ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ (ᠭᠤᠷᠪᠠ)
ᠨᠡᠶ᠋ᠢᠲᠡᠯᠡᠭᠰᠡᠨ ᠴᠠᠭ᠄ 2024-12-17

    ᠳᠥᠷᠪᠡᠳᠦᠭᠡᠷ ᠪᠦᠯᠦᠭ   ᠬᠠᠮᠲᠤᠯᠢᠭ᠎ᠤᠨ ᠴᠢᠨᠠᠷᠲᠠᠢ ᠵᠠᠬᠢᠳᠠᠯ ᠰᠤᠷᠪᠤᠯᠵᠢᠯᠠᠭ᠎ᠠ ᠪᠠ ᠣᠨᠴᠠᠭ᠋ᠠᠢ ᠪᠠᠢ᠌ᠳᠠᠯ᠎ᠢ ᠰᠢᠢ᠍ᠳᠪᠦᠷᠢᠯᠡᠬᠦ᠃
  ᠠᠷᠪᠠᠨ ᠲᠠᠪᠤᠳᠤᠭ᠋ᠠᠷ ᠵᠦᠢ᠍ᠯ   ᠬᠠᠮᠲᠤ᠎ᠪᠠᠷ ᠰᠤᠷᠪᠤᠯᠵᠢᠯᠠᠬᠤ᠎ᠪᠠᠷ ᠢᠷᠡᠬᠦ᠃ ᠳᠡᠭᠡᠭᠰᠢ ᠰᠤᠷᠪᠤᠯᠵᠢᠯᠠᠬᠤ ᠲᠤᠬᠠᠢ ᠵᠢᠨ ᠲᠠᠯᠠᠪᠤᠷ᠎ᠢ ᠠᠯᠪᠠᠨ ᠭᠡᠷ᠂ ᠬᠡᠷᠡᠭ᠎ᠢ ᠳᠠᠭ᠋ᠠᠭ᠋ᠠᠴᠢᠯᠠᠨ ᠰᠢᠢ᠍ᠳᠪᠦᠷᠢᠯᠡᠬᠦ ᠨᠢᠭᠡᠴᠢ᠂ ᠪᠠᠲᠤᠯᠠᠭ᠎ᠠ ᠵᠢᠨ ᠲᠥᠪ ᠵᠡᠷᠭᠡ ᠬᠣᠯᠪᠣᠭᠳᠠᠯ ᠪᠦᠬᠦᠢ ᠬᠥᠮᠦᠰ ᠬᠠᠮᠲᠤ᠎ᠪᠠᠷ ᠰᠤᠷᠪᠤᠯᠵᠢᠯᠠᠭ᠎ᠠ ᠵᠢ ᠬᠦᠯᠢᠶᠡᠨ ᠠᠪᠴᠤ᠂ ᠳᠡᠭᠡᠭᠰᠢ ᠰᠤᠷᠪᠤᠯᠵᠢᠯᠠᠬᠤ ᠬᠥᠮᠦᠰ᠎ᠤᠨ ᠤᠷᠮ᠎ᠠ ᠰᠡᠳᠬᠢᠯᠭᠡ ᠵᠢ ᠲᠣᠭᠲᠠᠪᠤᠷᠢᠵᠢᠭᠤᠯᠵᠤ᠂ ᠳᠡᠭᠡᠭᠰᠢ ᠰᠤᠷᠪᠤᠯᠵᠢᠯᠠᠬᠤ ᠲᠤᠬᠠᠢ ᠵᠢᠨ ᠲᠠᠯᠠᠪᠤᠷ᠎ᠤᠨ ᠡᠮᠬᠢ ᠵᠢᠷᠤᠮ᠎ᠢ ᠬᠠᠮᠠᠭ᠋ᠠᠯᠠᠬᠤ ᠵᠢᠨ ᠬᠠᠮᠲᠤ ᠲᠡᠷᠡ ᠳᠠᠷᠤᠢ᠎ᠳᠤᠨᠢ ᠲᠢᠩᠬᠢᠮ᠎ᠤᠨ ᠤᠳᠤᠷᠢᠳᠤᠯᠭ᠎ᠠ᠎ᠳᠤ ᠮᠡᠳᠡᠭᠦᠯᠬᠦ ᠬᠡᠷᠡᠭᠲᠡᠢ᠃
    ᠠᠷᠪᠠᠨ ᠵᠢᠷᠭᠤᠳᠤᠭ᠋ᠠᠷ ᠵᠦᠢ᠍ᠯ   ᠭᠡᠨᠡᠳᠲᠡ ᠵᠢᠨ ᠴᠢᠨᠠᠷᠲᠠᠶ ᠪᠦᠯᠦᠭᠯᠡᠨ ᠳᠡᠭᠡᠭᠰᠢ ᠰᠤᠷᠪᠤᠯᠵᠢᠯᠠᠬᠤ  ᠃ ᠠᠳᠠᠯ ᠠᠬᠤᠢ ᠵᠢᠨ ᠺᠣᠮᠫᠠᠨᠢ ᠵᠢᠨ ᠵᠢᠵᠢᠭᠦᠷᠯᠡᠭᠴᠢ ᠲᠡᠷᠡ ᠳᠠᠷᠤᠶ᠎ᠳᠤᠨᠢ ᠠᠯᠪᠠᠨ ᠭᠡᠷ᠎ᠲᠤ ᠮᠡᠳᠡᠭᠦᠯᠬᠦ ᠬᠡᠷᠡᠭᠲᠡᠶ  ᠃ ᠠᠯᠪᠠᠨ ᠭᠡᠷ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠲᠢᠩᠬᠢᠮ᠎ᠤᠨ ᠤᠳᠤᠷᠢᠳᠤᠯᠭ᠎ᠠ᠎ᠳᠤ ᠳᠠᠷᠤᠢ᠌ᠬᠠᠨ ᠮᠡᠳᠡᠭᠦᠯᠬᠦ ᠵᠢᠨ ᠬᠠᠮᠲᠤ ᠳᠠᠷᠤᠶ ᠲᠦᠷᠭᠡᠨ ᠲᠤᠬᠠᠶ ᠵᠢᠨ ᠲᠠᠯᠠᠪᠠᠶ᠎ᠳᠤ ᠬᠦᠷᠴᠦ ᠳᠠᠩᠰᠠᠯᠠᠨ ᠲᠡᠮᠳᠡᠭᠯᠡᠵᠦ᠂ ᠵᠠᠬᠢᠳᠠᠯ ᠰᠤᠷᠪᠤᠯᠵᠢᠯᠠᠭ᠎ᠠ ᠬᠢᠭᠰᠡᠳ᠎ᠤᠨ ᠤᠷᠮ᠎ᠠ ᠰᠡᠳᠬᠢᠯᠭᠡ ᠵᠢ ᠬᠦᠯᠢᠶᠡᠨ ᠠᠪᠴᠤ ᠲᠣᠬᠣᠨᠢᠭᠤᠯᠤᠨ᠂ ᠲᠢᠩᠬᠢᠮ᠎ᠤᠨ ᠤᠳᠤᠷᠢᠳᠤᠯᠭ᠎ᠠ ᠵᠢᠨ ᠵᠢᠭ᠋ᠠᠪᠤᠷᠢ᠎ᠪᠠᠷ ᠳᠡᠭᠡᠭᠰᠢ ᠰᠤᠷᠪᠤᠯᠵᠢᠯᠠᠬᠤ ᠲᠤᠬᠠᠶ ᠵᠢᠨ ᠲᠠᠯᠠᠪᠠᠶ ᠵᠢᠨ ᠰᠢᠢᠳᠪᠦᠷᠢᠯᠡᠬᠦ ᠠᠵᠢᠯ᠎ᠢ ᠭᠦᠢ᠍ᠴᠡᠳᠬᠡᠬᠦ ᠬᠡᠷᠡᠭᠲᠡᠶ  ᠃
    ᠠᠷᠪᠠᠨ ᠳᠣᠯᠣᠳᠤᠭ᠋ᠠᠷ ᠵᠦᠢ᠍ᠯ   ᠳᠣᠣᠷᠠᠬᠢ ᠮᠡᠲᠦ ᠬᠡᠪ᠎ᠤᠨ ᠪᠤᠰᠤ ᠳᠡᠭᠡᠭᠰᠢ ᠰᠤᠷᠪᠤᠯᠵᠢᠯᠠᠬᠤ ᠠᠵᠢᠯᠯᠠᠭ᠎ᠠ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠵᠥᠪᠳᠡᠯᠴᠡᠨ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠣᠯᠤᠨ᠎ᠠ᠄ ᠬᠦᠯᠢᠶᠡᠨ ᠠᠪᠤᠭᠴᠢ᠎ᠲᠠᠢ ᠵᠢᠭᠤᠷᠠᠯᠳᠤᠵᠤ᠂ ᠳᠣᠷᠣᠮᠵᠢᠯᠠᠵᠤ᠂ ᠵᠣᠳᠣᠭᠰᠠᠨ; ᠬᠦᠯᠢᠶᠡᠨ ᠠᠪᠬᠤ ᠲᠠᠯᠠᠪᠤᠷ᠎ᠤᠨ ᠨᠡᠢ᠌ᠲᠡ ᠵᠢᠨ ᠡᠳ᠋ ᠬᠣᠭᠰᠢᠯ᠎ᠢ ᠬᠦᠨᠳᠦ ᠨᠣᠴᠢᠲᠠᠢ ᠬᠣᠬᠢᠷᠠᠭᠤᠯᠤᠭᠰᠠᠨ; ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠤᠶᠤ ᠬᠡᠷᠡᠭ᠎ᠢ ᠨᠢᠭᠡᠨᠲᠡ ᠳᠠᠭᠤᠰᠬᠠᠭᠰᠠᠨ᠂ ᠪᠤᠴᠠᠵᠤ ᠢᠷᠡᠭᠰᠡᠨ ᠦᠭᠡᠢ ᠮᠥᠨ ᠵᠢᠭᠤᠷᠠᠯᠳᠤᠨ ᠰᠤᠷᠪᠤᠯᠵᠢᠯᠠᠬᠤ᠎ᠪᠠᠷ ᠢᠷᠡᠭᠰᠡᠨ; ᠬᠦᠯᠢᠶᠡᠨ ᠠᠪᠬᠤ ᠶᠠᠪᠤᠴᠠ᠎ᠳᠤ ᠵᠠᠬᠢᠳᠠᠯ ᠰᠤᠷᠪᠤᠯᠵᠢᠯᠠᠭ᠎ᠠ ᠬᠢᠭᠰᠡᠳ ᠪᠡᠶ᠎ᠡ᠎ᠪᠠᠨ ᠬᠣᠣᠷᠯᠠᠭᠰᠠᠨ᠂ ᠪᠡᠶ᠎ᠡ᠎ᠪᠠᠨ ᠭᠡᠮᠲᠦᠭᠡᠭᠰᠡᠨ ᠪᠤᠶᠤ ᠡᠪᠡᠳᠴᠢᠨ ᠬᠥᠳᠡᠯᠦᠭᠰᠡᠨ; ᠲᠤᠬᠠᠶ ᠵᠢᠨ ᠲᠠᠯᠠᠪᠤᠷ᠎ᠲᠤ ᠭᠥᠯᠢᠶᠡᠨ ᠠᠪᠬᠤ ᠠᠵᠢᠯᠲᠠᠳ ᠳᠠᠷᠤᠶ ᠲᠦᠷᠭᠡᠨ 110᠂ 120 ᠤᠲᠠᠰᠤ ᠠᠪᠴᠤ᠂ ᠲᠡᠭᠦᠨ᠎ᠢ ᠬᠠᠮᠤᠭ᠎ᠤᠨ ᠲᠦᠷᠭᠡᠨ ᠬᠤᠷᠳᠤᠴᠠ᠎ᠪᠠᠷ ᠡᠮᠨᠡᠯᠭᠡ ᠵᠢᠨ ᠬᠣᠷᠢᠶᠠᠨ᠎ᠳᠤ ᠬᠦᠷᠭᠡᠵᠦ ᠠᠪᠤᠷᠬᠠᠤ ᠵᠢᠨ ᠬᠠᠮᠲᠤ ᠲᠢᠩᠬᠢᠮ᠎ᠤᠨ ᠤᠳᠤᠷᠢᠳᠤᠯᠭ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ  ᠃
    ᠠᠷᠪᠠᠨ ᠨᠠᠢ᠍ᠮᠠᠳᠤᠭ᠋ᠠᠷ ᠵᠦᠢ᠍ᠯ   ᠵᠠᠬᠢᠳᠠᠯ ᠰᠤᠷᠪᠤᠯᠵᠢᠯᠠᠯ ᠬᠢᠭᠰᠡᠳ ᠪᠣᠳᠠᠲᠤ ᠬᠡᠷᠡᠭ᠎ᠢ ᠬᠤᠳᠠᠯ ᠵᠶ᠋ᠠᠷ ᠵᠣᠬᠢᠶᠠᠨ ᠭᠠᠵᠢᠭᠤᠳᠠᠭᠤᠯᠵᠤ᠂ ᠵᠦᠢ ᠵᠣᠬᠢᠰ ᠦᠭᠡᠶ ᠭᠣᠮᠣᠳᠠᠯ ᠱᠠᠭ᠋ᠠᠷᠳᠠᠯᠭ᠎ᠠ ᠳᠤᠷᠠᠳᠤᠭᠰᠠᠨ ᠦᠶ᠎ᠡ᠎ᠳᠤ ᠵᠠᠬᠢᠳᠠᠯ ᠰᠤᠷᠪᠤᠯᠵᠢᠯᠠᠯ ᠬᠢᠭᠰᠡᠳ᠎ᠲᠤ ᠢᠳᠬᠠᠨ ᠬᠣᠷᠢᠭᠯᠠᠬᠤ ᠪᠤᠶᠤ ᠬᠥᠮᠦᠵᠢᠯ ᠬᠢᠵᠦ᠂ ᠢᠳᠬᠠᠨ ᠬᠣᠷᠢᠭᠯᠠᠬᠤ ᠪᠠ ᠬᠥᠮᠦᠵᠢᠯ ᠬᠢᠭᠡᠳ ᠬᠦᠴᠦᠨ ᠦᠭᠡᠶ ᠪᠣᠯᠤᠭᠰᠠᠨ ᠪᠣᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠦᠨ ᠬᠠᠤᠯᠢ ᠶᠣᠰᠣᠭ᠋ᠠᠷ ᠰᠢᠢᠳᠪᠦᠷᠢᠯᠡᠭᠦᠯᠬᠦ ᠬᠡᠷᠡᠭᠲᠡᠶ᠃ ᠠᠢ᠌ᠯᠴᠢᠯᠠᠬᠤ᠎ᠪᠠᠷ ᠢᠷᠡᠭᠰᠡᠳ ᠪᠡᠭᠡᠵᠢᠩ᠂ ᠰᠡᠷᠭᠡᠭ ᠰᠠᠯᠠᠭ᠎ᠠ ᠮᠥᠴᠢᠷ᠎ᠲᠤ ᠬᠦᠷᠴᠦ ᠳᠡᠭᠡᠭᠰᠢ ᠰᠤᠷᠪᠤᠯᠵᠢᠯᠠᠬᠤ ᠪᠤᠶᠤ ᠬᠡᠲᠦᠷᠡᠮᠡᠬᠡᠶ ᠦᠭᠡ ᠶᠠᠷᠢᠶ᠎ᠠ ᠦᠢ᠍ᠯᠡ ᠠᠵᠢᠯᠯᠠᠭ᠎ᠠ᠎ᠲᠠᠢ ᠪᠣᠯ ᠲᠢᠩᠬᠢᠮ᠎ᠤᠨ ᠤᠳᠤᠷᠢᠳᠤᠯᠭ᠎ᠠ᠎ᠳᠤ ᠴᠠᠭ ᠲᠤᠬᠠᠶ᠎ᠳᠤᠨᠢ ᠬᠠᠷᠢᠭᠤ ᠮᠡᠳᠡᠭᠦᠯᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ ᠭᠡᠵᠦ ᠢᠯᠡᠷᠬᠡᠢ᠌ᠯᠡᠪᠡ  ᠃
    ᠲᠠᠪᠤᠳᠤᠭ᠋ᠠᠷ ᠪᠦᠯᠦᠭ   ᠱᠠᠩᠨᠠᠵᠤ ᠲᠣᠷᠭ᠋ᠠᠬᠤ  ᠃ᠠᠷᠪᠠ ᠶᠢᠰᠦᠳᠦᠭᠡᠷ ᠵᠦᠢ᠍ᠯ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠤᠮᠳᠠ ᠲᠣᠪᠣᠢ᠌ᠮ᠎ᠠ ᠠᠮᠵᠢᠯᠲᠠ ᠭᠠᠷᠭ᠋ᠠᠭᠰᠠᠨ ᠪᠠ ᠬᠤᠪᠢ ᠨᠡᠮᠡᠷᠢ ᠦᠵᠡᠭᠦᠯᠦᠭᠰᠡᠨ ᠬᠣᠯᠪᠣᠭᠳᠠᠯ ᠪᠦᠬᠦᠢ ᠭᠠᠵᠠᠷ ᠭᠡᠷ᠂ ᠲᠢᠩᠬᠢᠮ᠎ᠤᠨ ᠬᠠᠷᠢᠶ᠎ᠠ ᠨᠢᠭᠡᠴᠡ ᠪᠣᠯᠤᠨ ᠬᠤᠪᠢ ᠬᠥᠮᠦᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠢ᠌ᠰᠢᠶᠠᠬᠤ ᠪᠠ ᠱᠠᠩᠨᠠᠬᠤ ᠬᠡᠷᠡᠭᠲᠡᠶ  ᠃
    ᠬᠣᠷᠢᠳᠤᠭ᠋ᠠᠷ ᠵᠦᠢ᠍ᠯ   ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠤ ᠵᠠᠬᠢᠳᠠᠯ ᠰᠤᠷᠪᠤᠯᠵᠢᠯᠠᠭ᠎ᠠ ᠵᠢᠨ ᠬᠡᠪ᠎ᠤᠨ ᠪᠤᠰᠤ ᠬᠡᠷᠡᠭ ᠭᠠᠷᠴᠤ᠂ ᠬᠦᠨᠳᠦ ᠨᠣᠴᠢᠲᠠᠶ ᠦᠷ᠎ᠡ ᠤᠷᠰᠢᠭ ᠲᠠᠲᠠᠭᠰᠠᠨ ᠪᠠᠢ᠌ᠪᠠᠯ᠂ ᠬᠣᠯᠪᠣᠭᠳᠠᠯ ᠪᠦᠬᠦᠢ ᠭᠠᠵᠠᠷ ᠭᠡᠷ᠂ ᠲᠢᠩᠬᠢᠮ᠎ᠤᠨ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠰᠢᠢᠳᠬᠡᠯ ᠥᠭᠭᠦᠨ᠎ᠡ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠲᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠠᠷᠭ᠎ᠠ
 
            
Baidu
map