ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠥᠪᠥᠷ ᠮᠣᠩᠭᠣᠯ 《ᠲᠠᠪᠤᠨ ᠶᠡᠬᠡ ᠡᠭᠦᠷᠭᠡ》 ᠵᠢ ᠠᠬᠢᠭᠤᠯᠵᠤ ᠦᠷ᠎ᠡ ᠪᠦᠲᠦᠮᠵᠢ ᠭᠠᠷᠭ᠋ᠠᠪᠠ
ᠨᠡᠶ᠋ᠢᠲᠡᠯᠡᠭᠰᠡᠨ ᠴᠠᠭ᠄ 2022-12-31


     12 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ ᠲᠠᠪᠤᠨ ᠶᠡᠬᠡ ᠡᠭᠦᠷᠭᠡ ᠵᠢᠨ ᠦᠷ᠎ᠡ ᠪᠦᠲᠦᠮᠵᠢ ᠤᠯᠬᠤ ᠵᠢ ᠠᠬᠢᠭᠤᠯᠬᠤ》 ᠭᠣᠤᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ  ᠃ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢ ᠲᠦᠷᠭᠡᠳᠬᠡᠨ ᠠᠬᠢᠭᠤᠯᠬᠤ ᠵᠢᠨ ᠴᠢᠬᠤᠯᠠ ᠶᠡᠬᠡ ᠠᠴᠢ ᠬᠣᠯᠪᠣᠭᠳᠠᠯ᠂ ᠭᠣᠤᠯᠳᠠᠯᠭ᠎ᠠ᠎ᠲᠠᠢ ᠠᠵᠢᠯ ᠪᠠ ᠴᠢᠬᠤᠯᠠ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ  ᠃
      ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ ᠤᠷᠢᠳ ᠬᠣᠵᠢᠳ 7 ᠤᠳᠠᠭ᠎ᠠ ᠥᠪᠥᠷ ᠮᠣᠩᠭᠣᠯ᠎ᠳᠤ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭ᠋ᠠᠨ ᠪᠥᠲᠥᠭᠡᠨ ᠪᠠᠢ᠌ᠭᠤᠯᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠵᠠᠯᠭ᠋ᠠᠭ᠎ᠠ᠎ᠪᠠᠷ ᠳᠤᠷᠠᠳᠴᠤ᠂ ᠥᠪᠥᠷ ᠮᠣᠩᠭᠣᠯ᠎ᠳᠤ ᠠᠵᠢᠯᠯᠠᠭ᠋ᠠᠨ᠎ᠤ ᠬᠥᠲᠥᠯᠪᠦᠷᠢ ᠵᠢ ᠲᠣᠭᠲᠠᠭ᠋ᠠᠵᠤ᠂ ᠥᠪᠥᠷ ᠮᠣᠩᠭᠣᠯ᠎ᠤᠨ ᠣᠳᠣᠬᠢᠴᠢᠯᠠᠯᠲᠠ ᠵᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠵᠠᠩᠭᠢᠯᠠᠭ᠎ᠠ ᠵᠢᠨ ᠴᠢᠨᠠᠷᠲᠠᠶ ᠭᠠᠷᠳᠠᠴᠠ ᠪᠣᠯᠵᠠᠶ  ᠃
      ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠢ᠌ᠭᠤᠯᠬᠤ ᠲᠠᠯ᠎ᠠ᠎ᠪᠠᠷ᠂ ᠥᠪᠥᠷ ᠮᠣᠩᠭᠣᠯ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠲᠤᠷᠰᠢᠯᠲᠠ ᠵᠢᠨ ᠣᠷᠣᠨ᠎ᠢ ᠡᠭᠦᠳᠦᠨ ᠪᠠᠢ᠌ᠭᠤᠯᠬᠤ᠎ᠪᠠᠷ ᠭᠠᠷᠳᠠᠴᠠ ᠪᠣᠯᠭ᠋ᠠᠵᠤ᠂ ᠠᠷᠭ᠎ᠠ ᠬᠡᠯᠪᠡᠷᠢ᠎ᠪᠠᠨ ᠪᠣᠬᠢᠷᠲᠤᠯ ᠥᠬᠡᠶ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠵᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠣᠷᠭᠢᠯ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠯᠲᠠ ᠵᠢ ᠢᠳᠡᠪᠬᠢᠲᠡᠶ ᠯᠠᠪᠳᠠᠭᠤᠨ ᠵᠶ᠋ᠠᠷ ᠠᠬᠢᠭᠤᠯᠵᠤ᠂ ᠠᠮᠢ ᠠᠬᠤᠶ ᠵᠢᠨ ᠰᠢᠰᠲ᠋ᠧᠮ᠎ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠬᠤ ᠵᠢ ᠪᠡᠶᠡᠯᠡᠭᠦᠯᠵᠦ᠂ ᠪᠥᠬᠥ ᠣᠷᠣᠨ ᠪᠦᠰᠡ ᠵᠢᠨ ᠠᠮᠢ ᠠᠬᠤᠶ ᠵᠢᠨ ᠠᠮᠤᠷ ᠲᠦᠪᠰᠢᠨ᠎ᠤ ᠪᠠᠢ᠌ᠷᠢᠰᠢᠯ᠎ᠢ ᠪᠣᠶ ᠪᠣᠯᠭ᠋ᠠᠪᠠ  ᠃
      ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠥᠲᠥᠭᠡᠨ ᠪᠠᠢ᠌ᠭᠤᠯᠬᠤ ᠲᠠᠯ᠎ᠠ᠎ᠪᠠᠷ᠂ ᠥᠪᠥᠷ ᠮᠣᠩᠭᠣᠯ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠡᠷᠡᠰ ᠭᠤᠢ᠌ᠪᠢᠰᠢ ᠥᠬᠡᠶ ᠲᠤᠭᠤᠰᠢᠯᠠᠭᠤᠯᠵᠤ᠂ ᠤᠯᠤᠰ᠎ᠤᠨ ᠠᠮᠤᠷ ᠲᠦᠪᠰᠢᠨ᠎ᠤ ᠰᠢᠰᠲ᠋ᠧᠮ ᠪᠣᠯᠤᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠵᠤ᠂ ᠨᠡᠢ᠌ᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠨᠡᠢ᠌ᠭᠡᠮ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠦᠨᠳᠦᠰᠦᠲᠡᠨ᠎ᠤ ᠪᠦᠯᠬᠦᠮᠳᠡᠯ᠂ ᠨᠡᠢ᠌ᠭᠡᠮ᠎ᠤᠨ ᠡᠶ᠎ᠡ ᠵᠣᠬᠢᠴᠠᠩᠭᠤᠶ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ ᠰᠠᠢ᠌ᠨ ᠰᠠᠢ᠌ᠬᠠᠨ ᠪᠠᠢ᠌ᠳᠠᠯ᠎ᠢ ᠪᠥᠬᠥ ᠬᠦᠴᠦᠨ ᠵᠶ᠋ᠡᠷ ᠵᠶ᠋ᠡᠨ ᠬᠠᠮᠠᠭ᠋ᠠᠯᠠᠵᠤ᠂ ᠥᠪᠥᠷ ᠮᠣᠩᠭᠣᠯ᠎ᠤᠨ ᠲᠣᠭᠲᠠᠭᠤᠨ ᠵᠶ᠋ᠠᠷ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠨᠡᠢ᠌ᠰᠯᠡᠯ᠎ᠤᠨ ᠠᠮᠤᠷ ᠲᠦᠪᠰᠢᠨ᠎ᠢ ᠬᠠᠮᠠᠭ᠋ᠠᠯᠠᠪᠠ  ᠃
      ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢ᠌ᠭᠤᠯᠬᠤ ᠲᠠᠯ᠎ᠠ᠎ᠪᠠᠷ᠂ ᠥᠪᠥᠷ ᠮᠣᠩᠭᠣᠯ ᠡᠨᠧᠷᠭᠢ ᠵᠢᠨ ᠬᠤᠪᠢᠰᠬᠠᠯ᠎ᠢ ᠭᠦᠨᠵᠡᠭᠡᠶ ᠠᠬᠢᠭᠤᠯᠵᠤ᠂ ᠰᠢᠨ᠎ᠡ ᠡᠨᠧᠷᠭᠢ ᠵᠢᠨ ᠪᠥᠬᠥ ᠠᠵᠤ ᠦᠢᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ᠂ ᠡᠨᠧᠷᠭᠢ ᠦᠢᠯᠡᠳᠪᠦᠷᠢᠯᠡᠬᠦ ᠬᠠᠩᠭ᠋ᠠᠬᠤ ᠬᠠᠳᠠᠭ᠋ᠠᠯᠠᠬᠤ ᠪᠣᠷᠣᠯᠠᠭᠤᠯᠬᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠪᠠ  ᠃ ᠪᠣᠳᠠᠲᠠᠶ ᠠᠭᠤᠯᠭ᠎ᠠ᠎ᠳᠤ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠬᠡᠷᠡᠯ ᠴᠡᠨᠡᠭ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠪᠥᠬᠥ ᠤᠯᠤᠰ᠎ᠲᠤ ᠰᠢᠨ᠎ᠡ ᠡᠨᠧᠷᠭᠢ᠎ᠪᠠᠷ ᠭᠣᠤᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠤᠷᠢᠳ ᠵᠶ᠋ᠠᠷ ᠪᠠᠢ᠌ᠭᠤᠯᠤᠨ᠎ᠠ; ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠠᠷ ᠠᠰᠢᠭᠯᠠᠬᠤ ᠵᠢ ᠴᠢᠩᠭ᠋ᠠᠳᠬᠠᠵᠤ᠂ ᠲᠦᠯᠡᠰᠢ᠎ᠠᠴᠠ ᠲᠦᠭᠦᠬᠡᠢ ᠮᠠᠲ᠋ᠧᠷᠢᠶᠠᠯ᠂ ᠮᠠᠲ᠋ᠧᠷᠢᠶᠠᠯ᠂ ᠪᠦᠰ ᠮᠠᠲ᠋ᠧᠷᠢᠶᠠᠯ ᠬᠦᠷᠲᠡᠯ᠎ᠡ᠂ 《ᠨᠢᠭᠡ ᠬᠡᠰᠡᠭ ᠨᠡᠭᠦᠷᠡᠰᠦ》᠎ᠠᠴᠠ 《ᠨᠢᠭᠡ ᠪᠦᠬᠦᠯᠢ ᠪᠦᠰ》 ᠪᠤᠯᠵᠤ ᠬᠤᠪᠢᠷᠠᠬᠤ ᠵᠢ ᠪᠡᠶᠡᠯᠡᠭᠦᠯᠦᠨ᠎ᠡ; ᠬᠣᠪᠣᠷ ᠰᠢᠷᠣᠶ ᠵᠢᠨ ᠠᠵᠤ ᠦᠢᠯᠡᠰ᠎ᠤᠨ ᠬᠡᠯᠬᠢᠶ᠎ᠡ ᠵᠢ ᠬᠦᠴᠦᠷᠬᠡᠭᠵᠢᠭᠦᠯᠦᠨ᠂ ᠪᠦᠬᠦ ᠤᠯᠤᠰ᠎ᠤᠨ ᠬᠠᠮᠤᠭ᠎ᠤᠨ ᠶᠡᠬᠡ ᠬᠣᠪᠣᠷ ᠰᠢᠷᠣᠶ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠣᠯᠤᠨ ᠪᠦᠬᠦ ᠤᠯᠤᠰ᠎ᠲᠤ ᠲᠦᠷᠦᠭᠦᠯᠡᠭᠰᠡᠨ ᠬᠣᠪᠣᠷ ᠰᠢᠷᠣᠶ ᠵᠢᠨ ᠬᠡᠷᠡᠭᠯᠡᠭᠡᠨ᠎ᠤ ᠰᠠᠭᠤᠷᠢᠨ ᠭᠠᠵᠠᠷ ᠵᠡᠷᠭᠡ ᠵᠢ ᠪᠠᠢ᠌ᠭᠤᠯᠬᠤ ᠬᠡᠷᠡᠭᠲᠡᠶ  ᠃
      ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢ᠌ᠭᠤᠯᠬᠤ ᠲᠠᠯ᠎ᠠ᠎ᠪᠠᠷ᠂ ᠥᠪᠥᠷ ᠮᠣᠩᠭᠣᠯ 《ᠲᠣᠭ᠎ᠠ ᠬᠡᠮᠵᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠤᠨᠠᠯᠲᠠ ᠵᠢ ᠨᠡᠮᠡᠭᠳᠡᠭᠦᠯᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢ᠌ᠭᠤᠯᠤᠯᠲᠠ᠂ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠶ᠂ ᠲᠡᠵᠢᠭᠡᠯ ᠡᠪᠡᠰᠦᠨ᠎ᠤ ᠰᠠᠭᠤᠷᠢᠨ᠎ᠤ ᠪᠥᠲᠥᠭᠡᠨ ᠪᠠᠢ᠌ᠭᠤᠯᠤᠯᠲᠠ᠂ ᠦᠷ᠎ᠡ ᠵᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠂ ᠬᠦᠢᠲᠡᠨ ᠬᠡᠯᠬᠢᠶᠡᠲᠦ ᠲᠥᠬᠥᠭᠡᠷᠦᠮᠵᠢ ᠵᠢᠨ ᠪᠥᠲᠥᠭᠡᠨ ᠪᠠᠢ᠌ᠭᠤᠯᠤᠯᠲᠠ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ᠂ ᠲᠥᠷᠥᠯ ᠲᠡᠮᠳᠡᠭ᠎ᠢ ᠪᠣᠢ᠌ᠵᠢᠭᠤᠯᠬᠤ ᠵᠡᠷᠭᠡ ᠭᠣᠤᠯᠳᠠᠯᠭ᠎ᠠ᠎ᠲᠠᠢ ᠠᠵᠢᠯ᠎ᠢ ᠬᠦᠴᠦᠯᠡᠨ ᠰᠠᠢ᠌ᠲᠤᠷ ᠠᠳᠬᠤᠵᠤ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠰᠢᠰᠲ᠋ᠧᠮ᠎ᠢ ᠴᠢᠨᠠᠷ ᠰᠠᠢ᠌ᠲᠠᠶ ᠪᠠᠢ᠌ᠭᠤᠯᠵᠤ᠂ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ᠎ᠪᠠᠷ ᠴᠢᠩᠭ᠎ᠠ᠂ ᠠᠵᠤ ᠦᠢᠯᠡᠰ᠎ᠤᠨ ᠬᠡᠯᠬᠢᠶ᠎ᠡ ᠵᠢᠨ ᠤᠶᠠᠨ ᠬᠠᠲᠠᠨ ᠴᠢᠨᠠᠷ ᠵᠶ᠋ᠠᠷ ᠴᠢᠩᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠨᠣᠭ ᠲᠥᠬᠥᠭᠡᠷᠦᠮᠵᠢ ᠵᠢᠨ ᠲᠤᠯᠭ᠋ᠠᠭᠤᠷᠢᠯᠠᠯ ᠵᠶ᠋ᠠᠷ ᠴᠢᠩᠭ᠎ᠠ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠰᠢᠰᠲ᠋ᠧᠮᠵᠢ᠎ᠪᠠᠷ ᠴᠢᠩᠭ᠎ᠠ  ᠃
      ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠥᠲᠥᠭᠡᠨ ᠪᠠᠢ᠌ᠭᠤᠯᠬᠤ᠎ᠳᠤ᠂ ᠥᠪᠥᠷ ᠮᠣᠩᠭᠣᠯ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠢ ᠴᠣᠭᠴᠠᠯᠠᠬᠤ ᠴᠢᠬᠤᠯᠠ ᠵᠠᠩᠭᠢᠯᠠᠭ᠎ᠠ ᠵᠢᠨ ᠴᠡᠭ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠤᠰ ᠣᠷᠴᠢᠯ᠎ᠢ ᠴᠣᠭᠴᠠᠯᠠᠬᠤ ᠪᠠᠢ᠌ᠯᠳᠤᠬᠤ ᠪᠣᠳᠣᠯᠭ᠎ᠠ ᠵᠢᠨ ᠲᠤᠯᠬᠤ ᠴᠡᠭ᠎ᠠᠴᠠ ᠡᠭᠦᠰᠴᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢ ᠶᠡᠬᠡ᠎ᠪᠠᠷ ᠠᠬᠢᠭᠤᠯᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢ ᠶᠡᠬᠡ᠎ᠪᠠᠷ ᠬᠥᠭᠵᠢᠭᠦᠯᠵᠦ᠂ ᠨᠡᠭᠡᠭᠡᠯᠲᠡᠲᠦ ᠪᠣᠭᠣᠮᠲᠠ᠂ ᠨᠡᠭᠡᠭᠡᠯᠲᠡᠲᠦ ᠵᠠᠮ᠎ᠢ ᠶᠡᠬᠡ᠎ᠪᠠᠷ ᠪᠥᠲᠥᠭᠡᠨ ᠪᠠᠢ᠌ᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠶᠡᠬᠡ᠎ᠪᠠᠷ ᠰᠢᠯᠢᠳᠡᠭᠵᠢᠭᠦᠯᠵᠦ᠂ ᠥᠷᠭᠡᠨ ᠬᠡᠪᠴᠢᠶᠡᠨ᠎ᠤ ᠪᠣᠭᠣᠮᠲᠠ ᠵᠢᠨ ᠠᠵᠤ ᠠᠬᠤᠶ ᠵᠢ ᠲᠦᠷᠭᠡᠳᠬᠡᠨ ᠬᠥᠭᠵᠢᠭᠦᠯᠵᠦ᠂ ᠥᠪᠥᠷ ᠮᠣᠩᠭᠣᠯ᠎ᠢ ᠳᠣᠲᠣᠭ᠋ᠠᠳᠤ ᠭᠠᠳᠠᠭ᠋ᠠᠳᠤ ᠵᠢ ᠬᠣᠯᠪᠣᠭᠰᠠᠨ᠂ ᠡᠷᠬᠢᠨ ᠲᠣᠭᠣᠷᠢᠨ᠎ᠢ ᠨᠥᠯᠥᠭᠡᠯᠡᠭᠰᠡᠨ᠂ ᠡᠬᠢ ᠪᠠᠶᠠᠯᠢᠭ᠎ᠢ ᠲᠥᠪᠯᠡᠷᠡᠭᠦᠯᠵᠦ ᠲᠠᠷᠬᠠᠭ᠋ᠠᠭᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠥᠬᠥ ᠣᠷᠣᠨ ᠪᠦᠰᠡ ᠵᠢᠨ ᠨᠡᠭᠡᠭᠡᠯᠲᠡ ᠵᠢᠨ ᠲᠠᠪᠴᠠᠩ ᠪᠣᠯᠭ᠋ᠠᠨ ᠪᠥᠲᠥᠭᠡᠨ ᠪᠠᠢ᠌ᠭᠤᠯᠪᠠ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠦᠰᠡᠯ ᠡᠷᠡᠮᠡᠯᠵᠡᠯ᠎ᠤᠨ ᠬᠡᠭᠡᠷ᠎ᠡ ᠲᠠᠯ᠎ᠠ
ᠥᠪᠥᠷ ᠮᠣᠩᠭᠣᠯ᠎ᠤᠨ 85 ᠬᠤᠪᠢ ᠰᠠᠨᠰᠠᠷ᠎ᠤᠨ ᠠᠶᠠᠯᠠᠯ᠎ᠤᠨ ᠦᠷ᠎ᠡ ᠪᠣᠢ᠌ᠵᠢᠭᠤᠯᠬᠤ ᠲᠤᠷᠰᠢᠯᠲᠠ ᠵᠢᠨ ᠮᠠᠲ᠋ᠧᠷᠢᠶᠠᠯ ᠭᠠᠵᠠᠷ᠎ᠤᠨ ᠭᠠᠳᠠᠷᠭᠤ᠎ᠳᠤ ᠪᠤᠴᠠᠵᠤ ᠢᠷᠡᠪᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠢᠷᠡᠭᠡᠳᠦᠶ ᠵᠢ ᠲᠡᠮᠡᠴᠡᠨ ᠣᠯᠬᠤ ᠵᠢᠨ ᠵᠠᠩᠭᠢᠯᠠᠭ᠎ᠠ ᠮᠥᠨ
ᠬᠣᠶᠠᠷ ᠰᠠᠯᠠᠭ᠎ᠠ ᠮᠥᠴᠢᠷ᠄ ᠡᠲᠡᠭᠡᠷ ᠣᠷᠣᠨ ᠪᠦᠰᠡ᠎ᠳᠤ ᠨᠢᠭᠡ ᠪᠦᠯᠦᠭ ᠳᠣᠤᠷ᠎ᠠ ᠨᠡᠭᠦᠷᠡᠰᠦᠲᠥ᠋ᠷᠥᠭᠴᠢᠲᠦ ᠣᠷᠣᠰᠢᠨ ᠰᠠᠭᠤᠬᠤ᠎ᠳᠤ ᠲᠣᠬᠢᠷᠠᠮᠵᠢᠲᠠᠶ ᠵᠢᠱ᠌ᠢᠶ᠎ᠡ ᠦᠵᠡᠭᠦᠯᠬᠦ ᠬᠣᠲᠠ ᠵᠢ ᠪᠥᠲᠥᠭᠡᠨ ᠪᠠᠢ᠌ᠭᠤᠯᠤᠨ᠎ᠠ
ᠲᠥᠪ ᠲᠧᠯᠸᠢᠰ᠎ᠤᠨ 《ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ》᠄ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ ᠵᠦᠭ ᠲᠣᠮᠣ ᠠᠯᠬᠤᠮ ᠵᠶ᠋ᠠᠷ ᠤᠷᠤᠭᠰᠢᠯᠠᠨ᠎ᠠ
 
            
Baidu
map