ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠭᠠᠵᠠᠷ ᠵᠦᠢ ᠵᠢᠨ ᠰᠢᠨᠵᠢ ᠲᠡᠮᠳᠡᠭ
ᠨᠡᠶ᠋ᠢᠲᠡᠯᠡᠭᠰᠡᠨ ᠴᠠᠭ᠄ 2019-08-27

 1. ᠶᠠᠭᠤ ᠵᠢ ᠭᠠᠵᠠᠷ ᠵᠦᠢ ᠵᠢᠨ ᠰᠢᠨᠵᠢ ᠲᠡᠮᠳᠡᠭ ᠭᠡᠬᠦ ᠪᠤᠶ? ᠶᠠᠭᠤ ᠵᠢ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ ᠭᠡᠳᠡᠭ ᠪᠤᠶ?
   《ᠲᠠᠸᠠᠷ᠎ᠤᠨ ᠲᠡᠮᠳᠡᠭ᠎ᠤᠨ ᠬᠠᠤᠯᠢ》 ᠵᠢ ᠦᠨᠳᠦᠰᠦᠯᠡᠪᠡᠯ᠂ ᠭᠠᠵᠠᠷ ᠵᠦᠢ ᠵᠢᠨ ᠰᠢᠨᠵᠢ ᠲᠡᠮᠳᠡᠭ ᠭᠡᠳᠡᠭ ᠪᠣᠯ ᠶᠠᠮᠠᠷ ᠨᠢᠭᠡᠨ ᠲᠠᠸᠠᠷ᠎ᠨᠢ ᠶᠠᠮᠠᠷ ᠨᠢᠭᠡᠨ ᠭᠠᠵᠠᠷ ᠣᠷᠣᠨ᠎ᠠᠴᠠ ᠢᠷᠡᠯᠳᠠ᠎ᠲᠠᠢ᠂ ᠲᠤᠰ ᠲᠠᠸᠠᠷ᠎ᠤᠨ ᠣᠨᠴᠠ ᠲᠣᠭᠲᠠᠭᠰᠠᠨ ᠶᠠᠰᠤ ᠴᠢᠨᠠᠷ᠂ ᠢᠲᠡᠭᠡᠯ ᠬᠦᠨᠳᠦ ᠪᠤᠶᠤ ᠪᠤᠰᠤᠳ ᠣᠨᠴᠠᠯᠢᠭ ᠰᠢᠨᠵᠢ᠂ ᠭᠣᠣᠯᠳᠠᠭᠤ ᠲᠤᠰ ᠭᠠᠵᠠᠷ ᠣᠷᠣᠨ᠎ᠤ ᠪᠠᠶ᠋ᠢᠭ᠋ᠠᠯᠢ ᠵᠢᠨ ᠨᠥᠬᠥᠴᠡᠯ ᠪᠤᠶᠤ ᠬᠥᠮᠦᠨ ᠨᠡᠶ᠋ᠢᠭᠡᠮ᠎ᠤᠨ ᠡᠯᠧᠮᠧᠨ᠋ᠲ ᠵᠶ᠋ᠠᠷ ᠲᠣᠭᠳᠠᠭ᠋ᠠᠭᠳᠠᠭᠰᠠᠨ ᠰᠢᠨᠵᠢ ᠲᠡᠮᠳᠡᠭ᠎ᠢ ᠵᠢᠭ᠋ᠠᠳᠠᠭ᠃ 《ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠲᠣᠭᠲᠠᠭ᠋ᠠᠯ》᠎ᠢ ᠦᠨᠳᠦᠰᠦᠯᠡᠪᠡᠯ᠂ ᠭᠠᠵᠠᠷ ᠵᠦᠢ ᠵᠢᠨ ᠰᠢᠨᠵᠢ ᠲᠡᠮᠳᠡᠭ᠎ᠲᠠᠢ ᠪᠦᠲᠦᠭᠡᠭᠳᠡᠬᠦᠨ ᠭᠡᠳᠡᠭ ᠪᠣᠯ ᠣᠨᠴᠠ ᠲᠣᠭᠲᠠᠭᠰᠠᠨ ᠣᠷᠣᠨ᠎ᠤ ᠭᠠᠷᠤᠯᠲᠠ᠎ᠳᠤ ᠪᠠᠢ᠍ᠳᠠᠭ ᠶᠠᠰᠤ ᠴᠢᠨᠠᠷ᠂ ᠨᠡᠷ᠎ᠡ ᠬᠦᠨᠳᠦ ᠪᠤᠶᠤ ᠪᠤᠰᠤᠳ ᠣᠨᠴᠠᠯᠢᠭ᠎ᠨᠢ ᠮᠥᠨ ᠴᠢᠨᠠᠷ ᠳᠡᠭᠡᠷ᠎ᠡ᠎ᠪᠠᠨ ᠲᠤᠬᠠᠶ ᠵᠢᠨ ᠭᠠᠷᠤᠯᠲᠠ ᠵᠢᠨ ᠣᠷᠣᠨ᠎ᠤ ᠪᠠᠶ᠋ᠢᠭ᠋ᠠᠯᠢ ᠵᠢᠨ ᠨᠥᠬᠥᠴᠡᠯ ᠪᠠ ᠬᠥᠮᠦᠨ ᠨᠡᠶ᠋ᠢᠭᠡᠮ᠎ᠤᠨ ᠡᠯᠧᠮᠧᠨ᠋ᠲ ᠵᠶ᠋ᠠᠷ ᠲᠣᠭᠳᠠᠭ᠋ᠠᠭᠳᠠᠵᠤ᠂ ᠬᠢᠨᠠᠨ ᠵᠥᠪᠰᠢᠶᠡᠷᠡᠯ ᠵᠶ᠋ᠠᠷ ᠳᠠᠮᠵᠢᠵᠤ ᠭᠠᠵᠠᠷ ᠵᠦᠢ ᠵᠢᠨ ᠨᠡᠷ᠎ᠡ᠎ᠪᠠᠷ ᠨᠡᠷᠡᠶ᠋ᠢᠳᠦᠭᠳᠡᠭᠰᠡᠨ ᠪᠦᠲᠦᠭᠡᠭᠳᠡᠬᠦᠨ᠎ᠢ ᠵᠢᠭ᠋ᠠᠵᠤ ᠪᠠᠢ᠍ᠳᠠᠭ᠃ ᠲᠡᠭᠦᠨ᠎ᠳᠤ ᠳᠣᠣᠷᠠᠬᠢ ᠵᠦᠢ᠍ᠯ᠎ᠤᠳ ᠪᠠᠭᠲᠠᠨ᠎ᠠ᠄
   (1) ᠲᠤᠰ ᠭᠠᠵᠠᠷ ᠣᠷᠣᠨ᠎ᠳᠤ ᠲᠠᠷᠢᠵᠤ ᠤᠷᠭᠤᠭᠤᠯᠵᠤ᠂ ᠲᠡᠵᠢᠭᠡᠵᠦ ᠦᠷᠡᠵᠢᠭᠦᠯᠦᠭᠰᠡᠨ ᠪᠦᠲᠦᠭᠡᠭᠳᠡᠬᠦᠨ᠃ (2) ᠲᠤᠰ ᠭᠠᠵᠠᠷ ᠣᠷᠣᠨ ᠪᠤᠶᠤ ᠪᠤᠰᠤᠳ ᠭᠠᠵᠠᠷ ᠣᠷᠣᠨ᠎ᠠᠴᠠ ᠢᠷᠡᠯ᠎ᠲᠠᠢ ᠪᠦᠬᠦ ᠲᠦᠭᠦᠬᠡᠶ ᠡᠳ᠋᠂ ᠮᠠᠲ᠋ᠧᠷᠢᠶᠠᠯ᠎ᠢ ᠪᠥᠭᠡᠳ ᠲᠤᠰ ᠭᠠᠵᠠᠷ ᠣᠷᠣᠨ᠎ᠳᠤ ᠲᠤᠰᠬᠠᠶ ᠤᠷ᠎ᠠ ᠮᠡᠷᠭᠡᠰᠢᠯ ᠵᠶ᠋ᠠᠷ ᠤᠢ᠍ᠯᠡᠳᠪᠤᠷᠢᠯᠡᠭᠰᠡᠨ ᠪᠠ ᠡᠳ᠋ᠰᠢᠭᠦᠯᠦᠭᠰᠡᠨ ᠪᠦᠲᠦᠭᠡᠭᠳᠡᠬᠦᠨ᠃
   2. ᠭᠠᠵᠠᠷ ᠵᠦᠢ ᠵᠢᠨ ᠰᠢᠨᠵᠢ ᠲᠡᠮᠳᠡᠭ ᠪᠠ ᠭᠠᠵᠠᠷ ᠵᠦᠢ ᠵᠢᠨ ᠰᠢᠨᠵᠢ ᠲᠡᠮᠳᠡᠭ᠎ᠲᠠᠢ ᠪᠦᠲᠦᠭᠡᠭᠳᠡᠬᠦᠨ᠎ᠤ ᠬᠠᠮᠠᠭ᠋ᠠᠯᠠᠬᠤ ᠠᠵᠢᠯ᠎ᠢ ᠠᠯᠢ ᠰᠠᠯᠠᠭ᠎ᠠ ᠮᠥᠴᠢᠷ᠎ᠠᠴᠠ ᠭᠦᠢ᠍ᠴᠡᠳᠬᠡᠳᠡᠭ ᠪᠤᠶ?
   (ᠨᠢᠭᠡ) ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ 《ᠲᠠᠸᠠᠷ᠎ᠤᠨ ᠲᠡᠮᠳᠡᠭ᠎ᠤᠨ ᠬᠠᠤᠯᠢ》 ᠪᠣᠯᠤᠨ ᠲᠡᠭᠦᠨ᠎ᠢ ᠬᠡᠷᠡᠭᠵᠢᠭᠦᠯᠬᠦ ᠳᠦᠷᠢᠮ᠎ᠢ ᠦᠨᠳᠦᠰᠦᠯᠡᠨ᠂ ᠭᠠᠵᠠᠷ ᠵᠦᠢ ᠵᠢᠨ ᠰᠢᠨᠵᠢ ᠲᠡᠮᠳᠡᠭ᠎ᠢ ᠨᠡᠶ᠋ᠢᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠠᠷᠭ᠎ᠠ ᠮᠠᠶᠢᠭ ᠵᠶ᠋ᠠᠷ ᠬᠠᠮᠠᠭ᠋ᠠᠯᠠᠨ᠎ᠠ᠃
   (ᠬᠣᠶᠠᠷ) ᠤᠯᠤᠰ᠎ᠤᠨ ᠶᠠᠰᠤ ᠴᠢᠨᠠᠷ᠎ᠤᠨ ᠬᠢᠨᠠᠯᠲᠠ ᠲᠠᠯᠪᠢᠵᠤ ᠪᠠᠶ᠋ᠢᠴᠠᠭ᠋ᠠᠨ ᠰᠢᠯᠭ᠋ᠠᠬᠤ ᠪᠠ ᠬᠢᠵᠢᠭ ᠪᠠᠶ᠋ᠢᠴᠠᠭ᠋ᠠᠬᠤ ᠶᠡᠷᠦᠩᠬᠡᠶ ᠲᠣᠪᠴᠢᠶ᠎ᠠ 《ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠲᠣᠭᠲᠠᠭ᠋ᠠᠯ》 ᠶᠣᠰᠣᠭ᠋ᠠᠷ᠂ ᠪᠦᠬᠦ ᠤᠯᠤᠰ᠎ᠤᠨ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠠᠵᠢᠯ᠎ᠢ ᠨᠢᠭᠡᠳᠦᠯᠲᠡᠶ ᠬᠠᠮᠢᠶᠠᠷᠤᠨ᠎ᠠ᠃ ᠡᠯ᠎ᠡ ᠭᠠᠵᠠᠷ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠵᠢ ᠰᠢᠯᠭ᠋ᠠᠨ ᠪᠠᠶ᠋ᠢᠴᠠᠭ᠋ᠠᠬᠤ ᠪᠠ ᠬᠢᠵᠢᠭ ᠪᠠᠶ᠋ᠢᠴᠠᠭ᠋ᠠᠬᠤ ᠲᠣᠪᠴᠢᠶ᠎ᠠ ᠪᠣᠯᠤᠨ ᠶᠠᠰᠤ ᠴᠢᠨᠠᠷ ᠮᠡᠷᠭᠡᠵᠢᠯ᠎ᠳᠤ ᠬᠢᠨᠠᠯᠲᠠ ᠲᠠᠯᠪᠢᠬᠤ ᠲᠣᠪᠴᠢᠶ᠎ᠠ ᠡᠭᠦᠷᠭᠡ ᠴᠢᠳᠠᠪᠤᠷᠢ ᠵᠢᠨ ᠵᠶ᠋ᠠᠨ ᠳᠠᠭ᠋ᠠᠤ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠠᠵᠢᠯ᠎ᠢ ᠥᠷᠨᠢᠭᠦᠯᠦᠨ᠎ᠡ᠃
   3. ᠮᠠᠨ᠎ᠤ ᠤᠯᠤᠰ᠎ᠲᠤ ᠭᠠᠵᠠᠷ ᠵᠦᠢ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠲᠤᠬᠠᠶ ᠶᠠᠮᠠᠷ ᠶᠠᠮᠠᠷ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠᠢ᠍ᠬᠤ ᠪᠤᠶ?
   (ᠨᠢᠭᠡ) 《ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠲᠣᠭᠲᠠᠭ᠋ᠠᠯ》;
   (ᠬᠣᠶᠠᠷ) 《ᠲᠠᠸᠠᠷ᠎ᠤᠨ ᠲᠡᠮᠳᠡᠭ᠎ᠤᠨ ᠬᠠᠤᠯᠢ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ》;
   (ᠭᠤᠷᠪᠠ) 《ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠪᠠ ᠬᠠᠮᠢᠶᠠᠷᠬᠤ ᠠᠷᠭ᠎ᠠ》᠃
   4. ᠲᠠᠸᠠᠷ᠎ᠤᠨ ᠲᠡᠮᠳᠡᠭ᠎ᠤᠨ ᠬᠠᠤᠯᠢ᠎ᠪᠠᠷ ᠭᠠᠵᠠᠷ ᠵᠦᠢ ᠵᠢᠨ ᠰᠢᠨᠵᠢ ᠲᠡᠮᠳᠡᠭ᠎ᠢ ᠶᠠᠭ᠋ᠠᠬᠢᠵᠤ ᠬᠠᠮᠠᠭ᠋ᠠᠯᠠᠳᠠᠭ ᠪᠤᠶ
   (ᠨᠢᠭᠡ) ᠲᠠᠸᠠᠷ᠎ᠤᠨ ᠲᠡᠮᠳᠡᠭ᠎ᠤᠨ ᠳᠣᠲᠣᠷ᠎ᠠ ᠲᠠᠸᠠᠷ᠎ᠤᠨ ᠭᠠᠵᠠᠷ ᠵᠦᠢ ᠵᠢᠨ ᠰᠢᠨᠵᠢ ᠲᠡᠮᠳᠡᠭ᠎ᠲᠠᠢ᠂ ᠭᠡᠲᠡᠯ᠎ᠡ ᠲᠤᠰ ᠲᠠᠸᠠᠷ᠎ᠨᠢ ᠤᠤᠯ ᠲᠡᠮᠳᠡᠭ᠎ᠲᠤ ᠲᠣᠳᠣᠷᠬᠠᠶ᠋ᠢᠯᠠᠭᠰᠠᠨ ᠭᠠᠵᠠᠷ ᠣᠷᠣᠨ᠎ᠠᠴᠠ ᠢᠷᠡᠯᠳᠠ᠎ᠲᠠᠢ ᠪᠢᠰᠢ᠂ ᠣᠯᠠᠨ ᠨᠡᠶ᠋ᠢᠲᠡ᠎ᠳᠤ ᠡᠨᠳᠡᠭᠦᠷᠡᠯ ᠥᠭᠭᠦᠭᠰᠡᠨ ᠪᠣᠯ ᠲᠡᠡᠭᠰᠡᠯᠡᠵᠦ ᠥᠭᠬᠦ ᠦᠭᠡᠶ ᠪᠥᠭᠡᠳ ᠬᠡᠷᠡᠭᠯᠡᠬᠦ ᠵᠢ᠎ᠨᠢ ᠴᠠᠭ᠋ᠠᠵᠠᠯᠠᠨ᠎ᠠ᠃ ᠭᠡᠬᠦ᠎ᠳᠤ ᠰᠠᠶ᠋ᠢᠨ ᠰᠠᠨᠠᠭ᠋ᠠᠨ᠎ᠤ ᠡᠭᠦᠳᠡᠨ᠎ᠠᠴᠠ ᠨᠢᠭᠡᠨᠲᠡ ᠳᠠᠩᠰᠠᠯᠠᠭᠤᠯᠤᠭᠰᠠᠨ ᠪᠠᠶ᠋ᠢᠪᠠᠯ ᠦᠷᠭᠦᠯᠵᠢᠯᠡᠨ ᠬᠦᠴᠦᠨ᠎ᠲᠠᠢ᠃
   (ᠬᠣᠶᠠᠷ) ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠣᠷᠣᠨ᠎ᠤ ᠭᠠᠵᠠᠷ᠎ᠤᠨ ᠨᠡᠷ᠎ᠡ ᠪᠤᠶᠤ ᠣᠯᠠᠨ ᠨᠡᠶ᠋ᠢᠲᠡ ᠵᠢᠨ ᠮᠡᠳᠡᠵᠦ ᠪᠠᠶ᠋ᠢᠭ᠎ᠠ ᠭᠠᠳᠠᠭ᠋ᠠᠳᠤ ᠤᠯᠤᠰ᠎ᠤᠨ ᠭᠠᠵᠠᠷ᠎ᠤᠨ ᠨᠡᠷ᠎ᠡ᠎ᠪᠠᠷ ᠲᠠᠸᠠᠷ᠎ᠤᠨ ᠲᠡᠮᠳᠡᠭ ᠪᠣᠯᠭ᠋ᠠᠵᠤ ᠪᠣᠯᠬᠤ ᠦᠭᠡᠶ᠃ ᠭᠡᠪᠡᠴᠦ ᠭᠠᠵᠠᠷ᠎ᠤᠨ ᠨᠡᠷ᠎ᠡ᠎ᠨᠢ ᠪᠤᠰᠤᠳ ᠠᠭᠤᠯᠭ᠎ᠠ᠎ᠲᠠᠢ ᠪᠤᠶᠤ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ ᠵᠶ᠋ᠠᠷ ᠪᠦᠷᠢᠯᠳᠦᠭᠰᠡᠨ ᠰᠠᠯᠠᠭ᠎ᠠ ᠮᠥᠴᠢᠷ᠎ᠨᠢ ᠳᠡᠭᠡᠷᠡᠬᠢ ᠵᠦᠢ᠍ᠯ᠎ᠳᠤ ᠪᠠᠭᠲᠠᠬᠤ ᠦᠭᠡᠶ᠃ ᠨᠢᠭᠡᠨᠲᠡ ᠳᠠᠩᠰᠠᠯᠠᠭᠤᠯᠵᠤ ᠬᠡᠷᠡᠭᠯᠡᠭᠰᠡᠨ ᠭᠠᠵᠠᠷ ᠣᠷᠣᠨ᠎ᠤ ᠲᠠᠸᠠᠷ᠎ᠤᠨ ᠲᠡᠮᠳᠡᠭ᠎ᠨᠢ ᠦᠷᠭᠦᠯᠵᠢᠯᠡᠨ ᠬᠦᠴᠦᠨ᠎ᠲᠠᠢ᠃
   (ᠭᠤᠷᠪᠠ) ᠭᠠᠵᠠᠷ ᠵᠦᠢ ᠵᠢᠨ ᠰᠢᠨᠵᠢ ᠲᠡᠮᠳᠡᠭ᠎ᠢ 《ᠲᠠᠸᠠᠷ᠎ᠤᠨ ᠲᠡᠮᠳᠡᠭ᠎ᠤᠨ ᠬᠠᠤᠯᠢ》 ᠵᠢᠴᠢ ᠲᠡᠭᠦᠨ᠎ᠢ ᠬᠡᠷᠡᠭᠵᠢᠭᠦᠯᠬᠦ ᠳᠦᠷᠢᠮ᠎ᠤᠨ ᠲᠣᠭᠲᠠᠭ᠋ᠠᠯ ᠶᠣᠰᠣᠭ᠋ᠠᠷ᠂ ᠭᠡᠷᠡᠴᠢᠯᠡᠬᠦ ᠲᠠᠸᠠᠷ᠎ᠤᠨ ᠲᠡᠮᠳᠡᠭ ᠪᠤᠶᠤ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ ᠪᠣᠯᠭ᠋ᠠᠨ ᠳᠠᠩᠰᠠᠯᠠᠭᠤᠯᠬᠤ᠎ᠪᠠᠷ ᠭᠤᠶᠤᠴᠢᠯᠠᠵᠤ ᠪᠣᠯᠤᠨ᠎ᠠ᠃ ᠲᠡᠷᠡ᠎ᠨᠢ ᠲᠤᠰ ᠭᠠᠵᠠᠷ ᠵᠦᠢ ᠵᠢᠨ ᠰᠢᠨᠵᠢ ᠲᠡᠮᠳᠡᠭ᠎ᠤᠨ ᠢᠯᠡᠳᠬᠡᠭᠰᠡᠨ ᠭᠠᠵᠠᠷ ᠣᠷᠣᠨ᠎ᠤ ᠨᠡᠷᠡᠢ᠍ᠳᠤᠯ ᠪᠠᠢ᠍ᠵᠤ ᠪᠣᠯᠤᠨ᠎ᠠ᠂ ᠪᠠᠰᠠ ᠶᠠᠮᠠᠷ ᠨᠢᠭᠡᠨ ᠲᠠᠸᠠᠷ᠎ᠤᠨ ᠲᠤᠰ ᠭᠠᠵᠠᠷ ᠣᠷᠣᠨ᠎ᠠᠴᠠ ᠢᠷᠡᠯᠳᠡ᠎ᠲᠠᠢ ᠵᠢ ᠢᠯᠡᠳᠬᠡᠭᠰᠡᠨ ᠪᠤᠰᠤᠳ ᠦᠵᠡᠵᠦ ᠪᠣᠯᠬᠤᠶ᠋ᠢᠴᠠ ᠰᠢᠨᠵᠢ ᠲᠡᠮᠳᠡᠭ ᠪᠠᠢ᠍ᠵᠤ ᠪᠣᠯᠤᠨ᠎ᠠ᠃
   5. ᠭᠠᠵᠠᠷ ᠵᠦᠢ ᠵᠢᠨ ᠰᠢᠨᠵᠢ ᠲᠡᠮᠳᠡᠭ᠎ᠢ ᠬᠡᠷᠬᠢᠨ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ ᠪᠤᠶᠤ ᠭᠡᠷᠡᠴᠢᠯᠡᠬᠦ ᠲᠠᠸᠠᠷ᠎ᠤᠨ ᠲᠡᠮᠳᠡᠭ ᠵᠶ᠋ᠠᠷ ᠭᠤᠶᠤᠴᠢᠯᠠᠬᠤ ᠪᠤᠶ?
   (ᠨᠢᠭᠡ) ᠭᠠᠵᠠᠷ ᠵᠦᠢ ᠵᠢᠨ ᠰᠢᠨᠵᠢ ᠲᠡᠮᠳᠡᠭ᠎ᠢ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ ᠪᠣᠯᠭ᠋ᠠᠨ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ ᠪᠡᠶᠡᠴᠢ ᠴᠣᠭᠴᠠ ᠵᠢᠨ ᠬᠢᠷᠢ ᠭᠡᠮ᠎ᠤᠨ ᠭᠡᠷᠡᠴᠢ ᠪᠢᠴᠢᠭ ᠮᠠᠲ᠋ᠧᠷᠢᠶᠠᠯ᠎ᠢ ᠳᠠᠭ᠋ᠠᠯᠳᠤᠭᠤᠯᠤᠨ ᠬᠦᠷᠭᠡᠬᠦ ᠪᠥᠭᠡᠳ ᠲᠡᠭᠦᠨ᠎ᠤ ᠨᠠᠶ᠋ᠢᠳᠠᠯᠭ᠋ᠠᠳᠤ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯᠲᠡᠨ᠂ ᠲᠤᠰᠬᠠᠶ ᠠᠵᠢᠯ᠎ᠤᠨ ᠪᠠᠶ᠋ᠢᠴᠠᠭ᠋ᠠᠨ ᠰᠢᠯᠭ᠋ᠠᠬᠤ ᠲᠥᠬᠥᠭᠡᠷᠦᠮᠵᠢ ᠵᠡᠷᠭᠡ ᠪᠠᠶ᠋ᠢᠳᠠᠯ᠎ᠤᠨ ᠲᠣᠳᠣᠷᠬᠠᠶ᠋ᠢᠯᠠᠯᠲᠠ ᠪᠠᠶ᠋ᠢᠬᠤ ᠬᠡᠷᠡᠭᠲᠡᠶ᠂ ᠲᠤᠰ ᠭᠠᠵᠠᠷ ᠵᠦᠢ ᠵᠢᠨ ᠰᠢᠨᠵᠢ ᠲᠡᠮᠳᠡᠭ᠎ᠤᠨ ᠲᠠᠸᠠᠷ᠎ᠤᠨ ᠲᠤᠰᠬᠠᠶ ᠲᠣᠭᠲᠠᠭ᠋ᠠᠭᠰᠠᠨ ᠴᠢᠨᠠᠷ ᠴᠢᠳᠠᠪᠤᠷᠢ᠎ᠳᠤ ᠬᠢᠨᠠᠯᠲᠠ ᠲᠠᠯᠪᠢᠬᠤ ᠴᠢᠳᠠᠪᠤᠷᠢ᠎ᠲᠠᠢ ᠭᠡᠳᠡᠭ ᠵᠶ᠋ᠠᠨ ᠢᠯᠡᠳᠬᠡᠨ᠎ᠡ᠃
   (ᠬᠣᠶᠠᠷ) ᠭᠠᠵᠠᠷ ᠵᠦᠢ ᠵᠢᠨ ᠰᠢᠨᠵᠢ ᠲᠡᠮᠳᠡᠭ᠎ᠢ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ ᠪᠣᠯᠭ᠋ᠠᠨ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ ᠪᠦᠯᠬᠦᠮ᠂ ᠨᠡᠶ᠋ᠢᠭᠡᠮᠯᠢᠭ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠨᠢ ᠲᠤᠰ ᠭᠠᠵᠠᠷ ᠵᠦᠢ ᠵᠢᠨ ᠰᠢᠨᠵᠢ ᠲᠡᠮᠳᠡᠭ᠎ᠲᠤ ᠢᠯᠡᠳᠬᠡᠭᠰᠡᠨ ᠭᠠᠵᠠᠷ ᠣᠷᠣᠨ᠎ᠤ ᠬᠦᠷᠢᠶ᠎ᠡ ᠬᠡᠪᠴᠢᠶ᠎ᠡ ᠳᠣᠲᠣᠷᠠᠬᠢ ᠪᠦᠷᠢᠯᠳᠦᠬᠦᠨ ᠵᠶ᠋ᠠᠷ ᠪᠦᠷᠢᠯᠳᠦᠪᠡᠯ ᠵᠣᠬᠢᠨ᠎ᠠ᠃
   (ᠭᠤᠷᠪᠠ) ᠭᠠᠵᠠᠷ ᠵᠦᠢ ᠵᠢᠨ ᠪᠡᠯᠭᠡ ᠲᠡᠮᠳᠡᠭ ᠵᠶ᠋ᠠᠷ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ ᠪᠣᠯᠭ᠋ᠠᠨ ᠳᠠᠩᠰᠠᠯᠠᠭᠤᠯᠬᠤ᠎ᠳᠤ ᠲᠤᠰ ᠭᠠᠵᠠᠷ ᠵᠦᠢ ᠵᠢᠨ ᠰᠢᠨᠵᠢ ᠲᠡᠮᠳᠡᠭ᠎ᠲᠤ ᠢᠯᠡᠳᠬᠡᠭᠰᠡᠨ ᠭᠠᠵᠠᠷ ᠣᠷᠣᠨ᠎ᠤ ᠬᠠᠷᠢᠶᠠᠯᠠᠯ ᠪᠤᠶᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ ᠲᠥᠷᠥᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠳᠠᠭ᠋ᠠᠯᠳᠤᠭᠤᠯᠤᠨ ᠬᠦᠷᠭᠡᠬᠦ ᠬᠡᠷᠡᠭᠲᠡᠶ᠃
   (ᠳᠥᠷᠪᠡ) ᠭᠠᠵᠠᠷ ᠵᠦᠢ ᠵᠢᠨ ᠰᠢᠨᠵᠢ ᠲᠡᠮᠳᠡᠭ᠎ᠢ ᠬᠠᠮᠲᠤ ᠨᠡᠶ᠋ᠢᠲᠡ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ ᠪᠣᠯᠭ᠋ᠠᠨ ᠳᠠᠩᠰᠠᠯᠠᠭᠤᠯᠬᠤ᠎ᠪᠠᠷ ᠭᠤᠶᠤᠴᠢᠯᠠᠪᠠᠯ᠂ ᠭᠤᠶᠤᠴᠢᠯᠠᠯ᠎ᠤᠨ ᠪᠢᠴᠢᠭ ᠮᠠᠲ᠋ᠧᠷᠢᠶᠠᠯ᠎ᠳᠤ ᠳᠠᠷᠠᠭ᠋ᠠᠬᠢ ᠠᠭᠤᠯᠭ᠎ᠠ ᠵᠢ ᠲᠣᠳᠣᠷᠬᠠᠶ᠋ᠢᠯᠠᠬᠤ ᠬᠡᠷᠡᠭᠲᠡᠶ᠄ (1) ᠲᠤᠰ ᠭᠠᠵᠠᠷ ᠵᠦᠢ ᠵᠢᠨ ᠰᠢᠨᠵᠢ ᠲᠡᠮᠳᠡᠭ᠎ᠲᠤ ᠢᠯᠡᠳᠬᠡᠭᠰᠡᠨ ᠲᠠᠸᠠᠷ᠎ᠤᠨ ᠣᠨᠴᠠ ᠲᠣᠭᠲᠠᠭᠰᠠᠨ ᠶᠠᠰᠤ ᠴᠢᠨᠠᠷ᠂ ᠢᠲᠡᠭᠡᠯ ᠬᠦᠨᠳᠦ ᠪᠤᠶᠤ ᠪᠤᠰᠤᠳ ᠣᠨᠴᠠᠯᠢᠭ ᠰᠢᠨᠵᠢ; (2) ᠲᠤᠰ ᠲᠠᠸᠠᠷ᠎ᠤᠨ ᠣᠨᠴᠠ ᠲᠣᠭᠲᠠᠭᠰᠠᠨ ᠶᠠᠰᠤ ᠴᠢᠨᠠᠷ᠂ ᠢᠲᠡᠭᠡᠯ ᠬᠦᠨᠳᠦ ᠪᠤᠶᠤ ᠪᠤᠰᠤᠳ ᠣᠨᠴᠠᠯᠢᠭ ᠰᠢᠨᠵᠢ ᠪᠣᠯᠤᠨ ᠲᠤᠰ ᠭᠠᠵᠠᠷ ᠵᠦᠢ ᠵᠢᠨ ᠰᠢᠨᠵᠢ ᠲᠡᠮᠳᠡᠭ᠎ᠲᠤ ᠢᠯᠡᠳᠬᠡᠭᠰᠡᠨ ᠭᠠᠵᠠᠷ ᠣᠷᠣᠨ᠎ᠤ ᠪᠠᠶ᠋ᠢᠭ᠋ᠠᠯᠢ ᠵᠢᠨ ᠨᠥᠬᠥᠴᠡᠯ ᠪᠠ ᠬᠥᠮᠦᠨ ᠨᠡᠶ᠋ᠢᠭᠡᠮ᠎ᠤᠨ ᠡᠯᠧᠮᠧᠨ᠋ᠲ᠎ᠤᠨ ᠬᠣᠭᠣᠷᠣᠨᠳᠣᠬᠢ ᠬᠠᠷᠢᠴᠠᠭ᠎ᠠ; (3) ᠲᠤᠰ ᠭᠠᠵᠠᠷ ᠵᠦᠢ ᠵᠢᠨ ᠰᠢᠨᠵᠢ ᠲᠡᠮᠳᠡᠭ᠎ᠲᠤ ᠢᠯᠡᠳᠬᠡᠭᠰᠡᠨ ᠭᠠᠵᠠᠷ ᠣᠷᠣᠨ᠎ᠤ ᠬᠦᠷᠢᠶ᠎ᠡ ᠬᠡᠪᠴᠢᠶ᠎ᠡ᠃
   6. ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠡᠷᠬᠢᠨ ᠬᠠᠮᠠᠭ᠋ᠠᠯᠠᠬᠤ ᠪᠤᠶ?
   (ᠨᠢᠭᠡ) ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ᠎ᠪᠠᠷ ᠭᠤᠶᠤᠴᠢᠯᠠᠬᠤ᠎ᠳᠤ ᠲᠤᠬᠠᠶ ᠵᠢᠨ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠢᠭ᠋ᠠᠨ ᠲᠣᠭᠲᠠᠭ᠋ᠠᠭᠰᠠᠨ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ᠎ᠪᠠᠷ ᠭᠤᠶᠤᠴᠢᠯᠠᠭᠰᠠᠨ ᠪᠠᠶ᠋ᠢᠭᠤᠯᠤᠮᠵᠢ ᠪᠤᠶᠤ ᠠᠷᠠᠳ᠎ᠤᠨ ᠵᠠᠰᠠᠭ᠎ᠤᠨ ᠣᠷᠳᠣᠨ᠎ᠤ ᠮᠠᠭ᠋ᠠᠳᠯᠠᠨ ᠲᠣᠭᠲᠠᠭ᠋ᠠᠭᠰᠠᠨ ᠨᠡᠶ᠋ᠢᠭᠡᠮᠯᠢᠭ ᠪᠠ ᠠᠵᠤ ᠠᠬᠤᠶ᠋ᠢᠯᠠᠯ᠎ᠠᠴᠠ ᠳᠤᠷᠠᠳᠤᠨ ᠭᠠᠷᠭ᠋ᠠᠵᠤ᠂ ᠪᠠᠰᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
   (ᠬᠣᠶᠠᠷ) ᠭᠤᠶᠤᠴᠢᠯᠠᠭᠴᠢ ᠳᠣᠣᠷᠠᠬᠢ ᠮᠠᠲ᠋ᠧᠷᠢᠶᠠᠯ᠎ᠤᠳ᠎ᠢ ᠳᠡᠪᠰᠢᠭᠦᠯᠦᠨ ᠲᠤᠰᠢᠶᠠᠬᠤ ᠬᠡᠷᠡᠭᠲᠡᠶ᠄ (1) ᠬᠣᠯᠪᠣᠭᠳᠠᠯ ᠪᠦᠬᠦᠢ ᠣᠷᠣᠨ᠎ᠤ ᠨᠤᠲᠤᠭ᠎ᠤᠨ ᠵᠠᠰᠠᠭ᠎ᠤᠨ ᠣᠷᠳᠣᠨ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠬᠡᠪᠴᠢᠶ᠎ᠡ ᠵᠢ ᠵᠠᠭ᠋ᠠᠭᠯᠠᠨ ᠲᠣᠭᠲᠠᠭᠰᠠᠨ ᠰᠠᠨᠠᠭᠤᠯᠭ᠎ᠠ᠃ (2) ᠬᠣᠯᠪᠣᠭᠳᠠᠯ ᠪᠦᠬᠦᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠠᠢ᠍ᠭᠤᠯᠤᠭᠰᠠᠨ ᠭᠤᠶᠤᠴᠢᠯᠠᠬᠤ ᠪᠠᠶ᠋ᠢᠭᠤᠯᠤᠮᠵᠢ ᠪᠤᠶᠤ ᠨᠡᠶ᠋ᠢᠭᠡᠮᠯᠢᠭ ᠪᠠ ᠠᠵᠤ ᠠᠬᠤᠶ᠋ᠢᠯᠠᠯ᠎ᠤᠨ ᠪᠣᠯᠬᠤ ᠮᠠᠭ᠋ᠠᠳᠯᠠᠨ ᠪᠢᠴᠢᠭ ᠮᠠᠲ᠋ᠧᠷᠢᠶᠠᠯ᠃ (3) ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠤ ᠭᠡᠷᠡᠴᠢ ᠮᠠᠲ᠋ᠧᠷᠢᠶᠠᠯ; (4) ᠭᠤᠶᠤᠴᠢᠯᠠᠬᠤ᠎ᠪᠠᠷ ᠪᠡᠯᠡᠳᠬᠡᠭᠰᠡᠨ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠤ ᠮᠡᠷᠭᠡᠵᠢᠯ᠎ᠤᠨ ᠪᠠᠷᠢᠮᠵᠢᠶ᠎ᠠ᠃
   (ᠭᠤᠷᠪᠠ) ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ᠎ᠤᠨ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠭᠤᠶᠤᠴᠢᠯᠠᠯ᠎ᠢ ᠲᠤᠰ ᠬᠠᠷᠢᠶ᠎ᠠ ᠣᠷᠣᠨ᠎ᠤ ᠳᠣᠲᠣᠷᠠᠬᠢ ᠬᠢᠯᠢ᠎ᠪᠠᠷ ᠣᠷᠣᠭᠤᠯᠵᠤ ᠭᠠᠷᠭ᠋ᠠᠬᠤ ᠵᠢ ᠰᠢᠯᠭ᠋ᠠᠨ ᠪᠠᠶ᠋ᠢᠴᠠᠭ᠋ᠠᠯᠲᠠ ᠬᠢᠵᠢᠭ ᠪᠠᠶ᠋ᠢᠴᠠᠭ᠋ᠠᠯᠲᠠ ᠵᠢᠨ ᠰᠠᠯᠠᠭ᠎ᠠ ᠮᠥᠴᠢᠷ᠎ᠲᠤ ᠳᠤᠷᠠᠳᠤᠨ ᠭᠠᠷᠭ᠋ᠠᠨ᠎ᠠ; ᠣᠷᠣᠨ ᠪᠦᠰᠡ᠎ᠪᠠᠷ ᠳᠤᠷᠠᠳᠤᠭᠰᠠᠨ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠤ ᠬᠠᠮᠠᠭ᠋ᠠᠯᠠᠯᠲᠠ ᠵᠢᠨ ᠭᠤᠶᠤᠴᠢᠯᠠᠯ ᠪᠠ ᠪᠤᠰᠤᠳ ᠭᠠᠵᠠᠷ ᠵᠦᠢ ᠵᠢᠨ ᠰᠢᠨᠵᠢ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠭᠤᠶᠤᠴᠢᠯᠠᠯ᠎ᠢ ᠲᠤᠬᠠᠶ ᠵᠢᠨ ᠭᠠᠵᠠᠷ᠎ᠤᠨ (ᠰᠢᠶᠠᠨ᠎ᠤ ᠱᠡᠳᠦ ᠪᠤᠶᠤ ᠰᠢᠶᠠᠨ᠎ᠤ ᠱᠠᠲᠤᠨ᠎ᠠᠴᠠ ᠳᠡᠭᠡᠭᠰᠢ) ᠶᠠᠰᠤ ᠴᠢᠨᠠᠷ ᠮᠡᠷᠭᠡᠵᠢᠯ᠎ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠳᠤᠷᠠᠳᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
 
            
Baidu
map