1 . ᠶᠠᠭᠤ ᠵᠢ ᠲᠠᠸᠠᠷ᠎ᠤᠨ ᠲᠡᠮᠳᠡᠭ᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠂ ᠬᠠᠮᠲᠤ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ ᠭᠡᠬᠦ ᠪᠤᠢ?
ᠲᠠᠸᠠᠷ᠎ᠤᠨ ᠲᠡᠮᠳᠡᠭ ᠪᠣᠯ ᠲᠠᠸᠠᠷ ᠪᠤᠶᠤ ᠠᠳᠠᠯᠢ ᠪᠤᠰᠤ ᠢᠷᠡᠯᠲᠡ᠎ᠳᠤ ᠦᠢ᠍ᠯᠡᠴᠢᠯᠡᠬᠦ ᠦᠵᠡᠵᠦ ᠪᠣᠯᠬᠤᠶ᠋ᠢᠴᠠ ᠲᠡᠮᠳᠡᠭ᠂ ᠡᠭᠦᠨ᠎ᠳᠤ ᠦᠰᠦᠭ ᠪᠢᠴᠢᠭ᠂ ᠵᠢᠷᠤᠭ ᠳᠦᠷᠰᠦ᠂ ᠴᠠᠭ᠋ᠠᠨ ᠲᠣᠯᠤᠭ᠋ᠠᠢ᠂ ᠲᠣᠭ᠎ᠠ᠂ ᠭᠤᠷᠪᠠᠨ ᠬᠡᠮᠵᠢᠯᠳᠦ ᠲᠡᠮᠳᠡᠭ ᠪᠠ ᠥᠩᠭᠡ ᠪᠤᠳᠦᠬᠤᠨ ᠨᠠᠢ᠍ᠯᠠᠯ ᠵᠢᠴᠢ ᠳᠡᠭᠡᠷ᠎ᠡ ᠳᠤᠷᠠᠳᠤᠭᠰᠠᠨ ᠡᠯᠧᠮᠧᠨ᠋ᠲᠤᠳᠤᠨ ᠨᠠᠢ᠍ᠯᠠᠯ᠃
ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠭᠡᠳᠡᠭ᠎ᠨᠢ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠲᠠᠸᠠᠷ᠎ᠤᠨ ᠲᠡᠮᠳᠡᠭ᠎ᠤᠨ ᠲᠣᠪᠴᠢᠶᠠᠨ᠎ᠠᠴᠠ ᠬᠢᠨᠠᠨ ᠵᠥᠪᠰᠢᠶᠡᠷᠡᠭᠡᠳ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠵᠢᠭ᠋ᠠᠳᠠᠭ᠃ ᠡᠭᠦᠨ᠎ᠳᠤ ᠲᠠᠸᠠᠷ᠎ᠤᠨ ᠲᠡᠮᠳᠡᠭ᠂ ᠦᠢ᠍ᠯᠡᠴᠢᠯᠡᠭᠡᠨ᠎ᠤ ᠲᠠᠸᠠᠷ᠎ᠤᠨ ᠲᠡᠮᠳᠡᠭ ᠪᠠ ᠬᠠᠮᠲᠤ ᠨᠡᠢ᠌ᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ ᠪᠠᠭᠲᠠᠨ᠎ᠠ᠃
ᠬᠠᠮᠲᠤ ᠵᠢᠨ ᠲᠠᠸᠠᠷ᠎ᠤᠨ ᠲᠡᠮᠳᠡᠭ ᠭᠡᠳᠡᠭ᠎ᠨᠢ ᠪᠦᠯᠬᠦᠮ ᠨᠢᠭᠡᠴᠢ᠂ ᠨᠡᠶ᠋ᠢᠭᠡᠮᠯᠢᠭ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠡᠷ᠎ᠡ᠎ᠪᠠᠷ ᠳᠠᠩᠰᠠᠯᠠᠭᠤᠯᠤᠨ ᠲᠤᠰ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ᠎ᠤ ᠬᠤᠳᠠᠯᠳᠤᠭ᠋ᠠᠨ᠎ᠤ ᠶᠠᠪᠤᠳᠠᠯ᠎ᠤᠨ ᠤᠢ᠍ᠢ᠍ᠯᠠ ᠠᠵᠢᠯᠯᠠᠭ᠋ᠠᠨ᠎ᠳᠤ ᠬᠡᠷᠡᠭᠯᠡᠵᠤ ᠬᠡᠷᠡᠭᠯᠡᠭᠴᠢ ᠵᠢᠨ ᠲᠤᠰ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠪᠣᠯᠬᠤ ᠬᠢᠷᠢ ᠬᠡᠮ᠎ᠢ ᠲᠣᠳᠣᠷᠬᠠᠶ᠋ᠢᠯᠠᠬᠤ ᠲᠡᠮᠳᠡᠭ᠎ᠢ ᠵᠢᠭ᠋ᠠᠳᠠᠭ᠃ ᠭᠡᠷᠡᠴᠢᠯᠡᠬᠦ ᠲᠠᠸᠠᠷ᠎ᠤᠨ ᠲᠡᠮᠳᠡᠭ ᠭᠡᠳᠡᠭ᠎ᠨᠢ ᠶᠠᠮᠠᠷ ᠨᠢᠭᠡᠨ ᠵᠦᠢ᠍ᠯ᠎ᠤᠨ ᠲᠠᠸᠠᠷ ᠪᠤᠶᠤ ᠦᠢ᠍ᠯᠡᠴᠢᠯᠡᠭᠡᠨ᠎ᠳᠤ ᠬᠶ᠋ᠢᠨ ᠠᠯᠲᠠ ᠲᠠᠯᠪᠢᠬᠤ ᠴᠢᠳᠠᠪᠤᠷᠢ ᠪᠦᠬᠦᠢ ᠵᠣᠬᠢᠶᠠᠨ ᠪᠠᠶ᠋ᠢᠭᠤᠯᠤᠯᠲᠠ᠎ᠳᠤ ᠡᠵᠡᠮᠰᠢᠭᠳᠡᠵᠦ᠂ ᠲᠤᠰ ᠵᠣᠬᠢᠶᠠᠨ ᠪᠠᠶ᠋ᠢᠭᠤᠯᠤᠯᠲᠠ᠎ᠠᠴᠠ ᠭᠠᠳᠠᠨᠠᠬᠢ ᠨᠢᠭᠡᠴᠢ ᠪᠤᠶᠤ ᠬᠤᠪᠢ ᠬᠥᠮᠦᠨ ᠲᠤᠰ ᠲᠠᠸᠠᠷ ᠪᠤᠶᠤ ᠦᠢ᠍ᠯᠡᠴᠢᠯᠡᠭᠡᠨ᠎ᠳᠤ ᠬᠡᠷᠡᠭᠯᠡᠵᠤ ᠲᠤᠰ ᠲᠠᠸᠠᠷ ᠪᠤᠶᠤ ᠦᠢ᠍ᠯᠡᠴᠢᠯᠡᠭᠡᠨ᠎ᠤ ᠤᠤᠯ᠎ᠤᠨ ᠦᠢ᠍ᠯᠡᠳᠪᠦᠷᠢᠯᠡᠭᠰᠡᠨ ᠭᠠᠵᠠᠷ᠂ ᠲᠦᠭᠦᠬᠡᠶ ᠡᠳ᠋᠂ ᠦᠢ᠍ᠯᠡᠳᠬᠦ ᠠᠷᠭ᠎ᠠ ᠬᠡᠮᠵᠢᠶ᠎ᠡ᠂ ᠶᠠᠰᠤ ᠴᠢᠨᠠᠷ ᠪᠤᠶᠤ ᠪᠤᠰᠤᠳ ᠣᠨᠴᠠ ᠲᠣᠭᠲᠠᠭ᠋ᠠᠭᠰᠠᠨ ᠶᠠᠰᠤ ᠴᠢᠨᠠᠷ᠎ᠢ ᠭᠡᠷᠡᠴᠢᠯᠡᠬᠦ᠎ᠳᠤ ᠬᠡᠷᠡᠭᠯᠡᠬᠦ ᠲᠡᠮᠳᠡᠭ᠎ᠢ ᠵᠢᠭ᠋ᠠᠵᠤ ᠪᠠᠢ᠍ᠳᠠᠭ᠃
2 . ᠲᠠᠸᠠᠷ᠎ᠤᠨ ᠲᠡᠮᠳᠡᠭ᠎ᠢ ᠳᠠᠩᠰᠠᠯᠠᠬᠤ ᠪᠠ ᠬᠠᠮᠢᠶᠠᠷᠬᠤ ᠠᠵᠢᠯ᠎ᠤᠨ ᠰᠠᠯᠠᠭ᠎ᠠ ᠮᠥᠴᠢᠷ᠎ᠲᠤ ᠶᠠᠭᠤ ᠶᠠᠭᠤ ᠪᠠᠶ᠋ᠢᠳᠠᠭ ᠪᠤᠢ?
(ᠨᠢᠭᠡ) ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠲᠠᠸᠠᠷ᠎ᠤᠨ ᠲᠡᠮᠳᠡᠭ᠎ᠤᠨ ᠲᠣᠪᠴᠢᠶ᠎ᠠ᠃ ᠪᠦᠬᠦ ᠤᠯᠤᠰ᠎ᠤᠨ ᠲᠠᠸᠠᠷ᠎ᠤᠨ ᠲᠡᠮᠳᠡᠭ᠎ᠢ ᠳᠠᠩᠰᠠᠯᠠᠬᠤ ᠪᠠ ᠬᠠᠮᠢᠶᠠᠷᠬᠤ ᠠᠵᠢᠯ᠎ᠢ ᠭᠣᠣᠯ ᠬᠠᠷᠢᠭᠤᠴᠠᠨ᠎ᠠ᠂ ᠲᠡᠭᠦᠨ᠎ᠳᠤ ᠪᠠᠭᠲᠠᠬᠤ᠎ᠨᠢ᠄
(1) ᠲᠠᠸᠠᠷ᠎ᠤᠨ ᠲᠡᠮᠳᠡᠭ᠂ ᠦᠢ᠍ᠯᠡᠴᠢᠯᠡᠭᠡᠨ᠎ᠤ ᠲᠠᠸᠠᠷ᠎ᠤᠨ ᠲᠡᠮᠳᠡᠭ᠂ ᠬᠠᠮᠲᠤ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ ᠵᠡᠷᠭᠡ ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠠᠵᠢᠯ᠎ᠢ ᠬᠠᠷᠢᠭᠤᠴᠠᠨ᠎ᠠ᠃
(2) ᠲᠠᠸᠠᠷ᠎ᠤᠨ ᠲᠡᠮᠳᠡᠭ᠎ᠤᠨ ᠲᠤᠬᠠᠶ ᠣᠨᠳᠣᠣ ᠰᠠᠨᠠᠯ᠎ᠢ ᠲᠠᠰᠤᠯᠤᠨ ᠲᠣᠭᠲᠠᠭ᠋ᠠᠬᠤ ᠵᠢᠴᠢ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠤᠪᠢᠷᠠᠭᠤᠯᠬᠤ᠂ ᠰᠢᠯᠵᠢᠭᠦᠯᠦᠨ ᠥᠭᠬᠦ᠂ ᠦᠷᠭᠦᠯᠵᠢᠯᠡᠨ ᠳᠡᠯᠭᠡᠨ ᠦᠵᠡᠭᠦᠯᠬᠦ᠂ ᠭᠡᠷᠡᠴᠢ ᠭᠠᠷᠭ᠋ᠠᠨ ᠨᠦᠬᠦᠪᠦᠷᠢᠯᠡᠬᠦ᠂ ᠬᠦᠴᠦᠨ ᠦᠬᠡᠢ ᠪᠣᠯᠭ᠋ᠠᠬᠤ ᠵᠡᠷᠭᠡ ᠬᠣᠯᠪᠣᠭᠳᠠᠯ ᠪᠦᠬᠦᠢ ᠬᠡᠷᠡᠭ ᠶᠠᠪᠤᠳᠠᠯ᠎ᠢ ᠡᠷᠬᠢᠯᠡᠨ ᠭᠦᠢ᠍ᠴᠡᠳᠭᠡᠨ᠎ᠡ᠃
(3) ᠡᠯ᠎ᠡ ᠭᠠᠵᠠᠷ᠎ᠤᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠭ᠎ᠠ ᠵᠢ ᠵᠢᠯᠤᠭᠤᠳᠴᠤ᠂ ᠵᠣᠬᠢᠴᠠᠭᠤᠯᠤᠨ ᠵᠣᠬᠢᠶᠠᠨ ᠪᠠᠢ᠍ᠭᠤᠯᠵᠤ᠂ ᠲᠠᠸᠠᠷ᠎ᠤᠨ ᠲᠡᠮᠳᠡᠭ᠎ᠤᠨ ᠡᠷᠬᠡ᠎ᠳᠤ ᠬᠠᠯᠳᠠᠵᠤ ᠬᠠᠭᠤᠷᠮᠠᠭᠯᠠᠭᠰᠠᠨ ᠭᠡᠷᠡᠭ᠎ᠢ ᠪᠠᠢ᠍ᠴᠠᠭ᠋ᠠᠨ ᠰᠢᠢ᠍ᠳᠪᠦᠷᠢᠯᠡᠨ᠎ᠡ᠃
(4) ᠨᠡᠷᠡᠳᠤ ᠲᠠᠸᠠᠷ᠎ᠤᠨ ᠲᠡᠮᠳᠡᠭ᠎ᠢ ᠬᠠᠤᠯᠢ ᠶᠣᠰᠣᠭ᠋ᠠᠷ ᠮᠠᠭ᠋ᠠᠳᠯᠠᠨ ᠲᠣᠭᠲᠠᠭ᠋ᠠᠬᠤ ᠪᠠ ᠬᠠᠮᠠᠭ᠋ᠠᠯᠠᠬᠤ ᠵᠡᠷᠭᠡ᠃
(ᠬᠣᠶᠠᠷ) ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠂ ᠡᠨᠡ ᠪᠣᠯ ᠲᠠᠸᠠᠷ᠎ᠤᠨ ᠲᠡᠮᠳᠡᠭ᠎ᠤᠨ ᠲᠣᠪᠴᠢᠶ᠎ᠠ᠎ᠲᠠᠢ ᠵᠡᠷᠭᠡᠴᠡᠬᠦ ᠪᠡᠶ᠎ᠡ᠎ᠪᠠᠨ ᠳᠠᠭ᠋ᠠᠭ᠋ᠠᠭᠰᠠᠨ ᠪᠠᠶ᠋ᠢᠭᠤᠯᠤᠮᠵᠢ ᠮᠥᠨ᠂ ᠲᠠᠸᠠᠷ᠎ᠤᠨ ᠲᠡᠮᠳᠡᠭ᠎ᠤᠨ ᠲᠤᠬᠠᠶ ᠮᠠᠷᠭᠤᠯᠳᠤᠭ᠋ᠠᠨ ᠵᠡᠷᠭᠡ ᠶᠠᠪᠤᠳᠠᠯ᠎ᠢ ᠬᠠᠷᠢᠭᠤᠴᠠᠨ ᠰᠢᠢ᠍ᠳᠪᠤᠷᠢᠯᠡᠨ᠎ᠡ᠂ ᠲᠡᠭᠦᠨ᠎ᠳᠤ ᠪᠠᠭᠲᠠᠬᠤ᠎ᠨᠢ᠄
(1) ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠭᠤᠶᠤᠴᠢᠯᠠᠯ᠎ᠢ᠎ᠨᠢ ᠪᠤᠴᠠᠭ᠋ᠠᠬᠤ ᠵᠢ ᠦᠯᠦ ᠵᠥᠪᠰᠢᠶᠡᠷᠡᠭᠰᠡᠨ᠂ ᠠᠩᠬ᠎ᠠ ᠠᠯᠬᠤᠮ ᠬᠢᠨᠠᠨ ᠲᠣᠭᠲᠠᠭ᠋ᠠᠭ᠋ᠠᠳ ᠠᠯᠪᠠᠨ ᠵᠡᠷ ᠵᠶ᠋ᠠᠷ ᠨᠡᠶ᠋ᠢᠲᠡᠯᠡᠭᠰᠡᠨ ᠲᠠᠸᠠᠷ᠎ᠤᠨ ᠲᠡᠮᠳᠡᠭ᠎ᠢ ᠲᠡᠬᠢᠠ ᠬᠢᠨᠠᠭᠤᠯᠬᠤ ᠭᠤᠶᠤᠴᠢᠯᠠᠯ᠎ᠳᠤ ᠲᠣᠭᠲᠠᠭ᠋ᠠᠯ ᠭᠠᠷᠭ᠋ᠠᠬᠤ᠃
(2) ᠲᠠᠸᠠᠷ᠎ᠤᠨ ᠲᠡᠮᠳᠡᠭ᠎ᠤᠨ ᠲᠣᠪᠴᠢᠶ᠎ᠠ ᠵᠢᠨ ᠣᠨᠳᠣᠣ ᠰᠠᠨᠠᠯ᠎ᠤᠨ ᠲᠣᠬᠠᠢ ᠲᠠᠰᠤᠯᠤᠯᠲᠠ ᠵᠢ ᠦᠯᠦ ᠵᠥᠪᠰᠢᠶᠡᠷᠡᠭᠦ ᠭᠤᠶᠤᠴᠢᠯᠠᠯ᠎ᠳᠤ ᠬᠢᠨᠠᠨ ᠲᠡᠰᠦᠯᠦᠯᠳᠠ ᠭᠠᠷᠭ᠋ᠠᠬᠤ᠃
(3) ᠲᠠᠸᠠᠷ᠎ᠤᠨ ᠲᠡᠮᠳᠡᠭ᠎ᠤᠨ ᠲᠣᠪᠴᠢᠶ᠎ᠠ ᠵᠢᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠡᠪ ᠵᠶ᠋ᠠᠷ ᠪᠠᠢ᠍ᠯᠭ᠋ᠠᠬᠤ ᠪᠠ ᠬᠦᠴᠦᠨ ᠦᠭᠡᠢ ᠪᠣᠯᠭ᠋ᠠᠬᠤ ᠲᠣᠭᠲᠠᠭ᠋ᠠᠯ᠎ᠢ ᠦᠯᠦ ᠵᠥᠪᠰᠢᠶᠡᠷᠡᠭᠰᠡᠨ ᠭᠤᠶᠤᠴᠢᠯᠠᠯ᠎ᠳᠤ ᠬᠢᠨᠠᠨ ᠲᠡᠰᠦᠯᠦᠯᠳᠠ ᠭᠠᠷᠭ᠋ᠠᠬᠤ᠃
(4) ᠪᠤᠰᠤᠳ ᠨᠢᠭᠡᠴᠢ ᠪᠠ ᠬᠤᠪᠢ ᠬᠥᠮᠦᠨ᠎ᠤ ᠵᠤᠬᠢᠰ ᠦᠭᠡᠢ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯ᠎ᠳᠤ ᠭᠠᠷᠭ᠋ᠠᠭᠰᠠᠨ ᠭᠤᠶᠤᠴᠢᠯᠠᠯ᠎ᠳᠤ ᠲᠠᠰᠤᠯᠤᠨ ᠲᠣᠭᠲᠠᠭ᠋ᠠᠯᠲᠠ ᠭᠠᠷᠭ᠋ᠠᠬᠤ᠃ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠤ ᠮᠠᠷᠭᠤᠭ᠋ᠠᠨ᠎ᠲᠠᠢ ᠭᠤᠶᠤᠴᠢᠯᠠᠯ᠎ᠳᠤ ᠲᠠᠰᠤᠯᠤᠨ ᠲᠣᠭᠲᠠᠭ᠋ᠠᠯᠲᠠ ᠭᠠᠷᠭ᠋ᠠᠬᠤ ᠵᠡᠷᠭᠡ᠃
(ᠭᠤᠷᠪᠠ) ᠣᠷᠣᠨ ᠨᠤᠲᠤᠭ᠎ᠤᠨ ᠡᠯ᠎ᠡ ᠱᠠᠲᠤᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠃ ᠲᠤᠰ ᠭᠠᠵᠠᠷ ᠣᠷᠣᠨ᠎ᠤ᠎ᠪᠠᠨ ᠲᠠᠸᠠᠷ᠎ᠤᠨ ᠲᠡᠮᠳᠡᠭ᠎ᠢ ᠬᠠᠮᠢᠶᠠᠷᠬᠤ ᠠᠵᠢᠯ᠎ᠢ ᠨᠢᠭᠡᠳᠦᠯᠲᠡᠶ ᠲᠣᠬᠢᠷᠠᠭᠤᠯᠵᠤ ᠪᠠᠢ᠍ᠷᠢᠯᠠᠭᠤᠯᠤᠨᠠ᠂ ᠲᠡᠭᠦᠨ᠎ᠳᠤ ᠪᠠᠭᠲᠠᠬᠤ᠎ᠨᠢ᠄
(1) ᠬᠠᠷᠢᠶ᠎ᠠ ᠣᠷᠣᠨ᠎ᠤ ᠳᠣᠲᠣᠷ᠎ᠠ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠪᠠ ᠦᠯᠦ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠬᠡᠷᠡᠭᠯᠡᠯᠲᠡ ᠵᠢ ᠬᠠᠮᠢᠶᠠᠷᠬᠤ᠃
(2) ᠲᠠᠸᠠᠷ᠎ᠤᠨ ᠲᠡᠮᠳᠡᠭ᠎ᠤᠨ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠰᠢᠳᠬᠡᠬᠦ ᠪᠠ ᠬᠣᠷᠢᠭᠯᠠᠨ ᠵᠣᠭᠰᠣᠭ᠋ᠠᠬᠤ ᠵᠡᠷᠭᠡ᠃
3. ᠮᠠᠨ᠎ᠤ ᠤᠯᠤᠰ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ ᠵᠢ ᠬᠠᠮᠠᠭ᠋ᠠᠯᠠᠬᠤ ᠬᠠᠤᠯᠢ ᠴᠠᠭ᠋ᠠᠵᠠ ᠳᠦᠷᠢᠮ ᠲᠣᠭᠲᠠᠭ᠋ᠠᠯ ᠭᠣᠣᠯᠳᠠᠭᠤ ᠶᠠᠭᠤ ᠶᠠᠭᠤ ᠪᠠᠶ᠋ᠢᠳᠠᠭ ᠪᠤᠢ?
(ᠨᠢᠭᠡ) 《ᠲᠠᠸᠠᠷ᠎ᠤᠨ ᠲᠡᠮᠳᠡᠭ᠎ᠤᠨ ᠬᠠᠤᠯᠢ》 ᠪᠣᠯᠤᠨ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠃
(ᠬᠣᠶᠠᠷ) ᠲᠠᠸᠠᠷ᠎ᠤᠨ ᠲᠡᠮᠳᠡᠭ᠎ᠤᠨ ᠬᠡᠷᠡᠭ᠎ᠢ ᠰᠢᠭᠦᠬᠦ᠎ᠳᠤ ᠬᠣᠯᠪᠣᠭᠳᠠᠬᠤ ᠬᠠᠷᠢᠶᠠᠯᠠᠯ ᠪᠠ ᠬᠠᠤᠯᠢ ᠴᠠᠭ᠋ᠠᠵᠠ ᠵᠢ ᠬᠡᠷᠡᠭᠯᠡᠬᠦ ᠬᠡᠪᠴᠢᠶ᠎ᠡ ᠵᠢᠨ ᠠᠰᠠᠭᠤᠳᠠᠯ᠎ᠤᠨ ᠲᠤᠬᠠᠶ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠠᠢ᠍ᠯᠪᠤᠷᠢᠯᠠᠯᠲᠠ᠃ ᠲᠠᠸᠠᠷ᠎ᠤᠨ ᠲᠡᠮᠳᠡᠭ᠎ᠤᠨ ᠢᠷᠭᠡᠨ᠎ᠤ ᠵᠢᠭᠤᠷᠠᠯᠳᠤᠭ᠋ᠠᠨ᠎ᠤ ᠬᠡᠷᠡᠭ᠎ᠢ ᠰᠢᠭᠦᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠶ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠠᠢ᠍ᠯᠪᠤᠷᠢᠯᠠᠯᠲᠠ᠃
(ᠭᠤᠷᠪᠠ) 《ᠨᠡᠷᠡᠳᠦ ᠲᠠᠸᠠᠷ᠎ᠤᠨ ᠲᠡᠮᠳᠡᠭ᠎ᠢ ᠮᠠᠭ᠋ᠠᠳᠯᠠᠨ ᠲᠣᠭᠲᠠᠭ᠋ᠠᠬᠤ ᠪᠠ ᠬᠠᠮᠠᠭ᠋ᠠᠯᠠᠬᠤ ᠲᠣᠭᠲᠠᠭ᠋ᠠᠯ》᠃
(ᠲᠦᠷᠪᠡ) 《ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠪᠠ ᠬᠠᠮᠢᠶᠠᠷᠬᠤ ᠠᠷᠭ᠎ᠠ》᠃
4. ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠭᠤᠶᠤᠴᠢᠯᠠᠭᠴᠢ ᠵᠢᠨ ᠬᠦᠷᠢᠶ᠎ᠡ ᠬᠡᠪᠴᠢᠶ᠎ᠡ᠎ᠨᠢ ᠶᠠᠮᠠᠷ ᠪᠤᠢ?
ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠭᠤᠶᠤᠴᠢᠯᠠᠭᠴᠢ᠎ᠨᠢ ᠪᠠᠶ᠋ᠢᠭ᠋ᠠᠯᠢ ᠬᠥᠮᠦᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠂ ᠳᠤᠮᠳᠠᠳᠤ ᠤᠯᠤᠰ᠎ᠤᠨ ᠬᠥᠮᠦᠨ᠂ ᠭᠠᠳᠠᠭ᠋ᠠᠳᠤ ᠵᠢᠨ ᠬᠥᠮᠦᠨ ᠪᠠ ᠤᠯᠤᠰ᠎ᠤᠨ ᠬᠠᠷᠢᠶ᠎ᠠ ᠦᠭᠡᠢ ᠬᠥᠮᠦᠨ᠎ᠢ ᠪᠠᠭᠲᠠᠭ᠋ᠠᠨ᠎ᠠ᠃
5. ᠶᠠᠮᠠᠷ ᠶᠠᠮᠠᠷ ᠲᠠᠸᠠᠷ ᠪᠣᠯᠤᠨ ᠦᠢ᠍ᠯᠡᠴᠢᠯᠡᠭᠡᠨ᠎ᠤ ᠲᠠᠸᠠᠷ᠎ᠤᠨ ᠲᠡᠮᠳᠡᠭ᠎ᠢ ᠵᠠᠪᠠᠯ ᠠᠯᠪᠠᠳᠠᠵᠤ ᠳᠠᠩᠰᠠᠯᠠᠭᠤᠯᠬᠤ ᠪᠤᠢ?
ᠵᠠᠪᠠᠯ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠡᠷᠡᠭᠯᠡᠬᠦ ᠬᠡᠷᠡᠭᠲᠡᠶ ᠭᠡᠵᠦ ᠤᠯᠤᠰ᠎ᠠᠴᠠ ᠲᠣᠭᠲᠠᠭ᠋ᠠᠭᠰᠠᠨ ᠲᠠᠸᠠᠷ᠎ᠲᠤ ᠡᠷᠬᠡᠪᠰᠢ ᠲᠠᠸᠠᠷ᠎ᠤᠨ ᠲᠡᠮᠳᠡᠭ ᠳᠠᠩᠰᠠᠯᠠᠭᠤᠯᠬᠤ᠎ᠪᠠᠷ ᠭᠤᠶᠤᠴᠢᠯᠠᠬᠤ ᠬᠡᠷᠡᠭᠲᠡᠶ᠂ ᠬᠢᠨᠠᠨ ᠵᠥᠪᠰᠢᠶᠡᠷᠡᠭᠰᠡᠨ ᠦᠭᠡᠢ ᠪᠣᠯ ᠵᠠᠬ᠎ᠠ ᠳᠡᠯᠭᠡᠭᠦᠷ᠎ᠲᠤ ᠪᠣᠷᠣᠯᠠᠭᠤᠯᠵᠤ ᠪᠣᠯᠬᠤ ᠦᠭᠡᠢ᠃ ᠤᠳᠤ ᠵᠢᠨ ᠬᠡᠷᠡᠭᠵᠢᠭᠦᠯᠵᠦ ᠪᠠᠶ᠋ᠢᠭ᠎ᠠ 《ᠲᠠᠮᠠᠬᠢ ᠵᠢ ᠲᠤᠰᠬᠠᠶ ᠬᠤᠳᠠᠯᠳᠤᠬᠤ ᠬᠠᠤᠯᠢ》 ᠵᠢᠨ ᠬᠣᠷᠢᠳᠤᠭ᠋ᠠᠷ ᠵᠦᠢ᠍ᠯ᠎ᠳᠤ᠄ 《ᠶᠠᠩᠵᠤᠤᠷ ᠲᠠᠮᠠᠬᠢ᠂ ᠰᠢᠬᠢᠷ ᠲᠠᠮᠠᠬᠢ ᠪᠣᠯᠤᠨ ᠪᠣᠭᠣᠳᠠᠯᠲᠠᠢ ᠬᠡᠷᠴᠢᠮᠡᠯ ᠲᠠᠮᠠᠬᠢ᠎ᠳᠤ ᠡᠷᠬᠡᠪᠰᠢ ᠲᠠᠸᠠᠷ᠎ᠤᠨ ᠲᠡᠮᠳᠡᠭ ᠳᠠᠩᠰᠠᠯᠠᠭᠤᠯᠬᠤ᠎ᠪᠠᠷ ᠭᠤᠶᠤᠴᠢᠯᠠᠬᠤ ᠬᠡᠷᠡᠭᠲᠡᠶ᠂ ᠬᠢᠨᠠᠨ ᠵᠥᠪᠰᠢᠶᠡᠷᠡᠭᠰᠡᠨ ᠦᠭᠡᠢ ᠪᠣᠯ ᠦᠢ᠍ᠯᠡᠳᠪᠦᠷᠢᠯᠡᠨ ᠪᠣᠷᠤᠯᠠᠭᠤᠯᠵᠤ ᠪᠣᠯᠬᠤ ᠦᠬᠡᠢ》 ᠬᠡᠵᠤ ᠲᠣᠭᠲᠠᠭ᠋ᠠᠪᠠ᠃
6. ᠶᠠᠮᠠᠷ ᠶᠠᠮᠠᠷ ᠲᠡᠮᠳᠡᠭ᠎ᠢ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠪᠣᠯᠭ᠋ᠠᠨ ᠬᠡᠷᠡᠭᠯᠡᠵᠦ ᠪᠣᠯᠬᠤ ᠦᠭᠡᠢ ᠪᠤᠢ?
(ᠨᠢᠭᠡ) ᠳᠣᠣᠷ᠎ᠠ ᠵᠢᠭᠰᠠᠭ᠋ᠠᠭᠰᠠᠨ ᠲᠡᠮᠳᠡᠭ᠎ᠤᠳ᠎ᠢ ᠲᠠᠸᠠᠷ᠎ᠤᠨ ᠲᠡᠮᠳᠡᠭ ᠪᠣᠯᠭ᠋ᠠᠨ ᠬᠡᠷᠡᠭᠯᠡᠵᠦ ᠪᠣᠯᠬᠤ ᠦᠭᠡᠢ᠄
(1) ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠷ᠎ᠡ᠂ ᠤᠯᠤᠰ᠎ᠤᠨ ᠲᠤᠭ᠂ ᠤᠯᠤᠰ᠎ᠤᠨ ᠰᠦᠯᠳᠡ᠂ ᠴᠡᠷᠢᠭ᠎ᠤᠨ ᠲᠤᠬ᠂ ᠭᠠᠪᠢᠶᠠᠨᠤ ᠲᠡᠮᠳᠡᠭ᠎ᠲᠠᠢ ᠠᠳᠠᠯᠢ ᠪᠤᠶᠤ ᠲᠥᠰᠦᠭᠡ᠎ᠲᠡᠶ ᠵᠦᠢ᠍ᠯ ᠵᠢᠴᠢ ᠲᠥᠪ᠎ᠤᠨ ᠳᠦᠷᠦ ᠵᠢᠨ ᠪᠠᠶ᠋ᠢᠭᠤᠯᠭ᠎ᠠ ᠵᠢᠨ ᠪᠠᠶ᠋ᠢᠭ᠎ᠠ ᠭᠠᠵᠠᠷ᠎ᠤᠨ ᠣᠨᠴᠠ ᠲᠣᠭᠲᠠᠭ᠋ᠠᠭᠰᠠᠨ ᠭᠠᠵᠠᠷ᠎ᠤᠨ ᠨᠡᠷ᠎ᠡ ᠪᠤᠶᠤ ᠰᠢᠨᠵᠢ ᠲᠡᠮᠳᠡᠭ ᠪᠣᠯᠬᠤ ᠪᠠᠷᠢᠯᠭ᠎ᠠ ᠵᠢᠨ ᠨᠡᠷᠡᠶ᠋ᠢᠳᠦᠯ᠂ ᠵᠢᠷᠤᠭ ᠳᠦᠷᠰᠦ᠎ᠲᠠᠢ ᠠᠳᠠᠯᠢ ᠵᠦᠢ᠍ᠯ;
(2) ᠭᠠᠳᠠᠭ᠋ᠠᠳᠤ ᠤᠯᠤᠰ᠎ᠤᠨ ᠤᠯᠤᠰ᠎ᠤᠨ ᠨᠡᠷ᠎ᠡ᠂ ᠤᠯᠤᠰ᠎ᠤᠨ ᠲᠤᠭ᠂ ᠤᠯᠤᠰ᠎ᠤᠨ ᠰᠦᠯᠳᠡ᠂ ᠴᠡᠷᠢᠭ᠎ᠤᠨ ᠲᠤᠬ᠎ᠲᠠᠢ ᠠᠳᠠᠯᠢ ᠪᠤᠶᠤ ᠲᠥᠰᠦᠭᠡ᠎ᠲᠡᠶ ᠵᠦᠢ᠍ᠯ᠂ ᠭᠡᠪᠡᠴᠦ ᠲᠤᠰ ᠤᠯᠤᠰ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠵᠦᠢ᠍ᠯ ᠡᠭᠦᠨ᠎ᠳᠤ ᠪᠠᠭᠲᠠᠬᠤ ᠦᠭᠡᠢ;
(3) ᠵᠠᠰᠠᠭ᠎ᠤᠨ ᠣᠷᠳᠣᠨ᠎ᠨᠤᠭᠤᠳ᠎ᠤᠨ ᠬᠣᠭᠣᠷᠣᠨᠳᠣᠬᠢ ᠤᠯᠡᠠ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠨᠡᠷᠡᠶ᠋ᠢᠳᠦᠯ᠂ ᠲᠤᠬ᠂ ᠰᠦᠯᠳᠡ ᠲᠡᠮᠳᠡᠭ᠎ᠲᠠᠢ ᠠᠳᠠᠯᠢ ᠪᠤᠶᠤ ᠲᠥᠰᠦᠭᠡ᠎ᠲᠡᠶ ᠵᠦᠢ᠍ᠯ᠂ ᠭᠡᠪᠡᠴᠦ ᠲᠤᠰ ᠵᠣᠬᠢᠶᠠᠨ ᠪᠠᠶ᠋ᠢᠭᠤᠯᠤᠯᠲᠠ ᠵᠢᠨ ᠵᠥᠪᠰᠢᠶᠡᠷᠡᠭᠰᠡᠨ ᠪᠤᠶᠤ ᠨᠡᠶ᠋ᠢᠭᠡᠮ ᠨᠡᠶ᠋ᠢᠲᠡ ᠵᠢ ᠠᠮᠠᠷᠬᠠᠨ ᠡᠨᠳᠡᠭᠦᠷᠡᠭᠦᠯᠬᠦ ᠦᠭᠡᠢ᠎ᠨᠢ ᠡᠭᠦᠨ᠎ᠳᠤ ᠪᠠᠭᠲᠠᠬᠤ ᠦᠭᠡᠢ;
(4) ᠬᠢᠵᠠᠭ᠋ᠠᠷᠯᠠᠬᠤ᠂ ᠪᠠᠲᠤᠯᠠᠬᠤ᠎ᠪᠠᠷ ᠲᠣᠳᠣᠷᠬᠠᠶ᠋ᠢᠯᠠᠭᠰᠠᠨ ᠠᠯᠪᠠᠨ᠎ᠤ ᠲᠠᠯ᠎ᠠ ᠵᠢᠨ ᠲᠡᠮᠳᠡᠭ᠂ ᠰᠢᠯᠭ᠋ᠠᠨ ᠪᠠᠶ᠋ᠢᠴᠠᠭ᠋ᠠᠭᠰᠠᠨ ᠢᠮ ᠲᠠᠮᠠᠭ᠎ᠠ᠎ᠲᠠᠢ ᠠᠳᠠᠯᠢ ᠪᠤᠶᠤ ᠲᠥᠰᠦᠭᠡ᠎ᠲᠡᠶ ᠵᠦᠢ᠍ᠯ᠂ ᠭᠡᠬᠦ᠎ᠳᠤ ᠡᠷᠬᠡ ᠣᠯᠭᠣᠭᠰᠠᠨ ᠵᠦᠢ᠍ᠯ ᠡᠭᠦᠨ᠎ᠳᠤ ᠪᠠᠭᠲᠠᠬᠤ ᠦᠭᠡᠢ;
(5) 《ᠤᠯᠠᠭ᠋ᠠᠨ ᠵᠠᠭ᠋ᠠᠯᠮᠠᠶ᠋ᠢᠲᠤ》᠂ 《ᠤᠯᠠᠭ᠋ᠠᠨ ᠰᠶ᠋ᠢᠨ᠌ᠡ ᠰᠡᠷᠡᠠ》᠎ᠤ ᠨᠡᠷᠡᠶ᠋ᠢᠳᠦᠯ᠂ ᠲᠡᠮᠳᠡᠭ᠎ᠲᠠᠢ ᠠᠳᠠᠯᠢ ᠪᠤᠶᠤ ᠲᠥᠰᠦᠭᠡ᠎ᠲᠡᠶ ᠵᠦᠢ᠍ᠯ;
(6) ᠦᠨᠳᠦᠰᠦᠲᠡᠨ᠎ᠢ ᠭᠠᠳᠠᠭᠤᠷᠴᠢᠯᠠᠭᠰᠠᠨ ᠴᠢᠨᠠᠷᠲᠠᠢ ᠵᠦᠢ᠍ᠯ;
(7) ᠥᠰᠬᠡᠭᠡᠨ ᠲᠥᠰᠬᠡᠭᠡᠨ᠎ᠲᠠᠢ ᠤᠬᠠᠭᠤᠯᠤᠭᠰᠠᠨ ᠪᠥᠭᠡᠳ ᠮᠡᠬᠡᠯᠡᠬᠦ ᠴᠢᠨᠠᠷᠲᠠᠢ ᠵᠦᠢ᠍ᠯ;
(8) ᠨᠡᠶ᠋ᠢᠭᠡᠮ ᠵᠢᠷᠤᠮ᠎ᠤᠨ ᠶᠣᠰᠣ ᠮᠣᠷᠠᠯ ᠬᠡᠪ ᠰᠤᠷᠲᠠᠬᠤᠨ᠎ᠳᠤ ᠬᠠᠷᠰᠢ᠎ᠲᠠᠢ ᠪᠤᠶᠤ ᠪᠤᠰᠤᠳ ᠮᠠᠭᠤ ᠨᠥᠯᠥᠭᠡ ᠦᠵᠡᠭᠦᠯᠬᠦ ᠵᠦᠢ᠍ᠯ᠎ᠤᠳ᠃ ᠡᠭᠦᠨ᠎ᠠᠴᠠ ᠭᠠᠳᠠᠨ᠎ᠠ᠂ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠣᠷᠣᠨ᠎ᠤ ᠭᠠᠵᠠᠷ᠎ᠤᠨ ᠨᠡᠷ᠎ᠡ ᠪᠤᠶᠤ ᠤᠯᠡᠠ ᠨᠡᠶ᠋ᠢᠲᠡ ᠵᠢᠨ ᠮᠡᠳᠡᠵᠦ ᠪᠠᠶ᠋ᠢᠭ᠎ᠠ ᠭᠠᠳᠠᠭ᠋ᠠᠳᠤ ᠤᠯᠤᠰ᠎ᠤᠨ ᠭᠠᠵᠠᠷ᠎ᠤᠨ ᠨᠡᠷ᠎ᠡ᠎ᠪᠠᠷ ᠲᠠᠸᠠᠷ᠎ᠤᠨ ᠲᠡᠮᠳᠡᠭᠲᠦ ᠪᠣᠯᠭ᠋ᠠᠵᠤ ᠪᠣᠯᠬᠤ ᠦᠭᠡᠢ᠃ ᠭᠡᠪᠡᠴᠦ ᠭᠠᠵᠠᠷ᠎ᠤᠨ ᠨᠡᠷ᠎ᠡ᠎ᠨᠢ ᠪᠤᠰᠤᠳ ᠠᠭᠤᠯᠭ᠎ᠠ᠎ᠲᠠᠢ ᠪᠤᠶᠤ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ᠎ᠤᠨ ᠪᠦᠷᠢᠯᠳᠦᠬᠦᠨ ᠬᠡᠰᠡᠭ ᠪᠣᠯᠤᠭᠰᠠᠨ ᠵᠦᠢ᠍ᠯ ᠡᠭᠦᠨ᠎ᠳᠤ ᠪᠠᠭᠲᠠᠬᠤ ᠦᠭᠡᠢ᠃ ᠨᠢᠭᠡᠨᠲᠡ ᠳᠠᠩᠰᠠᠯᠠᠭᠤᠯᠵᠤ ᠬᠡᠷᠡᠭᠯᠡᠭᠰᠡᠨ ᠭᠠᠵᠠᠷ᠎ᠤᠨ ᠨᠡᠷ᠎ᠡ᠎ᠲᠠᠢ ᠲᠠᠸᠠᠷ᠎ᠤᠨ ᠲᠡᠮᠳᠡᠭ᠎ᠨᠢ ᠦᠷᠭᠦᠯᠵᠢᠯᠡᠨ ᠬᠦᠴᠦᠨ᠎ᠲᠠᠢ᠃
(ᠬᠣᠶᠠᠷ) ᠳᠣᠣᠷ᠎ᠠ ᠵᠢᠭᠰᠠᠭ᠋ᠠᠭᠰᠠᠨ ᠲᠡᠮᠳᠡᠭ᠎ᠤᠳ᠎ᠢ ᠲᠠᠸᠠᠷ᠎ᠤᠨ ᠲᠡᠮᠳᠡᠭ ᠪᠣᠯᠭ᠋ᠠᠨ ᠳᠠᠩᠰᠠᠯᠠᠭᠤᠯᠵᠤ ᠪᠣᠯᠬᠤ ᠦᠭᠡᠢ᠄ (1) ᠵᠥᠪᠬᠡᠨ ᠲᠤᠰ ᠲᠠᠸᠠᠷ᠎ᠲᠤ ᠯᠡ ᠪᠠᠢ᠍ᠳᠠᠭ ᠨᠡᠶ᠋ᠢᠳᠡᠮ ᠬᠡᠷᠡᠭᠯᠡᠵᠦ ᠪᠠᠶ᠋ᠢᠭ᠎ᠠ ᠨᠡᠷᠡᠶ᠋ᠢᠳᠦᠯ᠂ ᠵᠢᠷᠤᠭ ᠳᠦᠷᠰᠦ᠂ ᠬᠡᠯᠪᠡᠷᠢ ᠮᠠᠶᠢᠭ᠃ (2) ᠵᠥᠪᠬᠡᠨ ᠲᠠᠸᠠᠷ᠎ᠤᠨ ᠶᠠᠰᠤ ᠴᠢᠨᠠᠷ᠂ ᠭᠣᠣᠯ ᠲᠦᠭᠦᠬᠡᠶ ᠡᠳ᠋᠂ ᠴᠢᠳᠠᠮᠵᠢ᠂ ᠬᠡᠷᠡᠭᠴᠡᠭᠡ᠂ ᠬᠦᠨᠳᠦᠴᠡ᠂ ᠲᠣᠭ᠎ᠠ ᠬᠡᠮᠵᠢᠶ᠎ᠡ ᠵᠢᠴᠢ ᠪᠤᠰᠤᠳ ᠣᠨᠴᠠᠯᠢᠭ᠎ᠢ ᠰᠢᠭᠤᠳ ᠢᠯᠡᠷᠬᠡᠶ᠋ᠢᠯᠡᠭᠰᠡᠨ᠃ (3) ᠣᠨᠴᠠᠯᠢᠭ ᠰᠢᠨᠵᠢ᠎ᠨᠢ ᠮᠡᠳᠡᠭᠳᠡᠮ᠎ᠡ ᠪᠤᠰᠤ᠃ ᠡᠮᠦᠨᠡᠬᠢ ᠪᠠᠳᠠᠭ᠎ᠲᠤ ᠵᠢᠭᠰᠠᠭ᠋ᠠᠭᠰᠠᠨ ᠲᠡᠮᠳᠡᠭ᠎ᠢ ᠬᠡᠷᠡᠭᠯᠡᠭᠡᠳ ᠮᠡᠳᠡᠭᠳᠡᠮ᠎ᠡ ᠣᠨᠴᠠᠯᠢᠭ ᠰᠢᠨᠵᠢ᠎ᠲᠠᠢ ᠪᠣᠯᠤᠭᠰᠠᠨ ᠪᠥᠭᠡᠳ ᠢᠯᠭ᠋ᠠᠨ ᠲᠠᠨᠢᠬᠤ᠎ᠳᠤ ᠳᠦᠭᠦᠮ ᠪᠣᠯᠤᠭᠰᠠᠨ ᠪᠠᠢ᠍ᠪᠠᠯ ᠲᠠᠸᠠᠷ᠎ᠤᠨ ᠲᠡᠮᠳᠡᠭ ᠪᠣᠯᠭ᠋ᠠᠨ ᠳᠠᠩᠰᠠᠯᠠᠭᠤᠯᠵᠤ ᠪᠣᠯᠤᠨ᠎ᠠ᠃
7. ᠲᠠᠸᠠᠷ᠎ᠤᠨ ᠲᠡᠮᠳᠡᠭ᠎ᠲᠤ ᠬᠡᠷᠬᠢᠨ ᠡᠷᠢᠯᠲᠡ ᠬᠢᠬᠦ ᠪᠤᠢ?
ᠳᠤᠮᠳᠠᠳᠤ ᠤᠯᠤᠰ᠎ᠤᠨ ᠲᠠᠸᠠᠷ᠎ᠤᠨ ᠲᠡᠮᠳᠡᠭ᠎ᠤᠨ ᠰᠦᠯᠵᠢᠶᠡᠨ (www.ctmo.gov.cn)᠎ᠳᠤ ᠭᠠᠷᠴᠤ ᠲᠠᠸᠠᠷ᠎ᠤᠨ ᠲᠡᠮᠳᠡᠭ᠎ᠢ ᠡᠷᠢᠬᠦ ᠪᠣᠶᠣ ᠲᠠᠸᠠᠷ᠎ᠤᠨ ᠲᠡᠮᠳᠡᠭ᠎ᠤᠨ ᠣᠷᠣᠯᠠᠨ ᠭᠦᠢ᠍ᠴᠡᠳᠬᠡᠭᠴᠢ᠎ᠳᠤ ᠨᠠᠢ᠍ᠲᠠᠬᠤ ᠪᠤᠶᠤ ᠲᠠᠸᠠᠷ᠎ᠤᠨ ᠲᠡᠮᠳᠡᠭ ᠳᠠᠩᠰᠠᠯᠠᠭᠤᠯᠬᠤ ᠪᠠᠢ᠍ᠭᠤᠯᠭ᠎ᠠ᠎ᠳᠤ ᠰᠢᠭᠤᠳ ᠣᠴᠢᠵᠤ ᠲᠠᠸᠠᠷ᠎ᠤᠨ ᠲᠡᠮᠳᠡᠭ᠎ᠤᠨ ᠮᠡᠳᠡᠭᠡ ᠵᠠᠩᠭᠢ ᠵᠢ ᠠᠰᠠᠭᠤᠨ ᠯᠠᠪᠯᠠᠵᠤ ᠪᠠᠰᠠ ᠪᠣᠯᠤᠨ᠎ᠠ᠃
8. ᠲᠠᠸᠠᠷ᠎ᠤᠨ ᠲᠡᠮᠳᠡᠭ ᠳᠠᠩᠰᠠᠯᠠᠭᠤᠯᠬᠤ ᠭᠤᠶᠤᠴᠢᠯᠠᠯ᠎ᠢ ᠬᠢᠨᠠᠨ ᠪᠠᠢ᠍ᠴᠠᠭ᠋ᠠᠬᠤ ᠳᠡᠰ ᠳᠠᠷᠠᠭ᠎ᠠ᠎ᠳᠤ ᠭᠣᠣᠯᠳᠠᠭᠤ ᠶᠠᠭᠤ ᠶᠠᠭᠤ ᠪᠠᠶ᠋ᠢᠳᠠᠭ ᠪᠤᠢ?
(ᠨᠢᠭᠡ) ᠭᠤᠶᠤᠴᠢᠯᠠᠬᠤ᠃ ᠭᠤᠶᠤᠴᠢᠯᠠᠭᠴᠢ᠎ᠠᠴᠠ ᠲᠠᠸᠠᠷ᠎ᠤᠨ ᠲᠡᠮᠳᠡᠭ᠎ᠤᠨ ᠲᠣᠪᠴᠢᠶ᠎ᠠ᠎ᠳᠤ ᠭᠤᠶᠤᠴᠢᠯᠠᠯ ᠭᠠᠷᠭ᠋ᠠᠬᠤ᠂ ᠪᠠᠰᠠ ᠣᠷᠤᠯᠠᠨ ᠬᠦᠢ᠍ᠴᠡᠳᠬᠡᠬᠦ ᠵᠣᠬᠢᠶᠠᠨ ᠪᠠᠶ᠋ᠢᠭᠤᠯᠤᠯᠲᠠ᠎ᠳᠤ ᠨᠠᠢ᠍ᠲᠠᠵᠤ ᠭᠤᠶᠤᠴᠢᠯᠠᠯ ᠳᠡᠪᠰᠢᠭᠦᠯᠵᠦ ᠪᠣᠯᠤᠨ᠎ᠠ᠃
(ᠬᠣᠶᠠᠷ) ᠬᠢᠨᠠᠨ ᠪᠠᠢ᠍ᠴᠠᠭ᠋ᠠᠬᠤ᠃ ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠬᠦᠯᠢᠶᠡᠨ ᠠᠪᠤᠭᠰᠠᠨ ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠭᠤᠶᠤᠴᠢᠯᠠᠯ᠎ᠢ ᠬᠢᠨᠠᠨ ᠪᠠᠢ᠍ᠴᠠᠭ᠋ᠠᠨ᠎ᠠ᠃ ᠲᠣᠭᠲᠠᠭ᠋ᠠᠯ᠎ᠳᠤ ᠨᠡᠶ᠋ᠢᠴᠡᠬᠦ ᠦᠭᠡᠢ ᠵᠢ᠎ᠨᠢ ᠪᠤᠴᠠᠭ᠋ᠠᠨ᠎ᠠ᠃ ᠲᠤᠬᠠᠶ ᠵᠢᠨ ᠬᠥᠮᠦᠨ᠎ᠨᠢ ᠵᠥᠪᠰᠢᠶᠡᠷᠡᠬᠦ ᠦᠭᠡᠢ ᠪᠣᠯ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠲᠡᠬᠢᠠ ᠬᠢᠨᠠᠭᠤᠯᠬᠤ ᠭᠤᠶᠤᠴᠢᠯᠠᠯ ᠭᠠᠷᠭ᠋ᠠᠵᠤ ᠪᠣᠯᠤᠨ᠎ᠠ᠃
(ᠭᠤᠷᠪᠠ) ᠠᠩᠬ᠎ᠠ ᠠᠯᠬᠤᠮ ᠬᠢᠨᠠᠨ ᠲᠣᠭᠲᠠᠭ᠋ᠠᠵᠤ ᠵᠠᠷᠯᠠᠨ ᠨᠡᠶ᠋ᠢᠲᠡᠯᠡᠨ᠎ᠡ᠃ ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠲᠣᠭᠲᠠᠭ᠋ᠠᠯ᠎ᠳᠤ ᠨᠡᠶ᠋ᠢᠴᠡᠭᠰᠡᠨ ᠳᠠᠩᠰᠠᠯᠠᠭᠤᠯᠬᠤ ᠭᠤᠶᠤᠴᠢᠯᠠᠯ᠎ᠢ ᠠᠩᠬ᠎ᠠ ᠠᠯᠬᠤᠮ ᠬᠢᠨᠠᠨ ᠲᠣᠭᠲᠠᠭ᠋ᠠᠬᠤ ᠪᠥᠭᠡᠳ ᠵᠠᠷᠯᠠᠨ ᠨᠠᠢ᠍ᠲᠠᠯᠠᠨᠠ᠃ ᠵᠠᠷᠯᠠᠨ ᠨᠡᠶ᠋ᠢᠲᠡᠯᠡᠭᠰᠡᠨ ᠡᠳᠦᠷ᠎ᠠᠴᠠ ᠡᠬᠢᠯᠡᠨ ᠭᠤᠷᠪᠠᠨ ᠰᠠᠷ᠎ᠠ ᠵᠢᠨ ᠳᠣᠲᠣᠷ᠎ᠠ ᠶᠠᠮᠠᠷ ᠴᠤ᠌ ᠬᠥᠮᠦᠨ ᠴᠥᠮ ᠣᠨᠳᠣᠣ ᠰᠠᠨᠠᠯ ᠭᠠᠷᠭ᠋ᠠᠵᠤ ᠪᠣᠯᠤᠨ᠎ᠠ᠃ ᠣᠨᠳᠣᠣ ᠰᠠᠨᠠᠯ ᠭᠠᠷᠭ᠋ᠠᠭᠰᠠᠨ ᠪᠠᠢ᠍ᠪᠠᠯ᠂ ᠲᠠᠸᠠᠷ᠎ᠤᠨ ᠲᠡᠮᠳᠡᠭ᠎ᠤᠨ ᠲᠣᠪᠴᠢᠶ᠎ᠠ ᠪᠠᠶ᠋ᠢᠴᠠᠭ᠋ᠠᠵᠤ ᠬᠢᠨᠠᠨ ᠬᠠᠷᠭᠤᠭᠤᠯᠬᠤ ᠪᠥᠭᠡᠳ ᠲᠣᠭᠲᠠᠭ᠋ᠠᠯᠲᠠ ᠭᠠᠷᠭ᠋ᠠᠨ᠎ᠠ᠃
(ᠲᠦᠷᠪᠡ) ᠳᠠᠩᠰᠠᠯᠠᠭᠤᠯᠬᠤ ᠪᠥᠭᠡᠳ ᠵᠠᠷᠯᠠᠨ ᠨᠠᠢ᠍ᠲᠠᠯᠠᠨᠠ᠃ ᠠᠯᠪᠠᠨ ᠵᠠᠷ᠎ᠤᠨ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠳᠤᠷᠠᠳᠤᠭᠰᠠᠨ ᠦᠭᠡᠢ ᠪᠣᠯ ᠡᠰᠡᠭᠦᠯ᠎ᠡ ᠣᠨᠳᠣᠣ ᠰᠠᠨᠠᠯ᠎ᠤᠨ ᠲᠣᠭᠲᠠᠭ᠋ᠠᠯᠲᠠ᠎ᠨᠢ ᠲᠣᠭᠲᠠᠵᠤ ᠴᠢᠳᠠᠬᠤ ᠦᠭᠡᠢ ᠪᠣᠯ ᠲᠠᠸᠠᠷ᠎ᠤᠨ ᠲᠡᠮᠳᠡᠭ᠎ᠤᠨ ᠲᠣᠪᠴᠢᠶ᠎ᠠ ᠳᠠᠩᠰᠠᠯᠠᠭᠤᠯᠬᠤ ᠵᠢ ᠬᠢᠨᠠᠨ ᠵᠥᠪᠰᠢᠶᠡᠷᠡᠭᠦ ᠵᠢᠨ ᠬᠠᠮᠲᠤ ᠵᠠᠷᠯᠠᠨ ᠨᠡᠢ᠍ᠲᠡᠯᠡᠨᠠ᠃
(ᠲᠠᠪᠤ) ᠮᠠᠷᠭᠤᠭ᠋ᠠᠨ᠎ᠲᠠᠢ ᠲᠣᠭᠲᠠᠭ᠋ᠠᠯᠲᠠ᠃ ᠨᠢᠭᠡᠨᠲᠡ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠬᠠᠶ ᠮᠠᠷᠭᠤᠭ᠋ᠠᠨ᠎ᠲᠠᠢ ᠪᠠᠢ᠍ᠪᠠᠯ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠲᠣᠭᠲᠠᠭ᠋ᠠᠯᠲᠠ ᠭᠠᠷᠭ᠋ᠠᠬᠤ᠎ᠪᠠᠷ ᠭᠤᠶᠤᠴᠢᠯᠠᠵᠤ ᠪᠣᠯᠤᠨ᠎ᠠ᠃
9. ᠲᠠᠸᠠᠷ᠎ᠤᠨ ᠲᠡᠮᠳᠡᠭ ᠳᠠᠩᠰᠠᠯᠠᠭᠤᠯᠬᠤ ᠭᠤᠶᠤᠴᠢᠯᠠᠯ᠎ᠢ ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠪᠤᠴᠠᠭ᠋ᠠᠭᠰᠠᠨ ᠪᠣᠯ ᠶᠠᠭ᠋ᠠᠬᠢᠬᠤ ᠪᠤᠢ?
《ᠲᠠᠸᠠᠷ᠎ᠤᠨ ᠲᠡᠮᠳᠡᠭ᠎ᠤᠨ ᠬᠠᠤᠯᠢ》 ᠵᠢᠨ ᠭᠣᠴᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ ᠵᠶ᠋ᠠᠷ᠂ ᠭᠤᠶᠤᠴᠢᠯᠠᠯ᠎ᠢ ᠪᠤᠴᠠᠭ᠋ᠠᠵᠤ ᠠᠯᠪᠠᠨ ᠵᠠᠷ ᠵᠶ᠋ᠠᠷ ᠨᠡᠢ᠍ᠲᠡᠯᠡᠬᠦ ᠦᠭᠡᠢ ᠲᠠᠸᠠᠷ᠎ᠤᠨ ᠲᠡᠮᠳᠡᠭ᠎ᠢ ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠲᠠᠸᠠᠷ᠎ᠤᠨ ᠲᠡᠮᠳᠡᠭ ᠳᠠᠩᠰᠠᠯᠠᠭᠤᠯᠬᠤ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠨ᠎ᠡ᠃ ᠲᠠᠸᠠᠷ᠎ᠤᠨ ᠲᠡᠮᠳᠡᠭ ᠳᠠᠩᠰᠠᠯᠠᠭᠤᠯᠬᠤ ᠭᠤᠶᠤᠴᠢᠯᠠᠭᠴᠢ᠎ᠨᠢ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠲᠡᠬᠢᠠ ᠬᠢᠨᠠᠭᠤᠯᠬᠤ᠎ᠪᠠᠷ ᠭᠤᠶᠤᠴᠢᠯᠠᠵᠤ ᠪᠣᠯᠤᠨ᠎ᠠ᠂ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠠᠴᠠ ᠲᠣᠭᠲᠠᠭ᠋ᠠᠯ ᠭᠠᠷᠭ᠋ᠠᠬᠤ ᠪᠥᠭᠡᠳ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠨ᠎ᠡ᠃ ᠲᠤᠬᠠᠶ ᠵᠢᠨ ᠬᠥᠮᠦᠨ᠎ᠨᠢ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠤᠨ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠎ᠳᠤ ᠵᠡᠭ᠋ᠠᠯᠳᠦᠵᠦ ᠪᠣᠯᠤᠨ᠎ᠠ᠃
10 . ᠲᠠᠸᠠᠷ᠎ᠤᠨ ᠲᠡᠮᠳᠡᠭ ᠳᠠᠩᠰᠠᠯᠠᠭᠤᠯᠬᠤ ᠰᠦᠢ᠍ᠳᠬᠡᠯ᠎ᠨᠢ ᠬᠡᠳᠦᠶ ᠪᠠᠢ᠌ᠳᠠᠭ ᠪᠤᠢ?
ᠲᠠᠸᠠᠷ᠎ᠤᠨ ᠲᠡᠮᠳᠡᠭ ᠳᠠᠩᠰᠠᠯᠠᠭᠤᠯᠬᠤ ᠭᠤᠶᠤᠴᠢᠯᠠᠯ᠎ᠢ ᠡᠷᠬᠢᠯᠡᠬᠦ᠎ᠳᠤ ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠲᠠᠸᠠᠷ᠎ᠤᠨ ᠲᠡᠮᠳᠡᠭ ᠳᠠᠩᠰᠠᠯᠠᠭᠤᠯᠬᠤ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠵᠠᠷᠤᠳᠠᠯ ᠭᠡᠵᠦ ᠠᠷᠠᠳ᠎ᠤᠨ ᠵᠣᠭᠣᠰ 1000 ᠲᠥᠭᠦᠷᠢᠭ ᠬᠤᠷᠢᠶᠠᠨ᠎ᠠ᠃
11. ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠠᠩᠬ᠎ᠠ ᠠᠯᠬᠤᠮ ᠬᠢᠨᠠᠨ ᠲᠣᠭᠲᠠᠭ᠋ᠠᠭ᠋ᠠᠳ ᠵᠠᠷᠯᠠᠨ ᠨᠡᠶ᠋ᠢᠲᠡᠯᠡᠭᠰᠡᠨ ᠲᠠᠸᠠᠷ᠎ᠤᠨ ᠲᠡᠮᠳᠡᠭ᠎ᠲᠤ ᠣᠨᠳᠣᠣ ᠰᠠᠨᠠᠯ ᠪᠠᠢ᠍ᠪᠠᠯ ᠶᠠᠭ᠋ᠠᠬᠢᠬᠤ ᠪᠤᠢ?
《ᠲᠠᠸᠠᠷ᠎ᠤᠨ ᠲᠡᠮᠳᠡᠭ᠎ᠤᠨ ᠬᠠᠤᠯᠢ》 ᠵᠢᠨ ᠭᠤᠴᠢᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠤᠰᠤᠯᠡᠵᠤ᠂ ᠠᠩᠬ᠎ᠠ ᠠᠯᠬᠤᠮ ᠬᠢᠨᠠᠨ ᠲᠣᠭᠲᠠᠭ᠋ᠠᠭᠰᠠᠨ ᠲᠠᠸᠠᠷ᠎ᠤᠨ ᠲᠡᠮᠳᠡᠭ᠎ᠤᠨ ᠲᠤᠬᠠᠶ ᠠᠯᠪᠠᠨ ᠵᠠᠷ ᠵᠶ᠋ᠠᠷ ᠨᠡᠶ᠋ᠢᠲᠡᠯᠡᠭᠰᠡᠨ ᠡᠳᠦᠷ᠎ᠠᠴᠠ ᠡᠬᠢᠯᠡᠨ ᠭᠤᠷᠪᠠᠨ ᠰᠠᠷ᠎ᠠ ᠵᠢᠨ ᠳᠣᠲᠣᠷ᠎ᠠ᠂ ᠶᠠᠮᠠᠷ ᠴᠤ᠌ ᠬᠥᠮᠦᠨ ᠴᠥᠮ ᠣᠨᠳᠣᠣ ᠰᠠᠨᠠᠯ ᠭᠠᠷᠭ᠋ᠠᠵᠤ ᠪᠣᠯᠤᠨ᠎ᠠ᠃ ᠣᠨᠳᠣᠣ ᠰᠠᠨᠠᠯ ᠭᠠᠷᠭ᠋ᠠᠭᠴᠢ᠎ᠨᠢ ᠲᠠᠸᠠᠷ᠎ᠤᠨ ᠲᠡᠮᠳᠡᠭ᠎ᠤᠨ ᠲᠣᠪᠴᠢᠶᠠᠨ᠎ᠳᠤ ᠣᠨᠳᠣᠣ ᠰᠠᠨᠠᠯ᠎ᠤᠨ ᠪᠢᠴᠢᠭ᠎ᠢ ᠨᠢᠭᠡ ᠬᠡᠯᠪᠡᠷᠢ ᠵᠢᠨ ᠬᠣᠶᠠᠷ ᠬᠤᠪᠢ ᠲᠤᠰᠢᠶᠠᠨ᠎ᠠ᠃ ᠲᠠᠸᠠᠷ᠎ᠤᠨ ᠲᠡᠮᠳᠡᠭ᠎ᠤᠨ ᠲᠣᠪᠴᠢᠶ᠎ᠠ᠎ᠠᠴᠠ ᠣᠨᠳᠣᠣ ᠰᠠᠨᠠᠯ ᠭᠠᠷᠭ᠋ᠠᠭᠴᠢ ᠪᠠ ᠣᠨᠳᠣᠣ ᠰᠠᠨᠠᠯ ᠬᠦᠯᠢᠶᠡᠭᠴᠢ ᠵᠢᠨ ᠪᠣᠳᠠᠲᠤ ᠬᠡᠷᠡᠭ ᠪᠠ ᠤᠴᠢᠷ ᠰᠢᠯᠲᠠᠭ᠋ᠠᠨ᠎ᠤ ᠲᠤᠬᠠᠶ ᠰᠣᠨᠣᠰᠴᠤ᠂ ᠪᠠᠶ᠋ᠢᠴᠠᠭ᠋ᠠᠵᠤ ᠬᠢᠨᠠᠨ ᠬᠠᠷᠭᠤᠭᠤᠯᠤᠭᠰᠠᠨ᠎ᠤ ᠲᠡᠷᠡᠭ᠎ᠠ ᠲᠣᠭᠲᠠᠭ᠋ᠠᠯᠲᠠ ᠭᠠᠷᠭ᠋ᠠᠨ᠎ᠠ᠃ ᠲᠤᠬᠠᠶ ᠵᠢᠨ ᠬᠥᠮᠦᠨ᠎ᠨᠢ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠲᠡᠬᠢᠠ ᠬᠢᠨᠠᠭᠤᠯᠬᠤ᠎ᠪᠠᠷ ᠭᠤᠶᠤᠴᠢᠯᠠᠵᠤ ᠪᠣᠯᠤᠨ᠎ᠠ᠂ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠠᠴᠠ ᠲᠣᠭᠲᠠᠭ᠋ᠠᠯᠲᠠ ᠭᠠᠷᠭ᠋ᠠᠬᠤ ᠪᠥᠭᠡᠳ ᠣᠨᠳᠣᠣ ᠰᠠᠨᠠᠯ ᠭᠠᠷᠭ᠋ᠠᠭᠴᠢ ᠪᠠ ᠣᠨᠳᠣᠣ ᠰᠠᠨᠠᠯ ᠬᠦᠯᠢᠶᠡᠭᠴᠢ᠎ᠳᠤ ᠪᠢᠴᠢᠭ ᠵᠶ᠋ᠠᠷ ᠮᠠᠳᠡᠭᠳᠡᠨᠡ᠃ ᠲᠤᠬᠠᠶ ᠵᠢᠨ ᠬᠥᠮᠦᠨ᠎ᠨᠢ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠤᠨ ᠲᠣᠭᠲᠠᠭ᠋ᠠᠯᠲᠠ ᠵᠢ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠎ᠳᠤ ᠵᠡᠭ᠋ᠠᠯᠳᠦᠵᠦ ᠪᠣᠯᠤᠨ᠎ᠠ .
12. ᠡᠷᠬᠡᠲᠦ ᠬᠥᠮᠦᠨ᠎ᠨᠢ ᠨᠢᠭᠡᠨᠲᠡ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠤ ᠮᠠᠷᠭᠤᠭ᠋ᠠᠨ᠎ᠲᠠᠢ ᠪᠣᠯ ᠶᠠᠭ᠋ᠠᠬᠢᠬᠤ ᠪᠤᠢ?
ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠬᠠᠢ ᠮᠠᠷᠭᠤᠯᠳᠤᠭ᠋ᠠᠨ ᠭᠡᠳᠡᠭ᠎ᠨᠢ ᠤᠷᠢᠳᠠᠪᠠᠷ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠳᠠᠩᠰᠠᠯᠠᠭᠤᠯᠬᠤ᠎ᠪᠠᠷ ᠭᠤᠶᠤᠴᠢᠯᠠᠭᠰᠠᠨ ᠬᠥᠮᠦᠨ᠎ᠤ ᠦᠵᠡᠬᠦ᠎ᠪᠠᠷ ᠪᠤᠰᠤᠳ᠎ᠤᠨ ᠬᠣᠢ᠌ᠨ᠎ᠠ᠎ᠠᠴᠠ ᠳᠠᠩᠰᠠᠯᠠᠭᠤᠯᠬᠤ᠎ᠪᠠᠷ ᠭᠤᠶᠤᠴᠢᠯᠠᠭᠰᠠᠨ ᠲᠠᠸᠠᠷ᠎ᠤᠨ ᠲᠡᠮᠳᠡᠭ᠎ᠨᠢ ᠲᠡᠭᠦᠨ᠎ᠤ ᠠᠳᠠᠯᠢ ᠨᠢᠭᠡ ᠵᠦᠢ᠍ᠯ᠎ᠤᠨ ᠪᠤᠶᠤ ᠠᠳᠠᠯᠢᠪᠲᠤᠷ ᠲᠠᠸᠠᠷ᠎ᠲᠤ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠠᠢ ᠠᠳᠠᠯᠢ ᠪᠤᠶᠤ ᠲᠥᠰᠲᠡᠶ ᠪᠠᠢ᠌ᠨ᠎ᠠ᠃ 《ᠲᠠᠸᠠᠷ᠎ᠤᠨ ᠲᠡᠮᠳᠡᠭ᠎ᠤᠨ ᠬᠠᠤᠯᠢ》 ᠵᠢᠨ ᠠᠷᠪᠠᠨ ᠨᠢᠭᠡᠳᠦᠭᠡᠷ ᠵᠦᠢ᠍ᠯ᠎ᠤᠨ ᠲᠣᠭᠲᠠᠭ᠋ᠠᠯ ᠵᠶ᠋ᠠᠷ᠂ ᠨᠢᠭᠡᠨᠲᠡ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠤ ᠮᠠᠷᠭᠤᠭ᠋ᠠᠨ᠎ᠲᠠᠢ ᠪᠣᠯ ᠲᠤᠰ ᠲᠠᠸᠠᠷ᠎ᠤᠨ ᠲᠡᠮᠳᠡᠭ᠎ᠢ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠡᠳᠦᠷ᠎ᠠᠴᠠ ᠡᠬᠢᠯᠡᠨ ᠲᠠᠪᠤᠨ ᠵᠢᠯ᠎ᠤᠨ ᠳᠣᠲᠣᠷ᠎ᠠ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠬᠢᠨᠠᠨ ᠲᠠᠰᠤᠯᠤᠭᠤᠯᠬᠤ᠎ᠪᠠᠷ ᠭᠤᠶᠤᠴᠢᠯᠠᠵᠤ ᠪᠣᠯᠤᠨ᠎ᠠ᠃
13 . ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠦᠴᠦᠨ ᠦᠭᠡᠢ ᠪᠣᠯᠭ᠋ᠠᠬᠤ ᠰᠢᠶᠳᠪᠦᠷᠢ ᠪᠤᠶᠤ ᠲᠣᠭᠲᠠᠭ᠋ᠠᠯᠲᠠ ᠵᠢ ᠵᠥᠪᠰᠢᠶᠡᠷᠡᠬᠦ ᠦᠭᠡᠢ ᠪᠣᠯ ᠶᠠᠭ᠋ᠠᠬᠢᠬᠤ ᠪᠤᠢ?
《ᠲᠠᠸᠠᠷ᠎ᠤᠨ ᠲᠡᠮᠳᠡᠭ᠎ᠤᠨ ᠬᠠᠤᠯᠢ》 ᠵᠢᠨ ᠳᠦᠴᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠵᠶ᠋ᠠᠷ᠂ ᠲᠤᠬᠠᠶ ᠵᠢᠨ ᠬᠥᠮᠦᠨ᠎ᠨᠢ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠠᠴᠠ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯᠲᠠ ᠵᠢ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠠᠷᠠᠳ᠎ᠤᠨ ᠳᠡᠭᠡᠳᠤ ᠵᠡᠷᠭᠡ ᠵᠢᠨ ᠰᠢᠭᠦᠬᠦ ᠬᠣᠷᠢᠶᠠᠨ᠎ᠳᠤ ᠵᠡᠭ᠋ᠠᠯᠳᠦᠵᠦ ᠪᠣᠯᠤᠨ᠎ᠠ᠂ 《ᠲᠠᠸᠠᠷ᠎ᠤᠨ ᠲᠡᠮᠳᠡᠭ᠎ᠤᠨ ᠬᠠᠤᠯᠢ》 ᠵᠢᠨ ᠳᠥᠴᠢ ᠶᠢᠰᠦᠳᠦᠭᠡᠷ ᠵᠦᠢ᠍ᠯ ᠲᠤᠬᠠᠶ ᠵᠢᠨ ᠬᠥᠮᠦᠨ ᠲᠠᠸᠠᠷ᠎ᠤᠨ ᠲᠡᠮᠳᠡᠭ᠎ᠤᠨ ᠲᠣᠪᠴᠢᠶ᠎ᠠ ᠵᠢᠨ ᠭᠠᠷᠭ᠋ᠠᠭᠰᠠᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠲᠡᠬᠢᠠ ᠬᠢᠨᠠᠭᠤᠯᠬᠤ᠎ᠪᠠᠷ ᠭᠤᠶᠤᠴᠢᠯᠠᠵᠤ ᠪᠣᠯᠤᠨ᠎ᠠ᠃ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠠᠴᠠ ᠲᠣᠭᠲᠠᠭ᠋ᠠᠯ ᠭᠠᠷᠭ᠋ᠠᠬᠤ ᠪᠥᠭᠡᠳ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠨ᠎ᠡ᠃ ᠲᠤᠬᠠᠶ ᠵᠢᠨ ᠬᠥᠮᠦᠨ᠎ᠨᠢ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠤᠨ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠎ᠳᠤ ᠵᠡᠭ᠋ᠠᠯᠳᠦᠵᠦ ᠪᠣᠯᠤᠨ᠎ᠠ᠃
14. ᠶᠠᠭᠤ ᠵᠢ ᠲᠠᠸᠠᠷ᠎ᠤᠨ ᠲᠡᠮᠳᠡᠭ᠎ᠤᠨ ᠤᠯᠠᠨ ᠤᠯᠤᠰ᠎ᠤᠨ ᠳᠠᠩᠰᠠᠯᠠᠭᠤᠯᠤᠯ ᠭᠡᠬᠦ ᠪᠤᠢ? ᠭᠠᠳᠠᠭ᠋ᠠᠳᠤ᠎ᠳᠤ ᠲᠠᠸᠠᠷ᠎ᠤᠨ ᠲᠡᠮᠳᠡᠭ ᠳᠠᠩᠰᠠᠯᠠᠭᠤᠯᠬᠤ᠎ᠳᠤ ᠶᠠᠮᠠᠷ ᠬᠡᠳᠦᠨ ᠵᠦᠢ᠍ᠯ᠎ᠤᠨ ᠠᠷᠭ᠎ᠠ ᠵᠠᠮ ᠪᠠᠢ᠍ᠬᠤ ᠪᠤᠢ?
ᠲᠠᠸᠠᠷ᠎ᠤᠨ ᠲᠡᠮᠳᠡᠭ᠎ᠤᠨ ᠤᠯᠠᠨ ᠤᠯᠤᠰ᠎ᠤᠨ ᠳᠠᠩᠰᠠᠯᠠᠭᠤᠯᠤᠯ ᠭᠡᠳᠡᠭ᠎ᠨᠢ 《ᠲᠠᠸᠠᠷ᠎ᠤᠨ ᠲᠡᠮᠳᠡᠭ᠎ᠤᠨ ᠤᠯᠠᠨ ᠤᠯᠤᠰ᠎ᠤᠨ ᠳᠠᠩᠰᠠᠯᠠᠭᠤᠯᠤᠯ᠎ᠤᠨ ᠲᠤᠬᠠᠶ ᠮᠠᠳ᠋ᠷᠢᠳ᠋᠎ᠤᠨ ᠬᠡᠯᠡᠯᠴᠡᠭᠡᠷ》᠂ 《ᠲᠠᠸᠠᠷ᠎ᠤᠨ ᠲᠡᠮᠳᠡᠭ᠎ᠤᠨ ᠤᠯᠠᠨ ᠤᠯᠤᠰ᠎ᠤᠨ ᠳᠠᠩᠰᠠᠯᠠᠭᠤᠯᠤᠯ᠎ᠤᠨ ᠲᠤᠬᠠᠶ ᠮᠠᠳ᠋ᠷᠢᠳ᠋᠎ᠤᠨ ᠬᠡᠯᠡᠯᠴᠡᠭᠡᠷ᠎ᠲᠤ ᠬᠣᠯᠪᠤᠭᠳᠠᠬᠤ ᠵᠥᠪᠯᠡᠨ ᠲᠣᠭᠲᠠᠭ᠋ᠠᠭᠰᠠᠨ ᠪᠢᠴᠢᠭ》 ᠶᠣᠰᠣᠭ᠋ᠠᠷ ᠳᠡᠯᠡᠬᠡᠶ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠣᠬᠢᠶᠠᠨ ᠪᠠᠢ᠍ᠭᠤᠯᠤᠯᠳᠠ ᠵᠢᠨ ᠤᠯᠠᠨ ᠤᠯᠤᠰ᠎ᠤᠨ ᠲᠣᠪᠴᠢᠶ᠎ᠠ ᠠᠴᠠ ᠶᠠᠪᠤᠭᠤᠯᠬᠤ ᠲᠠᠸᠠᠷ᠎ᠤᠨ ᠲᠡᠮᠳᠡᠭ ᠳᠠᠩᠰᠠᠯᠠᠭᠤᠯᠬᠤ ᠶᠠᠪᠤᠳᠠᠯ᠎ᠢ ᠵᠢᠭ᠋ᠠᠳᠠᠭ᠃ ᠭᠤᠶᠤᠴᠢᠯᠠᠭᠴᠢ ᠭᠠᠳᠠᠭ᠋ᠠᠳᠤ᠎ᠳᠤ ᠲᠠᠸᠠᠷ᠎ᠤᠨ ᠲᠡᠮᠳᠡᠭ᠎ᠢ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ ᠭᠣᠣᠯᠳᠠᠭᠤ ᠬᠣᠶᠠᠷ ᠵᠦᠢ᠍ᠯ᠎ᠤᠨ ᠠᠷᠭ᠎ᠠ ᠵᠠᠮ ᠪᠤᠢ᠄
(1) ᠨᠢᠭᠡ ᠨᠢᠭᠡ ᠤᠯᠤᠰ ᠵᠶ᠋ᠠᠷ ᠳᠠᠩᠰᠠᠯᠠᠭᠤᠯᠬᠤ᠂ ᠳᠤᠬᠠᠢ᠍ᠯᠠᠪᠠᠯ ᠲᠠᠸᠠᠷ᠎ᠤᠨ ᠲᠡᠮᠳᠡᠭ ᠳᠠᠩᠰᠠᠯᠠᠭᠤᠯᠬᠤ᠎ᠪᠠᠷ ᠭᠤᠶᠤᠴᠢᠯᠠᠭᠴᠢ᠎ᠨᠢ ᠡᠯ᠎ᠡ ᠤᠯᠤᠰ᠎ᠤᠨ ᠡᠷᠬᠢᠯᠡᠠ ᠬᠠᠮᠢᠶᠠᠷᠬᠤ ᠪᠠᠢ᠍ᠭᠤᠯᠭ᠎ᠠ᠎ᠳᠤ ᠲᠤᠰ ᠲᠤᠰ ᠭᠤᠶᠤᠴᠢᠯᠠᠯ ᠭᠠᠷᠭ᠋ᠠᠨ᠎ᠠ; (2) ᠮᠠᠳ᠋ᠷᠢᠳ᠋᠎ᠤᠨ ᠭᠡᠯᠡᠯᠴᠡᠭᠡᠷ᠎ᠤᠨ ᠲᠠᠸᠠᠷ᠎ᠤᠨ ᠲᠡᠮᠳᠡᠭ᠎ᠤᠨ ᠤᠯᠠᠨ ᠤᠯᠤᠰ᠎ᠤᠨ ᠳᠠᠩᠰᠠᠯᠠᠭᠤᠯᠤᠯ᠃
15. ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ ᠵᠢᠨ ᠬᠦᠷᠢᠶ᠎ᠡ ᠬᠡᠪᠴᠢᠶ᠎ᠡ᠎ᠨᠢ ᠶᠠᠮᠠᠷ ᠪᠠᠢ᠌ᠳᠠᠭ ᠪᠤᠢ?
《ᠲᠠᠸᠠᠷ᠎ᠤᠨ ᠲᠡᠮᠳᠡᠭ᠎ᠤᠨ ᠬᠠᠤᠯᠢ》 ᠶᠣᠰᠣᠭ᠋ᠠᠷ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠵᠥᠪᠬᠡᠨ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠪᠠ ᠬᠡᠷᠡᠭᠯᠡᠬᠦ ᠵᠢ ᠬᠢᠨᠠᠨ ᠲᠣᠭᠲᠠᠭ᠋ᠠᠭᠰᠠᠨ ᠲᠠᠸᠠᠷ ᠪᠤᠶᠤ ᠦᠢ᠍ᠯᠡᠴᠢᠯᠡᠭᠡᠨ ᠵᠶ᠋ᠠᠷ ᠬᠢᠵᠠᠭ᠋ᠠᠷ ᠪᠣᠯᠭ᠋ᠠᠨ᠎ᠠ᠃ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠭᠣᠣᠯᠳᠠᠭᠤ ᠬᠡᠷᠡᠭᠯᠡᠬᠦ ᠡᠷᠬᠡ᠂ ᠰᠢᠯᠵᠢᠭᠦᠯᠦᠨ ᠥᠭᠬᠦ ᠡᠷᠬᠡ᠂ ᠵᠥᠪᠰᠢᠶᠡᠷᠡᠬᠦ ᠡᠷᠬᠡ᠂ ᠦᠷᠭᠦᠯᠵᠢᠯᠡᠨ ᠳᠡᠯᠭᠡᠨ ᠦᠵᠡᠭᠦᠯᠬᠦ ᠡᠷᠬᠡ᠂ ᠴᠠᠭ᠋ᠠᠵᠠᠯᠠᠬᠤ ᠡᠷᠬᠡ᠂ ᠪᠠᠲᠤᠯᠠᠪᠤᠷᠢ ᠭᠠᠷᠭ᠋ᠠᠬᠤ ᠡᠷᠬᠡ ᠪᠠᠭᠲᠠᠨ᠎ᠠ᠃
16. ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠡᠷᠡᠭᠯᠡᠬᠦ ᠵᠥᠪᠰᠢᠶᠡᠷᠡᠯ ᠭᠡᠵᠦ ᠶᠠᠭᠤ ᠪᠤᠢ? ᠬᠡᠷᠬᠢᠨ ᠪᠤᠰᠤᠳ ᠬᠥᠮᠦᠨ᠎ᠤ ᠬᠡᠷᠡᠭᠯᠡᠬᠦ ᠵᠢ ᠵᠥᠪᠰᠢᠶᠡᠷᠡᠭᠦ ᠪᠤᠢ?
ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠡᠷᠡᠭᠯᠡᠬᠦ ᠵᠥᠪᠰᠢᠶᠡᠷᠡᠯ ᠭᠡᠳᠡᠭ ᠪᠣᠯ ᠲᠠᠸᠠᠷ᠎ᠤᠨ ᠲᠡᠮᠳᠡᠭ᠎ᠤᠨ ᠡᠷᠬᠡᠲᠦ ᠬᠥᠮᠦᠨ ᠪᠤᠶᠤ ᠲᠡᠭᠦᠨ᠎ᠤ ᠡᠷᠬᠡ ᠣᠯᠭᠣᠭᠰᠠᠨ ᠬᠥᠮᠦᠨ᠎ᠨᠢ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠪᠤᠰᠤᠳ ᠬᠥᠮᠦᠨ ᠬᠡᠷᠡᠭᠯᠡᠬᠦ ᠵᠢ ᠵᠥᠪᠰᠢᠶᠡᠷᠡᠵᠦ᠂ ᠵᠥᠪᠰᠢᠶᠡᠷᠡᠯ ᠠᠪᠤᠭᠰᠠᠨ (ᠬᠡᠷᠡᠭᠯᠡᠬᠦ) ᠬᠥᠮᠦᠨ ᠬᠡᠷᠡᠭᠯᠡᠭᠰᠡᠨ ᠰᠦᠢ᠍ᠳᠬᠡᠯ ᠥᠭᠭᠥ᠎ᠪᠠᠷ ᠪᠣᠯᠤᠭᠰᠠᠨ ᠦᠢ᠍ᠯᠡ ᠠᠵᠢᠯᠯᠠᠭ᠎ᠠ ᠵᠢ ᠵᠢᠭ᠋ᠠᠵᠤ ᠪᠠᠢ᠌ᠨ᠎ᠠ᠃ ᠲᠠᠸᠠᠷ᠎ᠤᠨ ᠲᠡᠮᠳᠡᠭ ᠵᠶ᠋ᠠᠨ ᠳᠠᠩᠰᠠᠯᠠᠭᠤᠯᠤᠭᠰᠠᠨ ᠬᠥᠮᠦᠨ ᠲᠠᠸᠠᠷ᠎ᠤᠨ ᠲᠡᠮᠳᠡᠭ᠎ᠢ᠎ᠨᠢ ᠬᠡᠷᠡᠭᠯᠡᠬᠦ ᠵᠢ ᠵᠥᠪᠰᠢᠶᠡᠷᠡᠬᠦ ᠭᠡᠷ᠎ᠡ ᠲᠣᠭᠲᠠᠭ᠋ᠠᠳ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠵᠶ᠋ᠠᠨ ᠪᠤᠰᠤᠳ ᠬᠥᠮᠦᠨ᠎ᠳᠤ ᠬᠡᠷᠡᠭᠯᠡᠭᠦᠯᠬᠦ ᠵᠢ ᠵᠥᠪᠰᠢᠶᠡᠷᠡᠵᠦ ᠪᠣᠯᠤᠨ᠎ᠠ᠃ ᠲᠠᠸᠠᠷ᠎ᠤᠨ ᠲᠡᠮᠳᠡᠭ ᠵᠶ᠋ᠠᠨ ᠬᠡᠷᠡᠭᠯᠡᠭᠦᠯᠬᠦ ᠵᠢ ᠵᠥᠪᠰᠢᠶᠡᠷᠡᠭᠰᠡᠨ ᠭᠡᠷ᠎ᠡ᠎ᠪᠠᠨ ᠲᠠᠸᠠᠷ᠎ᠤᠨ ᠲᠡᠮᠳᠡᠭ᠎ᠤᠨ ᠲᠣᠪᠴᠢᠶᠠᠨ᠎ᠳᠤ ᠮᠡᠳᠡᠭᠦᠯᠵᠦ ᠳᠠᠩᠰᠠᠯᠠᠭᠤᠯᠤᠨ᠎ᠠ᠃
17. ᠶᠠᠭᠤ ᠵᠢ ᠲᠠᠸᠠᠷ᠎ᠤᠨ ᠲᠡᠮᠳᠡᠭ᠎ᠤᠨ ᠲᠡᠷᠢᠭᠦᠯᠡᠬᠦ ᠡᠷᠬᠡ ᠭᠡᠳᠡᠭ ᠪᠤᠢ? ᠲᠠᠸᠠᠷ᠎ᠤᠨ ᠲᠡᠮᠳᠡᠭ᠎ᠤᠨ ᠲᠡᠷᠢᠭᠦᠯᠡᠬᠦ ᠡᠷᠬᠡ ᠵᠢ ᠬᠡᠷᠬᠢᠨ ᠬᠡᠷᠡᠭᠯᠡᠬᠦ ᠪᠤᠢ?
ᠲᠠᠸᠠᠷ᠎ᠤᠨ ᠲᠡᠮᠳᠡᠭ᠎ᠢ ᠳᠠᠩᠰᠠᠯᠠᠭᠤᠯᠬᠤ᠎ᠪᠠᠷ ᠭᠤᠶᠤᠴᠢᠯᠠᠭᠴᠢ᠎ᠨᠢ ᠲᠠᠸᠠᠷ᠎ᠤᠨ ᠲᠡᠮᠳᠡᠭ ᠵᠶ᠋ᠠᠨ ᠭᠠᠳᠠᠭ᠋ᠠᠳᠤ᠎ᠳᠤ ᠳᠠᠩᠰᠠᠯᠠᠭᠤᠯᠬᠤ᠎ᠪᠠᠷ ᠠᠩᠬᠠᠳᠤᠭ᠋ᠠᠷ ᠤᠳᠠᠭ᠎ᠠ ᠭᠤᠶᠤᠴᠢᠯᠠᠯ ᠭᠠᠷᠭ᠋ᠠᠭᠰᠠᠨ ᠡᠳᠦᠷ᠎ᠠᠴᠠ ᠡᠬᠢᠯᠡᠨ ᠵᠢᠷᠭᠤᠭ᠋ᠠᠨ ᠰᠠᠷ᠎ᠠ ᠵᠢᠨ ᠳᠣᠲᠣᠷ᠎ᠠ ᠲᠡᠬᠢᠭ᠋ᠠᠦᠠ ᠳᠤᠮᠳᠠᠳᠤ ᠤᠯᠤᠰ᠎ᠲᠤ ᠠᠳᠠᠯᠢ ᠲᠠᠸᠠᠷ᠎ᠲᠠᠭᠠᠨ ᠠᠳᠠᠯᠢ ᠨᠢᠭᠡ ᠲᠠᠸᠠᠷ᠎ᠤᠨ ᠲᠡᠮᠳᠡᠭ ᠵᠶ᠋ᠠᠷ ᠲᠠᠸᠠᠷ᠎ᠤᠨ ᠲᠡᠮᠳᠡᠭ ᠳᠠᠩᠰᠠᠯᠠᠭᠤᠯᠬᠤ᠎ᠪᠠᠷ ᠭᠤᠶᠤᠴᠢᠯᠠᠭᠰᠠᠨ ᠪᠠᠢ᠍ᠪᠠᠯ ᠲᠤᠰ ᠭᠠᠳᠠᠭ᠋ᠠᠳᠤ ᠤᠯᠤᠰ᠎ᠤᠨ ᠳᠤᠮᠳᠠᠳᠤ ᠤᠯᠤᠰ᠎ᠯᠤᠭ᠎ᠠ ᠲᠣᠭᠲᠠᠭ᠋ᠠᠭᠰᠠᠨ ᠬᠡᠯᠡᠯᠴᠡᠭᠡᠷ ᠪᠤᠶᠤ ᠬᠠᠮᠲᠤ᠎ᠪᠠᠷ ᠣᠷᠣᠯᠴᠠᠭᠰᠠᠨ ᠤᠯᠡᠠ ᠤᠯᠤᠰ᠎ᠤᠨ ᠭᠡᠷ᠎ᠡ ᠵᠢᠨ ᠶᠣᠰᠣᠭ᠋ᠠᠷ ᠡᠰᠡᠬᠦᠯ᠎ᠡ ᠲᠡᠷᠢᠭᠦᠯᠡᠬᠦ ᠡᠷᠬᠡ ᠵᠢ ᠬᠠᠷᠢᠯᠴᠠᠨ ᠮᠡᠳᠡᠷᠡᠬᠦ ᠵᠠᠷᠴᠢᠮ᠎ᠤᠨ ᠶᠣᠰᠣᠭ᠋ᠠᠷ ᠲᠡᠷᠢᠭᠦᠯᠡᠬᠦ ᠡᠷᠬᠡ ᠵᠢ ᠡᠳ᠋ᠯᠡᠵᠦ ᠪᠣᠯᠤᠨ᠎ᠠ᠃ ᠲᠡᠷᠢᠭᠦᠯᠡᠬᠦ ᠡᠷᠬᠡ ᠤᠯᠬᠤ᠎ᠪᠠᠷ ᠱᠠᠭ᠋ᠠᠷᠳᠠᠪᠠᠯ ᠲᠠᠸᠠᠷ᠎ᠤᠨ ᠲᠡᠮᠳᠡᠭ᠎ᠢ ᠳᠠᠩᠰᠠᠯᠠᠭᠤᠯᠬᠤ᠎ᠪᠠᠷ ᠭᠤᠶᠤᠴᠢᠯᠠᠯ ᠭᠠᠷᠭ᠋ᠠᠬᠤ ᠦ᠊ ᠢᠡᠳᠤ ᠪᠢᠴᠢᠭ᠎ᠤᠨ ᠢᠯᠡᠷᠬᠡᠶ᠋ᠢᠯᠡᠯᠲᠡ ᠭᠠᠷᠭ᠋ᠠᠭᠰᠠᠨ ᠪᠠᠢ᠍ᠬᠤ ᠭᠡᠷᠡᠭᠲᠡᠢ᠃ ᠭᠤᠷᠪᠠᠨ ᠰᠠᠷ᠎ᠠ ᠵᠢᠨ ᠳᠣᠲᠣᠷ᠎ᠠ ᠳᠡᠪᠰᠢᠭᠦᠯᠦᠨ ᠲᠤᠰᠢᠶᠠᠬᠤ ᠬᠡᠷᠡᠭᠲᠡᠶ ᠪᠥᠭᠡᠳ ᠲᠠᠸᠠᠷ᠎ᠤᠨ ᠲᠡᠮᠳᠡᠭ᠎ᠢ ᠳᠠᠩᠰᠠᠯᠠᠭᠤᠯᠬᠤ᠎ᠪᠠᠷ ᠠᠩᠬ᠎ᠠ ᠤᠳᠠᠭ᠎ᠠ ᠭᠤᠶᠤᠴᠢᠯᠠᠭᠰᠠᠨ ᠪᠢᠴᠢᠭ ᠮᠠᠲ᠋ᠧᠷᠢᠶᠠᠯ᠎ᠤᠨ ᠬᠠᠭᠤᠯᠪᠤᠷᠢ ᠳᠡᠪᠲᠡᠷ ᠵᠶ᠋ᠠᠨ ᠲᠤᠰᠢᠶᠠᠬᠤ ᠬᠡᠷᠡᠭᠲᠡᠶ᠃
18. ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ ᠵᠢ ᠬᠠᠮᠠᠭ᠋ᠠᠯᠠᠬᠤ ᠬᠤᠭᠤᠴᠠᠭ᠎ᠠ᠎ᠨᠢ ᠬᠡᠳᠦᠶ ᠤᠷᠳᠤ ᠪᠠᠶ᠋ᠢᠳᠠᠭ ᠪᠤᠢ?
《ᠲᠠᠸᠠᠷ᠎ᠤᠨ ᠲᠡᠮᠳᠡᠭ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ᠄ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠬᠦᠴᠦᠨ ᠪᠦᠬᠦᠢ ᠬᠤᠭᠤᠴᠠᠭ᠎ᠠ᠎ᠨᠢ ᠠᠷᠪᠠᠨ ᠵᠢᠯ᠂ ᠡᠭᠦᠨ᠎ᠢ ᠬᠢᠨᠠᠨ ᠵᠥᠪᠰᠢᠶᠡᠷᠡᠵᠦ ᠳᠠᠩᠰᠠᠯᠠᠭᠰᠠᠨ ᠡᠳᠦᠷ᠎ᠠᠴᠠ ᠡᠬᠢᠯᠡᠵᠦ ᠪᠤᠳᠦᠨ᠎ᠡ᠃ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠬᠦᠴᠦᠨ ᠪᠦᠬᠦᠢ ᠬᠤᠭᠤᠴᠠᠭ᠎ᠠ᠎ᠨᠢ ᠳᠠᠭᠤᠰᠤᠭᠰᠠᠨ᠎ᠤ ᠳᠠᠷᠠᠭ᠎ᠠ ᠤᠷᠲᠤᠳᠬᠠᠵᠤ ᠳᠠᠩᠰᠠᠯᠠᠭᠤᠯᠬᠤ᠎ᠪᠠᠷ ᠭᠤᠶᠤᠴᠢᠯᠠᠵᠤ ᠪᠣᠯᠤᠨ᠎ᠠ᠃
19. ᠶᠠᠮᠠᠷ ᠶᠠᠮᠠᠷ ᠦᠢ᠍ᠯᠡ ᠠᠵᠢᠯᠯᠠᠭ᠎ᠠ᠎ᠨᠢ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠬᠠᠯᠳᠠᠭᠰᠠᠨ ᠠᠵᠢᠯᠯᠠᠭ᠎ᠠ ᠪᠣᠯᠬᠤ ᠪᠤᠢ?
《ᠲᠠᠸᠠᠷ᠎ᠤᠨ ᠲᠡᠮᠳᠡᠭ᠎ᠤᠨ ᠬᠠᠤᠯᠢ》 ᠪᠣᠯᠤᠨ ᠲᠡᠭᠦᠨ᠎ᠢ ᠬᠡᠷᠡᠭᠵᠢᠭᠦᠯᠬᠦ ᠳᠦᠷᠢᠮ᠎ᠢ ᠦᠨᠳᠦᠰᠦᠯᠡᠨ᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠬᠠᠯᠳᠠᠭᠰᠠᠨ ᠤᠢ᠍ᠢ᠍ᠯᠠ ᠠᠵᠢᠯᠯᠠᠭ᠎ᠠ᠎ᠳᠤ ᠪᠠᠭᠲᠠᠬᠤ᠎ᠨᠢ᠄
(ᠨᠢᠭᠡ) ᠲᠠᠸᠠᠷ᠎ᠤᠨ ᠲᠡᠮᠳᠡᠭ ᠳᠠᠩᠰᠠᠯᠠᠭᠤᠯᠤᠭᠴᠢ ᠵᠢᠨ ᠵᠥᠪᠰᠢᠶᠡᠷᠡᠯ ᠦᠭᠡᠢ᠎ᠪᠠᠷ ᠠᠳᠠᠯᠢ ᠨᠢᠭᠡ ᠵᠦᠢ᠍ᠯ᠎ᠤᠨ ᠲᠠᠸᠠᠷ ᠪᠤᠶᠤ ᠲᠦᠰᠲᠠᠢ ᠲᠠᠸᠠᠷ᠎ᠲᠤ ᠲᠡᠭᠦᠨ᠎ᠤ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠠᠢ ᠠᠳᠠᠯᠢ ᠪᠤᠶᠤ ᠲᠦᠰᠲᠠᠢ ᠲᠠᠸᠠᠷ᠎ᠤᠨ ᠲᠡᠮᠳᠡᠭ᠎ᠢ ᠬᠡᠷᠡᠭᠯᠡᠭᠰᠡᠨ ᠠᠵᠢᠯᠯᠠᠭ᠎ᠠ᠃
(ᠬᠣᠶᠠᠷ) ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠬᠠᠯᠳᠠᠭᠰᠠᠨ ᠲᠠᠸᠠᠷ᠎ᠢ ᠪᠣᠷᠣᠯᠠᠭᠤᠯᠤᠭᠰᠠᠨ ᠠᠵᠢᠯᠯᠠᠭ᠎ᠠ᠃
(ᠭᠤᠷᠪᠠ) ᠪᠤᠰᠤᠳ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠵᠢ ᠳᠤᠷ᠎ᠠ᠎ᠪᠠᠷ ᠵᠶ᠋ᠠᠨ ᠦᠢ᠍ᠯᠡᠳᠦᠭᠰᠡᠨ᠂ ᠡᠰᠡᠬᠦᠯ᠎ᠡ ᠬᠠᠭᠤᠷᠮᠠᠭᠯᠠᠨ ᠵᠣᠬᠢᠶᠠᠭᠰᠠᠨ᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠵᠢ ᠳᠤᠷ᠎ᠠ᠎ᠪᠠᠷ ᠵᠶ᠋ᠠᠨ ᠦᠢ᠍ᠯᠡᠳᠴᠦ ᠪᠣᠷᠣᠯᠠᠭᠤᠯᠤᠭᠰᠠᠨ ᠠᠵᠢᠯᠯᠠᠭ᠎ᠠ᠃
(ᠳᠥᠷᠪᠡ) ᠲᠠᠸᠠᠷ᠎ᠤᠨ ᠲᠡᠮᠳᠡᠭ ᠳᠠᠩᠰᠠᠯᠠᠭᠤᠯᠤᠭᠴᠢ ᠵᠢᠨ ᠵᠥᠪᠰᠢᠶᠡᠷᠡᠯ ᠦᠭᠡᠢ᠎ᠪᠠᠷ ᠲᠡᠭᠦᠨ᠎ᠤ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠥᠭᠡᠷᠡᠲᠡᠭᠦᠯᠦᠨ ᠰᠣᠯᠢᠭᠰᠠᠨ ᠪᠥᠭᠡᠳ ᠲᠤᠰ ᠥᠭᠡᠷᠡᠲᠡᠭᠦᠯᠦᠨ ᠰᠣᠯᠢᠭᠰᠠᠨ ᠲᠠᠸᠠᠷ᠎ᠤᠨ ᠲᠡᠮᠳᠡᠭ᠎ᠲᠠᠢ ᠲᠠᠸᠠᠷ᠎ᠢ ᠲᠡᠬᠢᠭ᠋ᠠᠦᠠ ᠵᠠᠬ᠎ᠠ ᠳᠡᠯᠭᠡᠭᠦᠷ᠎ᠲᠤ ᠭᠠᠷᠭ᠋ᠠᠭᠰᠠᠨ ᠠᠵᠢᠯᠯᠠᠭ᠎ᠠ᠃
(ᠲᠠᠪᠤ) ᠠᠳᠠᠯᠢ ᠨᠢᠭᠡ ᠵᠦᠢ᠍ᠯ᠎ᠤᠨ ᠪᠤᠶᠤ ᠠᠳᠠᠯᠢᠪᠲᠤᠷ ᠲᠠᠸᠠᠷ᠎ᠤᠨ ᠳᠡᠭᠡᠷ᠎ᠡ ᠪᠤᠰᠤᠳ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠠᠢ ᠠᠳᠠᠯᠢ ᠪᠤᠶᠤ ᠲᠦᠰᠲᠠᠢ ᠲᠡᠮᠳᠡᠭ᠎ᠢ ᠲᠠᠸᠠᠷ᠎ᠤᠨ ᠨᠡᠷ᠎ᠡ ᠪᠤᠶᠤ ᠲᠠᠸᠠᠷ᠎ᠤᠨ ᠴᠢᠮᠡᠭᠯᠡᠯ ᠪᠣᠯᠭ᠋ᠠᠨ ᠬᠡᠷᠡᠭᠯᠡᠵᠦ ᠤᠯᠠᠨ ᠨᠡᠶ᠋ᠢᠲᠡ ᠵᠢ ᠡᠨᠳᠡᠭᠦᠷᠡᠭᠦᠯᠦᠭᠰᠡᠨ ᠠᠵᠢᠯᠯᠠᠭ᠎ᠠ᠃
(ᠵᠢᠷᠭᠤᠭ᠎ᠠ) ᠪᠤᠰᠤᠳ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠵᠣᠷᠢᠭᠤᠳᠠ ᠲᠡᠭᠡᠭᠡᠪᠦᠷᠢ᠂ ᠰᠢᠦᠳᠠᠨ ᠵᠶ᠋ᠠᠷ ᠭᠣᠪᠢᠭᠤᠯᠬᠤ᠂ ᠨᠢᠭᠤᠨ ᠳᠠᠯᠳᠠᠯᠠᠬᠤ ᠵᠡᠷᠭᠡ᠎ᠳᠤ ᠳᠥᠭᠥᠮ ᠨᠥᠬᠥᠴᠡᠯ ᠬᠠᠩᠭ᠋ᠠᠭᠰᠠᠨ᠃ ᠪᠠᠰᠠ 《ᠲᠠᠸᠠᠷ᠎ᠤᠨ ᠲᠡᠮᠳᠡᠭ᠎ᠤᠨ ᠢᠷᠭᠡᠨ᠎ᠤ ᠵᠢᠭᠤᠷᠠᠯᠳᠤᠭ᠋ᠠᠨ᠎ᠤ ᠬᠡᠷᠡᠭ᠎ᠢ ᠰᠢᠭᠦᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠶ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠠᠢ᠍ᠯᠪᠤᠷᠢᠯᠠᠯᠲᠠ》 ᠵᠢ ᠦᠨᠳᠦᠰᠦᠯᠡᠨ ᠳᠣᠣᠷᠠᠬᠢ ᠠᠵᠢᠯᠯᠠᠭ᠎ᠠ ᠪᠣᠯ ᠪᠤᠰᠤᠳ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡᠨ᠎ᠳᠤ ᠬᠠᠯᠳᠠᠵᠤ ᠪᠣᠰᠤᠳ᠎ᠲᠤ ᠬᠣᠣᠷ ᠬᠥᠨᠥᠭᠡᠯ ᠤᠴᠠᠷᠠᠭᠤᠯᠤᠭᠰᠠᠨ ᠠᠵᠢᠯᠯᠠᠭ᠎ᠠ ᠪᠣᠯᠤᠨ᠎ᠠ᠄
(ᠨᠢᠭᠡ) ᠪᠤᠰᠤᠳ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠠᠢ ᠠᠳᠠᠯᠢ ᠪᠤᠶᠤ ᠠᠳᠠᠯᠢᠪᠲᠤᠷ ᠦᠰᠦᠭ ᠪᠢᠴᠢᠭ ᠵᠶ᠋ᠠᠷ ᠠᠵᠤ ᠠᠬᠤᠶ᠋ᠢᠯᠠᠯ᠎ᠤᠨ ᠵᠶ᠋ᠠᠨ ᠨᠡᠷᠡᠶ᠋ᠢᠳᠦᠯ ᠪᠣᠯᠭ᠋ᠠᠵᠤ ᠠᠳᠠᠯᠢ ᠪᠤᠶᠤ ᠠᠳᠠᠯᠢᠪᠲᠤᠷ ᠲᠠᠸᠠᠷ᠎ᠤᠨ ᠳᠡᠭᠡᠷ᠎ᠡ ᠲᠣᠪᠣᠢ᠍ᠢ᠍ᠯᠭ᠋ᠠᠨ ᠬᠡᠷᠡᠭᠯᠡᠵᠦ᠂ ᠬᠣᠯᠪᠣᠭᠳᠠᠯ ᠪᠦᠬᠦᠢ ᠣᠯᠠᠨ ᠨᠡᠶ᠋ᠢᠲᠡ᠎ᠳᠤ ᠠᠮᠠᠷᠬᠠᠨ ᠡ᠊ᠨᠳᠡᠭᠦᠷᠡᠯ ᠡᠭᠦᠰᠭᠡᠭᠰᠡᠨ ᠠᠵᠢᠯᠯᠠᠭ᠎ᠠ᠃
(ᠬᠣᠶᠠᠷ) ᠪᠤᠰᠤᠳ᠎ᠤᠨ ᠳᠠᠩᠰᠠᠯᠠᠭᠤᠯᠤᠭᠰᠠᠨ ᠨᠡᠷᠡᠲᠦ ᠲᠠᠸᠠᠷ᠎ᠤᠨ ᠲᠡᠮᠳᠡᠭ ᠪᠤᠶᠤ ᠲᠡᠭᠦᠨ᠎ᠤ ᠭᠣᠣᠯ ᠬᠡᠰᠡᠭ᠎ᠢ ᠪᠠᠭᠤᠯᠭ᠋ᠠᠵᠤ᠂ ᠳᠠᠭᠤᠷᠢᠶᠠᠵᠤ᠂ ᠣᠷᠴᠢᠭᠤᠯᠤᠭ᠋ᠠᠳ ᠠᠳᠠᠯᠢ ᠪᠤᠰᠤ ᠪᠤᠶᠤ ᠠᠳᠠᠯᠢᠪᠲᠤᠷ ᠪᠤᠰᠤ ᠲᠠᠸᠠᠷ ᠳᠡᠭᠡᠷ᠎ᠡ ᠲᠠᠸᠠᠷ᠎ᠤᠨ ᠲᠡᠮᠳᠡᠭ ᠪᠣᠯᠭ᠋ᠠᠨ ᠬᠡᠷᠡᠭᠯᠡᠵᠦ ᠨᠡᠶ᠋ᠢᠭᠡᠮ ᠨᠡᠶ᠋ᠢᠲᠡ᠎ᠳᠤ ᠡᠨᠳᠡᠭᠦᠷᠡᠭᠳᠡᠵᠦ᠂ ᠲᠤᠰ ᠨᠡᠷᠡᠳᠦ ᠲᠠᠸᠠᠷ᠎ᠤᠨ ᠲᠡᠮᠳᠡᠭ᠎ᠢ ᠳᠠᠩᠰᠠᠯᠠᠭᠤᠯᠤᠭᠴᠢ ᠵᠢᠨ ᠠᠰᠢᠭ ᠲᠤᠰᠠ᠎ᠳᠤ ᠬᠣᠬᠢᠷᠠᠯ ᠤᠴᠠᠷᠠᠭᠤᠯᠵᠤ ᠮᠡᠳᠡᠬᠦ ᠠᠵᠢᠯᠯᠠᠭ᠎ᠠ᠃
(ᠭᠤᠷᠪᠠ) ᠪᠤᠰᠤᠳ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠠᠢ ᠠᠳᠠᠯᠢ ᠪᠤᠶᠤ ᠠᠳᠠᠯᠢᠪᠲᠤᠷ ᠦᠰᠦᠭ ᠪᠢᠴᠢᠭ᠎ᠢ ᠰᠦᠯᠵᠢᠶᠡᠨ᠎ᠤ ᠨᠡᠷ᠎ᠡ ᠪᠣᠯᠭ᠋ᠠᠨ ᠳᠠᠩᠰᠠᠯᠠᠭᠤᠯᠤᠭᠰᠠᠨ ᠪᠥᠭᠡᠳ ᠲᠤᠰ ᠰᠦᠯᠵᠢᠶᠡᠨ᠎ᠤ ᠨᠡᠷ᠎ᠡ᠎ᠪᠠᠷ ᠳᠠᠮᠵᠢᠨ ᠬᠣᠯᠪᠣᠭᠳᠠᠯ ᠪᠦᠬᠦᠢ ᠲᠠᠸᠠᠷ᠎ᠤᠨ ᠰᠣᠯᠢᠯᠴᠠᠭ᠋ᠠᠨ᠎ᠤ ᠡᠯᠧᠺᠲᠷᠣᠨ ᠠᠷᠠᠯᠵᠢᠶ᠎ᠠ ᠬᠢᠵᠤ ᠣᠯᠠᠨ ᠨᠡᠶ᠋ᠢᠲᠡ᠎ᠳᠤ ᠠᠮᠠᠷᠬᠠᠨ ᠡ᠊ᠨᠳᠡᠭᠦᠷᠡᠯ ᠡᠭᠦᠰᠭᠡᠭᠰᠡᠨ ᠠᠵᠢᠯᠯᠠᠭ᠎ᠠ᠃
20. ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠨᠢ ᠬᠠᠯᠳᠠᠯᠭ᠎ᠠ᠎ᠳᠤ ᠤᠴᠠᠷᠠᠭᠰᠠᠨ ᠪᠣᠯ ᠶᠠᠮᠠᠷ ᠠᠷᠭ᠎ᠠ᠎ᠪᠠᠷ ᠳᠡᠮᠵᠢᠵᠦ ᠡᠷᠬᠡ᠎ᠪᠠᠨ ᠬᠠᠮᠠᠭ᠋ᠠᠯᠠᠬᠤ ᠪᠤᠶ?
(ᠨᠢᠭᠡ) ᠵᠢᠭᠤᠷᠠᠯᠳᠤᠭ᠋ᠠᠨ ᠡᠭᠦᠰᠭᠡᠭᠰᠡᠨ ᠪᠣᠯ ᠲᠤᠬᠠᠶ ᠵᠢᠨ ᠬᠥᠮᠦᠨ ᠵᠥᠪᠳᠡᠯᠴᠡᠨ ᠰᠢᠢ᠍ᠳᠪᠦᠷᠢᠯᠡᠨ᠎ᠡ᠃
(ᠬᠣᠶᠠᠷ) ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠣᠯ ᠲᠠᠸᠠᠷ᠎ᠤᠨ ᠲᠡᠮᠳᠡᠭ᠎ᠢ ᠳᠠᠩᠰᠠᠯᠠᠭᠤᠯᠤᠭᠴᠢ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠵᠡᠭ᠋ᠠᠯᠳᠦᠵᠦ ᠪᠣᠯᠤᠨ᠎ᠠ᠃
(ᠭᠤᠷᠪᠠ) ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠣᠯ ᠲᠠᠸᠠᠷ᠎ᠤᠨ ᠲᠡᠮᠳᠡᠭ᠎ᠢ ᠳᠠᠩᠰᠠᠯᠠᠭᠤᠯᠤᠭᠰᠠᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠢ᠍ᠳᠪᠤᠷᠢᠯᠡᠭᠦᠯᠬᠦᠪᠠᠷ ᠭᠤᠶᠤᠴᠢᠯᠠᠭᠰᠠᠨ ᠴᠤ᠌ ᠪᠣᠯᠤᠨ᠎ᠠ᠃
(ᠳᠥᠷᠪᠡ) ᠰᠢᠢ᠍ᠳᠪᠦᠷᠢᠯᠡᠬᠦ ᠠᠵᠢᠯ᠎ᠢ ᠬᠢᠵᠦ ᠪᠠᠶ᠋ᠢᠭ᠎ᠠ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠤᠬᠠᠶ ᠵᠢᠨ ᠬᠥᠮᠦᠨ᠎ᠤ ᠭᠤᠶᠤᠴᠢᠯᠠᠯ᠎ᠢ ᠦᠨᠳᠦᠰᠦᠯᠡᠵᠦ᠂ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠬᠠᠯᠳᠠᠭᠰᠠᠨ ᠶᠠᠪᠤᠳᠠᠯ᠎ᠳᠤ ᠳᠦᠯᠦᠭᠦᠯᠬᠦ ᠲᠣᠭ᠎ᠠ ᠬᠡᠮᠵᠢᠶ᠎ᠡ ᠵᠢᠨ ᠲᠠᠯ᠎ᠠ᠎ᠪᠠᠷ ᠡᠶᠡᠳᠡᠭᠦᠯᠵᠦ ᠪᠣᠯᠤᠨ᠎ᠠ᠂ ᠡᠶᠡᠳᠡᠭᠦᠯᠦᠭᠡᠳ ᠪᠦᠲᠦᠭᠰᠡᠨ ᠦᠭᠡᠢ ᠪᠣᠯ ᠲᠤᠬᠠᠶ ᠵᠢᠨ ᠬᠥᠮᠦᠨ 《ᠢᠷᠭᠡᠨ᠎ᠤ ᠵᠠᠷᠭᠤ ᠵᠢᠨ ᠬᠠᠤᠯᠢ》 ᠵᠢᠨ ᠶᠣᠰᠣᠭ᠋ᠠᠷ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠵᠡᠭ᠋ᠠᠯᠳᠦᠵᠦ ᠪᠣᠯᠤᠨ᠎ᠠ᠃
(ᠲᠠᠪᠤ) <12312> ᠤᠳᠠᠰᠤ᠎ᠪᠠᠷ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠢᠯᠡᠴᠢᠯᠡᠨ ᠮᠡᠳᠡᠭᠦᠯᠵᠦ ᠵᠠᠭ᠋ᠠᠯᠳᠣᠬᠤ ᠦᠢ᠍ᠯᠡᠴᠢᠯᠡᠭᠡᠨ᠎ᠤ ᠲᠥᠪ᠎ᠲᠤ ᠵᠠᠭ᠋ᠠᠯᠳᠤᠵᠤ ᠪᠣᠯᠤᠨ᠎ᠠ᠃
21. ᠲᠠᠸᠠᠷ᠎ᠤᠨ ᠲᠡᠮᠳᠡᠭ᠎ᠤᠨ ᠡᠷᠬᠡᠲᠦ ᠬᠥᠮᠦᠨ ᠬᠡᠷᠬᠢᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠭ᠎ᠠ᠎ᠳᠤ ᠥᠪᠡᠷ᠎ᠤᠨ ᠲᠠᠸᠠᠷ᠎ᠤᠨ ᠲᠡᠮᠳᠡᠭ᠎ᠤᠨ ᠡᠷᠬᠡ᠎ᠪᠠᠨ ᠬᠠᠮᠠᠭ᠋ᠠᠯᠠᠬᠤ᠎ᠪᠠᠷ ᠭᠤᠶᠤᠴᠢᠯᠠᠬᠤ ᠪᠤᠢ?
ᠲᠠᠸᠠᠷ᠎ᠤᠨ ᠲᠡᠮᠳᠡᠭ᠎ᠤᠨ ᠡᠷᠬᠡᠲᠦ ᠬᠥᠮᠦᠨ᠎ᠨᠢ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠩᠭ᠋ᠠᠬᠤ ᠴᠢᠬᠤᠯᠠᠲᠠᠢ᠄
(1) ᠵᠠᠭ᠋ᠠᠯᠳᠤᠭᠴᠢ ᠵᠢᠨ ᠬᠠᠤᠯᠢ ᠶᠣᠰᠣᠨ᠎ᠤ ᠭᠣᠣᠯ ᠴᠣᠭᠴᠠ ᠵᠢᠨ ᠬᠢᠷᠢ ᠬᠡᠮ ᠪᠠ ᠲᠠᠸᠠᠷ᠎ᠤᠨ ᠲᠡᠮᠳᠡᠭ᠎ᠢ ᠳᠠᠩᠰᠠᠯᠠᠭᠤᠯᠤᠭᠰᠠᠨ ᠭᠡᠷᠡᠴᠢ᠃
(2) ᠵᠠᠭ᠋ᠠᠯᠳᠤᠯᠭ᠎ᠠ᠎ᠳᠤ ᠡᠷᠬᠡᠪᠰᠢ ᠪᠣᠳᠠᠲᠠᠶ ᠵᠠᠭ᠋ᠠᠯᠳᠤᠬᠤ ᠡᠳᠡᠭᠡᠳ᠂ ᠡᠷᠬᠡᠨ᠎ᠳᠤ ᠬᠠᠯᠳᠠᠭᠰᠠᠨ ᠪᠣᠳᠠᠲᠤ ᠶᠠᠪᠤᠳᠠᠯ᠂ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ᠂ ᠬᠠᠤᠯᠢ ᠴᠠᠭ᠋ᠠᠵᠠ ᠵᠢᠨ ᠬᠦᠰᠡᠯ ᠱᠠᠭ᠋ᠠᠷᠳᠠᠯᠭ᠎ᠠ ᠪᠠᠢ᠍ᠬᠤ ᠬᠡᠷᠡᠭᠲᠡᠢ᠃
(3) ᠴᠢᠬᠤᠯᠠ ᠪᠦᠬᠦᠢ ᠡᠷᠬᠡ᠎ᠳᠤ ᠬᠠᠯᠳᠠᠭᠰᠠᠨ ᠭᠡᠷᠡᠴᠢ ᠪᠠᠷᠢᠮᠲᠠ᠂ ᠭᠡᠷᠡᠴᠢ ᠪᠠᠷᠢᠮᠲᠠ᠎ᠳᠤ ᠡᠷᠬᠡ᠎ᠳᠤ ᠬᠠᠯᠳᠠᠭᠰᠠᠨ ᠪᠣᠳᠠᠲᠤ ᠶᠠᠭᠤᠮ᠎ᠠ᠂ ᠲᠠᠸᠠᠷ᠎ᠤᠨ ᠲᠡᠮᠳᠡᠭ᠎ᠤᠨ ᠢᠯᠡᠳᠬᠡᠮᠵᠢ᠂ ᠬᠣᠯᠪᠣᠭᠳᠠᠯ ᠪᠦᠬᠦᠢ ᠪᠢᠯᠸᠲ ᠪᠠᠷᠢᠮᠲᠠ ᠪᠠ ᠬᠡᠷᠡᠯ ᠵᠢᠷᠤᠭ ᠵᠡᠷᠭᠡ ᠪᠠᠭᠲᠠᠨ᠎ᠠ᠃
(4) ᠭᠠᠳᠠᠭ᠋ᠠᠳᠤ ᠵᠢᠨ ᠬᠥᠮᠦᠨ ᠪᠤᠶᠤ ᠭᠠᠳᠠᠭ᠋ᠠᠳᠤ ᠵᠢᠨ ᠠᠵᠤ ᠠᠬᠤᠶ᠋ᠢᠯᠠᠯ ᠲᠡᠭᠦᠨ᠎ᠤ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠪᠠᠨ ᠬᠠᠮᠠᠭ᠋ᠠᠯᠠᠬᠤ ᠭᠤᠶᠤᠴᠢᠯᠠᠯ ᠭᠠᠷᠭ᠋ᠠᠭᠰᠠᠨ ᠪᠠᠢ᠍ᠪᠠᠯ ᠤᠯᠤᠰ᠎ᠤᠨ ᠳᠣᠭᠲᠠᠭ᠋ᠠᠯ ᠶᠣᠰᠤᠭ᠋ᠠᠷ ᠵᠣᠬᠢᠶᠠᠨ ᠪᠠᠶ᠋ᠢᠭᠤᠯᠤᠯᠲᠠ ᠠᠴᠠ ᠣᠷᠣᠯᠠᠨ ᠭᠦᠢ᠍ᠴᠡᠳᠭᠡᠨ᠎ᠡ᠃
22. ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠦᠢ᠍ᠯᠡᠳᠪᠦᠷᠢ ᠬᠤᠳᠠᠯᠳᠤᠭ᠋ᠠᠨ᠎ᠤ ᠰᠠᠯᠠᠭ᠎ᠠ ᠮᠥᠴᠢᠷ᠎ᠠᠴᠠ ᠶᠠᠮᠠᠷ ᠶᠠᠮᠠᠷ ᠵᠠᠰᠠᠭ ᠵᠠᠬᠢᠷᠭ᠋ᠠᠨ᠎ᠤ ᠰᠢᠳᠬᠡᠯ ᠥᠭᠴᠦ ᠪᠣᠯᠬᠤ ᠪᠤᠢ?
ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠮᠠᠭ᠋ᠠᠳᠯᠠᠨ ᠲᠣᠭᠲᠠᠭ᠋ᠠᠵᠤ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠪᠠᠢ᠍ᠪᠠᠯ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠲᠡᠷᠡ ᠳᠠᠷᠤᠶᠳᠤᠨᠢ ᠵᠠᠷᠯᠢᠭᠳᠠᠨ ᠵᠣᠭᠰᠣᠭ᠋ᠠᠵᠤ᠂ ᠡᠷᠬᠡ᠎ᠳᠤ ᠬᠠᠯᠳᠠᠭᠰᠠᠨ ᠲᠠᠸᠠᠷ ᠪᠠ ᠡᠷᠬᠡ᠎ᠳᠤ ᠬᠠᠯᠳᠠᠭᠰᠠᠨ ᠲᠠᠸᠠᠷ᠂ ᠦᠢ᠍ᠯᠡᠳᠬᠦ᠎ᠳᠤ ᠲᠤᠰᠬᠠᠶ ᠬᠡᠷᠡᠭᠯᠡᠭᠰᠡᠨ ᠪᠠᠭ᠋ᠠᠵᠢ ᠵᠢ ᠬᠤᠷᠢᠶᠠᠨ ᠠᠪᠴᠤ ᠤᠰᠠᠳᠬᠠᠬᠤ ᠵᠢᠨ ᠬᠠᠮᠲᠤ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠵᠦ ᠪᠣᠯᠤᠨ᠎ᠠ᠃ ᠵᠣᠭᠣᠰ ᠵᠶ᠋ᠠᠷ ᠲᠣᠷᠭ᠋ᠠᠬᠤ ᠲᠣᠭ᠎ᠠ ᠬᠡᠮᠵᠢᠶ᠎ᠡ᠎ᠨᠢ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠵᠢᠨ ᠭᠤᠷᠪᠠᠨ ᠳᠠᠬᠢᠨ᠎ᠠᠴᠠ ᠲᠤᠷᠤᠭᠰᠢ᠂ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ ᠵᠢ ᠪᠤᠳᠤᠬᠤ ᠵᠢᠨ ᠠᠷᠭ᠎ᠠ ᠦᠭᠡᠢ ᠪᠣᠯ 10 ᠲᠦᠮᠡᠨ ᠲᠥᠭᠦᠷᠢᠭ᠎ᠠᠴᠠ ᠳᠣᠷᠤᠭᠰᠢ ᠵᠣᠭᠤᠰ ᠵᠶ᠋ᠠᠷ ᠲᠣᠷᠭ᠋ᠠᠨ᠎ᠠ᠃
23. ᠨᠡᠷᠡᠲᠦ ᠲᠠᠸᠠᠷ᠎ᠤᠨ ᠲᠡᠮᠳᠡᠭ ᠭᠡᠵᠦ ᠶᠠᠭᠤ ᠪᠤᠢ? ᠳᠤᠮᠳᠠᠳᠤ ᠤᠯᠤᠰ᠎ᠲᠤ ᠶᠠᠮᠠᠷ ᠶᠠᠮᠠᠷ ᠣᠨᠴᠠᠭ᠋ᠠᠶ ᠬᠠᠮᠠᠭ᠋ᠠᠯᠠᠯᠲᠠ ᠪᠠᠶ᠋ᠢᠳᠠᠭ ᠪᠤᠢ?
《ᠨᠡᠷᠡᠳᠦ ᠲᠠᠸᠠᠷ᠎ᠤᠨ ᠲᠡᠮᠳᠡᠭ᠎ᠢ ᠮᠠᠭ᠋ᠠᠳᠯᠠᠨ ᠲᠣᠭᠲᠠᠭ᠋ᠠᠬᠤ ᠪᠠ ᠬᠠᠮᠠᠭ᠋ᠠᠯᠠᠬᠤ ᠲᠣᠭᠲᠠᠭ᠋ᠠᠯ》᠎ᠢ ᠦᠨᠳᠦᠰᠦᠯᠡᠪᠡᠯ᠂ ᠨᠡᠷᠡᠳᠦ ᠲᠠᠸᠠᠷ᠎ᠤᠨ ᠲᠡᠮᠳᠡᠭ ᠭᠡᠳᠡᠭ ᠪᠣᠯ ᠳᠤᠮᠳᠠᠳᠤ ᠤᠯᠤᠰ᠎ᠤᠨ ᠬᠣᠯᠪᠣᠭᠳᠠᠯ ᠪᠦᠬᠦᠢ ᠤᠯᠠᠨ ᠨᠡᠶ᠋ᠢᠲᠡ ᠵᠢᠨ ᠰᠠᠢ᠌ᠨ ᠮᠡᠳᠡᠳᠡᠭ ᠪᠥᠭᠡᠳ ᠨᠡᠷ᠎ᠡ ᠠᠯᠳᠠᠷᠲᠠᠢ ᠲᠠᠸᠠᠷ᠎ᠤᠨ ᠲᠡᠮᠳᠡᠭ᠎ᠢ ᠬᠡᠯᠡᠨ᠎ᠡ᠃ ᠨᠡᠷᠡᠳᠤ ᠲᠠᠸᠠᠷ᠎ᠤᠨ ᠲᠡᠮᠳᠡᠭ ᠵᠢᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠭᠡᠪᠡᠯ᠄
(ᠨᠢᠭᠡ) ᠳᠤᠮᠳᠠᠳᠤ ᠤᠯᠤᠰ᠎ᠲᠤ ᠦᠯᠦ ᠳᠠᠩᠰᠠᠯᠠᠭᠤᠯᠤᠭᠰᠠᠨ ᠨᠡᠷᠡᠲᠦ ᠲᠠᠸᠠᠷ᠎ᠤᠨ ᠲᠡᠮᠳᠡᠭ᠄ ᠠᠳᠠᠯᠢ ᠪᠤᠶᠤ ᠲᠦᠰᠲᠠᠢ ᠲᠠᠸᠠᠷ᠎ᠢ ᠳᠠᠩᠰᠠᠯᠠᠭᠤᠯᠬᠤ᠎ᠪᠠᠷ ᠭᠤᠶᠤᠴᠢᠯᠠᠭᠰᠠᠨ ᠲᠠᠸᠠᠷ᠎ᠤᠨ ᠲᠡᠮᠳᠡᠭᠲᠦ ᠵᠢ ᠪᠠᠭᠤᠯᠭ᠋ᠠᠵᠤ᠂ ᠳᠠᠭᠤᠷᠢᠶᠠᠭᠰᠠᠨ ᠪᠤᠶᠤ ᠣᠷᠴᠢᠭᠤᠯᠤᠨ ᠬᠡᠷᠡᠭᠯᠡᠭᠰᠡᠨ ᠳᠤᠮᠳᠠᠳᠤ ᠤᠯᠤᠰ᠎ᠲᠤ ᠦᠯᠦ ᠳᠠᠩᠰᠠᠯᠠᠭᠤᠯᠤᠭᠰᠠᠨ ᠨᠡᠷᠡᠲᠦ ᠲᠠᠸᠠᠷ᠎ᠤᠨ ᠲᠡᠮᠳᠡᠭ᠂ ᠠᠮᠠᠷᠬᠠᠨ ᠬᠤᠳᠬᠤᠯᠳᠤᠭᠤᠯᠬᠤ᠎ᠳᠤ ᠬᠦᠷᠦᠭᠦᠯᠦᠭᠰᠡᠨ ᠪᠣᠯ ᠲᠡᠡᠭᠰᠡᠯᠡᠵᠦ ᠥᠭᠬᠦ ᠦᠭᠡᠢ ᠪᠥᠭᠡᠳ ᠬᠡᠷᠡᠭᠯᠡᠬᠦ ᠵᠢ᠎ᠨᠢ ᠴᠠᠭ᠋ᠠᠵᠠᠯᠠᠨ᠎ᠠ᠃
(ᠬᠣᠶᠠᠷ) ᠳᠤᠮᠳᠠᠳᠤ ᠤᠯᠤᠰ᠎ᠲᠤ ᠨᠢᠭᠡᠨᠲᠡ ᠳᠠᠩᠰᠠᠯᠠᠭᠤᠯᠤᠭᠰᠠᠨ ᠨᠡᠷᠡᠳᠥ ᠲᠠᠸᠠᠷ᠎ᠤᠨ ᠲᠡᠮᠳᠡᠭ᠄ ᠠᠳᠠᠯᠢ ᠪᠤᠰᠤ ᠪᠤᠶᠤ ᠲᠦᠰᠲᠠᠢ ᠪᠤᠰᠤ ᠲᠠᠸᠠᠷ᠎ᠢ ᠳᠠᠩᠰᠠᠯᠠᠭᠤᠯᠬᠤ᠎ᠪᠠᠷ ᠭᠤᠶᠤᠴᠢᠯᠠᠭᠰᠠᠨ ᠲᠠᠸᠠᠷ᠎ᠤᠨ ᠲᠡᠮᠳᠡᠭ᠎ᠨᠢ ᠳᠤᠮᠳᠠᠳᠤ ᠤᠯᠤᠰ᠎ᠲᠤ ᠨᠢᠭᠡᠨᠲᠡ ᠳᠠᠩᠰᠠᠯᠠᠭᠤᠯᠤᠭᠰᠠᠨ ᠪᠤᠰᠤᠳ ᠬᠥᠮᠦᠨ᠎ᠤ ᠨᠡᠷᠡᠳᠦ ᠲᠠᠸᠠᠷ᠎ᠤᠨ ᠲᠡᠮᠳᠡᠭ᠎ᠢ ᠪᠠᠭᠤᠯᠭ᠋ᠠᠵᠤ᠂ ᠳᠠᠭᠤᠷᠢᠶᠠᠵᠤ᠂ ᠣᠷᠴᠢᠭᠤᠯᠵᠤ ᠨᠡᠢ᠍ᠭᠡᠮ ᠨᠠᠢ᠍ᠲᠡᠳᠤ ᠡᠨᠳᠡᠭᠦᠷᠡᠭᠳᠡᠵᠦ᠂ ᠲᠤᠰ ᠨᠡᠷᠡᠳᠦ ᠲᠠᠸᠠᠷ᠎ᠤᠨ ᠲᠡᠮᠳᠡᠭ᠎ᠢ ᠳᠠᠩᠰᠠᠯᠠᠭᠤᠯᠤᠭᠴᠢ ᠵᠢᠨ ᠠᠰᠢᠭ ᠲᠤᠰᠠ᠎ᠳᠤ ᠬᠣᠬᠢᠷᠠᠯ ᠤᠴᠠᠷᠠᠭᠤᠯᠵᠤ ᠮᠡᠳᠡᠬᠦ᠎ᠳᠤ ᠬᠦᠷᠪᠡᠯ ᠲᠡᠡᠭᠰᠡᠯᠡᠵᠦ ᠥᠭᠬᠦ ᠦᠭᠡᠢ ᠪᠥᠭᠡᠳ ᠬᠡᠷᠡᠭᠯᠡᠬᠦ ᠵᠢ᠎ᠨᠢ ᠴᠠᠭ᠋ᠠᠵᠠᠯᠠᠨ᠎ᠠ᠃ ᠡᠭᠦᠨ᠎ᠤ ᠵᠡᠷᠭᠡᠴᠡᠭᠡᠪᠡᠷ ᠨᠢᠭᠡᠨᠲᠡ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠨᠢ 《ᠲᠠᠸᠠᠷ᠎ᠤᠨ ᠲᠡᠮᠳᠡᠭ᠎ᠤᠨ ᠬᠠᠤᠯᠢ》 ᠵᠢᠨ ᠠᠷᠪᠠᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠠᠢ᠍ᠪᠠᠯ ᠲᠠᠸᠠᠷ᠎ᠤᠨ ᠲᠡᠮᠳᠡᠭ᠎ᠢ ᠳᠠᠩᠰᠠᠯᠠᠭᠤᠯᠤᠭᠰᠠᠨ ᠡᠳᠦᠷ᠎ᠠᠴᠠ ᠡᠬᠢᠯᠡᠨ ᠲᠠᠪᠤᠨ ᠵᠢᠯ᠎ᠤᠨ ᠳᠣᠲᠣᠷ᠎ᠠ᠂ ᠲᠠᠸᠠᠷ᠎ᠤᠨ ᠲᠡᠮᠳᠡᠭ᠎ᠤᠨ ᠥᠮᠴᠢᠯᠡᠭᠴᠢ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠠᠴᠠ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠲᠤᠰ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯᠲᠠ ᠭᠠᠷᠭ᠋ᠠᠬᠤ ᠵᠢ ᠭᠤᠶᠤᠴᠢᠯᠠᠵᠤ ᠪᠣᠯᠤᠨ᠎ᠠ᠃ ᠮᠠᠭᠤ ᠰᠠᠨᠠᠭ᠎ᠠ᠎ᠠᠴᠠ ᠳᠠᠩᠰᠠᠯᠠᠭᠤᠯᠤᠭᠰᠠᠨ ᠪᠠᠢ᠍ᠪᠠᠯ ᠨᠡᠷᠡᠳᠦ ᠲᠠᠸᠠᠷ᠎ᠤᠨ ᠲᠡᠮᠳᠡᠭ᠎ᠤᠨ ᠥᠮᠴᠢᠯᠡᠭᠴᠢ᠎ᠨᠢ ᠲᠠᠪᠤᠨ ᠵᠢᠯ᠎ᠤᠨ ᠬᠤᠭᠤᠴᠠᠭ᠋ᠠᠨ᠎ᠳᠤ ᠬᠢᠵᠠᠭ᠋ᠠᠷᠯᠠᠭᠳᠠᠬᠤ ᠦᠭᠡᠢ᠃
(ᠭᠤᠷᠪᠠ) ᠲᠠᠸᠠᠷ᠎ᠤᠨ ᠲᠡᠮᠳᠡᠭ᠎ᠤᠨ ᠥᠮᠴᠢᠯᠡᠭᠴᠢ ᠠᠴᠠ ᠪᠤᠰᠤ ᠬᠥᠮᠦᠨ ᠲᠡᠭᠦᠨ᠎ᠤ ᠨᠡᠷᠡᠲᠦ ᠲᠠᠸᠠᠷ᠎ᠤᠨ ᠲᠡᠮᠳᠡᠭ᠎ᠢ ᠠᠵᠤ ᠠᠬᠤᠶ᠋ᠢᠯᠠᠯ᠎ᠤᠨ ᠨᠡᠷᠡᠶ᠋ᠢᠳᠦᠯ ᠵᠶ᠋ᠠᠷ ᠳᠠᠩᠰᠠᠯᠠᠭᠤᠯᠬᠤ᠎ᠨᠢ ᠤᠯᠠᠨ ᠨᠠᠢ᠍ᠲᠡ ᠵᠢ ᠬᠠᠭᠤᠷᠤᠨ ᠮᠡᠬᠡᠯᠡᠬᠦ ᠪᠤᠶᠤ ᠣᠯᠠᠨ ᠨᠡᠶ᠋ᠢᠲᠡ᠎ᠳᠤ ᠪᠤᠷᠤᠭᠤ ᠣᠶ᠋ᠢᠯᠠᠭ᠋ᠠᠯᠲᠠ ᠥᠭᠴᠦ ᠮᠡᠳᠡᠨ᠎ᠡ ᠬᠡᠵᠤ ᠦᠵᠡᠪᠡᠯ ᠠᠵᠤ ᠠᠬᠤᠶ᠋ᠢᠯᠠᠯ᠎ᠤᠨ ᠨᠡᠷᠡᠶ᠋ᠢᠳᠦᠯ ᠳᠠᠩᠰᠠᠯᠠᠭᠤᠯᠬᠤ ᠵᠢ ᠡᠷᠬᠢᠯᠡᠨ ᠬᠠᠮᠢᠶᠠᠷᠬᠤ ᠪᠠᠶ᠋ᠢᠭᠤᠯᠭ᠎ᠠ᠎ᠳᠤ ᠬᠦᠴᠦᠨ ᠦᠭᠡᠢ ᠪᠣᠯᠭ᠋ᠠᠬᠤ᠎ᠪᠠᠷ ᠭᠤᠶᠤᠴᠢᠯᠠᠵᠤ ᠪᠣᠯᠤᠨ᠎ᠠ᠃ ᠠᠵᠤ ᠠᠬᠤᠶ᠋ᠢᠯᠠᠯ᠎ᠤᠨ ᠨᠡᠷᠡᠶ᠋ᠢᠳᠦᠯ᠎ᠤᠨ ᠳᠠᠩᠰᠠᠯᠠᠯᠳᠠ ᠡᠷᠬᠢᠯᠡᠠ ᠬᠠᠮᠢᠶᠠᠷᠬᠤ ᠪᠠᠶ᠋ᠢᠭᠤᠯᠭ᠎ᠠ᠎ᠨᠢ 《ᠠᠵᠤ ᠠᠬᠤᠶ᠋ᠢᠯᠠᠯ᠎ᠤᠨ ᠨᠡᠷᠡᠶ᠋ᠢᠳᠦᠯ᠎ᠤᠨ ᠳᠠᠩᠰᠠᠯᠠᠯᠲᠠ ᠵᠢᠨ ᠬᠠᠮᠢᠶᠠᠷᠤᠯᠲᠠ ᠵᠢᠨ ᠲᠣᠭᠲᠠᠭ᠋ᠠᠯ》 ᠶᠣᠰᠣᠭ᠋ᠠᠷ ᠰᠢᠢ᠍ᠳᠪᠦᠷᠢᠯᠡᠬᠦ ᠴᠢᠬᠤᠯᠠᠲᠠᠢ᠃
24. ᠡᠷᠬᠡᠲᠦ ᠬᠥᠮᠦᠨ᠎ᠨᠢ ᠶᠠᠮᠠᠷ ᠶᠠᠮᠠᠷ ᠠᠷᠭ᠎ᠠ ᠵᠠᠮ ᠵᠶ᠋ᠠᠷ ᠳᠠᠮᠵᠢᠭᠤᠯᠤᠨ ᠳᠤᠮᠳᠠᠳᠤ ᠤᠯᠤᠰ᠎ᠤᠨ ᠨᠡᠷᠡᠲᠦ ᠲᠠᠸᠠᠷ᠎ᠤᠨ ᠲᠡᠮᠳᠡᠭ᠎ᠢ ᠮᠠᠭ᠋ᠠᠳᠯᠠᠨ ᠲᠣᠭᠲᠠᠭ᠋ᠠᠬᠤ᠎ᠪᠠᠷ ᠭᠤᠶᠤᠴᠢᠯᠠᠬᠤ ᠪᠤᠢ?
(ᠨᠢᠭᠡ) ᠲᠠᠸᠠᠷ᠎ᠤᠨ ᠲᠡᠮᠳᠡᠭ᠎ᠤᠨ ᠡᠵᠡᠮᠰᠢᠭᠴᠢ ᠠᠴᠠ ᠥᠪᠡᠷ᠎ᠤᠨ ᠲᠠᠸᠠᠷ᠎ᠤᠨ ᠲᠡᠮᠳᠡᠭ ᠵᠶ᠋ᠠᠨ ᠨᠠᠷᠡᠳᠦ ᠲᠠᠸᠠᠷ᠎ᠤᠨ ᠲᠡᠮᠳᠡᠭ ᠭᠡᠮᠡᠨ ᠦᠵᠡᠵᠦ᠂ ᠪᠤᠰᠤᠳ ᠬᠥᠮᠦᠨ᠎ᠤ ᠠᠩᠬ᠎ᠠ ᠠᠯᠬᠤᠮ ᠬᠢᠨᠠᠨ ᠲᠣᠭᠲᠠᠭ᠋ᠠᠵᠤ ᠠᠯᠪᠠᠨ ᠵᠡᠷ ᠵᠶ᠋ᠠᠷ ᠨᠡᠶ᠋ᠢᠲᠡᠯᠡᠭᠰᠡᠨ ᠲᠠᠸᠠᠷ᠎ᠤᠨ ᠲᠡᠮᠳᠡᠭ᠎ᠨᠢ 《ᠲᠠᠸᠠᠷ᠎ᠤᠨ ᠲᠡᠮᠳᠡᠭ᠎ᠤᠨ ᠬᠠᠤᠯᠢ》 ᠶᠣᠰᠣᠭ᠋ᠠᠷ ᠨᠡᠷᠡᠳᠤ ᠲᠠᠸᠠᠷ᠎ᠤᠨ ᠲᠡᠮᠳᠡᠭ᠎ᠢ ᠬᠠᠮᠠᠭ᠋ᠠᠯᠠᠬᠤ ᠲᠣᠭᠲᠠᠭ᠋ᠠᠯ᠎ᠢ ᠵᠥᠷᠢᠴᠡᠭᠰᠡᠨ ᠬᠡᠵᠦ ᠦᠵᠡᠪᠡᠯ ᠣᠨᠳᠣᠣ ᠰᠠᠨᠠᠯ ᠳᠤᠷᠠᠳᠬᠤ ᠲᠣᠭᠲᠠᠭᠰᠠᠨ ᠬᠤᠭᠤᠴᠠᠭ᠋ᠠᠨ᠎ᠳᠤ ᠲᠠᠸᠠᠷ᠎ᠤᠨ ᠲᠡᠮᠳᠡᠭ᠎ᠤᠨ ᠲᠣᠪᠴᠢᠶ᠎ᠠ᠎ᠳᠤ ᠣᠨᠳᠣᠣ ᠰᠠᠨᠠᠯ ᠳᠤᠷᠠᠳᠴᠤ᠂ ᠲᠠᠸᠠᠷ᠎ᠤᠨ ᠲᠡᠮᠳᠡᠭ᠎ᠤᠨ ᠨᠡᠷ᠎ᠡ ᠠᠯᠳᠠᠷᠰᠢᠭᠰᠠᠨᠢ ᠭᠡᠷᠡᠴᠢᠯᠡᠬᠦ ᠬᠣᠯᠪᠣᠭᠳᠠᠯ ᠪᠦᠬᠦᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃
(ᠬᠣᠶᠠᠷ) ᠲᠠᠸᠠᠷ᠎ᠤᠨ ᠲᠡᠮᠳᠡᠭ᠎ᠤᠨ ᠡᠵᠡᠮᠰᠢᠭᠴᠢ ᠠᠴᠠ ᠥᠪᠡᠷ᠎ᠤᠨ ᠲᠠᠸᠠᠷ᠎ᠤᠨ ᠲᠡᠮᠳᠡᠭ ᠵᠶ᠋ᠠᠨ ᠨᠠᠷᠡᠳᠦ ᠲᠠᠸᠠᠷ᠎ᠤᠨ ᠲᠡᠮᠳᠡᠭ ᠭᠡᠮᠡᠨ ᠦᠵᠡᠪᠡᠯ᠂ ᠪᠤᠰᠤᠳ ᠬᠥᠮᠦᠨ᠎ᠤ ᠨᠢᠭᠡᠨᠲᠡ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠨᠢ 《ᠲᠠᠸᠠᠷ᠎ᠤᠨ ᠲᠡᠮᠳᠡᠭ᠎ᠤᠨ ᠬᠠᠤᠯᠢ》 ᠵᠢᠨ ᠨᠡᠷᠡᠳᠤ ᠲᠠᠸᠠᠷ᠎ᠤᠨ ᠲᠡᠮᠳᠡᠭ᠎ᠢ ᠬᠠᠮᠠᠭ᠋ᠠᠯᠠᠬᠤ ᠲᠣᠭᠲᠠᠭ᠋ᠠᠯ᠎ᠠᠴᠠ ᠵᠥᠷᠢᠴᠡᠭᠰᠡᠨ ᠬᠡᠵᠦ ᠦᠵᠡᠪᠡᠯ ᠲᠠᠸᠠᠷ᠎ᠤᠨ ᠲᠡᠮᠳᠡᠭ᠎ᠢ ᠬᠢᠨᠠᠨ ᠰᠢᠯᠭ᠋ᠠᠬᠤ ᠺᠣᠮᠢᠰ᠎ᠲᠤ ᠲᠤᠰ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠦᠴᠦᠨ ᠦᠭᠡᠢ ᠪᠣᠯᠭ᠋ᠠᠬᠤ ᠲᠣᠭᠲᠠᠭ᠋ᠠᠯᠲᠠ ᠭᠠᠷᠭ᠋ᠠᠬᠤ ᠵᠢ ᠭᠤᠶᠤᠴᠢᠯᠠᠬᠤ ᠪᠥᠭᠡᠳ ᠲᠠᠸᠠᠷ᠎ᠤᠨ ᠲᠡᠮᠳᠡᠭ᠎ᠤᠨ ᠨᠡᠷ᠎ᠡ ᠠᠯᠳᠠᠷᠰᠢᠭᠰᠠᠨᠢ ᠭᠡᠷᠡᠴᠢᠯᠡᠬᠦ ᠬᠣᠯᠪᠣᠭᠳᠠᠯ ᠪᠦᠬᠦᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃
(ᠭᠤᠷᠪᠠ) ᠲᠠᠸᠠᠷ᠎ᠤᠨ ᠲᠡᠮᠳᠡᠭ᠎ᠤᠨ ᠡᠵᠡᠮᠰᠢᠭᠴᠢ ᠠᠴᠠ ᠥᠪᠡᠷ᠎ᠤᠨ ᠲᠠᠸᠠᠷ᠎ᠤᠨ ᠲᠡᠮᠳᠡᠭ ᠵᠶ᠋ᠠᠨ ᠨᠠᠷᠡᠳᠦ ᠲᠠᠸᠠᠷ᠎ᠤᠨ ᠲᠡᠮᠳᠡᠭ ᠮᠥᠨ ᠭᠡᠮᠡᠨ ᠦᠵᠡᠵᠦ᠂ ᠪᠤᠰᠤᠳ᠎ᠤᠨ ᠬᠡᠷᠡᠭᠯᠡᠭᠰᠡᠨ ᠲᠠᠸᠠᠷ᠎ᠤᠨ ᠲᠡᠮᠳᠡᠭ᠎ᠨᠢ 《ᠲᠠᠸᠠᠷ᠎ᠤᠨ ᠲᠡᠮᠳᠡᠭ᠎ᠤᠨ ᠬᠠᠤᠯᠢ》 ᠵᠢᠨ ᠨᠡᠷᠡᠳᠤ ᠲᠠᠸᠠᠷ᠎ᠤᠨ ᠲᠡᠮᠳᠡᠭ ᠵᠢ ᠬᠠᠮᠠᠭ᠋ᠠᠯᠠᠬᠤ ᠲᠣᠭᠲᠠᠭ᠋ᠠᠯ ᠠᠴᠠ ᠵᠥᠷᠢᠴᠡᠭᠰᠡᠨ ᠬᠡᠵᠤ ᠦᠵᠡᠪᠡᠯ ᠪᠤᠰᠤᠳ ᠬᠥᠮᠦᠨ᠎ᠤ ᠬᠡᠷᠡᠭᠯᠡᠵᠦ ᠪᠠᠶ᠋ᠢᠭ᠎ᠠ ᠭᠠᠵᠠᠷ᠎ᠤᠨ ᠬᠣᠲᠠ (ᠲᠤᠰᠬᠠᠶ ᠣᠷᠣᠨ᠂ ᠵᠧᠦ) ᠠᠴᠠ ᠳᠡᠭᠡᠭᠰᠢᠬᠢ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠳᠤ ᠬᠡᠷᠡᠭᠯᠡᠬᠦ ᠵᠢ ᠴᠠᠭ᠋ᠠᠵᠠᠯᠠᠬᠤ ᠭᠡᠰᠡᠨ ᠪᠢᠴᠢᠭ᠎ᠤᠨ ᠬᠡᠯᠪᠡᠷᠢ ᠵᠢᠨ ᠭᠤᠶᠤᠴᠢᠯᠠᠯ ᠭᠠᠷᠭ᠋ᠠᠵᠤ᠂ ᠪᠠᠰᠠ ᠲᠠᠸᠠᠷ᠎ᠤᠨ ᠲᠡᠮᠳᠡᠭ᠎ᠤᠨ ᠨᠡᠷ᠎ᠡ ᠠᠯᠳᠠᠷᠰᠢᠭᠰᠠᠨᠢ ᠭᠡᠷᠡᠴᠢᠯᠡᠬᠦ ᠬᠣᠯᠪᠣᠭᠳᠠᠯ ᠪᠦᠬᠦᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃
(ᠳᠥᠷᠪᠡ) ᠲᠠᠸᠠᠷ᠎ᠤᠨ ᠲᠡᠮᠳᠡᠭ᠎ᠤᠨ ᠡᠵᠡᠮᠰᠢᠭᠴᠢ ᠠᠴᠠ ᠥᠪᠡᠷ᠎ᠤᠨ ᠲᠠᠸᠠᠷ᠎ᠤᠨ ᠲᠡᠮᠳᠡᠭ ᠵᠶ᠋ᠠᠨ ᠨᠠᠷᠡᠳᠦ ᠲᠠᠸᠠᠷ᠎ᠤᠨ ᠲᠡᠮᠳᠡᠭ ᠮᠥᠨ ᠭᠡᠮᠡᠨ ᠦᠵᠡᠵᠦ᠂ ᠪᠤᠰᠤᠳ᠎ᠤᠨ ᠬᠡᠷᠡᠭᠯᠡᠭᠰᠡᠨ ᠲᠠᠸᠠᠷ᠎ᠤᠨ ᠲᠡᠮᠳᠡᠭ᠎ᠨᠢ 《ᠲᠠᠸᠠᠷ᠎ᠤᠨ ᠲᠡᠮᠳᠡᠭ᠎ᠤᠨ ᠬᠠᠤᠯᠢ》 ᠵᠢᠨ ᠨᠡᠷᠡᠳᠤ ᠲᠠᠸᠠᠷ᠎ᠤᠨ ᠲᠡᠮᠳᠡᠭ᠎ᠢ ᠬᠠᠮᠠᠭ᠋ᠠᠯᠠᠬᠤ ᠲᠣᠭᠲᠠᠭ᠋ᠠᠯ ᠠᠴᠠ ᠵᠥᠷᠢᠴᠡᠭᠰᠡᠨ ᠭᠡᠵᠦ ᠦᠵᠡᠪᠡᠯ ᠠᠷᠠᠳ᠎ᠤᠨ ᠲᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠡᠷᠬᠡ᠎ᠳᠤ ᠬᠠᠯᠳᠠᠭᠰᠠᠨ ᠵᠶ᠋ᠠᠷ ᠵᠠᠭ᠋ᠠᠯᠳᠤᠬᠤ ᠵᠢᠨ ᠬᠠᠮᠲᠤ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠎ᠳᠤ ᠥᠪᠡᠷ᠎ᠤᠨ ᠲᠠᠸᠠᠷ᠎ᠤᠨ ᠲᠡᠮᠳᠡᠭ ᠵᠶ᠋ᠠᠨ ᠨᠡᠷᠡᠲᠦ ᠲᠠᠸᠠᠷ᠎ᠤᠨ ᠲᠡᠮᠳᠡᠭ ᠪᠣᠯᠬᠤ ᠵᠢ ᠮᠠᠭ᠋ᠠᠳᠯᠠᠨ ᠳᠤᠭᠳᠠᠭ᠋ᠠᠬᠤ᠎ᠪᠠᠷ ᠭᠤᠶᠤᠴᠢᠯᠡᠵᠤ ᠪᠣᠯᠤᠨ᠎ᠠ᠃
25. ᠡᠷᠬᠡᠲᠦ ᠬᠥᠮᠦᠨ᠎ᠨᠢ ᠬᠡᠷᠬᠢᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ᠎ᠳᠤ ᠨᠡᠷᠡᠳᠦ ᠲᠠᠸᠠᠷ᠎ᠤᠨ ᠲᠡᠮᠳᠡᠭ ᠵᠶ᠋ᠠᠨ ᠬᠠᠮᠠᠭ᠋ᠠᠯᠠᠬᠤ᠎ᠪᠠᠷ ᠭᠤᠶᠤᠴᠢᠯᠠᠬᠤ ᠪᠤᠢ?
《ᠨᠡᠷᠡᠳᠦ ᠲᠠᠸᠠᠷ᠎ᠤᠨ ᠲᠡᠮᠳᠡᠭ᠎ᠢ ᠮᠠᠭ᠋ᠠᠳᠯᠠᠨ ᠲᠣᠭᠲᠠᠭ᠋ᠠᠬᠤ ᠪᠠ ᠬᠠᠮᠠᠭ᠋ᠠᠯᠠᠬᠤ ᠲᠣᠭᠲᠠᠭ᠋ᠠᠯ》᠎ᠢ ᠦᠨᠳᠦᠰᠦᠯᠡᠪᠡᠯ᠂ ᠲᠤᠬᠠᠶ ᠵᠢᠨ ᠬᠥᠮᠦᠨ᠎ᠤ ᠦᠵᠡᠬᠦ᠎ᠪᠠᠷ ᠪᠤᠰᠤᠳ᠎ᠤᠨ ᠬᠡᠷᠡᠭᠯᠡᠭᠰᠡᠨ ᠲᠠᠸᠠᠷ᠎ᠤᠨ ᠲᠡᠮᠳᠡᠭ᠎ᠨᠢ 《ᠲᠠᠸᠠᠷ᠎ᠤᠨ ᠲᠡᠮᠳᠡᠭ᠎ᠤᠨ ᠬᠠᠤᠯᠢ》 ᠵᠢᠨ ᠠᠷᠪᠠᠨ ᠭᠤᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠢ᠍ᠳᠠᠯ᠎ᠳᠤ ᠲᠤᠭ᠋ᠠᠴᠢᠭᠳᠠᠪᠠᠯ ᠨᠡᠷᠡᠳᠦ ᠲᠠᠸᠠᠷ᠎ᠤᠨ ᠲᠡᠮᠳᠡᠭ ᠵᠶ᠋ᠠᠨ ᠬᠠᠮᠠᠭ᠋ᠠᠯᠠᠬᠤ᠎ᠪᠠᠷ ᠭᠤᠶᠤᠴᠢᠯᠠᠵᠤ ᠪᠣᠯᠤᠨ᠎ᠠ᠂ ᠬᠡᠷᠡᠭ ᠭᠠᠷᠤᠭᠰᠠᠨ ᠭᠠᠵᠠᠷ᠎ᠤᠨ ᠬᠣᠲᠠ (ᠲᠤᠰᠬᠠᠶ ᠣᠷᠣᠨ᠂ ᠵᠧᠦ)᠎ᠠᠴᠠ ᠳᠡᠭᠡᠭᠰᠢᠬᠢ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠡᠷᠡᠭᠯᠡᠬᠦ ᠵᠢ ᠴᠠᠭ᠋ᠠᠵᠠᠯᠠᠬᠤ ᠭᠡᠰᠡᠨ ᠪᠢᠴᠢᠭ᠎ᠤᠨ ᠬᠡᠯᠪᠡᠷᠢ ᠵᠢᠨ ᠭᠤᠶᠤᠴᠢᠯᠠᠯ ᠭᠠᠷᠭ᠋ᠠᠬᠤ ᠪᠥᠭᠡᠳ ᠲᠠᠸᠠᠷ᠎ᠤᠨ ᠲᠡᠮᠳᠡᠭ᠎ᠤᠨ ᠨᠡᠷ᠎ᠡ ᠠᠯᠳᠠᠷᠰᠢᠭᠰᠠᠨᠢ ᠭᠡᠷᠡᠴᠢᠯᠡᠬᠦ ᠬᠣᠯᠪᠣᠭᠳᠠᠯ ᠪᠦᠬᠦᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃ ᠡᠭᠦᠨ᠎ᠤ ᠬᠠᠮᠲᠤ ᠲᠡᠭᠦᠨ᠎ᠤ ᠪᠠᠶ᠋ᠢᠭ᠎ᠠ ᠭᠠᠵᠠᠷ ᠣᠷᠣᠨ᠎ᠤ ᠮᠤᠵᠢ ᠵᠢᠨ ᠱᠠᠲᠤᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠠᠭᠤᠯᠤᠨ ᠮᠡᠳᠡᠭᠦᠯᠦᠨ᠎ᠡ᠃
26. ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠪᠣᠯᠤᠨ ᠠᠵᠤ ᠠᠬᠤᠶ᠋ᠢᠯᠠᠯ᠎ᠤᠨ ᠨᠡᠷᠡᠶ᠋ᠢᠳᠦᠯ᠎ᠨᠢ ᠬᠤᠳᠬᠤᠯᠳᠤᠭᠰᠠᠨ ᠦᠶ᠎ᠡ᠎ᠳᠤ ᠶᠠᠮᠠᠷ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠢ᠍ᠳᠪᠦᠷᠢᠯᠡᠵᠦ ᠪᠣᠯᠬᠤ ᠪᠤᠢ?
(ᠨᠢᠭᠡ) ᠦᠢ᠍ᠯᠡᠳᠪᠦᠷᠢ ᠬᠤᠳᠠᠯᠳᠤᠭ᠋ᠠᠨ᠎ᠤ ᠰᠠᠯᠠᠭ᠎ᠠ ᠮᠥᠴᠢᠷ᠎ᠨᠢ 《ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠠᠤᠯᠢ》᠂ 《ᠲᠠᠸᠠᠷ᠎ᠤᠨ ᠲᠡᠮᠳᠡᠭ᠎ᠤᠨ ᠬᠠᠤᠯᠢ》᠂ 《ᠠᠵᠤ ᠠᠬᠤᠢ᠍ᠯᠠᠯ᠎ᠤᠨ ᠨᠡᠷᠡᠶ᠋ᠢᠳᠦᠯ᠎ᠤᠨ ᠳᠠᠩᠰᠠᠯᠠᠯᠲᠠ ᠵᠢᠨ ᠬᠠᠮᠢᠶᠠᠷᠤᠯᠲᠠ ᠵᠢᠨ ᠲᠣᠭᠲᠠᠭ᠋ᠠᠯ》᠂ 《ᠠᠵᠤ ᠠᠬᠤᠶ᠋ᠢᠯᠠᠯ᠎ᠤᠨ ᠨᠡᠷᠡᠶ᠋ᠢᠳᠦᠯ᠎ᠤᠨ ᠳᠠᠩᠰᠠᠯᠠᠯᠲᠠ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠶᠣᠰᠣᠭ᠋ᠠᠷ ᠰᠢᠢ᠍ᠳᠪᠤᠷᠢᠯᠡᠨ᠎ᠡ᠃
(ᠬᠣᠶᠠᠷ) ᠬᠠᠤᠯᠢ ᠴᠠᠭ᠋ᠠᠵᠠ ᠵᠢᠨ ᠠᠷᠭ᠎ᠠ᠎ᠪᠠᠷ ᠰᠢᠢ᠍ᠳᠪᠦᠷᠢᠯᠡᠨ᠎ᠡ᠃
27. ᠲᠠᠸᠠᠷ᠎ᠤᠨ ᠲᠡᠮᠳᠡᠭ᠎ᠤᠨ ᠡᠷᠬᠡ᠎ᠳᠤ ᠬᠠᠯᠳᠠᠭᠰᠠᠨ ᠶᠠᠯ᠎ᠠ ᠭᠡᠵᠦ ᠶᠠᠭᠤ ᠶᠠᠭᠤ ᠪᠠᠶ᠋ᠢᠳᠠᠭ ᠪᠤᠢ?
(ᠨᠢᠭᠡ) ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠠᠭᠤᠷᠮᠠᠭᠯᠠᠨ ᠬᠡᠷᠡᠭᠯᠡᠭᠰᠡᠨ ᠶᠠᠯ᠎ᠠ᠃ 《ᠡᠷᠡᠭᠦᠦ ᠵᠢᠨ ᠬᠠᠤᠯᠢ》 ᠵᠢᠨ ᠬᠣᠶᠠᠷ ᠵᠠᠭᠤ ᠠᠷᠪᠠᠨ ᠭᠤᠷᠪᠠᠳᠤᠭ᠋ᠠᠷ ᠵᠦᠢ᠍ᠯ᠎ᠢ ᠦᠨᠳᠦᠰᠦᠯᠡᠪᠡᠯ᠂ ᠲᠠᠸᠠᠷ᠎ᠤᠨ ᠲᠡᠮᠳᠡᠭ᠎ᠤᠨ ᠥᠮᠴᠢᠯᠡᠭᠴᠢ ᠵᠢᠨ ᠵᠥᠪᠰᠢᠶᠡᠷᠡᠯ ᠦᠭᠡᠢ᠎ᠪᠠᠷ ᠠᠳᠠᠯᠢ ᠨᠢᠭᠡ ᠵᠦᠢ᠍ᠯ᠎ᠤᠨ ᠲᠠᠸᠠᠷ᠎ᠲᠤ ᠲᠡᠭᠦᠨ᠎ᠤ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠲᠠᠢ ᠠᠳᠠᠯᠢ ᠲᠠᠸᠠᠷ᠎ᠤᠨ ᠲᠡᠮᠳᠡᠭ᠎ᠢ ᠬᠡᠷᠡᠭᠯᠡᠵᠦ᠂ ᠦᠢ᠍ᠯᠡ ᠪᠠᠢ᠍ᠳᠠᠯ᠎ᠨᠢ ᠬᠦᠨᠳᠦ ᠨᠣᠴᠢᠲᠠᠶ ᠪᠠᠢ᠍ᠪᠠᠯ ᠭᠤᠷᠪᠠᠨ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ᠎ᠪᠠᠷ ᠰᠢᠳᠬᠡᠵᠤ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠬᠦ ᠪᠤᠶᠤ ᠲᠠᠩ ᠵᠶ᠋ᠠᠷ ᠰᠢᠳᠬᠡᠨ᠎ᠡ᠃ ᠤᠢ᠍ᠢ᠍ᠯᠠ ᠪᠠᠢ᠍ᠳᠠᠯ᠎ᠨᠢ ᠣᠨᠴᠠᠭ᠋ᠠᠶ ᠬᠦᠨᠳᠦ ᠨᠣᠴᠢᠲᠠᠶ ᠪᠠᠢ᠍ᠪᠠᠯ ᠭᠤᠷᠪᠠᠨ ᠵᠢᠯ᠎ᠠᠴᠠ ᠳᠡᠭᠡᠭᠰᠢ ᠲᠤᠯᠦᠭ᠋ᠠᠠ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠣᠷᠢᠬᠤ᠎ᠪᠠᠷ ᠰᠢᠳᠭᠡᠬᠦ ᠵᠢᠨ ᠬᠠᠮᠳᠦ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠨ᠎ᠡ᠃ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠵᠡᠷᠭᠡ ᠵᠢᠨ ᠪᠠᠢ᠍ᠴᠠᠭ᠋ᠠᠬᠤ ᠬᠣᠷᠢᠶ᠎ᠠ ᠵᠢᠨ ᠬᠠᠣᠯᠢ ᠪᠠᠷᠢᠬᠤ ᠲᠤᠬᠠᠢ ᠲᠠᠢ᠌ᠯᠪᠤᠷᠢᠯᠠᠯᠲᠠ ᠵᠢ ᠦᠨᠳᠦᠰᠦᠯᠡᠪᠡᠯ᠂ 《ᠦᠢ᠍ᠯᠡ ᠪᠠᠢ᠍ᠳᠠᠯ᠎ᠨᠢ ᠬᠦᠨᠳᠦ ᠨᠣᠴᠢᠲᠠᠶ》 ᠪᠠᠢ᠌ᠪᠠᠰᠤ᠄
(1) ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ ᠲᠦᠮᠡᠨ ᠲᠥᠭᠦᠷᠢᠭ᠎ᠠᠴᠠ ᠳᠡᠭᠡᠭᠰᠢ ᠪᠤᠶᠤ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ᠃
(2) ᠬᠣᠶᠠᠷ᠎ᠠᠴᠠ ᠳᠡᠭᠡᠭᠰᠢ ᠵᠦᠢ᠍ᠯ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠠᠭᠤᠷᠮᠠᠭᠯᠠᠨ ᠬᠡᠷᠡᠭᠯᠡᠵᠦ᠂ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠭᠤᠷᠪᠠᠨ ᠲᠦᠮᠡᠨ ᠲᠥᠭᠦᠷᠢᠭ᠎ᠠᠴᠠ ᠳᠡᠭᠡᠭᠰᠢ ᠪᠤᠶᠤ ᠬᠠᠤᠯᠢ ᠠᠴᠠ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠬᠣᠶᠠᠷ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ᠃
(3) ᠤᠢ᠍ᠢ᠍ᠯᠠ ᠪᠠᠢ᠍ᠳᠠᠯ᠎ᠨᠢ ᠬᠦᠨᠳᠦ ᠨᠣᠴᠢᠲᠠᠶ ᠪᠤᠰᠤᠳ ᠪᠠᠢ᠍ᠳᠠᠯ᠃
《ᠦᠢ᠍ᠯᠡ ᠪᠠᠢ᠍ᠳᠠᠯ᠎ᠨᠢ ᠣᠨᠴᠠᠭ᠋ᠠᠶ ᠬᠦᠨᠳᠦ ᠨᠣᠴᠢᠲᠠᠶ》 ᠪᠠᠢ᠍ᠳᠠᠯ᠎ᠳᠤ ᠳᠣᠣᠷᠠᠬᠢ ᠵᠦᠢ᠍ᠯ᠎ᠤᠳ ᠪᠠᠭᠲᠠᠨ᠎ᠠ᠄
(1) ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠬᠣᠷᠢᠨ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠪᠤᠶᠤ ᠬᠠᠤᠯᠢ ᠠᠴᠠ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠠᠷᠪᠠᠨ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ;
(2) ᠬᠣᠶᠠᠷ᠎ᠠᠴᠠ ᠳᠡᠭᠡᠭᠰᠢ ᠵᠦᠢ᠍ᠯ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠠᠭᠤᠷᠮᠠᠭᠯᠠᠨ ᠬᠡᠷᠡᠭᠯᠡᠵᠦ᠂ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠠᠷᠪᠠᠨ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠪᠤᠶᠤ ᠬᠠᠤᠯᠢ ᠠᠴᠠ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠠᠷᠪᠠᠨ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ;
(3) ᠤᠢ᠍ᠢ᠍ᠯᠠ ᠪᠠᠢ᠍ᠳᠠᠯ᠎ᠨᠢ ᠣᠨᠴᠠᠭ᠋ᠠᠶ ᠬᠦᠨᠳᠦ ᠨᠣᠴᠢᠲᠠᠶ ᠪᠤᠰᠤ ᠪᠠᠢ᠍ᠳᠠᠯ᠃
(ᠬᠣᠶᠠᠷ) ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠠᠭᠤᠷᠮᠠᠭᠯᠠᠨ ᠬᠡᠷᠡᠭᠯᠡᠭᠰᠡᠨ ᠲᠠᠸᠠᠷ᠎ᠢ ᠪᠣᠷᠣᠯᠠᠭᠤᠯᠤᠭᠰᠠᠨ ᠶᠠᠯ᠎ᠠ᠃ 《ᠡᠷᠡᠭᠦᠦ ᠵᠢᠨ ᠬᠠᠤᠯᠢ》 ᠵᠢᠨ ᠬᠣᠶᠠᠷ ᠵᠠᠭᠤ ᠠᠷᠪᠠᠨ ᠳᠥᠷᠪᠡᠳᠦᠭᠡᠷ ᠵᠦᠢ᠍ᠯ᠎ᠢ ᠦᠨᠳᠦᠰᠦᠯᠡᠪᠡᠯ᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠠᠭᠤᠷᠮᠠᠭᠯᠠᠨ ᠬᠡᠷᠡᠭᠯᠡᠭᠰᠡᠨ ᠲᠠᠸᠠᠷ ᠪᠣᠯᠬᠤ ᠵᠢ ᠲᠣᠳᠣᠷᠬᠠᠶ ᠮᠡᠳᠡᠵᠦ ᠪᠠᠢ᠍ᠭ᠋ᠠᠳ ᠪᠣᠷᠤᠯᠠᠭᠤᠯᠵᠤ᠂ ᠪᠣᠷᠣᠯᠠᠭᠤᠯᠤᠭᠰᠠᠨ ᠵᠣᠭᠣᠰ᠎ᠤᠨ ᠲᠣᠭ᠎ᠠ ᠬᠡᠮᠵᠢᠶ᠎ᠡ᠎ᠨᠢ ᠨᠡᠯᠢᠶᠡᠳ ᠶᠡᠬᠡ ᠪᠠᠢ᠍ᠪᠠᠯ ᠭᠤᠷᠪᠠᠨ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ᠎ᠪᠠᠷ ᠰᠢᠳᠭᠡᠨ᠎ᠡ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠬᠦ ᠪᠤᠶᠤ ᠲᠠᠩ ᠵᠶ᠋ᠠᠷ ᠰᠢᠳᠬᠡᠨ᠎ᠡ᠃ ᠪᠣᠷᠣᠯᠠᠭᠤᠯᠤᠭᠰᠠᠨ ᠵᠣᠭᠣᠰ᠎ᠤᠨ ᠲᠣᠭ᠎ᠠ ᠬᠡᠮᠵᠢᠶ᠎ᠡ᠎ᠨᠢ ᠲᠤᠡᠭ ᠶᠡᠬᠡ ᠪᠠᠢ᠍ᠪᠠᠯ ᠭᠤᠷᠪᠠᠨ ᠵᠢᠯ᠎ᠠᠴᠠ ᠳᠡᠭᠡᠭᠰᠢ ᠲᠤᠯᠦᠭ᠋ᠠᠠ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠣᠷᠢᠬᠤ᠎ᠪᠠᠷ ᠰᠢᠳᠬᠡᠵᠤ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠨ᠎ᠡ᠃ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠵᠡᠷᠭᠡ ᠵᠢᠨ ᠪᠠᠢ᠍ᠴᠠᠭ᠋ᠠᠬᠤ ᠬᠣᠷᠢᠶ᠎ᠠ ᠵᠢᠨ ᠬᠠᠤᠯᠢ ᠴᠠᠭ᠋ᠠᠵᠠ ᠵᠢᠨ ᠲᠠᠢ᠍ᠯᠪᠤᠷᠢᠯᠠᠯᠲᠠ ᠵᠢ ᠦᠨᠳᠦᠰᠦᠯᠡᠨ᠂ ᠪᠣᠷᠣᠯᠠᠭᠤᠯᠤᠭᠰᠠᠨ ᠵᠣᠭᠣᠰ᠎ᠤᠨ ᠲᠣᠭ᠎ᠠ ᠬᠡᠮᠵᠢᠶ᠎ᠡ᠎ᠨᠢ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠪᠠᠢ᠍ᠪᠠᠯ᠂ 《ᠲᠣᠭ᠎ᠠ ᠬᠡᠮᠵᠢᠶ᠎ᠡ᠎ᠨᠢ ᠨᠡᠯᠢᠶᠡᠳ ᠶᠡᠬᠡ》᠂ ᠪᠣᠷᠣᠯᠠᠭᠤᠯᠤᠭᠰᠠᠨ ᠵᠣᠭᠣᠰ᠎ᠤᠨ ᠲᠣᠭ᠎ᠠ ᠬᠡᠮᠵᠢᠶ᠎ᠡ᠎ᠨᠢ ᠬᠣᠷᠢᠨ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠪᠠᠢ᠍ᠪᠠᠯ᠂ 《ᠲᠣᠭ᠎ᠠ ᠬᠡᠮᠵᠢᠶ᠎ᠡ᠎ᠨᠢ ᠲᠣᠮᠤ ᠶᠡᠬᠡ》᠎ᠳᠤ ᠲᠣᠭ᠋ᠠᠴᠢᠭᠳᠠᠨ᠎ᠠ᠃
(ᠭᠤᠷᠪᠠ) ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠵᠢ ᠬᠠᠤᠯᠢ ᠪᠤᠰᠤ᠎ᠪᠠᠷ ᠦᠢ᠍ᠯᠡᠳᠴᠦ᠂ ᠬᠠᠤᠯᠢ ᠪᠤᠰᠤ᠎ᠪᠠᠷ ᠪᠣᠷᠣᠯᠠᠭᠤᠯᠤᠭᠰᠠᠨ ᠶᠠᠯ᠎ᠠ᠃ 《ᠡᠷᠡᠭᠦᠦ ᠵᠢᠨ ᠬᠠᠤᠯᠢ》 ᠵᠢᠨ ᠬᠣᠶᠠᠷ ᠵᠠᠭᠤ ᠠᠷᠪᠠᠨ ᠲᠠᠪᠤᠳᠤᠭ᠋ᠠᠷ ᠵᠦᠢ᠍ᠯ᠎ᠢ ᠦᠨᠳᠦᠰᠦᠯᠡᠪᠡᠯ᠂ ᠪᠤᠰᠤᠳ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠲᠡᠮᠳᠡᠭ᠎ᠢ ᠬᠠᠭᠤᠷᠮᠠᠭᠯᠠᠨ ᠦᠢ᠍ᠯᠡᠳᠴᠦ᠂ ᠳᠤᠷ᠎ᠠ᠎ᠪᠠᠷ ᠵᠶ᠋ᠠᠨ ᠵᠣᠬᠢᠶᠠᠭᠰᠠᠨ ᠪᠤᠶᠤ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠲᠡᠮᠳᠡᠭ᠎ᠢ ᠬᠠᠭᠤᠷᠮᠠᠭᠯᠠᠨ ᠦᠢ᠍ᠯᠡᠳᠴᠦ᠂ ᠳᠤᠷ᠎ᠠ᠎ᠪᠠᠷ ᠵᠶ᠋ᠠᠨ ᠵᠣᠬᠢᠶᠠᠭᠰᠠᠨ ᠦᠢ᠍ᠯᠡ ᠪᠠᠢ᠍ᠳᠠᠯ᠎ᠨᠢ ᠬᠦᠨᠳᠦ ᠨᠣᠴᠢᠲᠠᠶ ᠪᠠᠢ᠍ᠪᠠᠯ ᠭᠤᠷᠪᠠᠨ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠣᠷᠢᠬᠤ᠂ ᠬᠣᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ᠎ᠪᠠᠷ ᠰᠢᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠬᠦ ᠪᠤᠶᠤ ᠲᠠᠩ ᠵᠶ᠋ᠠᠷ ᠰᠢᠳᠬᠡᠨ᠎ᠡ᠃ ᠤᠢ᠍ᠯᠡ ᠪᠠᠢ᠍ᠳᠠᠯ᠎ᠨᠢ ᠣᠨᠴᠠᠭ᠋ᠠᠶ ᠬᠦᠨᠳᠦ ᠨᠣᠴᠢᠲᠠᠶ ᠪᠠᠢ᠍ᠪᠠᠯ ᠭᠤᠷᠪᠠᠨ ᠵᠢᠯ᠎ᠠᠴᠠ ᠳᠡᠭᠡᠭᠰᠢ ᠲᠤᠯᠦᠭ᠋ᠠᠠ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠣᠷᠢᠬᠤ᠎ᠪᠠᠷ ᠰᠢᠳᠭᠡᠬᠦ ᠵᠢᠨ ᠬᠠᠮᠲᠤ ᠵᠣᠭᠣᠰ ᠵᠶ᠋ᠠᠷ ᠲᠣᠷᠭ᠋ᠠᠵᠤ ᠰᠢᠳᠬᠡᠨ᠎ᠡ᠃ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠂ ᠳᠡᠭᠡᠳᠦ ᠵᠡᠷᠭᠡ ᠵᠢᠨ ᠪᠠᠢ᠍ᠴᠠᠭ᠋ᠠᠬᠤ ᠬᠣᠷᠢᠶ᠎ᠠ ᠵᠢᠨ ᠬᠠᠤᠯᠢ ᠴᠠᠭ᠋ᠠᠵᠠ ᠵᠢᠨ ᠲᠠᠢ᠍ᠯᠪᠤᠷᠢᠯᠠᠯᠲᠠ ᠵᠢ ᠦᠨᠳᠦᠰᠦᠯᠡᠪᠡᠯ᠂ 《ᠦᠢ᠍ᠯᠡ ᠪᠠᠢ᠍ᠳᠠᠯ᠎ᠨᠢ ᠬᠦᠨᠳᠦ ᠨᠣᠴᠢᠲᠠᠶ》 ᠭᠡᠳᠡᠭ᠎ᠨᠢ ᠳᠣᠣᠷᠠᠬᠢ ᠪᠠᠢ᠍ᠳᠠᠯ᠎ᠳᠤ ᠪᠠᠭᠲᠠᠨ᠎ᠠ᠄
(1) ᠬᠠᠭᠤᠷᠮᠠᠭᠯᠠᠨ ᠦᠢ᠍ᠯᠡᠳᠴᠦ᠂ ᠳᠤᠷ᠎ᠠ᠎ᠪᠠᠷ ᠵᠶ᠋ᠠᠨ ᠵᠣᠬᠢᠶᠠᠭᠰᠠᠨ ᠪᠤᠶᠤ ᠬᠠᠭᠤᠷᠮᠠᠭᠯᠠᠨ ᠦᠢ᠍ᠯᠡᠳᠴᠦ ᠪᠣᠷᠤᠯᠠᠭᠤᠯᠤᠭᠰᠠᠨ᠂ ᠳᠤᠷ᠎ᠠ᠎ᠪᠠᠷ ᠵᠶ᠋ᠠᠨ ᠵᠣᠬᠢᠶᠠᠭᠰᠠᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠲᠡᠮᠳᠡᠭ᠎ᠨᠢ ᠬᠣᠶᠠᠷ ᠲᠦᠮᠡᠨ ᠬᠤᠪᠢ᠎ᠠᠴᠠ ᠳᠡᠭᠡᠭᠰᠢ ᠪᠤᠶᠤ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠡᠰᠡᠬᠦᠯ᠎ᠡ ᠬᠠᠤᠯᠢ ᠠᠴᠠ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠭᠤᠷᠪᠠᠨ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ᠃
(2) ᠬᠠᠭᠤᠷᠮᠠᠭᠯᠠᠨ ᠦᠢ᠍ᠯᠡᠳᠴᠦ᠂ ᠳᠤᠷ᠎ᠠ᠎ᠪᠠᠷ ᠵᠶ᠋ᠠᠨ ᠵᠣᠬᠢᠶᠠᠭᠰᠠᠨ ᠪᠤᠶᠤ ᠬᠠᠭᠤᠷᠮᠠᠭᠯᠠᠨ ᠦᠢ᠍ᠯᠡᠳᠴᠦ ᠪᠣᠷᠤᠯᠠᠭᠤᠯᠤᠭᠰᠠᠨ᠎ᠨᠢ ᠬᠣᠶᠠᠷ᠎ᠠᠴᠠ ᠳᠡᠭᠡᠭᠰᠢ ᠵᠦᠢ᠍ᠯ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠲᠡᠮᠳᠡᠭ ᠪᠠᠢ᠍ᠵᠤ᠂ ᠲᠣᠭ᠎ᠠ ᠬᠡᠮᠵᠢᠶ᠎ᠡ᠎ᠨᠢ ᠲᠦᠮᠡᠨ ᠬᠤᠪᠢ᠎ᠠᠴᠠ ᠳᠡᠭᠡᠭᠰᠢ ᠪᠤᠶᠤ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠭᠤᠷᠪᠠᠨ ᠲᠦᠮᠡᠨ ᠲᠥᠭᠦᠷᠢᠭ᠎ᠠᠴᠠ ᠳᠡᠭᠡᠭᠰᠢ ᠡᠰᠡᠬᠦᠯ᠎ᠡ ᠬᠠᠤᠯᠢ ᠠᠴᠠ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠬᠣᠶᠠᠷ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ᠃ (3) ᠦᠢ᠍ᠯᠡ ᠪᠠᠢ᠍ᠳᠠᠯ᠎ᠨᠢ ᠬᠦᠨᠳᠦ ᠨᠣᠴᠢᠲᠠᠶ ᠪᠤᠰᠤᠳ ᠪᠠᠢ᠍ᠳᠠᠯ᠃
《ᠦᠢ᠍ᠯᠡ ᠪᠠᠢ᠍ᠳᠠᠯ᠎ᠨᠢ ᠣᠨᠴᠠᠭ᠋ᠠᠶ ᠬᠦᠨᠳᠦ ᠨᠣᠴᠢᠲᠠᠶ》 ᠪᠠᠢ᠍ᠳᠠᠯ᠎ᠳᠤ ᠲᠣᠭ᠋ᠠᠴᠢᠭᠳᠠᠬᠤᠨᠢ᠄
(1) ᠬᠠᠭᠤᠷᠮᠠᠭᠯᠠᠨ ᠦᠢ᠍ᠯᠡᠳᠴᠦ᠂ ᠳᠤᠷ᠎ᠠ᠎ᠪᠠᠷ ᠵᠶ᠋ᠠᠨ ᠵᠣᠬᠢᠶᠠᠭᠰᠠᠨ ᠪᠤᠶᠤ ᠬᠠᠭᠤᠷᠮᠠᠭᠯᠠᠨ ᠦᠢ᠍ᠯᠡᠳᠴᠦ ᠪᠣᠷᠤᠯᠠᠭᠤᠯᠤᠭᠰᠠᠨ᠎ᠨᠢ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠲᠡᠮᠳᠡᠭ᠎ᠤᠨ ᠲᠣᠭ᠎ᠠ ᠬᠡᠮᠵᠢᠶ᠎ᠡ᠎ᠨᠢ ᠠᠷᠪᠠᠨ ᠲᠦᠮᠡᠨ ᠬᠤᠪᠢ᠎ᠠᠴᠠ ᠳᠡᠭᠡᠭᠰᠢ ᠪᠤᠶᠤ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠬᠣᠷᠢᠨ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠡᠰᠡᠬᠦᠯ᠎ᠡ ᠬᠠᠤᠯᠢ ᠠᠴᠠ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠠᠷᠪᠠᠨ ᠲᠠᠪᠤᠨ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ᠃
(2) ᠬᠠᠭᠤᠷᠮᠠᠭᠯᠠᠨ ᠦᠢ᠍ᠯᠡᠳᠴᠦ᠂ ᠳᠤᠷ᠎ᠠ᠎ᠪᠠᠷ ᠵᠶ᠋ᠠᠨ ᠵᠣᠬᠢᠶᠠᠭᠰᠠᠨ ᠪᠤᠶᠤ ᠬᠠᠭᠤᠷᠮᠠᠭᠯᠠᠨ ᠦᠢ᠍ᠯᠡᠳᠴᠦ ᠪᠣᠷᠤᠯᠠᠭᠤᠯᠤᠭᠰᠠᠨ᠎ᠨᠢ ᠬᠣᠶᠠᠷ᠎ᠠᠴᠠ ᠳᠡᠭᠡᠭᠰᠢ ᠵᠦᠢ᠍ᠯ᠎ᠤᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠢᠯᠡᠳᠬᠡᠮᠵᠢ ᠲᠡᠮᠳᠡᠭ᠎ᠤᠨ ᠲᠣᠭ᠎ᠠ ᠬᠡᠮᠵᠢᠶ᠎ᠡ᠎ᠨᠢ ᠲᠠᠪᠤᠨ ᠲᠦᠮᠡᠨ ᠬᠤᠪᠢ᠎ᠠᠴᠠ ᠳᠡᠭᠡᠭᠰᠢ ᠪᠤᠶᠤ ᠬᠠᠤᠯᠢ ᠪᠤᠰᠤ᠎ᠪᠠᠷ ᠡᠵᠡᠩᠨᠡᠭᠰᠡᠨ ᠲᠣᠭ᠎ᠠ ᠬᠡᠮᠵᠢᠶ᠎ᠡ᠎ᠨᠢ ᠠᠷᠪᠠᠨ ᠲᠠᠪᠤᠨ ᠲᠦᠮᠡᠨ ᠲᠥᠭᠦᠷᠢᠭ᠎ᠠᠴᠠ ᠳᠡᠭᠡᠭᠰᠢ᠂ ᠡᠰᠡᠬᠦᠯ᠎ᠡ ᠬᠠᠤᠯᠢ ᠠᠴᠠ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠲᠣᠭ᠎ᠠ ᠬᠡᠮᠵᠢᠶ᠎ᠡ᠎ᠨᠢ ᠠᠷᠪᠠᠨ ᠲᠦᠮᠡᠨ ᠲᠥᠭᠦᠷᠢᠭ᠎ᠠᠴᠠ ᠳᠡᠭᠡᠭᠰᠢ ᠪᠠᠢ᠍ᠬᠤ᠃
(3) ᠤᠢ᠍ᠢ᠍ᠯᠠ ᠪᠠᠢ᠍ᠳᠠᠯ᠎ᠨᠢ ᠣᠨᠴᠠᠭ᠋ᠠᠶ ᠬᠦᠨᠳᠦ ᠨᠣᠴᠢᠲᠠᠶ ᠪᠤᠰᠤ ᠪᠠᠢ᠍ᠳᠠᠯ᠃<!--12312--><!--12312--><!--12312--><!--12312-->