ᠣᠢ᠌ᠷᠠᠳᠤ᠂ ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠲᠢᠩᠬᠢᠮ᠂ ᠡᠳ᠋ᠤᠨ ᠵᠠᠰᠠᠭᠤᠨ ᠲᠢᠩᠬᠢᠮ ᠬᠠᠮᠲᠤᠷᠠᠨ 《〈ᠰᠢᠨᠵᠢᠯᠡᠬᠦ ᠤᠬᠠᠭ᠋ᠠᠨ ᠮᠡᠷᠭᠡᠵᠢᠯᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠰᠠᠨᠠᠯ〉ᠢ ᠨᠠᠢ᠌ᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠨᠠᠷᠢᠨ ᠲᠦᠷᠢᠮ》 (ᠳᠣᠷᠣᠭᠰᠢ 《ᠬᠡᠷᠡᠭᠵᠢᠭᠦᠯᠬᠦ ᠨᠠᠷᠢᠨ ᠲᠦᠷᠢᠮ》 ᠭᠡᠵᠦ ᠲᠣᠪᠴᠢᠯᠠᠨ᠎ᠠ)ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶ᠎ᠠ᠂ ᠵᠠᠰᠠᠭᠤᠨ ᠣᠷᠳᠣᠨᠤ ᠳᠠᠷᠤᠮᠠᠯᠯᠠᠨ ᠲᠠᠷᠬᠠᠭ᠋ᠠᠭᠰᠠᠨ 《ᠰᠢᠨᠵᠢᠯᠡᠬᠦ ᠤᠬᠠᠭ᠋ᠠᠨ ᠮᠡᠷᠭᠡᠵᠢᠯᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠰᠠᠨᠠᠯ》ᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠡᠳ᠋ᠤᠨ ᠵᠠᠰᠠᠭᠤᠨ ᠰᠢᠨᠵᠢᠯᠡᠬᠦ ᠤᠬᠠᠭ᠋ᠠᠨ ᠮᠡᠷᠭᠡᠵᠢᠯᠤᠨ ᠪᠠᠯᠠ ᠮᠥᠩᠭᠥ ᠵᠢᠨ ᠱᠠᠩᠨᠠᠯ ᠨᠥᠬᠥᠪᠥᠷᠢ ᠵᠢᠨ ᠳᠡᠮᠵᠢᠯᠭᠡᠪᠠᠷ ᠳᠠᠮᠵᠢᠭᠤᠯᠤᠨ᠂ ᠡᠯ᠎ᠡ ᠲᠥᠷᠥᠯᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠰᠢᠨ᠎ᠡ ᠵᠢ ᠡᠭᠦᠳᠬᠦ ᠴᠢᠳᠠᠪᠤᠷᠢᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢ ᠠᠬᠢᠭᠤᠯᠵᠤ᠂ ᠰᠢᠨ᠎ᠡ ᠵᠢ ᠡᠭᠦᠳᠬᠦ ᠠᠮᠢᠵᠢᠷᠠᠯᠤᠨ ᠬᠦᠴᠦᠨᠢ ᠬᠥᠭᠵᠢᠭᠡᠨ᠂ ᠡᠳ᠋ᠤᠨ ᠵᠠᠰᠠᠭᠤᠨ ᠪᠠᠯᠠ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭᠢ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠬᠡᠯᠬᠢᠶ᠎ᠡ ᠪᠠᠯᠠ ᠮᠥᠩᠭᠥᠨᠤ ᠬᠡᠯᠬᠢᠶ᠎ᠡ ᠴᠢᠳᠠᠪᠤᠷᠢᠲᠠᠨᠤ ᠬᠡᠯᠬᠢᠶ᠎ᠡ ᠲᠥᠷᠥ ᠵᠢᠨ ᠪᠣᠳᠣᠯᠭ᠎ᠠ ᠵᠢᠨ ᠬᠡᠯᠬᠢᠶ᠎ᠡ ᠵᠢᠨ ᠭᠦᠨᠵᠡᠭᠡᠶ ᠠᠭᠤᠰᠤᠯᠴᠠᠯᠢ ᠠᠬᠢᠭᠤᠯᠤᠨ᠎ᠠ᠃ ᠃
ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶ᠎ᠠ᠂ ᠵᠠᠰᠠᠭᠤᠨ ᠣᠷᠳᠣᠨᠤ ᠠᠵᠢᠯᠤᠨ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ 《ᠰᠢᠨᠵᠢᠯᠡᠬᠦ ᠤᠬᠠᠭ᠋ᠠᠨ ᠮᠡᠷᠭᠡᠵᠢᠯᠤᠨ ᠰᠢᠨ᠎ᠡ ᠵᠢ ᠡᠭᠦᠳᠬᠦ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠬᠦ ᠲᠤᠬᠠᠶ ᠰᠠᠨᠠᠯ》ᠵᠢᠴᠢ ᠬᠠᠮᠢᠶ᠎ᠠ ᠪᠥᠬᠥᠶ ᠢᠵᠢ ᠪᠥᠷᠢᠳᠦᠭᠰᠡᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠵᠦ᠂ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》᠂ 《1 + 7》 ᠲᠥᠷᠥ ᠵᠢᠨ ᠪᠣᠳᠣᠯᠭ᠎ᠠ ᠵᠢᠨ ᠰᠢᠰᠲ᠋ᠧᠮᠢ ᠪᠠᠢ᠌ᠭᠤᠯᠪᠠ ᠃ 《ᠬᠡᠷᠡᠭᠵᠢᠭᠦᠯᠬᠦ ᠨᠠᠷᠢᠨ ᠲᠦᠷᠢᠮ》 ᠪᠣᠯ ᠲᠡᠭᠦᠨᠤ ᠳᠣᠲᠣᠷᠠᠬᠢ ᠲᠤᠰᠢᠶᠠᠯ ᠬᠠᠷᠢᠭᠤᠴᠠᠯᠭ᠎ᠠ ᠵᠢᠨ ᠠᠵᠢᠯᠤᠨ ᠬᠤᠪᠢᠶᠠᠷᠢᠯᠠᠯ᠂ ᠪᠣᠳᠠᠲᠠᠶ ᠳᠡᠮᠵᠢᠬᠦ ᠵᠦᠢᠯᠡᠰ᠂ ᠬᠢᠨᠠᠯᠲᠠ ᠬᠠᠮᠢᠶᠠᠷᠤᠯᠲᠠ ᠵᠡᠷᠭᠡ 3 ᠬᠡᠰᠡᠭᠤᠨ 27 ᠵᠤᠷᠪᠤᠰ ᠪᠣᠳᠠᠲᠠᠶ ᠠᠷᠭ᠎ᠠ ᠬᠡᠮᠵᠢᠶ᠎ᠡ ᠪᠠᠭᠲᠠᠨ᠎ᠠ᠃
《ᠬᠡᠷᠡᠭᠵᠢᠭᠦᠯᠬᠦ ᠨᠠᠷᠢᠨ ᠲᠦᠷᠢᠮ》ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠲᠢᠩᠬᠢᠮ᠂ ᠡᠳ᠋ᠤᠨ ᠵᠠᠰᠠᠭᠤᠨ ᠲᠢᠩᠬᠢᠮ᠂ ᠰᠢᠰᠲ᠋ᠧᠮᠵᠢᠭᠦᠯᠦᠨ ᠬᠠᠮᠢᠶᠠᠷᠬᠤ ᠨᠢᠭᠡᠴᠡ ᠵᠢᠴᠢ ᠳᠠᠭ᠋ᠠᠭ᠋ᠠᠨ ᠡᠭᠦᠷᠭᠡᠯᠡᠭᠰᠡᠨ ᠨᠢᠭᠡᠴᠡ ᠵᠢᠨ ᠪᠣᠳᠠᠲᠠᠶ ᠠᠵᠢᠯᠤᠨ ᠠᠭᠤᠯᠭ᠎ᠠ ᠪᠠ ᠬᠠᠷᠢᠭᠤᠴᠠᠯᠭ᠎ᠠ ᠡᠭᠦᠷᠭᠡ ᠵᠢ ᠲᠣᠳᠣᠷᠬᠠᠢ᠌ᠯᠠᠭᠰᠠᠨᠤ ᠬᠠᠮᠲᠤ᠂ 《ᠰᠠᠨᠠᠯ》ᠤᠨ ᠪᠡᠶᠡᠯᠡᠭᠦᠯᠬᠦ ᠴᠢᠬᠤᠯᠠᠲᠠᠶ ᠲᠥᠷᠥ ᠵᠢᠨ ᠪᠣᠳᠣᠯᠭ᠎ᠠ ᠵᠢᠨ ᠨᠠᠷᠢᠨ ᠬᠠᠭᠤᠳᠠᠰᠤ ᠵᠢᠨ ᠶᠣᠰᠣᠭ᠋ᠠᠷ᠂ ᠠᠵᠤ ᠠᠬᠤᠢ᠌ᠯᠠᠯᠤᠨ ᠰᠤᠳᠤᠯᠤᠨ ᠨᠡᠭᠡᠭᠡᠬᠦ ᠣᠷᠣᠭᠤᠯᠤᠯᠲᠠ ᠬᠢᠭᠰᠡᠨᠤ ᠳᠠᠷᠠᠭ᠋ᠠᠬᠢ ᠨᠥᠬᠥᠪᠥᠷᠢ᠂ ᠳᠡᠭᠡᠳᠦ ᠰᠢᠨ᠎ᠡ ᠮᠡᠷᠭᠡᠵᠢᠯᠤᠨ ᠠᠵᠤ ᠠᠬᠤᠢ᠌ᠯᠠᠯᠤᠨ ᠱᠠᠩᠨᠠᠯ ᠨᠥᠬᠥᠪᠥᠷᠢ᠂ ᠮᠡᠷᠭᠡᠵᠢᠯᠢ ᠰᠢᠯᠵᠢᠭᠦᠯᠦᠨ ᠤᠯᠠᠷᠢᠭᠤᠯᠬᠤ ᠵᠢ ᠳᠡᠮᠵᠢᠬᠦ᠂ ᠰᠢᠨᠵᠢᠯᠡᠬᠦ ᠤᠬᠠᠭ᠋ᠠᠨ ᠮᠡᠷᠭᠡᠵᠢᠯᠢ ᠲᠦᠭᠡᠮᠡᠯᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ ᠪᠥᠲᠥᠭᠡᠨ ᠪᠠᠢ᠌ᠭᠤᠯᠬᠤ ᠵᠡᠷᠭᠡ 20 ᠵᠦᠢᠯᠤᠨ ᠳᠡᠮᠵᠢᠯᠭᠡ ᠵᠢᠨ ᠵᠦᠢᠯᠡᠰᠢ ᠳᠤᠷᠠᠳᠪᠠ ᠃ 《ᠬᠡᠷᠡᠭᠵᠢᠭᠦᠯᠬᠦ ᠨᠠᠷᠢᠨ ᠲᠦᠷᠢᠮ》ᠳᠤ ᠪᠠᠰᠠ ᠬᠣᠯᠪᠣᠭᠳᠠᠬᠤ ᠳᠡᠮᠵᠢᠯᠭᠡ ᠵᠢᠨ ᠪᠠᠯᠠ ᠮᠥᠩᠭᠥᠳᠤ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠴᠢᠩᠭ᠋ᠠᠳᠬᠠᠬᠤ ᠪᠠ ᠬᠢᠨᠠᠯᠲᠠ ᠦᠨᠡᠯᠡᠯᠲᠡ ᠵᠢ ᠴᠢᠩᠭ᠋ᠠᠳᠬᠠᠬᠤ ᠵᠡᠷᠭᠡ ᠪᠣᠳᠠᠲᠠᠶ ᠱᠠᠭ᠋ᠠᠷᠳᠠᠯᠭ᠎ᠠ ᠳᠤᠷᠠᠳᠴᠠᠶ ᠃
ᠳᠠᠷᠠᠭ᠎ᠠ ᠠᠯᠬᠤᠮᠳᠤ᠂ ᠥᠪᠡᠷᠲᠡᠭᠡᠨ ᠵᠠᠰᠠᠬᠤ ᠣᠷᠣᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯᠤᠨ ᠲᠢᠩᠬᠢᠮᠨᠢ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯᠤᠨ ᠵᠥᠪᠯᠡᠯᠤᠨ ᠠᠯᠪᠠᠨ ᠬᠡᠷᠤᠨ ᠡᠭᠦᠷᠭᠡ ᠴᠢᠳᠠᠪᠤᠷᠢ ᠵᠢᠨ ᠦᠢᠯᠡᠳᠦᠯᠢ ᠦᠷᠭᠦᠯᠵᠢᠯᠡᠨ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠠᠵᠢᠯᠤᠨ ᠵᠢᠯᠣᠭᠣᠳᠤᠯᠭᠠᠪᠠᠨ ᠴᠢᠩᠭ᠋ᠠᠳᠬᠠᠵᠤ᠂ 《ᠰᠠᠨᠠᠯ》 ᠵᠢᠴᠢ 《ᠬᠡᠷᠡᠭᠵᠢᠭᠦᠯᠬᠦ ᠨᠠᠷᠢᠨ ᠳᠦᠷᠢᠮ》 ᠵᠡᠷᠭᠡ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢ ᠬᠣᠢ᠌ᠨ᠎ᠠ ᠬᠣᠢ᠌ᠨᠠᠠᠴᠠᠪᠠᠨ ᠨᠡᠢ᠌ᠲᠡᠯᠡᠨ ᠬᠡᠷᠡᠭᠵᠢᠭᠦᠯᠬᠦᠪᠠᠷ ᠠᠵᠠ ᠲᠣᠬᠢᠶᠠᠯ ᠪᠣᠯᠭ᠋ᠠᠨ᠂ ᠲᠤᠢ᠍ᠷᠦ ᠵᠢᠨ ᠪᠤᠳᠦᠯᠭ᠎ᠠ᠂ ᠪᠡᠯᠡ ᠮᠥᠩᠭᠥ᠂ ᠰᠡᠳᠦᠪ᠂ ᠲᠠᠪᠴᠠᠩ᠂ ᠴᠢᠳᠠᠪᠤᠷᠢᠲᠠᠨ ᠵᠡᠷᠭᠡ ᠵᠠᠩᠭᠢᠯᠠᠭ᠎ᠠ ᠵᠢᠨ ᠡᠬᠢ ᠪᠠᠶᠠᠯᠢᠭᠢ ᠨᠢᠭᠡᠳᠬᠡᠨ᠂ ᠡᠬᠢ ᠪᠠᠶᠠᠯᠢᠭᠢ ᠬᠠᠮᠲᠤᠪᠠᠷ ᠡᠳ᠋ᠯᠡᠬᠦ ᠵᠢ ᠪᠡᠶᠡᠯᠡᠭᠦᠯᠵᠦ᠂ ᠲᠦᠷᠦ ᠵᠢᠨ ᠪᠤᠳᠤᠯᠭ᠎ᠠ ᠵᠢᠨ ᠡᠪᠦᠴᠡᠯᠳᠦᠯ᠂ ᠭᠦᠢ᠍ᠴᠡᠳᠬᠡᠬᠦ ᠬᠠᠮᠵᠢᠯᠴᠠᠭ᠎ᠠ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯᠤᠨ ᠰᠢᠨ᠎ᠡ ᠵᠢ ᠡᠭᠦᠳᠬᠦ ᠵᠢ ᠨᠢᠭᠡ ᠴᠣᠭᠴᠠᠵᠢᠭᠤᠯᠤᠨ ᠠᠬᠢᠭᠤᠯᠤᠨ᠎ᠠ᠂ ᠰᠤᠷᠭ᠋ᠠᠨ ᠬᠥᠮᠦᠵᠢᠯᠤᠨ ᠬᠥᠭᠵᠢᠯᠲᠡ᠂ ᠴᠢᠳᠠᠪᠤᠷᠢᠲᠠᠨᠢ ᠬᠥᠮᠦᠵᠢᠭᠦᠯᠬᠦ᠂ 《1 + 7》 ᠲᠥᠷᠥ ᠵᠢᠨ ᠪᠣᠳᠣᠯᠭ᠎ᠠ ᠵᠢᠨ ᠰᠢᠰᠲ᠋ᠧᠮᠤᠨ ᠡᠯ᠎ᠡ ᠵᠦᠢᠯᠤᠨ ᠡᠭᠦᠷᠭᠡ ᠵᠢ ᠨᠠᠷᠢᠯᠢᠭ ᠪᠣᠳᠠᠲᠠᠶ ᠨᠠᠢ᠌ᠳᠠᠪᠤᠷᠢᠵᠢᠭᠤᠯᠬᠤ ᠵᠢ ᠪᠠᠲᠤᠯᠠᠨ᠂ ᠰᠢᠨᠵᠢᠯᠡᠬᠦ ᠤᠬᠠᠭ᠋ᠠᠨ ᠮᠡᠷᠭᠡᠵᠢᠯᠤᠨ ᠰᠢᠨ᠎ᠡ ᠵᠢ ᠡᠭᠦᠳᠬᠦ ᠠᠮᠢᠵᠢᠷᠠᠯᠤᠨ ᠬᠦᠴᠦᠨᠢ ᠤᠯᠠᠮ ᠨᠢᠭᠡ ᠠᠯᠬᠤᠮ ᠬᠦᠭᠵᠢᠭᠡᠵᠦ᠂ ᠰᠢᠨᠵᠢᠯᠡᠬᠦ ᠤᠬᠠᠭ᠋ᠠᠨ ᠮᠡᠷᠭᠡᠵᠢᠯᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠎ᠡ᠂ ᠬᠣᠶᠠᠷ ᠶᠡᠬᠡ ᠶᠠᠪᠤᠳᠠᠯᠢ ᠰᠠᠢ᠌ᠲᠤᠷ ᠬᠢᠬᠦ ᠵᠢᠨ ᠲᠥᠯᠥᠭᠡ᠂ ᠰᠢᠨ᠎ᠡ ᠵᠠᠮᠢ ᠨᠡᠭᠡᠭᠡᠨ ᠳᠤᠮᠳᠠ ᠲᠦᠪᠰᠢᠨᠳᠤ ᠣᠷᠣᠵᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ᠂ ᠪᠠᠲᠤ ᠪᠡᠬᠢ ᠲᠤᠯᠭ᠋ᠠᠭᠤᠷᠢᠯᠠᠯ ᠬᠠᠩᠭ᠋ᠠᠨ᠎ᠠ᠃