ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠮᠡᠳᠡᠯᠭᠡ ᠵᠢᠨ ᠥᠮᠴᠢᠯᠡᠯ
ᠨᠡᠶ᠋ᠢᠲᠡᠯᠡᠭᠰᠡᠨ ᠴᠠᠭ᠄ 2019-08-27

    1. ᠮᠡᠳᠡᠯᠭᠡ ᠵᠢᠨ ᠥᠮᠴᠢᠯᠡᠯ᠎ᠤᠨ ᠡᠷᠬᠡ ᠭᠡᠵᠦ ᠶᠠᠭᠤ ᠪᠤᠶ?
    ᠮᠡᠳᠡᠯᠭᠡ ᠵᠢᠨ ᠥᠮᠴᠢᠯᠡᠯ᠎ᠤᠨ ᠡᠷᠬᠡ ᠭᠡᠳᠡᠭ ᠪᠣᠯ ᠪᠠᠢ᠍ᠭ᠋ᠠᠯᠢ ᠬᠥᠮᠦᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠍ᠭᠤᠯᠤᠯᠲᠠ᠎ᠨᠢ ᠤᠶᠤᠨ᠎ᠤ ᠪᠦᠳᠦᠭᠡᠯ᠎ᠳᠤ᠎ᠪᠠᠨ ᠬᠠᠤᠯᠢ ᠶᠣᠰᠣᠭ᠋ᠠᠷ ᠡᠳ᠋ᠯᠡᠬᠦ ᠲᠤᠰᠬᠠᠶ ᠡᠵᠡᠮᠰᠢᠬᠦ ᠡᠷᠬᠡ ᠵᠢ ᠬᠡᠯᠡᠨ᠎ᠡ᠃ 《ᠠᠷᠠᠯᠵᠢᠶᠠᠨ᠎ᠳᠤ ᠬᠣᠯᠪᠣᠭᠳᠠᠬᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠤᠬᠠᠶ ᠬᠡᠯᠡᠯᠴᠡᠭᠡᠷ》᠎ᠤᠨ ᠲᠣᠭᠲᠠᠭ᠋ᠠᠯ᠎ᠢ ᠦᠨᠳᠦᠰᠦᠯᠡᠪᠡᠯ᠂ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠡᠪᠯᠡᠯ᠎ᠤᠨ ᠡᠷᠬᠡ ᠬᠢᠭᠡᠳ ᠲᠡᠭᠦᠨ᠎ᠲᠠᠢ ᠬᠣᠯᠪᠣᠭᠳᠠᠯ ᠪᠦᠬᠦᠢ ᠡᠷᠬᠡ᠂ ᠲᠠᠸᠠᠷ᠎ᠤᠨ ᠲᠡᠮᠳᠡᠭ᠂ ᠭᠠᠵᠠᠷ ᠵᠦᠢ ᠵᠢᠨ ᠰᠢᠨᠵᠢ ᠲᠡᠮᠳᠡᠭ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠳᠠᠷ ᠵᠢᠷᠤᠭ ᠲᠥᠯᠥᠪᠯᠡᠭᠡ᠂ ᠲᠤᠰᠬᠠᠶ ᠠᠰᠢᠭ᠂ ᠬᠤᠷᠠᠮᠠᠯ ᠴᠠᠬᠢᠯᠭ᠋ᠠᠨ ᠬᠡᠯᠬᠢᠶ᠎ᠠ ᠵᠢᠨ ᠵᠢᠷᠤᠭ᠎ᠤᠨ ᠪᠠᠶ᠋ᠢᠷᠢᠯᠠᠭᠤᠯᠤᠯᠲᠠ ᠵᠢᠨ ᠲᠥᠯᠥᠪᠯᠡᠭᠡ ᠵᠢᠴᠢ ᠢᠯᠡ ᠨᠡᠶ᠋ᠢᠲᠡᠯᠡᠭᠡᠳᠦᠶ ᠮᠡᠳᠡᠭᠡ ᠵᠠᠩᠭᠢ ᠵᠡᠷᠭᠡ ᠵᠢᠨ ᠡᠷᠬᠡ ᠪᠣᠯᠤᠨ᠎ᠠ᠃ ᠡᠭᠦᠨ᠎ᠠᠴᠠ ᠦᠵᠡᠪᠡᠯ ᠮᠡᠳᠡᠯᠭᠡ ᠵᠢᠨ ᠥᠮᠴᠢᠯᠡᠯ᠎ᠤᠨ ᠡᠷᠬᠡ ᠪᠣᠯ ᠬᠥᠮᠦᠰ᠎ᠤᠨ ᠤᠶᠦᠠ᠎ᠤ ᠠᠵᠢᠯᠯᠠᠭ᠎ᠠ᠎ᠪᠠᠷ ᠵᠶ᠋ᠠᠨ ᠳᠠᠮᠵᠢᠨ ᠣᠯᠤᠭᠰᠠᠨ ᠦᠷ᠎ᠡ ᠪᠦᠲᠦᠭᠡᠯ᠎ᠢ ᠬᠠᠤᠯᠢ ᠶᠣᠰᠣᠭ᠋ᠠᠷ ᠡᠳ᠋ᠯᠡᠬᠦ ᠡᠷᠬᠡ ᠠᠰᠢᠭ ᠪᠣᠯᠣᠨ᠎ᠠ᠃
   2 ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠶᠠᠮᠠᠷ ᠶᠠᠮᠠᠷ ᠲᠦᠷᠦᠯ ᠵᠦᠢ᠍ᠯ ᠪᠠᠭᠲᠠᠬᠤ ᠪᠤᠶ?
    ᠳᠡᠯᠡᠬᠡᠢ ᠵᠢᠨ ᠬᠡᠪᠴᠢᠶᠡᠨ᠎ᠳᠤ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠣᠶᠠᠷ ᠲᠥᠷᠦᠯ ᠵᠦᠢ᠍ᠯ᠎ᠳᠤ ᠬᠤᠪᠢᠶᠠᠳᠠᠭ᠄ ᠨᠢᠭᠡ ᠲᠦᠷᠦᠯ᠎ᠨᠢ ᠠᠵᠤ ᠦᠢ᠍ᠯᠡᠳᠪᠦᠷᠢ ᠵᠢᠨ ᠦᠢ᠍ᠯᠡᠳᠭᠦᠨ᠎ᠤ ᠥᠮᠴᠢᠯᠡᠯ᠎ᠤᠨ ᠡᠷᠬᠡ᠂ ᠡᠭᠦᠳᠦᠯᠲᠡ ᠵᠢᠨ ᠲᠤᠰᠬᠠᠶ ᠠᠰᠢᠭ᠂ ᠲᠠᠸᠠᠷ᠎ᠤᠨ ᠲᠡᠮᠳᠡᠭ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠳᠠᠷ ᠵᠢᠷᠤᠭ ᠲᠥᠯᠥᠪᠯᠡᠭᠡ᠂ ᠭᠠᠵᠠᠷ ᠵᠦᠢ ᠵᠢᠨ ᠰᠢᠨᠵᠢ ᠲᠡᠮᠳᠡᠭ ᠵᠡᠷᠭᠡ᠃ ᠨᠥᠭᠥᠭᠡ ᠨᠢᠭᠡ ᠲᠦᠷᠦᠯ᠎ᠨᠢ ᠤᠳᠬ᠎ᠠ ᠵᠣᠬᠢᠶᠠᠯ᠎ᠤᠨ ᠥᠮᠴᠢᠯᠡᠯ᠎ᠤᠨ ᠡᠷᠬᠡ (ᠵᠣᠬᠢᠶᠠᠯ ᠪᠦᠲᠦᠭᠡᠯ᠎ᠤᠨ ᠡᠷᠬᠡ ᠬᠢᠭᠡᠳ ᠲᠡᠭᠦᠨ᠎ᠤ ᠬᠣᠯᠪᠣᠭᠳᠠᠯ ᠪᠦᠬᠦᠢ ᠡᠷᠬᠡ)᠂ ᠡᠭᠦᠨ᠎ᠳᠤ ᠤᠳᠬ᠎ᠠ ᠵᠣᠬᠢᠶᠠᠯ᠂ ᠳᠠᠭᠤᠤ ᠬᠥᠭᠵᠢᠮ ᠪᠠ ᠤᠷᠠᠯᠢᠭ᠎ᠤᠨ ᠪᠦᠲᠦᠭᠡᠯ᠂ ᠵᠢᠱ᠌ᠢᠶᠡᠯᠡᠪᠡᠯ᠂ ᠦᠭᠦᠯᠡᠯᠭᠡ᠂ ᠰᠢᠯᠦᠭ ᠳᠠᠭᠤᠤ ᠪᠠ ᠰᠢ ᠵᠦᠴᠦᠭᠡ᠂ ᠺᠢᠨᠣ᠋᠂ ᠬᠥᠭᠵᠢᠮ᠂ ᠳᠠᠭᠤᠤ ᠠᠶᠠᠯᠭᠤ᠂ ᠵᠢᠷᠤᠭ᠂ ᠰᠡᠭᠦᠳᠡᠷ᠂ ᠱᠤᠭᠤᠮᠠᠯ ᠵᠢᠴᠢ ᠪᠠᠷᠢᠯᠭ᠎ᠠ ᠵᠢᠨ ᠵᠢᠷᠤᠭ ᠳᠦᠯᠦᠪᠯᠡᠭᠡ ᠵᠡᠷᠭᠡ᠃ ᠵᠣᠬᠢᠶᠠᠯ ᠪᠦᠲᠦᠭᠡᠯ᠎ᠤᠨ ᠥᠮᠴᠢᠯᠡᠯ᠎ᠤᠨ ᠡᠷᠬᠡ᠎ᠳᠤ ᠬᠣᠯᠪᠣᠭᠳᠠᠬᠤ ᠡᠷᠬᠡ᠎ᠳᠤ ᠤᠷᠠᠯᠢᠭᠴᠢᠨ᠎ᠤ ᠪᠦᠲᠦᠭᠡᠯ ᠵᠶ᠋ᠠᠨ ᠲᠣᠭᠯᠠᠨ ᠦᠵᠡᠭᠦᠯᠬᠦ ᠡᠷᠬᠡ᠂ ᠲᠡᠭᠤ ᠰᠢᠩᠭᠡᠭᠡᠯᠲᠡ ᠵᠢᠨ ᠪᠦᠲᠦᠭᠡᠭᠳᠡᠬᠦᠨ ᠦᠢ᠍ᠯᠡᠳᠦᠭᠴᠢ ᠵᠢᠨ ᠲᠡᠭᠦᠨ᠎ᠤ ᠲᠡᠭᠤ ᠰᠢᠩᠭᠡᠭᠡᠯᠲᠡ ᠵᠢᠨ ᠪᠦᠲᠦᠭᠡᠭᠳᠡᠬᠦᠨ ᠵᠶ᠋ᠠᠨ ᠦᠢ᠍ᠯᠡᠳᠬᠦ ᠡᠷᠬᠡ ᠵᠢᠴᠢ ᠷᠠᠳᠢᠣ᠋ ᠨᠡᠪᠲᠡᠷᠡᠭᠦᠯᠭᠡ ᠲᠧᠯᠸᠢᠰ᠎ᠤᠨ ᠵᠣᠬᠢᠶᠠᠨ ᠪᠠᠢ᠍ᠭᠤᠯᠤᠭᠴᠢ᠎ᠨᠢ ᠲᠡᠭᠦᠨ᠎ᠤ ᠷᠠᠳᠢᠣ᠋ ᠨᠡᠪᠲᠡᠷᠡᠭᠦᠯᠭᠡ ᠪᠠ ᠲᠧᠯᠸᠢᠰ᠎ᠤᠨ ᠫᠷᠤᠭ᠌ᠷᠠᠮ ᠵᠶ᠋ᠠᠨ ᠥᠮᠴᠢᠯᠡᠬᠦ ᠡᠷᠬᠡ ᠵᠡᠷᠭᠡ᠂ ᠪᠠᠰᠠ ᠵᠣᠬᠢᠶᠠᠯ ᠪᠦᠲᠦᠭᠡᠯ᠎ᠤᠨ ᠡᠷᠬᠡ᠎ᠲᠠᠢ ᠬᠣᠯᠪᠣᠭᠳᠠᠬᠤ ᠡᠷᠬᠡ ᠪᠤᠶᠤ ᠪᠣᠰᠤᠳ ᠬᠠᠮᠢᠶ᠎ᠠ ᠪᠦᠬᠦᠢ ᠡᠷᠬᠡ᠃ ᠡᠭᠦᠨ᠎ᠠᠴᠠ ᠭᠠᠳᠠᠨ᠎ᠠ᠂ ᠮᠡᠳᠡᠯᠭᠡ ᠵᠢᠨ ᠠᠵᠤ ᠠᠬᠤᠶ ᠵᠢᠨ ᠲᠠᠰᠤᠷᠠᠯᠲᠠ ᠦᠭᠡᠢ ᠬᠥᠭᠵᠢᠬᠦ ᠵᠢ ᠳᠠᠭ᠋ᠠᠯᠳᠤᠨ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠤᠳᠠᠯᠳᠤᠭ᠋ᠠᠨ᠎ᠤ ᠨᠢᠭᠤᠴᠠ ᠵᠢᠨ ᠡᠷᠬᠡ᠂ ᠬᠤᠷᠠᠮᠠᠯ ᠴᠠᠬᠢᠯᠭ᠋ᠠᠨ ᠬᠡᠯᠬᠢᠶ᠎ᠠ ᠵᠢᠨ ᠵᠢᠷᠤᠭ᠎ᠤᠨ ᠪᠠᠶ᠋ᠢᠷᠢᠯᠠᠭᠤᠯᠤᠯᠲᠠ ᠵᠢᠨ ᠲᠥᠯᠥᠪᠯᠡᠭᠡᠨ᠎ᠤ ᠲᠤᠰᠬᠠᠶ ᠥᠮᠴᠢᠯᠡᠬᠦ ᠡᠷᠬᠡ᠂ ᠤᠷᠭᠤᠮᠠᠯ᠎ᠤᠨ ᠰᠢᠨ᠎ᠡ ᠡᠭᠦᠯᠳᠡᠷ᠎ᠤᠨ ᠥᠮᠴᠢᠯᠡᠬᠦ ᠡᠷᠬᠡ᠂ ᠰᠦᠯᠵᠢᠶᠡᠨ᠎ᠤ ᠨᠡᠷ᠎ᠡ ᠵᠢᠨ ᠡᠷᠬᠡ ᠵᠡᠷᠭᠡ ᠵᠢ ᠴᠦ᠍ ᠢᠳᠡᠭ ᠢᠳᠡᠭ ᠵᠶ᠋ᠠᠷ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠢᠰᠲ᠋ᠧᠮ᠎ᠳᠤ ᠪᠠᠭᠲᠠᠭ᠋ᠠᠨ ᠣᠷᠤᠭᠤᠯᠵᠤ ᠪᠠᠢ᠍ᠨ᠎ᠠ᠃
   3. ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠦᠨᠳᠦᠰᠦᠨ ᠣᠨᠴᠠᠯᠢᠭ᠎ᠨᠢ ᠶᠠᠭᠤ ᠪᠤᠢ?
    ᠮᠡᠳᠡᠯᠭᠡ ᠵᠢᠨ ᠥᠮᠴᠢᠯᠡᠯ᠎ᠤᠨ ᠡᠷᠬᠡ ᠪᠣᠯ ᠪᠣᠳᠠᠰ᠎ᠤᠨ ᠡᠷᠬᠡ ᠪᠣᠯᠤᠨ ᠠᠪᠴᠠᠭ᠋ᠠᠨ᠎ᠤ ᠡᠷᠬᠡ᠎ᠲᠠᠢ ᠵᠡᠷᠭᠡᠴᠡᠭᠰᠡᠨ ᠢᠷᠭᠡᠨ᠎ᠤ ᠡᠷᠬᠡ ᠮᠥᠨ᠃ ᠪᠣᠳᠠᠰ᠎ᠤᠨ ᠡᠷᠬᠡ᠎ᠲᠠᠢ ᠠᠳᠠᠯᠢᠳᠬᠠᠪᠠᠯ᠂ ᠮᠡᠳᠡᠯᠭᠡ ᠵᠢᠨ ᠥᠮᠴᠢᠯᠡᠯ᠎ᠤᠨ ᠡᠷᠬᠡ ᠳᠣᠣᠷᠠᠬᠢ ᠮᠡᠲᠦ ᠣᠨᠴᠠᠯᠢᠭ᠎ᠲᠠᠢ᠄
   (ᠨᠢᠭᠡ) ᠪᠤᠰᠤᠳᠴᠢ ᠴᠣᠭᠴᠠ ᠵᠢᠨ ᠳᠠᠯᠳᠠ ᠴᠢᠨᠠᠷ᠂ ᠪᠠᠰᠠ ᠪᠣᠳᠠᠰ᠎ᠤᠨ ᠪᠤᠰᠤ ᠴᠢᠨᠠᠷ ᠭᠡᠳᠡᠭ᠃ ᠮᠡᠳᠡᠯᠭᠡ ᠵᠢᠨ ᠥᠮᠴᠢᠯᠡᠯ᠎ᠤᠨ ᠡᠷᠬᠡ᠎ᠨᠢ ᠪᠤᠰᠤᠳᠴᠢ ᠴᠣᠭᠴᠠ ᠵᠢᠨ ᠤᠶᠤᠨ᠎ᠤ ᠬᠥᠳᠡᠯᠮᠦᠷᠢ ᠵᠢᠨ ᠦᠷ᠎ᠡ ᠪᠦᠲᠦᠭᠡᠯ ᠪᠤᠯᠤᠭᠰᠠᠨ᠎ᠤ ᠬᠤᠪᠢ᠎ᠳᠤ ᠬᠥᠮᠥᠰ᠎ᠤᠨ ᠤᠶᠤᠨ᠎ᠤ ᠬᠦᠳᠡᠯᠮᠥᠷᠢ ᠵᠢᠨ ᠪᠦᠳᠦᠭᠡᠭᠳᠡᠭᠦᠨ ᠪᠤᠯᠤᠨ᠎ᠠ᠃ ᠪᠣᠳᠠᠰᠴᠢ ᠬᠡᠯᠪᠡᠷᠢ ᠳᠦᠷᠰᠦ ᠦᠭᠡᠢ;
   (ᠬᠣᠶᠠᠷ) ᠲᠤᠰᠬᠠᠶ ᠥᠮᠴᠢᠯᠡᠯᠲᠦ ᠴᠢᠨᠠᠷ᠂ ᠪᠠᠰᠠ ᠭᠠᠭᠴᠠᠭ᠋ᠠᠷ ᠡᠳ᠋ᠯᠡᠬᠦ ᠴᠢᠨᠠᠷ ᠭᠡᠳᠡᠭ᠃ ᠡᠨᠡ᠎ᠨᠢ ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ ᠪᠠᠶ᠋ᠢᠬᠤ᠎ᠠᠴᠠ ᠭᠠᠳᠠᠨ᠎ᠠ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠥᠮᠴᠢᠯᠡᠭᠴᠢ ᠵᠢᠨ ᠵᠥᠪᠰᠢᠶᠡᠷᠡᠯ᠎ᠢ ᠣᠯᠤᠭᠰᠠᠨ ᠦᠭᠡᠢ᠎ᠪᠠᠷ ᠶᠠᠮᠠᠷᠪᠠ ᠬᠥᠮᠦᠨ ᠭᠡᠳ ᠬᠠᠤᠯᠢ ᠵᠢᠨ ᠬᠠᠮᠭ᠋ᠠᠯᠠᠯᠳᠠ᠎ᠲᠠᠢ ᠣᠶᠤᠨ᠎ᠤ ᠪᠦᠳᠦᠭᠡᠯ᠎ᠢ ᠳᠤᠷ᠎ᠠ᠎ᠪᠠᠷ ᠵᠶ᠋ᠠᠨ ᠠᠰᠢᠭ ᠬᠣᠨᠵᠢᠪᠣᠷᠢ ᠣᠯᠬᠣ ᠵᠣᠷᠢᠯᠭ᠎ᠠ᠎ᠪᠠᠷ ᠬᠡᠷᠡᠭᠯᠡᠵᠦ ᠪᠣᠯᠬᠤ ᠦᠭᠡᠢ;
   (ᠭᠤᠷᠪᠠ) ᠭᠠᠵᠠᠷ ᠣᠷᠣᠨ᠎ᠤ ᠴᠢᠨᠠᠷ᠃ ᠪᠠᠰᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠣᠷᠣᠨ ᠵᠠᠶ ᠵᠢᠨ ᠬᠦᠴᠦᠨ ᠪᠦᠬᠦᠢ ᠬᠢᠵᠠᠭ᠋ᠠᠷᠲᠤ ᠴᠢᠨᠠᠷ ᠭᠡᠳᠡᠭ᠂ ᠨᠢᠭᠡᠨ ᠤᠯᠤᠰ ᠪᠤᠶᠤ ᠭᠠᠵᠠᠷ ᠣᠷᠣᠨ᠎ᠤ ᠬᠠᠤᠯᠢ ᠶᠣᠰᠤᠭ᠋ᠠᠷ ᠣᠯᠤᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠨᠢ ᠵᠥᠪᠬᠡᠨ ᠲᠤᠰ ᠭᠠᠵᠠᠷ ᠣᠷᠣᠨ᠎ᠳᠤ᠎ᠪᠠᠨ ᠬᠠᠮᠠᠭ᠋ᠠᠯᠠᠭᠳᠠᠨ᠎ᠠ᠂ ᠭᠡᠪᠡᠴᠦ ᠣᠨᠴᠠᠭ᠋ᠠᠶ ᠪᠠᠶ᠋ᠢᠳᠠᠯ᠎ᠠᠴᠠ ᠪᠣᠰᠤᠳ ᠪᠠᠢ᠌ᠳᠠᠯ᠎ᠳᠤ ᠭᠠᠵᠠᠷ ᠣᠷᠤᠨ᠎ᠳᠤ ᠬᠦᠴᠦᠨ ᠦᠭᠡᠢ᠃
   (ᠳᠥᠷᠪᠡ) ᠴᠠᠭ ᠬᠤᠭᠤᠴᠠᠭ᠋ᠠᠲᠤ ᠴᠢᠨᠠᠷ᠃ ᠡᠩ᠎ᠤᠨ ᠪᠠᠶ᠋ᠢᠳᠠᠯ᠎ᠳᠤ᠂ ᠶᠠᠮᠠᠷ ᠨᠢᠭᠡᠨ ᠤᠯᠤᠰ ᠪᠤᠶᠤ ᠭᠠᠵᠠᠷ ᠣᠷᠣᠨ᠎ᠤ ᠬᠠᠤᠯᠢ ᠶᠣᠰᠣᠭ᠋ᠠᠷ ᠣᠯᠤᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠨᠢ ᠵᠥᠪᠬᠡᠨ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠬᠤᠭᠤᠴᠠᠭ᠋ᠠᠨ᠎ᠤ ᠳᠣᠲᠣᠷ᠎ᠠ ᠯᠡ ᠬᠠᠮᠠᠭ᠋ᠠᠯᠠᠭᠳᠠᠨ᠎ᠠ᠂ ᠬᠠᠤᠯᠢ ᠴᠠᠭ᠋ᠠᠵᠠ ᠵᠢᠨ ᠲᠣᠭᠲᠠᠭ᠋ᠠᠭᠰᠠᠨ ᠬᠠᠮᠠᠭ᠋ᠠᠯᠠᠬᠤ ᠬᠤᠭᠤᠴᠠᠭ᠎ᠠ᠎ᠠᠴᠠ ᠬᠡᠲᠦᠷᠡᠭᠰᠡᠨ᠂ ᠲᠤᠬᠠᠢ᠌ᠯᠠᠪᠠᠯ ᠣᠯᠠᠨ ᠨᠡᠢ᠍ᠲᠡ ᠵᠢᠨ ᠥᠮᠴᠢᠯᠡᠯ᠎ᠳᠤ ᠬᠠᠷᠢᠶᠠᠯᠠᠭᠳᠠᠪᠠᠯ ᠬᠠᠤᠯᠢ᠎ᠪᠠᠷ ᠬᠠᠮᠠᠭ᠋ᠠᠯᠠᠭᠳᠠᠬᠤ ᠦᠭᠡᠢ ᠪᠣᠯᠤᠨ᠎ᠠ᠃
   (ᠲᠠᠪᠤ) ᠬᠣᠶᠠᠳᠠᠮᠠᠯ ᠴᠢᠨᠠᠷ᠃ ᠮᠡᠳᠡᠯᠭᠡ ᠵᠢᠨ ᠥᠮᠴᠢᠯᠡᠯ᠎ᠤᠨ ᠡᠷᠬᠡ᠎ᠨᠢ ᠬᠥᠮᠦᠨ᠎ᠤ ᠪᠡᠶ᠎ᠡ ᠵᠢᠨ ᠡᠷᠬᠡ ᠪᠠ ᠡᠳ᠋ ᠬᠦᠷᠦᠩᠭᠡ ᠵᠢᠨ ᠡᠷᠬᠡ ᠵᠢᠨ ᠳᠠᠪᠬᠤᠷ ᠬᠠᠷᠢᠶᠠᠯᠠᠯ᠎ᠤᠨ ᠴᠢᠨᠠᠷ ᠪᠠ ᠠᠭᠤᠯᠭ᠎ᠠ᠎ᠲᠠᠢ᠃
   4. ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠎ᠨᠢ ᠶᠠᠮᠠᠷ ᠴᠢᠬᠤᠯᠠ ᠠᠴᠢ ᠬᠣᠯᠪᠣᠭᠳᠠᠯ᠎ᠲᠠᠢ ᠪᠤᠢ?
   (ᠨᠢᠭᠡ) ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠎ᠨᠢ ᠬᠥᠮᠦᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠬᠢᠬᠦ ᠪᠠ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠢᠳᠡᠪᠬᠢᠵᠢᠯ᠎ᠢ ᠳᠠᠢ᠌ᠴᠢᠯᠠᠬᠤ᠎ᠳᠤ ᠠᠰᠢᠭᠲᠠᠢ᠃ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠲᠦᠷᠢᠮ᠎ᠨᠢ ᠡᠷᠬᠡᠲᠦ ᠬᠥᠮᠦᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠠ ᠰᠣᠶᠤᠯ᠎ᠤᠨ ᠬᠦᠷᠢᠶᠡᠨ᠎ᠤ ᠤᠶᠤᠨ᠎ᠤ ᠦᠷ᠎ᠡ ᠪᠦᠲᠦᠭᠡᠯ ᠬᠠᠮᠠᠭ᠋ᠠᠯᠠᠬᠤ ᠵᠣᠷᠢᠯᠭ᠎ᠠ᠎ᠲᠠᠢ᠃ ᠭᠠᠭᠴᠠ ᠬᠦ᠌ ᠡᠷᠬᠡᠲᠦ ᠬᠥᠮᠦᠨ᠎ᠤ ᠣᠶᠤᠨ᠎ᠤ ᠦᠷ᠎ᠡ ᠪᠦᠲᠦᠭᠡᠯ ᠪᠠ ᠬᠠᠤᠯᠢ ᠶᠣᠰᠣᠨ᠎ᠤ ᠡᠷᠬᠡ ᠵᠢ ᠴᠠᠭ ᠲᠤᠬᠠᠶ᠎ᠳᠤ᠎ᠨᠢ ᠪᠦᠬᠦ ᠲᠠᠯ᠎ᠠ᠎ᠪᠠᠷ ᠬᠠᠮᠠᠭ᠋ᠠᠯᠠᠪᠠᠯ ᠰᠠᠶᠢ ᠬᠥᠮᠦᠰ᠎ᠤᠨ ᠰᠢᠨ᠎ᠡ ᠵᠢ ᠡᠭᠦᠳᠬᠦ ᠢᠳᠡᠪᠬᠢ ᠴᠢᠨᠠᠷ᠎ᠢ ᠳᠠᠢ᠌ᠴᠢᠯᠠᠨ᠂ ᠨᠡᠶ᠋ᠢᠭᠡᠮ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ ᠳᠤᠭᠢᠷᠠᠭᠤᠯᠵᠤ ᠴᠢᠳᠠᠨ᠎ᠠ᠃
   (ᠬᠣᠶᠠᠷ) ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠎ᠨᠢ ᠠᠵᠤ ᠠᠬᠤᠢ᠍ᠯᠠᠯ᠎ᠳᠤ ᠯᠤᠲᠤ ᠶᠡᠬᠡ ᠠᠵᠤ ᠠᠬᠤᠶ ᠵᠢᠨ ᠦᠷ᠎ᠡ ᠠᠰᠢᠭ ᠠᠪᠴᠢᠷᠠᠵᠤ ᠠᠵᠤ ᠠᠬᠤᠶ ᠵᠢᠨ ᠪᠣᠳᠠᠲᠤ ᠬᠦᠴᠦᠨ᠎ᠢ ᠴᠢᠩᠭ᠋ᠠᠷᠠᠭᠤᠯᠵᠤ ᠴᠢᠲᠠᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠤᠰᠬᠠᠢ ᠥᠮᠴᠢᠯᠡᠯᠲᠦ ᠴᠢᠨᠠᠷ᠎ᠨᠢ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠭᠦ ᠡᠷᠬᠡ᠎ᠲᠠᠢ ᠪᠠᠢ᠌ᠬᠤ ᠵᠢ ᠳᠣᠭᠳᠠᠭ᠋ᠠᠵᠤ ᠵᠠᠬ᠎ᠠ ᠳᠡᠯᠭᠡᠭᠦᠷ᠎ᠲᠤ ᠢᠯᠠᠭᠳᠠᠰᠢ ᠦᠭᠡᠢ ᠪᠠᠶ᠋ᠢᠷᠢᠨ᠎ᠳᠤ ᠪᠠᠶ᠋ᠢᠵᠤ ᠴᠢᠳᠠᠨ᠎ᠠ᠃ ᠤᠯᠠᠮ᠎ᠠᠴᠠ ᠤᠯᠠᠮ ᠤᠯᠠᠨ ᠠᠵᠤ ᠠᠬᠤᠶ᠋ᠢᠯᠠᠯ᠎ᠨᠢ ᠮᠡᠷᠭᠡᠵᠢᠯ᠂ ᠨᠡᠷᠡᠲᠦ ᠲᠦᠷᠦᠯ ᠲᠡᠮᠳᠡᠭ᠂ ᠬᠤᠳᠠᠯᠳᠤᠭ᠋ᠠᠨ᠎ᠤ ᠨᠢᠭᠤᠴᠠ ᠵᠡᠷᠭᠡ ᠳᠠᠯᠳᠠ ᠬᠦᠷᠦᠩᠭᠡ ᠵᠢᠨ ᠴᠢᠬᠤᠯᠠ ᠦᠢ᠍ᠯᠡᠳᠦᠯ᠎ᠢ ᠮᠡᠳᠡᠵᠦ᠂ ᠡᠳᠡᠭᠡᠷ ᠳᠠᠯᠳᠠ ᠬᠦᠷᠦᠨᠭᠭᠡ ᠵᠢ ᠬᠡᠷᠬᠢᠨ ᠠᠯᠬᠤᠮ ᠠᠯᠬᠤᠮ ᠵᠶ᠋ᠠᠷ ᠦᠷᠳᠡᠭᠵᠢᠭᠦᠯᠬᠦ᠎ᠨᠢ ᠮᠠᠳᠡᠯᠭᠡ ᠵᠢᠨ ᠥᠮᠴᠢᠯᠡᠯ᠎ᠤᠨ ᠡᠷᠬᠡ ᠵᠢ ᠵᠦᠢ ᠵᠣᠬᠢᠰᠲᠠᠢ ᠬᠠᠮᠠᠭ᠋ᠠᠯᠠᠬᠤ ᠶᠠᠪᠣᠳᠠᠯ᠎ᠳᠤ ᠲᠦᠰᠢᠭᠯᠡᠬᠦ ᠬᠡᠷᠡᠭᠲᠡᠢ ᠪᠠᠢ᠌ᠳᠠᠯ᠃
   (ᠭᠤᠷᠪᠠ) ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠎ᠨᠢ ᠭᠠᠳᠠᠭ᠋ᠠᠳᠤ ᠠᠷᠠᠯᠵᠢᠶ᠎ᠠ ᠵᠢ ᠠᠬᠢᠭᠤᠯᠬᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠢ ᠤᠷᠢᠵᠤ ᠠᠪᠴᠢᠷᠠᠬᠤ ᠪᠠ ᠭᠠᠳᠠᠭ᠋ᠠᠳᠤ ᠵᠢᠨ ᠪᠡᠯᠡ ᠣᠷᠣᠭᠤᠯᠤᠯᠲᠠ ᠵᠢ ᠲᠠᠲᠠᠨ ᠣᠷᠤᠭᠤᠯᠬᠤ᠎ᠳᠤ ᠠᠰᠢᠭᠲᠠᠶ᠃ ᠮᠠᠨ᠎ᠤ ᠤᠯᠤᠰ ᠨᠢᠭᠡᠨᠲᠡ 2001 ᠣᠨ᠎ᠤ 12 ᠰᠠᠷ᠎ᠠ ᠵᠢᠨ 1᠎ᠤ ᠡᠳᠦᠷ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠣᠷᠤᠵᠤ᠂ 《ᠠᠷᠠᠯᠵᠢᠶᠠᠨ᠎ᠳᠤ ᠬᠣᠯᠪᠣᠭᠳᠠᠬᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠤᠬᠠᠶ ᠬᠡᠯᠡᠯᠴᠡᠭᠡᠷ》᠎ᠢ ᠭᠦᠢ᠍ᠴᠡᠳᠬᠡᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠢ᠍ᠭ᠋ᠠᠯᠢ ᠭᠦᠮᠦᠨ᠂ ᠬᠠᠤᠯᠢ ᠵᠢᠨ ᠡᠷᠬᠡᠳᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠵᠤ ᠪᠣᠢ᠃ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠦᠭᠡᠢ ᠪᠣᠯ ᠮᠠᠨ᠎ᠤ ᠤᠯᠤᠰ ᠳᠡᠯᠡᠬᠡᠶ ᠵᠢᠨ ᠠᠷᠠᠯᠵᠢᠶᠠᠨ᠎ᠤ ᠠᠵᠢᠯᠯᠠᠭ᠎ᠠ᠎ᠳᠤ ᠣᠷᠣᠯᠴᠠᠵᠤ ᠳᠡᠢ᠌ᠯᠬᠦ ᠦᠭᠡᠢ ᠪᠣᠯᠬᠤ ᠶᠤᠮ᠃
   5. ᠮᠠᠨ᠎ᠤ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠪᠠᠢ᠍ᠭᠤᠯᠭ᠎ᠠ᠎ᠳᠤ ᠶᠠᠮᠠᠷ ᠶᠠᠮᠠᠷ ᠰᠠᠯᠠᠭ᠎ᠠ ᠮᠦᠴᠢᠷ ᠪᠠᠢ᠍ᠳᠠᠭ ᠪᠤᠢ?
    ᠮᠠᠨ᠎ᠤ ᠤᠯᠤᠰ᠎ᠤᠨ ᠠᠳᠠᠯᠢ ᠪᠤᠰᠤ ᠪᠠᠢ᠍ᠳᠠᠯ᠎ᠳᠤ ᠴᠢᠭᠯᠡᠭᠦᠯᠦᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠦᠷᠦᠯ ᠵᠦᠢ᠍ᠯ ᠪᠣᠯᠤᠨ ᠬᠠᠮᠠᠭ᠋ᠠᠯᠠᠬᠤ ᠱᠠᠭ᠋ᠠᠷᠳᠠᠯᠭ᠎ᠠ ᠵᠢᠨ ᠤᠯᠤᠰ᠎ᠠᠴᠠ ᠣᠷᠣᠨ ᠨᠤᠲᠤᠭ ᠬᠦᠷᠲᠡᠯ᠎ᠡ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠲᠤᠰᠢᠶᠠᠯ ᠬᠠᠷᠢᠭᠤᠴᠠᠯᠭ᠎ᠠ᠎ᠲᠠᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠳᠣᠬᠢᠷᠠᠭᠤᠯᠤᠭᠰᠠᠨ ᠪᠠᠶ᠋ᠢᠨ᠎ᠠ᠃ ᠤᠯᠤᠰ ᠣᠷᠣᠨ᠎ᠤ ᠳᠡᠰ ᠳᠠᠪᠬᠤᠷᠭ᠎ᠠ᠎ᠠᠴᠠ ᠦᠵᠡᠪᠡᠯ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠭᠣᠣᠯᠳᠠᠭᠤ ᠤᠯᠤᠰ᠎ᠤᠨ ᠮᠡᠳᠡᠯᠭᠡ ᠵᠢᠨ ᠥᠮᠴᠢᠯᠡᠭᠦ ᠡᠷᠬᠡ ᠵᠢᠨ ᠲᠣᠪᠴᠢᠶ᠎ᠠ᠂ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠤᠯᠤᠰ᠎ᠤᠨ ᠬᠡᠪᠯᠡᠯ᠎ᠤᠨ ᠡᠷᠬᠡ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠍ᠴᠠᠭ᠋ᠠᠨ ᠰᠢᠯᠭ᠋ᠠᠬᠤ ᠭᠢᠵᠢᠭ ᠪᠠᠶ᠋ᠢᠴᠠᠭ᠋ᠠᠬᠤ ᠶᠡᠷᠦᠩᠬᠡᠶ ᠲᠣᠪᠴᠢᠶ᠎ᠠ᠂ ᠤᠯᠤᠰ᠎ᠤᠨ ᠤᠢ ᠰᠢᠭᠤᠶ ᠵᠢᠨ ᠲᠣᠪᠴᠢᠶ᠎ᠠ᠂ ᠲᠠᠷᠢᠶᠠᠯᠠᠩ᠎ᠤᠨ ᠶᠠᠮᠤᠨ᠂ ᠪᠣᠭᠣᠮᠲᠠ ᠵᠢᠨ ᠶᠡᠷᠦᠩᠬᠡᠶ ᠵᠠᠬᠢᠷᠭ᠎ᠠ ᠵᠡᠷᠭᠡ ᠵᠢ ᠪᠠᠭᠳᠠᠭ᠋ᠠᠳᠠᠭ᠃ ᠣᠷᠣᠨ ᠨᠤᠲᠤᠭ ᠭᠣᠣᠯᠳᠠᠭᠤ ᠳᠡᠭᠡᠷ᠎ᠡ ᠳᠤᠷᠠᠳᠤᠭᠰᠠᠨ ᠶᠠᠮᠤᠨ ᠬᠣᠷᠢᠶᠠᠨ᠎ᠤ ᠣᠷᠣᠨ ᠨᠤᠲᠤᠭ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠮᠠᠭ᠋ᠠᠯᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠵᠦ ᠪᠠᠢ᠌ᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠳᠦᠷᠦᠯ ᠵᠦᠢ᠍ᠯ ᠪᠣᠯᠬᠤ ᠲᠤᠰᠬᠠᠶ ᠠᠰᠢᠭ᠎ᠤᠨ ᠡᠷᠬᠡ᠎ᠳᠤ᠂ ᠬᠤᠷᠠᠮᠠᠯ ᠴᠠᠬᠢᠯᠭ᠋ᠠᠨ ᠬᠡᠯᠬᠢᠶᠡᠨ᠎ᠤ ᠪᠠᠢ᠌ᠷᠢᠯᠠᠭᠤᠯᠤᠯᠲᠠ ᠵᠢᠨ ᠵᠢᠷᠤᠭ᠎ᠤᠨ ᠵᠢᠷᠤᠭ ᠲᠥ᠋ᠯᠥᠪᠯᠡᠭᠡᠨ᠎ᠤ ᠲᠤᠰᠬᠠᠶ ᠡᠵᠡᠮᠰᠢᠬᠦ ᠡᠷᠬᠡ᠂ ᠲᠠᠸᠠᠷ᠎ᠤᠨ ᠲᠡᠮᠳᠡᠭ᠎ᠤᠨ ᠡᠷᠬᠡ᠂ ᠣᠨᠴᠠᠭ᠋ᠠᠢ ᠲᠡᠮᠳᠡᠭ᠂ ᠭᠠᠵᠠᠷ ᠵᠦᠢ ᠵᠢᠨ ᠰᠢᠨᠵᠢ ᠳᠡᠮᠳᠡᠭ᠂ ᠵᠣᠬᠢᠶᠠᠯ ᠪᠦᠲᠦᠭᠡᠯ᠎ᠤᠨ ᠡᠷᠬᠡ ᠵᠢᠴᠢ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ ᠠᠰᠢᠭ᠂ ᠬᠤᠳᠠᠯᠳᠤᠭ᠋ᠠᠨ᠎ᠤ ᠨᠢᠭᠤᠴᠠ᠂ ᠭᠠᠳᠠᠭ᠋ᠠᠳᠤ᠎ᠠᠴᠠ ᠣᠷᠣᠭᠤᠯᠵᠤ ᠭᠠᠷᠭ᠋ᠠᠬᠤ ᠪᠠᠷᠠᠭ᠎ᠠ᠎ᠲᠠᠢ ᠬᠤᠯᠪᠣᠭᠳᠠᠯ ᠪᠦᠬᠦᠢ ᠥᠮᠴᠢᠯᠡᠯ᠎ᠤᠨ ᠡᠷᠬᠡ᠂ ᠲᠠᠷᠢᠶᠠᠯᠠᠩ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ᠂ ᠤᠢ ᠰᠢᠭᠤᠶ ᠵᠢᠨ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ᠂ ᠤᠯᠤᠰ᠎ᠤᠨ ᠤᠢ ᠰᠢᠭᠤᠢ ᠵᠢᠨ ᠳᠤᠪᠴᠢᠶᠠᠨ᠎ᠤ ᠤᠯᠠᠨ ᠤᠯᠤᠰ᠎ᠤᠨ ᠭᠠᠳᠠᠭ᠋ᠠᠳᠤ ᠠᠷᠠᠯᠵᠢᠶ᠎ᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ᠂ ᠬᠤᠳᠠᠯᠳᠤᠭ᠋ᠠᠨ᠎ᠤ ᠶᠠᠪᠤᠳᠠᠯ᠎ᠤᠨ ᠲᠤᠪᠴᠢᠶ᠎ᠠ ᠪᠤᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠳᠤ ᠬᠣᠯᠪᠤᠭᠳᠠᠬᠤ ᠮᠡᠳᠡᠯᠭᠡ ᠵᠢᠨ ᠥᠮᠴᠢᠯᠡᠯ᠎ᠤᠨ ᠡᠷᠬᠡ ᠵᠡᠷᠭᠡ ᠪᠤᠢ᠃
   6 ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠳᠤᠭᠤᠢ᠌ᠯᠠᠩ᠎ᠤᠨ ᠪᠦᠷᠢᠯᠳᠦᠬᠦᠨ ᠨᠢᠭᠡᠴᠢ᠎ᠳᠤ ᠶᠠᠭᠤ ᠶᠠᠭᠤ ᠪᠠᠢ᠌ᠳᠠᠭ ᠪᠤᠢ?
   2004 ᠣᠨ᠎ᠳᠤ ᠲᠦᠷᠦ ᠵᠢᠨ ᠶᠠᠪᠤᠳᠠᠯ᠎ᠤᠨ ᠬᠣᠷᠢᠶᠠᠨ᠎ᠠᠴᠠ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠳᠤᠭᠤᠶ᠋ᠢᠯᠠᠩ ᠪᠠᠢ᠌ᠭ᠋ᠠᠭᠤᠯᠵᠤ᠂ ᠡᠦ ᠢ ᠳᠡᠳ᠋ ᠶᠡᠷᠦᠩᠬᠡᠶ ᠰᠠᠶ᠋ᠢᠳ ᠳᠤᠭᠤᠢ᠍ᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠪᠡ᠃ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠳᠤᠭᠤᠶ᠋ᠢᠯᠠᠩ᠎ᠳᠤ ᠲᠥᠪ ᠬᠣᠷᠢᠶᠠᠨ᠎ᠤ ᠤᠬᠠᠭᠤᠯᠬᠤ ᠬᠡᠯᠳᠡᠰ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠂ ᠮᠡᠳᠡᠭᠡ ᠵᠠᠩᠭᠢ ᠠᠵᠤ ᠦᠢ᠍ᠯᠡᠰ᠎ᠤᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠰᠣᠶᠣᠯ᠎ᠤᠨ ᠶᠠᠮᠤᠨ᠂ ᠤᠯᠤᠰ᠎ᠤᠨ ᠡᠳ᠋ ᠬᠦᠷᠦᠨᠭᠭᠡ ᠵᠢᠨ ᠵᠥᠪᠯᠡᠯ᠂ ᠪᠣᠭᠣᠮᠲᠠ ᠵᠢᠨ ᠶᠡᠷᠦᠩᠬᠡᠶ ᠵᠠᠬᠢᠷᠭ᠎ᠠ᠂ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠶᠡᠷᠦᠩᠬᠡᠶ ᠲᠣᠪᠴᠢᠶ᠎ᠠ᠂ ᠤᠯᠤᠰ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠨ ᠰᠢᠯᠭ᠋ᠠᠬᠤ ᠬᠢᠵᠢᠭ ᠪᠠᠶ᠋ᠢᠴᠠᠭ᠋ᠠᠬᠤ ᠶᠡᠷᠦᠩᠬᠡᠶ ᠲᠣᠪᠴᠢᠶ᠎ᠠ᠂ ᠤᠯᠤᠰ᠎ᠤᠨ ᠬᠡᠪᠯᠡᠯ᠎ᠤᠨ ᠡᠷᠬᠡ ᠵᠢᠨ ᠲᠣᠪᠴᠢᠶ᠎ᠠ᠂ ᠤᠯᠤᠰ᠎ᠤᠨ ᠢᠳᠡᠭᠡᠨ᠎ᠤ ᠵᠦᠢ᠍ᠯ ᠪᠠ ᠡᠮ᠎ᠤᠨ ᠵᠦᠢ᠍ᠯ᠎ᠢ ᠬᠢᠨᠠᠵᠤ ᠬᠠᠮᠢᠶᠠᠷᠬᠤ ᠲᠣᠪᠴᠢᠶ᠎ᠠ᠂ ᠤᠯᠤᠰ᠎ᠤᠨ ᠮᠡᠳᠡᠯᠭᠡ ᠵᠢᠨ ᠥᠮᠴᠢᠯᠡᠭᠦ ᠡᠷᠬᠡ ᠵᠢᠨ ᠲᠣᠪᠴᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠤᠯᠢ ᠳᠦᠷᠢᠮ᠎ᠤᠨ ᠠᠯᠪᠠᠨ ᠭᠡᠷ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠪᠣᠯᠤᠨ ᠠᠷᠠᠳ᠎ᠤᠨ ᠳᠡᠭᠡᠳᠦ ᠵᠡᠷᠭᠡ ᠵᠢᠨ ᠪᠠᠶ᠋ᠢᠴᠠᠭ᠋ᠠᠬᠤ ᠬᠣᠷᠢᠶ᠎ᠠ ᠵᠡᠷᠭᠡ 17 ᠪᠦᠷᠢᠯᠳᠦᠭᠦᠨ ᠨᠢᠭᠡᠴᠢ᠎ᠲᠠᠢ᠃
   7. ᠮᠠᠨ᠎ᠤ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠬᠣᠯᠪᠣᠭᠳᠠᠯ ᠪᠦᠬᠦᠢ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠳᠤ ᠭᠣᠣᠯᠳᠠᠭᠤ ᠶᠠᠭᠤ ᠶᠠᠭᠤ ᠪᠠᠢ᠌ᠳᠠᠭ ᠪᠤᠢ?
   (ᠨᠢᠭᠡ) ᠶᠡᠷᠦᠩᠬᠡᠶ᠋ᠢᠯᠡᠭᠰᠡᠨ ᠲᠦᠷᠦᠯ᠄ 《ᠢᠷᠭᠡᠨ᠎ᠤ ᠬᠠᠤᠯᠢ ᠵᠢᠨ ᠶᠡᠷᠦᠩᠬᠡᠶ ᠲᠦᠷᠢᠮ》᠎ᠤᠨ ᠲᠠᠪᠤᠳᠤᠭ᠋ᠠᠷ ᠪᠦᠯᠦᠭ᠎ᠤᠨ ᠭᠤᠷᠪᠠᠳᠤᠭ᠋ᠠᠷ ᠬᠡᠰᠡᠭ᠎ᠲᠠᠬᠢ 《ᠮᠡᠳᠡᠯᠭᠡ ᠵᠢᠨ ᠥᠮᠴᠢᠯᠡᠯ᠎ᠤᠨ ᠡᠷᠬᠡ》᠂ 《ᠡᠷᠡᠭᠦᠦ ᠵᠢᠨ ᠬᠠᠤᠯᠢ》 ᠵᠢᠨ ᠬᠤᠪᠢᠶᠠᠷᠢ ᠲᠦᠷᠢᠮ᠎ᠤᠨ ᠭᠤᠷᠪᠠᠳᠤᠭ᠋ᠠᠷ ᠪᠦᠯᠦᠭ᠎ᠤᠨ ᠳᠣᠯᠣᠳᠤᠭ᠋ᠠᠷ ᠬᠡᠰᠡᠭ᠎ᠲᠠᠬᠢ 《ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ ᠶᠠᠯ᠎ᠠ》᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠵᠡᠷᠭᠡ ᠵᠢᠨ ᠪᠠᠶ᠋ᠢᠴᠠᠭ᠋ᠠᠬᠤ ᠬᠣᠷᠢᠶ᠎ᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ ᠡᠷᠡᠭᠦᠦ ᠵᠢᠨ ᠬᠡᠷᠡᠭ᠎ᠢ ᠰᠢᠶᠳᠪᠦᠷᠢᠯᠡᠬᠦ ᠪᠣᠳᠠᠲᠠᠶ᠎ᠪᠠᠷ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠳ᠎ᠤᠨ ᠲᠤᠬᠠᠶ ᠲᠠᠶ᠋ᠢᠯᠪᠤᠷᠢᠯᠠᠯᠲᠠ᠂ 《ᠭᠡᠷ᠎ᠡ ᠵᠢᠨ ᠬᠠᠤᠯᠢ》 ᠵᠢᠨ ᠠᠷᠪᠠᠨ ᠨᠠᠢ᠍ᠮᠠᠳᠤᠭ᠋ᠠᠷ ᠪᠦᠯᠦᠭ 《ᠮᠡᠷᠭᠡᠵᠢᠯ᠎ᠤᠨ ᠭᠡᠷ᠎ᠡ》᠂ 《ᠭᠠᠳᠠᠭ᠋ᠠᠳᠤ ᠠᠷᠠᠯᠵᠢᠶᠠᠨ᠎ᠤ ᠬᠠᠤᠯᠢ》 ᠵᠢᠨ ᠲᠠᠪᠤᠳᠤᠭ᠋ᠠᠷ ᠪᠦᠯᠦᠭ᠎ᠤᠨ 《ᠭᠠᠳᠠᠭ᠋ᠠᠳᠤ ᠠᠷᠠᠯᠵᠢᠶ᠎ᠠ᠎ᠯᠤᠭ᠎ᠠ ᠬᠣᠯᠪᠣᠭᠳᠠᠬᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ》᠃
   (ᠬᠣᠶᠠᠷ) ᠲᠠᠸᠠᠷ᠎ᠤᠨ ᠲᠡᠮᠳᠡᠭᠲᠦ ᠵᠢᠨ ᠲᠥᠷᠦᠯ᠄ 《ᠲᠠᠸᠠᠷ᠎ᠤᠨ ᠲᠡᠮᠳᠡᠭ᠎ᠤᠨ ᠬᠠᠤᠯᠢ》 ᠪᠣᠯᠤᠨ ᠲᠡᠭᠦᠨ᠎ᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠳᠦᠷᠢᠮ ᠳᠤᠭᠳᠠᠭ᠋ᠠᠯ᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠠᠸᠠᠷ᠎ᠤᠨ ᠲᠡᠮᠳᠡᠭ ᠵᠢᠨ ᠬᠡᠷᠡᠭ᠎ᠢ ᠰᠢᠭᠦᠬᠦ᠎ᠳᠤ ᠬᠤᠯᠪᠤᠭᠳᠠᠭᠰᠠᠨ ᠬᠠᠤᠯᠢ ᠴᠠᠭ᠋ᠠᠵᠠ ᠵᠢ ᠬᠡᠷᠡᠭᠯᠡᠬᠦ ᠬᠡᠪᠴᠢᠶ᠎ᠡ ᠵᠢᠨ ᠠᠰᠠᠭᠤᠳᠠᠯ᠎ᠤᠨ ᠲᠤᠬᠠᠶ ᠲᠠᠶ᠋ᠢᠯᠪᠤᠷᠢᠯᠠᠯᠲᠠ᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠠᠸᠠᠷ᠎ᠤᠨ ᠲᠡᠮᠳᠡᠭ᠎ᠤᠨ ᠢᠷᠭᠡᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠭᠦᠬᠦ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠳ᠎ᠤᠨ ᠲᠤᠬᠠᠶ ᠲᠠᠶ᠋ᠢᠯᠪᠤᠷᠢᠯᠠᠯᠲᠠ᠂ 《ᠨᠡᠷᠡᠳᠦ ᠲᠠᠸᠠᠷ᠎ᠤᠨ ᠲᠡᠮᠳᠡᠭ᠎ᠢ ᠮᠠᠭ᠋ᠠᠳᠯᠠᠨ ᠲᠣᠭᠲᠠᠭ᠋ᠠᠬᠤ ᠪᠠ ᠬᠠᠮᠠᠭ᠋ᠠᠯᠠᠬᠤ ᠲᠣᠭᠲᠠᠭ᠋ᠠᠯ》᠂ 《ᠬᠠᠮᠲᠤ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ᠎ᠢ ᠳᠠᠩᠰᠠᠯᠠᠬᠤ ᠪᠠ ᠬᠠᠮᠢᠶᠠᠷᠬᠤ ᠠᠷᠭ᠎ᠠ》 ᠵᠡᠷᠭᠡ ᠪᠤᠢ᠃
   (ᠭᠤᠷᠪᠠ) ᠲᠤᠰᠬᠠᠶ ᠠᠰᠢᠭ᠎ᠤᠨ ᠡᠷᠬᠡ ᠵᠢᠨ ᠲᠥᠷᠥᠯ᠄ 《ᠲᠤᠰᠬᠠᠶ ᠠᠰᠢᠭ᠎ᠤᠨ ᠬᠠᠤᠯᠢ》 ᠬᠢᠭᠡᠳ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠤ ᠬᠡᠷᠡᠭ᠎ᠢ ᠰᠢᠭᠦᠬᠦ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠨ ᠲᠤᠬᠠᠶ ᠲᠣᠭᠲᠠᠭ᠋ᠠᠯ᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠵᠠᠷᠭᠤᠯᠳᠤᠬᠤ᠎ᠠᠴᠠ ᠡᠮᠦᠨ᠎ᠡ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠬᠤᠷᠢᠭᠯᠠᠬᠤ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠨ ᠲᠤᠬᠠᠶ ᠲᠣᠭᠲᠠᠭ᠋ᠠᠯ᠎ᠤᠳ᠂ 《ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠤᠰᠬᠠᠶ ᠠᠰᠢᠭ᠎ᠤᠨ ᠳᠦᠷᠢᠮ ᠳᠤᠭᠳᠠᠭ᠋ᠠᠯ》 ᠵᠡᠷᠭᠡ ᠪᠤᠢ᠃
   (ᠲᠦᠷᠪᠡ) ᠵᠣᠬᠢᠶᠠᠯ ᠪᠦᠲᠦᠭᠡᠯ᠎ᠤᠨ ᠡᠷᠬᠡ ᠵᠢᠨ ᠲᠥᠷᠥᠯ᠄ 《ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》 ᠪᠣᠯᠤᠨ ᠲᠡᠭᠦᠨ᠎ᠢ ᠬᠡᠷᠡᠭᠵᠢᠭᠦᠯᠬᠦ ᠳᠦᠷᠢᠮ᠃ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠵᠣᠬᠢᠶᠠᠯ ᠪᠦᠲᠦᠭᠡᠯ᠎ᠤᠨ ᠡᠷᠬᠡ ᠵᠢᠨ ᠢᠷᠭᠡᠨ᠎ᠤ ᠬᠡᠷᠡᠭ᠎ᠤᠨ ᠵᠢᠭᠤᠷᠠᠯᠳᠤᠭ᠋ᠠᠨ᠎ᠤ ᠬᠡᠷᠡᠭ᠎ᠢ ᠰᠢᠭᠦᠬᠦ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠨ ᠲᠤᠬᠠᠶ ᠲᠠᠶ᠋ᠢᠯᠪᠤᠷᠢᠯᠠᠯᠲᠠ᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠺᠣᠮᠫᠢᠦ᠋ᠲ᠋ᠧᠷ᠎ᠤᠨ ᠰᠦᠯᠵᠢᠶᠡᠨ᠎ᠤ ᠵᠣᠬᠢᠶᠠᠯ ᠪᠦᠳᠦᠭᠡᠯ᠎ᠤᠨ ᠡᠷᠬᠡ ᠵᠢᠨ ᠵᠢᠭᠤᠷᠠᠯᠳᠤᠭ᠋ᠠᠨ᠎ᠤ ᠰᠢᠭᠦᠬᠦ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠨ ᠲᠤᠬᠠᠶ ᠲᠠᠶ᠋ᠢᠯᠪᠤᠷᠢᠯᠠᠯᠲᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠢᠨ ᠺᠣᠮᠫᠢᠦ᠋ᠲ᠋ᠧᠷ᠎ᠤᠨ ᠰᠦᠯᠵᠢᠶᠡᠨ᠎ᠳᠤ ᠬᠣᠯᠪᠤᠭᠳᠠᠬᠤ ᠢᠷᠭᠡᠨ᠎ᠤ ᠬᠡᠷᠡᠭ᠎ᠤᠨ ᠵᠢᠭᠤᠷᠠᠯᠳᠤᠭ᠋ᠠᠨ᠎ᠢ ᠰᠢᠭᠦᠬᠦ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠨ ᠲᠤᠬᠠᠢ ᠲᠠᠢ᠌ᠯᠪᠤᠷᠢᠯᠠᠯᠲᠠ᠂ 《ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠲᠦᠷᠢᠮ》᠂ 《ᠺᠣᠮᠫᠢᠦ᠋ᠲ᠋ᠧᠷ᠎ᠤᠨ ᠵᠥᠭᠡᠯᠡᠨ ᠳᠤᠨᠤᠭ᠎ᠢ ᠬᠠᠮᠠᠭ᠋ᠠᠯᠠᠬᠤ ᠳᠦᠷᠢᠮ》᠂ 《ᠮᠡᠳᠡᠭᠡ ᠵᠠᠩᠭᠢ ᠵᠢᠨ ᠲᠣᠣᠷ ᠰᠦᠯᠵᠢᠶ᠎ᠡ᠎ᠪᠠᠷ ᠤᠯᠠᠮᠵᠢᠯᠠᠬᠤ ᠡᠷᠬᠡ ᠵᠢ ᠬᠠᠮᠠᠭ᠋ᠠᠯᠠᠬᠤ ᠳᠦᠷᠢᠮ》᠃
   (ᠲᠠᠪᠤ) ᠬᠤᠳᠠᠯᠳᠤᠭ᠋ᠠᠨ᠎ᠤ ᠨᠢᠭᠤᠴᠠ ᠵᠢᠨ ᠡᠷᠬᠡ ᠵᠢᠨ ᠲᠥᠷᠦᠯ᠄ 《ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠠᠤᠯᠢ》᠂ 《ᠬᠤᠳᠠᠯᠳᠤᠭ᠋ᠠᠨ᠎ᠤ ᠨᠢᠭᠤᠴᠠ᠎ᠳᠤ ᠬᠠᠯᠳᠠᠬᠤ ᠠᠵᠢᠯᠯᠠᠭ᠎ᠠ ᠵᠢ ᠴᠠᠭ᠋ᠠᠵᠠᠯᠠᠬᠤ ᠲᠤᠬᠠᠶ ᠲᠣᠭᠲᠠᠭ᠋ᠠᠯ》᠃
   (ᠵᠢᠷᠭᠤᠭ᠎ᠠ) ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢᠨ ᠲᠥᠷᠥᠯ᠄ 《ᠤᠷᠭᠤᠮᠠᠯ᠎ᠤᠨ ᠰᠢᠨ᠎ᠡ ᠲᠦᠷᠦᠯ ᠵᠦᠢ᠍ᠯ᠎ᠢ ᠬᠠᠮᠠᠭ᠋ᠠᠯᠠᠬᠤ ᠲᠦᠷᠢᠮ》 ᠬᠢᠭᠡᠳ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ (ᠲᠠᠷᠢᠶᠠᠯᠠᠩ᠂ ᠤᠢ ᠰᠢᠭᠤᠶ ᠵᠢᠨ ᠬᠡᠰᠡᠭ)᠃ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠤᠷᠭᠤᠮᠠᠯ᠎ᠤᠨ ᠰᠢᠨ᠎ᠡ ᠡᠭᠦᠯᠳᠡᠷ᠎ᠤᠨ ᠵᠢᠭᠤᠷᠠᠯᠳᠤᠭ᠋ᠠᠨ᠎ᠤ ᠬᠡᠷᠡᠭ᠎ᠢ ᠰᠢᠭᠦᠨ ᠰᠢᠶᠳᠪᠦᠷᠢᠯᠡᠬᠦ ᠠᠰᠠᠭᠤᠳᠠᠯ᠎ᠤᠨ ᠲᠤᠬᠠᠶ ᠲᠠᠶ᠋ᠢᠯᠪᠤᠷᠢᠯᠠᠯᠲᠠ᠃
   (ᠳᠣᠯᠤᠭ᠎ᠠ) ᠣᠨᠴᠠᠭ᠋ᠠᠶ ᠲᠡᠮᠳᠡᠭ᠎ᠤᠨ ᠳᠥᠷᠦᠯ᠄ 《ᠣᠨᠴᠠᠭ᠋ᠠᠢ ᠲᠡᠮᠳᠡᠭ᠎ᠤᠨ ᠬᠠᠮᠢᠶᠠᠷᠤᠯᠲᠠ ᠵᠢᠨ ᠲᠦᠷᠢᠮ》᠂ 《ᠣᠯᠢᠮᠫᠢᠺ᠎ᠤᠨ ᠳᠡᠮᠳᠡᠭ᠎ᠤᠨ ᠬᠠᠮᠠᠭ᠋ᠠᠯᠠᠯᠲᠠ ᠵᠢᠨ ᠲᠦᠷᠢᠮ》᠂ 《ᠳᠡᠯᠡᠬᠡᠶ ᠵᠢᠨ ᠦᠵᠡᠰᠬᠦᠯᠡᠩ᠎ᠤᠨ ᠴᠤᠭᠯᠠᠭ᠋ᠠᠨ᠎ᠤ ᠲᠡᠮᠳᠡᠭ᠎ᠢ ᠬᠠᠮᠠᠭ᠋ᠠᠯᠠᠬᠤ ᠳᠦᠷᠢᠮ》᠃
   (ᠨᠠᠢ᠍ᠮᠠ) ᠭᠠᠵᠠᠷ ᠵᠦᠢ ᠵᠢᠨ ᠰᠢᠨᠵᠢ ᠳᠡᠮᠳᠡᠭ᠎ᠤᠨ ᠲᠦᠷᠦᠯ᠄ 《ᠲᠠᠸᠠᠷ᠎ᠤᠨ ᠲᠡᠮᠳᠡᠭ᠎ᠤᠨ ᠬᠠᠤᠯᠢ》᠂ 《ᠬᠠᠮᠲᠤ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ᠎ᠢ ᠳᠠᠩᠰᠠᠯᠠᠬᠤ ᠪᠠ ᠬᠠᠮᠢᠶᠠᠷᠬᠤ ᠠᠷᠭ᠎ᠠ》᠂ 《ᠭᠠᠵᠠᠷ ᠵᠦᠢ ᠵᠢᠨ ᠰᠢᠨᠵᠢ ᠳᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠲᠣᠭᠲᠠᠭ᠋ᠠᠯ》᠃
   (ᠶᠢᠰᠦ) ᠬᠤᠷᠠᠮᠠᠯ ᠴᠠᠬᠢᠯᠭ᠋ᠠᠨ ᠬᠡᠯᠬᠢᠶᠡᠨ᠎ᠤ ᠲᠠᠷᠬᠠᠯᠲᠠ ᠵᠢᠨ ᠵᠢᠷᠤᠭ᠎ᠤᠨ ᠵᠢᠷᠤᠭ ᠲᠥᠯᠥᠪᠯᠡᠭᠡᠨ᠎ᠤ ᠲᠤᠰᠬᠠᠶ ᠡᠵᠡᠮᠰᠢᠬᠦ ᠲᠥᠷᠥᠯ᠄ 《ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠪᠠᠢ᠌ᠷᠢᠯᠠᠭᠤᠯᠤᠯᠲᠠ ᠵᠢᠨ ᠵᠢᠷᠤᠭ ᠲᠥᠯᠥᠪᠯᠡᠭᠡ ᠵᠢ ᠬᠠᠮᠠᠭ᠋ᠠᠯᠠᠬᠤ ᠳᠦᠷᠢᠮ》 ᠬᠢᠭᠡᠳ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠂ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠵᠢᠨ ᠬᠤᠷᠠᠮᠠᠯ ᠴᠠᠬᠢᠯᠭ᠋ᠠᠨ ᠬᠡᠯᠬᠢᠶᠡᠨ᠎ᠤ ᠪᠠᠢ᠌ᠷᠢᠯᠠᠭᠤᠯᠤᠯᠲᠠ ᠵᠢᠨ ᠵᠢᠷᠤᠭ᠎ᠤᠨ ᠵᠢᠷᠤᠭ ᠲᠥᠯᠥᠪᠯᠡᠭᠡᠨ᠎ᠳᠤ ᠬᠣᠯᠪᠣᠭᠳᠠᠭᠰᠠᠨ ᠬᠡᠷᠡᠭ᠎ᠢ ᠰᠢᠭᠦᠨ ᠲᠠᠰᠤᠯᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ᠂ 《ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠪᠠᠢ᠌ᠷᠢᠯᠠᠭᠤᠯᠤᠯᠲᠠ ᠵᠢᠨ ᠵᠢᠷᠤᠭ ᠲᠥᠯᠥᠪᠯᠡᠭᠡ ᠵᠢ ᠬᠠᠮᠠᠭ᠋ᠠᠯᠠᠬᠤ ᠳᠦᠷᠢᠮ》᠃
   (ᠠᠷᠪᠠ) ᠪᠤᠰᠤᠳ ᠲᠦᠷᠦᠯ᠄ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠢᠯᠢ ᠵᠢᠨ ᠪᠣᠭᠣᠮᠲᠠ ᠵᠢᠨ ᠬᠠᠮᠠᠭ᠋ᠠᠯᠠᠬᠤ ᠲᠦᠷᠢᠮ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠢᠯᠢ ᠵᠢᠨ ᠪᠣᠭᠣᠮᠲᠠ ᠵᠢᠨ ᠬᠠᠮᠠᠭ᠋ᠠᠯᠠᠬᠤ ᠳᠦᠷᠢᠮ᠎ᠢ ᠬᠡᠷᠡᠭᠵᠢᠭᠦᠯᠬᠦ ᠠᠷᠭ᠎ᠠ》᠂ 《ᠦᠵᠡᠰᠭᠦᠯᠡᠩ ᠴᠤᠭᠯᠠᠭ᠋ᠠᠨ᠎ᠤ ᠵᠦᠢ᠍ᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠷᠭ᠎ᠠ》᠃

ᠢᠷᠡᠯᠲᠡ᠄
          
ᠬᠠᠮᠢᠶ᠎ᠡ ᠪᠦᠬᠦᠢ ᠰᠣᠨᠢᠨ
 
            
Baidu
map