ᠣᠢ᠌ᠷ᠎ᠠ᠎ᠳᠤ᠂ ᠪᠤᠭᠤᠲᠤ ᠵᠢᠨ ᠵᠧᠨ ᠰᠢᠶᠦ᠋ᠩ ᠵᠡᠰ᠎ᠤᠨ ᠦᠢᠯᠡᠰ᠎ᠤᠨ ᠬᠢᠵᠠᠭ᠋ᠠᠷᠲᠤ ᠺᠣᠮᠫᠠᠨᠢ᠎ᠠᠴᠠ ᠴᠢᠮᠡᠭᠡ ᠭᠠᠷᠴᠤ᠂ ᠲᠣᠰ ᠺᠣᠮᠫᠠᠨᠢ᠎ᠨᠢ ᠤᠯᠤᠰ᠎ᠤᠨ ᠳᠣᠲᠣᠭ᠋ᠠᠳᠤ ᠵᠢᠨ ᠨᠠᠷᠠᠲᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠠᠢ ᠬᠠᠮᠲᠤᠷᠠᠯᠴᠠᠭ᠎ᠠ ᠥᠷᠨᠢᠭᠦᠯᠵᠦ᠂ ᠪᠤᠭᠤᠲᠤ ᠵᠢᠨ ᠬᠣᠪᠣᠷ ᠰᠢᠷᠣᠶ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠠᠰᠢᠭᠯᠠᠨ᠂ 《ᠬᠡᠲᠦ ᠴᠡᠪᠡᠷ ᠬᠣᠪᠣᠷ ᠰᠢᠷᠣᠶ ᠵᠢᠨ ᠵᠡᠰ ᠵᠢᠴᠢ ᠵᠡᠰ᠎ᠤᠨ ᠬᠠᠢ᠌ᠯᠤᠰᠢ᠎ᠳᠠᠬᠢ ᠬᠡᠷᠡᠭᠯᠡᠭᠡᠨ᠎ᠤ ᠮᠡᠷᠭᠡᠵᠢᠯ᠎ᠤᠨ ᠲᠥᠷᠥᠯ ᠵᠦᠢᠯ》᠎ᠢ ᠥᠷᠨᠢᠭᠦᠯᠵᠦ᠂ ᠲᠥᠷᠥᠯ ᠵᠦᠢᠯ᠎ᠤᠨ ᠦᠢᠯᠡᠳᠬᠦᠨ᠎ᠨᠢ ᠶᠠᠫᠣᠨ᠎ᠤ 0 . 04 mm᠎ᠠᠴᠠ ᠳᠣᠷᠣᠭᠰᠢᠬᠢ ᠳᠡᠭᠡᠳᠦ ᠨᠠᠷᠢᠯᠢᠭ ᠵᠡᠰ᠎ᠤᠨ ᠬᠠᠢ᠌ᠯᠤᠰᠢ ᠵᠢᠨ ᠰᠠᠭᠤᠷᠢ ᠮᠠᠲ᠋ᠧᠷᠢᠶᠠᠯ ᠵᠶ᠋ᠠᠷ ᠪᠠᠷᠢᠮᠵᠢᠶ᠎ᠠ ᠪᠣᠯᠭ᠋ᠠᠵᠤ᠂ ᠲᠥᠷᠥᠯ ᠵᠦᠢᠯ᠎ᠤᠨ ᠬᠡᠷᠡᠭᠵᠢᠭᠦᠯᠦᠯᠲᠡ᠎ᠨᠢ ᠮᠠᠨ᠎ᠤ ᠤᠯᠤᠰ᠎ᠤᠨ ᠳᠡᠭᠡᠳᠦ ᠨᠠᠷᠢᠯᠢᠭ᠂ ᠳᠡᠭᠡᠳᠦ ᠬᠦᠴᠦᠯᠡᠴᠡ᠎ᠲᠠᠢ ᠵᠡᠰ᠎ᠤᠨ ᠬᠠᠢ᠌ᠯᠤᠰᠢ ᠵᠢᠨ ᠰᠠᠭᠤᠷᠢ ᠮᠠᠲ᠋ᠧᠷᠢᠶᠠᠯ᠎ᠢ ᠪᠦᠷᠢᠮᠦᠰᠦᠨ ᠭᠠᠳᠠᠭ᠋ᠠᠳᠤ᠎ᠠᠴᠠ ᠣᠷᠣᠭᠤᠯᠬᠤ᠎ᠳᠤ ᠲᠦᠰᠢᠭᠯᠡᠬᠦ ᠪᠠᠢ᠌ᠳᠠᠯ᠎ᠢ ᠡᠪᠳᠡᠬᠦ ᠪᠣᠯᠤᠨ᠎ᠠ ᠭᠡᠪᠡ ᠃
《ᠴᠠᠭ᠋ᠠᠨ ᠲᠤᠭᠤᠯᠭ᠎ᠠ᠎ᠪᠠᠷ ᠥᠩᠭᠡᠯᠡᠭᠰᠡᠨ ᠵᠡᠰ ᠱᠤᠭᠤᠮ᠎ᠤᠨ ᠬᠡᠷᠡᠭᠯᠡᠯᠲᠡ ᠵᠢᠨ ᠬᠦᠷᠢᠶ᠎ᠡ ᠴᠠᠷᠠᠭ᠎ᠠ ᠵᠢᠨ ᠲᠠᠰᠤᠷᠠᠯᠲᠠ ᠥᠬᠡᠶ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠴᠡᠷᠢᠭ᠎ᠤᠨ ᠠᠵᠤ ᠦᠢᠯᠡᠳᠪᠦᠷᠢ᠂ ᠡᠮ ᠡᠮᠨᠡᠯᠭᠡ᠂ ᠮᠠᠰᠢᠨ ᠬᠥᠮᠦᠨ᠂ ᠰᠢᠨ᠎ᠡ ᠡᠨᠧᠷᠭᠢ ᠵᠡᠷᠭᠡ ᠳᠡᠭᠡᠳᠦ ᠨᠠᠷᠢᠯᠢᠭ ᠦᠵᠦᠭᠦᠷᠯᠢᠭ ᠬᠦᠷᠢᠶ᠎ᠡ ᠴᠠᠷᠠᠭ᠎ᠠ ᠳᠠᠰᠢ ᠰᠢᠯᠵᠢᠬᠦ ᠵᠢ ᠳᠠᠭ᠋ᠠᠯᠳᠤᠨ᠂ ᠴᠠᠭ᠋ᠠᠨ ᠲᠤᠭᠤᠯᠭ᠎ᠠ᠎ᠪᠠᠷ ᠥᠩᠭᠡᠯᠡᠭᠰᠡᠨ ᠦᠢᠯᠡᠳᠬᠦᠨ᠎ᠤ ᠴᠡᠪᠡᠷᠴᠡ᠂ ᠱᠤᠭᠤᠮ᠂ ᠱᠤᠭᠤᠮ᠎ᠤᠨ ᠵᠥᠷᠢᠶ᠎ᠡ ᠬᠡᠮᠵᠢᠭᠳᠡᠯ᠂ ᠤᠲᠠᠰᠤᠯᠢᠭ ᠮᠠᠲ᠋ᠧᠷᠢᠶᠠᠯ᠎ᠤᠨ ᠴᠠᠬᠢᠯᠭ᠋ᠠᠨ ᠡᠰᠡᠷᠬᠦᠴᠡᠮᠵᠢ᠂ ᠥᠩᠭᠡᠯᠡᠭᠰᠡᠨ ᠳᠠᠪᠬᠤᠷᠭ᠎ᠠ ᠵᠢᠨ ᠵᠤᠵᠠᠭ᠋ᠠᠨ᠎ᠤ ᠬᠡᠮᠵᠢᠶ᠎ᠡ᠂ ᠥᠩᠭᠡᠯᠡᠭᠰᠡᠨ ᠳᠠᠪᠬᠤᠷᠭ᠎ᠠ ᠵᠢᠨ ᠬᠢᠮᠢ ᠵᠢᠨ ᠪᠦᠷᠢᠯᠳᠦᠬᠦᠨ᠎ᠤ ᠱᠠᠭ᠋ᠠᠷᠳᠠᠯᠭ᠎ᠠ ᠤᠯᠠᠮ᠎ᠠᠴᠠ ᠤᠯᠠᠮ ᠥᠨᠳᠥᠷ ᠪᠣᠯᠵᠠᠶ᠂ ᠡᠢ᠌ᠮᠦ᠎ᠠᠴᠠ ᠴᠠᠭ᠋ᠠᠨ ᠲᠤᠭᠤᠯᠭ᠎ᠠ᠎ᠪᠠᠷ ᠥᠩᠭᠡᠯᠡᠭᠰᠡᠨ ᠳᠡᠭᠡᠳᠦ ᠴᠡᠪᠡᠷᠴᠡ᠂ ᠳᠡᠭᠡᠳᠦ ᠨᠠᠷᠢᠯᠢᠭ ᠲᠣᠭᠣᠷᠢᠭ ᠵᠡᠰ ᠤᠲᠠᠰᠤ ᠦᠢᠯᠡᠳᠪᠦᠷᠢᠯᠡᠬᠦ ᠠᠵᠤ ᠠᠬᠤᠢ᠌ᠯᠠᠯ᠎ᠤᠨ ᠲᠦᠭᠦᠬᠡᠶ ᠮᠠᠲ᠋ᠧᠷᠢᠶᠠᠯ᠂ ᠦᠢᠯᠡᠳᠪᠦᠷᠢᠯᠡᠯ᠎ᠤᠨ ᠤᠷ᠎ᠠ ᠮᠡᠷᠭᠡᠰᠢᠯ᠂ ᠦᠢᠯᠡᠳᠪᠦᠷᠢᠯᠡᠯ᠎ᠤᠨ ᠲᠤᠰᠠᠯᠠᠬᠤ ᠡᠳ᠋᠂ ᠦᠢᠯᠡᠳᠪᠦᠷᠢᠯᠡᠯ᠎ᠤᠨ ᠲᠥᠬᠥᠭᠡᠷᠦᠮᠵᠢ ᠵᠡᠷᠭᠡ ᠨᠥᠬᠥᠴᠡᠯ᠎ᠤᠨ ᠱᠠᠭ᠋ᠠᠷᠳᠠᠯᠭ᠎ᠠ᠎ᠨᠢ ᠴᠦ᠍ ᠤᠯᠠᠮ᠎ᠠᠴᠠ ᠤᠯᠠᠮ ᠴᠢᠩᠭ᠎ᠠ ᠪᠣᠯᠵᠠᠶ ᠃ ᠪᠤᠭᠤᠲᠤ ᠵᠢᠨ ᠵᠧᠨ ᠰᠢᠶᠦ᠋ᠩ ᠵᠡᠰ᠎ᠤᠨ ᠦᠢ᠍ᠯᠡᠰ᠎ᠤᠨ ᠶᠡᠷᠦᠩᠬᠡᠢ ᠳᠠᠭ᠋ᠠᠭ᠋ᠠᠮᠠᠯ ᠳ᠋ᠦᠩ ᠳ᠋ᠸ ᠹᠦ᠋ ᠬᠡᠯᠡᠪᠡ ᠃
ᠪᠤᠭᠤᠲᠤ ᠵᠢᠨ ᠵᠧᠨ ᠰᠢᠶᠦ᠋ᠩ ᠵᠡᠰ᠎ᠤᠨ ᠦᠢᠯᠡᠰ᠎ᠤᠨ ᠬᠢᠵᠠᠭ᠋ᠠᠷᠲᠤ ᠺᠣᠮᠫᠠᠨᠢ 2015 ᠣᠨ᠎ᠤ 6 ᠰᠠᠷ᠎ᠠ᠎ᠳᠤ ᠪᠤᠭᠤᠲᠤ ᠵᠢᠨ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠳᠠᠩᠰᠠᠯᠠᠭᠤᠯᠤᠨ ᠪᠠᠢ᠌ᠭᠤᠯᠤᠭᠳᠠᠵᠤ᠂ ᠭᠣᠤᠯᠳᠠᠭᠤ ᠥᠨᠳᠥᠷ ᠨᠠᠷᠢᠯᠢᠭ᠂ ᠥᠨᠳᠥᠷ ᠴᠡᠪᠡᠷᠴᠡ᠎ᠲᠠᠢ ᠵᠡᠰ᠎ᠤᠨ ᠰᠢᠷᠬᠡᠭ᠎ᠢ ᠰᠤᠳᠤᠯᠤᠨ ᠨᠡᠭᠡᠭᠡᠵᠦ ᠦᠢᠯᠡᠳᠪᠦᠷᠢᠯᠡᠵᠡᠶ᠂ ᠺᠣᠮᠫᠠᠨᠢ᠎ᠨᠢ ᠬᠠᠢ᠌ᠯᠤᠰᠢ ᠵᠢᠨ ᠲᠥᠷᠥᠯ᠎ᠤᠨ ᠲᠤᠢ᠌ᠯ᠎ᠤᠨ ᠨᠠᠷᠢᠨ ᠱᠤᠭᠤᠮ᠎ᠤᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠬᠦᠷᠢᠶᠡᠨ᠎ᠳᠤ ᠨᠢᠭᠡᠨᠲᠡ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠲᠦᠪᠰᠢᠨ᠎ᠳᠤ ᠬᠦᠷᠴᠡᠶ ᠃
ᠣᠢ᠌ᠷ᠎ᠠ ᠵᠢᠨ ᠬᠡᠳᠦᠨ ᠵᠢᠯ᠎ᠳᠤ᠂ ᠮᠠᠨ᠎ᠤ ᠤᠯᠤᠰ᠎ᠤᠨ ᠠᠵᠤ ᠠᠬᠤᠶ ᠵᠢᠨ ᠪᠥᠲᠥᠭᠡᠨ ᠪᠠᠢ᠌ᠭᠤᠯᠤᠯᠲᠠ ᠵᠢᠨ ᠨᠢᠰᠬᠦ ᠮᠡᠲᠦ ᠲᠦᠷᠭᠡᠨ ᠳᠡᠭᠡᠭᠰᠢᠯᠡᠬᠦ ᠵᠢ ᠳᠠᠭ᠋ᠠᠯᠳᠤᠨ᠂ ᠤᠯᠤᠰ᠎ᠤᠨ ᠳᠣᠲᠣᠭ᠋ᠠᠳᠤ ᠵᠢᠨ ᠣᠷᠴᠢᠨ ᠠᠬᠤᠶ ᠵᠢᠨ ᠬᠠᠮᠠᠭ᠋ᠠᠯᠠᠯᠲᠠ ᠵᠢ ᠠᠯᠬᠤᠮ ᠠᠯᠬᠤᠮ ᠵᠶ᠋ᠠᠷ ᠴᠢᠬᠤᠯᠠᠴᠢᠯᠠᠬᠤ ᠵᠢ ᠳᠠᠭ᠋ᠠᠯᠳᠤᠨ᠂ ᠬᠡᠷᠡᠯ ᠴᠡᠨᠡᠭ᠎ᠤᠨ ᠰᠢᠨ᠎ᠡ ᠡᠨᠧᠷᠭᠢ ᠵᠡᠷᠭᠡ ᠳᠡᠭᠡᠳᠦ ᠨᠠᠷᠢᠯᠢᠭ ᠣᠷᠣᠢ᠌ᠯᠠᠭᠰᠠᠨ ᠬᠦᠷᠢᠶ᠎ᠡ ᠨᠠᠩ ᠴᠤ᠌ ᠥᠷᠨᠢᠨ ᠬᠥᠭᠵᠢᠵᠦ᠂ ᠬᠡᠷᠡᠯ ᠴᠡᠨᠡᠭ᠎ᠲᠤ ᠬᠡᠷᠡᠭᠯᠡᠬᠦ ᠳᠡᠭᠡᠳᠦ ᠲᠠᠰ᠎ᠤᠨ ᠴᠠᠭ᠋ᠠᠨ ᠲᠤᠭᠤᠯᠭ᠎ᠠ ᠵᠢᠨ ᠳᠡᠭᠡᠳᠦ ᠳᠠᠮᠵᠢᠭᠤᠯᠤᠭᠴᠢ ᠵᠡᠰ ᠭᠣᠤᠯ ᠱᠤᠭᠤᠮ᠎ᠤᠨ ᠬᠡᠷᠡᠭᠴᠡᠭᠡ ᠴᠦ᠍ ᠢᠮᠠᠭᠲᠠ ᠥᠨᠳᠥᠷ ᠲᠦᠪᠰᠢᠨ᠎ᠳᠤ ᠪᠠᠢ᠌ᠭᠰᠠᠭ᠋ᠠᠷ ᠪᠠᠢ᠌ᠨ᠎ᠠ ᠃ 《ᠥᠷᠨᠢᠭᠦᠨ ᠬᠥᠭᠵᠢᠩᠭᠦᠶ ᠬᠡᠷᠡᠭᠴᠡᠭᠡᠨ᠎ᠤ ᠦᠵᠦᠭᠦᠷ᠎ᠨᠢ ᠨᠠᠩ ᠴᠤ᠌ ᠲᠣᠰ ᠲᠥᠷᠥᠯ᠎ᠤᠨ ᠵᠡᠰ ᠤᠲᠠᠰᠤᠨ ᠬᠠᠩᠭ᠋ᠠᠯᠭ᠎ᠠ ᠵᠢ ᠲᠡᠩᠴᠡᠭᠦᠷᠢ ᠥᠬᠡᠶ ᠪᠣᠯᠭ᠋ᠠᠵᠠᠶ ᠃ ᠳ᠋ᠦᠩᠳ᠋ᠸ ᠹᠦ᠋ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠴᠠᠭ᠋ᠠᠨ ᠲᠤᠭᠤᠯᠭ᠋ᠠᠨ ᠲᠥᠭᠥᠷᠢᠭ ᠵᠡᠰ ᠱᠤᠭᠤᠮ᠎ᠤᠨ ᠳᠡᠭᠡᠳᠦ ᠲᠠᠰ᠎ᠤᠨ ᠭᠠᠷᠤᠯᠲᠠ᠎ᠨᠢ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠬᠣᠯᠠ ᠬᠠᠩᠭ᠋ᠠᠵᠤ ᠳᠡᠢ᠌ᠯᠬᠦ ᠥᠬᠡᠶ ᠪᠠᠢ᠌ᠨ᠎ᠠ ᠃
ᠵᠧᠨ ᠰᠢᠶᠦ᠋ᠩ ᠵᠡᠰ᠎ᠤᠨ ᠦᠢ᠍ᠯᠡᠰ᠎ᠨᠢ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠴᠦᠨ ᠬᠡᠷᠡᠭᠯᠡᠭᠡᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠰᠤᠳᠤᠯᠬᠤ ᠭᠠᠵᠠᠷ᠎ᠤᠨ ᠤᠯᠤᠰ᠎ᠤᠨ ᠬᠣᠪᠣᠷ ᠰᠢᠷᠣᠢ ᠵᠢᠨ ᠡᠬᠢ ᠪᠠᠶᠠᠯᠢᠭ ᠬᠢᠭᠡᠳ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠵᠢᠴᠢ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠤᠭᠤᠲᠤ ᠵᠢᠨ ᠬᠣᠪᠣᠷ ᠰᠢᠷᠣᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠦᠴᠦᠷᠬᠡᠭ ᠶᠡᠬᠡ ᠮᠡᠷᠭᠡᠵᠢᠯ᠎ᠤᠨ ᠳᠠᠪᠠᠭᠤᠯᠢᠭ᠎ᠲᠤ ᠲᠦᠰᠢᠭᠯᠡᠨ᠂ ᠵᠠᠬ᠎ᠠ ᠳᠡᠯᠭᠡᠭᠦᠷ᠎ᠤᠨ ᠣᠳᠣᠬᠢ ᠪᠠᠢ᠌ᠳᠠᠯ᠎ᠲᠠᠢ ᠤᠶᠠᠯᠳᠤᠭᠤᠯᠤᠨ᠂ ᠥᠩᠭᠡᠷᠡᠭᠰᠡᠨ᠎ᠤ ᠠᠮᠵᠢᠯᠲᠠ᠎ᠲᠠᠢ ᠰᠤᠳᠤᠯᠤᠨ ᠨᠡᠭᠡᠭᠡᠭᠰᠡᠨ ᠲᠤᠷᠰᠢᠯᠭ᠎ᠠ᠎ᠪᠠᠷ ᠵᠶ᠋ᠠᠨ ᠨᠢᠭᠡ ᠵᠦᠢ᠍ᠯ᠎ᠤᠨ ᠰᠢᠨ᠎ᠡ ᠬᠡᠯᠪᠡᠷᠢ ᠵᠢᠨ ᠴᠠᠭ᠋ᠠᠨ ᠲᠤᠭᠤᠯᠭ᠎ᠠ᠎ᠪᠠᠷ ᠥᠩᠭᠡᠯᠡᠭᠰᠡᠨ ᠲᠥᠭᠥᠷᠢᠭ ᠵᠡᠰ ᠱᠤᠭᠤᠮ᠎ᠢ ᠰᠤᠳᠤᠯᠤᠨ ᠦᠢ᠍ᠯᠡᠳᠬᠦ᠎ᠪᠠᠷ ᠲᠣᠭᠲᠠᠪᠠ ᠃ 《ᠲᠣᠰ ᠦᠢᠯᠡᠳᠬᠦᠨ᠎ᠤ ᠱᠤᠭᠤᠮ᠎ᠤᠨ ᠬᠡᠪᠴᠢᠶ᠎ᠡ ᠵᠢ ᠵᠠᠬ᠎ᠠ ᠳᠡᠯᠭᠡᠭᠦᠷ᠎ᠤᠨ ᠬᠡᠷᠡᠭᠴᠡᠭᠡᠨ᠎ᠤ ᠬᠡᠮᠵᠢᠶ᠎ᠡ᠎ᠪᠠᠷ ᠨᠡᠯᠢᠶᠡᠳ ᠶᠡᠬᠡ 0 . 25 ᠮᠢᠯᠢᠮᠧᠲᠷ - 0 . 50 ᠮᠢᠯᠢᠮᠧᠲᠷ᠎ᠤᠨ ᠬᠡᠪᠴᠢᠶ᠎ᠡ᠎ᠪᠠᠷ ᠰᠣᠩᠭᠣᠵᠠᠶ᠂ ᠰᠤᠳᠤᠯᠤᠨ ᠨᠡᠭᠡᠭᠡᠬᠦ ᠵᠢᠨ ᠭᠣᠤᠯ ᠵᠣᠷᠢᠯᠭ᠎ᠠ ᠪᠣᠯ ᠴᠠᠭ᠋ᠠᠨ ᠲᠤᠭᠤᠯᠭ᠎ᠠ᠎ᠪᠠᠷ ᠥᠩᠭᠡᠯᠡᠭᠰᠡᠨ ᠵᠡᠰ ᠱᠤᠭᠤᠮ᠎ᠤᠨ ᠴᠡᠪᠡᠷᠴᠡ ᠵᠢ ᠪᠠᠲᠤᠯᠠᠭᠰᠠᠨ ᠤᠷᠢᠲᠠᠯ ᠳᠣᠤᠷ᠎ᠠ᠂ ᠪᠤᠰᠤᠳ ᠴᠢᠳᠠᠮᠵᠢ᠎ᠨᠢ ᠤᠯᠤᠰ᠎ᠤᠨ ᠪᠠᠷᠢᠮᠵᠢᠶ᠎ᠠ᠎ᠲᠠᠢ ᠠᠳᠠᠯᠢ ᠲᠥᠷᠥᠯ᠎ᠤᠨ ᠦᠢᠯᠡᠳᠬᠦᠨ᠎ᠠᠴᠠ ᠳᠠᠪᠠᠭᠤᠯᠢᠭ ᠪᠠᠢ᠌ᠵᠤ᠂ ᠴᠠᠬᠢᠯᠭ᠋ᠠᠨ ᠡᠰᠡᠷᠬᠦᠴᠡᠮᠵᠢ ᠵᠢᠨ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ ᠭᠠᠷᠭ᠋ᠠᠵᠤ᠂ ᠴᠠᠬᠢᠯᠭ᠋ᠠᠨ ᠡᠰᠡᠷᠬᠦᠴᠡᠮᠵᠢ ᠵᠢᠨ ᠨᠣᠷᠮ᠎ᠠ ᠪᠣᠯᠤᠨ ᠲᠠᠲᠠᠯᠲᠠ ᠳᠠᠭ᠋ᠠᠭ᠋ᠠᠬᠤ ᠬᠦᠴᠦᠯᠡᠴᠡ ᠵᠢ ᠬᠣᠤᠰᠯᠠᠭᠤᠯᠵᠤ ᠳᠡᠢ᠌ᠯᠬᠦ ᠥᠬᠡᠶ ᠠᠵᠢᠯ ᠲᠥᠷᠥᠯ᠎ᠤᠨ ᠨᠡᠢ᠌ᠲᠡᠯᠢᠭ ᠴᠢᠨᠠᠷᠲᠠᠶ ᠬᠦᠴᠢᠷ ᠰᠡᠳᠦᠪ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠠᠪᠤᠳᠠᠯ ᠪᠣᠯᠤᠨ᠎ᠠ ᠃ ᠭᠡᠵᠦ ᠪᠤᠭᠤᠲᠤ ᠵᠢᠨ ᠵᠧᠨ ᠰᠢᠶᠦ᠋ᠩ ᠵᠡᠰ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠳᠡᠳ᠋ ᠶᠡᠷᠦᠩᠬᠡᠢ ᠳᠠᠭ᠋ᠠᠭ᠋ᠠᠮᠠᠯ ᠶᠠᠩ ᠴᠥᠩ ᠸᠧᠢ ᠬᠡᠯᠡᠪᠡ ᠃
ᠵᠧᠨ ᠰᠢᠶᠦ᠋ᠩ ᠵᠡᠰ᠎ᠤᠨ ᠦᠢ᠍ᠯᠡᠰ᠎ᠤᠨ ᠰᠢᠨ᠎ᠡ ᠵᠢ ᠡᠭᠦᠳᠬᠦ ᠠᠬᠢᠴᠠ ᠡᠭᠦᠷᠢᠳᠡ ᠳᠠᠭᠤᠰᠤᠰᠢ ᠦᠭᠡᠢ ᠶᠤᠮ᠂ ᠲᠤᠰ ᠺᠣᠮᠫᠠᠨᠢ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ 2021 ᠣᠨ᠎ᠳᠤ ᠰᠤᠳᠤᠯᠤᠨ ᠨᠡᠭᠡᠭᠡᠬᠦ ᠵᠠᠷᠤᠳᠠᠯ 5741 . 6 ᠲᠦᠮᠡᠨ ᠲᠥᠭᠥᠷᠢᠭ ᠵᠠᠷᠤᠴᠠᠭᠤᠯᠵᠤ᠂ ᠠᠯᠢ ᠤᠯᠠᠨ ᠰᠤᠳᠤᠯᠤᠨ ᠨᠡᠭᠡᠭᠡᠬᠦ ᠠᠵᠢᠯᠯᠠᠭ᠎ᠠ᠎ᠪᠠᠷ ᠳᠠᠮᠵᠢᠨ᠂ ᠵᠧᠨ ᠰᠢᠶᠦ᠋ᠩ ᠵᠡᠰ᠎ᠤᠨ ᠦᠢ᠍ᠯᠡᠰ ᠡᠯᠪᠡᠭ ᠦᠷ᠎ᠡ ᠪᠦᠲᠦᠭᠡᠯ ᠣᠯᠵᠤ᠂ 2021 ᠣᠨ᠎ᠳᠤ ᠤᠯᠤᠰ᠎ᠤᠨ ᠡᠭᠦᠳᠦᠨ ᠪᠦᠲᠦᠭᠡᠯᠲᠡ ᠵᠢᠨ ᠲᠤᠰᠬᠠᠢ ᠠᠰᠢᠭ 1 ᠲᠦᠷᠦᠯ᠂ ᠬᠡᠷᠡᠭᠯᠡᠭᠡᠨ᠎ᠤ ᠰᠢᠨ᠎ᠡ ᠬᠡᠯᠪᠡᠷᠢ ᠵᠢᠨ ᠲᠤᠰᠬᠠᠢ ᠠᠰᠢᠭ 10 ᠲᠦᠷᠦᠯ᠎ᠢ ᠣᠯᠵᠠᠢ ᠃
ᠵᠧᠨ ᠰᠢᠶᠦ᠋ᠩ ᠵᠡᠰ᠎ᠤᠨ ᠦᠢᠯᠡᠰ᠎ᠤᠨ ᠰᠤᠳᠤᠯᠭ᠋ᠠᠨ᠎ᠤ ᠢᠨᠵᠧᠨᠧᠷ ᠸᠠᠩ ᠰᠢᠶᠤᠤ ᠭᠤᠸᠠᠩ ᠬᠡᠯᠡᠬᠦ᠎ᠳᠡᠭᠡᠨ᠂ ᠺᠣᠮᠫᠠᠨᠢ ᠵᠢᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠦᠢᠯᠡᠳᠦᠭᠰᠡᠨ 《TU 1 ᠬᠡᠯᠪᠡᠷᠢ ᠵᠢᠨ ᠥᠨᠳᠥᠷ ᠴᠡᠪᠡᠷᠴᠡ᠎ᠲᠠᠢ᠂ ᠳᠣᠤᠷ᠎ᠠ ᠴᠠᠬᠢᠯᠭ᠋ᠠᠨ ᠡᠰᠡᠷᠭᠦᠴᠡᠯ᠎ᠤᠨ ᠨᠠᠷᠢᠯᠢᠭ ᠥᠩᠭᠡᠯᠡᠭᠰᠡᠨ ᠴᠠᠭ᠋ᠠᠨ ᠲᠤᠭᠤᠯᠭ᠋ᠠᠨ ᠲᠥᠭᠥᠷᠢᠭ ᠵᠡᠰ ᠤᠲᠠᠰᠤ》 ᠵᠢᠨ ᠲᠠᠩ ᠤᠲᠠᠰᠤᠨ ᠳ᠋ᠢᠶᠠᠮᠧᠲᠷᠢ ᠤᠤᠯ᠎ᠤᠨ ᠤᠯᠤᠰ᠎ᠤᠨ ᠪᠠᠷᠢᠮᠵᠢᠶᠠᠲᠤ ᠦᠢᠯᠡᠳᠬᠦᠨ᠎ᠤ 0 . 30 MM ᠪᠠᠢ᠌ᠭᠰᠠᠨ᠎ᠠᠴᠠ 0 . 292 MM ᠪᠣᠯᠭ᠋ᠠᠨ ᠪᠠᠭ᠋ᠠᠰᠬᠠᠵᠤ᠂ ᠳᠠᠮᠵᠢᠭᠤᠯᠤᠭᠴᠢ ᠵᠢᠨ ᠴᠠᠬᠢᠯᠭ᠋ᠠᠨ ᠡᠰᠡᠷᠭᠦᠴᠡᠯ᠎ᠤᠨ ᠨᠣᠷᠮ᠎ᠠ ᠵᠢ 0 . 01770 mm 2 / m ᠪᠠᠢ᠌ᠭᠰᠠᠨ᠎ᠠᠴᠠ 0 . 01683 mm 2 / m ᠪᠣᠯᠭ᠋ᠠᠨ ᠪᠠᠭᠤᠷᠠᠭᠤᠯᠪᠠ ᠭᠡᠵᠡᠶ; ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ 《ᠴᠠᠭ᠋ᠠᠨ ᠲᠤᠭᠤᠯᠭ᠎ᠠ ᠵᠢ ᠥᠩᠭᠡᠯᠡᠬᠦ 56 / 0 . 285 mm᠎ᠤᠨ ᠳᠣᠤᠷ᠎ᠠ ᠴᠠᠬᠢᠯᠭ᠋ᠠᠨ ᠡᠰᠡᠷᠭᠦᠴᠡᠯ᠎ᠤᠨ ᠬᠡᠷᠡᠯ ᠸᠣᠯᠲ᠎ᠲᠤ ᠬᠡᠷᠡᠭᠯᠡᠬᠦ ᠥᠨᠳᠥᠷ ᠳᠠᠮᠵᠢᠭᠤᠯᠤᠭᠴᠢ ᠵᠡᠰ ᠭᠣᠤᠯ᠎ᠲᠤ ᠣᠷᠢᠶᠠᠮᠠᠯ ᠤᠲᠠᠰᠤ》 ᠵᠢᠨ ᠲᠠᠩ ᠤᠲᠠᠰᠤᠨ ᠳ᠋ᠢᠶᠠᠮᠧᠲᠷᠢ ᠤᠤᠯ᠎ᠤᠨ ᠤᠯᠤᠰ᠎ᠤᠨ ᠪᠠᠷᠢᠮᠵᠢᠶᠠᠲᠤ ᠦᠢᠯᠡᠳᠬᠦᠨ᠎ᠤ 0 . 30 mm ᠪᠠᠢ᠌ᠭᠰᠠᠨ᠎ᠠᠴᠠ 0 . 285 mm ᠪᠣᠯᠭ᠋ᠠᠨ ᠪᠠᠭ᠋ᠠᠰᠬᠠᠵᠤ᠂ ᠦᠢᠯᠡᠳᠬᠦᠨ᠎ᠢ 56 ᠵᠤᠷᠪᠤᠰ ᠲᠠᠩ ᠰᠢᠷᠬᠡᠭ ᠣᠷᠢᠶᠠᠮᠠᠯ ᠵᠶ᠋ᠠᠷ ᠳᠠᠮᠵᠢᠭᠤᠯᠵᠤ᠂ ᠳᠠᠮᠵᠢᠭᠤᠯᠬᠤ ᠤᠲᠠᠰᠤᠨ᠎ᠤ ᠣᠭᠲᠣᠯᠤᠭ᠋ᠠᠰᠤ ᠲᠠᠯᠠᠪᠠᠶ ᠵᠢ ᠤᠤᠯ᠎ᠤᠨ 4 ᠲᠡᠭᠰᠢ ᠳᠥᠷᠪᠡᠯᠵᠢᠨ ᠮᠢᠯᠢᠮᠧᠲᠷ᠎ᠠᠴᠠ 3 . 57 ᠲᠡᠭᠰᠢ ᠳᠥᠷᠪᠡᠯᠵᠢᠨ ᠮᠢᠯᠢᠮᠧᠲᠷ ᠪᠣᠯᠭ᠋ᠠᠨ ᠪᠠᠭᠤᠷᠠᠭᠤᠯᠵᠤ᠂ ᠴᠠᠬᠢᠯᠭ᠋ᠠᠨ ᠡᠰᠡᠷᠭᠦᠴᠡᠯ᠎ᠤᠨ ᠨᠣᠷᠮ᠎ᠠ ᠵᠢ ᠤᠯᠤᠰ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠬᠠᠩᠭ᠋ᠠᠵᠤ᠂ ᠲᠣᠨ ᠤᠲᠠᠰᠤᠯᠢᠭ ᠮᠠᠲ᠋ᠧᠷᠢᠶᠠᠯ ᠨᠢᠭᠡᠪᠦᠷᠢ᠎ᠨᠢ ᠤᠯᠤᠰ᠎ᠤᠨ ᠪᠠᠷᠢᠮᠵᠢᠶᠠᠲᠤ ᠦᠢᠯᠡᠳᠬᠦᠨ᠎ᠠᠴᠠ 97 . 5 KG ᠠᠷᠪᠢᠯᠠᠵᠤ ᠪᠣᠯᠤᠨ᠎ᠠ᠂ ᠴᠠᠬᠢᠯᠭ᠋ᠠᠨ ᠵᠠᠳᠠᠯᠤᠯ᠎ᠤᠨ ᠵᠡᠰ᠎ᠤᠨ ᠳᠤᠮᠳᠠᠴᠢ ᠦᠨᠡᠨ᠎ᠢ 6 ᠃ 《ᠤᠯᠤᠰ᠎ᠤᠨ ᠳᠣᠲᠣᠭ᠋ᠠᠳᠤ᠎ᠳᠤ ᠡᠢ᠌ᠮᠦᠷᠬᠦᠦ ᠴᠢᠳᠠᠪᠬᠢ᠎ᠲᠠᠢ ᠦᠢᠯᠡᠳᠬᠦᠨ᠎ᠨᠢ ᠹᠸᠩ ᠮᠤᠤ ᠯᠢᠨ ᠵᠢᠶᠤᠤ᠎ᠳᠤ ᠬᠠᠷᠢᠶᠠᠯᠠᠭᠳᠠᠵᠤ᠂ ᠦᠢᠯᠡᠳᠬᠦᠨ᠎ᠤ ᠮᠡᠷᠭᠡᠵᠢᠯ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠭᠤᠯᠭ᠎ᠠ ᠥᠩᠭᠡᠯᠡᠬᠦ ᠵᠡᠰ ᠲᠠᠲᠠᠭᠤᠷ ᠤᠲᠠᠰᠤᠨ᠎ᠤ ᠮᠡᠷᠭᠡᠵᠢᠯ᠎ᠤᠨ ᠬᠣᠭᠣᠰᠣᠨ᠎ᠢ ᠨᠥᠬᠥᠪᠥᠷᠢᠯᠡᠵᠦ᠂ ᠳᠡᠭᠡᠷᠡᠬᠢ ᠬᠣᠶᠠᠷ ᠵᠦᠢᠯ᠎ᠤᠨ ᠦᠢᠯᠡᠳᠬᠦᠨ᠎ᠨᠢ 2020 ᠣᠨ ᠪᠠ 2021 ᠣᠨ᠎ᠳᠤ ᠵᠠᠯᠭ᠋ᠠᠭ᠎ᠠ᠎ᠪᠠᠷ ᠬᠣᠶᠠᠷ ᠵᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠳᠤ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠮᠠᠲ᠋ᠧᠷᠢᠶᠠᠯ᠎ᠤᠨ ᠠᠩᠬᠠᠨ᠎ᠤ ᠪᠦᠯᠦᠭ ᠤᠳᠠᠭ᠎ᠠ ᠪᠦᠲᠦᠭᠡᠭᠳᠡᠬᠦᠨ〉 ᠵᠶ᠋ᠠᠷ ᠦᠨᠡᠯᠡᠭᠳᠡᠪᠡ ᠃》
ᠳᠡᠭᠡᠳᠦ ᠨᠠᠷᠢᠯᠢᠭ ᠣᠬᠢ ᠰᠢᠯᠢᠳᠡᠭ ᠦᠢᠯᠡᠳᠬᠦᠨ᠎ᠨᠢ ᠴᠦ᠍ ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠨᠡᠭᠡᠭᠡᠵᠦ᠂ ᠺᠣᠮᠫᠠᠨᠢ ᠵᠢᠨ ᠦᠢᠯᠡᠳᠬᠦᠨ᠎ᠤ ᠬᠡᠷᠡᠭᠯᠡᠭᠡᠨ᠎ᠤ ᠬᠦᠷᠢᠶ᠎ᠡ᠎ᠨᠢ ᠭᠣᠤᠯᠳᠠᠭᠤ ᠡᠯᠧᠺᠲᠷᠣᠨ ᠴᠠᠬᠢᠯᠭ᠋ᠠᠨ ᠬᠡᠯᠬᠢᠶ᠎ᠡ ᠵᠢᠨ ᠨᠠᠷᠢᠯᠢᠭ ᠡᠯᠧᠺᠲᠷᠣᠨ ᠤᠲᠠᠰᠤ᠂ 5 G ᠮᠡᠳᠡᠭᠡ ᠬᠣᠯᠪᠣᠭ᠋ᠠᠨ᠎ᠤ ᠡᠯᠧᠺᠲᠷᠣᠨ ᠳᠠᠮᠵᠢᠭᠤᠯᠤᠭᠴᠢ ᠤᠲᠠᠰᠤ᠂ ᠳᠣᠬᠢᠶᠠᠨ᠎ᠤ ᠤᠲᠠᠰᠤ᠂ ᠡᠮᠴᠢᠯᠡᠭᠡᠨ᠎ᠤ ᠤᠲᠠᠰᠤ ᠳᠡᠭᠡᠰᠦ᠂ ᠳᠡᠭᠡᠳᠦ ᠬᠤᠷᠳᠤᠴᠠᠲᠤ ᠳᠠᠮᠵᠢᠭᠤᠯᠬᠤ ᠲᠣᠭ᠎ᠠ ᠪᠠᠷᠢᠮᠲᠠ ᠵᠢᠨ ᠤᠲᠠᠰᠤ ᠳᠡᠭᠡᠰᠦ᠂ ᠲᠡᠮᠦᠷ ᠵᠠᠮ᠎ᠤᠨ ᠳᠣᠬᠢᠶᠠᠨ᠎ᠤ ᠴᠠᠬᠢᠯᠭ᠋ᠠᠨ ᠳᠡᠭᠡᠰᠦ᠂ ᠲᠡᠮᠦᠷ ᠵᠠᠮ᠎ᠤᠨ ᠲᠣᠭ᠋ᠠᠴᠢᠯᠠᠭᠰᠠᠨ ᠳᠣᠬᠢᠶᠠᠨ᠎ᠤ ᠴᠠᠬᠢᠯᠭ᠋ᠠᠨ ᠳᠡᠭᠡᠰᠦ᠂ ᠴᠡᠷᠢᠭ᠎ᠤᠨ ᠠᠵᠤ ᠦᠢᠯᠡᠳᠪᠦᠷᠢ ᠵᠢᠨ ᠮᠡᠳᠡᠭᠡ ᠬᠣᠯᠪᠣᠭ᠋ᠠᠨ᠎ᠤ ᠤᠲᠠᠰᠤ ᠳᠡᠭᠡᠰᠦ᠂ ᠤᠶᠤᠨᠲᠤ ᠮᠠᠰᠢᠨ ᠲᠡᠷᠭᠡᠨ᠎ᠤ ᠡᠯᠧᠺᠲᠷᠣᠨ ᠤᠲᠠᠰᠤᠨ ᠪᠠᠭᠴᠠ᠂ ᠰᠢᠨ᠎ᠡ ᠡᠨᠧᠷᠭᠢ ᠵᠢᠨ ᠬᠡᠷᠡᠯ ᠸᠣᠯᠲ᠎ᠤᠨ ᠳᠠᠮᠵᠢᠭᠤᠯᠤᠭᠴᠢ ᠤᠲᠠᠰᠤ ᠵᠡᠷᠭᠡ ᠳᠡᠭᠡᠳᠦ ᠲᠠᠰ᠎ᠤᠨ ᠬᠦᠷᠢᠶᠡᠨ᠎ᠳᠤ ᠲᠥᠪᠯᠡᠷᠡᠵᠦ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ ᠢᠯᠡᠳᠲᠡ ᠴᠢᠩᠭ᠋ᠠᠷᠠᠪᠠ ᠃