ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-01-13


   1 ᠳ᠋ᠦ᠍ᠭᠡᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ᠂ ᠰᠢᠨ᠎ᠡ ᠵᠢ ᠡᠭᠦᠳᠬᠦ ᠲᠠᠪᠴᠠᠩ᠎ᠤᠨ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠲᠥᠯᠥᠭᠡᠯᠡᠭᠴᠢ ᠵᠢ ᠤᠷᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠬᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠰᠠᠢ᠌ᠲᠤᠷ ᠬᠢᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠨᠡᠯᠡᠯᠲᠡ ᠵᠢᠨ ᠰᠢᠰᠲ᠋ᠧᠮ᠎ᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠲᠦᠷᠭᠡᠳᠬᠡᠬᠦ ᠵᠡᠷᠭᠡ ᠲᠠᠯ᠎ᠠ᠎ᠪᠠᠷ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠶᠠᠷᠢᠯᠴᠠᠬᠤ ᠬᠤᠷᠠᠯ᠎ᠢ ᠡᠷᠭᠢᠯᠡᠪᠡ᠃


    ᠶᠠᠷᠢᠯᠴᠠᠬᠤ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠲᠥᠯᠥᠭᠡᠯᠡᠭᠴᠢᠳ ᠠᠵᠢᠯ᠎ᠤᠨ ᠪᠣᠳᠠᠲᠤ ᠪᠠᠢ᠌ᠳᠠᠯ ᠪᠣᠯᠤᠨ ᠠᠵᠢᠯ ᠲᠥᠷᠥᠯ᠎ᠤᠨ ᠣᠨᠴᠠᠯᠢᠭ᠎ᠲᠠᠢ᠎ᠪᠠᠨ ᠤᠶᠠᠯᠳᠤᠭᠤᠯᠤᠨ᠂ 《ᠲᠠᠪᠤᠨ ᠶᠡᠬᠡ ᠡᠭᠦᠷᠭᠡ》 ᠵᠢ ᠰᠠᠢ᠌ᠲᠤᠷ ᠨᠠᠢ᠌ᠳᠠᠪᠤᠷᠢᠵᠢᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ᠂ ᠣᠢ᠌ᠯᠠᠭ᠋ᠠᠯᠲᠠ ᠲᠥᠷᠥᠭᠳᠡᠯ ᠵᠶ᠋ᠡᠨ ᠠᠭᠤᠵᠢᠷᠠᠲᠠᠯ᠎ᠠ ᠶᠠᠷᠢᠯᠴᠠᠵᠤ᠂ ᠮᠠᠰᠢ ᠣᠯᠠᠨ ᠴᠢᠭᠯᠡᠭᠦᠯᠦᠯᠲᠦ ᠴᠢᠨᠠᠷᠲᠠᠶ ᠠᠵᠢᠯ᠎ᠤᠨ ᠰᠠᠨᠠᠯ ᠪᠣᠯᠤᠨ ᠰᠡᠳᠬᠢᠮᠵᠢ ᠠᠷᠭ᠎ᠠ ᠬᠡᠮᠵᠢᠶ᠎ᠡ ᠵᠢ ᠳᠤᠷᠠᠳᠴᠠᠶ᠃ ᠣᠯᠠᠨ ᠵᠶ᠋ᠠᠷ ᠵᠶ᠋ᠠᠨ᠂ ᠣᠷᠣᠨ ᠪᠦᠰᠡ ᠵᠢᠨ ᠬᠥᠭᠵᠢᠯᠲᠡ ᠵᠢᠨ ᠬᠡᠷᠡᠭᠴᠡᠭᠡ᠎ᠳᠤ ᠦᠢᠯᠡᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠣᠰ ᠪᠡᠶ᠎ᠡ ᠵᠢᠨ ᠰᠢᠨᠵᠢᠯᠡᠭᠡᠨ᠎ᠤ ᠰᠠᠯᠠᠭ᠎ᠠ ᠲᠤᠰᠬᠠᠶ ᠮᠡᠷᠭᠡᠵᠢᠯ᠎ᠤᠨ ᠳᠠᠪᠠᠭᠤᠯᠢᠭ ᠵᠶ᠋ᠠᠨ ᠭᠦᠢᠴᠡᠳ ᠪᠠᠳᠠᠷᠠᠭᠤᠯᠵᠤ᠂ ᠦᠷᠭᠦᠯᠵᠢᠯᠡᠨ ᠭᠦᠨᠵᠡᠭᠡᠶ ᠰᠤᠳᠤᠯᠬᠤ ᠬᠦᠷᠢᠶᠡᠨ᠎ᠤ ᠰᠤᠳᠤᠯᠭ᠋ᠠᠨ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠵᠢᠨ《ᠡᠪᠳᠡᠭᠴᠢ》ᠪᠣᠯᠵᠣ᠂ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠢ ᠳᠡᠭᠡᠭᠰᠢᠯᠡᠭᠦᠯᠬᠦ ᠵᠢᠨ《ᠳᠠᠭ᠋ᠠᠭᠤᠯᠤᠭᠴᠢ》 ᠪᠣᠯᠵᠣ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠋ᠠᠨ᠎ᠤ 《ᠣᠷᠣᠯᠠᠨ ᠥᠭᠦᠯᠡᠭᠴᠢ》 ᠪᠣᠯᠵᠣ᠂ ᠰᠢᠨ᠎ᠡ ᠵᠢ ᠡᠭᠦᠳᠬᠦ ᠬᠡᠯᠪᠡᠷᠢ ᠵᠢᠨ ᠥᠪᠥᠷ ᠮᠣᠩᠭᠣᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃



      ᠵᠠᠩ ᠸᠸᠠ ᠲᠤᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠡᠯ᠎ᠡ ᠬᠦᠷᠢᠢ᠎ᠡ᠂ ᠡᠯ᠎ᠡ ᠹᠷᠣᠨᠲ ᠳᠡᠭᠡᠷ᠎ᠡ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠪᠠ᠃ ᠲᠡᠷᠡ᠂ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠤᠨ ᠬᠥᠭᠵᠢᠯᠲᠡ ᠵᠢᠨ ᠶᠠᠪᠤᠴᠠ᠎ᠳᠤ ᠴᠢᠬᠤᠯᠠ ᠦᠢᠯᠡᠳᠦᠯ ᠦᠵᠡᠭᠦᠯᠪᠡ᠂ ᠢᠯᠠᠩᠭᠤᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠂ ᠳᠡᠭᠡᠳᠦ ᠴᠢᠳᠠᠪᠤᠷᠢ ᠵᠢᠨ ᠲᠠᠰ᠎ᠤᠨ ᠲᠠᠪᠴᠠᠩ᠎ᠤᠨ ᠪᠠᠢ᠌ᠭᠤᠯᠤᠯᠲᠠ᠂ ᠰᠠᠭᠤᠷᠢ ᠬᠡᠷᠡᠭᠯᠡᠭᠡᠨ᠎ᠤ ᠰᠤᠳᠤᠯᠭ᠋ᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠵᠡᠷᠭᠡ ᠲᠠᠯ᠎ᠠ᠎ᠪᠠᠷ ᠯᠤᠲᠤ ᠶᠡᠬᠡ ᠬᠤᠪᠢ ᠨᠡᠮᠡᠷᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠪᠡ᠃
    ᠰᠢᠨ᠎ᠡ ᠭᠠᠷᠤᠭ᠎ᠠ᠎ᠳᠤ ᠰᠠᠭᠤᠷᠢᠯᠠᠨ ᠰᠢᠨ᠎ᠡ ᠡᠭᠦᠷᠭᠡ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠶ᠎ᠡ᠃ ᠵᠠᠩ ᠸᠸᠠ ᠲᠤᠤ ᠥᠷᠭᠡᠨ ᠤᠯᠠᠨ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠠᠵᠢᠯᠳᠠᠨ ᠶᠡᠷᠦᠩᠬᠡᠢ ᠱᠦᠵᠢ ᠵᠢᠨ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠨ᠎ᠡ ᠵᠢ ᠡᠭᠦᠳᠬᠦ《ᠳᠦᠷᠪᠡ ᠵᠢ ᠬᠠᠨᠳᠤᠬᠤ》 ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ ᠤᠯᠤᠰ᠎ᠤᠨ ᠬᠡᠷᠡᠭᠴᠡᠭᠡ ᠪᠣᠯᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢ ᠵᠢ ᠬᠠᠷᠠᠭ᠋ᠠᠯᠠᠨ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠬᠡᠷᠡᠭᠵᠢᠭᠦᠯᠬᠦ᠎ᠪᠠᠷ ᠭᠠᠷᠳᠠᠴᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠨ᠎ᠡ ᠵᠢ ᠡᠭᠦᠳᠬᠦ ᠪᠣᠯᠤᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠪᠦᠰᠡ ᠵᠢᠨ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠵᠢ ᠬᠦᠰᠡᠪᠡ; 《ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠰᠠᠨᠠᠯ》 ᠵᠶ᠋ᠠᠷ ᠭᠣᠤᠯ ᠪᠣᠯᠭ᠋ᠠᠭᠰᠠᠨ 《1 + 7》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠤᠬᠠᠭᠤᠯᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ 《ᠬᠠᠮᠤᠭ᠎ᠤᠨ ᠤᠷᠢᠳᠠᠪᠠᠷ ᠨᠢᠭᠡ ᠺᠢᠯᠣᠮᠧᠲᠷ》᠎ᠠᠴᠠ 《ᠬᠠᠮᠤᠭ᠎ᠤᠨ ᠰᠡᠭᠦᠯᠴᠢ ᠵᠢᠨ ᠨᠢᠭᠡ ᠺᠢᠯᠣᠮᠧᠲᠷ》 ᠬᠦᠷᠲᠡᠯ᠎ᠡ ᠵᠣᠯᠭ᠋ᠠᠭᠤᠯᠤᠨ ᠬᠠᠮᠵᠢᠯᠴᠠᠭᠤᠯᠬᠤ ᠵᠢ ᠰᠠᠢ᠌ᠲᠤᠷ ᠠᠳᠬᠤᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢᠨ ᠮᠡᠳᠡᠪᠡᠯ ᠵᠣᠬᠢᠬᠤ ᠵᠢ᠎ᠨᠢ ᠮᠡᠳᠡᠵᠦ᠂ ᠡᠳ᠋ᠯᠡᠪᠡᠰᠦ ᠵᠣᠬᠢᠬᠤ ᠵᠢ᠎ᠨᠢ ᠭᠦᠢᠴᠡᠳ ᠭᠥᠷᠳᠡᠬᠦ ᠵᠢ ᠦᠨᠡᠨᠬᠦ ᠪᠠᠲᠤᠯᠠᠨ᠎ᠠ; 《ᠮᠧᠩ ᠺᠧ ᠵᠢᠦᠢ》 ᠲᠠᠪᠴᠠᠩ᠎ᠤᠨ 《ᠶᠡᠷᠦᠩᠬᠡᠶ ᠬᠦᠢᠰᠦ》 ᠪᠠ 《ᠶᠡᠷᠦᠩᠬᠡᠶ ᠲᠠᠪᠴᠠᠩ》᠎ᠤᠨ ᠦᠢᠯᠡᠳᠦᠯ᠎ᠢ ᠤᠯᠠᠮ ᠨᠢᠭᠡ ᠠᠯᠬᠤᠮ ᠰᠠᠢ᠌ᠲᠤᠷ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠵᠠᠭᠤᠴᠢ》 ᠪᠣᠯᠵᠣ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢᠨ ᠦᠵᠦᠭᠦᠷ ᠪᠠ ᠠᠵᠤ ᠠᠬᠤᠢ᠌ᠯᠠᠯ᠎ᠤᠨ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠦᠵᠦᠭᠦᠷ᠎ᠢ ᠪᠦᠲᠦᠮᠵᠢᠲᠡᠶ ᠵᠣᠯᠭ᠋ᠠᠭᠤᠯᠵᠤ᠂ ᠨᠠᠩ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠠᠢ᠌ᠵᠢᠭᠤᠯᠤᠨ ᠤᠯᠠᠷᠢᠭᠤᠯᠬᠤ ᠵᠢ ᠠᠬᠢᠭᠤᠯᠤᠨ᠎ᠠ; ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠠᠬᠢ ᠬᠥᠲᠥᠯᠥᠨ ᠳᠠᠭ᠋ᠠᠭᠤᠯᠬᠤ ᠦᠢᠯᠡᠳᠦᠯ᠎ᠢ ᠦᠨᠡᠨᠬᠦ ᠪᠠᠳᠠᠷᠠᠭᠤᠯᠵᠤ᠂ ᠬᠡᠪᠰᠢᠭᠰᠡᠨ᠂ ᠥᠨᠳᠥᠷ ᠬᠢᠷᠢ ᠲᠦᠪᠰᠢᠨ ᠪᠥᠬᠥᠶ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠦᠢᠯᠡᠴᠢᠯᠡᠭᠡ ᠪᠠᠲᠤᠯᠠᠭ᠎ᠠ ᠵᠢᠨ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠱᠠᠩᠨᠠᠨ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠂ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠬᠦᠷᠲᠡᠮᠵᠢ ᠵᠢᠨ ᠲᠥᠷᠥᠭᠳᠡᠯ᠂ ᠢᠷᠠᠭᠤ ᠠᠯᠳᠠᠷ᠎ᠤᠨ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ᠎ᠢ ᠨᠡᠮᠡᠭᠳᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠰᠢᠨ᠎ᠡ ᠵᠢ ᠡᠭᠦᠳᠬᠦ ᠬᠠᠯᠠᠭᠤᠨ ᠰᠡᠳᠬᠢᠯᠭᠡ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠵᠶ᠋ᠠᠷ ᠵᠠᠮᠨᠠᠬᠤ ᠳᠤᠮᠳᠠ ᠲᠥᠪᠰᠢᠨ᠎ᠳᠤ ᠣᠷᠣᠬᠤ᠎ᠳᠤ ᠨᠠᠩ ᠶᠡᠬᠡ ᠦᠢᠯᠡᠳᠦᠯ ᠦᠵᠡᠭᠦᠯᠦᠨ᠎ᠡ᠃
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ   ᠪᠤᠤ ᠸᠧᠶ ᠵᠢᠶᠦ᠋ᠨ᠂ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠵᠠᠶ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠪᠠ 1 ᠰᠠᠷ᠎ᠠ ᠵᠢᠨ 9᠎ᠤ ᠡᠳᠦᠷ᠎ᠤᠨ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
 
            
Baidu
map