ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-05-28


  ᠰᠢᠨᠬᠤᠸᠠ ᠬᠣᠷᠢᠶᠠᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 23᠎ᠤ ᠡᠳᠦᠷ᠎ᠤᠨ ᠴᠠᠬᠢᠯᠭ᠋ᠠᠨ ᠮᠡᠳᠡᠭᠡ  ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 5 ᠳ᠋ᠤᠭ᠋ᠠᠷ ᠰᠠᠷ᠎ᠠ ᠵᠢᠨ 23᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠢ ᠡᠷᠭᠢᠯᠡᠨ ᠬᠤᠷᠠᠯᠳᠤᠭᠤᠯᠵᠤ᠂ 《ᠦᠢ᠍ᠯᠡᠳᠬᠦ ᠦᠢ᠍ᠯᠡᠰ᠎ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠠᠵᠢᠯᠯᠠᠭ᠋ᠠᠨ᠎ᠤ ᠲᠥᠰᠥᠯ (2025 - 2027 ᠣᠨ)》᠎ᠢ ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠡᠷ ᠨᠥᠬᠥᠪᠦᠷᠢᠯᠡᠬᠦ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠬᠦ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠰᠤᠳᠤᠯᠵᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠤᠯᠢ (ᠵᠠᠰᠠᠪᠤᠷᠢ ᠣᠷᠣᠭᠤᠯᠤᠭᠰᠠᠨ ᠲᠥᠰᠥᠯ)》 ᠵᠢ ᠶᠠᠷᠢᠯᠴᠠᠪᠠ᠃
  ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠦᠢ᠍ᠯᠡᠳᠬᠦ ᠦᠢ᠍ᠯᠡᠰ᠎ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠬᠤ ᠪᠣᠯ ᠶᠡᠬᠡ ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠡᠷᠢᠭᠦᠨ᠎ᠤ ᠪᠣᠬᠢᠷᠲᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠪᠣᠬᠢᠷᠲᠤᠯ ᠦᠭᠡᠢ ᠰᠠᠭᠤᠷᠢ ᠵᠢ ᠴᠢᠩᠭ᠋ᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠶᠡᠬᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠵᠡᠷᠭᠡ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ᠎ᠯᠦᠭᠡ ᠤᠶᠠᠯᠳᠤᠭᠤᠯᠵᠤ᠂ ᠲᠡᠷᠢᠭᠦᠨ᠎ᠤ ᠲᠤᠨᠤᠭ ᠲᠥᠬᠦᠭᠡᠷᠦᠮᠵᠢ ᠪᠠ ᠤᠷᠠᠯᠠᠯ᠎ᠢ ᠢᠳᠡᠪᠬᠢᠲᠡᠢ ᠬᠡᠷᠡᠭᠯᠡᠵᠦ᠂ ᠭᠣᠣᠯᠳᠠᠯᠭ᠎ᠠ ᠪᠣᠯᠬᠤ ᠠᠵᠢᠯ ᠲᠦᠷᠦᠯ᠎ᠤᠨ ᠪᠣᠬᠢᠷᠲᠤᠯ ᠦᠭᠡᠢ᠎ᠪᠠᠷ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠵᠢ ᠲᠦᠷᠭᠡᠳᠬᠡᠬᠦ ᠬᠡᠷᠡᠭᠲᠡᠢ᠃ ᠰᠢᠨ᠎ᠡ᠎ᠪᠠᠷ ᠮᠠᠨᠳᠤᠵᠤ ᠪᠠᠢ᠌ᠭ᠎ᠠ ᠠᠵᠤ ᠦᠢ᠍ᠯᠡᠰ᠎ᠤᠨ ᠥᠨᠳᠥᠷ ᠭᠠᠷᠤᠭ᠎ᠠ᠎ᠲᠠᠢ ᠪᠣᠬᠢᠷᠲᠤᠯ ᠦᠭᠡᠢ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠴᠡᠪᠡᠷ ᠡᠨᠧᠷᠭᠢ᠂ ᠪᠣᠬᠢᠷᠲᠤᠯ ᠦᠭᠡᠢ ᠦᠢ᠍ᠯᠡᠳᠬᠦᠨ᠎ᠤ ᠳᠡᠯᠭᠡᠷᠡᠭᠦᠯᠦᠯᠲᠡ ᠵᠢ ᠴᠢᠩᠭ᠋ᠠᠳᠬᠠᠵᠤ᠂ ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ ᠬᠡᠷᠡᠭᠲᠡᠢ᠃ ᠨᠡᠢ᠌ᠲᠡᠴᠢ ᠴᠢᠨᠠᠷᠲᠠᠢ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠴᠢᠩᠭ᠋ᠠᠳᠬᠠᠵᠤ᠂ ᠭᠣᠣᠯᠳᠠᠯᠭ᠎ᠠ ᠪᠣᠯᠬᠤ ᠬᠦᠷᠢᠶᠡᠨ᠎ᠳᠠᠬᠢ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢ᠍ᠯᠡᠳᠬᠦ ᠪᠠ ᠦᠢ᠍ᠯᠡᠴᠢᠯᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠠᠵᠤ ᠠᠬᠤᠢ᠌ᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠨᠡᠩ ᠰᠠᠢ᠌ᠲᠤᠷ ᠳᠡᠮᠵᠢᠨ ᠬᠠᠪᠰᠤᠷᠬᠤ ᠬᠡᠷᠡᠭᠲᠡᠢ ᠭᠡᠵᠡᠢ᠃
  ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠥᠪᠡᠷ᠎ᠤᠨ ᠦᠷᠳᠡᠭ᠎ᠢ᠎ᠨᠢ ᠬᠠᠮᠲᠤ᠎ᠪᠠᠷ ᠡᠭᠦᠷᠭᠡᠯᠡᠬᠦ᠂ ᠦᠷ᠎ᠡ ᠠᠰᠢᠭ᠎ᠢ᠎ᠨᠢ ᠬᠠᠮᠲᠤ᠎ᠪᠠᠷ ᠡᠳ᠋ᠯᠡᠬᠦ᠂ ᠬᠠᠮᠲᠤᠷᠠᠯᠴᠠᠵᠤ ᠬᠠᠮᠲᠤ᠎ᠪᠠᠷ ᠵᠠᠰᠠᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠡᠷ ᠨᠥᠬᠥᠪᠦᠷᠢᠯᠡᠬᠦ ᠲᠣᠭᠲᠠᠴᠠ ᠵᠢ ᠪᠠᠶ᠋ᠢᠭᠤᠯᠬᠤ ᠪᠣᠯ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠣᠷᠣᠨ ᠪᠦᠰᠡ ᠵᠢᠨ ᠬᠣᠭᠣᠷᠣᠨᠳᠣᠬᠢ ᠬᠠᠮᠵᠢᠯᠴᠠᠨ ᠬᠥᠭᠵᠢᠬᠦ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠪᠦᠷᠬᠦᠴᠡ᠎ᠪᠠᠷ ᠨᠡᠩ ᠪᠦᠬᠦ ᠲᠠᠯ᠎ᠠ ᠵᠢᠨ᠂ ᠡᠷᠬᠡ ᠬᠠᠷᠢᠭᠤᠴᠠᠯᠭ᠎ᠠ᠎ᠪᠠᠷ ᠨᠡᠩ ᠲᠣᠳᠣᠷᠬᠠᠢ᠂ ᠠᠷᠭ᠎ᠠ ᠬᠡᠯᠪᠡᠷᠢ᠎ᠪᠠᠷ ᠨᠡᠩ ᠤᠯᠠᠨ ᠡᠰᠢᠴᠢᠯᠡᠭᠰᠡᠨ᠂ ᠵᠠᠰᠠᠯᠲᠠ᠎ᠪᠠᠷ ᠨᠡᠩ ᠥᠨᠳᠥᠷ ᠪᠦᠲᠦᠮᠵᠢᠲᠡᠢ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠡᠷ ᠨᠥᠬᠥᠪᠦᠷᠢᠯᠡᠬᠦ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ ᠭᠣᠣᠯᠳᠠᠯᠭ᠎ᠠ ᠪᠣᠯᠬᠤ ᠡᠭᠦᠷᠭᠡ ᠪᠠ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠮᠢ ᠠᠬᠤᠢ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠭᠠᠵᠠᠷ ᠪᠠ ᠠᠰᠢᠭ ᠬᠦᠷᠳᠡᠬᠦ ᠭᠠᠵᠠᠷ᠎ᠤᠨ ᠰᠠᠢ᠌ᠨ ᠦᠢ᠍ᠯᠡᠳᠦᠯᠴᠡᠯ᠎ᠢ ᠪᠡᠶᠡᠯᠡᠭᠦᠯᠬᠦ ᠬᠡᠷᠡᠭᠲᠡᠢ᠃ ᠥᠷᠭᠡᠨ ᠶᠡᠬᠡ ᠭᠣᠣᠯ ᠮᠥᠷᠡᠨ᠎ᠤ ᠭᠣᠣᠯ ᠤᠷᠤᠰᠬᠠᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠥᠨᠳᠡᠯᠡᠨ ᠵᠶ᠋ᠡᠷ ᠨᠥᠬᠥᠪᠦᠷᠢᠯᠡᠬᠦ ᠲᠣᠭᠲᠠᠴᠠ ᠵᠢᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠨᠥᠬᠥᠪᠦᠷᠢᠯᠡᠬᠦ ᠬᠦᠷᠢᠶ᠎ᠡ ᠵᠢ᠎ᠨᠢ ᠲᠣᠭᠲᠠᠭᠤᠨ ᠵᠶ᠋ᠠᠷ ᠥᠷᠭᠡᠳᠬᠡᠵᠦ᠂ ᠤᠢ ᠰᠢᠭᠤᠢ᠂ ᠨᠤᠲᠤᠭ ᠪᠡᠯᠴᠢᠭᠡᠷ᠂ ᠠᠭ᠋ᠠᠷ ᠮᠠᠨᠳᠠᠯ ᠵᠡᠷᠭᠡ ᠪᠤᠰᠤᠳ ᠠᠮᠢ ᠠᠬᠤᠢ ᠵᠢᠨ ᠣᠷᠴᠢᠨ ᠲᠣᠭᠣᠷᠢᠨ᠎ᠤ ᠬᠦᠴᠦᠨ ᠵᠦᠢ᠍ᠯ᠎ᠤᠨ ᠨᠥᠬᠥᠪᠦᠷᠢ ᠵᠢᠨ ᠠᠷᠭ᠎ᠠ ᠬᠡᠯᠪᠡᠷᠢ ᠵᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠱᠠᠩᠨᠠᠵᠤ ᠲᠣᠷᠭ᠋ᠠᠬᠤ ᠵᠢ ᠲᠣᠳᠣ ᠪᠠᠢ᠌ᠯᠭ᠋ᠠᠬᠤ ᠳᠦᠷᠢᠮ ᠲᠣᠭᠲᠠᠴᠠ ᠵᠢ ᠪᠦᠷᠢᠨᠰᠢᠭᠦᠯᠵᠦ᠂ 《ᠬᠡᠨ ᠪᠣᠬᠢᠷᠲᠤᠭᠤᠯᠪᠠᠯ ᠲᠡᠷᠡ ᠵᠠᠰᠠᠬᠤ᠂ ᠬᠡᠨ ᠬᠠᠮᠠᠭ᠋ᠠᠯᠠᠪᠠᠯ ᠲᠡᠷᠡ ᠠᠰᠢᠭ ᠬᠦᠷᠳᠡᠬᠦ》 ᠵᠢ ᠪᠠᠷᠢᠮᠲᠠᠯᠠᠵᠤ᠂ ᠤᠷᠮᠠᠰᠢᠭᠤᠯᠬᠤ ᠪᠠ ᠬᠦᠯᠢᠶᠡᠰᠦᠯᠡᠬᠦ ᠲᠦᠷᠦ ᠵᠢᠨ ᠪᠣᠳᠣᠯᠭ᠎ᠠ ᠵᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠢ᠌ᠭᠡᠮ᠎ᠤᠨ ᠬᠥᠷᠥᠩᠭᠡ ᠵᠢ ᠲᠠᠲᠠᠵᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠣᠷᠣᠭᠤᠯᠬᠤ ᠬᠡᠷᠡᠭᠲᠡᠢ ᠭᠡᠵᠡᠢ᠃
  ᠬᠤᠷᠠᠯᠳᠤᠭ᠋ᠠᠨ ᠵᠶ᠋ᠠᠷ 《ᠪᠦᠬᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠤᠯᠢ (ᠵᠠᠰᠠᠪᠤᠷᠢ ᠣᠷᠣᠭᠤᠯᠤᠭᠰᠠᠨ ᠲᠥᠰᠥᠯ)》 ᠵᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠲᠣᠭᠲᠠᠪᠠ᠃ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠢᠳᠡᠭᠡᠨ᠎ᠤ ᠵᠦᠢ᠍ᠯ᠎ᠤᠨ ᠠᠮᠤᠷ ᠲᠦᠪᠰᠢᠨ ᠪᠣᠯ ᠠᠮᠢ ᠨᠠᠰᠤ ᠡᠷᠡᠭᠦᠯ ᠮᠡᠨᠳᠦ᠎ᠳᠤ ᠬᠣᠯᠪᠣᠭᠳᠠᠨ᠎ᠠ᠂ ᠪᠠᠴᠢᠮ ᠬᠡᠷᠡᠭᠯᠡᠬᠦ ᠵᠢ ᠤᠷᠢᠳ ᠵᠶ᠋ᠠᠷ ᠬᠡᠷᠡᠭᠵᠢᠭᠦᠯᠬᠦ ᠵᠠᠷᠴᠢᠮ ᠶᠣᠰᠣᠭ᠋ᠠᠷ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠲᠡᠭᠦᠯᠳᠡᠷᠵᠢᠭᠦᠯᠵᠦ᠂ ᠨᠡᠩ ᠰᠢᠨᠵᠢᠯᠡᠬᠦ ᠤᠬᠠᠭ᠋ᠠᠨᠴᠢ ᠴᠢᠩᠭ᠎ᠠ ᠨᠢᠮᠪᠠᠢ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠪᠠᠷᠢᠮᠵᠢᠶ᠎ᠠ᠂ ᠢᠯᠠᠩᠭᠤᠶ᠎ᠠ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶᠠᠨ᠎ᠤ ᠲᠣᠭᠲᠠᠯᠴᠠᠭ᠎ᠠ ᠵᠢ ᠪᠠᠶ᠋ᠢᠭᠤᠯᠬᠤ ᠬᠡᠷᠡᠭᠲᠡᠢ᠃ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠵᠠᠰᠠᠯᠲᠠ ᠵᠢᠨ ᠬᠡᠪ ᠵᠠᠭᠪᠤᠷ᠎ᠢ ᠬᠡᠷᠡᠭ ᠡᠭᠦᠰᠬᠦ᠎ᠠᠴᠠ ᠤᠷᠢᠳ ᠰᠡᠷᠭᠡᠢ᠌ᠯᠡᠬᠦ ᠲᠡᠢ᠌ᠰᠢ ᠬᠤᠪᠢᠷᠠᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠭᠣᠣᠯᠳᠠᠯᠭ᠎ᠠ ᠵᠢ ᠦᠨᠳᠦᠰᠦᠨ ᠱᠠᠲᠤᠨ᠎ᠳᠤ ᠬᠠᠨᠳᠤᠭᠤᠯᠬᠤ ᠵᠢ ᠠᠬᠢᠭᠤᠯᠵᠤ᠂ ᠡᠳᠦᠷ ᠲᠤᠳᠤᠮ᠎ᠤᠨ ᠬᠢᠨᠠᠯᠲᠠ ᠪᠠᠢ᠌ᠴᠠᠭ᠋ᠠᠯᠲᠠ ᠵᠢ ᠴᠢᠩᠳᠠᠯᠠᠬᠤ ᠬᠡᠷᠡᠭᠲᠡᠢ᠃ ᠭᠣᠣᠯᠳᠠᠯᠭ᠎ᠠ ᠪᠣᠯᠬᠤ ᠬᠦᠷᠢᠶ᠎ᠡ ᠵᠢ ᠲᠣᠪᠤᠢ᠌ᠯᠭ᠋ᠠᠨ ᠲᠤᠰᠬᠠᠢ ᠵᠠᠰᠠᠯᠲᠠ ᠵᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠭᠰᠠᠨ ᠦᠷ᠎ᠡ ᠳ᠋ᠦᠩ᠎ᠢ ᠰᠢᠢ᠍ᠳᠪᠦᠷᠢᠯᠡᠬᠦ᠎ᠪᠠᠨ ᠴᠢᠩᠭ᠋ᠠᠳᠬᠠᠵᠤ᠂ ᠢᠯᠡᠷᠡᠭᠦᠯᠦᠭᠰᠡᠨ ᠠᠰᠠᠭᠤᠳᠠᠯ᠎ᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠵᠦ᠂ ᠥᠴᠥᠬᠡᠨ ᠴᠦ᠍ ᠢᠯᠳᠠᠷ ᠬᠠᠶᠠᠬᠤ ᠦᠭᠡᠢ ᠪᠠᠢ᠌ᠵᠤ᠂ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃
  ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠾᠧᠨᠠᠨ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠢᠲᠡᠭᠡᠯ ᠵᠣᠷᠢᠭ ᠵᠶ᠋ᠠᠨ ᠪᠠᠲᠤᠳᠬᠠᠵᠤ ᠴᠢᠨᠠᠷ ᠰᠠᠢ᠌ᠲᠠᠢ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠵᠢ ᠠᠬᠢᠭᠤᠯᠵᠤ ᠳᠤᠮᠳᠠᠳᠤ ᠣᠷᠣᠨ᠎ᠤ ᠡᠬᠡ ᠭᠠᠵᠠᠷ᠎ᠲᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ
ᠰᠢ ᠵᠢᠨ ᠫᠢᠩ ᠳᠤᠮᠳᠠᠳᠤ ᠤᠯᠤᠰ᠎ᠤᠨ ᠳ᠋ᠠᠨᠮᠠᠷᠺ᠎ᠤᠨ ᠬᠤᠳᠠᠯᠳᠤᠭ᠋ᠠᠴᠢᠳ᠎ᠤᠨ ᠨᠡᠢ᠌ᠭᠡᠮᠯᠢᠭ᠎ᠤᠨ ᠬᠠᠷᠢᠭᠤᠴᠠᠯᠭ᠋ᠠᠲᠠᠨ᠎ᠳᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠣᠷᠣᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠳᠠ ᠬᠢᠬᠦ ᠵᠢᠨ ᠬᠠᠮᠲᠤ ᠵᠦᠪᠯᠡᠯᠲᠦ ᠵᠢᠨ ᠠᠭᠤᠤ ᠶᠡᠭᠡ ᠤᠯᠤᠰ ᠵᠶ᠋ᠠᠨ ᠬᠠᠮᠠᠭ᠋ᠠᠯᠠᠬᠤ ᠲᠠᠶ᠋ᠢᠨ ᠢᠯᠠᠯᠲᠠ ᠣᠯᠤᠭᠰᠠᠨ 80 ᠵᠢᠯ᠎ᠤᠨ ᠤᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠬᠤ ᠠᠵᠢᠯᠯᠠᠭ᠎ᠠ᠎ᠪᠠᠨ ᠲᠡᠭᠦᠰ ᠠᠮᠵᠢᠯᠲᠠᠲᠠᠢ ᠲᠡᠭᠦᠰᠬᠡᠪᠡ
ᠰᠢ ᠵᠢᠨ ᠫᠢᠩ ᠮᠣᠰᠺᠸᠠ᠎ᠳᠤ ᠬᠦᠷᠴᠦ ᠣᠷᠣᠰ᠎ᠲᠤ ᠲᠥᠷᠥ ᠵᠢᠨ ᠶᠠᠪᠤᠳᠠᠯ᠎ᠤᠨ ᠠᠢ᠌ᠯᠴᠢᠯᠠᠯᠲᠠ ᠬᠢᠬᠦ ᠵᠢᠨ ᠬᠠᠮᠲᠤ ᠵᠥᠪᠯᠡᠯᠲᠦ ᠵᠢᠨ ᠠᠭᠤᠤ ᠶᠡᠬᠡ ᠤᠯᠤᠰ ᠵᠶ᠋ᠠᠨ ᠬᠠᠮᠠᠭ᠋ᠠᠯᠠᠬᠤ ᠳᠠᠢ᠌ᠨ ᠢᠯᠠᠯᠲᠠ ᠣᠯᠣᠭᠰᠠᠨ 80 ᠵᠢᠯ᠎ᠤᠨ ᠣᠢ ᠵᠢ ᠳᠤᠷᠠᠰᠬᠠᠬᠤ ᠪᠠᠶᠠᠷ᠎ᠤᠨ ᠶᠣᠰᠣᠯᠠᠯ᠎ᠳᠤ ᠣᠷᠣᠯᠴᠠᠪᠠ
ᠰᠢ ᠵᠢᠨ ᠫᠢᠩ ᠲᠦᠩᠯᠦᠢ᠍ᠨ᠎ᠤ ᠯᠠᠤᠰ᠎ᠤᠨ ᠤᠯᠤᠰ᠎ᠤᠨ ᠲᠡᠷᠢᠭᠦᠯᠡᠭᠴᠢ᠎ᠪᠠᠷ ᠰᠤᠩᠭᠤᠭᠲᠠᠭᠰᠠᠠ᠎ᠳᠤ ᠪᠠᠶᠠᠷ᠎ᠤᠨ ᠴᠠᠬᠢᠯᠭ᠋ᠠᠠ ᠴᠢᠮᠡᠭᠡ ᠶᠠᠪᠤᠭᠤᠯᠪᠠ
 
            
Baidu
map