ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-01-13


     1 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠱᠤᠤ ᠴᠧᠩ᠎ᠤᠨ ᠨᠠᠢ᠌ᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠪᠠᠢ᠌ᠩᠭᠤ ᠵᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ᠎ᠢ ᠡᠷᠭᠢᠯᠡᠪᠡ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠱᠠᠯᠠᠪᠳᠠᠭᠤᠯᠤᠨ ᠵᠢᠯᠤᠭᠣᠳᠬᠤ ᠳᠤᠭᠤᠢ᠌ᠯᠠᠩ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃
      ᠬᠤᠷᠠᠯ᠎ᠠᠴᠠ ᠡᠮᠦᠨ᠎ᠡ ᠨᠠᠮ᠎ᠤᠨ ᠤᠳᠤᠷᠢᠳᠬᠤ ᠳᠤᠭᠤᠢ᠌ᠯᠠᠩ ᠠᠵᠢᠯ᠎ᠤᠨ ᠲᠥᠰᠥᠯ ᠲᠣᠭᠲᠠᠭ᠋ᠠᠵᠤ᠂ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ᠂ ᠥᠷᠭᠡᠨ ᠵᠶ᠋ᠡᠷ ᠰᠠᠨᠠᠯ ᠰᠠᠨᠠᠭᠤᠯᠭ᠎ᠠ ᠬᠤᠷᠢᠶᠠᠵᠤ᠂ ᠪᠠᠢ᠌ᠳᠠᠯ᠎ᠢ ᠣᠢ᠌ᠯᠠᠭ᠋ᠠᠵᠤ ᠰᠡᠳᠬᠢᠯ᠎ᠤᠨ ᠦᠭᠡ᠎ᠪᠠᠨ ᠶᠠᠷᠢᠯᠴᠠᠬᠤ ᠵᠢ ᠭᠦᠨᠵᠡᠭᠡᠢ ᠥᠷᠨᠢᠭᠦᠯᠵᠦ᠂ ᠨᠡᠢ᠌ᠲᠡᠯᠢᠭ ᠬᠡᠷᠡᠭ᠎ᠲᠠᠢ ᠤᠶᠠᠯᠳᠤᠭᠤᠯᠤᠨ ᠵᠠᠳᠠᠯᠤᠯᠲᠠ ᠬᠢᠵᠦ᠂ ᠬᠠᠷᠭᠤᠭᠤᠯᠤᠨ ᠪᠠᠢ᠌ᠴᠠᠭ᠋ᠠᠭᠰᠠᠨ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠲᠤᠭᠤᠷᠪᠢᠨ ᠪᠢᠴᠢᠵᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ᠎ᠳᠤ ᠭᠦᠢ᠍ᠴᠡᠳ ᠪᠡᠯᠡᠳᠬᠡᠯ ᠬᠢᠵᠡᠢ᠃
      ᠬᠤᠷᠠᠯ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ᠎ᠤᠨ᠎ᠬᠢᠨ᠎ᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠭᠰᠠᠨ ᠪᠠᠢ᠌ᠳᠠᠯ ᠪᠠ ᠲᠣᠰ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠭᠰᠠᠨ ᠪᠠᠢ᠌ᠳᠠᠯ᠎ᠢ ᠵᠠᠷᠯᠠᠨ ᠮᠡᠳᠡᠭᠳᠡᠪᠡ᠃ ᠯᠢᠨ ᠱᠤᠤ ᠴᠦᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ᠎ᠤᠨ ᠡᠮᠦᠨ᠎ᠡ᠎ᠠᠴᠠ ᠬᠠᠷᠭᠤᠭᠤᠯᠤᠨ ᠪᠠᠢ᠌ᠴᠠᠭ᠋ᠠᠯᠲᠠ ᠬᠢᠵᠦ᠂ ᠲᠦᠷᠦᠭᠦᠯᠡᠨ ᠬᠤᠪᠢ ᠬᠥᠮᠥᠨ᠎ᠤ ᠬᠠᠷᠭᠤᠭᠤᠯᠤᠨ ᠪᠠᠢ᠌ᠴᠠᠭ᠋ᠠᠯᠲᠠ ᠬᠢᠵᠦ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠭᠡᠳ ᠨᠢᠭᠡ᠎ᠪᠠᠷ ᠬᠠᠷᠭᠤᠭᠤᠯᠤᠨ ᠪᠠᠢ᠌ᠴᠠᠭ᠋ᠠᠯᠲᠠ ᠬᠢᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠬᠢᠵᠦ᠂ ᠢᠳᠡᠪᠬᠢᠲᠡᠢ ᠡᠷᠡᠭᠦᠯ ᠰᠠᠷᠠᠭᠤᠯ ᠦᠵᠡᠯ ᠰᠠᠨᠠᠭ᠋ᠠᠨ᠎ᠤ ᠲᠡᠮᠡᠴᠡᠯ ᠥᠷᠨᠢᠭᠦᠯᠪᠡ᠃
      ᠬᠤᠷᠠᠯ᠎ᠠᠴᠠ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠦᠷ᠎ᠡ ᠪᠦᠲᠦᠭᠡᠯ᠎ᠢ 《ᠬᠣᠶᠠᠷ᠎ᠢ ᠲᠣᠭᠲᠠᠭ᠋ᠠᠭᠰᠠᠨ》᠎ᠢ ᠤᠯᠠᠮ ᠨᠢᠭᠡ ᠠᠯᠬᠤᠮ ᠡᠷᠡᠰ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠥ ᠵᠢᠨ ᠤᠬᠠᠮᠰᠠᠷ ᠪᠣᠯᠭ᠋ᠠᠨ ᠬᠤᠪᠢᠷᠠᠭᠤᠯᠵᠤ᠂ ᠨᠠᠮᠴᠢ ᠴᠢᠨᠠᠷ ᠵᠢᠡᠨ ᠴᠢᠩᠭ᠋ᠠᠳᠬᠠᠬᠤ᠂ ᠰᠠᠬᠢᠯᠭ᠎ᠠ ᠪᠠᠲᠤ ᠵᠢ ᠴᠢᠩᠭ᠎ᠠ ᠰᠠᠬᠢᠬᠤ᠂ ᠰᠤᠷᠲᠠᠯ ᠵᠢᠡᠨ ᠪᠠᠲᠤᠳᠬᠠᠬᠤ ᠠᠵᠢᠯᠯᠠᠭ᠋ᠠᠨ᠎ᠤ ᠤᠬᠠᠮᠰᠠᠷ ᠪᠣᠯᠭ᠋ᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠠᠵᠢᠯ ᠪᠠ ᠶᠡᠬᠡ ᠲᠠᠯ᠎ᠠ ᠵᠢᠨ ᠠᠵᠢᠯ᠎ᠳᠤ ᠦᠢ᠍ᠯᠡᠴᠢᠯᠡᠨ ᠪᠠᠲᠤᠯᠠᠬᠤ ᠡᠭᠦᠷᠭᠡ ᠬᠠᠷᠢᠭᠤᠴᠠᠯᠭ᠎ᠠ ᠪᠣᠯᠭ᠋ᠠᠨ ᠬᠤᠪᠢᠷᠠᠭᠤᠯᠵᠤ᠂ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠰᠠᠢ᠌ᠲᠤᠷ ᠡᠭᠦᠷᠭᠡᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠵᠢᠯᠤᠭᠣᠳᠬᠤ ᠬᠠᠮᠤᠭ᠎ᠤᠨ ᠬᠦᠴᠦᠲᠡᠢ ᠦᠵᠡᠯ ᠰᠠᠨᠠᠭ᠋ᠠᠨ᠎ᠤ ᠵᠡᠪᠰᠡᠭ ᠪᠤᠯᠭ᠋ᠠᠵᠤ᠂ ᠴᠠᠭ ᠢᠮᠠᠭᠲᠠ ᠭᠠᠵᠠᠷ ᠪᠣᠯᠭ᠋ᠠᠨ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ᠎ᠲᠠᠢ ᠪᠠᠷᠢᠮᠵᠢᠶᠠᠯᠠᠨ ᠬᠠᠷᠭᠤᠭᠤᠯᠵᠤ᠂ ᠨᠢᠭᠡ ᠭᠣᠣᠯ ᠱᠤᠭᠤᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ ᠡᠷᠡᠮᠡᠬᠡᠢ᠌ᠯᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠪᠠ 1 ᠰᠠᠷ᠎ᠠ ᠵᠢᠨ 9᠎ᠤ ᠡᠳᠦᠷ᠎ᠤᠨ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ ᠬᠣᠶᠠᠳᠤᠭ᠋ᠠᠷ ᠤᠳᠠᠭ᠎ᠠ ᠵᠢᠨ ᠪᠦᠭᠦᠳᠡ ᠬᠤᠷᠠᠯ ᠬᠢᠪᠡ ᠵᠠᠩ ᠶᠠᠨ ᠺᠦᠨ ᠣᠷᠣᠯᠴᠠᠵᠠᠢ
 
            
Baidu
map