ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠪᠤᠭᠤᠲᠤ᠄ ᠰᠢᠨ᠎ᠡ ᠵᠢ ᠡᠭᠦᠳᠬᠦ᠎ᠪᠠᠷ ᠵᠠᠩᠭᠢᠯᠠᠭ᠎ᠠ ᠵᠢᠨ ᠬᠥᠳᠡᠯᠭᠡᠭᠦᠷ ᠪᠣᠯᠭ᠋ᠠᠵᠤ ᠬᠣᠲᠠ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ ᠪᠣᠯᠭ᠋ᠠᠨ᠎ᠠ
ᠨᠡᠶ᠋ᠢᠲᠡᠯᠡᠭᠰᠡᠨ ᠴᠠᠭ᠄ 2022-12-31


    11 ᠰᠠᠷ᠎ᠠ ᠵᠢᠨ 29᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠬᠣᠲᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠪᠤᠭᠤᠲᠤ ᠬᠣᠲᠠ᠎ᠳᠤ ᠬᠤᠷᠠᠯᠳᠤᠪᠠ  ᠃
    ᠬᠤᠷᠠᠯ᠎ᠠᠴᠠ ᠴᠢᠬᠤᠯᠠᠴᠢᠯᠠᠭᠰᠠᠨ᠎ᠨᠢ᠂ ᠭᠦᠨᠵᠡᠭᠡᠶ ᠰᠤᠷᠤᠯᠴᠠᠬᠤ ᠬᠡᠷᠡᠭᠲᠡᠶ᠂ 《ᠨᠢᠭᠡ ᠰᠢᠨ᠎ᠡ ᠵᠢ ᠡᠭᠦᠳᠬᠦ᠂ 《ᠭᠤᠷᠪᠠ ᠵᠢ ᠪᠡᠶᠡᠯᠡᠭᠦᠯᠬᠦ》 ᠴᠢᠬᠤᠯᠠ ᠵᠢᠭ᠋ᠠᠪᠤᠷᠢ᠎ᠨᠢ ᠪᠤᠭᠤᠲᠤ ᠵᠢᠨ ᠡᠯ᠎ᠡ ᠵᠦᠢ᠍ᠯ᠎ᠤᠨ ᠠᠵᠢᠯ᠎ᠢ ᠵᠢᠯᠣᠭᠣᠳᠬᠤ ᠦᠨᠳᠦᠰᠦᠨ ᠵᠢᠷᠤᠮᠯᠠᠯ ᠪᠣᠯᠤᠭᠰᠠᠨ᠎ᠤ ᠬᠤᠪᠢ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠪᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ᠎ᠲᠠᠢ ᠨᠡᠪᠲᠡᠷᠡᠯᠴᠡᠭᠦᠯᠪᠡ᠂ ᠴᠢᠨᠠᠷ ᠰᠠᠢ᠌ᠲᠠᠶ ᠬᠥᠭᠵᠢᠯᠲᠡ ᠵᠢᠨ ᠵᠠᠮ ᠵᠶ᠋ᠠᠷ ᠯᠠᠪᠳᠠᠭᠤᠨ ᠪᠠᠲᠤᠲᠠᠶ ᠰᠠᠢ᠌ᠲᠤᠷ ᠵᠠᠮᠨᠠᠬᠤ ᠬᠡᠷᠡᠭᠲᠡᠶ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠡᠷᠡᠰ ᠭᠤᠢ᠌ᠪᠢᠰᠢ ᠦᠭᠡᠢ ᠭᠦᠨᠵᠡᠭᠡᠢ ᠬᠡᠷᠡᠭᠵᠢᠭᠦᠯᠦᠨ᠎ᠡ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠣᠳᠣᠯᠭ᠎ᠠ ᠵᠢ ᠪᠤᠭᠤᠲᠤ ᠵᠢᠨ ᠬᠥᠭᠵᠢᠯᠲᠡ ᠵᠢᠨ ᠦᠨᠳᠦᠰᠦᠨ ᠪᠠᠢ᠌ᠯᠳᠤᠬᠤ ᠪᠣᠳᠣᠯᠭ᠎ᠠ ᠪᠣᠯᠭ᠋ᠠᠨ᠎ᠠ᠂ ᠰᠢᠨ᠎ᠡ ᠵᠢ ᠡᠭᠦᠳᠬᠦ᠎ᠪᠠᠷ ᠵᠠᠩᠭᠢᠯᠠᠭ᠎ᠠ ᠵᠢᠨ ᠬᠥᠳᠡᠯᠭᠡᠭᠦᠷ ᠪᠣᠯᠭ᠋ᠠᠵᠤ ᠬᠣᠲᠠ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ ᠪᠣᠯᠭ᠋ᠠᠨ᠎ᠠ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠠᠵᠢᠯᠲᠠᠨ᠎ᠢ ᠬᠠᠨᠤᠮᠵᠢᠲᠠᠶ ᠰᠢᠨ᠎ᠡ ᠵᠢ ᠡᠭᠦᠳᠬᠦ ᠠᠮᠢ ᠠᠬᠤᠶ ᠵᠢ ᠪᠤᠢ ᠪᠣᠯᠭ᠋ᠠᠨ᠎ᠠ᠂ ᠰᠢᠨ᠎ᠡ ᠵᠢ ᠡᠭᠦᠳᠬᠦ ᠲᠠᠪᠴᠠᠩ᠎ᠢ ᠠᠵᠤ ᠠᠬᠤᠢ᠌ᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠨᠠᠩ ᠰᠠᠢ᠌ᠨ ᠵᠣᠯᠭ᠋ᠠᠭᠤᠯᠬᠤ ᠵᠢ ᠠᠬᠢᠭᠤᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠦᠨᠡᠨ ᠪᠣᠳᠠᠲᠠᠢ ᠠᠵᠤ ᠦᠢ᠍ᠯᠡᠰ᠎ᠤᠨ ᠠᠵᠢᠯᠯᠠᠭ᠎ᠠ ᠪᠣᠯᠭ᠋ᠠᠬᠤ ᠬᠡᠷᠡᠭᠲᠡᠢ᠂ ᠬᠣᠲᠠ ᠵᠢᠨ ᠬᠥᠭᠵᠢᠯᠲᠡ ᠵᠢ ᠡᠬᠢ ᠪᠠᠶᠠᠯᠢᠭ᠎ᠲᠤ ᠲᠦᠰᠢᠭᠯᠡᠬᠦ ᠬᠡᠯᠪᠡᠷᠢ᠎ᠠᠴᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠡᠯᠪᠡᠷᠢ ᠲᠡᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠶ  ᠃
      ᠦᠷᠭᠦᠯᠵᠢᠯᠡᠨ ᠤᠩᠰᠢᠬᠤ  ᠃《ᠨᠢᠭᠡ ᠵᠢ ᠰᠢᠨᠡᠴᠢᠯᠡᠵᠦ᠂ ᠭᠤᠷᠪᠠ ᠵᠢ ᠪᠡᠶᠡᠯᠡᠭᠦᠯᠬᠦ》᠄ 2009 ᠣᠨ᠎ᠤ 8 ᠰᠠᠷ᠎ᠠ ᠵᠢᠨ 23᠎ᠤ ᠡᠳᠦᠷ ᠶᠡᠷᠦᠩᠬᠡᠢ ᠱᠦᠵᠢ ᠰᠢ ᠵᠢᠨ ᠫᠢᠩ ᠪᠤᠭᠤᠲᠤ᠎ᠳᠤ ᠬᠦᠷᠴᠦ ᠰᠢᠨᠵᠢᠯᠡᠨ ᠪᠠᠢ᠌ᠴᠠᠭ᠋ᠠᠵᠤ᠂ ᠪᠤᠭᠤᠲᠤ ᠬᠤᠳᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠤᠷᠳᠤᠴᠠ ᠪᠣᠯᠤᠨ ᠪᠦᠲᠦᠴᠡ ᠶᠠᠰᠤ ᠴᠢᠨᠠᠷ ᠦᠷ᠎ᠡ ᠠᠰᠢᠭ᠎ᠤᠨ ᠨᠢᠭᠡᠳᠦᠯ᠎ᠢ ᠴᠢᠷᠮᠠᠢ᠌ᠨ ᠪᠡᠶᠡᠯᠡᠭᠦᠯᠵᠦ᠂ ᠠᠵᠤ ᠠᠬᠤᠢ ᠵᠢᠨ ᠬᠥᠭᠵᠢᠯᠲᠡ ᠪᠣᠯᠤᠨ ᠨᠡᠢ᠌ᠭᠡᠮ᠎ᠤᠨ ᠬᠥᠭᠵᠢᠯᠲᠡ ᠵᠢᠨ ᠵᠣᠬᠢᠴᠠᠩᠭᠤᠢ ᠪᠠᠢ᠌ᠬᠤ ᠵᠢ ᠴᠢᠷᠮᠠᠢ᠌ᠨ ᠪᠡᠶᠡᠯᠡᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠣᠷᠢᠨ᠎ᠤ ᠡᠶ᠎ᠡ ᠵᠣᠬᠢᠴᠠᠩᠭᠤᠢ ᠪᠠᠢ᠌ᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ  ᠃

ᠢᠷᠡᠯᠲᠡ᠄ ᠪᠤᠭᠤᠲᠤ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠬᠣᠪᠣᠷ ᠰᠢᠷᠣᠶ +》 ᠬᠤᠪᠢᠷᠠᠮᠠᠲᠠᠭ᠋ᠠᠶ ᠷᠢᠳᠢ ᠰᠢᠳᠢ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠶᠤᠨ ᠤᠬᠠᠭ᠋ᠠᠨ ᠨᠡᠮᠡᠷᠢᠯᠡᠪᠡ
ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠬᠣᠶᠠᠷᠲᠠ ᠥᠭᠦᠯᠡᠬᠦ᠎ᠨᠢ
ᠠᠵᠤ ᠠᠬᠤᠢ᠌ᠯᠠᠯ᠎ᠤᠨ ᠰᠡᠳᠦᠪ ᠭᠠᠷᠭ᠋ᠠᠭᠰᠠᠨ ᠳᠡᠭᠡᠳᠦ ᠰᠤᠷᠭ᠋ᠠᠭᠤᠯᠢ ᠵᠢᠨ ᠰᠡᠳᠦᠪ ᠲᠠᠢ᠌ᠯᠬᠤ ᠠᠵᠤ ᠦᠢᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ ᠬᠣᠤᠰ ᠴᠢᠭᠯᠡᠯ ᠵᠶ᠋ᠡᠷ ᠤᠷᠤᠭᠰᠢᠯᠠᠪᠠ
ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ᠎ᠢ ᠲᠥᠪᠯᠡᠷᠡᠭᠦᠯᠦᠨ ᠨᠡᠢ᠌ᠲᠡᠯᠡᠬᠦ ᠲᠠᠪᠴᠠᠩ ᠨᠢᠭᠡᠨᠲᠡ ᠰᠦᠯᠵᠢᠶᠡᠨ᠎ᠳᠤ ᠭᠠᠷᠪᠠ!
 
            
Baidu
map