ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠣᠨᠴᠠᠭ᠋ᠠᠢ ᠰᠢᠨᠵᠢ ᠲᠡᠮᠳᠡᠭ
ᠨᠡᠶ᠋ᠢᠲᠡᠯᠡᠭᠰᠡᠨ ᠴᠠᠭ᠄ 2019-08-27

1 . ᠶᠠᠭᠤ ᠵᠢ ᠣᠨᠴᠠᠭ᠋ᠠᠢ ᠰᠢᠨᠵᠢ ᠲᠡᠮᠳᠡᠭ ᠬᠡᠲᠡᠭ ᠪᠤᠢ?
    ᠣᠨᠴᠠᠭ᠋ᠠᠢ ᠰᠢᠨᠵᠢ ᠲᠡᠮᠳᠡᠭ ᠭᠡᠳᠡᠭ ᠪᠣᠯ ᠲᠦᠷᠦ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠨ ᠡᠷᠬᠢᠯᠡᠭᠰᠡᠨ ᠪᠦᠬᠦ ᠤᠯᠤᠰ᠎ᠤᠨ ᠴᠢᠨᠠᠷᠲᠠᠶ ᠪᠠ ᠤᠯᠠᠨ ᠤᠯᠤᠰ᠎ᠤᠨ ᠴᠢᠨᠠᠷᠲᠠᠶ ᠰᠣᠶᠣᠯ᠂ ᠳᠠᠮᠢᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠢᠴᠢ ᠪᠤᠰᠤᠳ ᠨᠡᠶ᠋ᠢᠭᠡᠮ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠬᠢᠬᠦ᠎ᠳᠤ ᠬᠡᠷᠡᠭᠯᠡᠭᠰᠡᠨ ᠦᠰᠦᠭ ᠪᠢᠴᠢᠭ᠂ ᠵᠢᠷᠤᠭ ᠳᠦᠷᠰᠦ ᠵᠢᠨ ᠪᠦᠷᠢᠯᠳᠦᠭᠰᠡᠨ ᠨᠡᠷᠡᠶ᠋ᠢᠳᠦᠯ ᠵᠢᠴᠢ ᠲᠣᠪᠴᠢ ᠪᠢᠴᠢᠯᠭᠡ᠂ ᠬᠤᠷᠠᠯ᠎ᠤᠨ ᠲᠡᠮᠳᠡᠭ᠂ ᠥᠯᠵᠡᠶ᠋ᠢᠲᠦ ᠠᠮᠢᠲᠠᠨ ᠵᠡᠷᠭᠡ ᠵᠢᠨ ᠰᠢᠨᠵᠢ ᠲᠡᠮᠳᠡᠭ᠎ᠢ ᠵᠢᠭ᠋ᠠᠳᠠᠭ᠃
   2. ᠮᠠᠨ᠎ᠤ ᠤᠯᠤᠰ᠎ᠤᠨ ᠣᠨᠴᠠᠭ᠋ᠠᠶ ᠰᠢᠨᠵᠢ ᠲᠡᠮᠳᠡᠭ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠭᠣᠣᠯᠳᠠᠭᠤ ᠶᠠᠭᠤ ᠶᠠᠭᠤ ᠪᠠᠢ᠌ᠳᠠᠭ ᠪᠤᠢ?
   (ᠨᠢᠭᠡ) 《ᠣᠨᠴᠠᠭ᠋ᠠᠢ ᠰᠢᠨᠵᠢ ᠲᠡᠮᠳᠡᠭ᠎ᠤᠨ ᠬᠠᠮᠢᠶᠠᠷᠤᠯᠲᠠ ᠵᠢᠨ ᠲᠦᠷᠢᠮ》᠃
   (ᠬᠣᠶᠠᠷ) 《ᠣᠯᠢᠮᠫᠢᠺ᠎ᠤᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠲᠦᠷᠢᠮ》᠃
   (ᠭᠤᠷᠪᠠ) 《ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠰᠢᠨᠵᠢ ᠲᠡᠮᠳᠡᠭ᠎ᠢ ᠬᠠᠮᠠᠭ᠋ᠠᠯᠠᠯᠲᠠ ᠵᠢᠨ ᠳᠦᠷᠢᠮ》᠃
   3 . ᠣᠨᠴᠠᠭ᠋ᠠᠶ ᠰᠢᠨᠵᠢ ᠳᠡᠮᠳᠡᠭ᠎ᠢ ᠬᠡᠷᠬᠢᠨ ᠳᠠᠩᠰᠠᠯᠠᠭᠤᠯᠬᠤ ᠪᠤᠢ?
    ᠣᠨᠴᠠᠭ᠋ᠠᠶ ᠰᠢᠨᠵᠢ ᠳᠡᠮᠳᠡᠭ᠎ᠢ ᠳᠠᠩᠰᠠᠯᠠᠭᠤᠯᠬᠤ᠎ᠳᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ (ᠲᠠᠸᠠᠷ᠎ᠤᠨ ᠲᠡᠮᠳᠡᠭ ᠵᠢᠨ ᠲᠣᠪᠴᠢᠶ᠎ᠠ)᠎ᠲᠤ ᠭᠤᠶᠤᠴᠢᠯᠠᠯ ᠳᠡᠪᠰᠢᠭᠦᠯᠦᠨ᠂ ᠳᠠᠩᠰᠠᠯᠠᠭᠤᠯᠬᠤ ᠭᠤᠶᠤᠴᠢᠯᠠᠯ᠎ᠢ ᠰᠢᠭᠤᠳ ᠭᠦᠢ᠍ᠴᠡᠳᠬᠡᠵᠦ ᠪᠣᠯᠤᠨ᠎ᠠ᠂ ᠪᠠᠰᠠ ᠪᠤᠰᠤᠳ ᠬᠥᠮᠦᠨ᠎ᠳᠤ ᠨᠠᠢ᠍ᠲᠠᠵᠤ ᠣᠷᠣᠯᠠᠨ ᠭᠦᠢ᠍ᠴᠡᠳᠬᠡᠭᠦᠯᠵᠤ ᠴᠦ᠍ ᠪᠣᠯᠤᠨ᠎ᠠ᠃ ᠣᠨᠴᠠᠭ᠋ᠠᠶ ᠰᠢᠨᠵᠢ ᠲᠡᠮᠳᠡᠭ᠎ᠢ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ ᠲᠠᠭᠯᠠᠵᠤ᠂ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠬᠠᠮᠲᠤ᠎ᠳᠤ᠎ᠨᠢ ᠲᠤᠰᠢᠶᠠᠬᠤ ᠬᠡᠷᠡᠭᠲᠡᠶ᠃
   4. ᠣᠯᠢᠮᠫᠢᠺ᠎ᠤᠨ ᠰᠢᠨᠵᠢ ᠲᠡᠮᠲᠡᠭ ᠭᠡᠵᠦ ᠶᠠᠭᠤ ᠪᠤᠢ?
   《ᠣᠯᠢᠮᠫᠢᠺ᠎ᠤᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠳᠦᠷᠢᠮ》᠎ᠢ ᠦᠨᠳᠦᠰᠦᠯᠡᠪᠡᠯ ᠣᠯᠢᠮᠫᠢᠺ᠎ᠤᠨ ᠰᠢᠨᠵᠢ ᠲᠡᠮᠳᠡᠭ ᠭᠡᠳᠡᠭ ᠪᠣᠯ᠄
   (ᠨᠢᠭᠡ) ᠣᠯᠠᠨ ᠤᠯᠤᠰ᠎ᠤᠨ ᠣᠯᠢᠮᠫᠢᠺ᠎ᠤᠨ ᠵᠥᠪᠯᠡᠯ᠎ᠤᠨ ᠲᠠᠪᠤᠨ ᠴᠠᠭ᠋ᠠᠷᠢᠭᠲᠤ ᠵᠢᠷᠤᠭ᠎ᠤᠨ ᠲᠡᠮᠳᠡᠭ᠂ ᠣᠯᠢᠮᠫᠢᠺ᠎ᠤᠨ ᠳᠤᠭ᠂ ᠣᠯᠢᠮᠫᠢᠺ᠎ᠤᠨ ᠬᠠᠪᠤᠲᠤ ᠦᠭᠡ᠂ ᠣᠯᠢᠮᠫᠢᠺ᠎ᠤᠨ ᠰᠦᠯᠳᠡ ᠲᠡᠮᠳᠡᠭ᠂ ᠣᠯᠢᠮᠫᠢᠺ᠎ᠤᠨ ᠴᠤᠭᠯᠠᠭ᠋ᠠᠨ᠎ᠤ ᠳᠠᠭᠤᠤ᠃
   (ᠬᠣᠶᠠᠷ) ᠣᠯᠢᠮᠫᠢᠺ᠂ ᠣᠯᠢᠮᠫᠢᠶ᠎ᠠ᠂ ᠣᠯᠢᠮᠫᠢᠺ᠎ᠤᠨ ᠲᠠᠮᠢᠷ᠎ᠤᠨ ᠴᠤᠭᠯᠠᠭ᠋ᠠᠨ ᠵᠢᠴᠢ ᠲᠡᠭᠦᠨ᠎ᠤ ᠳᠥᠬᠦᠮᠴᠢᠯᠡᠭᠰᠡᠨ ᠲᠤᠰᠬᠠᠶ ᠨᠡᠷ᠎ᠡ ᠵᠡᠷᠭᠡ᠃
   (ᠭᠤᠷᠪᠠ) ᠳᠤᠮᠳᠠᠳᠤ ᠤᠯᠤᠰ᠎ᠤᠨ ᠣᠯᠢᠮᠫᠢᠺ᠎ᠤᠨ ᠵᠥᠪᠯᠡᠯ᠎ᠤᠨ ᠨᠠᠷᠠᠢ᠍ᠳᠤᠯ᠂ ᠰᠦᠯᠳᠡ᠂ ᠰᠢᠨᠵᠢ ᠲᠡᠮᠳᠡᠭ᠃
   (ᠲᠥᠷᠪᠡ) ᠪᠡᠭᠡᠵᠢᠩ᠎ᠤᠨ 2008 ᠣᠨ᠎ᠤ ᠣᠯᠢᠮᠫᠢᠺ᠎ᠤᠨ ᠴᠤᠭᠯᠠᠭ᠋ᠠᠨ᠎ᠤ ᠡᠷᠬᠢᠯᠡᠬᠦ ᠵᠢ ᠭᠤᠶᠤᠴᠢᠯᠠᠬᠤ ᠺᠣᠮᠢᠰ᠎ᠤᠨ ᠨᠡᠷ᠎ᠡ᠂ ᠰᠦᠯᠳᠡ᠂ ᠲᠡᠮᠳᠡᠭ᠃
   (ᠲᠠᠪᠤ) 29 ᠳ᠋ᠦᠭᠡᠷ ᠬᠤᠭᠤᠴᠠᠭ᠋ᠠᠨ᠎ᠤ ᠣᠯᠢᠮᠫᠢᠺ᠎ᠤᠨ ᠴᠤᠭᠯᠠᠭ᠋ᠠᠨ᠎ᠤ ᠵᠣᠬᠢᠶᠠᠨ ᠪᠠᠢ᠍ᠭᠤᠯᠬᠤ ᠺᠣᠮᠢᠰ᠎ᠤᠨ ᠨᠡᠷ᠎ᠡ᠂ ᠰᠦᠯᠳᠡ᠂ 29 ᠳ᠋ᠦᠭᠡᠷ ᠬᠤᠭᠤᠴᠠᠭ᠋ᠠᠨ᠎ᠤ ᠣᠯᠢᠮᠫᠢᠺ᠎ᠤᠨ ᠴᠤᠭᠯᠠᠭ᠋ᠠᠨ᠎ᠤ ᠥᠯᠵᠡᠶ᠋ᠢᠲᠦ ᠠᠮᠢᠲᠠᠨ᠂ ᠬᠤᠷᠠᠯ᠎ᠤᠨ ᠳᠠᠭᠤᠤ᠂ ᠤᠷᠢᠶ᠎ᠠ᠂ 《ᠪᠡᠭᠡᠵᠢᠩ 2008 ᠣᠨ》᠂ 29 ᠳ᠋ᠦᠭᠡᠷ ᠬᠤᠭᠤᠴᠠᠭ᠋ᠠᠨ᠎ᠤ ᠣᠯᠢᠮᠫᠢᠺ᠎ᠤᠨ ᠴᠤᠭᠯᠠᠭ᠋ᠠᠨ ᠵᠢᠴᠢ ᠲᠡᠭᠦᠨ᠎ᠤ ᠲᠣᠪᠴᠢᠯᠠᠭᠰᠠᠨ ᠨᠡᠷᠡᠢ᠌ᠳᠦᠯ ᠵᠡᠷᠭᠡ ᠲᠡᠮᠳᠡᠭ᠃
   (ᠵᠢᠷᠭᠤᠭ᠎ᠠ) 《ᠣᠯᠢᠮᠫᠢᠺ᠎ᠤᠨ ᠦᠨᠳᠦᠰᠦᠨ ᠳᠦᠷᠢᠮ》 ᠪᠠ 《29 ᠳ᠋ᠦᠭᠡᠷ ᠬᠤᠭᠤᠴᠠᠭ᠋ᠠᠨ᠎ᠤ ᠣᠯᠢᠮᠫᠢᠺ᠎ᠤᠨ ᠴᠤᠭᠯᠠᠭ᠋ᠠᠨ᠎ᠢ ᠭᠣᠣᠯᠯᠠᠨ ᠡᠷᠬᠢᠯᠡᠬᠦ ᠬᠤᠳᠠ ᠵᠢᠨ ᠭᠡᠷ᠎ᠡ》᠎ᠳᠤ ᠲᠣᠭᠲᠠᠭ᠋ᠠᠭᠰᠠᠨ 29 ᠳ᠋ᠦᠭᠡᠷ ᠬᠤᠭᠤᠴᠠᠭ᠋ᠠᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠲᠠᠢ ᠬᠣᠯᠪᠤᠭᠳᠠᠯ ᠪᠦᠬᠦᠢ ᠪᠣᠰᠤᠳ ᠲᠡᠮᠳᠡᠭ᠎ᠤᠳ᠃
   5 . ᠣᠯᠢᠮᠫᠢᠺ᠎ᠤᠨ ᠰᠢᠨᠵᠢ᠎ᠢ ᠬᠠᠮᠠᠭ᠋ᠠᠯᠠᠬᠤ ᠠᠵᠢᠯ᠎ᠢ ᠬᠠᠷᠢᠭᠤᠴᠠᠵᠤ ᠪᠠᠢ᠍ᠭ᠎ᠠ ᠰᠠᠯᠠᠭ᠎ᠠ ᠮᠥᠴᠢᠷ᠎ᠲᠤ ᠶᠠᠭᠤ ᠶᠠᠭᠤ ᠪᠠᠶ᠋ᠢᠳᠠᠭ ᠪᠤᠢ?
    ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ 《ᠣᠯᠢᠮᠫᠢᠺ᠎ᠤᠨ ᠳᠡᠮᠳᠡᠭ᠎ᠤᠨ ᠬᠠᠮᠠᠭ᠋ᠠᠯᠠᠯᠲᠠ ᠵᠢᠨ ᠲᠦᠷᠢᠮ》᠎ᠤᠨ ᠲᠣᠭᠲᠠᠭ᠋ᠠᠯ᠎ᠢ ᠦᠨᠳᠦᠰᠦᠯᠡᠨ᠂ ᠪᠦᠬᠦ ᠤᠯᠤᠰ᠎ᠤᠨ ᠣᠯᠢᠮᠫᠢᠺ᠎ᠤᠨ ᠳᠡᠮᠳᠡᠭ᠎ᠢ ᠬᠠᠮᠠᠭ᠋ᠠᠯᠠᠬᠤ ᠠᠵᠢᠯ᠎ᠢ ᠬᠠᠷᠢᠭᠤᠴᠠᠵᠤ ᠪᠠᠢ᠌ᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ 《ᠣᠯᠢᠮᠫᠢᠺ᠎ᠤᠨ ᠳᠡᠮᠳᠡᠭ᠎ᠤᠨ ᠬᠠᠮᠠᠭ᠋ᠠᠯᠠᠯᠲᠠ ᠵᠢᠨ ᠲᠦᠷᠢᠮ》᠎ᠤᠨ ᠲᠣᠭᠲᠠᠭ᠋ᠠᠯ᠎ᠢ ᠦᠨᠳᠦᠰᠦᠯᠡᠨ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠣᠯᠢᠮᠫᠢᠺ᠎ᠤᠨ ᠳᠡᠮᠳᠡᠭ᠎ᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ᠃
   6 . ᠣᠯᠢᠮᠫᠢᠺ᠎ᠤᠨ ᠲᠡᠮᠲᠡᠭ᠎ᠤᠨ ᠡᠷᠬᠡᠲᠦ ᠬᠥᠮᠦᠨ᠎ᠳᠤ ᠶᠠᠭᠤ ᠶᠠᠭᠤ ᠵᠢ ᠪᠠᠭᠲᠠᠭ᠋ᠠᠳᠠᠭ ᠪᠤᠢ?
    ᠣᠯᠢᠮᠫᠢᠺ᠎ᠤᠨ ᠲᠡᠮᠲᠡᠭ᠎ᠤᠨ ᠡᠷᠬᠡᠲᠦ ᠬᠥᠮᠦᠨ ᠭᠡᠲᠡᠭ᠎ᠨᠢ ᠣᠯᠠᠨ ᠤᠯᠤᠰ᠎ᠤᠨ ᠣᠯᠢᠮᠫᠢᠺ᠎ᠤᠨ ᠺᠣᠮᠢᠰ᠂ ᠳᠤᠮᠳᠠᠳᠤ ᠤᠯᠤᠰ᠎ᠤᠨ ᠣᠯᠢᠮᠫᠢᠺ᠎ᠤᠨ ᠵᠥᠪᠯᠡᠯ᠂ 29 ᠳ᠋ᠦᠭᠡᠷ ᠬᠤᠭᠤᠴᠠᠭ᠋ᠠᠨ᠎ᠤ ᠣᠯᠢᠮᠫᠢᠺ᠎ᠤᠨ ᠴᠤᠭᠯᠠᠭ᠋ᠠᠨ᠎ᠤ ᠵᠣᠬᠢᠶᠠᠨ ᠪᠠᠢ᠍ᠭᠤᠯᠬᠤᠤ ᠺᠣᠮᠢᠰ᠎ᠢ ᠵᠢᠭ᠋ᠠᠳᠠᠭ᠃ ᠣᠯᠢᠮᠫᠢᠺ᠎ᠤᠨ ᠲᠡᠮᠳᠡᠭ᠎ᠤᠨ ᠡᠷᠬᠡᠲᠦ ᠬᠥᠮᠦᠨ᠎ᠨᠢ 《ᠣᠯᠢᠮᠫᠢᠺ᠎ᠤᠨ ᠳᠡᠮᠳᠡᠭ᠎ᠤᠨ ᠬᠠᠮᠠᠭ᠋ᠠᠯᠠᠯᠲᠠ ᠵᠢᠨ ᠳᠦᠷᠢᠮ》 ᠶᠣᠰᠣᠭ᠋ᠠᠷ ᠣᠯᠢᠮᠫᠢᠺ᠎ᠤᠨ ᠲᠡᠮᠳᠡᠭ᠎ᠤᠨ ᠲᠤᠰᠬᠠᠶ ᠠᠰᠢᠭ᠎ᠤᠨ ᠡᠷᠬᠡ ᠵᠢ ᠡᠳ᠋ᠯᠡᠨ᠎ᠡ᠃ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠶᠠᠮᠠᠷᠪᠠ ᠬᠥᠮᠦᠨ ᠴᠦ᠍ ᠭᠡᠳ ᠬᠤᠳᠠᠯᠳᠤᠭ᠋ᠠᠨ᠎ᠤ ᠵᠣᠷᠢᠯᠭ᠎ᠠ᠎ᠠᠴᠠ (ᠬᠤᠳᠠᠯᠳᠤᠭ᠋ᠠᠨ᠎ᠤ ᠳᠠᠯᠳᠠ ᠵᠣᠷᠢᠯᠭ᠎ᠠ ᠪᠠᠭᠲᠠᠨ᠎ᠠ) ᠣᠯᠢᠮᠫᠢᠺ᠎ᠤᠨ ᠲᠡᠮᠳᠡᠭ᠎ᠢ ᠭᠡᠷᠡᠭᠯᠡᠵᠦ ᠪᠣᠯᠬᠤ ᠦᠭᠡᠢ᠃
   7 . ᠶᠠᠮᠠᠷ ᠶᠠᠮᠠᠷ ᠦᠢ᠍ᠯᠡ ᠠᠵᠢᠯᠯᠠᠭ᠎ᠠ᠎ᠨᠢ ᠣᠯᠢᠮᠫᠢᠺ᠎ᠤᠨ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠲᠣᠭ᠋ᠠᠴᠠᠭᠳᠠᠬᠤ ᠪᠤᠢ?
    ᠣᠯᠢᠮᠫᠢᠺ᠎ᠤᠨ ᠲᠡᠮᠳᠡᠭ᠎ᠤᠨ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠬᠤᠳᠠᠯᠳᠤᠭ᠋ᠠᠨ᠎ᠤ ᠵᠣᠷᠢᠯᠭ᠎ᠠ᠎ᠪᠠᠷ ᠣᠯᠢᠮᠫᠢᠺ᠎ᠤᠨ ᠲᠡᠮᠳᠡᠭ᠎ᠢ ᠳᠤᠷ᠎ᠠ᠎ᠪᠠᠷ ᠵᠶ᠋ᠠᠨ ᠬᠡᠷᠡᠭᠯᠡᠭᠰᠡᠨ ᠪᠣᠯ ᠣᠯᠢᠮᠫᠢᠺ᠎ᠤᠨ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠵᠶ᠋ᠠᠷ ᠲᠣᠭ᠋ᠠᠴᠠᠭᠳᠠᠨ᠎ᠠ᠃
   8. ᠶᠠᠮᠠᠷ ᠶᠠᠮᠠᠷ ᠠᠵᠢᠯᠯᠠᠭ᠎ᠠ ᠵᠢ ᠬᠤᠳᠠᠯᠳᠤᠭ᠋ᠠᠨ᠎ᠤ ᠵᠣᠷᠢᠯᠭ᠎ᠠ᠎ᠪᠠᠷ ᠣᠯᠢᠮᠫᠢᠺ᠎ᠤᠨ ᠲᠡᠮᠳᠡᠭ᠎ᠢ ᠬᠡᠷᠡᠭᠯᠡᠭᠰᠡᠨ᠎ᠳᠤ ᠲᠣᠭ᠋ᠠᠴᠠᠭᠳᠠᠬᠤ ᠪᠤᠢ?
   (ᠨᠢᠭᠡ) ᠣᠯᠢᠮᠫᠢᠺ᠎ᠤᠨ ᠲᠡᠮᠳᠡᠭ᠎ᠢ ᠲᠠᠸᠠᠷ᠂ ᠲᠠᠸᠠᠷ᠎ᠤᠨ ᠪᠣᠭᠣᠳᠠᠯ ᠪᠠᠭᠯᠠᠭ᠎ᠠ ᠪᠤᠶᠤ ᠰᠠᠪᠠ ᠬᠡᠷᠡᠭᠰᠡᠯ ᠵᠢᠴᠢ ᠲᠠᠸᠠᠷ ᠰᠣᠯᠢᠯᠴᠠᠬᠤ ᠪᠢᠴᠢᠭ ᠳᠡᠭᠡᠷ᠎ᠡ ᠬᠡᠷᠡᠭᠯᠡᠬᠦ᠃
   (ᠬᠣᠶᠠᠷ) ᠣᠯᠢᠮᠫᠢᠺ᠎ᠤᠨ ᠲᠡᠮᠳᠡᠭ᠎ᠢ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠬᠡᠷᠡᠭᠯᠡᠬᠦ᠃
   (ᠭᠤᠷᠪᠠ) ᠣᠯᠢᠮᠫᠢᠺ᠎ᠤᠨ ᠲᠡᠮᠳᠡᠭ᠎ᠢ ᠵᠡᠷ ᠮᠡᠳᠡᠭᠡ ᠵᠢᠨ ᠤᠬᠠᠭᠤᠯᠭ᠎ᠠ᠂ ᠬᠤᠳᠠᠯᠳᠤᠭ᠋ᠠᠨ᠎ᠤ ᠦᠵᠡᠰᠬᠦᠯᠡᠩ᠂ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠭᠠᠷᠭ᠋ᠠᠬᠤ ᠵᠢᠴᠢ ᠪᠤᠰᠤᠳ ᠬᠤᠳᠠᠯᠳᠤᠭ᠋ᠠᠨ᠎ᠤ ᠠᠵᠢᠯᠯᠠᠭ᠎ᠠ ᠳᠤᠮᠳᠠ ᠬᠡᠷᠡᠭᠯᠡᠬᠦ᠃
   (ᠳᠥᠷᠪᠡ) ᠪᠣᠷᠣᠯᠠᠭᠤᠯᠬᠤ᠂ ᠭᠠᠳᠠᠭ᠋ᠠᠳᠤ᠎ᠠᠴᠠ ᠣᠷᠣᠭᠤᠯᠬᠤ᠂ ᠭᠠᠳᠠᠭ᠋ᠠᠳᠤ᠎ᠳᠤ ᠭᠠᠷᠭ᠋ᠠᠬᠤ᠎ᠳᠤ ᠣᠯᠢᠮᠫᠢᠺ᠎ᠤᠨ ᠰᠢᠨᠵᠢ ᠲᠡᠮᠳᠡᠭ ᠠᠭᠤᠯᠵᠤ ᠪᠠᠶ᠋ᠢᠳᠠᠭ ᠲᠠᠸᠠᠷ᠃
   (ᠲᠠᠪᠤ) ᠣᠯᠢᠮᠫᠢᠺ᠎ᠤᠨ ᠲᠡᠮᠳᠡᠭ᠎ᠢ ᠦᠢ᠍ᠯᠡᠳᠦᠭᠰᠡᠨ ᠪᠤᠶᠤ ᠪᠣᠷᠣᠯᠠᠭᠤᠯᠤᠭᠰᠠᠨ᠃
   (ᠵᠢᠷᠭᠤᠭ᠎ᠠ) ᠪᠤᠰᠤᠳ᠎ᠢ ᠡᠨᠳᠡᠷᠡᠭᠦᠯᠵᠦ ᠮᠡᠳᠡᠬᠦ ᠦᠢ᠍ᠯᠡ ᠠᠵᠢᠯᠯᠠᠭ᠎ᠠ᠂ ᠳᠣᠬᠠᠢ᠍ᠯᠡᠪᠠᠯ ᠠᠵᠢᠯᠯᠠᠭ᠋ᠠᠳᠠᠨ ᠪᠣᠯᠤᠨ ᠣᠯᠢᠮᠫᠢᠺ᠎ᠤᠨ ᠲᠡᠮᠳᠡᠭ᠎ᠤᠨ ᠡᠷᠬᠡᠲᠦ ᠬᠥᠮᠦᠰ᠎ᠤᠨ ᠬᠣᠭᠣᠷᠣᠨᠳᠣ ᠳᠡᠮᠵᠢᠬᠦ ᠪᠤᠶᠤ ᠪᠤᠰᠤᠳ ᠳᠡᠳᠬᠦᠬᠦ ᠬᠠᠷᠢᠴᠠᠭ᠋ᠠᠨ᠎ᠠᠴᠠ ᠪᠣᠯᠵᠤ ᠣᠯᠢᠮᠫᠢᠺ᠎ᠤᠨ ᠳᠡᠮᠳᠡᠭ᠎ᠢ ᠬᠡᠷᠡᠭᠯᠡᠬᠦ ᠪᠤᠰᠤᠳ ᠦᠢ᠍ᠯᠡ ᠠᠵᠢᠯᠯᠠᠭ᠎ᠠ᠎ᠨᠤᠭᠤᠳ᠃
   9. ᠣᠯᠢᠮᠫᠢᠺ᠎ᠤᠨ ᠲᠡᠮᠳᠡᠭ᠎ᠤᠨ ᠲᠤᠰᠬᠠᠶ ᠡᠵᠡᠮᠰᠢᠬᠦ ᠡᠷᠬᠡ ᠪᠤᠰᠤᠳ᠎ᠲᠤ ᠬᠠᠯᠳᠠᠭᠳᠠᠪᠠᠯ ᠶᠠᠭ᠋ᠠᠬᠢᠵᠤ ᠬᠠᠮᠠᠭ᠋ᠠᠯᠠᠬᠤ ᠪᠤᠶ?
   (ᠨᠢᠭᠡ) ᠣᠯᠢᠮᠫᠢᠺ᠎ᠤᠨ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠵᠢᠭᠤᠷᠠᠭ᠋ᠠᠨ ᠡᠭᠦᠰᠦᠭᠰᠡᠨ ᠪᠠᠶ᠋ᠢᠪᠠᠯ ᠲᠤᠬᠠᠶ ᠵᠢᠨ ᠬᠥᠮᠦᠨ ᠵᠥᠪᠳᠡᠯᠴᠡᠨ ᠰᠢᠢ᠍ᠳᠪᠦᠷᠢᠯᠡᠨ᠎ᠡ᠃
   (ᠬᠣᠶᠠᠷ) ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠠᠢ᠌ᠪᠠᠯ ᠣᠯᠢᠮᠫᠢᠺ᠎ᠤᠨ ᠲᠡᠮᠳᠡᠭ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠨᠢ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠵᠠᠭ᠋ᠠᠯᠳᠤᠵᠤ ᠪᠣᠯᠤᠨ᠎ᠠ᠃
   (ᠭᠤᠷᠪᠠ) ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠠᠢ᠌ᠪᠠᠯ ᠣᠯᠢᠮᠫᠢᠺ᠎ᠤᠨ ᠲᠡᠮᠳᠡᠭ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠶᠳᠪᠦᠷᠢᠯᠡᠭᠦᠯᠬᠦ᠎ᠪᠠᠷ ᠭᠤᠶᠤᠴᠢᠯᠠᠯ ᠭᠠᠷᠭ᠋ᠠᠭᠰᠠᠨ ᠴᠤ᠌ ᠪᠣᠯᠤᠨ᠎ᠠ᠃
   (ᠳᠥᠷᠪᠡ) ᠰᠢᠶᠳᠪᠦᠷᠢᠯᠡᠬᠦ ᠠᠵᠢᠯ᠎ᠢ ᠬᠢᠵᠦ ᠪᠠᠢ᠍ᠭ᠎ᠠ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠤᠬᠠᠶ ᠵᠢᠨ ᠬᠥᠮᠦᠨ᠎ᠤ ᠭᠤᠶᠤᠴᠢᠯᠠᠯ᠎ᠢ ᠭᠦᠯᠢᠶᠡᠭᠰᠡᠨ ᠪᠣᠯ ᠣᠯᠢᠮᠫᠢᠺ᠎ᠤᠨ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠲᠥᠯᠥᠪᠦᠷᠢ ᠮᠥᠩᠭᠥ ᠵᠢᠨ ᠲᠣᠭ᠎ᠠ ᠬᠡᠮᠵᠢᠶ᠎ᠡ ᠵᠢᠨ ᠲᠤᠬᠠᠶ ᠡᠶᠡᠳᠡᠭᠦᠯᠭᠡ ᠬᠢᠵᠦ ᠪᠣᠯᠤᠨ᠎ᠠ᠃ ᠡᠶᠡᠳᠡᠭᠦᠯᠦᠭᠡᠳ ᠪᠦᠲᠦᠭᠰᠡᠨ ᠦᠭᠡᠢ ᠪᠠᠢ᠍ᠪᠠᠯ ᠲᠤᠬᠠᠶ ᠵᠢᠨ ᠬᠥᠮᠦᠨ 《ᠢᠷᠭᠡᠨ᠎ᠤ ᠵᠠᠷᠭᠤ ᠵᠢᠨ ᠬᠠᠤᠯᠢ》 ᠵᠢᠨ ᠶᠣᠰᠣᠭ᠋ᠠᠷ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠵᠡᠭ᠋ᠠᠯᠳᠦᠵᠦ ᠪᠣᠯᠤᠨ᠎ᠠ᠃
   (ᠲᠠᠪᠤ) <12312> ᠤᠲᠠᠰᠤ᠎ᠪᠠᠷ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠢᠯᠡᠴᠢᠯᠡᠨ ᠮᠡᠳᠡᠭᠦᠯᠵᠦ ᠵᠠᠭ᠋ᠠᠯᠳᠣᠬᠤ ᠦᠢ᠍ᠯᠡᠴᠢᠯᠡᠭᠡᠨ᠎ᠤ ᠲᠥᠪ᠎ᠲᠤ ᠵᠠᠭ᠋ᠠᠯᠳᠤᠵᠤ ᠪᠣᠯᠤᠨ᠎ᠠ᠃
   (ᠵᠢᠷᠭᠤᠭ᠎ᠠ) ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠰᠢᠶᠳᠪᠦᠷᠢᠯᠡᠬᠦ᠎ᠳᠡᠭᠡᠨ᠂ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠬᠡᠮᠡᠨ ᠲᠣᠳᠤᠯᠠᠭᠰᠠᠨ ᠪᠠᠢ᠌ᠪᠠᠯ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠲᠡᠷᠡ ᠳᠠᠷᠤᠶ᠎ᠳᠤᠨᠢ ᠵᠠᠷᠯᠢᠭᠳᠠᠨ ᠵᠣᠭᠰᠣᠭ᠋ᠠᠵᠤ᠂ ᠡᠷᠬᠡ᠎ᠳᠤ ᠬᠠᠯᠳᠠᠭᠰᠠᠨ ᠲᠠᠸᠠᠷ ᠪᠠ ᠡᠷᠬᠡ᠎ᠳᠤ ᠬᠠᠯᠳᠠᠭᠰᠠᠨ ᠲᠠᠸᠠᠷ᠎ᠢ ᠦᠢ᠍ᠯᠡᠳᠬᠦ᠎ᠳᠤ ᠲᠤᠰᠬᠠᠶ ᠬᠡᠷᠡᠭᠯᠡᠭᠰᠡᠨ ᠡᠰᠡᠬᠦᠯ᠎ᠡ ᠬᠤᠳᠠᠯᠳᠤᠭ᠋ᠠᠨ᠎ᠤ ᠵᠣᠷᠢᠯᠭ᠎ᠠ᠎ᠠᠴᠠ ᠣᠯᠢᠮᠫᠢᠺ᠎ᠤᠨ ᠰᠢᠨᠵᠢ ᠲᠡᠮᠳᠡᠭ᠎ᠢ ᠳᠤᠷ᠎ᠠ᠎ᠪᠠᠷ ᠵᠶ᠋ᠠᠨ ᠦᠢ᠍ᠯᠡᠳᠦᠭᠰᠡᠨ ᠪᠠᠭ᠋ᠠᠵᠢ᠂ ᠬᠠᠤᠯᠢ ᠵᠢ ᠵᠥᠷᠢᠴᠡᠵᠦ ᠣᠯᠵᠠ ᠠᠰᠢᠭ ᠣᠯᠤᠭᠰᠠᠨ ᠪᠠᠢ᠌ᠪᠠᠯ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠮᠵᠢᠯᠠᠨ ᠠᠪᠬᠤ ᠵᠢᠨ ᠬᠠᠮᠲᠤ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠲᠠᠪᠤᠨ ᠲᠡᠬᠢᠠ᠎ᠠᠴᠠ ᠲᠤᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠨ᠎ᠡ᠃ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠪᠠᠢ᠌ᠬᠤ ᠦᠭᠡᠢ ᠪᠣᠯ 5 ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠠᠢ᠍ᠯᠠᠭᠦᠯᠦᠨ ᠰᠢᠳᠬᠡᠵᠦ ᠪᠣᠯᠤᠨ᠎ᠠ᠃ ᠲᠤᠬᠠᠶ ᠵᠢᠨ ᠬᠥᠮᠦᠨ᠎ᠨᠢ ᠰᠢᠶᠳᠪᠦᠷᠢᠯᠡᠭᠰᠡᠨ ᠲᠣᠭᠲᠠᠭ᠋ᠠᠯ᠎ᠢ ᠬᠦᠯᠢᠶᠡᠨ ᠵᠥᠪᠰᠢᠶᠡᠷᠡᠬᠦ ᠦᠭᠡᠢ ᠪᠣᠯ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ 《ᠢᠷᠭᠡᠨ᠎ᠤ ᠵᠠᠷᠭᠤ ᠵᠢᠨ ᠬᠠᠤᠯᠢ》 ᠵᠢᠨ ᠶᠣᠰᠣᠭ᠋ᠠᠷ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ᠃
   (ᠳᠣᠯᠤᠭ᠎ᠠ) ᠣᠯᠢᠮᠫᠢᠺ᠎ᠤᠨ ᠲᠡᠮᠳᠡᠭ᠎ᠢ ᠠᠰᠢᠭᠯᠠᠨ ᠮᠡᠬᠡᠯᠡᠬᠦ ᠵᠡᠷᠭᠡ ᠠᠵᠢᠯᠯᠠᠭ᠎ᠠ ᠬᠢᠵᠦ ᠡᠷᠡᠭᠦᠦ ᠵᠢᠨ ᠬᠠᠤᠯᠢ᠎ᠳᠤ ᠬᠠᠯᠳᠠᠭᠰᠠᠨ ᠪᠠᠢ᠌ᠪᠠᠯ 《ᠡᠷᠡᠭᠦᠦ ᠵᠢᠨ ᠬᠠᠤᠯᠢ》 ᠵᠢᠨ ᠶᠣᠰᠣᠭ᠋ᠠᠷ ᠮᠡᠬᠡᠯᠡᠭᠰᠡᠨ ᠶᠠᠯ᠎ᠠ ᠪᠤᠶᠤ ᠪᠤᠰᠤᠳ ᠶᠠᠯ᠎ᠠ ᠵᠢᠨ ᠲᠤᠬᠠᠶ ᠲᠣᠭᠲᠠᠭ᠋ᠠᠯ᠎ᠢ ᠦᠨᠳᠦᠰᠦᠯᠡᠨ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   10. ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ ᠭᠡᠵᠦ ᠶᠠᠭᠤ ᠪᠤᠢ?
   《ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠬᠠᠮᠠᠭ᠋ᠠᠯᠠᠬᠤ ᠳᠦᠷᠢᠮ》᠎ᠢ ᠦᠨᠳᠦᠰᠦᠯᠡᠪᠡᠯ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ ᠭᠡᠳᠡᠭ ᠪᠣᠯ᠄
   (ᠨᠢᠭᠡ) ᠳᠤᠮᠳᠠᠳᠤ ᠤᠯᠤᠰ 2010 ᠣᠨ᠎ᠳᠤ᠂ ᠱᠠᠩᠬᠠᠶ ᠵᠢᠨ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠢ ᠡᠷᠬᠢᠯᠡᠬᠦ᠎ᠪᠠᠷ ᠭᠤᠶᠤᠴᠢᠯᠠᠭᠰᠠᠨ ᠪᠠᠶ᠋ᠢᠭᠤᠯᠤᠮᠵᠢ ᠵᠢᠨ ᠨᠡᠷ᠎ᠡ (ᠪᠦᠬᠦᠯᠢ ᠨᠡᠷ᠎ᠡ᠂ ᠲᠣᠪᠴᠢᠯᠠᠭᠰᠠᠨ ᠨᠡᠷ᠎ᠡ᠂ ᠣᠷᠴᠢᠭᠤᠯᠭ᠎ᠠ ᠵᠢᠨ ᠨᠡᠷ᠎ᠡ ᠪᠠ ᠲᠣᠪᠴᠢᠯᠠᠭᠰᠠᠨ ᠪᠢᠴᠢᠯᠭᠡ ᠪᠠᠭᠲᠠᠨ᠎ᠠ᠂ ᠳᠣᠷᠣᠭᠰᠢ ᠠᠳᠠᠯᠢ) ᠰᠦᠯᠳᠡ ᠪᠤᠶᠤ ᠪᠤᠰᠤᠳ ᠰᠢᠨᠵᠢ ᠲᠡᠮᠳᠡᠭ᠃
   (ᠬᠣᠶᠠᠷ) ᠳᠤᠮᠳᠠᠳᠤ ᠤᠯᠤᠰ᠎ᠤᠨ 2010 ᠣᠨ᠎ᠤ ᠱᠠᠩᠬᠠᠶ ᠵᠢᠨ ᠳᠡᠯᠡᠬᠡᠶ ᠵᠢᠨ ᠦᠵᠡᠰᠬᠦᠯᠡᠩ᠎ᠤᠨ ᠵᠣᠬᠢᠶᠠᠨ ᠪᠠᠢ᠍ᠭᠤᠯᠤᠭᠰᠠᠨ ᠪᠠᠶ᠋ᠢᠭᠤᠯᠤᠮᠵᠢ ᠵᠢᠨ ᠨᠠᠷᠠᠢ᠍ᠳᠤᠯ᠂ ᠰᠦᠯᠳᠡ ᠲᠡᠮᠳᠡᠭ ᠪᠤᠶᠤ ᠪᠤᠰᠤᠳ ᠰᠢᠨᠵᠢ ᠲᠡᠮᠳᠡᠭ;
   (ᠭᠤᠷᠪᠠ) ᠳᠤᠮᠳᠠᠳᠤ ᠤᠯᠤᠰ᠎ᠤᠨ 2010 ᠣᠨ᠎ᠤ ᠱᠠᠩᠬᠠᠶ ᠵᠢᠨ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠨᠡᠷ᠎ᠡ᠂ ᠬᠤᠷᠠᠯ᠎ᠤᠨ ᠲᠡᠮᠳᠡᠭ᠂ ᠬᠤᠷᠠᠯ᠎ᠤᠨ ᠲᠤᠬ᠂ ᠥᠯᠵᠡᠶ᠋ᠢᠲᠦ ᠠᠮᠢᠲᠠᠨ᠂ ᠬᠤᠷᠠᠯ᠎ᠤᠨ ᠳᠠᠭᠤᠤ᠂ ᠭᠣᠣᠯ ᠰᠡᠳᠦᠪ᠎ᠤᠨ ᠦᠭᠡᠰ᠂ ᠤᠷᠢᠶ᠎ᠠ;
   (ᠳᠥᠷᠪᠡ) ᠣᠯᠠᠨ ᠤᠯᠤᠰ᠎ᠤᠨ ᠦᠵᠡᠰᠬᠦᠯᠡᠩ᠎ᠤᠨ ᠲᠣᠪᠴᠢᠶ᠎ᠠ ᠵᠢᠨ ᠲᠣᠪᠴᠢᠶᠠᠨ ᠲᠤᠭ᠃
   11. ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠬᠠᠮᠠᠭ᠋ᠠᠯᠠᠯᠲᠠ ᠵᠢᠨ ᠠᠵᠢᠯ᠎ᠢ ᠬᠠᠷᠢᠭᠤᠴᠠᠵᠤ ᠪᠠᠢ᠍ᠭ᠎ᠠ ᠰᠠᠯᠠᠭ᠎ᠠ ᠮᠥᠴᠢᠷ᠎ᠲᠤ ᠶᠠᠭᠤ ᠶᠠᠭᠤ ᠪᠠᠭᠲᠠᠬᠤ ᠪᠤᠢ?
    ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ 《ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠬᠠᠮᠠᠭ᠋ᠠᠯᠠᠯᠲᠠ ᠵᠢᠨ ᠲᠦᠷᠢᠮ》᠎ᠤᠨ ᠲᠣᠭᠲᠠᠭ᠋ᠠᠯ᠎ᠢ ᠦᠨᠳᠦᠰᠦᠯᠠᠪᠡᠯ᠂ ᠪᠦᠬᠦ ᠤᠯᠤᠰ᠎ᠤᠨ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠬᠠᠮᠠᠭ᠋ᠠᠯᠠᠯᠲᠠ ᠵᠢᠨ ᠠᠵᠢᠯ᠎ᠢ ᠬᠠᠷᠢᠭᠤᠴᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ 《ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ ᠲᠡᠮᠳᠡᠭ᠎ᠤᠨ ᠬᠠᠮᠠᠭ᠋ᠠᠯᠠᠯᠲᠠ ᠵᠢᠨ ᠳᠦᠷᠢᠮ》᠎ᠤᠨ ᠲᠣᠭᠲᠠᠭ᠋ᠠᠯ᠎ᠢ ᠦᠨᠳᠦᠰᠦᠯᠡᠨ ᠲᠤᠰ ᠵᠠᠰᠠᠭ ᠵᠠᠬᠢᠷᠭ᠋ᠠᠨ᠎ᠤ ᠣᠷᠣᠨ ᠨᠤᠲᠤᠭ᠎ᠤᠨ ᠳᠣᠲᠣᠷᠠᠬᠢ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠬᠠᠮᠠᠭ᠋ᠠᠯᠠᠨ᠎ᠠ᠃
   12 . ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠡᠷᠬᠡᠲᠦ ᠬᠥᠮᠦᠨ᠎ᠳᠤ ᠬᠡᠨ ᠬᠡᠨ ᠪᠠᠭᠲᠠᠬᠤ ᠪᠤᠢ?
    ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠡᠷᠬᠡᠲᠦ ᠬᠥᠮᠦᠨ ᠭᠡᠳᠡᠭ᠎ᠨᠢ ᠳᠤᠮᠳᠠᠳᠤ ᠤᠯᠤᠰ᠎ᠤᠨ 2010 ᠣᠨ᠎ᠤ ᠱᠠᠩᠬᠠᠶ ᠵᠢᠨ ᠳᠡᠯᠡᠬᠡᠶ ᠵᠢᠨ ᠦᠵᠡᠰᠬᠦᠯᠡᠩ᠎ᠤᠨ ᠵᠣᠬᠢᠶᠠᠨ ᠪᠠᠢ᠍ᠭᠤᠯᠬᠤ ᠪᠠᠶ᠋ᠢᠭᠤᠯᠤᠮᠵᠢ ᠪᠣᠯᠤᠨ ᠣᠯᠠᠨ ᠤᠯᠤᠰ᠎ᠤᠨ ᠦᠵᠡᠰᠬᠦᠯᠡᠩ᠎ᠤᠨ ᠲᠣᠪᠴᠢᠶ᠎ᠠ ᠵᠢ ᠵᠢᠭ᠋ᠠᠳᠠᠭ᠃ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠡᠷᠬᠡᠲᠦ ᠬᠥᠮᠦᠨ᠎ᠨᠢ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠲᠤᠰᠬᠠᠶ ᠡᠳ᠋ᠯᠡᠬᠦ ᠡᠷᠬᠡ᠎ᠲᠠᠢ᠃ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠶᠠᠮᠠᠷᠪᠠ ᠬᠥᠮᠦᠨ ᠭᠡᠳ ᠬᠤᠳᠠᠯᠳᠤᠭ᠋ᠠᠨ᠎ᠤ ᠵᠣᠷᠢᠯᠭ᠎ᠠ᠎ᠪᠠᠷ (ᠬᠤᠳᠠᠯᠳᠤᠭ᠋ᠠᠨ᠎ᠤ ᠳᠠᠯᠳᠠ ᠵᠣᠷᠢᠯᠭ᠎ᠠ ᠪᠠᠭᠲᠠᠨ᠎ᠠ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠭᠡᠷᠡᠭᠯᠡᠵᠤ ᠪᠣᠯᠬᠤ ᠦᠭᠡᠢ᠃
   13. ᠶᠠᠮᠠᠷ ᠶᠠᠮᠠᠷ ᠦᠢ᠍ᠯᠡ ᠠᠵᠢᠯᠯᠠᠭ᠎ᠠ᠎ᠨᠢ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠲᠣᠭ᠋ᠠᠴᠠᠭᠳᠠᠬᠤ ᠪᠤᠶ?
    ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠡᠷᠬᠡᠲᠦ ᠬᠥᠮᠦᠨ᠎ᠤ ᠵᠥᠪᠰᠢᠶᠡᠷᠡᠯ ᠦᠭᠡᠢ᠎ᠪᠠᠷ ᠬᠤᠳᠠᠯᠳᠤᠭ᠋ᠠᠨ᠎ᠤ ᠵᠣᠷᠢᠯᠭ᠎ᠠ᠎ᠪᠠᠷ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠳᠤᠷ᠎ᠠ᠎ᠪᠠᠷ ᠵᠶ᠋ᠠᠨ ᠬᠡᠷᠡᠭᠯᠡᠭᠰᠡᠨ ᠪᠣᠯ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠵᠶ᠋ᠠᠷ ᠲᠣᠭ᠋ᠠᠴᠠᠭᠳᠠᠨ᠎ᠠ᠃
   14. ᠶᠠᠮᠠᠷ ᠶᠠᠮᠠᠷ ᠦᠢ᠍ᠯᠡ ᠠᠵᠢᠯᠯᠠᠭ᠎ᠠ᠎ᠨᠢ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠬᠤᠳᠠᠯᠳᠤᠭ᠋ᠠᠨ᠎ᠤ ᠵᠣᠷᠢᠯᠭ᠎ᠠ᠎ᠪᠠᠷ ᠬᠡᠷᠡᠭᠯᠡᠭᠰᠡᠨ ᠦᠢ᠍ᠯᠡ ᠠᠵᠢᠯᠯᠠᠭ᠎ᠠ᠎ᠳᠤ ᠲᠣᠭ᠋ᠠᠴᠠᠭᠳᠠᠬᠤ ᠪᠤᠢ?
   (ᠨᠢᠭᠡ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠲᠠᠸᠠᠷ᠂ ᠲᠠᠸᠠᠷ᠎ᠤᠨ ᠪᠣᠭᠣᠳᠠᠯ ᠪᠠᠭᠯᠠᠭ᠎ᠠ ᠪᠤᠶᠤ ᠰᠠᠪᠠ ᠬᠡᠷᠡᠭᠰᠡᠯ ᠵᠢᠴᠢ ᠲᠠᠸᠠᠷ ᠰᠣᠯᠢᠯᠴᠠᠬᠤ ᠪᠢᠴᠢᠭ ᠳᠡᠭᠡᠷ᠎ᠡ ᠬᠡᠷᠡᠭᠯᠡᠭᠰᠡᠨ᠃
   (ᠬᠣᠶᠠᠷ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠦᠢ᠍ᠯᠡᠴᠢᠯᠡᠭᠡᠨ᠎ᠤ ᠦᠢ᠍ᠯᠡᠰ᠎ᠲᠤ ᠬᠡᠷᠡᠭᠯᠡᠭᠰᠡᠨ᠃
   (ᠭᠤᠷᠪᠠ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠵᠡᠷ ᠮᠡᠳᠡᠭᠡ ᠵᠢᠨ ᠤᠬᠠᠭᠤᠯᠭ᠎ᠠ᠂ ᠬᠤᠳᠠᠯᠳᠤᠭ᠋ᠠᠨ᠎ᠤ ᠦᠵᠡᠰᠬᠦᠯᠡᠩ᠂ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠭᠠᠷᠭ᠋ᠠᠬᠤ ᠵᠢᠴᠢ ᠪᠤᠰᠤᠳ ᠬᠤᠳᠠᠯᠳᠤᠭ᠋ᠠᠨ᠎ᠤ ᠠᠵᠢᠯᠯᠠᠭ᠎ᠠ᠎ᠳᠤ ᠬᠡᠷᠡᠭᠯᠡᠭᠰᠡᠨ᠃
   (ᠳᠥᠷᠪᠡ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠲᠠᠢ ᠲᠠᠸᠠᠷ᠎ᠢ ᠪᠣᠷᠤᠯᠠᠭᠤᠯᠵᠤ᠂ ᠭᠠᠳᠠᠭ᠋ᠠᠳᠤ᠎ᠠᠴᠠ ᠣᠷᠤᠭᠤᠯᠵᠤ᠂ ᠭᠠᠳᠠᠭ᠋ᠠᠳᠤ᠎ᠳᠤ ᠭᠠᠷᠭ᠋ᠠᠭᠰᠠᠨ᠃
   (ᠲᠠᠪᠤ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠦᠢ᠍ᠯᠡᠳᠦᠭᠰᠡᠨ ᠪᠤᠶᠤ ᠪᠣᠷᠤᠯᠠᠭᠤᠯᠤᠭᠰᠠᠨ;
   (ᠵᠢᠷᠭᠤᠭ᠎ᠠ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠠᠵᠤ ᠠᠬᠤᠶ᠋ᠢᠯᠠᠯ᠎ᠤᠨ ᠨᠠᠷᠠᠢ᠍ᠳᠤᠯ ᠪᠣᠯᠭ᠋ᠠᠨ ᠳᠠᠩᠰᠠᠯᠠᠭᠤᠯᠬᠤ᠎ᠪᠠᠷ ᠭᠤᠶᠤᠴᠢᠯᠠᠵᠤ᠂ ᠵᠠᠬ᠎ᠠ ᠳᠡᠯᠭᠡᠭᠦᠷ᠎ᠲᠤ ᠡ᠊ᠨᠳᠡᠭᠦᠷᠡᠯ᠂ ᠬᠤᠳᠬᠤᠯᠳᠤᠯ ᠪᠤᠢ ᠪᠣᠯᠭ᠋ᠠᠵᠤ ᠮᠡᠳᠡᠬᠦ;
   (ᠳᠤᠯᠤᠭ᠎ᠠ) ᠪᠤᠰᠤᠳ᠎ᠢ ᠡᠨᠳᠡᠷᠡᠭᠦᠯᠵᠦ ᠮᠡᠳᠡᠬᠦ ᠦᠢ᠍ᠯᠡ ᠠᠵᠢᠯᠯᠠᠭ᠎ᠠ᠂ ᠳᠣᠬᠠᠢ᠍ᠯᠡᠪᠠᠯ ᠠᠵᠢᠯᠯᠠᠭ᠋ᠠᠳᠠᠨ ᠪᠣᠯᠤᠨ ᠣᠯᠢᠮᠫᠢᠺ᠎ᠤᠨ ᠲᠡᠮᠳᠡᠭ᠎ᠤᠨ ᠡᠷᠬᠡᠲᠦ ᠬᠥᠮᠦᠨ᠎ᠤ ᠬᠣᠭᠣᠷᠣᠨᠳᠣ ᠳᠡᠮᠵᠢᠬᠦ ᠪᠤᠶᠤ ᠪᠤᠰᠤᠳ ᠵᠦᠢ᠍ᠯ᠎ᠤᠨ ᠳᠡᠳᠬᠦᠬᠦ ᠬᠠᠷᠢᠴᠠᠭ᠋ᠠᠨ᠎ᠠᠴᠠ ᠪᠣᠯᠵᠤ ᠣᠯᠢᠮᠫᠢᠺ᠎ᠤᠨ ᠳᠡᠮᠳᠡᠭ᠎ᠢ ᠬᠡᠷᠡᠭᠯᠡᠭᠰᠡᠨ ᠪᠤᠰᠤᠳ ᠦᠢ᠍ᠯᠡ ᠠᠵᠢᠯᠯᠠᠭ᠎ᠠ᠎ᠨᠤᠭᠤᠳ᠃
   17 . ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠲᠤᠰᠬᠠᠶ ᠡᠷᠬᠡ᠎ᠳᠤ ᠬᠠᠯᠳᠠᠭᠰᠡᠨ ᠪᠣᠯ ᠶᠠᠮᠠᠷ ᠠᠷᠭ᠎ᠠ᠎ᠪᠠᠷ ᠳᠡᠮᠵᠢᠵᠦ ᠡᠷᠬᠡ᠎ᠪᠠᠨ ᠬᠠᠮᠠᠭ᠋ᠠᠯᠠᠬᠤ ᠪᠤᠶ?
   (ᠨᠢᠭᠡ) ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠵᠤ ᠵᠢᠭᠤᠷᠠᠯᠳᠤᠭ᠋ᠠᠨ ᠡᠭᠦᠰᠭᠡᠭᠰᠡᠨ ᠪᠣᠯ ᠲᠤᠬᠠᠶ ᠵᠢᠨ ᠬᠥᠮᠦᠨ ᠵᠥᠪᠳᠡᠯᠴᠡᠨ ᠰᠢᠶᠳᠪᠦᠷᠢᠯᠡᠨ᠎ᠡ;
   (ᠬᠣᠶᠠᠷ) ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠠᠢ᠌ᠪᠠᠯ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠨᠢ ᠬᠠᠤᠯᠢ ᠶᠣᠰᠣᠭ᠋ᠠᠷ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ;
   (ᠭᠤᠷᠪᠠ) ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠣᠯ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠶᠳᠪᠦᠷᠢᠯᠡᠭᠦᠯᠬᠦ᠎ᠪᠠᠷ ᠭᠤᠶᠤᠴᠢᠯᠠᠯ ᠭᠠᠷᠭ᠋ᠠᠵᠤ ᠪᠣᠯᠤᠨ᠎ᠠ;
   (ᠲᠦᠷᠪᠡ) ᠲᠤᠬᠠᠶ ᠵᠢᠨ ᠬᠥᠮᠦᠨ᠎ᠤ ᠭᠤᠶᠤᠴᠢᠯᠠᠯ ᠵᠶ᠋ᠠᠷ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠲᠥᠯᠥᠪᠦᠷᠢ ᠮᠥᠩᠭᠥ ᠵᠢᠨ ᠲᠣᠭ᠎ᠠ ᠬᠡᠮᠵᠢᠶ᠎ᠡ ᠵᠢᠨ ᠲᠤᠬᠠᠶ ᠡᠶᠡᠳᠡᠭᠦᠯᠭᠡ ᠬᠢᠵᠦ ᠪᠣᠯᠤᠨ᠎ᠠ᠃ ᠡᠶᠡᠳᠡᠭᠦᠯᠦᠭᠡᠳ ᠪᠦᠲᠦᠭᠰᠡᠨ ᠦᠭᠡᠢ ᠪᠣᠯ ᠲᠤᠬᠠᠶ ᠵᠢᠨ ᠬᠥᠮᠦᠨ᠎ᠨᠢ ᠬᠠᠤᠯᠢ ᠶᠣᠰᠣᠭ᠋ᠠᠷ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠳᠤ ᠵᠠᠭ᠋ᠠᠯᠳᠤᠵᠤ ᠪᠣᠯᠤᠨ᠎ᠠ;
   (ᠲᠠᠪᠤ) <12312> ᠤᠲᠠᠰᠤ᠎ᠪᠠᠷ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠢᠯᠡᠴᠢᠯᠡᠨ ᠮᠡᠳᠡᠭᠦᠯᠵᠦ ᠵᠠᠭ᠋ᠠᠯᠳᠣᠬᠤ ᠦᠢ᠍ᠯᠡᠴᠢᠯᠡᠭᠡᠨ᠎ᠤ ᠲᠥᠪ᠎ᠲᠤ ᠵᠠᠭ᠋ᠠᠯᠳᠤᠵᠤ ᠪᠣᠯᠤᠨ᠎ᠠ᠃
   18 . ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠦᠢ᠍ᠯᠡᠳᠪᠦᠷᠢ ᠬᠤᠳᠠᠯᠳᠤᠭ᠋ᠠᠨ᠎ᠤ ᠰᠠᠯᠠᠭ᠎ᠠ ᠮᠥᠴᠢᠷ᠎ᠠᠴᠠ ᠶᠠᠭ᠋ᠠᠬᠢᠵᠤ ᠰᠢᠢ᠍ᠳᠪᠦᠷᠢᠯᠡᠪᠡᠯ ᠵᠣᠬᠢᠬᠤ ᠪᠤᠢ?
    ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠬᠡᠵᠤ ᠭᠡᠷᠡᠴᠢᠯᠡᠨ ᠲᠣᠭᠲᠠᠭ᠋ᠠᠭᠰᠠᠨ ᠪᠣᠯ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠲᠡᠷᠡ ᠳᠠᠷᠤᠶ᠎ᠳᠤᠨᠢ ᠵᠠᠷᠯᠢᠭᠳᠠᠨ ᠵᠣᠭᠰᠣᠭ᠋ᠠᠵᠤ᠂ ᠬᠤᠷᠢᠶᠠᠮᠵᠢᠯᠠᠨ ᠠᠪᠬᠤ᠂ ᠡᠷᠬᠡ᠎ᠳᠤ ᠬᠠᠯᠳᠠᠭᠰᠠᠨ ᠲᠠᠸᠠᠷ ᠪᠠ ᠡᠷᠬᠡ᠎ᠳᠤ ᠬᠠᠯᠳᠠᠭᠰᠠᠨ ᠲᠠᠸᠠᠷ᠎ᠢ ᠦᠢ᠍ᠯᠡᠳᠬᠦ᠎ᠳᠤ ᠲᠤᠰᠬᠠᠶ ᠬᠡᠷᠡᠭᠯᠡᠭᠰᠡᠨ ᠡᠰᠡᠬᠦᠯ᠎ᠡ ᠬᠤᠳᠠᠯᠳᠤᠭ᠋ᠠᠨ᠎ᠤ ᠵᠣᠷᠢᠯᠭ᠎ᠠ᠎ᠪᠠᠷ ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠳᠤᠷ᠎ᠠ᠎ᠪᠠᠷ ᠵᠶ᠋ᠠᠨ ᠦᠢ᠍ᠯᠡᠳᠦᠭᠰᠡᠨ ᠪᠠᠭ᠋ᠠᠵᠢ᠂ ᠬᠠᠤᠯᠢ᠎ᠠᠴᠠ ᠵᠥᠷᠢᠴᠡᠵᠦ ᠣᠯᠵᠠ ᠠᠰᠢᠭ ᠣᠯᠤᠭᠰᠠᠨ ᠪᠣᠯ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠮᠵᠢᠯᠠᠨ ᠠᠪᠬᠤ ᠵᠢᠨ ᠬᠠᠮᠲᠤ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠤᠨ ᠲᠠᠪᠤᠨ ᠲᠡᠬᠢᠠ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠨ᠎ᠡ᠃ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ ᠪᠠᠶ᠋ᠢᠬᠤ ᠦᠭᠡᠢ ᠪᠣᠯ 5 ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠠᠢ᠍ᠯᠠᠬᠦᠯᠦᠨ ᠰᠢᠳᠬᠡᠵᠦ ᠪᠣᠯᠤᠨ᠎ᠠ᠃
   19 . ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠤᠨ ᠲᠤᠰᠬᠠᠶ ᠡᠵᠡᠮᠰᠢᠬᠦ ᠡᠷᠬᠡ᠎ᠳᠤ ᠬᠠᠯᠳᠠᠭᠰᠠᠨ ᠪᠣᠯ ᠶᠠᠮᠠᠷ ᠡᠷᠡᠭᠦᠦ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠪᠤᠢ?
    ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠠᠰᠢᠭᠯᠠᠨ ᠮᠡᠬᠡᠯᠡᠯ ᠬᠢᠬᠦ ᠵᠡᠷᠭᠡ ᠠᠵᠢᠯᠯᠠᠭ᠎ᠠ ᠬᠢᠵᠦ ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃<!--12312--><!--12312--><!--12312--><!--12312--><!--12312--><!--12312-->

ᠢᠷᠡᠯᠲᠡ᠄
          
ᠬᠠᠮᠢᠶ᠎ᠡ ᠪᠦᠬᠦᠢ ᠰᠣᠨᠢᠨ
 
            
Baidu
map