ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠡᠷᠬᠢᠨ ᠬᠦᠴᠦᠯᠡᠬᠦ ᠪᠣᠶ
ᠨᠡᠶ᠋ᠢᠲᠡᠯᠡᠭᠰᠡᠨ ᠴᠠᠭ᠄ 2022-12-31


    ᠲᠤᠰᠬᠠᠶ ᠮᠡᠷᠭᠡᠵᠢᠯᠲᠡᠳ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠯᠧᠮᠧᠨ᠋ᠲ  ᠎ᠤᠨ ᠲᠤᠬᠠᠶ ᠲᠠᠢ᠌ᠯᠤᠮᠵᠢ ᠬᠢᠪᠠ  ᠃12 ᠰᠠᠷ᠎ᠠ ᠵᠢᠨ 15᠎ᠤ ᠡᠳᠦᠷ 16᠎ᠤ ᠡᠳᠦᠷ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠵᠤ᠂ ᠣᠳᠣᠬᠠᠨ᠎ᠤ ᠠᠵᠤ ᠠᠬᠤᠶ ᠵᠢᠨ ᠪᠠᠢ᠌ᠳᠠᠯ᠎ᠢ ᠵᠠᠳᠠᠯᠤᠭᠰᠠᠨ ᠪᠥᠭᠡᠳ 2023 ᠣᠨ᠎ᠤ ᠠᠵᠤ ᠠᠬᠤᠶ ᠵᠢᠨ ᠠᠵᠢᠯ᠎ᠳᠤ ᠪᠠᠢ᠌ᠷᠢᠯᠠᠭᠤᠯᠤᠯᠲᠠ ᠬᠢᠪᠠ  ᠃
  《ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠬᠠᠶ ᠱᠠᠭ᠋ᠠᠷᠳᠠᠯᠭ᠎ᠠ ᠵᠢ ᠨᠢᠭᠡ ᠯᠡ ᠦᠭᠡ᠎ᠪᠠᠷ ᠬᠡᠯᠡᠪᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠨᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠶ  ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠤᠭᠴᠢ ᠳ᠋ᠢᠩ ᠮᠢᠩ ᠯᠸᠢ ᠬᠡᠯᠡᠬᠦ᠎ᠳᠡᠭᠡᠨ᠂ ᠪᠢᠳᠡ ᠤᠯᠤᠰ ᠣᠷᠣᠨ᠎ᠤ ᠬᠦᠴᠦᠷᠬᠡᠭᠵᠢᠨ ᠮᠠᠨᠳᠤᠭᠰᠠᠨ ᠲᠡᠦᠬᠡ ᠵᠢᠨ ᠯᠣᠭᠢᠭ᠂ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠪᠣᠳᠠᠲᠤ ᠯᠣᠭᠢᠭ᠂ ᠭᠠᠳᠠᠭ᠋ᠠᠳᠤ ᠬᠥᠭᠵᠢᠯᠲᠡ ᠵᠢᠨ ᠣᠷᠴᠢᠨ ᠨᠥᠬᠥᠴᠡᠯ᠎ᠤᠨ ᠭᠡᠳᠡᠷᠭᠦ ᠰᠢᠬᠠᠯᠲᠠ ᠵᠢᠨ ᠯᠣᠭᠢᠭ᠎ᠠᠴᠠ ᠡᠨᠡ ᠬᠦ᠌ ᠴᠢᠬᠤᠯᠠ ᠠᠭᠤᠯᠭ᠎ᠠ ᠵᠢ ᠣᠢ᠌ᠯᠠᠭ᠋ᠠᠬᠤ ᠴᠢᠬᠤᠯᠠᠲᠠᠶ ᠶᠤᠮ ᠭᠡᠵᠡᠶ  ᠃
      ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠯᠳᠤᠬᠤ ᠪᠣᠳᠣᠯᠭ᠎ᠠ ᠵᠢᠨ ᠵᠥᠪᠯᠡᠯᠭᠡ ᠥᠭᠬᠦ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠤᠭᠴᠢ ᠰᠢᠶᠤᠤ ᠶᠢᠦ ᠳ᠋ᠠᠨ 19᠎ᠤ ᠡᠳᠦᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ᠎ᠳᠡᠭᠡᠨ᠂ ᠡᠨᠡ ᠵᠢᠯ᠎ᠤᠨ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠨᠢ ᠬᠣᠷᠸ᠎ᠠ ᠠᠵᠤ ᠠᠬᠤᠶ ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠵᠠᠩᠭᠢᠯᠠᠭ᠎ᠠ ᠵᠢᠨ ᠪᠠᠢ᠌ᠷᠢ ᠰᠠᠭᠤᠷᠢ ᠵᠢ ᠨᠠᠩ ᠳᠣᠪᠣᠢ᠌ᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢ ᠦᠢᠯᠡᠴᠢᠯᠡᠭᠡᠨ᠎ᠤ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠬᠠᠷᠠᠯᠲᠠ ᠴᠢᠭᠯᠡᠯ᠎ᠢ ᠨᠠᠩ ᠲᠣᠳᠣᠷᠬᠠᠶ ᠪᠣᠯᠭ᠋ᠠᠬᠤ ᠵᠢᠨ ᠬᠠᠮᠲᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠬᠢᠭᠡᠳ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ᠂ ᠵᠣᠭᠣᠰᠣᠨ᠎ᠤ ᠲᠥᠷᠥ ᠵᠢᠨ ᠪᠣᠳᠣᠯᠭ᠎ᠠ᠂ ᠠᠵᠤ ᠦᠢᠯᠡᠰ᠎ᠤᠨ ᠲᠥᠷᠥ ᠵᠢᠨ ᠪᠣᠳᠣᠯᠭ᠎ᠠ᠂ ᠨᠡᠢ᠌ᠭᠡᠮ᠎ᠤᠨ ᠲᠥᠷᠥ ᠵᠢᠨ ᠪᠣᠳᠣᠯᠭ᠎ᠠ ᠵᠡᠷᠭᠡ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠬᠠᠮᠲᠤ᠎ᠪᠠᠷ ᠬᠦᠴᠦᠯᠡᠨ᠎ᠡ ᠭᠡᠵᠡᠶ  ᠃
  《ᠨᠢᠳᠤᠨᠤᠨ᠎ᠤ 〈ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠯᠠᠪᠳᠠᠭᠤᠨ ᠪᠠᠲᠤᠲᠠᠶ ᠨᠠᠢ᠌ᠳᠠᠪᠤᠷᠢᠵᠢᠭᠤᠯᠬᠤ ᠬᠡᠷᠡᠭᠲᠡᠶ〉 ᠭᠡᠵᠦ ᠴᠢᠬᠤᠯᠠᠴᠢᠯᠠᠭᠰᠠᠨ᠎ᠤ ᠭᠣᠤᠯᠳᠠᠯᠭ᠎ᠠ᠎ᠨᠢ ᠲᠦᠷᠢᠮ᠎ᠢ ᠬᠡᠷᠡᠭᠵᠢᠭᠦᠯᠬᠦ᠎ᠲᠠᠢ ᠠᠳᠠᠯᠢ ᠥᠬᠡᠶ ᠪᠠᠢ᠌ᠳᠠᠭ᠂ ᠡᠨᠡ ᠵᠢᠯ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠰᠠᠨᠠᠭ᠋ᠠᠴᠢᠯᠠᠭ᠋ᠠᠲᠤ ᠪᠠᠢ᠌ᠷᠢᠯᠠᠭᠤᠯᠤᠯᠲᠠ᠎ᠪᠠᠨ ᠴᠢᠩᠭ᠋ᠠᠳᠬᠠᠵᠤ᠂ ᠢᠳᠡᠪᠬᠢᠲᠡᠶ ᠲᠣᠬᠢᠷᠠᠭᠤᠯᠤᠯ ᠡᠵᠡᠮᠳᠡᠯ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠪᠠᠷ ᠭᠠᠷᠳᠠᠴᠠ ᠪᠣᠯᠭ᠋ᠠᠨ ᠰᠢᠨ᠎ᠡ ᠪᠠᠢ᠌ᠳᠠᠯ᠎ᠢ ᠨᠡᠭᠡᠭᠡᠬᠦ ᠵᠢ ᠳᠣᠪᠣᠢ᠌ᠯᠭ᠋ᠠᠭᠰᠠᠨ ᠪᠠᠢ᠌ᠨ᠎ᠠ  ᠃ ᠰᠢᠶᠤᠤ ᠶᠢᠦ ᠳ᠋ᠠᠨ ᠬᠡᠯᠡᠪᠡ  ᠃
   《ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ》᠎ᠨᠢ ᠶᠠᠮᠠᠷ ᠪᠠᠷᠢᠮᠵᠢᠶ᠎ᠠ᠎ᠲᠠᠢ ᠪᠣᠶ  ᠃ᠡᠭᠦᠨ᠎ᠠᠴᠠ ᠡᠮᠦᠨ᠎ᠡ᠂ ᠮᠠᠨ᠎ᠤ ᠤᠯᠤᠰ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠪᠡᠶᠡᠯᠡᠭᠦᠯᠬᠦ ᠵᠢ ᠴᠢᠬᠤᠯᠠᠴᠢᠯᠠᠵᠤ ᠪᠠᠢ᠌ᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠨᠢ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ᠎ᠳᠤ ᠶᠠᠮᠠᠷ ᠪᠠᠷᠢᠮᠵᠢᠶ᠎ᠠ ᠪᠠᠢ᠌ᠬᠤ ᠵᠢ ᠬᠡᠷᠬᠢᠨ ᠣᠢ᠌ᠯᠠᠭ᠋ᠠᠬᠤ ᠪᠣᠶ?
      ᠳ᠋ᠢᠩ ᠮᠢᠩ ᠯᠸᠢ ᠵᠢᠨ ᠦᠵᠡᠬᠦ᠎ᠪᠠᠷ᠂ ᠰᠢᠨ᠎ᠡ ᠬᠥᠭᠵᠢᠯᠲᠡ ᠵᠢᠨ ᠪᠠᠢ᠌ᠷᠢᠰᠢᠯ ᠳᠣᠤᠷᠠᠬᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠎ᠳᠤ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠢ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠳᠡᠢ᠌ᠯᠬᠦ᠂ ᠬᠦᠴᠦᠷᠬᠡᠭ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠩᠬᠠᠨ᠎ᠤ ᠡᠭᠦᠳᠦᠯᠲᠡ ᠵᠢᠨ ᠴᠢᠳᠠᠪᠤᠷᠢ᠎ᠲᠠᠢ ᠪᠠᠢ᠌ᠬᠤ᠂ ᠴᠢᠬᠤᠯᠠ ᠶᠡᠬᠡ ᠠᠩᠬᠠᠨ᠎ᠤ ᠡᠭᠦᠳᠦᠯᠲᠡ ᠵᠢᠨ ᠰᠢᠨᠵᠢᠯᠡᠬᠦ ᠤᠬᠠᠭ᠋ᠠᠨ᠎ᠤ ᠦᠵᠡᠯ ᠰᠠᠨᠠᠭ᠎ᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠭᠠᠷᠭ᠋ᠠᠵᠤ ᠳᠡᠢ᠌ᠯᠬᠦ᠂ ᠰᠢᠨ᠎ᠡ ᠵᠢ ᠡᠭᠦᠳᠬᠦ ᠰᠢᠯᠢᠳᠡᠭ ᠬᠦᠴᠦᠨ ᠵᠦᠢᠯ ᠳᠡᠭᠡᠳᠦ ᠬᠡᠮᠵᠢᠶ᠎ᠡ᠎ᠪᠠᠷ ᠲᠥᠪᠯᠡᠷᠡᠵᠦ ᠪᠠᠢ᠌ᠬᠤ᠂ ᠰᠢᠨ᠎ᠡ ᠵᠢ ᠡᠭᠦᠳᠬᠦ ᠴᠢᠳᠠᠪᠤᠷᠢᠲᠠᠨ ᠲᠠᠰᠤᠷᠠᠯᠲᠠ ᠥᠬᠡᠶ ᠴᠣᠯᠭᠣᠷᠠᠨ ᠭᠠᠷᠴᠤ ᠪᠠᠢ᠌ᠬᠤ᠂ ᠨᠡᠢ᠌ᠭᠡᠮ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠪᠠᠢ᠌ᠬᠤ᠎ᠪᠠᠷ ᠪᠡᠯᠭᠡ ᠲᠡᠮᠳᠡᠭ ᠪᠣᠯᠭ᠋ᠠᠵᠤ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠪᠠ ᠨᠠᠩ ᠶᠡᠬᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠵᠢᠨ ᠭᠠᠳᠠᠭ᠋ᠠᠳᠤ ᠨᠡᠭᠡᠭᠡᠯᠲᠡ ᠵᠢᠨ ᠬᠠᠮᠲᠤᠷᠠᠯᠴᠠᠭ᠎ᠠ ᠵᠢ ᠬᠡᠷᠡᠭᠵᠢᠭᠦᠯᠬᠦ ᠬᠤᠪᠢᠰᠤᠩᠭᠤᠶ ᠨᠢᠭᠡᠳᠦᠯ᠎ᠢ ᠪᠠᠷᠢᠮᠲᠠᠯᠠᠬᠤ᠎ᠪᠠᠷ ᠣᠨᠴᠠᠯᠢᠭ ᠪᠣᠯᠭ᠋ᠠᠬᠤ ᠬᠡᠷᠡᠭᠲᠡᠶ  ᠃
   《ᠣᠳᠣᠬᠠᠨ᠎ᠳᠤ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ᠎ᠨᠢ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠪᠠᠢ᠌ᠯᠳᠤᠬᠤ ᠪᠤᠳᠤᠯᠭ᠎ᠠ ᠵᠢᠨ ᠬᠡᠷᠡᠭᠴᠡᠭᠡ᠎ᠳᠤ ᠦᠢ᠍ᠯᠡᠴᠢᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠰᠠᠭᠤᠷᠢ ᠴᠢᠨᠠᠷ ᠪᠠ ᠪᠡᠶ᠎ᠡ᠎ᠪᠠᠨ ᠳᠠᠭ᠋ᠠᠭ᠋ᠠᠬᠤ ᠴᠢᠨᠠᠷ᠎ᠢ ᠴᠢᠩᠭ᠋ᠠᠳᠬᠠᠬᠤ ᠬᠡᠷᠡᠭᠲᠡᠢ  ᠃ ᠳ᠋ᠢᠩ ᠮᠢᠩ ᠯᠸᠢ ᠲᠠᠢ᠌ᠯᠪᠤᠷᠢᠯᠠᠬᠤ᠎ᠳᠠᠭᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠨᠢ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠡᠭ᠎ᠠᠴᠠ ᠱᠤᠭᠤᠮ᠎ᠳᠤ ᠬᠦᠷᠲᠡᠯ᠎ᠡ ᠪᠥᠬᠥ ᠲᠠᠯ᠎ᠠ᠎ᠳᠤ ᠬᠦᠷᠲᠡᠯ᠎ᠡ ᠭᠣᠤᠯᠳᠠᠯᠭ᠎ᠠ᠎ᠲᠠᠢ ᠪᠠᠢ᠌ᠷᠢᠰᠢᠭᠤᠯᠵᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ ᠪᠣᠯᠭ᠋ᠠᠨ ᠲᠠᠰ ᠳᠠᠷᠠᠭ᠋ᠠᠯᠠᠨ ᠰᠢᠨ᠎ᠡ ᠵᠢ ᠡᠭᠦᠳᠬᠦ ᠪᠥᠬᠥ ᠬᠡᠯᠬᠢᠶ᠎ᠡ ᠰᠤᠷᠭ᠋ᠠᠨ ᠬᠥᠮᠦᠵᠢᠯ ᠪᠠ ᠴᠢᠳᠠᠪᠤᠷᠢᠲᠠᠨ ᠪᠣᠯᠬᠤ ᠵᠢᠨ ᠤᠯᠠᠮ᠎ᠠᠴᠠ ᠴᠢᠳᠠᠪᠤᠷᠢᠲᠠᠨ ᠬᠦᠴᠦᠷᠬᠡᠭ᠂ ᠰᠢᠨᠵᠢᠯᠡᠬᠦ ᠤᠬᠠᠭ᠋ᠠᠨ ᠮᠡᠷᠭᠡᠵᠢᠯ ᠬᠦᠴᠦᠷᠬᠡᠭ ᠪᠠᠢ᠌ᠭᠰᠠᠨ᠎ᠠᠴᠠ ᠠᠵᠤ ᠦᠢᠯᠡᠰ ᠬᠦᠴᠦᠷᠬᠡᠭ᠂ ᠠᠵᠤ ᠠᠬᠤᠶ ᠬᠦᠴᠦᠷᠬᠡᠭ᠂ ᠤᠯᠤᠰ ᠣᠷᠣᠨ ᠬᠦᠴᠦᠷᠬᠡᠭ ᠪᠣᠯᠬᠤ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠶ ᠭᠡᠵᠡᠶ  ᠃
   《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠭᠤᠷᠪᠠᠨ ᠨᠢᠭᠡᠳᠦᠯᠲᠡᠶ ᠲᠥᠯᠥᠪᠵᠢᠭᠦᠯᠭᠡ ᠵᠢ ᠨᠠᠩ ᠴᠢᠬᠤᠯᠠᠴᠢᠯᠠᠨ᠎ᠠ》
      ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠬᠠᠢ ᠰᠢᠨ᠎ᠡ ᠳᠤᠷᠠᠳᠤᠯᠭ᠎ᠠ ᠰᠢᠨ᠎ᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠰᠢᠶᠤᠤ ᠶᠢᠦ ᠳ᠋ᠠᠨ ᠲᠡᠭᠦᠨ᠎ᠢ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠣᠨᠴᠠᠭ᠋ᠠᠢ᠌ᠯᠠᠨ ᠴᠢᠬᠤᠯᠠᠴᠢᠯᠠᠭᠰᠠᠨ ᠭᠤᠷᠪᠠᠨ ᠨᠢᠭᠡᠳᠦᠯᠲᠡᠢ ᠲᠥᠯᠥᠪᠵᠢᠭᠦᠯᠬᠦ ᠱᠠᠭ᠋ᠠᠷᠳᠠᠯᠭ᠎ᠠ ᠪᠣᠯᠤᠨ᠎ᠠ᠂ ᠲᠡᠭᠦᠨ᠎ᠤ ᠮᠥᠨ ᠴᠢᠨᠠᠷ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠳᠤᠮᠳᠠ ᠠᠳᠠᠯᠢ ᠪᠤᠰᠤ ᠲᠦᠷᠦ ᠵᠢᠨ ᠪᠤᠳᠤᠯᠭ᠎ᠠ ᠵᠢᠨ ᠡᠯᠧᠮᠧᠨ᠋ᠲ᠂ ᠦᠢ᠍ᠯᠡᠳᠦᠯ᠎ᠤᠨ ᠲᠣᠭᠲᠠᠴᠠ ᠪᠣᠯᠤᠨ ᠲᠦᠷᠦ ᠵᠢᠨ ᠪᠤᠳᠤᠯᠭ᠎ᠠ ᠵᠢᠨ ᠪᠠᠭ᠋ᠠᠵᠢ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠳᠤ ᠪᠠᠢ᠌ᠨ᠎ᠠ  ᠃ ᠡᠨᠡ ᠭᠤᠷᠪᠠᠨ ᠨᠢᠭᠡᠳᠦᠯᠲᠡᠶ ᠲᠥᠯᠥᠪᠵᠢᠭᠦᠯᠭᠡ᠎ᠨᠢ ᠲᠣᠰ ᠲᠣᠰ᠄ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠤ ᠠᠵᠢᠯ᠎ᠢ ᠨᠢᠭᠡᠳᠦᠯᠲᠡᠶ ᠲᠥᠯᠥᠪᠵᠢᠭᠦᠯᠬᠦ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠎ᠤᠨ ᠦᠢᠯᠡᠳᠦᠯ᠎ᠢ ᠨᠢᠭᠡᠳᠦᠯᠲᠡᠶ ᠲᠥᠯᠥᠪᠵᠢᠭᠦᠯᠬᠦ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢᠨ ᠵᠠᠩᠭᠢᠯᠠᠭ᠎ᠠ ᠪᠣᠯᠭ᠋ᠠᠵᠤ᠂ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠬᠢᠭᠡᠳ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠨᠢᠭᠡᠳᠦᠯᠲᠡᠶ ᠲᠥᠯᠥᠪᠵᠢᠭᠦᠯᠬᠦ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠨ᠎ᠡ ᠭᠣᠤᠯᠳᠠᠯᠭ᠎ᠠ ᠪᠣᠯᠭ᠋ᠠᠨ᠎ᠠ  ᠃
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠢ ᠠᠩᠬ᠎ᠠ ᠤᠳᠠᠭ᠎ᠠ ᠨᠢᠭᠡᠳᠦᠯᠲᠡᠢ ᠲᠥᠯᠥᠪᠯᠡᠨ ᠪᠠᠢ᠌ᠷᠢᠯᠠᠭᠤᠯᠵᠤ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ ᠪᠣᠯ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠵᠢᠨ ᠰᠠᠭᠤᠷᠢᠯᠠᠬᠤ ᠴᠢᠨᠠᠷᠲᠠᠢ᠂ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠲᠦᠰᠢᠭ ᠲᠤᠯᠭ᠋ᠠᠭᠤᠷᠢ ᠮᠥᠨ ᠭᠡᠵᠦ ᠴᠢᠬᠤᠯᠠᠴᠢᠯᠠᠪᠠ  ᠃
    《ᠡᠨᠡ ᠤᠳᠠᠭ᠎ᠠ ᠵᠢᠨ ᠬᠤᠷᠠᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠳᠤᠷᠠᠳᠤᠭᠰᠠᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠨᠠᠭᠰᠢᠳᠠ ᠨᠠᠢ᠌ᠳᠠᠪᠤᠷᠢᠵᠢᠭᠤᠯᠤᠨ᠎ᠠ  ᠃ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠢ᠍ᠷᠦ ᠵᠢᠨ ᠪᠤᠳᠦᠯᠭ᠎ᠠ᠎ᠨᠢ ᠡᠷᠬᠡᠪᠰᠢ ᠰᠢᠨᠵᠢᠯᠡᠬᠦ ᠤᠬᠠᠭ᠋ᠠᠨ ᠮᠡᠷᠭᠡᠵᠢᠯ ᠪᠣᠯᠤᠨ ᠰᠤᠷᠭ᠋ᠠᠨ ᠬᠥᠮᠦᠵᠢᠯ᠎ᠢ ᠨᠢᠭᠲᠠ ᠤᠶᠠᠯᠳᠤᠭᠤᠯᠬᠤ ᠬᠡᠷᠡᠭᠲᠡᠢ ᠪᠥᠭᠡᠳ ᠪᠠᠰᠠ ᠨᠡᠡᠭ ᠶᠡᠬᠡ ᠤᠢ᠍ᠷᠢᠰᠦᠯᠳᠦᠬᠦ ᠬᠦᠴᠦᠨ᠎ᠲᠠᠢ ᠴᠢᠳᠠᠪᠤᠷᠢᠲᠠᠨ᠎ᠤ ᠲᠤᠢ᠍ᠷᠦ ᠵᠢᠨ ᠪᠤᠳᠦᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ  ᠃ ᠳ᠋ᠢᠩ ᠮᠢᠩ ᠯᠸᠢ ᠵᠢᠨ ᠦᠵᠡᠬᠦ᠎ᠪᠠᠷ᠂ ᠣᠳᠣᠬᠠᠨ᠎ᠤ ᠪᠠᠴᠢᠮ ᠲᠤᠯᠭ᠋ᠠᠮ ᠡᠭᠦᠷᠭᠡ ᠪᠣᠯ ᠰᠤᠷᠭ᠋ᠠᠨ ᠬᠥᠮᠦᠵᠢᠯ ᠪᠠ ᠴᠢᠳᠠᠪᠤᠷᠢᠲᠠᠨ ᠬᠥᠮᠦᠵᠢᠭᠦᠯᠬᠦ ᠠᠷᠭ᠎ᠠ ᠮᠠᠶᠢᠭ᠎ᠢ ᠬᠤᠪᠢᠷᠠᠭᠤᠯᠬᠤ᠎ᠠᠴᠠ ᠭᠠᠷᠳᠠᠵᠤ᠂ ᠰᠢᠨ᠎ᠡ ᠵᠢ ᠡᠭᠦᠳᠬᠦ ᠰᠡᠳᠬᠢᠬᠦᠶ ᠵᠢ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠰᠠᠭᠤᠷᠢ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠳᠤ ᠲᠤᠭᠤᠰᠢᠯᠠᠭᠤᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠂ ᠠᠵᠤ ᠦᠢᠯᠡᠰ ᠪᠠ ᠰᠤᠷᠭ᠋ᠠᠨ ᠬᠥᠮᠦᠵᠢᠯ᠎ᠢ ᠤᠶᠠᠯᠳᠤᠭᠤᠯᠤᠨ ᠴᠢᠳᠠᠪᠤᠷᠢᠲᠠᠨ ᠬᠥᠮᠦᠵᠢᠭᠦᠯᠬᠦ ᠵᠢᠨ ᠬᠠᠮᠲᠤ ᠴᠢᠳᠠᠪᠤᠷᠢᠲᠠᠨ᠎ᠤ ᠲᠦᠷᠢᠮ᠎ᠤᠨ ᠨᠠᠩ ᠰᠠᠢ᠌ᠨ ᠳᠠᠪᠠᠭᠤᠯᠢᠭ᠎ᠢ ᠪᠣᠶ ᠪᠣᠯᠭ᠋ᠠᠵᠤ᠂ ᠳᠡᠯᠡᠬᠡᠶ ᠵᠢᠨ ᠬᠡᠪᠴᠢᠶᠡᠨ᠎ᠳᠤ ᠣᠷᠣᠢ᠌ᠯᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠲᠡᠳᠡᠨ ᠠᠪᠴᠢᠷᠠᠵᠤ ᠴᠤᠭᠯᠠᠷᠠᠭᠤᠯᠬᠤ ᠶᠠᠪᠤᠳᠠᠯ ᠪᠣᠯᠤᠨ᠎ᠠ  ᠃
      ᠡᠨᠡ ᠤᠳᠠᠭ᠎ᠠ ᠵᠢᠨ ᠬᠤᠷᠠᠯ᠎ᠳᠤ 《ᠨᠢᠭᠡ ᠪᠦᠯᠦᠭ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ ᠵᠦᠢ᠍ᠯ᠎ᠢ ᠪᠠᠢ᠌ᠷᠢᠯᠠᠭᠤᠯᠤᠨ ᠬᠡᠷᠡᠭᠵᠢᠭᠦᠯᠦᠨ᠎ᠡ》 ᠭᠡᠵᠦ ᠣᠨᠴᠠᠭ᠋ᠠᠢ᠌ᠯᠠᠨ ᠳᠤᠷᠠᠳᠴᠠᠢ  ᠃ ᠳ᠋ᠢᠩ ᠮᠢᠩ ᠯᠸᠢ ᠬᠡᠯᠡᠬᠦ᠎ᠳᠡᠭᠡᠨ᠂ ᠨᠢᠭᠡ ᠪᠦᠯᠦᠭ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠦᠢᠯᠡᠰ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ 《ᠪᠣᠭᠣᠮᠢ》 ᠵᠢᠨ ᠮᠡᠷᠭᠡᠵᠢᠯ᠎ᠳᠤ ᠰᠢᠪᠲᠤᠯᠤᠯᠲᠠ ᠭᠠᠷᠭ᠋ᠠᠵᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠢ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠬᠤ ᠵᠢ ᠪᠡᠶᠡᠯᠡᠭᠦᠯᠦᠨ᠎ᠡ ᠭᠡᠵᠡᠶ  ᠃
    《ᠡᠨᠡ ᠪᠣᠯ ᠡᠭᠦᠨ᠎ᠠᠴᠠ ᠡᠮᠦᠨᠡᠬᠢ ᠮᠠᠨ᠎ᠤ ᠤᠯᠤᠰ᠎ᠤᠨ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠵᠢᠭᠦᠯᠭᠡ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠵᠤ ᠪᠠᠢ᠌ᠭ᠎ᠠ ᠶᠠᠪᠤᠳᠠᠯ ᠮᠥᠨ  ᠃ ᠰᠢᠶᠤᠤ ᠶᠢᠦ ᠳ᠋ᠠᠨ ᠲᠠᠨᠢᠯᠴᠠᠭᠤᠯᠬᠤ᠎ᠳᠠᠭᠠᠨ᠂ ᠡᠭᠦᠨ᠎ᠠᠴᠠ ᠡᠮᠦᠨ᠎ᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》᠎ᠳᠤ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠮᠡᠳᠡᠭᠡ ᠵᠠᠩᠭᠢ᠂ ᠬᠤᠷᠠᠮᠠᠯ ᠴᠠᠬᠢᠯᠭ᠋ᠠᠨ ᠬᠡᠯᠬᠢᠶ᠎ᠡ᠂ ᠠᠮᠢ ᠨᠠᠰᠤᠨ᠎ᠤ ᠡᠷᠡᠭᠦᠯ ᠮᠡᠨᠳᠦ᠂ ᠲᠠᠷᠢᠬᠢᠨ᠎ᠤ ᠰᠢᠨᠵᠢᠯᠡᠬᠦ ᠤᠬᠠᠭ᠋ᠠᠨ᠂ ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ᠂ ᠠᠭ᠋ᠠᠷ ᠰᠠᠨᠰᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠭᠦᠨ ᠲᠡᠯᠡᠶ ᠭᠦᠨ ᠲᠡᠯᠡᠶ ᠵᠡᠷᠭᠡ ᠬᠣᠰᠢᠭᠤᠷᠠᠯ ᠬᠦᠷᠢᠶᠡᠨ᠎ᠳᠤ ᠴᠢᠭᠯᠡᠭᠦᠯᠦᠨ᠂ ᠨᠢᠭᠡ ᠪᠦᠯᠦᠭ ᠤᠷᠢᠳᠠᠴᠢ ᠴᠢᠨᠠᠷᠲᠠᠶ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭ᠋ᠠᠪᠠ  ᠃
      ᠠᠩᠬᠠᠷᠤᠭᠤᠰᠢᠲᠠᠶ᠎ᠨᠢ᠂ ᠪᠠᠢ᠌ᠭᠤᠯᠤᠮᠵᠢ ᠲᠣᠭᠲᠠᠴᠠ ᠵᠢᠨ ᠲᠠᠯ᠎ᠠ᠎ᠪᠠᠷ᠂ ᠲᠣᠰ ᠤᠳᠠᠭ᠎ᠠ ᠵᠢᠨ ᠬᠤᠷᠠᠯ᠎ᠳᠤ ᠪᠠᠰᠠ᠄ ᠰᠢᠨ᠎ᠡ ᠬᠡᠯᠪᠡᠷᠢ ᠵᠢᠨ ᠤᠯᠤᠰ ᠳᠠᠶᠠᠭ᠋ᠠᠷ᠎ᠤᠨ ᠪᠠᠢ᠌ᠭᠤᠯᠤᠮᠵᠢ ᠵᠢ ᠲᠡᠭᠦᠯᠳᠡᠷᠵᠢᠭᠦᠯᠵᠦ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠳᠤᠮᠳᠠᠬᠢ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠬᠤ ᠦᠢᠯᠡᠳᠦᠯ᠎ᠢ ᠰᠠᠢ᠌ᠲᠤᠷ ᠪᠠᠳᠠᠷᠠᠭᠤᠯᠵᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠳᠣᠪᠣᠢ᠌ᠯᠭ᠋ᠠᠬᠤ ᠬᠡᠷᠡᠭᠲᠡᠶ  ᠃
    《ᠡᠨᠡ᠎ᠨᠢ ᠪᠢᠳᠠ ᠰᠢᠨ᠎ᠡ ᠬᠡᠯᠪᠡᠷᠢ ᠵᠢᠨ ᠪᠦᠬᠦ ᠤᠯᠤᠰ᠎ᠤᠨ ᠪᠠᠢ᠌ᠭᠤᠯᠤᠮᠵᠢ ᠵᠢ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠦᠬᠦ ᠬᠡᠯᠬᠢᠢ᠎ᠡ ᠵᠢ ᠲᠠᠬᠢᠨ ᠴᠣᠭᠴᠠᠯᠠᠬᠤ ᠵᠢ ᠬᠠᠷᠠᠭᠤᠯᠵᠤ ᠪᠠᠢ᠌ᠨ᠎ᠠ  ᠃ ᠳ᠋ᠢᠩ ᠮᠢᠩ ᠯᠸᠢ ᠵᠢᠭ᠋ᠠᠵᠤ ᠭᠠᠷᠭ᠋ᠠᠭᠰᠠᠨ᠎ᠨᠢ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢ᠌ᠭᠡᠮ᠎ᠤᠨ ᠬᠦᠴᠦᠨ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠶ ᠲᠥᠯᠥᠪᠯᠡᠨ᠂ ᠬᠦᠴᠦᠨ ᠵᠶ᠋ᠡᠨ ᠲᠥᠪᠯᠡᠷᠡᠭᠦᠯᠵᠦ᠂ ᠲᠣᠭᠲᠠᠴᠠ ᠵᠢ ᠰᠢᠯᠢᠳᠡᠭᠵᠢᠭᠦᠯᠦᠨ᠂ ᠬᠠᠮᠵᠢᠯᠴᠠᠨ ᠪᠡᠷᠬᠡ ᠰᠡᠳᠦᠪ᠎ᠢ ᠰᠢᠢᠳᠪᠦᠷᠢᠯᠡᠵᠦ᠂ ᠪᠦᠲᠦᠮᠵᠢᠲᠡᠶ ᠵᠠᠬ᠎ᠠ ᠳᠡᠯᠭᠡᠭᠦᠷ ᠪᠠ ᠪᠦᠲᠦᠮᠵᠢᠲᠡᠶ ᠵᠠᠰᠠᠭ᠎ᠤᠨ ᠣᠷᠳᠣᠨ᠎ᠤ ᠨᠠᠩ ᠰᠠᠢ᠌ᠨ ᠤᠶᠠᠯᠳᠤᠯ᠎ᠢ ᠳᠥᠯᠭᠢᠨ ᠠᠬᠢᠭᠤᠯᠵᠤ᠂ ᠰᠢᠰᠲ᠋ᠧᠮᠵᠢᠭᠦᠯᠬᠦ ᠴᠢᠳᠠᠪᠤᠷᠢ ᠪᠠ ᠭᠣᠤᠯᠳᠠᠯᠭ᠎ᠠ᠎ᠲᠠᠢ ᠰᠢᠪᠲᠤᠯᠬᠤ ᠴᠢᠳᠠᠪᠤᠷᠢ ᠵᠢ ᠳᠡᠭᠡᠭᠰᠢᠯᠡᠭᠦᠯᠦᠨ᠂ ᠥᠨᠳᠥᠷ ᠪᠦᠲᠦᠮᠵᠢᠲᠡᠶ᠂ ᠬᠠᠮᠵᠢᠯᠴᠠᠭᠰᠠᠨ᠂ ᠨᠡᠭᠡᠭᠡᠯᠲᠡ᠎ᠲᠠᠢ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ  ᠃
    《ᠵᠠᠰᠠᠭ᠎ᠤᠨ ᠣᠷᠳᠣᠨ᠎ᠳᠤ ᠠᠪᠴᠤ ᠬᠡᠯᠡᠪᠡᠯ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠳᠤᠮᠳᠠᠬᠢ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠵᠣᠬᠢᠶᠠᠨ ᠪᠠᠢ᠌ᠭᠤᠯᠤᠯᠲᠠ᠎ᠲᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠴᠢᠩᠭ᠋ᠠᠳᠬᠠᠵᠤ᠂ ᠬᠠᠮᠵᠢᠯᠴᠠᠨ ᠪᠣᠭᠣᠮᠲᠠ ᠰᠢᠪᠲᠤᠯᠬᠤ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠵᠤ᠂ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠪᠠᠢ᠌ᠭᠤᠯᠤᠮᠵᠢᠵᠢᠬᠤ᠂ ᠰᠢᠰᠲ᠋ᠧᠮᠵᠢᠬᠦ᠂ ᠬᠠᠮᠵᠢᠯᠴᠠᠬᠤ ᠴᠢᠭᠯᠡᠯ ᠲᠡᠢ᠌ᠰᠢ ᠬᠥᠭᠵᠢᠬᠦ ᠬᠡᠷᠡᠭᠲᠡᠢ  ᠃ ᠳ᠋ᠢᠩ ᠮᠢᠩ ᠯᠸᠢ ᠢᠯᠡᠷᠬᠡᠢ᠌ᠯᠡᠬᠦ᠎ᠳᠡᠭᠡᠨ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠲᠠᠰᠤᠷᠠᠯᠲᠠ ᠥᠬᠡᠶ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠎ᠳᠤ ᠡᠷᠬᠡᠪᠰᠢ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠪᠣᠢ᠌ᠵᠢᠭᠤᠯᠤᠨ ᠳᠡᠭᠡᠭᠰᠢᠯᠡᠭᠦᠯᠬᠦ ᠡᠨᠡ ᠬᠦ᠌ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠥᠷᠢᠰᠥᠯᠳᠦᠭᠡᠨ᠎ᠤ ᠶᠠᠪᠤᠴᠠ᠎ᠳᠠᠬᠢ ᠵᠠᠬ᠎ᠠ ᠳᠡᠯᠭᠡᠭᠦᠷ᠎ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ᠎ᠢ ᠴᠢᠩᠭ᠋ᠠᠷᠠᠭᠤᠯᠵᠤ᠂ ᠥᠨᠳᠥᠷ ᠪᠦᠲᠦᠮᠵᠢᠲᠡᠶ ᠪᠥᠭᠡᠳ ᠬᠦᠴᠦᠷᠬᠡᠭ ᠶᠡᠬᠡ ᠨᠡᠢ᠌ᠲᠡᠯᠢᠭ ᠴᠢᠨᠠᠷᠲᠠᠶ ᠮᠡᠷᠭᠡᠵᠢᠯ᠎ᠤᠨ ᠬᠠᠩᠭ᠋ᠠᠯᠭ᠎ᠠ ᠵᠢᠨ ᠰᠢᠰᠲ᠋ᠧᠮ᠎ᠢ ᠬᠥᠭᠵᠢᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠥᠬᠥ ᠲᠠᠯ᠎ᠠ ᠵᠢᠨ ᠬᠡᠯᠬᠢᠶ᠎ᠡ ᠵᠢ ᠳᠡᠭᠡᠭᠰᠢᠯᠡᠭᠦᠯᠬᠦ ᠬᠡᠷᠡᠭᠲᠡᠶ  ᠃

ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠡᠳᠦᠷ᠎ᠤᠨ ᠰᠣᠨᠢᠨ᠄ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠡᠴᠡᠭ ᠵᠶ᠋ᠡᠷ ᠠᠵᠤ ᠦᠢᠯᠡᠰ᠎ᠤᠨ ᠦᠷ᠎ᠡ ᠵᠢᠮᠢᠰ ᠎ᠢ ᠰᠠᠭᠤᠯᠭ᠋ᠠᠪᠠ
ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ ᠬᠤᠷᠠᠯᠳᠤᠪᠠ
ᠤᠯᠠᠭ᠋ᠠᠨᠬᠠᠳᠠ ᠬᠣᠲᠠ ᠵᠢᠨ 3 ᠵᠦᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠲᠦᠪᠰᠢᠨ᠎ᠳᠤ ᠬᠥᠷᠪᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠨᠠᠩ ᠢᠯᠡᠭᠦᠦ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠨ᠎ᠠ
ᠤᠯᠠᠭ᠋ᠠᠨᠬᠠᠳᠠ ᠬᠣᠲᠠ᠄ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭ᠋ᠠᠨ᠎ᠠ
 
            
Baidu
map