12 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠠ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠬᠠᠮᠲᠤᠷᠠᠨ ᠡᠷᠭᠢᠯᠡᠭᠰᠡᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ᠎ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠬᠡᠯᠪᠡᠷᠢ᠎ᠪᠠᠷ ᠬᠤᠷᠠᠯᠳᠤᠭᠤᠯᠪᠠ ᠃
ᠣᠨ᠎ᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ᠂ ᠠᠮᠢ ᠠᠬᠤᠶ ᠵᠢᠨ ᠭᠧᠨ᠎ᠤ ᠪᠦᠯᠦᠭ᠎ᠤᠨ ᠤᠬᠠᠭ᠋ᠠᠨ᠎ᠤ ᠲᠤᠰᠬᠠᠶ ᠮᠡᠷᠭᠡᠵᠢᠯᠲᠡᠨ ᠺᠠᠩ ᠯᠸ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ᠂ ᠮᠠᠰᠢᠨ ᠲᠡᠷᠭᠡᠨ᠎ᠤ ᠬᠥᠳᠡᠯᠭᠡᠬᠦ ᠬᠦᠴᠦᠨ᠎ᠤ ᠰᠢᠰᠲ᠋ᠧᠮ᠎ᠤᠨ ᠲᠤᠰᠬᠠᠶ ᠮᠡᠷᠭᠡᠵᠢᠯᠲᠡᠨ ᠡᠸᠤ ᠶᠠᠩ ᠮᠢᠩ ᠭᠣᠤ᠂ ᠣᠷᠣᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠭᠠᠳᠠᠭ᠋ᠠᠳᠤ ᠵᠢᠨ ᠠᠺᠠᠳᠧᠮᠢᠴᠢ᠂ ᠤᠯᠤᠰ᠎ᠤᠨ ᠨᠡᠢ᠌ᠲᠡ ᠵᠢᠨ ᠠᠰᠠᠷᠠᠮᠵᠢ ᠵᠢᠨ ᠴᠢᠨᠠᠷᠲᠠᠶ ᠠᠵᠢᠯ ᠲᠥᠷᠥᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠣᠬᠠᠶ ᠵᠢᠨ ᠬᠣᠰᠢᠭᠤ ᠵᠢᠨ ᠲᠤᠰᠬᠠᠶ ᠲᠥᠷᠥᠯ᠎ᠤᠨ ᠲᠦᠷᠦᠭᠦᠦ ᠲᠤᠰᠬᠠᠶ ᠮᠡᠷᠭᠡᠵᠢᠯᠲᠡᠨ ᠷᠧᠨ ᠴᠠᠩ ᠵᠥᠩ ᠵᠡᠷᠭᠡ 3 ᠠᠺᠠᠳᠧᠮᠢᠴᠢ ᠥᠪᠡᠷ᠎ᠤᠨ ᠲᠤᠰᠬᠠᠶ ᠮᠡᠷᠭᠡᠵᠢᠯ᠎ᠤᠨ ᠬᠦᠷᠢᠶ᠎ᠡ᠎ᠳᠡᠭᠡᠨ ᠰᠠᠭᠤᠷᠢᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠵᠶ᠋ᠡᠨ ᠬᠤᠪᠢᠶᠠᠯᠴᠠᠭᠰᠠᠨ ᠪᠥᠭᠡᠳ ᠥᠪᠥᠷ ᠮᠣᠩᠭᠣᠯ᠎ᠤᠨ ᠬᠥᠭᠵᠢᠯᠲᠡ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ ᠃
ᠲᠣᠰ ᠤᠳᠠᠭ᠋ᠠᠨ᠎ᠤ ᠣᠨ᠎ᠤ ᠬᠤᠷᠠᠯ᠎ᠨᠢ 《ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ》᠎ᠪᠠᠷ ᠭᠣᠤᠯ ᠰᠡᠳᠦᠪ ᠪᠣᠯᠭ᠋ᠠᠵᠤ᠂ ᠠᠭᠤᠯᠭ᠎ᠠ᠎ᠪᠠᠷ ᠪᠠᠶᠠᠯᠢᠭ᠂ ᠬᠡᠯᠪᠡᠷᠢ ᠮᠠᠶᠢᠭ ᠵᠶ᠋ᠠᠷ ᠣᠯᠠᠨ ᠶᠠᠩᠵᠤ ᠵᠢᠨ ᠠᠯᠢ ᠣᠯᠠᠨ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠰᠢᠨ᠎ᠡ ᠵᠢ ᠡᠭᠦᠳᠦᠨ ᠬᠥᠭᠵᠢᠭᠦᠯᠬᠦ᠎ᠳᠤ ᠠᠰᠢᠭᠲᠠᠶ ᠡᠷᠳᠡᠮ ᠰᠢᠨᠵᠢᠯᠡᠭᠡᠨ᠎ᠤ ᠰᠠᠢ᠌ᠨ ᠰᠠᠢ᠌ᠬᠠᠨ ᠣᠷᠴᠢᠨ ᠨᠥᠬᠥᠴᠡᠯ ᠪᠠ ᠨᠡᠢ᠌ᠭᠡᠮ᠎ᠤᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠣᠶ ᠪᠣᠯᠭ᠋ᠠᠵᠤ᠂ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ᠎ᠳᠤ ᠬᠦᠴᠦᠨ ᠨᠡᠮᠡᠷᠢᠯᠡᠵᠦ᠂ ᠤᠮᠠᠷᠠᠲᠤ ᠬᠢᠯᠢ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠪᠥᠲᠥᠭᠡᠨ ᠪᠠᠢ᠌ᠭᠤᠯᠬᠤ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ ᠃