ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠨᠠᠩ ᠢᠯᠡᠭᠦᠦ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2022-12-31

 

      ᠬᠤᠪᠢᠷᠠᠬᠤ ᠵᠢ ᠮᠡᠳᠡᠪᠡᠯ ᠢᠯᠠᠵᠤ ᠲᠥᠪ ᠶᠣᠰᠣ ᠵᠢ ᠰᠠᠬᠢᠪᠠᠯ ᠰᠢᠨ᠎ᠡ ᠤᠷᠤᠭᠰᠢᠯᠠᠵᠤ ᠴᠢᠳᠠᠨ᠎ᠠ  ᠃ ᠰᠠᠶᠢᠬᠠᠨ ᠲᠡᠭᠦᠰᠦᠭᠰᠡᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠢ ᠵᠢᠨ ᠪᠠᠢ᠌ᠳᠠᠯ᠎ᠳᠤ ᠭᠦᠨᠵᠡᠭᠡᠢ ᠵᠠᠳᠠᠯᠤᠯᠲᠠ ᠬᠢᠵᠦ᠂ ᠡᠨᠡ ᠵᠢᠯ᠎ᠤᠨ ᠠᠵᠤ ᠠᠬᠤᠢ ᠵᠢᠨ ᠠᠵᠢᠯ᠎ᠢ ᠨᠠᠷᠢᠨ ᠬᠢᠨᠠᠮᠠᠭ᠋ᠠᠢ ᠳ᠋ᠦᠩᠨᠡᠵᠦ᠂ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠢ ᠪᠦᠬᠦ ᠲᠠᠯ᠎ᠠ᠎ᠪᠠᠷ ᠪᠠᠢ᠌ᠷᠢᠯᠠᠭᠤᠯᠪᠠ  ᠃ ᠡᠨᠡ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠲᠠᠷᠠᠭ᠎ᠠ ᠲᠥᠪ᠎ᠠᠴᠠ ᠬᠤᠷᠠᠯᠳᠤᠭᠤᠯᠤᠭᠰᠠᠨ ᠨᠢᠭᠡ ᠤᠳᠠᠭ᠋ᠠᠨ᠎ᠤ ᠲᠤᠢ᠌ᠯ᠎ᠤᠨ ᠴᠢᠬᠤᠯᠠ ᠬᠤᠷᠠᠯ ᠮᠥᠨ᠂ ᠬᠤᠷᠠᠯ᠎ᠠᠴᠠ ᠶᠡᠬᠡ ᠬᠠᠨᠳᠤᠰᠢ ᠵᠢ ᠠᠵᠢᠭᠯᠠᠨ᠂ ᠪᠦᠬᠦ ᠲᠠᠯ᠎ᠠ ᠵᠢ ᠲᠥᠯᠥᠪᠯᠡᠵᠦ᠂ ᠡᠳ᠋᠎ᠤᠨ ᠵᠠᠰᠠᠭ᠂ ᠵᠣᠭᠣᠰ᠂ ᠠᠵᠤ ᠦᠢ᠍ᠯᠡᠰ᠂ ᠰᠢᠨᠵᠢᠯᠡᠬᠦ ᠤᠬᠠᠭ᠋ᠠᠨ ᠮᠡᠷᠭᠡᠵᠢᠯ᠂ ᠨᠡᠢ᠌ᠭᠡᠮ ᠵᠡᠷᠭᠡ ᠲᠠᠪᠤᠨ ᠶᠡᠬᠡ ᠲᠠᠯ᠎ᠠ ᠵᠢᠨ ᠲᠦᠷᠦ ᠵᠢᠨ ᠪᠤᠳᠤᠯᠭ᠎ᠠ ᠵᠢ ᠪᠠᠢ᠌ᠷᠢᠯᠠᠭᠤᠯᠵᠤ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ᠎ᠨᠢ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠢ》 ᠭᠡᠵᠦ ᠳᠤᠷᠠᠳᠤᠨ ᠭᠠᠷᠭ᠋ᠠᠵᠤ᠂ ᠪᠢᠳᠠᠨ᠎ᠤ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠤᠨ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠢᠷᠡᠬᠦ ᠵᠢᠯ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ᠎ᠳᠤ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠪᠠ ᠱᠤᠭᠤᠮ᠎ᠤᠨ ᠵᠢᠷᠤᠭ᠎ᠢ ᠬᠠᠩᠭ᠋ᠠᠭᠰᠠᠨ ᠪᠠᠢ᠌ᠨ᠎ᠠ  ᠃
      ᠡᠨᠡ ᠵᠢᠯ ᠪᠣᠯ ᠨᠠᠮ ᠪᠠ ᠤᠯᠤᠰ᠎ᠤᠨ ᠲᠡᠦᠬᠡᠨ᠎ᠳᠠᠬᠢ ᠲᠤᠢ᠌ᠯ᠎ᠤᠨ ᠴᠢᠬᠤᠯᠠ ᠨᠢᠭᠡ ᠵᠢᠯ ᠮᠥᠨ  ᠃ ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠢᠯᠠᠯᠲᠠ᠎ᠲᠠᠢ᠎ᠪᠠᠷ ᠬᠤᠷᠠᠯᠳᠤᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠠᠤᠭ᠎ᠠ ᠲᠥᠰᠦᠪ᠎ᠢ ᠵᠢᠷᠤᠭᠯᠠᠪᠠ  ᠃ ᠰᠠᠯᠬᠢ ᠶᠡᠬᠡ ᠳᠠᠪᠠᠯᠭ᠋ᠠᠨ ᠰᠢᠷᠦᠭᠦᠨ ᠳᠡᠯᠡᠬᠡᠢ ᠵᠢᠨ ᠣᠷᠴᠢᠨ ᠲᠣᠭᠣᠷᠢᠨ ᠪᠣᠯᠤᠨ ᠪᠡᠷᠬᠡ ᠬᠠᠲᠠᠭᠤᠵᠢᠯᠲᠠᠢ ᠤᠯᠤᠰ᠎ᠤᠨ ᠳᠣᠲᠣᠭ᠋ᠠᠳᠤ ᠵᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠵᠢᠨ ᠡᠮᠦᠨ᠎ᠡ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠦᠴᠢᠷ᠎ᠢ ᠰᠦᠷᠦᠨ ᠤᠷᠤᠭᠰᠢᠯᠠᠵᠤ᠂ ᠡᠷᠡᠮᠡᠬᠡᠢ᠌ᠯᠡᠨ ᠤᠷᠤᠭᠰᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠪᠠ  ᠃ ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠶ ᠵᠢᠨ ᠰᠡᠷᠭᠦᠯᠲᠡ ᠵᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ ᠭᠠᠳᠠᠭ᠋ᠠᠳᠤ ᠣᠷᠴᠢᠨ ᠨᠥᠬᠥᠴᠡᠯ ᠲᠣᠭᠲᠠᠭᠤᠨ ᠪᠤᠰᠤ ᠪᠠᠢ᠌ᠵᠤ᠂ ᠮᠠᠨ᠎ᠤ ᠤᠯᠤᠰ᠎ᠤᠨ ᠠᠵᠤ ᠠᠬᠤᠶ᠎ᠳᠤ ᠦᠵᠡᠭᠦᠯᠬᠦ ᠨᠥᠯᠥᠭᠡ ᠭᠦᠨᠵᠡᠭᠡᠢ᠌ᠷᠡᠵᠦ ᠪᠠᠢ᠌ᠨ᠎ᠠ᠂ ᠢᠷᠡᠬᠦ ᠵᠢᠯ᠎ᠳᠤ ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠬᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠵᠢ ᠪᠠᠷᠢᠮᠲᠠᠯᠠᠵᠤ᠂ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠴᠢᠨᠠᠷ ᠰᠠᠢ᠌ᠲᠠᠶ ᠬᠥᠭᠵᠢᠯᠲᠡ ᠵᠢ ᠬᠠᠮᠲᠤ᠎ᠪᠠᠷ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠶ  ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠨᠢ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠲᠠᠪᠤᠨ ᠶᠡᠬᠡ ᠲᠥᠷᠥ ᠵᠢᠨ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠤᠭᠰᠠᠨ᠎ᠤ ᠬᠤᠪᠢ᠎ᠳᠤ ᠳᠤᠷᠠᠳᠤᠭᠳᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠬᠤ ᠴᠢᠬᠤᠯᠠ ᠴᠢᠨᠠᠷ ᠪᠣᠯᠤᠨ ᠲᠤᠯᠭ᠋ᠠᠮ ᠴᠢᠨᠠᠷ᠎ᠢ ᠳᠠᠬᠢᠨᠲᠠ ᠳᠣᠪᠣᠢ᠌ᠯᠭ᠋ᠠᠪᠠ  ᠃
    ᠲᠥᠷᠥ ᠵᠢᠨ ᠪᠣᠳᠣᠯᠭ᠎ᠠ ᠪᠣᠯ ᠤᠳᠤᠷᠢᠳᠤᠮᠵᠢ᠂ ᠬᠥᠳᠡᠯᠭᠡᠬᠦ ᠬᠦᠴᠦᠨ᠂ ᠪᠠᠲᠤᠯᠠᠭ᠎ᠠ ᠮᠥᠨ  ᠃ ᠣᠳᠣᠬᠠᠨ᠎ᠳᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠬᠤ ᠲᠦᠷᠦ ᠵᠢᠨ ᠪᠤᠳᠤᠯᠭ᠎ᠠ ᠵᠢᠨ ᠰᠢᠰᠲ᠋ᠧᠮ ᠲᠠᠰᠤᠷᠠᠯᠳᠠ ᠦᠭᠡᠢ ᠲᠡᠭᠦᠯᠳᠡᠷᠵᠢᠵᠦ ᠪᠠᠢ᠌ᠨ᠎ᠠ  ᠃ 2022 ᠣᠨ᠎ᠳᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠬᠠᠤᠯᠢ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠪᠣᠭᠣᠮᠲᠠ ᠰᠢᠪᠲᠤᠯᠬᠤ ᠲᠥᠰᠦᠯ (20212023 ᠣᠨ)》 ᠵᠡᠷᠭᠡ ᠴᠢᠬᠤᠯᠠ ᠬᠠᠤᠯᠢ ᠴᠠᠭ᠋ᠠᠵᠠ ᠪᠣᠯᠤᠨ ᠪᠢᠴᠢᠭ ᠮᠠᠲᠧᠷᠢᠶᠠᠯ᠎ᠤᠨ ᠲᠣᠭᠣᠷᠢᠨ᠎ᠳᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠡᠯ᠎ᠡ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠯᠠᠪᠳᠠᠭᠤᠨ ᠪᠠᠲᠤᠲᠠᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠥᠭᠵᠢᠭᠡᠵᠦ᠂ ᠰᠢᠨ᠎ᠡ ᠵᠢ ᠡᠭᠦᠳᠬᠦ ᠠᠮᠢ ᠠᠬᠤᠢ ᠵᠢ ᠲᠡᠭᠦᠯᠳᠡᠷᠵᠢᠭᠦᠯᠵᠦ᠂ ᠰᠢᠨ᠎ᠡ ᠵᠢ ᠡᠭᠦᠳᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ  ᠃
      ᠲᠥᠷᠥ ᠵᠢᠨ ᠪᠣᠳᠣᠯᠭ᠎ᠠ ᠪᠣᠯ ᠰᠠᠭᠤᠷᠢ᠂ ᠲᠤᠯᠭ᠋ᠠᠭᠤᠷᠢᠯᠠᠯ ᠮᠥᠨ᠂ ᠬᠠᠮᠵᠢᠯᠴᠠᠨ ᠰᠢᠨ᠎ᠡ ᠵᠢ ᠡᠭᠦᠳᠬᠦ ᠠᠮᠢ ᠠᠬᠤᠶ ᠵᠢ ᠪᠠᠢ᠌ᠭᠤᠯᠬᠤ ᠬᠦᠴᠦᠲᠡᠶ ᠠᠬᠢᠭᠤᠯᠤᠭᠴᠢ ᠮᠥᠨ  ᠃ ᠪᠢᠳᠡ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠳᠣᠪᠣᠢ᠌ᠯᠭ᠋ᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ 《ᠬᠣᠶᠠᠷ ᠥᠴᠦᠬᠡᠨ ᠴᠦ᠍ ᠭᠤᠢ᠌ᠪᠢᠰᠢ ᠦᠭᠡᠶ ᠪᠠᠢ᠌ᠬᠤ》 ᠴᠢᠭᠯᠡᠯᠲᠡ ᠵᠢ ᠪᠠᠷᠢᠮᠲᠠᠯᠠᠬᠤ᠎ᠯᠤᠭ᠎ᠠ ᠨᠢᠭᠲᠠ ᠤᠶᠠᠯᠳᠤᠭᠤᠯᠬᠤ ᠬᠡᠷᠡᠭᠲᠡᠶ  ᠃ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠢ ᠬᠥᠲᠥᠯᠥᠨ ᠵᠢᠯᠣᠭᠣᠳᠬᠤ ᠪᠠ ᠵᠣᠷᠢᠭᠵᠢᠭᠤᠯᠵᠤ ᠪᠠᠢ᠌ᠭ᠋ᠠᠳ ᠳᠤᠮᠳᠠᠳᠤ ᠤᠯᠤᠰ᠎ᠤᠨ ᠣᠨᠴᠠᠯᠢᠭ᠎ᠲᠠᠢ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠣᠳᠣ ᠦᠶ᠎ᠡ ᠵᠢᠨ ᠺᠣᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠦᠨᠡᠨ ᠬᠦ᠌ ᠵᠠᠬ᠎ᠠ ᠳᠡᠯᠭᠡᠭᠦᠷᠴᠢᠯᠡᠭᠰᠡᠨ ᠲᠣᠭᠲᠠᠴᠠ᠎ᠪᠠᠷ ᠠᠵᠢᠯᠯᠠᠭᠤᠯᠬᠤ ᠵᠢᠨ ᠬᠠᠮᠲᠤ᠂ ᠰᠢᠨ᠎ᠡ ᠵᠢ ᠡᠭᠦᠳᠬᠦ ᠵᠢ ᠬᠥᠭᠵᠢᠯᠲᠡ ᠵᠢᠨ ᠨᠢᠭᠡᠳᠦᠭᠡᠷ ᠬᠥᠳᠡᠯᠭᠡᠬᠦ ᠬᠦᠴᠦᠨ ᠪᠣᠯᠭ᠋ᠠᠵᠤ᠂ ᠤᠤᠭ᠋ᠠᠯ ᠡᠭᠦᠳᠦᠯᠲᠡ ᠵᠢᠨ ᠮᠡᠷᠭᠡᠵᠢᠯ᠎ᠤᠨ ᠬᠠᠩᠭ᠋ᠠᠯᠭ᠎ᠠ ᠵᠢ ᠴᠢᠩᠭ᠋ᠠᠳᠬᠠᠵᠤ᠂ ᠤᠤᠭ᠋ᠠᠯ ᠡᠭᠦᠳᠦᠯᠲᠡ ᠵᠢᠨ ᠮᠡᠷᠭᠡᠵᠢᠯ᠎ᠤᠨ 《ᠭᠤᠯᠤᠮᠳᠠ》 ᠵᠢ ᠴᠣᠭᠴᠠᠯᠠᠵᠤ᠂ ᠰᠢᠰᠲ᠋ᠧᠮᠵᠢᠭᠰᠡᠨ ᠪᠠᠢ᠌ᠷᠢᠰᠢᠭᠤᠯᠤᠯᠲᠠ᠂ ᠪᠦᠬᠦ ᠬᠡᠯᠬᠢᠶᠡᠨ᠎ᠤ ᠪᠠᠢ᠌ᠷᠢᠯᠠᠭᠤᠯᠤᠯᠲᠠ ᠬᠢᠵᠦ᠂ 《ᠪᠣᠭᠣᠮᠢ》 ᠵᠢᠨ ᠠᠰᠠᠭᠤᠳᠠᠯ᠎ᠢ ᠰᠢᠢ᠍ᠳᠪᠦᠷᠢᠯᠡᠬᠦ ᠲᠠᠯ᠎ᠠ᠎ᠪᠠᠷ ᠨᠡᠩ ᠤᠯᠠᠨ ᠨᠡᠩ ᠶᠡᠬᠡ ᠰᠢᠪᠲᠤᠯᠤᠯᠲᠠ ᠭᠠᠷᠭ᠋ᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢᠨ ᠴᠢᠬᠤᠯᠠ ᠬᠥᠳᠡᠯᠭᠡᠬᠦ ᠬᠦᠴᠦᠨ ᠪᠣᠯᠭ᠋ᠠᠬᠤ ᠬᠡᠷᠡᠭᠲᠡᠢ  ᠃ ᠡᠭᠦᠨ᠎ᠤ ᠬᠠᠮᠲᠤ᠂ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠵᠤ᠂ ᠬᠤᠳᠠᠯᠳᠤᠭ᠎ᠠ ᠡᠷᠭᠢᠯᠡᠬᠦ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠥᠬᠥ ᠨᠡᠢ᠌ᠭᠡᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠷᠢᠮᠵᠢᠶ᠎ᠠ ᠵᠢ ᠪᠠᠭᠤᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠦᠨᠡᠨ ᠬᠦ᠌ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠶ ᠭᠡᠵᠦ ᠴᠢᠬᠤᠯᠠᠴᠢᠯᠠᠪᠠ  ᠃ ᠰᠠᠢ᠍ᠢ᠍ᠨ ᠰᠠᠢ᠌ᠬᠠᠨ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ ᠪᠣᠯᠤᠨ ᠰᠢᠨ᠎ᠡ ᠵᠢ ᠡᠭᠦᠳᠬᠦ ᠣᠷᠴᠢᠨ ᠲᠣᠭᠣᠷᠢᠨ᠂ ᠡᠯᠪᠡᠭ ᠪᠠᠶᠠᠯᠢᠭ ᠰᠢᠨ᠎ᠡ ᠵᠢ ᠡᠭᠦᠳᠬᠦ ᠡᠯᠧᠮᠧᠨ᠋ᠲ᠎ᠤᠨ ᠬᠠᠩᠭ᠋ᠠᠯᠭ᠎ᠠ᠎ᠨᠢ ᠪᠦᠷ ᠲᠠᠭ᠋ᠠᠭᠤᠯᠤᠬ᠍ᠴᠢ ᠠᠵᠤ ᠠᠬᠤᠢ᠌ᠯᠠᠯ ᠪᠣᠯᠤᠨ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠤᠨ ᠠᠵᠤ ᠦᠢ᠍ᠯᠡᠰ᠎ᠤᠨ ᠬᠡᠯᠬᠢᠢ᠎ᠡ ᠵᠢ ᠪᠠᠢ᠌ᠭᠤᠯᠬᠤ ᠶᠠᠪᠤᠴᠠ᠎ᠳᠤ᠂ ᠰᠢᠨ᠎ᠡ ᠵᠢ ᠡᠭᠦᠳᠬᠦ ᠬᠡᠯᠬᠢᠶ᠎ᠡ ᠵᠢᠨ ᠬᠠᠷᠢᠯᠴᠠᠨ ᠨᠥᠬᠥᠪᠥᠷᠢᠯᠡᠬᠦ ᠪᠠ ᠬᠠᠮᠵᠢᠯᠴᠠᠬᠤ ᠵᠢ ᠪᠦᠷᠢᠯᠳᠦᠭᠦᠯᠵᠦ᠂ ᠡᠭᠦᠨ᠎ᠤ ᠤᠯᠠᠮ ᠵᠶ᠋ᠠᠷ ᠠᠵᠤ ᠦᠢ᠍ᠯᠡᠰ᠎ᠤᠨ ᠪᠦᠬᠦᠯᠢ ᠴᠣᠭᠴᠠ ᠵᠢᠨ ᠦᠷᠢᠰᠦᠯᠳᠦᠬᠦ ᠬᠦᠴᠦᠨ᠎ᠢ ᠨᠡᠮᠡᠭᠳᠡᠭᠦᠯᠬᠦ᠎ᠳᠤ ᠠᠰᠢᠭᠲᠠᠢ ᠶᠤᠮ  ᠃
    ᠰᠢᠨ᠎ᠡ ᠠᠶᠠᠨ᠎ᠳᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢᠨ᠎ᠡ ᠪᠠᠢ᠌ᠷᠢᠯᠠᠭᠤᠯᠤᠯᠲᠠ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠨᠡᠩ ᠢᠯᠡᠭᠦᠦ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠂ ᠠᠵᠤ ᠦᠢ᠍ᠯᠡᠰ᠎ᠤᠨ ᠬᠡᠯᠬᠢᠢ᠎ᠡ ᠵᠢᠨ ᠪᠠᠭᠤᠷᠠᠢ ᠭᠣᠭᠴᠣᠭ᠎ᠠ ᠵᠢ ᠨᠥᠬᠥᠪᠥᠷᠢᠯᠡᠬᠦ᠎ᠳᠤ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠬᠦ ᠪᠠ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠵᠢ ᠠᠬᠢᠭᠤᠯᠵᠤ᠂ ᠰᠢᠨ᠎ᠡ ᠠᠵᠤ ᠦᠢ᠍ᠯᠡᠰ᠎ᠤᠨ ᠥᠷᠢᠰᠥᠯᠳᠦᠭᠡᠨ᠎ᠤ ᠳᠠᠪᠠᠭᠤᠯᠢᠭ᠎ᠢ ᠪᠤᠢ ᠪᠣᠯᠭ᠋ᠠᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠤᠨ ᠳᠣᠲᠣᠭ᠋ᠠᠳᠤ ᠬᠥᠳᠡᠯᠭᠡᠬᠦ ᠬᠦᠴᠦᠨ ᠪᠣᠯᠤᠨ ᠨᠠᠢ᠌ᠳᠠᠪᠤᠷᠢᠲᠤ ᠴᠢᠨᠠᠷ᠎ᠢ ᠴᠢᠩᠭ᠋ᠠᠳᠬᠠᠵᠤ᠂ ᠴᠢᠨᠠᠷ ᠰᠠᠢ᠌ᠲᠠᠢ ᠬᠠᠩᠭ᠋ᠠᠯᠭ᠎ᠠ ᠬᠠᠩᠭ᠋ᠠᠵᠤ᠂ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠣᠯᠤᠨ ᠲᠣᠭ᠎ᠠ ᠬᠡᠮᠵᠢᠶᠡᠨ᠎ᠤ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠢ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ᠎ᠨᠢ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠵᠠᠭ᠋ᠠᠷ ᠱᠤᠭᠤᠮ᠎ᠤᠨ ᠰᠡᠳᠬᠢᠬᠦᠢ ᠪᠠ ᠲᠤᠢ᠌ᠯᠰᠢᠷᠠᠯ᠎ᠤᠨ ᠰᠡᠳᠬᠢᠬᠦᠢ ᠵᠢ ᠪᠠᠷᠢᠮᠲᠠᠯᠠᠨ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠤᠯᠤᠰ᠎ᠤᠨ ᠬᠥᠭᠵᠢᠯᠲᠡ ᠪᠠ ᠠᠮᠤᠷ ᠲᠦᠪᠰᠢᠨ᠎ᠢ ᠬᠢᠵᠠᠭ᠋ᠠᠷᠯᠠᠵᠤ ᠪᠠᠢ᠌ᠭ᠎ᠠ ᠴᠢᠬᠤᠯᠠ ᠶᠡᠬᠡ ᠪᠡᠷᠬᠡ ᠰᠡᠳᠦᠪ᠎ᠲᠤ ᠴᠢᠭᠯᠡᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠭᠯᠡᠯ ᠪᠠ ᠭᠣᠣᠯᠳᠠᠯᠭ᠎ᠠ ᠵᠢ ᠣᠨᠣᠪᠴᠢᠲᠠᠢ ᠡᠷᠢᠵᠦ᠂ ᠪᠦᠬᠦ ᠲᠠᠯ᠎ᠠ᠎ᠪᠠᠷ ᠲᠥᠯᠥᠪᠯᠡᠵᠦ᠂ ᠪᠦᠬᠦᠯᠢ ᠴᠣᠭᠴᠠ᠎ᠪᠠᠷ ᠠᠬᠢᠭᠤᠯᠬᠤ ᠬᠡᠷᠡᠭᠲᠡᠢ  ᠃ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠠᠵᠢᠯ᠎ᠢ ᠬᠦᠴᠦᠲᠡᠢ ᠨᠢᠭᠡᠳᠦᠯᠲᠡᠢ ᠲᠥᠯᠥᠪᠵᠢᠭᠦᠯᠵᠦ᠂ ᠡᠨᠡ ᠭᠤᠷᠪᠠ ᠵᠢᠨ ᠬᠣᠭᠣᠷᠣᠨᠳᠣᠬᠢ ᠣᠷᠭ᠋ᠠᠨᠢᠭ ᠬᠠᠷᠢᠯᠴᠠᠭ᠎ᠠ ᠵᠢ ᠴᠢᠩᠭ᠋ᠠᠳᠬᠠᠵᠤ᠂ ᠵᠣᠬᠢᠴᠠᠭᠤᠯᠤᠨ ᠬᠠᠮᠵᠢᠯᠴᠠᠬᠤ᠂ ᠰᠢᠰᠲ᠋ᠧᠮ᠎ᠲᠠᠢ ᠬᠤᠷᠠᠮᠳᠤᠭᠤᠯᠬᠤ᠎ᠪᠠᠷ ᠳᠠᠮᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠬᠠᠮᠲᠤ᠎ᠪᠠᠷ ᠴᠣᠭᠴᠠᠯᠠᠬᠤ ᠬᠡᠷᠡᠭᠲᠡᠢ  ᠃ ᠰᠢᠨ᠎ᠡ ᠮᠠᠶᠢᠭ᠎ᠤᠨ ᠤᠯᠤᠰ ᠳᠠᠶᠠᠭ᠋ᠠᠷ᠎ᠤᠨ ᠪᠠᠢ᠌ᠭᠤᠯᠤᠯ᠎ᠢ ᠲᠡᠭᠦᠯᠳᠡᠷᠵᠢᠭᠦᠯᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠳᠤᠮᠳᠠᠬᠢ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠲᠤᠪᠤᠢ᠍ᠢ᠍ᠯᠭ᠋ᠠᠨ᠂ ᠡᠯ᠎ᠡ ᠲᠦᠷᠦᠯ᠎ᠤᠨ ᠰᠢᠨ᠎ᠡ ᠵᠢ ᠡᠭᠦᠳᠬᠦ ᠡᠯᠧᠮᠧᠨ᠋ᠲ᠎ᠤᠨ ᠠᠵᠤ ᠠᠬᠤᠢ᠌ᠯᠠᠯ ᠲᠡᠢ᠌ᠰᠢ ᠲᠥᠪᠯᠡᠷᠡᠬᠦ ᠵᠢ ᠠᠬᠢᠭᠤᠯᠬᠤ ᠬᠡᠷᠡᠭᠲᠡᠢ  ᠃ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠴᠢᠳᠠᠪᠤᠷᠢ ᠪᠣᠯᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠳᠡᠭᠡᠳᠦ ᠲᠡᠰ᠎ᠤᠨ ᠴᠢᠳᠠᠪᠤᠷᠢᠲᠠᠨ᠎ᠢ ᠲᠦᠷᠭᠡᠨ ᠣᠷᠣᠭᠤᠯᠤᠨ ᠠᠪᠴᠢᠷᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠴᠢᠳᠠᠪᠤᠷᠢᠲᠠᠨ᠎ᠤ ᠰᠠᠭᠤᠷᠢ ᠵᠢ ᠪᠡᠬᠢᠵᠢᠭᠦᠯᠬᠦ ᠬᠡᠷᠡᠭᠲᠡᠢ  ᠃
      ᠲᠦᠮᠡᠨ ᠤᠰᠤ ᠮᠢᠩᠭ᠋ᠠᠨ ᠠᠭᠤᠯᠠ᠂ ᠵᠠᠮ ᠬᠣᠯᠠ ᠦᠭᠡᠢ  ᠃ ᠪᠢᠳᠠ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ 《ᠲᠦᠷᠪᠡᠨ ᠤᠬᠠᠮᠰᠠᠷ》 ᠵᠢᠡᠨ ᠴᠢᠩᠭ᠋ᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ᠎ᠪᠠᠷ ᠡᠭᠦᠷᠭᠡ᠎ᠪᠠᠨ ᠪᠣᠯᠭ᠋ᠠᠵᠤ᠂ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠶ᠎ᠡ  ᠃

ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ᠄ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭ᠋ᠠᠨ᠎ᠠ
ᠳᠡᠯᠡᠬᠡᠶ ᠵᠢᠨ ᠠᠩᠬᠠᠳᠠᠭᠴᠢ ᠮᠣᠩᠭᠣᠯ ᠬᠣᠨᠢᠨ᠎ᠤ ᠣᠯᠠᠨ ᠲᠥᠯᠯᠡᠬᠦ ᠭᠧᠨ᠎ᠤ SNP ᠰᠢᠯᠭ᠋ᠠᠨ ᠪᠠᠢ᠌ᠴᠠᠭ᠋ᠠᠬᠤ ᠴᠠᠬᠢᠮ᠎ᠢ ᠰᠢᠯᠢ ᠵᠢᠨ ᠭᠣᠤᠯ ᠠᠢ᠌ᠮᠠᠭ᠎ᠲᠤ ᠡᠩ ᠲᠡᠷᠢᠭᠦᠨ᠎ᠳᠤ ᠬᠡᠷᠡᠭᠯᠡᠨ ᠳᠡᠯᠭᠡᠷᠡᠭᠦᠯᠪᠡ
ᠥᠪᠥᠷ ᠮᠣᠩᠭᠣᠯ 《ᠲᠠᠪᠤᠨ ᠶᠡᠬᠡ ᠡᠭᠦᠷᠭᠡ》 ᠵᠢ ᠠᠬᠢᠭᠤᠯᠵᠤ ᠦᠷ᠎ᠡ ᠪᠦᠲᠦᠮᠵᠢ ᠭᠠᠷᠭ᠋ᠠᠪᠠ
ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠦᠰᠡᠯ ᠡᠷᠡᠮᠡᠯᠵᠡᠯ᠎ᠤᠨ ᠬᠡᠭᠡᠷ᠎ᠡ ᠲᠠᠯ᠎ᠠ
ᠥᠪᠥᠷ ᠮᠣᠩᠭᠣᠯ᠎ᠤᠨ 85 ᠬᠤᠪᠢ ᠰᠠᠨᠰᠠᠷ᠎ᠤᠨ ᠠᠶᠠᠯᠠᠯ᠎ᠤᠨ ᠦᠷ᠎ᠡ ᠪᠣᠢ᠌ᠵᠢᠭᠤᠯᠬᠤ ᠲᠤᠷᠰᠢᠯᠲᠠ ᠵᠢᠨ ᠮᠠᠲ᠋ᠧᠷᠢᠶᠠᠯ ᠭᠠᠵᠠᠷ᠎ᠤᠨ ᠭᠠᠳᠠᠷᠭᠤ᠎ᠳᠤ ᠪᠤᠴᠠᠵᠤ ᠢᠷᠡᠪᠡ
 
            
Baidu
map