᠎ᠳᠠᠬᠢ ᠴᠢᠨᠠᠷ ᠰᠠᠢ᠌ᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠥᠷᠭᠡᠳᠭᠡᠶ᠎ᠡ; 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠪᠠ ᠡᠸᠦ᠋ᠷᠦᠫᠡ ᠠᠽᠢᠶ᠎ᠠ ᠵᠢᠨ ᠠᠵᠤ ᠠᠬᠤᠢ ᠵᠢᠨ ᠬᠣᠯᠪᠤᠭ᠎ᠠ ᠵᠢ ᠵᠣᠯᠭ᠋ᠠᠭᠤᠯᠬᠤ᠎ᠪᠠᠷ ᠲᠠᠪᠴᠠᠩ ᠪᠤᠯᠭ᠋ᠠᠵᠤ᠂ ᠥᠨᠳᠥᠷ ᠪᠠᠷᠢᠮᠵᠢᠶᠠᠲᠤ ᠬᠣᠯᠪᠣᠯᠳᠤᠨ ᠨᠡᠪᠲᠡᠷᠡᠯᠴᠡᠬᠦ ᠪᠠᠢ᠌ᠷᠢᠰᠢᠯ᠎ᠢ ᠪᠠᠢ᠌ᠭᠤᠯᠤᠶ᠎ᠠ; 《ᠳᠤᠮᠳᠠᠳᠤ ᠣᠷᠣᠰ᠎ᠤᠨ ᠰᠣᠶᠣᠯ᠎ᠤᠨ ᠣᠨ》᠎ᠤ ᠳᠠᠯᠳᠠ ᠴᠢᠳᠠᠪᠤᠷᠢ ᠵᠢ ᠭᠦᠢ᠍ᠴᠡᠳ ᠪᠠᠳᠠᠷᠠᠭᠤᠯᠵᠤ᠂ ᠰᠤᠷᠭ᠋ᠠᠨ ᠬᠥᠮᠦᠵᠢᠯ᠂ ᠺᠢᠨᠣ᠋᠂ ᠵᠢᠭᠤᠯᠴᠢᠯᠠᠯ᠂ ᠪᠡᠶ᠎ᠡ ᠵᠢᠨ ᠲᠠᠮᠢᠷ᠂ ᠣᠷᠣᠨ ᠨᠤᠲᠤᠭ ᠵᠡᠷᠭᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠭᠦᠨ ᠳᠠᠪᠬᠤᠷᠭ᠎ᠠ ᠵᠢᠨ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠭᠢᠭᠤᠯᠤᠶ᠎ᠠ; ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠂ ᠠᠯᠳᠠᠨ ᠲᠣᠭᠣᠰᠭ᠋᠎ᠠ ᠤᠯᠤᠰ᠎ᠤᠳ ᠵᠡᠷᠭᠡ ᠤᠯᠠᠨ ᠲᠠᠯᠠᠲᠤ ᠲᠠᠪᠴᠠᠩ᠎ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠪᠦᠭᠦ ᠪᠥᠮᠪᠥᠷᠴᠡᠭ᠎ᠤᠨ ᠬᠥᠭᠵᠢᠵᠦ ᠪᠠᠢ᠌ᠭ᠎ᠠ ᠤᠯᠤᠰ᠎ᠤᠳ᠎ᠯᠤᠭ᠎ᠠ ᠪᠦᠯᠬᠦᠮᠳᠡᠵᠦ᠂ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠬᠤᠪᠢᠰᠤᠯᠲᠠ ᠵᠢ ᠵᠥᠪ ᠴᠢᠭᠯᠡᠯ ᠵᠶ᠋ᠡᠷ ᠬᠥᠲᠥᠯᠥᠨ ᠳᠠᠭ᠋ᠠᠭᠤᠯᠤᠶ᠎ᠠ ᠭᠡᠵᠦ ᠵᠢᠭ᠋ᠠᠵᠤ ᠭᠠᠷᠭ᠋ᠠᠪᠠ᠃
   ᠰᠢ ᠵᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠵᠤ ᠪᠠᠢ᠌ᠨ᠎ᠠ᠃ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠢᠯᠠᠨ ᠳᠠᠪᠠᠬᠤ ᠢᠲᠡᠭᠡᠯ ᠵᠣᠷᠢᠭ ᠪᠢᠳᠡᠨ᠎ᠳᠤ ᠪᠤᠢ᠃ ᠭᠠᠳᠠᠭ᠋ᠠᠳᠤ ᠣᠷᠴᠢᠨ ᠶᠠᠭ᠋ᠠᠬᠢᠵᠤ ᠬᠤᠪᠢᠷᠠᠭᠰᠠᠨ ᠴᠤ᠌ ᠳᠤᠮᠳᠠᠳᠤ ᠤᠯᠤᠰ ᠴᠥᠮ ᠥᠪᠡᠷ᠎ᠤᠨ ᠶᠠᠪᠤᠳᠠᠯ ᠵᠶ᠋ᠠᠨ ᠡᠷᠡᠰ ᠪᠠᠲᠤ ᠰᠠᠢ᠌ᠲᠤᠷ ᠬᠢᠨ᠎ᠡ᠃ ᠳᠤᠮᠳᠠᠳᠤ ᠤᠯᠤᠰ ᠳᠤᠷᠠᠲᠠᠶ᠎ᠠ ᠣᠷᠣᠰ᠎ᠤᠨ᠎ᠬᠢᠨ᠎ᠲᠠᠢ ᠬᠠᠮᠲᠤ᠎ᠪᠠᠷ ᠴᠠᠭ ᠦᠶ᠎ᠡ᠎ᠠᠴᠠ ᠣᠯᠭᠣᠭᠰᠠᠨ ᠣᠨᠴᠠᠭ᠋ᠠᠶ ᠬᠠᠷᠢᠭᠤᠴᠠᠯᠭ᠎ᠠ ᠵᠢ ᠡᠭᠦᠷᠭᠡᠯᠡᠵᠦ᠂ ᠪᠦᠭᠦ ᠪᠥᠮᠪᠥᠷᠴᠡᠭ᠎ᠤᠨ ᠣᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠯ ᠪᠣᠯᠣᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠥᠭᠡᠳ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠵᠤ᠂ ᠬᠣᠶᠠᠷ ᠤᠯᠤᠰ᠎ᠤᠨ ᠬᠥᠭᠵᠢᠯ ᠮᠠᠨᠳᠤᠯ᠎ᠢ ᠠᠬᠢᠭᠤᠯᠬᠤ᠂ ᠳᠡᠯᠡᠬᠡᠢ ᠵᠢᠨ ᠲᠥᠪ ᠭᠤᠤᠯᠴᠢ ᠰᠢᠳᠤᠷᠭᠤ ᠶᠣᠰᠣ ᠵᠢ ᠬᠠᠮᠠᠭ᠋ᠠᠯᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃
   ᠫᠦᠲ᠋ᠢᠨ᠂ ᠲᠡᠷᠢᠭᠦᠯᠡᠭᠴᠢ ᠰᠢ ᠵᠢᠨ ᠫᠢᠩ᠎ᠤᠨ ᠤᠷᠤᠰ᠎ᠲᠤ ᠲᠦᠷᠦ ᠵᠢᠨ ᠶᠠᠪᠤᠳᠠᠯ᠎ᠤᠨ ᠠᠢ᠌ᠯᠴᠢᠯᠠᠯᠲᠠ ᠬᠢᠬᠦ ᠵᠢᠨ ᠬᠠᠮᠲᠤ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠲᠠᠢ᠌ᠨ ᠢᠯᠠᠯᠲᠠ ᠣᠯᠣᠭᠰᠠᠨ 80 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ᠎ᠳᠤ ᠣᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃ ᠡᠨᠡ ᠤᠳᠠᠭ᠎ᠠ ᠵᠢᠨ ᠠᠢ᠌ᠯᠴᠢᠯᠠᠯᠲᠠ ᠴᠢᠬᠤᠯᠠ ᠶᠡᠬᠡ ᠠᠴᠢ ᠬᠣᠯᠪᠣᠭᠳᠠᠯ᠎ᠲᠠᠢ᠂ ᠤᠷᠤᠰ ᠳᠤᠮᠳᠠᠳᠤ ᠵᠢᠨ ᠬᠠᠷᠢᠯᠴᠠᠭ᠎ᠠ ᠵᠢᠨ ᠬᠥᠭᠵᠢᠯᠲᠡ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ᠎ᠪᠠᠷ ᠪᠠᠷᠠᠬᠤ ᠦᠭᠡᠢ ᠳᠡᠯᠡᠬᠡᠢ ᠵᠢᠨ ᠬᠣᠶᠠᠳᠤᠭ᠋ᠠᠷ ᠲᠠᠢ᠌ᠨ᠎ᠤ ᠢᠯᠠᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠬᠠᠮᠠᠭ᠋ᠠᠯᠠᠬᠤ ᠪᠣᠯᠣᠨ᠎ᠠ ᠭᠡᠵᠦ ᠢᠯᠡᠳᠬᠡᠪᠡ᠃
   ᠫᠦᠲ᠋ᠢᠨ᠂ ᠤᠷᠤᠰ ᠳᠤᠮᠳᠠᠳᠤ ᠵᠢᠨ ᠬᠠᠷᠢᠯᠴᠠᠭ᠎ᠠ ᠬᠠᠷᠢᠯᠴᠠᠨ ᠡᠷᠬᠡ ᠲᠡᠭᠰᠢ᠂ ᠬᠠᠷᠢᠯᠴᠠᠨ ᠬᠦᠨᠳᠦᠳᠬᠡᠬᠦ ᠰᠠᠭᠤᠷᠢᠨ ᠳᠡᠭᠡᠷ᠎ᠡ ᠪᠠᠢ᠌ᠭᠤᠯᠤᠭᠳᠠᠵᠤ᠂ ᠭᠤᠷᠪᠠᠳᠠᠭᠴᠢ ᠡᠲᠡᠭᠡᠳ᠎ᠲᠤ ᠴᠢᠭᠯᠡᠭᠦᠯᠬᠦ ᠦᠭᠡᠢ᠂ ᠨᠢᠭᠡᠨ ᠴᠠᠭ ᠨᠢᠭᠡᠨ ᠬᠡᠷᠡᠭ ᠶᠠᠪᠤᠳᠠᠯ᠎ᠳᠤ ᠨᠥᠯᠥᠭᠡᠯᠡᠭᠳᠡᠬᠦ ᠦᠭᠡᠢ᠃ ᠤᠷᠤᠰ ᠳᠤᠮᠳᠠᠳᠤ ᠵᠢᠨ ᠬᠠᠷᠢᠯᠴᠠᠭ᠎ᠠ ᠵᠢᠨ ᠬᠥᠭᠵᠢᠯᠲᠡ ᠵᠢ ᠡᠷᠡᠰ ᠭᠤᠢ᠌ᠪᠢᠰᠢ ᠦᠭᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠥᠷᠭᠡᠳᠬᠡᠬᠦ ᠪᠣᠯ ᠤᠷᠤᠰ᠎ᠤᠨ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠰᠣᠩᠭᠣᠯᠲᠠ ᠪᠣᠯᠣᠨ᠎ᠠ᠃ ᠤᠷᠤᠰ᠎ᠤᠨ᠎ᠬᠢᠨ ᠨᠢᠭᠡ ᠳᠤᠮᠳᠠᠳᠤ ᠤᠯᠤᠰ ᠪᠠᠢ᠌ᠬᠤ ᠵᠠᠷᠴᠢᠮ᠎ᠢ ᠡᠷᠡᠰ ᠪᠠᠷᠢᠮᠲᠠᠯᠠᠵᠤ᠂ ᠲᠠᠢ᠌ᠸᠠᠨ᠎ᠤ ᠠᠰᠠᠭᠤᠳᠠᠯ ᠳᠡᠭᠡᠷ᠎ᠡ ᠢᠮᠠᠭᠲᠠ ᠳᠤᠮᠳᠠᠳᠤ ᠵᠢᠨ ᠲᠠᠯ᠎ᠠ ᠵᠢᠨ ᠵᠣᠭᠰᠣᠯᠲᠠ ᠵᠢ ᠳᠡᠮᠵᠢᠨ᠎ᠠ᠃ ᠤᠷᠤᠰ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠳᠡᠭᠡᠳᠦ ᠳᠠᠪᠬᠤᠷᠭ᠎ᠠ ᠵᠢᠨ ᠨᠢᠭᠲᠠ ᠶᠠᠪᠤᠯᠴᠠᠭ᠎ᠠ᠎ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠤᠷᠭ᠋ᠠᠨ ᠬᠥᠮᠦᠵᠢᠯ᠂ ᠰᠣᠶᠣᠯ᠂ ᠵᠠᠯᠠᠭᠤᠴᠤᠳ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠭᠦᠨᠵᠡᠭᠡᠢ᠌ᠷᠡᠭᠦᠯᠵᠦ᠂ ᠠᠯᠤᠰ ᠳᠣᠷᠣᠨᠠᠲᠤ ᠵᠢᠨ ᠭᠠᠵᠠᠷ ᠣᠷᠣᠨ᠎ᠤ ᠬᠠᠮᠲᠤᠷᠠᠯᠴᠠᠭ᠋ᠠᠨ᠎ᠤ ᠠᠭᠤᠯᠬᠤᠨ᠎ᠢ ᠥᠷᠭᠡᠳᠬᠡᠨ᠎ᠡ᠃ ᠥᠨᠳᠥᠷ ᠪᠣᠭᠣᠮᠲᠠ ᠵᠢᠨ ᠭᠠᠢ᠌ᠯᠢ ᠵᠢ ᠨᠡᠮᠡᠵᠦ ᠲᠠᠲᠠᠪᠤᠷᠢᠯᠠᠬᠤ᠎ᠨᠢ ᠬᠡᠪ᠎ᠤᠨ ᠵᠦᠢ ᠶᠣᠰᠣ᠎ᠠᠴᠠ ᠵᠥᠷᠢᠴᠡᠭᠰᠡᠨ ᠪᠥᠭᠡᠳ ᠬᠠᠤᠯᠢ᠎ᠳᠤ ᠨᠡᠢ᠌ᠴᠡᠬᠦ ᠦᠭᠡᠢ᠂ ᠭᠡᠳᠡᠷᠭᠦ᠎ᠳᠡᠭᠡᠨ ᠥᠪᠡᠷ᠎ᠢ᠎ᠪᠠᠨ ᠬᠣᠬᠢᠷᠠᠭᠤᠯᠬᠤ ᠶᠠᠪᠤᠳᠠᠯ ᠪᠣᠯᠣᠨ᠎ᠠ᠃ ᠬᠣᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ᠂ ᠠᠯᠳᠠᠨ ᠲᠣᠭᠣᠰᠭ᠋᠎ᠠ ᠤᠯᠤᠰ᠎ᠤᠳ ᠵᠡᠷᠭᠡ ᠤᠯᠠᠨ ᠲᠠᠯᠠᠲᠤ ᠪᠣᠷᠣ ᠲᠥᠯᠥᠪ᠎ᠤᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠳᠡᠯᠡᠬᠡᠢ ᠵᠢᠨ ᠤᠯᠠᠨ ᠲᠤᠢ᠌ᠯᠵᠢᠯᠲᠠ ᠵᠢᠨ ᠠᠬᠢᠴᠠ ᠵᠢ ᠳᠡᠮᠵᠢᠵᠦ᠂ ᠭᠠᠭᠴᠠ ᠲᠠᠯᠠᠲᠤ ᠦᠵᠡᠯ᠎ᠢ ᠬᠠᠮᠲᠤ᠎ᠪᠠᠷ ᠡᠰᠡᠷᠭᠦᠴᠡᠵᠦ᠂ ᠳᠤᠷ᠎ᠠ᠎ᠪᠠᠷ ᠵᠶ᠋ᠠᠨ ᠵᠠᠯᠬᠠᠭ᠋ᠠᠯ ᠶᠠᠪᠤᠭᠤᠯᠬᠤ ᠵᠢ ᠡᠰᠡᠷᠭᠦᠴᠡᠵᠦ᠂ ᠪᠦᠯᠦᠭᠯᠡᠯ᠎ᠤᠨ ᠡᠰᠡᠷᠭᠦᠴᠡᠯᠳᠦᠯ᠎ᠢ ᠡᠰᠡᠷᠭᠦᠴᠡᠵᠦ᠂ ᠳᠡᠯᠡᠬᠡᠢ ᠨᠡᠢ᠌ᠲᠡ ᠵᠢᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠶ᠎ᠠ ᠭᠡᠵᠦ ᠢᠯᠡᠳᠬᠡᠪᠡ᠃
   ᠫᠦᠲ᠋ᠢᠨ᠂ ᠤᠷᠤᠰ ᠳᠤᠮᠳᠠᠳᠤ ᠬᠣᠶᠠᠷ ᠤᠯᠤᠰ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠢ᠌ᠨ᠎ᠤ ᠳᠤᠮᠳᠠ ᠴᠥᠮ ᠯᠤᠲᠤ ᠶᠡᠬᠡ ᠦᠷᠡᠭᠳᠡᠯ ᠭᠠᠷᠭ᠋ᠠᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭ᠋ᠠᠲᠤᠷᠯᠢᠭ ᠵᠶ᠋ᠠᠷ ᠪᠠᠢ᠌ᠯᠳᠤᠵᠤ᠂ ᠶᠠᠫᠤᠨ᠎ᠢ ᠡᠰᠡᠷᠭᠦᠴᠡᠬᠦ ᠲᠠᠢ᠌ᠨ᠎ᠤ ᠠᠭᠤᠤ ᠶᠡᠬᠡ ᠢᠯᠠᠯᠲᠠ ᠵᠢ ᠣᠯᠵᠤ᠂ ᠳᠡᠯᠡᠬᠡᠢ ᠵᠢᠨ ᠬᠣᠶᠠᠳᠤᠭ᠋ᠠᠷ ᠲᠠᠢ᠌ᠨ᠎ᠤ ᠢᠯᠠᠯᠲᠠ ᠵᠢ ᠣᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃ ᠤᠷᠤᠰ ᠳᠤᠮᠳᠠᠳᠤ ᠬᠣᠶᠠᠷ ᠤᠯᠤᠰ ᠳᠠᠢ᠌ᠨ᠎ᠤ ᠭᠠᠯ ᠳᠦᠷᠡᠯᠵᠡᠭᠰᠡᠨ ᠪᠡᠷᠬᠡ ᠬᠠᠲᠠᠭᠤᠵᠢᠯᠲᠠᠢ ᠣᠨ ᠰᠠᠷ᠎ᠠ᠎ᠳᠤ ᠬᠠᠷᠢᠯᠴᠠᠨ ᠳᠡᠮᠵᠢᠵᠦ᠂ ᠭᠦᠨ ᠵᠤᠵᠠᠭ᠋ᠠᠨ ᠨᠥᠬᠥᠷᠯᠡᠯ᠎ᠢ ᠪᠠᠢ᠌ᠭᠤᠯᠵᠤ᠂ ᠬᠣᠶᠠᠷ ᠲᠠᠯ᠎ᠠ ᠵᠢᠨ ᠬᠠᠷᠢᠯᠴᠠᠭ᠋ᠠᠨ᠎ᠤ ᠬᠥᠭᠵᠢᠯᠲᠡ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠴᠡᠢ᠃ ᠬᠣᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠪᠣᠯᠣᠨ ᠤᠯᠠᠨ ᠤᠯᠤᠰ᠎ᠤᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠵᠤ᠂ ᠳᠡᠯᠡᠬᠡᠢ ᠵᠢᠨ ᠬᠣᠶᠠᠳᠤᠭ᠋ᠠᠷ ᠲᠠᠢ᠌ᠨ᠎ᠤ ᠲᠤᠬᠠᠢ ᠵᠥᠪ ᠲᠡᠦᠬᠡ ᠵᠢᠨ ᠲᠣᠭ᠋ᠠᠴᠢᠯᠲᠠ ᠵᠢ ᠬᠠᠮᠠᠭ᠋ᠠᠯᠠᠵᠤ᠂ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠬᠣᠶᠠᠷ ᠤᠯᠤᠰ ᠪᠣᠯᠣᠨ ᠳᠡᠯᠡᠬᠡᠢ ᠵᠢᠨ ᠨᠡᠩ ᠰᠠᠢ᠌ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠶ᠎ᠠ ᠭᠡᠵᠦ ᠢᠯᠡᠳᠬᠡᠪᠡ᠃
   ᠬᠡᠯᠡᠯᠴᠡᠭᠡ ᠲᠡᠭᠦᠰᠦᠭᠰᠡᠨ᠎ᠤ ᠲᠠᠷᠠᠭ᠎ᠠ ᠬᠣᠶᠠᠷ ᠤᠯᠤᠰ᠎ᠤᠨ ᠲᠡᠷᠢᠭᠦᠨ 《ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ᠎ᠤᠨ ᠬᠣᠯᠪᠣᠭ᠋ᠠᠨ᠎ᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠠᠢ᠌ᠨ᠂ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠲᠠᠢ᠌ᠨ᠎ᠤ ᠢᠯᠠᠯᠲᠠ ᠣᠯᠣᠭᠰᠠᠨ ᠵᠢᠴᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠪᠠᠢ᠌ᠭᠤᠯᠤᠭᠳᠠᠭᠰᠠᠨ 80 ᠵᠢᠯ᠎ᠤᠨ ᠤᠢ ᠵᠢ ᠳᠤᠷᠠᠰᠬᠠᠬᠤ ᠲᠠᠰᠢᠷᠠᠮ᠎ᠳᠤ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠬᠦ ᠲᠤᠬᠠᠢ ᠬᠠᠮᠲᠤᠷᠠᠭᠰᠠᠨ ᠢᠯᠡᠷᠬᠡᠢ᠌ᠯᠡᠯᠲᠡ》᠎ᠳᠤ ᠭᠠᠷ᠎ᠤᠨ ᠦᠰᠦᠭ ᠵᠢᠷᠤᠪᠠ᠃
   ᠬᠣᠶᠠᠷ ᠤᠯᠤᠰ᠎ᠤᠨ ᠲᠡᠷᠢᠭᠦᠨ ᠳᠤᠮᠳᠠᠳᠤ ᠤᠷᠤᠰ ᠬᠣᠶᠠᠷ ᠲᠠᠯ᠎ᠠ ᠵᠢᠨ 20 ᠭᠠᠷᠤᠢ ᠬᠤᠪᠢ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠰᠣᠯᠢᠯᠴᠠᠬᠤ ᠵᠢ ᠬᠠᠮᠲᠤ᠎ᠪᠠᠷ ᠭᠡᠷᠡᠴᠢᠯᠡᠵᠦ᠂ ᠪᠦᠭᠦ ᠪᠥᠮᠪᠥᠷᠴᠡᠭ᠎ᠤᠨ ᠪᠠᠢ᠌ᠯᠳᠤᠬᠤ ᠪᠣᠳᠣᠯᠭ᠎ᠠ ᠵᠢᠨ ᠲᠣᠭᠲᠠᠭᠤᠨ᠂ ᠤᠯᠠᠨ ᠤᠯᠤᠰ᠎ᠤᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠬᠤ᠂ ᠠᠮᠢᠳᠤ ᠪᠣᠳᠠᠰ᠎ᠤᠨ ᠠᠮᠤᠷ ᠲᠦᠪᠰᠢᠨ᠂ ᠪᠡᠯᠡ ᠣᠷᠣᠭᠤᠯᠤᠯᠲᠠ ᠵᠢᠨ ᠬᠠᠮᠠᠭ᠋ᠠᠯᠠᠯᠲᠠ᠂ ᠲᠣᠭ᠋ᠠᠴᠢᠯᠠᠭᠰᠠᠨ ᠠᠵᠤ ᠠᠬᠤᠢ᠂ ᠬᠢᠵᠢᠭ᠎ᠢ ᠰᠢᠯᠭ᠋ᠠᠨ ᠪᠠᠢ᠌ᠴᠠᠭ᠋ᠠᠬᠤ᠂ ᠺᠢᠨᠣ᠋ ᠵᠢᠨ ᠦᠢ᠍ᠯᠡᠰ᠎ᠤᠨ ᠬᠠᠮᠲᠤᠷᠠᠯᠴᠠᠭ᠎ᠠ ᠵᠡᠷᠭᠡ ᠬᠦᠷᠢᠶ᠎ᠡ ᠴᠠᠷᠠᠭ᠎ᠠ ᠵᠢ ᠬᠠᠮᠤᠷᠴᠠᠢ᠃
   ᠬᠣᠶᠠᠷ ᠤᠯᠤᠰ᠎ᠤᠨ ᠲᠡᠷᠢᠭᠦᠨ ᠬᠣᠶᠠᠷ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠳᠤ ᠬᠣᠶᠠᠷ ᠲᠠᠯ᠎ᠠ᠎ᠪᠠᠷ ᠵᠶ᠋ᠠᠨ ᠲᠣᠬᠢᠷᠠᠯᠴᠠᠭᠰᠠᠨ ᠬᠠᠮᠲᠤ ᠵᠢᠨ ᠲᠠᠨᠢᠯᠲᠠ ᠶᠣᠰᠣᠭ᠋ᠠᠷ ᠣᠯᠣᠯᠴᠠᠭ᠎ᠠ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠠᠬᠢᠭᠤᠯᠵᠤ᠂ ᠨᠡᠩ ᠤᠯᠠᠨ ᠪᠣᠳᠠᠲᠤ ᠦᠷ᠎ᠡ ᠪᠦᠲᠦᠮᠵᠢ ᠣᠯᠬᠤ ᠵᠢ ᠳᠠᠭ᠋ᠠᠭ᠋ᠠᠯᠭ᠋ᠠᠪᠠ᠃
   ᠬᠣᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠰᠤᠷᠪᠤᠯᠵᠢᠯᠠᠬ᠍ᠴᠢᠳ᠎ᠲᠠᠢ ᠠᠭᠤᠯᠵᠠᠪᠠ᠃
   ᠲᠤᠰ ᠡᠳᠦᠷ᠎ᠤᠨ ᠦᠳᠡ᠎ᠳᠤ ᠫᠦᠲ᠋ᠢᠨ ᠰᠢ ᠵᠢᠨ ᠫᠢᠩ᠎ᠢ ᠤᠭᠲᠤᠬᠤ ᠳᠠᠢ᠌ᠯᠠᠯᠭ᠎ᠠ ᠬᠢᠪᠡ᠃
   ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃
 

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ
ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠢ᠌ᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠣᠷᠣᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠳᠠ ᠬᠢᠬᠦ ᠵᠢᠨ ᠬᠠᠮᠲᠤ ᠵᠦᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠤᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠬᠤ ᠠᠵᠢᠯᠯᠠᠭ᠎ᠠ᠎ᠪᠠᠨ ᠲᠡᠭᠦᠰ ᠠᠮᠵᠢᠯᠲᠠᠲᠠᠢ ᠲᠡᠭᠦᠰᠬᠡᠪᠡ
ᠰᠢ ᠵᠢᠨ ᠫᠢᠩ ᠮᠣᠰᠺᠸᠠ᠎ᠳᠤ ᠬᠦᠷᠴᠦ ᠣᠷᠣᠰ᠎ᠲᠤ ᠲᠥᠷᠥ ᠵᠢᠨ ᠶᠠᠪᠤᠳᠠᠯ᠎ᠤᠨ ᠠᠢ᠌ᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠳᠠᠢ᠌ᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ
 
            
Baidu
map