ᠤᠯᠠᠭ᠋ᠠᠨᠬᠠᠳᠠ ᠬᠣᠲᠠ ᠵᠢᠨ ᠰᠦᠩᠱ᠌ᠠᠨ ᠲᠣᠭᠣᠷᠢᠭ᠎ᠤᠨ ᠶᠡᠬᠡ ᠰᠦᠮ᠎ᠡ ᠪᠠᠯᠭ᠋ᠠᠰᠤᠨ᠎ᠤ ᠭᠦᠩ ᠵᠦ᠍ ᠯᠢᠩ ᠬᠣᠤᠰ ᠲᠦᠮᠡᠨ ᠮᠥ᠍ ᠪᠡᠯᠡᠳᠬᠡᠮᠵᠢᠲᠦ ᠲᠠᠷᠢᠶᠠᠯᠠᠩ᠎ᠤᠨ ᠬᠦᠷᠢᠶᠡᠯᠡᠩ ᠲᠣᠭᠣᠷᠢᠭ᠎ᠲᠤ᠂ ᠬᠤ᠌ ᠵᠢᠩ ᠴᠢᠤᠸᠠᠨ ᠵᠡᠷᠭᠡ 4 ᠲᠠᠷᠢᠮᠠᠯ᠎ᠤᠨ ᠡᠷᠦᠬᠡ ᠡᠨᠡ ᠵᠢᠯ᠎ᠤᠨ ᠪᠡᠯᠡᠳᠬᠡᠮᠵᠢᠲᠦ ᠲᠥᠪᠡᠳ ᠬᠠᠰᠢ ᠵᠢ ᠵᠣᠨ᠎ᠤ ᠭᠤᠤᠷᠰᠤ᠎ᠪᠠᠷ ᠳᠠᠷᠢᠬᠤ ᠪᠠ ᠡᠪᠦᠯ᠎ᠤᠨ ᠭᠤᠤᠷᠰᠤ᠎ᠪᠠᠷ ᠳᠠᠷᠢᠬᠤ᠎ᠳᠠᠭᠠᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠪᠦᠲᠦᠭᠡᠭᠳᠡᠬᠦᠨ᠎ᠢ ᠬᠡᠷᠡᠭᠯᠡᠬᠦ᠎ᠪᠠᠷ ᠳᠠᠮᠵᠢᠭᠤᠯᠤᠨ᠂ ᠢᠵᠢ ᠪᠥᠷᠢᠳᠦᠭᠦᠯᠦᠨ ᠳᠠᠷᠢᠬᠤ ᠮᠡᠷᠭᠡᠵᠢᠯ᠎ᠲᠠᠢ ᠤᠶᠠᠯᠳᠤᠭᠤᠯᠤᠨ᠂ ᠲᠥᠪᠡᠳ ᠬᠠᠰᠢ ᠵᠢᠨ ᠭᠠᠷᠤᠯᠲᠠ ᠵᠢ ᠳᠤᠮᠳᠠᠴᠢ᠎ᠪᠠᠷ 10 %᠎ᠪᠠᠷ ᠨᠡᠮᠡᠭᠳᠡᠭᠦᠯᠦᠭᠰᠡᠨ ᠪᠥᠭᠡᠳ ᠴᠢᠨᠠᠷ ᠴᠢᠨᠰᠠᠭ᠎ᠠ᠎ᠨᠢ ᠢᠯᠡᠳᠲᠡ ᠳᠡᠭᠡᠭᠰᠢᠯᠡᠵᠦ᠂ ᠵᠢᠮᠢᠰ᠎ᠨᠢ ᠵᠢᠭᠳᠡ᠂ ᠵᠢᠮᠢᠰ᠎ᠤᠨ ᠥᠩᠭᠡ᠎ᠨᠢ ᠲᠤᠩᠭ᠋ᠠᠯᠠᠭ᠂ ᠵᠢᠮᠢᠰ᠎ᠤᠨ ᠬᠦᠨᠳᠦᠴᠡ᠎ᠨᠢ ᠳᠡᠭᠡᠭᠰᠢᠯᠡᠵᠦ᠂ ᠭᠠᠷᠤᠯᠲᠠ ᠪᠠ ᠣᠷᠣᠯᠭ᠎ᠠ ᠵᠢ᠎ᠨᠢ ᠨᠡᠮᠡᠭᠳᠡᠭᠦᠯᠬᠦ ᠵᠢ ᠪᠡᠶᠡᠯᠡᠭᠦᠯᠪᠡ ᠃
ᠲᠣᠰ ᠦᠷ᠎ᠡ ᠪᠦᠲᠦᠭᠡᠯ᠎ᠨᠢ 2021 ᠣᠨ᠎ᠤ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ ᠨᠢᠭᠡᠴᠡ᠎ᠲᠠᠢ ᠬᠠᠮᠲᠤᠷᠠᠨ ᠬᠡᠷᠡᠭᠵᠢᠭᠦᠯᠦᠭᠰᠡᠨ 《ᠥᠪᠥᠷ ᠮᠣᠩᠭᠣᠯ᠎ᠤᠨ ᠪᠡᠯᠡᠳᠬᠡᠮᠵᠢᠲᠦ ᠢᠳᠡᠰᠢᠨ ᠨᠣᠭᠣᠭ᠎ᠠ ᠵᠢᠨ ᠦᠢᠯᠡᠳᠪᠦᠷᠢᠯᠡᠯ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ ᠬᠢᠭᠡᠳ ᠬᠤᠷᠠᠮᠠᠯ ᠵᠢᠱ᠌ᠢᠶ᠎ᠡ ᠦᠵᠡᠭᠦᠯᠬᠦ》 ᠲᠥᠷᠥᠯ ᠵᠦᠢᠯ᠎ᠠᠴᠠ ᠢᠷᠡᠯᠲᠡ᠎ᠲᠠᠢ ᠶᠤᠮ ᠃ ᠲᠥᠷᠥᠯ ᠵᠦᠢᠯ᠎ᠤᠨ ᠪᠦᠷᠢᠯᠳᠦᠬᠦᠨ ᠨᠢᠭᠡᠴᠢ ᠪᠣᠯᠬᠤ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠴᠧᠨ ᠴᠢᠩ ᠫᠷᠤᠹᠧᠰᠰᠤᠷ᠎ᠤᠨ ᠪᠦᠯᠬᠦᠮ᠂ ᠰᠦᠩᠱ᠌ᠠᠨ ᠲᠣᠭᠣᠷᠢᠭ᠎ᠤᠨ ᠳ᠋ᠠ ᠮᠢᠶᠣᠣ ᠪᠠᠯᠭ᠋ᠠᠰᠤ ᠵᠢᠨ ᠭᠦᠩ ᠵᠦ᠍ ᠯᠢᠩ ᠬᠣᠤᠰ ᠲᠦᠮᠡᠨ ᠮᠥ᠍ ᠪᠡᠯᠡᠳᠬᠡᠮᠵᠢᠲᠦ ᠲᠠᠷᠢᠶᠠᠯᠠᠩ᠎ᠤᠨ ᠬᠦᠷᠢᠶᠡᠯᠡᠩ ᠲᠣᠭᠣᠷᠢᠭ ᠵᠶ᠋ᠠᠷ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠣᠯᠭ᠋ᠠᠵᠤ᠂ ᠲᠥᠪᠡᠳ ᠬᠠᠰᠢ᠎ᠪᠠᠷ ᠰᠤᠳᠤᠯᠤᠭᠳᠠᠬᠤᠨ ᠪᠣᠯᠭ᠋ᠠᠵᠤ᠂ ᠤᠯᠠᠭ᠋ᠠᠨᠬᠠᠳᠠ ᠬᠣᠲᠠ ᠵᠢᠨ ᠪᠡᠯᠡᠳᠬᠡᠮᠵᠢᠲᠦ ᠢᠳᠡᠰᠢᠨ ᠨᠣᠭᠣᠭ᠎ᠠ ᠵᠢᠨ ᠬᠥᠷᠥᠰᠥ ᠰᠢᠷᠣᠶ ᠵᠢᠨ ᠬᠠᠷᠰᠢ ᠰᠠᠭ᠋ᠠᠳ᠎ᠤᠨ ᠠᠰᠠᠭᠤᠳᠠᠯ᠎ᠳᠤ ᠴᠢᠭᠯᠡᠭᠦᠯᠦᠨ ᠲᠤᠰᠬᠠᠶ ᠵᠦᠢᠯ᠎ᠤᠨ ᠰᠤᠳᠤᠯᠭ᠋ᠠᠨ ᠥᠷᠨᠢᠭᠦᠯᠵᠦ᠂ ᠴᠠᠬᠢᠭᠤᠷ ᠺᠠᠯᠼ ᠮᠠᠭᠨᠢ ᠵᠢᠨ ᠲᠥᠷᠥᠯ᠎ᠤᠨ ᠬᠥᠷᠥᠰᠥ ᠰᠢᠷᠣᠶ ᠵᠢ ᠰᠠᠢ᠌ᠵᠢᠷᠠᠭᠤᠯᠬᠤ ᠡᠳ᠋ ᠪᠠ ᠣᠷᠭ᠋ᠠᠨᠢᠭ ᠰᠢᠩᠭᠡᠨ ᠪᠡᠶᠡᠲᠦ ᠴᠢᠳᠠᠮᠵᠢᠳᠤ ᠤᠰᠤᠨ ᠪᠣᠷᠲᠣᠭᠣᠷ᠎ᠢ ᠪᠡᠶ᠎ᠡ᠎ᠪᠠᠨ ᠳᠠᠭ᠋ᠠᠭ᠋ᠠᠨ ᠰᠤᠳᠤᠯᠤᠨ ᠨᠡᠭᠡᠭᠡᠵᠦ᠂ ᠲᠠᠷᠢᠮᠠᠯ᠎ᠤᠨ ᠠᠳᠠᠯᠢ ᠪᠤᠰᠤ ᠦᠷᠡᠵᠢᠯ᠎ᠤᠨ ᠬᠤᠭᠤᠴᠠᠭ᠋ᠠᠨ᠎ᠳᠤ ᠣᠷᠭ᠋ᠠᠨᠢᠭ ᠰᠢᠩᠭᠡᠨ ᠪᠡᠶᠡᠲᠦ ᠴᠢᠳᠠᠮᠵᠢᠳᠤ ᠤᠰᠤᠨ ᠪᠣᠷᠲᠣᠭᠣᠷ ᠪᠠ ᠪᠤᠰᠤᠳ ᠰᠢᠮ᠎ᠡ ᠲᠡᠵᠢᠭᠡᠯ᠎ᠤᠨ ᠬᠡᠯᠪᠡᠷᠢ ᠵᠢᠨ ᠤᠰᠤᠨ᠎ᠳᠤ ᠠᠭᠤᠰᠬᠤ ᠴᠢᠨᠠᠷᠲᠠᠶ ᠪᠣᠷᠲᠣᠭᠣᠷ᠎ᠢ ᠨᠡᠬᠡᠮᠵᠢᠯᠡᠨ ᠣᠷᠣᠭᠤᠯᠵᠤ᠂ ᠬᠠᠮᠢᠶ᠎ᠠ ᠪᠥᠬᠥᠶ ᠢᠵᠢ ᠪᠥᠷᠢᠳᠦᠭᠦᠯᠦᠭᠰᠡᠨ ᠳᠠᠷᠢᠵᠤ ᠪᠣᠢ᠌ᠵᠢᠭᠤᠯᠬᠤ ᠮᠡᠷᠭᠡᠵᠢᠯ᠎ᠲᠠᠢ ᠤᠶᠠᠯᠳᠤᠭᠤᠯᠤᠨ᠂ ᠲᠥᠪᠡᠳ ᠬᠠᠰᠢ ᠵᠢᠨ ᠤᠨᠠᠯᠲᠠ ᠪᠠ ᠶᠠᠰᠤ ᠴᠢᠨᠠᠷ᠎ᠤᠨ ᠬᠣᠤᠰ ᠳᠡᠭᠡᠭᠰᠢᠯᠡᠯᠲᠡ ᠵᠢ ᠪᠡᠶᠡᠯᠡᠭᠦᠯᠪᠡ ᠃ ᠰᠢᠯᠭ᠋ᠠᠨ ᠪᠠᠢ᠌ᠴᠠᠭ᠋ᠠᠯᠲᠠ᠎ᠪᠠᠷ ᠳᠡᠮᠵᠢᠨ᠂ ᠲᠥᠪᠡᠳ ᠬᠠᠰᠢ ᠵᠢᠨ ᠸᠢᠲ᠋ᠠᠮᠢᠨ C ᠵᠢᠨ ᠠᠭᠤᠯᠤᠭᠳᠠᠴᠠ ᠵᠢ ᠳᠤᠮᠳᠠᠴᠢ᠎ᠪᠠᠷ 10 %᠎ᠪᠠᠷ ᠳᠡᠭᠡᠭᠰᠢᠯᠡᠭᠦᠯᠵᠦ᠂ ᠠᠭᠤᠰᠬᠤ ᠴᠢᠨᠠᠷᠲᠠᠶ ᠰᠢᠬᠢᠷ᠎ᠤᠨ ᠠᠭᠤᠯᠤᠭᠳᠠᠴᠠ ᠵᠢ ᠳᠤᠮᠳᠠᠴᠢ᠎ᠪᠠᠷ 8 %᠎ᠪᠠᠷ ᠳᠡᠭᠡᠭᠰᠢᠯᠡᠭᠦᠯᠵᠦ᠂ ᠬᠥᠷᠥᠰᠥᠨ᠎ᠤ ᠳᠠᠪᠤᠰᠤᠨ᠎ᠤ ᠠᠭᠤᠯᠤᠭᠳᠠᠴᠠ ᠵᠢ ᠳᠤᠮᠳᠠᠴᠢ᠎ᠪᠠᠷ 3 . 5 %᠎ᠪᠠᠷ ᠪᠠᠭᠤᠷᠠᠭᠤᠯᠵᠤ᠂ ᠲᠥᠬᠥᠭᠡᠷᠦᠮᠵᠢ ᠵᠢᠨ ᠦᠷᠭᠦᠯᠵᠢᠯᠡᠨ ᠳᠠᠷᠢᠬᠤ ᠬᠥᠷᠥᠰᠥ ᠰᠢᠷᠣᠶ ᠵᠢᠨ ᠮᠠᠭᠤᠳᠠᠯ᠎ᠢ ᠪᠦᠲᠦᠮᠵᠢᠲᠡᠶ ᠨᠠᠮᠳᠠᠭᠤᠯᠵᠤ᠂ ᠲᠤᠬᠠᠶ ᠵᠢᠨ ᠭᠠᠵᠠᠷ᠎ᠤᠨ ᠲᠦᠬᠦᠭᠡᠷᠤᠮᠵᠢᠳᠤ ᠲᠠᠷᠢᠶᠠᠯᠠᠩ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠪᠠ ᠃
ᠣᠢ᠌ᠷ᠎ᠠ ᠵᠢᠨ ᠵᠢᠯ᠎ᠳᠤ᠂ ᠤᠯᠠᠭ᠋ᠠᠨᠬᠠᠳᠠ ᠬᠣᠲᠠ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ 《4 + 8 + N》 ᠬᠠᠮᠲᠤᠷᠠᠯᠴᠠᠭ᠋ᠠᠨ᠎ᠤ ᠭᠣᠤᠯ ᠴᠣᠭᠴᠠ᠎ᠯᠤᠭ᠎ᠠ ᠵᠢᠨ ᠬᠠᠮᠵᠢᠯᠴᠠᠨ ᠰᠢᠨ᠎ᠡ ᠵᠢ ᠡᠭᠦᠳᠬᠦ ᠵᠢ ᠢᠳᠡᠪᠬᠢᠲᠡᠶ ᠥᠷᠨᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠶᠡᠬᠡ ᠳᠡᠭᠡᠳᠦ ᠰᠤᠷᠭ᠋ᠠᠭᠤᠯᠢ ᠵᠢᠨ ᠡᠬᠢ ᠡᠭᠦᠰᠦᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠴᠢᠳᠠᠪᠤᠷᠢᠲᠠᠨ᠎ᠤ ᠣᠶᠤᠨ᠎ᠤ ᠲᠤᠯᠭ᠋ᠠᠭᠤᠷᠢᠯᠠᠯ᠎ᠤᠨ ᠳᠠᠪᠠᠭᠤᠯᠢᠭ᠎ᠢ ᠪᠦᠲᠦᠮᠵᠢᠲᠡᠶ ᠪᠠᠳᠠᠷᠠᠭᠤᠯᠵᠤ᠂ ᠤᠯᠠᠭ᠋ᠠᠨᠬᠠᠳᠠ ᠬᠣᠲᠠ ᠵᠢᠨ ᠪᠡᠯᠡᠳᠬᠡᠮᠵᠢᠲᠦ ᠢᠳᠡᠰᠢᠨ ᠨᠣᠭᠣᠭ᠎ᠠ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ ᠃