ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠦᠰᠡᠯ ᠡᠷᠡᠮᠡᠯᠵᠡᠯ᠎ᠤᠨ ᠬᠡᠭᠡᠷ᠎ᠡ ᠲᠠᠯ᠎ᠠ
ᠨᠡᠶ᠋ᠢᠲᠡᠯᠡᠭᠰᠡᠨ ᠴᠠᠭ᠄ 2022-12-31


      ᠰᠠᠩ ᠬᠥᠮᠥᠷᠭᠡ ᠦᠨᠡᠨ ᠪᠣᠳᠠᠲᠠᠶ ᠪᠠᠢ᠌ᠪᠠᠯ ᠳᠡᠯᠡᠬᠡᠶ ᠳ᠋ᠠᠬᠢᠨ ᠠᠮᠤᠷ ᠠᠮᠤᠭᠤᠯᠠᠩ ᠪᠣᠯᠤᠨ᠎ᠠ᠂ ᠡᠷᠲᠡᠨ᠎ᠠᠴᠠ ᠠᠪᠤᠭ᠋ᠠᠳ ᠲᠠᠷᠢᠶᠠᠯᠠᠩ᠎ᠤᠨ ᠬᠥᠭᠵᠢᠯᠲᠡ ᠪᠣᠯ ᠴᠥᠮ ᠠᠵᠤ ᠠᠬᠤᠶ ᠨᠡᠢ᠌ᠭᠡᠮ᠎ᠢ ᠲᠣᠭᠲᠠᠭᠤᠨ ᠪᠠᠢ᠌ᠯᠭ᠋ᠠᠬᠤ ᠵᠢᠨ 《ᠰᠠᠭᠤᠷᠢ ᠴᠢᠯᠠᠭᠤ》 ᠮᠥᠨ᠂ 《ᠢᠳᠡᠭᠡᠨ》᠎ᠳᠤ ᠠᠭᠤᠯᠤᠭᠳᠠᠵᠤ ᠪᠠᠢ᠌ᠭ᠎ᠠ ᠣᠷᠣᠰᠢᠨ ᠲᠣᠭᠲᠠᠨᠢᠵᠤ ᠬᠥᠭᠵᠢᠬᠦ ᠵᠠᠮ᠎ᠨᠢ ᠤᠯᠤᠰ ᠣᠷᠣᠨ᠎ᠤ ᠲᠣᠭᠲᠠᠭᠤᠨ ᠪᠠᠢ᠌ᠳᠠᠯ ᠪᠠ ᠠᠷᠠᠳ ᠲᠦᠮᠡᠨ᠎ᠤ ᠵᠣᠯ ᠵᠢᠷᠭ᠋ᠠᠯ᠎ᠲᠠᠢ ᠬᠣᠯᠪᠣᠭᠳᠠᠵᠤ ᠪᠠᠢ᠌ᠳᠠᠭ  ᠃ ᠡᠢ᠌ᠮᠦ᠎ᠠᠴᠠ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠪᠣᠯ ᠠᠷᠠᠳ ᠣᠯᠠᠨ᠎ᠤ 《ᠬᠣᠯᠢᠰᠢᠨ ᠢᠳᠡᠭᠡᠨ》᠂ 《ᠠᠮᠤ ᠪᠤᠳᠠᠭ᠎ᠠ》᠂ 《ᠵᠢᠮᠢᠰ᠎ᠤᠨ ᠫᠢᠯᠠ》 ᠮᠥᠨ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠬᠤ ᠪᠣᠯ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠣᠳᠠᠲᠤ ᠦᠢᠯᠡᠳᠪᠦᠷᠢᠯᠡᠯ᠎ᠤᠨ ᠬᠦᠴᠦᠨ ᠮᠥᠨ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠨᠠᠢ᠌ᠳᠠᠪᠤᠷᠢᠵᠢᠭᠤᠯᠬᠤ ᠵᠢ ᠠᠬᠢᠭᠤᠯᠬᠤ ᠪᠣᠯ ᠲᠠᠷᠢᠶᠠᠯᠠᠩ᠎ᠤᠨ ᠣᠳᠣᠬᠢᠴᠢᠯᠠᠯᠲᠠ ᠵᠢ ᠠᠬᠢᠭᠤᠯᠬᠤ᠂ ᠲᠠᠷᠢᠶᠠᠯᠠᠩ᠎ᠤᠨ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ  ᠃
    ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠴᠢᠬᠤᠯᠠ ᠪᠠᠢ᠌ᠷᠢᠯᠠᠭᠤᠯᠤᠯᠲᠠ ᠬᠢᠵᠦ᠂ 《ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠬᠤ》᠂ 《ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠬᠤ ᠬᠡᠷᠡᠭᠲᠡᠢ》 ᠭᠡᠵᠦ ᠴᠢᠬᠤᠯᠠᠴᠢᠯᠠᠵᠤ᠂ ᠬᠥᠳᠡᠭᠡ ᠠᠵᠤ ᠠᠬᠤᠢ ᠵᠢᠨ ᠬᠥᠭᠵᠢᠯᠲᠡ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠭᠣᠣᠯᠳᠠᠯᠭ᠎ᠠ ᠵᠢ ᠢᠯᠭ᠋ᠠᠨ ᠭᠠᠷᠭ᠋ᠠᠵᠠᠢ  ᠃ ᠤᠷᠤᠭᠰᠢᠯᠠᠯᠲᠠ ᠵᠢᠨ ᠪᠦᠷᠢᠢ᠎ᠡ ᠬᠥᠮᠦᠰ᠎ᠢ ᠤᠷᠮᠠᠰᠢᠭᠤᠯᠤᠨ ᠵᠣᠷᠢᠭᠵᠢᠭᠤᠯᠤᠨ᠎ᠠ᠂ ᠰᠢᠨ᠎ᠡ ᠪᠠᠢ᠌ᠳᠠᠯ᠂ ᠰᠢᠨ᠎ᠡ ᠬᠠᠷᠠᠯᠲᠠ ᠵᠢᠨ ᠡᠮᠦᠨ᠎ᠡ᠂ ᠬᠥᠳᠡᠭᠡ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ ᠴᠢᠩᠭ᠋ᠠᠷᠠᠵᠤ᠂ ᠡᠯ᠎ᠡ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠲᠦᠷᠭᠡᠨ ᠬᠤᠪᠢᠷᠠᠵᠤ᠂ ᠠᠯᠢ ᠤᠯᠠᠨ ᠴᠢᠬᠤᠯᠠ ᠶᠡᠬᠡ ᠰᠢᠪᠲᠤᠯᠤᠯᠲᠠ ᠪᠠᠶᠠᠷᠯᠠᠭᠤᠰᠢᠲᠠᠢ ᠠᠮᠵᠢᠯᠲᠠ ᠣᠯᠤᠭᠰᠠᠨ᠎ᠨᠢ ᠮᠠᠨ᠎ᠤ ᠤᠯᠤᠰ ᠶᠠᠭ ᠬᠥᠳᠡᠭᠡ ᠠᠵᠤ ᠠᠬᠤᠢ ᠵᠢᠨ ᠲᠤᠮᠤ ᠤᠯᠤᠰ᠎ᠠᠴᠠ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ ᠲᠡᠰᠢ ᠲᠤᠮᠤ ᠠᠯᠬᠤᠮ ᠵᠶ᠋ᠠᠷ ᠤᠷᠤᠭᠰᠢᠯᠠᠵᠤ ᠪᠠᠢ᠌ᠬᠤ ᠵᠢ ᠬᠠᠷᠠᠭᠤᠯᠵᠤ ᠪᠠᠢ᠌ᠨ᠎ᠠ  ᠃
    ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠎ᠳᠤ ᠡᠷᠬᠡᠪᠰᠢ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠠᠮ ᠵᠶ᠋ᠠᠷ ᠰᠠᠢ᠌ᠲᠤᠷ ᠵᠠᠮᠨᠠᠬᠤ ᠬᠡᠷᠡᠭᠲᠡᠢ᠂ ᠭᠠᠭᠴᠠ ᠬᠦ᠌ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠢ ᠰᠠᠢ᠌ᠲᠤᠷ ᠡᠵᠡᠮᠰᠢᠪᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠠᠶᠢ 《ᠪᠣᠳᠠᠲᠠᠢ ᠨᠠᠢ᠌ᠳᠠᠪᠤᠷᠢᠵᠢᠭᠤᠯᠵᠤ》 ᠴᠢᠳᠠᠨ᠎ᠠ  ᠃ ᠡᠨᠡ᠎ᠨᠢ ᠤᠷᠢᠳ ᠵᠶ᠋ᠠᠷ ᠳᠤᠮᠳᠠᠳᠤ ᠤᠯᠤᠰ᠎ᠤᠨ ᠠᠵᠢᠯ ᠵᠶ᠋ᠠᠨ ᠯᠠᠪᠳᠠᠭᠤᠨ ᠪᠠᠲᠤᠲᠠᠶ ᠬᠢᠬᠦ ᠢᠲᠡᠭᠡᠯ ᠵᠣᠷᠢᠭ᠎ᠲᠠᠢ ᠪᠠᠢ᠌ᠬᠤ ᠵᠢ ᠱᠠᠭ᠋ᠠᠷᠳᠠᠵᠤ ᠪᠠᠢ᠌ᠨ᠎ᠠ  ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠡᠬᠢ ᠰᠤᠷᠪᠤᠯᠵᠢ ᠪᠣᠯᠤᠭᠰᠠᠨ᠎ᠤ ᠬᠤᠪᠢ᠎ᠳᠤ᠂ ᠦᠷ᠎ᠡ ᠪᠣᠯ ᠳᠠᠷᠤᠶ ᠲᠠᠷᠢᠶᠠᠯᠠᠩ᠎ᠤᠨ 《ᠴᠠᠬᠢᠮ》 ᠮᠥᠨ᠂ ᠳᠤᠮᠳᠠᠳᠤ ᠤᠯᠤᠰ᠎ᠤᠨ ᠡᠬᠡ ᠭᠠᠵᠠᠷ᠎ᠲᠤ ᠳᠠᠷᠢᠬᠤ᠎ᠳᠤ ᠲᠣᠬᠢᠷᠠᠮᠵᠢᠲᠠᠶ ᠴᠢᠨᠠᠷ ᠰᠠᠢ᠌ᠲᠠᠶ ᠰᠠᠢ᠌ᠨ ᠡᠭᠦᠯᠳᠡᠷ᠎ᠢ ᠬᠦᠴᠦ ᠣᠷᠣᠭᠤᠯᠤᠨ ᠪᠣᠢ᠌ᠵᠢᠭᠤᠯᠬᠤ ᠪᠣᠯ ᠡᠯᠪᠡᠭ ᠬᠤᠷᠢᠶᠠᠯᠲᠠ ᠵᠢᠨ ᠮᠠᠭᠲᠠᠭ᠋ᠠᠯ ᠳᠠᠭᠤᠤ ᠵᠢ ᠬᠥᠭᠵᠢᠮᠳᠡᠬᠦ ᠴᠢᠬᠤᠯᠠ ᠪᠥᠬᠥᠶ ᠰᠣᠩᠭᠣᠯᠲᠠ ᠮᠥᠨ᠂ ᠡᠭᠦᠨ᠎ᠤ ᠲᠤᠬᠠᠶ ᠡᠯ᠎ᠡ ᠭᠠᠵᠠᠷ᠎ᠤᠨ᠎ᠬᠢᠨ ᠨᠢᠭᠡᠨᠲᠡ ᠢᠯᠠᠯᠲᠠ ᠵᠢᠨ ᠮᠡᠳᠡᠭᠡ ᠵᠠᠯᠭ᠋ᠠᠭ᠎ᠠ᠎ᠪᠠᠷ ᠤᠯᠠᠮᠵᠢᠯᠠᠭᠳᠠᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠠᠶ  ᠃ ᠲᠠᠷᠠᠭ᠎ᠠ᠎ᠳᠤᠨᠢ ᠢᠮᠠᠭᠲᠠ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠠᠷᠠᠳ ᠲᠦᠮᠡᠨ᠎ᠤ ᠵᠣᠭᠰᠣᠯᠲᠠ᠎ᠠᠴᠠ ᠲᠡᠳᠡᠨ᠎ᠳᠤ ᠶᠠᠭᠤ ᠬᠡᠷᠡᠭᠰᠡᠬᠦ ᠵᠢ ᠠᠰᠠᠭᠤᠬᠤ ᠬᠡᠷᠡᠭᠲᠡᠢ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠨᠢ ᠰᠣᠬᠣᠷ ᠪᠠᠯᠠᠢ᠎ᠪᠠᠷ ᠲᠠᠭ᠋ᠠᠵᠤ ᠭᠦᠶᠦᠬᠦ ᠶᠠᠪᠤᠳᠠᠯ ᠪᠢᠰᠢ᠂ ᠲᠠᠷᠢᠶᠠᠯᠠᠩ᠎ᠤᠨ ᠬᠥᠭᠵᠢᠯᠲᠡ᠎ᠨᠢ ᠨᠡᠩ ᠴᠤ᠌ ᠪᠣᠣᠪᠣ ᠵᠢᠷᠤᠵᠤ ᠥᠯ ᠳᠠᠷᠤᠵᠤ ᠪᠣᠯᠬᠤ ᠦᠭᠡᠢ᠂ ᠡᠷᠬᠡᠪᠰᠢ ᠪᠣᠳᠠᠲᠠᠢ ᠪᠠᠢ᠌ᠳᠠᠯ᠎ᠳᠤ ᠰᠠᠭᠤᠷᠢᠯᠠᠨ ᠬᠦᠴᠦᠯᠡᠬᠦ ᠴᠡᠭ ᠵᠶ᠋ᠡᠨ ᠣᠨᠣᠪᠴᠢᠲᠠᠢ ᠣᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠰᠠᠢ᠍ᠢ᠍ᠨ ᠲᠠᠯ᠎ᠠ》᠎ᠪᠠᠷ ᠤᠯᠠᠮᠵᠢᠯᠠᠯᠲᠤ 《ᠬᠦᠷᠦᠯᠴᠡᠬᠦ ᠦᠭᠡᠢ ᠲᠠᠯ᠎ᠠ》᠎ᠪᠠᠨ ᠨᠥᠬᠥᠪᠥᠷᠢᠯᠡᠵᠦ᠂ ᠬᠣᠶᠠᠭᠤᠯᠠ ᠵᠢ ᠲᠡᠭᠦᠰ ᠰᠠᠢ᠌ᠬᠠᠨ ᠤᠶᠠᠯᠳᠤᠭᠤᠯᠵᠤ ᠪᠠᠢ᠌ᠭ᠋ᠠᠳ ᠨᠢᠭᠡ ᠳᠡᠭᠡᠷ᠎ᠡ ᠨᠢᠭᠡ ᠵᠢ ᠨᠡᠮᠡᠭᠡᠳ ᠬᠣᠶᠠᠷ᠎ᠠᠴᠠ ᠶᠡᠬᠡ ᠪᠣᠯᠭ᠋ᠠᠬᠤ ᠦᠷ᠎ᠡ ᠪᠦᠲᠦᠮᠵᠢ ᠵᠢ ᠤᠯᠬᠤ ᠬᠡᠷᠡᠭᠲᠡᠢ  ᠃ ᠡᠭᠦᠨ᠎ᠠᠴᠠ ᠭᠠᠳᠠᠨ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠭᠢᠷᠠᠬᠠᠶ ᠠᠵᠢᠭᠯᠠᠬᠤ ᠴᠢᠳᠠᠪᠤᠷᠢ᠎ᠲᠠᠢ᠂ ᠬᠥᠭᠵᠢᠯᠲᠡ ᠵᠢᠨ ᠬᠠᠨᠳᠤᠰᠢ ᠵᠢ ᠣᠨᠣᠪᠴᠢᠲᠠᠶ ᠡᠵᠡᠮᠳᠡᠵᠦ᠂ ᠵᠣᠷᠢᠭᠲᠠᠶ᠎ᠪᠠᠷ ᠲᠦᠷᠦᠭᠦᠯᠡᠨ ᠬᠢᠵᠦ᠂ ᠵᠣᠷᠢᠭᠲᠠᠶ᠎ᠪᠠᠷ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠡᠬᠢ ᠪᠤᠯᠠᠭ᠎ᠢ ᠲᠠᠷᠢᠶᠠᠨ ᠭᠠᠵᠠᠷ᠎ᠲᠤ ᠨᠡᠪᠴᠢᠭᠦᠯᠬᠦ ᠬᠡᠷᠡᠭᠲᠡᠶ  ᠃
      ᠬᠥᠳᠡᠭᠡ ᠠᠵᠤ ᠠᠬᠤᠢ ᠵᠢᠨ ᠬᠥᠭᠵᠢᠯᠲᠡ ᠴᠦ᠍ ᠠᠳᠠᠯᠢᠬᠠᠨ ᠵᠶ᠋ᠠᠷ 《ᠮᠡᠷᠭᠡᠵᠢᠯ᠎ᠤᠨ ᠬᠤᠪᠢᠰᠬᠠᠯ》᠎ᠢ ᠱᠠᠭ᠋ᠠᠷᠳᠠᠵᠤ᠂ ᠬᠥᠳᠡᠭᠡ ᠠᠵᠤ ᠠᠬᠤᠢ ᠵᠢᠨ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠲᠦᠷᠭᠡᠳᠬᠡᠨ ᠠᠬᠢᠭᠤᠯᠪᠠᠯ ᠰᠠᠢ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠦᠩ ᠰᠢᠮᠡᠯᠢᠭ ᠬᠥᠷᠥᠰᠥᠨ᠎ᠳᠤ ᠦᠨᠳᠦᠰᠦᠯᠡᠭᠦᠯᠦᠨ ᠰᠣᠶᠣᠭ᠋ᠠᠯᠠᠭᠤᠯᠵᠤ ᠦᠷ᠎ᠡ ᠪᠦᠲᠦᠮᠵᠢ ᠭᠠᠷᠭ᠋ᠠᠵᠤ ᠴᠢᠳᠠᠨ᠎ᠠ  ᠃ ᠥᠩᠭᠡᠷᠡᠭᠰᠡᠨ᠎ᠳᠤ᠂ ᠮᠠᠨ᠎ᠤ ᠤᠯᠤᠰ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠷᠭ᠎ᠠ ᠮᠠᠶᠢᠭ ᠪᠦᠳᠦᠭᠦᠯᠢᠭ᠂ ᠮᠧᠬᠠᠨᠢᠭᠵᠢᠭᠤᠯᠤᠯᠲᠠ ᠵᠢᠨ ᠬᠢᠷᠢ ᠬᠡᠮᠵᠢᠢ᠎ᠡ ᠳᠣᠣᠷ᠎ᠠ ᠵᠡᠷᠭᠡ ᠠᠯᠢ ᠤᠯᠠᠨ ᠠᠰᠠᠭᠤᠳᠠᠯ᠎ᠳᠤ ᠲᠤᠯᠭ᠋ᠠᠷᠠᠵᠤ᠂ ᠦᠢ᠍ᠯᠡᠳᠪᠦᠷᠢᠯᠡᠯ᠎ᠤᠨ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ᠎ᠢ ᠴᠠᠭ ᠲᠤᠬᠠᠢ᠎ᠳᠤᠨᠢ ᠰᠢᠢ᠍ᠳᠪᠦᠷᠢᠯᠡᠬᠦ ᠵᠢᠨ ᠠᠷᠭ᠎ᠠ ᠦᠭᠡᠢ ᠪᠠᠢ᠌ᠵᠤ᠂ ᠲᠠᠷᠢᠶᠠᠯᠠᠩ᠎ᠤᠨ ᠬᠥᠭᠵᠢᠯᠲᠡ ᠵᠢᠩᠬᠢᠨᠢ ᠳᠠᠪᠠᠯᠲᠠ ᠵᠢ ᠪᠡᠶᠡᠯᠡᠭᠦᠯᠬᠦ ᠵᠢᠨ ᠠᠷᠭ᠎ᠠ ᠦᠭᠡᠢ ᠪᠠᠢ᠌ᠪᠠ  ᠃ ᠣᠳᠣᠬᠠᠨ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠰᠤᠷᠠᠯᠳᠠ ᠦᠭᠡᠢ ᠳᠡᠮᠵᠢᠯᠭᠡ ᠳᠣᠣᠷ᠎ᠠ᠂ ᠤᠶᠤᠨᠴᠢᠯᠠᠬᠰᠠᠨ᠂ ᠮᠡᠳᠡᠭᠡ ᠵᠠᠩᠬᠢᠴᠢᠯᠠᠭᠰᠠᠨ ᠮᠡᠷᠭᠡᠵᠢᠯ᠎ᠨᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠡᠯ᠎ᠡ ᠭᠣᠭᠴᠣᠭ᠎ᠠ᠎ᠳᠤ ᠥᠷᠨᠢᠨ ᠬᠥᠭᠵᠢᠵᠦ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠲᠠᠷᠢᠶᠠᠯᠠᠩ᠎ᠤᠨ ᠮᠠᠰᠢᠨ ᠲᠣᠨᠣᠭᠯᠠᠯ᠎ᠤᠨ ᠮᠡᠷᠭᠡᠵᠢᠯ ᠲᠠᠰᠤᠷᠠᠯᠳᠠ ᠦᠭᠡᠢ ᠲᠡᠰ ᠲᠡᠪᠰᠢᠵᠤ᠂ ᠤᠳᠤ ᠦᠶ᠎ᠡ ᠵᠢᠨ ᠥᠨᠳᠥᠷ ᠪᠦᠲᠦᠮᠵᠢᠲᠡᠢ ᠤᠶᠤᠨᠲᠤ ᠲᠠᠷᠢᠶᠠᠯᠠᠩ ᠭᠣᠣᠯᠯᠠᠬᠤ ᠬᠥᠭᠵᠢᠯᠲᠡ ᠵᠢᠨ ᠤᠷᠤᠰᠬᠠᠯ ᠪᠣᠯᠤᠭᠰᠠᠨ ᠪᠠᠢ᠌ᠨ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠷᠢᠶᠠᠯᠠᠩ ᠪᠣᠯ ᠬᠤᠷ᠎ᠠ ᠵᠢᠨ ᠰᠢᠮ᠎ᠡ᠎ᠪᠠᠷ ᠡᠬᠡ ᠭᠠᠵᠠᠷ᠎ᠠᠴᠠ ᠴᠤ᠌ ᠶᠡᠬᠡ ᠪᠠᠢ᠌ᠳᠠᠭ᠂ ᠤᠯᠠᠮ᠎ᠠᠴᠠ ᠤᠯᠠᠮ ᠤᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠨᠢᠭᠡᠨᠲᠡ ᠲᠠᠷᠢᠶᠠᠨ ᠭᠠᠵᠠᠷ᠎ᠲᠤ ᠰᠠᠴᠤᠭᠳᠠᠵᠤ᠂ ᠤᠶᠤᠨ ᠤᠬᠠᠭ᠋ᠠᠨ᠎ᠤ ᠦᠷ᠎ᠡ ᠪᠦᠲᠦᠭᠡᠯ ᠣᠯᠵᠤ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠪᠠᠢ᠌ᠬᠤ ᠵᠢ ᠪᠣᠳᠠᠲᠤ ᠶᠠᠪᠤᠳᠠᠯ ᠭᠦᠢ᠍ᠴᠡᠳ ᠭᠡᠷᠡᠴᠢᠯᠡᠪᠡ  ᠃
    ᠳᠠᠪᠠᠯᠭ᠋ᠠᠨ ᠪᠣᠰᠴᠤ ᠳᠠᠪᠠᠯᠭ᠋ᠠᠨ᠎ᠳᠤ ᠭᠢᠰᠬᠢᠪᠡᠯ ᠵᠣᠬᠢᠨ᠎ᠠ᠂ ᠰᠠᠯᠬᠢ ᠶᠠᠭ ᠳᠠᠷᠪᠠᠭᠤᠯ ᠬᠡᠢ᠌ᠰᠬᠡᠨ ᠤᠷᠤᠭᠰᠢᠯᠠᠨ᠎ᠠ  ᠃ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠢᠨ᠎ᠡ ᠵᠢ ᠡᠭᠦᠳᠬᠦ᠎ᠨᠢ ᠠᠵᠤ ᠦᠢ᠍ᠯᠡᠰ ᠵᠶ᠋ᠡᠷ ᠬᠥᠭᠵᠢᠵᠦ᠂ ᠬᠥᠳᠡᠭᠡ ᠲᠣᠰᠬᠣᠨ ᠦᠵᠡᠰᠬᠦᠯᠡᠩᠲᠦ ᠰᠠᠢ᠌ᠬᠠᠨ ᠪᠤᠯᠵᠤ᠂ ᠲᠠᠷᠢᠶᠠᠴᠢᠳ ᠪᠠᠶᠠᠵᠢᠵᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠰᠡᠳᠬᠢᠯ ᠬᠥᠳᠡᠯᠭᠡᠮ᠎ᠡ ᠵᠢᠷᠤᠭ᠎ᠢ ᠪᠦᠲᠦᠭᠡᠵᠦ᠂ ᠳᠤᠮᠳᠠᠳᠤ ᠤᠯᠤᠰ᠎ᠤᠨ ᠡᠨᠡ ᠬᠦ᠌ ᠬᠦᠰᠡᠯ ᠡᠷᠡᠮᠡᠯᠵᠡᠯ᠎ᠤᠨ ᠬᠡᠭᠡᠷ᠎ᠡ ᠲᠠᠯ᠎ᠠ ᠵᠢ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠪᠣᠯᠭ᠋ᠠᠪᠠ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ 85 ᠬᠤᠪᠢ ᠰᠠᠨᠰᠠᠷ᠎ᠤᠨ ᠠᠶᠠᠯᠠᠯ᠎ᠤᠨ ᠦᠷ᠎ᠡ ᠪᠣᠢ᠌ᠵᠢᠭᠤᠯᠬᠤ ᠲᠤᠷᠰᠢᠯᠲᠠ ᠵᠢᠨ ᠮᠠᠲ᠋ᠧᠷᠢᠶᠠᠯ ᠭᠠᠵᠠᠷ᠎ᠤᠨ ᠭᠠᠳᠠᠷᠭᠤ᠎ᠳᠤ ᠪᠤᠴᠠᠵᠤ ᠢᠷᠡᠪᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠢᠷᠡᠭᠡᠳᠦᠶ ᠵᠢ ᠲᠡᠮᠡᠴᠡᠨ ᠣᠯᠬᠤ ᠵᠢᠨ ᠵᠠᠩᠭᠢᠯᠠᠭ᠎ᠠ ᠮᠥᠨ
ᠬᠣᠶᠠᠷ ᠰᠠᠯᠠᠭ᠎ᠠ ᠮᠥᠴᠢᠷ᠄ ᠡᠲᠡᠭᠡᠷ ᠣᠷᠣᠨ ᠪᠦᠰᠡ᠎ᠳᠤ ᠨᠢᠭᠡ ᠪᠦᠯᠦᠭ ᠳᠣᠤᠷ᠎ᠠ ᠨᠡᠭᠦᠷᠡᠰᠦᠲᠥ᠋ᠷᠥᠭᠴᠢᠲᠦ ᠣᠷᠣᠰᠢᠨ ᠰᠠᠭᠤᠬᠤ᠎ᠳᠤ ᠲᠣᠬᠢᠷᠠᠮᠵᠢᠲᠠᠶ ᠵᠢᠱ᠌ᠢᠶ᠎ᠡ ᠦᠵᠡᠭᠦᠯᠬᠦ ᠬᠣᠲᠠ ᠵᠢ ᠪᠥᠲᠥᠭᠡᠨ ᠪᠠᠢ᠌ᠭᠤᠯᠤᠨ᠎ᠠ
ᠲᠥᠪ ᠲᠧᠯᠸᠢᠰ᠎ᠤᠨ 《ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ》᠄ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ ᠵᠦᠭ ᠲᠣᠮᠣ ᠠᠯᠬᠤᠮ ᠵᠶ᠋ᠠᠷ ᠤᠷᠤᠭᠰᠢᠯᠠᠨ᠎ᠠ
ᠪᠦᠬᠦ ᠤᠯᠤᠰ᠎ᠤᠨ ᠬᠠᠮᠤᠭ᠎ᠤᠨ ᠶᠡᠬᠡ BDO ᠨᠢᠭᠡ ᠴᠤᠬ᠍ᠴᠠᠵᠢᠬᠰᠠᠨ ᠦᠢ᠍ᠯᠡᠳᠪᠦᠷᠢᠯᠡᠯ᠎ᠤᠨ ᠰᠠᠭᠤᠷᠢᠨ᠎ᠢ ᠪᠦᠳᠦᠬᠡᠨ ᠪᠠᠢ᠌ᠭᠤᠯᠵᠤ ᠠᠰᠢᠭᠯᠠᠯᠲᠠ᠎ᠳᠤ ᠣᠷᠣᠭᠤᠯᠪᠠ
 
            
Baidu
map