1 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠪᠠ 1 ᠰᠠᠷ᠎ᠠ ᠵᠢᠨ 9᠎ᠤ ᠡᠳᠦᠷ᠎ᠤᠨ ᠲᠥᠪ᠎ᠤᠨ ᠤᠯᠤᠰ ᠲᠥᠷᠥ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ 2024 ᠣᠨ᠎ᠤ ᠠᠵᠢᠯ᠎ᠤᠨ ᠪᠠᠢ᠌ᠳᠠᠯ᠂ 2025 ᠣᠨ᠎ᠤ ᠠᠵᠢᠯ᠎ᠤᠨ ᠲᠥᠯᠥᠪᠯᠡᠭᠡ ᠪᠠ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠪᠡᠯᠡᠳᠬᠡᠯ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠂ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠂ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠠᠢ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠣᠳᠣᠬᠠᠨ᠎ᠤ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠪᠠᠢ᠌ᠳᠠᠯ᠎ᠢ ᠭᠦᠨᠵᠡᠭᠡᠢ ᠵᠠᠳᠠᠯᠵᠤ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ ᠶᠡᠷᠦᠩᠬᠡᠢ ᠳᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠬᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠦ᠂ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠵᠢᠯᠤᠭᠣᠳᠬᠤ ᠴᠢᠨᠠᠷᠲᠠᠢ ᠶᠤᠮ᠃ ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠢᠳᠡ ᠵᠣᠭᠰᠣᠰᠢ ᠦᠭᠡᠢ ᠪᠠᠢ᠌ᠬᠤ ᠡᠷᠡᠰ ᠪᠠᠲᠤ ᠪᠠᠷᠢᠮᠲᠠᠯᠠᠯ᠎ᠢ ᠢᠮᠠᠭᠲᠠ ᠪᠠᠲᠤᠯᠠᠵᠤ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠢ᠌ᠬᠤ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠭᠦᠨᠵᠡᠭᠡᠢ᠌ᠷᠡᠨ ᠬᠥᠭᠵᠢᠬᠦ ᠵᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠥᠩᠭᠡᠷᠡᠭᠰᠡᠨ ᠨᠢᠭᠡ ᠵᠢᠯ᠎ᠤᠨ ᠪᠦᠭᠦ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠣᠯᠣᠭᠰᠠᠨ ᠦᠷ᠎ᠡ ᠪᠦᠲᠦᠮᠵᠢ ᠵᠢ ᠨᠤᠲᠠᠯᠠᠵᠤ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠬᠤ ᠵᠢ ᠪᠠᠷᠢᠮᠲᠠᠯᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠪᠦᠲᠦᠮᠵᠢᠲᠡᠶ ᠰᠠᠢ᠌ᠲᠤᠷ ᠬᠢᠵᠦ᠂ ᠪᠦᠭᠦ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ᠎ᠪᠠᠷ ᠭᠣᠣᠯ ᠪᠤᠯᠭ᠋ᠠᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠥᠷᠨᠢᠭᠦᠯᠬᠦ ᠵᠢᠨ ᠲᠣᠭᠣᠷᠢᠨ᠎ᠳᠤ ᠤᠯᠤᠰ ᠲᠦᠷᠦ ᠵᠢᠨ ᠬᠢᠨᠠᠯᠲᠠ ᠲᠠᠯᠪᠢᠬᠤ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠬᠦᠴᠦᠯᠡᠨ ᠪᠡᠬᠢᠵᠢᠭᠦᠯᠬᠦ ᠬᠡᠷᠡᠭᠲᠡᠢ᠃ ᠲᠥᠪ ᠪᠤᠰᠤ ᠰᠤᠷᠲᠠᠯ ᠪᠠ ᠢᠯᠵᠢᠷᠡᠯ᠎ᠢ ᠵᠡᠷᠭᠡ᠎ᠪᠠᠷ ᠪᠠᠢ᠌ᠴᠠᠭ᠋ᠠᠵᠤ ᠵᠡᠷᠭᠡ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠡᠯ᠎ᠡ ᠲᠥᠷᠥᠯ᠎ᠤᠨ ᠳᠠᠯᠳᠠᠭᠤᠷ ᠣᠨᠳᠣᠣᠰᠢᠭᠰᠠᠨ 《ᠳᠥᠷᠪᠡᠨ ᠰᠤᠷᠲᠠᠯ》᠎ᠤᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠭᠣᠣᠯᠳᠠᠯᠭ᠎ᠠ᠎ᠲᠠᠢ ᠠᠰᠠᠭᠤᠳᠠᠯ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠭᠣᠣᠯᠳᠠᠯᠭ᠎ᠠ᠎ᠲᠠᠢ ᠡᠲᠡᠭᠡᠳ᠎ᠢ ᠴᠢᠩᠭ᠎ᠠ ᠠᠩᠬᠠᠷᠴᠤ ᠢᠯᠵᠢᠷᠡᠯ᠎ᠢ ᠡᠷᠡᠰ ᠭᠤᠢ᠌ᠪᠢᠰᠢ ᠦᠭᠡᠢ᠎ᠪᠠᠷ ᠵᠠᠯᠬᠠᠭ᠋ᠠᠨ ᠰᠢᠢ᠍ᠳᠬᠡᠬᠦ ᠬᠡᠷᠡᠭᠲᠡᠢ᠃ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠪᠠᠢ᠌ᠩᠭᠤᠵᠢᠭᠤᠯᠤᠨ ᠴᠡᠭᠴᠡᠯᠡᠨ ᠵᠠᠰᠠᠵᠤ᠂ ᠦᠨᠳᠦᠰᠦᠨ ᠱᠠᠲᠤ ᠵᠢ ᠱᠠᠯᠠᠪᠳᠠᠭᠤᠯᠤᠨ ᠠᠰᠠᠭᠤᠳᠠᠯ᠎ᠢ ᠪᠦᠭᠦ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠦᠨᠳᠦᠰᠦᠨ ᠱᠠᠲᠤ ᠲᠡᠢ᠌ᠰᠢ ᠤᠷᠲᠤᠳᠬᠠᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠢ᠌ᠳᠠᠪᠤᠷᠢᠵᠢᠭᠤᠯᠵᠤ᠂ ᠡᠯ᠎ᠡ ᠱᠠᠲᠤᠨ᠎ᠤ ᠤᠳᠤᠷᠢᠳᠬᠤ ᠪᠠᠭ᠎ᠤᠨ ᠪᠦᠷᠢᠯᠳᠦᠭᠦᠨ᠎ᠢ ᠱᠠᠯᠠᠪᠳᠠᠭᠤᠯᠤᠨ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠯᠠᠪᠳᠠᠭᠤᠨ ᠪᠠᠲᠤᠲᠠᠢ ᠭᠦᠢ᠍ᠴᠡᠳᠬᠡᠵᠦ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ᠂ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶᠡᠨ᠎ᠳᠠᠬᠢ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠲᠤᠬᠠᠢ᠌ᠯᠠᠭᠰᠠᠨ ᠠᠵᠢᠯ᠎ᠢ ᠵᠡᠷᠭᠡ᠎ᠪᠠᠷ ᠰᠤᠳᠤᠯᠬᠤ᠂ ᠵᠡᠷᠭᠡ᠎ᠪᠠᠷ ᠪᠠᠢ᠌ᠷᠢᠯᠠᠭᠤᠯᠬᠤ᠂ ᠵᠡᠷᠭᠡ᠎ᠪᠠᠷ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠳᠦᠷᠢᠮ ᠲᠣᠭᠲᠠᠭ᠋ᠠᠯ ᠲᠣᠭᠲᠠᠭ᠋ᠠᠬᠤ ᠵᠢ ᠴᠢᠩᠭ᠋ᠠᠳᠬᠠᠵᠤ᠂ ᠳᠦᠷᠢᠮ ᠲᠣᠭᠲᠠᠴᠠ ᠵᠢᠨ ᠬᠠᠨᠳᠤᠯᠭ᠋ᠠᠲᠤ ᠴᠢᠨᠠᠷ ᠪᠣᠯᠣᠨ ᠬᠢᠵᠠᠭ᠋ᠠᠷᠯᠠᠬᠤ ᠬᠦᠴᠦᠨ᠎ᠢ ᠳᠡᠭᠡᠭᠰᠢᠯᠡᠭᠦᠯᠵᠦ᠂ ᠡᠬᠢ ᠡᠭᠦᠰᠦᠯ᠎ᠠᠴᠠ᠎ᠨᠢ ᠠᠯᠳᠠᠭᠳᠠᠯ ᠭᠠᠷᠬᠤ ᠵᠢ ᠬᠣᠷᠢᠭᠯᠠᠵᠤ᠂ ᠠᠶᠤᠯ ᠲᠦᠭᠰᠢᠭᠦᠷᠢ ᠵᠢ ᠰᠡᠷᠭᠡᠢ᠌ᠯᠡᠬᠦ ᠬᠡᠷᠡᠭᠲᠡᠢ᠃ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠡᠭᠦᠷᠭᠡ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠺᠠᠳ᠋ᠷ᠎ᠤᠨ ᠡᠩᠨᠡᠭᠡᠨ᠎ᠤ ᠬᠠᠮᠢᠶᠠᠷᠤᠯᠲᠠ ᠬᠢᠨᠠᠯᠲᠠ ᠲᠠᠯᠪᠢᠯᠲᠠ ᠵᠢ ᠴᠢᠩᠭ᠋ᠠᠳᠬᠠᠵᠤ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠵᠢᠷᠦᠮᠵᠢᠯᠲᠡ ᠬᠠᠤᠯᠢᠵᠢᠯᠳᠠ ᠵᠢᠩᠬᠢᠨᠢᠴᠢᠯᠡᠯᠲᠡ ᠵᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠣᠯᠣᠨ ᠲᠥᠪ᠎ᠤᠨ ᠱᠦᠵᠢ ᠨᠠᠷ᠎ᠤᠨ ᠭᠠᠵᠠᠷ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠴᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠤᠳᠤᠷᠢᠳᠬᠤ ᠳᠦᠷᠢᠮ᠎ᠢ ᠬᠡᠷᠡᠭᠵᠢᠭᠦᠯᠬᠦ ᠲᠠᠯ᠎ᠠ᠎ᠪᠠᠷ ᠵᠢᠱ᠌ᠢᠶ᠎ᠡ ᠦᠵᠡᠭᠦᠯᠵᠦ ᠳᠠᠭᠤᠷᠢᠶᠠᠯ ᠪᠣᠯᠪᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ ᠵᠢ ᠦᠨᠡᠨ ᠬᠦ᠌ ᠥᠪᠥᠷ ᠮᠣᠩᠭᠣᠯ᠎ᠤᠨ ᠠᠵᠢᠯ᠎ᠢ ᠰᠠᠢ᠌ᠲᠤᠷ ᠬᠢᠬᠦ ᠡᠯ᠎ᠡ ᠲᠠᠯ᠎ᠠ ᠪᠦᠭᠦ ᠶᠠᠪᠤᠴᠠ᠎ᠳᠤ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠠᠯᠬᠤᠭ᠎ᠠ ᠨᠢᠭᠡᠲᠡᠢ ᠤᠷᠤᠭᠰᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠬᠤᠷᠠᠯ᠎ᠠᠴᠠ 2024 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠂ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠂ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠢ ᠨᠤᠲᠠᠯᠠᠵᠤ᠂ ᠡᠯ᠎ᠡ ᠨᠠᠮ᠎ᠤᠨ ᠤᠳᠤᠷᠢᠳᠬᠤ ᠳᠤᠭᠤᠢ᠌ᠯᠠᠩ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠢᠭᠡ ᠰᠡᠳᠬᠢᠯ ᠨᠢᠭᠡ ᠵᠣᠷᠢᠭ ᠵᠶ᠋ᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠥᠪᠥᠷ ᠮᠣᠩᠭᠣᠯ᠎ᠤᠨ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠲᠠᠯ᠎ᠠ᠎ᠪᠠᠷ ᠨᠠᠩ ᠶᠡᠬᠡ ᠦᠷ᠎ᠡ ᠪᠦᠲᠦᠮᠵᠢ ᠣᠯᠬᠤ ᠵᠢ ᠬᠠᠮᠲᠤ᠎ᠪᠠᠷ ᠴᠢᠷᠮᠠᠢ᠌ᠨ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠢ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠵᠢ ᠰᠦᠪᠡᠭᠴᠢᠯᠡᠬᠦ᠂ ᠥᠭᠡᠷᠡᠴᠢᠯᠡᠯᠲᠡ ᠵᠢ ᠠᠳᠬᠤᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠲᠤᠰ ᠰᠢᠰᠲ᠋ᠧᠮ ᠲᠤᠰ ᠬᠦᠷᠢᠶᠡᠨ᠎ᠳᠠᠬᠢ ᠥᠭᠡᠷᠡᠴᠢᠯᠡᠯᠲᠡ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠭᠦᠨᠵᠡᠭᠡᠢ ᠰᠤᠳᠤᠯᠤᠨ ᠠᠬᠢᠭᠤᠯᠬᠤ ᠬᠡᠷᠡᠭᠲᠡᠢ᠃ ᠲᠤᠰ ᠪᠡᠶ᠎ᠡ ᠵᠢᠨ ᠡᠩᠨᠡᠭᠡᠨ᠎ᠤ ᠪᠠᠢ᠌ᠭᠤᠯᠤᠯᠲᠠ᠎ᠪᠠᠨ ᠪᠦᠭᠦ ᠬᠦᠴᠦ᠎ᠪᠠᠷ ᠵᠶ᠋ᠡᠨ ᠰᠠᠢ᠌ᠲᠤᠷ ᠠᠳᠬᠤᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠂ ᠲᠥᠯᠥᠭᠡᠯᠡᠭᠴᠢ ᠭᠡᠰᠢᠭᠦᠨ᠎ᠢ ᠥᠭᠡᠷᠡᠴᠢᠯᠡᠯᠲᠡ ᠬᠥᠭᠵᠢᠯᠲᠡ᠎ᠳᠤ ᠦᠢ᠍ᠯᠡᠴᠢᠯᠡᠬᠦ᠂ ᠨᠡᠢ᠌ᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠰᠠᠢ᠌ᠵᠢᠷᠠᠭᠤᠯᠬᠤ ᠵᠢ ᠬᠥᠲᠥᠯᠥᠨ ᠳᠠᠭ᠋ᠠᠭᠤᠯᠬᠤ ᠲᠠᠯ᠎ᠠ᠎ᠪᠠᠷ ᠨᠡᠩ ᠶᠡᠬᠡ ᠦᠢ᠍ᠯᠡᠳᠦᠯ ᠦᠵᠡᠭᠦᠯᠭᠦ ᠪᠤᠯᠭ᠋ᠠᠬᠤ ᠬᠡᠷᠡᠭᠲᠡᠢ᠃ ᠤᠬᠠᠮᠰᠠᠷ᠎ᠠᠴᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠰ ᠲᠤᠰ᠎ᠤᠨ ᠬᠦᠷᠢᠶ᠎ᠡ ᠴᠠᠷᠠᠭ᠎ᠠ ᠵᠢᠨ ᠪᠣᠳᠠᠲᠠᠢ ᠠᠵᠢᠯ ᠪᠣᠯᠭ᠋ᠠᠨ ᠬᠤᠪᠢᠷᠠᠭᠤᠯᠵᠤ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠲᠠᠯ᠎ᠠ᠎ᠪᠠᠷ ᠬᠣᠰᠢᠭᠤᠴᠢ ᠪᠣᠯᠵᠤ᠂ ᠦᠯᠢᠭᠡᠷ ᠳᠠᠭᠤᠷᠢᠶᠠᠯ ᠪᠤᠯᠬᠤ ᠬᠡᠷᠡᠭᠲᠡᠢ᠃ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠤᠰ ᠰᠢᠰᠲᠸᠮ᠎ᠤᠨ ᠵᠶ᠋ᠡᠨ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠲᠥᠪᠡᠳ᠎ᠤᠨ ᠰᠢᠭ᠋ᠠᠽᠸ ᠬᠤᠳᠠ ᠵᠢᠨ ᠲᠢᠨᠭᠷᠢ ᠰᠢᠶᠠᠨ᠎ᠳᠤ 6.8 ᠲᠡᠰ᠎ᠤᠨ ᠭᠠᠵᠠᠷ ᠬᠥᠳᠡᠯᠦᠭᠰᠡᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠤᠯᠭ᠋ᠠᠵᠤ᠂ ᠴᠢᠩᠭ᠎ᠠ ᠪᠣᠳᠠᠲᠠᠢ ᠨᠠᠷᠢᠯᠢᠭ ᠣᠪᠣᠷ ᠪᠠ ᠠᠷᠭ᠎ᠠ ᠬᠡᠮᠵᠢᠶ᠎ᠡ᠎ᠪᠠᠷ ᠪᠦᠭᠦ ᠣᠷᠣᠨ᠎ᠤ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠭᠦ ᠬᠦᠴᠦᠨ ᠵᠶ᠋ᠡᠷ ᠵᠶ᠋ᠡᠨ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠪᠦᠭᠦ ᠤᠯᠤᠰ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢ᠍ᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠨᠠᠮ᠎ᠤᠨ ᠰᠢᠨ᠎ᠡ ᠡᠭᠦᠳᠦᠯᠲᠡ ᠵᠢᠨ ᠤᠨᠤᠯ ᠵᠶ᠋ᠠᠷ ᠵᠡᠪᠰᠡᠭᠯᠡᠬᠦ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠷᠭᠦᠯᠵᠢᠯᠡᠨ ᠬᠦᠴᠦᠯᠡᠨ ᠠᠬᠢᠭᠤᠯᠵᠤ᠂ ᠵᠥᠪ ᠲᠠᠯ᠎ᠠ ᠵᠢᠨ ᠶᠠᠷᠢᠶ᠎ᠠ ᠬᠡᠯᠡᠯᠴᠡᠭᠡᠨ᠎ᠤ ᠰᠦᠷ ᠬᠦᠴᠦᠨ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢᠨ ᠳᠡᠭᠡᠭᠰᠢᠯᠡᠭᠦᠯᠭᠦ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠰᠣᠶᠣᠯ᠎ᠤᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠭᠡᠯᠪᠡᠷᠢ ᠵᠢᠨ ᠠᠮᠤᠷ ᠲᠦᠪᠰᠢᠨ᠎ᠢ ᠪᠦᠭᠦ ᠬᠦᠴᠦᠨ ᠵᠶ᠋ᠡᠷ ᠵᠶ᠋ᠡᠨ ᠬᠠᠮᠠᠭ᠋ᠠᠯᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠪᠠᠢ᠌ᠭᠤᠯᠤᠯᠲᠠ ᠵᠢᠨ ᠪᠦᠭᠦ ᠤᠯᠤᠰ᠎ᠤᠨ ᠳᠡᠭᠡᠳᠦ ᠲᠦᠪᠰᠢᠨ ᠲᠡᠢ᠌ᠰᠢ ᠤᠷᠤᠭᠰᠢᠯᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃