ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠪᠥᠬᠥ ᠪᠥᠮᠪᠥᠷᠴᠡᠭ᠎ᠤᠨ ᠲᠠᠩ ᠦᠢᠯᠡᠳᠪᠦᠷᠢ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ 《ᠨᠣᠭᠣᠭ᠋ᠠᠨ ᠤᠰᠤᠲᠥ᠋ᠷᠥᠭᠴᠢ +》 ᠨᠡᠭᠦᠷᠡᠰᠦ᠎ᠪᠠᠷ ᠠᠯᠺᠧᠨ ᠦᠢᠯᠡᠳᠬᠦ ᠠᠵᠤ ᠦᠢᠯᠡᠰ᠎ᠤᠨ ᠰᠠᠭᠤᠷᠢᠨ ᠭᠠᠵᠠᠷ ᠣᠷᠳᠣᠰ ᠎ᠲᠤ ᠪᠠᠢ᠌ᠭᠤᠯᠤᠭᠳᠠᠪᠠ
ᠨᠡᠶ᠋ᠢᠲᠡᠯᠡᠭᠰᠡᠨ ᠴᠠᠭ᠄ 2022-12-31


      ᠲᠦᠷᠦᠭᠦᠬᠡᠨ᠂ ᠥᠪᠥᠷ ᠮᠣᠩᠭᠣᠯ᠎ᠤᠨ ᠪᠦ᠋ᠦ ᠹᠸᠩ ᠨᠡᠭᠦᠷᠡᠰᠦ᠎ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ ᠵᠢᠨ ᠨᠢᠭᠡᠳᠦᠭᠡᠷ ᠬᠤᠭᠤᠴᠠᠭ᠋ᠠᠨ᠎ᠤ 300 ᠲᠦᠮᠡᠨ ᠲᠣᠨ / ᠵᠢᠯ᠎ᠤᠨ ᠠᠯᠺᠧᠨ᠎ᠤ ᠲᠥᠷᠥᠯ ᠵᠦᠢᠯ᠎ᠨᠢ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠦᠨᠡᠯᠡᠯᠲᠡ ᠴᠣᠬᠣᠯᠠᠪᠤᠷᠢ᠎ᠪᠠᠷ ᠳᠡᠮᠵᠢᠨ᠂ ᠣᠷᠳᠣᠰ ᠬᠣᠲᠠ ᠵᠢᠨ ᠲᠣᠭ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠬᠤ ᠪᠣᠯᠤᠨ᠎ᠠ  ᠃
      ᠳᠤᠮᠳᠠᠳᠤ ᠤᠯᠤᠰ᠎ᠠᠴᠠ ᠴᠢᠯᠠᠭᠤᠨ ᠲᠣᠰᠣ ᠪᠠ ᠬᠢᠮᠢ ᠵᠢᠨ ᠠᠵᠤ ᠦᠢᠯᠡᠳᠪᠦᠷᠢ ᠵᠢᠨ ᠬᠣᠯᠪᠣᠭ᠋ᠠᠲᠤ ᠬᠤᠷᠠᠯ᠎ᠤᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠲᠤᠰᠬᠠᠶ ᠮᠡᠷᠭᠡᠵᠢᠯ᠎ᠤᠨ ᠵᠥᠪᠯᠡᠯ᠎ᠤᠨ ᠠᠯᠪᠠᠨ ᠲᠠᠯ᠎ᠠ ᠵᠢᠨ ᠵᠠᠬᠢᠶᠠᠯᠠᠭᠰᠠᠨ ᠳ᠋ᠤᠭ᠋ᠠᠷ 《ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ》 ᠵᠢᠨ ᠮᠡᠳᠡᠭᠡ ᠵᠠᠩᠭᠢ ᠵᠢᠨ ᠮᠡᠳᠡᠭᠡᠯᠡᠯ᠎ᠢ ᠦᠨᠳᠦᠰᠦᠯᠡᠪᠡᠯ᠂ ᠲᠣᠰ ᠲᠥᠷᠥᠯ ᠵᠦᠢᠯ᠎ᠨᠢ ᠪᠣᠬᠢᠷᠲᠤᠯ ᠥᠬᠡᠶ ᠤᠰᠤᠲᠥ᠋ᠷᠥᠭᠴᠢ ᠵᠢ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ᠎ᠲᠠᠢ ᠠᠭᠤᠰᠤᠯᠴᠠᠭᠤᠯᠬᠤ ᠬᠠᠮᠵᠢᠯᠴᠠᠨ ᠦᠢᠯᠡᠳᠪᠦᠷᠢᠯᠡᠬᠦ ᠤᠷ᠎ᠠ ᠮᠡᠷᠭᠡᠵᠢᠯ᠎ᠢ ᠰᠢᠨ᠎ᠡ ᠵᠢ ᠡᠭᠦᠳᠦᠨ ᠬᠡᠷᠡᠭᠯᠡᠪᠡ᠂ ᠵᠢᠯ᠎ᠳᠤ 260 ᠲᠦᠮᠡᠨ ᠲᠣᠨ ᠨᠡᠭᠦᠷᠡᠰᠦ᠎ᠪᠠᠷ ᠠᠯᠺᠧᠨ ᠦᠢᠯᠡᠳᠪᠦᠷᠢᠯᠡᠬᠦ ᠪᠦᠲᠦᠭᠡᠨ ᠪᠠᠢ᠌ᠭᠤᠯᠤᠯᠲᠠ ᠵᠢᠨ ᠰᠠᠭᠤᠷᠢᠨ ᠳᠡᠭᠡᠷ᠎ᠡ᠂ ᠪᠠᠰᠠ ᠰᠠᠯᠬᠢᠨ᠎ᠤ ᠡᠨᠧᠷᠭᠢ ᠨᠡᠷᠡᠨ᠎ᠤ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ᠎ᠠᠴᠠ ᠭᠠᠷᠭ᠋ᠠᠭᠰᠠᠨ ᠨᠣᠭᠣᠭ᠋ᠠᠨ ᠴᠠᠬᠢᠯᠭ᠋ᠠᠨ ᠵᠶ᠋ᠠᠷ ᠨᠣᠭᠣᠭ᠋ᠠᠨ ᠤᠰᠤᠲᠥ᠋ᠷᠥᠭᠴᠢ ᠠᠪᠴᠤ ᠨᠡᠭᠦᠷᠡᠰᠦᠨ᠎ᠤ ᠦᠢᠯᠡᠳᠪᠦᠷᠢᠯᠡᠯ᠎ᠢ ᠣᠷᠣᠯᠠᠭᠤᠯᠬᠤ ᠪᠣᠯᠤᠨ᠎ᠠ᠂ 40 ᠲᠦᠮᠡᠨ ᠲᠣᠨ / ᠵᠢᠯ᠎ᠤᠨ ᠨᠣᠭᠣᠭ᠋ᠠᠨ ᠤᠰᠤᠲᠥ᠋ᠷᠥᠭᠴᠢ ᠵᠢᠨ ᠬᠣᠤᠰᠮᠠᠭ ᠠᠯᠺᠧᠨ ᠦᠢᠯᠡᠳᠪᠦᠷᠢᠯᠡᠬᠦ ᠴᠢᠳᠠᠪᠤᠷᠢ ᠵᠢ ᠲᠥᠬᠥᠷᠵᠢᠭᠦᠯᠦᠨ ᠪᠦᠷᠢᠯᠳᠦᠭᠦᠯᠦᠨ᠎ᠡ᠂ ᠤᠰᠤᠲᠥ᠋ᠷᠥᠭᠴᠢ᠎ᠪᠠᠷ ᠨᠡᠭᠦᠷᠡᠰᠦ ᠰᠣᠯᠢᠬᠤ ᠵᠢ ᠪᠡᠶᠡᠯᠡᠭᠦᠯᠦᠨ᠎ᠡ᠂ ᠨᠡᠭᠦᠷᠡᠰᠦᠲᠥ᠋ᠷᠥᠭᠴᠢ ᠵᠢ ᠪᠠᠭ᠋ᠠᠰᠬᠠᠵᠤ ᠦᠷ᠎ᠡ ᠠᠰᠢᠭ᠎ᠢ ᠨᠡᠮᠡᠭᠳᠡᠭᠦᠯᠬᠦ᠂ ᠪᠥᠬᠥ ᠪᠥᠮᠪᠥᠷᠴᠡᠭ᠎ᠤᠨ ᠲᠠᠩ ᠦᠢᠯᠡᠳᠪᠦᠷᠢ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ 《ᠨᠣᠭᠣᠭ᠋ᠠᠨ ᠤᠰᠤᠲᠥ᠋ᠷᠥᠭᠴᠢ +》 ᠨᠡᠭᠦᠷᠡᠰᠦ᠎ᠪᠠᠷ ᠠᠯᠺᠧᠨ ᠦᠢᠯᠡᠳᠬᠦ ᠠᠵᠤ ᠦᠢᠯᠡᠰ᠎ᠤᠨ ᠰᠠᠭᠤᠷᠢᠨ ᠭᠠᠵᠠᠷ ᠪᠣᠯᠤᠨ᠎ᠠ᠂ ᠪᠠᠰᠠ ᠳᠡᠯᠡᠬᠡᠶ ᠳᠡᠭᠡᠷᠡᠬᠢ ᠣᠳᠣᠬᠠᠨ᠎ᠤ ᠴᠣᠷ᠎ᠤᠨ ᠭᠠᠭᠴᠠ ᠬᠡᠪᠴᠢᠶᠡᠵᠢᠭᠰᠡᠨ ᠨᠣᠭᠣᠭ᠋ᠠᠨ ᠤᠰᠤᠲᠥ᠋ᠷᠥᠭᠴᠢ᠎ᠪᠠᠷ ᠴᠢᠯᠠᠭᠤᠵᠢᠮᠠᠯ ᠡᠨᠧᠷᠭᠢ ᠵᠢ ᠣᠷᠣᠯᠠᠭᠤᠯᠵᠤ ᠳᠡᠭᠡᠳᠦ ᠲᠡᠰ᠎ᠤᠨ ᠬᠢᠮᠢ ᠵᠢᠨ ᠠᠵᠤ ᠦᠢᠯᠡᠳᠪᠦᠷᠢ ᠵᠢᠨ ᠪᠦᠲᠦᠭᠡᠭᠳᠡᠬᠦᠨ ᠦᠢᠯᠡᠳᠪᠦᠷᠢᠯᠡᠬᠦ ᠲᠥᠰᠦᠯ ᠪᠣᠯᠤᠨ᠎ᠠ  ᠃
      ᠡᠭᠦᠨ᠎ᠠᠴᠠ ᠭᠠᠳᠠᠨ᠎ᠠ᠂ ᠤᠯᠤᠰ᠎ᠲᠠᠭᠠᠨ ᠦᠢᠯᠡᠳᠪᠦᠷᠢᠯᠡᠭᠰᠡᠨ ᠲᠣᠮᠣ ᠬᠡᠯᠪᠡᠷᠢ ᠵᠢᠨ ᠲᠣᠨᠣᠭ ᠲᠥᠬᠥᠭᠡᠷᠦᠮᠵᠢ ᠵᠢᠨ ᠮᠡᠷᠭᠡᠵᠢᠯ᠎ᠤᠨ ᠲᠠᠰ ᠳᠡᠪᠰᠢᠬᠦ ᠵᠢ ᠠᠬᠢᠭᠤᠯᠵᠤ᠂ 《ᠤᠯᠤᠰ᠎ᠤᠨ ᠴᠢᠬᠤᠯᠠ ᠲᠣᠨᠣᠭᠯᠠᠯ》᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ᠎ᠳᠤ ᠬᠠᠮᠵᠢᠯᠴᠠᠨ ᠬᠦᠴᠦᠨ ᠨᠡᠮᠡᠷᠢᠯᠡᠵᠦ᠂ ᠮᠠᠨ᠎ᠤ ᠤᠯᠤᠰ᠎ᠤᠨ ᠡᠨᠧᠷᠭᠢ ᠵᠢᠨ ᠠᠵᠤ ᠦᠢᠯᠡᠰ᠎ᠤᠨ ᠬᠡᠯᠬᠢᠶ᠎ᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠲᠣᠰ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠎ᠳᠤ ᠠᠯᠢ ᠴᠢᠳᠠᠬᠤ᠎ᠪᠠᠷ ᠤᠯᠤᠰ᠎ᠲᠠᠭᠠᠨ ᠦᠢᠯᠡᠳᠪᠦᠷᠢᠯᠡᠭᠰᠡᠨ ᠲᠣᠮᠣ ᠬᠡᠯᠪᠡᠷᠢ ᠵᠢᠨ ᠲᠣᠨᠣᠭ ᠲᠥᠬᠥᠭᠡᠷᠦᠮᠵᠢ ᠵᠢ ᠰᠣᠩᠭᠣᠨ ᠬᠡᠷᠡᠭᠯᠡᠵᠦ᠂ ᠲᠣᠨᠣᠭ ᠲᠥᠬᠥᠭᠡᠷᠦᠮᠵᠢ ᠵᠢ ᠤᠯᠤᠰ᠎ᠲᠠᠭᠠᠨ ᠦᠢᠯᠡᠳᠪᠦᠷᠢᠯᠡᠭᠰᠡᠨ ᠨᠣᠷᠮ᠎ᠠ ᠵᠢ 98 %᠎ᠳᠤ ᠬᠦᠷᠭᠡᠨ᠎ᠡ  ᠃ ᠡᠭᠦᠨ᠎ᠳᠤ᠂ ᠲᠥᠷᠥᠯ ᠵᠦᠢᠯ᠎ᠨᠢ ᠠᠩᠬ᠎ᠠ ᠤᠳᠠᠭ᠎ᠠ ᠤᠯᠤᠰ᠎ᠤᠨ ᠳᠣᠲᠣᠭ᠋ᠠᠳᠤ ᠵᠢᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ 11000 Nm 3 / h ᠬᠦᠴᠢᠯᠲᠥ᠋ᠷᠥᠭᠴᠢ ᠦᠢᠯᠡᠳᠬᠦ ᠴᠢᠳᠠᠪᠤᠷᠢ᠎ᠲᠠᠢ ᠲᠣᠮᠣ ᠬᠡᠯᠪᠡᠷᠢ ᠵᠢᠨ ᠬᠣᠭᠣᠰᠣᠨ ᠬᠤᠪᠢᠶᠠᠷᠢ ᠵᠢᠨ ᠲᠣᠨᠣᠭᠯᠠᠯ᠎ᠢ ᠰᠣᠩᠭᠣᠨ ᠬᠡᠷᠡᠭᠯᠡᠵᠦ᠂ ᠠᠩᠬ᠎ᠠ ᠤᠳᠠᠭ᠎ᠠ ᠤᠯᠤᠰ᠎ᠤᠨ ᠳᠣᠲᠣᠭ᠋ᠠᠳᠤ ᠵᠢᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳ᠋ᠠᠯᠢᠶᠠᠨ᠎ᠤ ᠬᠢᠮᠢ ᠵᠢᠨ ᠪᠣᠳᠠᠰ᠎ᠤᠨ ᠭᠠᠵᠠᠷ᠎ᠤᠨ DMTO ᠭᠤᠷᠪᠠᠳᠤᠭ᠋ᠠᠷ ᠦᠶ᠎ᠡ ᠵᠢᠨ ᠮᠡᠷᠭᠡᠵᠢᠯ᠎ᠢ ᠬᠡᠷᠡᠭᠯᠡᠵᠦ᠂ ᠲᠠᠩ ᠢᠵᠢ ᠲᠣᠨᠣᠭ ᠲᠥᠬᠥᠭᠡᠷᠦᠮᠵᠢ ᠵᠢᠨ ᠮᠧᠲ᠋ᠢᠯ ᠠᠯᠺᠣᠣᠯ᠎ᠢ ᠰᠢᠢᠳᠪᠦᠷᠢᠯᠡᠬᠦ ᠴᠢᠳᠠᠪᠤᠷᠢ ᠵᠢ ᠵᠢᠯ᠎ᠳᠤ 180 ᠲᠦᠮᠡᠨ ᠲᠣᠨ᠎ᠠᠴᠠ ᠵᠢᠯ᠎ᠳᠤ 300 ᠲᠦᠮᠡᠨ ᠲᠣᠨ ᠪᠣᠯᠭ᠋ᠠᠨ ᠳᠡᠭᠡᠭᠰᠢᠯᠡᠭᠦᠯᠵᠦ᠂ ᠡᠲ᠋ᠢᠯᠧᠡ ᠪᠠ ᠫᠷᠦᠫᠸᠨ᠎ᠤ ᠪᠣᠶ ᠪᠣᠯᠬᠤ ᠴᠢᠳᠠᠪᠤᠷᠢ ᠵᠢ ᠵᠢᠯ᠎ᠳᠤ 60 ᠲᠦᠮᠡᠨ ᠲᠣᠨ᠎ᠠᠴᠠ ᠵᠢᠯ᠎ᠳᠤ ᠪᠠᠷᠤᠭ 110 ᠲᠦᠮᠡᠨ ᠲᠣᠨ ᠪᠣᠯᠭ᠋ᠠᠨ ᠳᠡᠭᠡᠭᠰᠢᠯᠡᠭᠦᠯᠪᠡ  ᠃ ᠲᠦᠭᠦᠬᠡᠶ ᠮᠠᠲ᠋ᠧᠷᠢᠶᠠᠯ᠎ᠢ ᠬᠤᠪᠢᠷᠠᠭᠤᠯᠬᠤ ᠨᠣᠷᠮ᠎ᠠ᠎ᠨᠢ ᠨᠠᠩ ᠥᠨᠳᠥᠷ ᠪᠠᠢ᠌ᠵᠤ᠂ ᠠᠯᠺᠧᠨ᠎ᠨᠢ 2 . 88 ᠲᠣᠨ / ᠲᠣᠨ᠎ᠠᠴᠠ ᠪᠠᠭᠤᠷᠠᠭ᠋ᠠᠳ 2 . 66 ᠲᠣᠨ / ᠲᠣᠨ ᠪᠣᠯᠵᠣ᠂ ᠨᠢᠭᠡᠴᠢ ᠦᠢᠯᠡᠳᠬᠦᠨ᠎ᠤ ᠦᠢᠯᠡᠳᠪᠦᠷᠢᠯᠡᠯ᠎ᠤᠨ ᠥᠪᠡᠷ᠎ᠤᠨ ᠥᠷᠲᠡᠭ᠎ᠨᠢ ᠨᠠᠩ ᠳᠣᠤᠷ᠎ᠠ ᠪᠣᠯᠵᠣ᠂ ᠥᠷᠢᠰᠥᠯᠳᠦᠭᠡᠨ᠎ᠤ ᠳᠠᠪᠠᠭᠤᠯᠢᠭ᠎ᠨᠢ ᠨᠠᠩ ᠲᠣᠪᠣᠢ᠌ᠮ᠎ᠠ ᠪᠣᠯᠪᠠ  ᠃
      ᠲᠥᠷᠥᠯ ᠵᠦᠢᠯ ᠪᠦᠬᠦᠨ ᠵᠶ᠋ᠡᠷ ᠵᠶ᠋ᠡᠨ ᠪᠠᠢ᠌ᠭᠤᠯᠤᠭᠳᠠᠭᠰᠠᠨ᠎ᠤ ᠳᠠᠷᠠᠭ᠎ᠠ᠂ ᠵᠢᠱ᠌ᠢᠯᠲᠡ᠎ᠪᠠᠷ ᠡᠨᠧᠷᠭᠢ ᠵᠢ ᠬᠤᠪᠢᠷᠠᠭᠤᠯᠬᠤ ᠦᠷ᠎ᠡ ᠪᠦᠲᠦᠮᠵᠢ᠎ᠨᠢ 47 . 54 %᠎ᠳᠤ ᠬᠦᠷᠴᠦ᠂ ᠨᠢᠭᠡᠴᠢ ᠦᠢᠯᠡᠳᠬᠦᠨ᠎ᠤ ᠤᠰᠤᠨ᠎ᠤ ᠬᠣᠷᠣᠭᠳᠠᠯ᠎ᠨᠢ 9 . 16 ᠲᠣᠨ / ᠲᠣᠨ ᠠᠯᠺᠧᠨ ᠪᠠᠢ᠌ᠵᠤ᠂ ᠨᠢᠭᠡᠴᠢ ᠦᠢᠯᠡᠳᠬᠦᠨ᠎ᠤ ᠡᠨᠧᠷᠭᠢ ᠵᠢᠨ ᠬᠣᠷᠣᠭᠳᠠᠯ᠎ᠨᠢ 1 . 71 ᠲᠣᠨ ᠪᠠᠷᠢᠮᠵᠢᠶᠠᠲᠤ ᠨᠡᠭᠦᠷᠡᠰᠦ / ᠲᠣᠨ ᠠᠯᠺᠧᠨ ᠪᠠᠢ᠌ᠵᠤ᠂ ᠡᠯ᠎ᠡ ᠵᠦᠢᠯ᠎ᠤᠨ ᠡᠨᠧᠷᠭᠢ ᠵᠢᠨ ᠠᠰᠢᠭᠯᠠᠮᠵᠢ ᠵᠢᠨ ᠭᠦᠢᠴᠡᠳᠬᠡᠯ ᠲᠣᠭ᠎ᠠ᠎ᠨᠢ ᠴᠥᠮ ᠠᠵᠢᠯ ᠲᠥᠷᠥᠯ᠎ᠤᠨ ᠬᠠᠮᠤᠭ᠎ᠤᠨ ᠥᠨᠳᠥᠷ ᠲᠦᠪᠰᠢᠨ᠎ᠠᠴᠠ ᠳᠠᠪᠠᠭᠤᠯᠢᠭ ᠪᠠᠢ᠌ᠵᠤ᠂ ᠦᠢᠯᠡᠳᠪᠦᠷᠢᠯᠡᠬᠦ ᠴᠢᠳᠠᠪᠤᠷᠢ ᠵᠢᠨ ᠬᠡᠪᠴᠢᠶ᠎ᠡ ᠪᠠ ᠮᠡᠷᠭᠡᠵᠢᠯ᠎ᠤᠨ ᠲᠦᠪᠰᠢᠨ ᠬᠣᠶᠠᠷ ᠲᠠᠯ᠎ᠠ᠎ᠪᠠᠷ ᠵᠡᠷᠭᠡ᠎ᠪᠠᠷ ᠪᠥᠬᠥ ᠪᠥᠮᠪᠥᠷᠴᠡᠭ᠎ᠤᠨ ᠨᠡᠭᠦᠷᠡᠰᠦ᠎ᠪᠠᠷ ᠠᠯᠺᠧᠨ ᠦᠢᠯᠡᠳᠬᠦ ᠲᠥᠷᠥᠯ ᠵᠦᠢᠯ᠎ᠤᠨ ᠰᠢᠨ᠎ᠡ ᠬᠡᠪ ᠳᠠᠭᠤᠷᠢᠶᠠᠯ᠎ᠢ ᠡᠭᠦᠳᠴᠦ᠂ ᠥᠪᠥᠷ ᠮᠣᠩᠭᠣᠯ᠎ᠤᠨ ᠡᠨᠧᠷᠭᠢ ᠵᠢᠨ ᠬᠡᠷᠡᠭᠯᠡᠭᠡ ᠵᠢ ᠴᠡᠪᠡᠷᠰᠢᠭᠦᠯᠬᠦ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ᠂ ᠠᠷᠪᠢᠲᠠᠶ ᠪᠥᠭᠡᠳ ᠥᠨᠳᠥᠷ ᠪᠦᠲᠦᠮᠵᠢᠲᠡᠶ᠂ ᠠᠷᠢᠭᠤᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ᠎ᠤᠨ ᠵᠠᠭᠪᠤᠷ᠎ᠢ ᠪᠠᠢ᠌ᠭᠤᠯᠤᠨ᠎ᠠ  ᠃

ᠢᠷᠡᠯᠲᠡ᠄ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠨᠡᠢ᠌ᠲᠡ ᠵᠢᠨ ᠳ᠋ᠤᠭ᠋ᠠᠷ
          
ᠬᠠᠮᠢᠶ᠎ᠡ ᠪᠦᠬᠦᠢ ᠰᠣᠨᠢᠨ
ᠪᠤᠭᠤᠲᠤ᠄ ᠰᠢᠨ᠎ᠡ ᠵᠢ ᠡᠭᠦᠳᠬᠦ᠎ᠪᠠᠷ ᠵᠠᠩᠭᠢᠯᠠᠭ᠎ᠠ ᠵᠢᠨ ᠬᠥᠳᠡᠯᠭᠡᠭᠦᠷ ᠪᠣᠯᠭ᠋ᠠᠵᠤ ᠬᠣᠲᠠ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ ᠪᠣᠯᠭ᠋ᠠᠨ᠎ᠠ
《ᠬᠣᠪᠣᠷ ᠰᠢᠷᠣᠶ +》 ᠬᠤᠪᠢᠷᠠᠮᠠᠲᠠᠭ᠋ᠠᠶ ᠷᠢᠳᠢ ᠰᠢᠳᠢ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠶᠤᠨ ᠤᠬᠠᠭ᠋ᠠᠨ ᠨᠡᠮᠡᠷᠢᠯᠡᠪᠡ
ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠬᠣᠶᠠᠷᠲᠠ ᠥᠭᠦᠯᠡᠬᠦ᠎ᠨᠢ
ᠠᠵᠤ ᠠᠬᠤᠢ᠌ᠯᠠᠯ᠎ᠤᠨ ᠰᠡᠳᠦᠪ ᠭᠠᠷᠭ᠋ᠠᠭᠰᠠᠨ ᠳᠡᠭᠡᠳᠦ ᠰᠤᠷᠭ᠋ᠠᠭᠤᠯᠢ ᠵᠢᠨ ᠰᠡᠳᠦᠪ ᠲᠠᠢ᠌ᠯᠬᠤ ᠠᠵᠤ ᠦᠢᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ ᠬᠣᠤᠰ ᠴᠢᠭᠯᠡᠯ ᠵᠶ᠋ᠡᠷ ᠤᠷᠤᠭᠰᠢᠯᠠᠪᠠ
 
            
Baidu
map