ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠬᠡᠷᠡᠭᠴᠡᠭᠡ ᠵᠢ ᠬᠠᠩᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠠᠵᠤ ᠠᠬᠤᠢ᠌ᠯᠠᠯ᠎ᠤᠨ ᠭᠣᠣᠯᠯᠠᠭᠴᠢ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠲᠤᠬᠠᠢ ᠶᠠᠷᠢᠪᠠ
ᠨᠡᠶ᠋ᠢᠲᠡᠯᠡᠭᠰᠡᠨ ᠴᠠᠭ᠄ 2022-12-31


    ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ 《ᠮᠠᠨ᠎ᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠪᠦᠬᠦ ᠲᠠᠯ᠎ᠠ᠎ᠳᠠᠬᠢ ᠰᠢᠨ᠎ᠡ ᠵᠢ ᠡᠭᠦᠳᠬᠦ ᠭᠣᠣᠯᠯᠠᠬᠤ ᠪᠠᠢ᠌ᠷᠢ ᠰᠠᠭᠤᠷᠢ ᠵᠢ ᠪᠠᠷᠢᠮᠲᠠᠯᠠᠨ᠎ᠠ》᠂ 《ᠰᠢᠨ᠎ᠡ ᠮᠠᠶᠢᠭ᠎ᠤᠨ ᠤᠯᠤᠰ ᠳᠠᠶᠠᠭ᠋ᠠᠷ᠎ᠤᠨ ᠪᠠᠢ᠌ᠭᠤᠯᠤᠯ᠎ᠢ ᠲᠡᠭᠦᠯᠳᠡᠷᠵᠢᠭᠦᠯᠦᠨ᠎ᠡ》᠂ 《ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠲᠦᠷᠭᠡᠪᠴᠢᠯᠡᠨ ᠬᠡᠷᠡᠭᠵᠢᠭᠦᠯᠦᠨ᠎ᠡ》᠂ 《ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠦᠨ᠎ᠡ》 ᠭᠡᠵᠦ ᠵᠢᠭ᠋ᠠᠵᠤ ᠭᠠᠷᠭ᠋ᠠᠪᠠ  ᠃ ᠡᠨᠡ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠪᠦᠬᠦ ᠲᠠᠯ᠎ᠠ ᠵᠢᠨ ᠴᠢᠨᠠᠷᠲᠠᠢ᠂ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ᠂ ᠪᠠᠷᠠᠯᠠᠬᠢᠯᠠᠯ᠎ᠤᠨ ᠴᠢᠨᠠᠷᠲᠠᠢ ᠠᠵᠢᠯᠯᠠᠭ᠋ᠠᠨ᠎ᠤ ᠬᠥᠲᠥᠯᠪᠦᠷᠢ ᠵᠢ ᠲᠥᠰᠦᠪᠯᠡᠵᠦ᠂ ᠴᠠᠭ ᠦᠶ᠎ᠡ᠎ᠠᠴᠠ ᠣᠯᠭᠣᠭᠰᠠᠨ ᠨᠡᠩ ᠥᠨᠳᠥᠷ ᠱᠠᠭ᠋ᠠᠷᠳᠠᠯᠭ᠎ᠠ ᠵᠢ ᠳᠤᠷᠠᠳᠤᠭᠰᠠᠨ ᠪᠠᠢ᠌ᠨ᠎ᠠ  ᠃
    ᠬᠣᠪᠣᠷ ᠰᠢᠷᠣᠶ ᠪᠣᠯ ᠮᠠᠨ᠎ᠤ ᠤᠯᠤᠰ᠎ᠤᠨ ᠪᠦᠬᠦ ᠪᠥᠮᠪᠥᠷᠴᠡᠭ᠎ᠤᠨ ᠥᠷᠢᠰᠥᠯᠳᠦᠬᠦ ᠬᠦᠴᠦᠨ ᠪᠦᠬᠦᠢ ᠪᠠᠢ᠌ᠯᠳᠤᠬᠤ ᠪᠣᠳᠣᠯᠭ᠎ᠠ ᠵᠢᠨ ᠴᠢᠬᠤᠯᠠ ᠡᠬᠢ ᠪᠠᠶᠠᠯᠢᠭ ᠪᠣᠯᠤᠨ᠎ᠠ᠂ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ (ᠪᠦᠯᠦᠭᠯᠡᠯ) (ᠳᠣᠷᠣᠭᠰᠢ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠭᠡᠵᠦ ᠲᠣᠪᠴᠢᠯᠠᠨ᠎ᠠ) ᠪᠤᠶ ᠪᠣᠯᠤᠭᠰᠠᠨ ᠡᠳᠦᠷ᠎ᠠᠴᠠ᠎ᠪᠠᠨ ᠡᠬᠢᠯᠡᠨ ᠪᠦᠭᠦᠳᠡ ᠨᠠᠢ᠌ᠷᠠᠮᠳᠠᠬᠤ ᠤᠯᠤᠰ᠎ᠤᠨ ᠬᠣᠪᠣᠷ ᠰᠢᠷᠣᠶ ᠵᠢᠨ ᠠᠵᠤ ᠦᠢ᠍ᠯᠡᠳᠪᠦᠷᠢ ᠵᠢ ᠬᠥᠭᠵᠢᠭᠦᠯᠦᠨ ᠮᠠᠨᠳᠤᠭᠤᠯᠬᠤ ᠲᠡᠦᠬᠡᠲᠦ ᠡᠭᠦᠷᠭᠡ ᠵᠢ ᠡᠭᠦᠷᠭᠡᠯᠡᠵᠦ ᠪᠠᠢ᠌ᠭ᠎ᠠ ᠶᠤᠮ  ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠪᠤᠭᠤᠲᠤ ᠵᠢᠨ ᠪᠤᠯᠤᠳ ᠲᠡᠮᠦᠷ᠎ᠤᠨ ᠪᠦᠯᠦᠭᠯᠡᠯ ᠡᠷᠬᠡᠪᠰᠢ ᠰᠢᠨ᠎ᠡ ᠵᠢ ᠡᠭᠦᠳᠬᠦ ᠡᠨᠡ ᠬᠦ᠌ ᠵᠠᠩᠭᠢᠯᠠᠭ᠎ᠠ ᠵᠢᠨ ᠬᠤᠪᠢᠰᠤᠭᠴᠢ ᠬᠡᠮᠵᠢᠭᠳᠡᠬᠦᠨ᠎ᠢ ᠴᠢᠩᠭ᠎ᠠ ᠠᠳᠬᠤᠵᠤ᠂ ᠤᠤᠯ᠎ᠤᠨ ᠳᠠᠪᠠᠭᠤᠯᠢᠭ᠎ᠲᠠᠭᠠᠨ ᠲᠦᠰᠢᠭᠯᠡᠨ᠂ ᠬᠥᠭᠵᠢᠯᠲᠡ ᠵᠢᠨ ᠳᠤᠲᠠᠭᠤᠳᠠᠯ ᠵᠶ᠋ᠠᠨ ᠨᠥᠬᠥᠪᠥᠷᠢᠯᠡᠵᠦ᠂ ᠮᠠᠨ᠎ᠤ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠴᠢᠬᠤᠯᠠ ᠶᠡᠬᠡ ᠬᠡᠷᠡᠭᠴᠡᠭᠡ ᠵᠢ ᠬᠠᠩᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ  ᠃
      ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠬᠦ᠂ ᠲᠠᠪᠴᠠᠩ᠎ᠢ ᠬᠠᠮᠲᠤ᠎ᠪᠠᠷ ᠪᠠᠢ᠌ᠭᠤᠯᠬᠤ ᠵᠢ ᠪᠠᠷᠢᠮᠲᠠᠯᠠᠵᠤ᠂ ᠬᠠᠮᠵᠢᠯᠴᠠᠨ ᠰᠢᠨ᠎ᠡ ᠵᠢ ᠡᠭᠦᠳᠬᠦ ᠠᠮᠢ ᠠᠬᠤᠶ ᠵᠢᠨ ᠬᠦᠷᠢᠶ᠎ᠡ ᠵᠢ ᠴᠣᠭᠴᠠᠯᠠᠨ᠎ᠠ  ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠣᠬᠢᠷᠠᠭᠤᠯᠵᠤ᠂ ᠳᠠᠪᠠᠭᠤᠯᠢᠭ ᠰᠢᠨ᠎ᠡ ᠵᠢ ᠡᠭᠦᠳᠬᠦ ᠲᠠᠪᠴᠠᠩ᠎ᠢ ᠡᠮᠬᠢᠯᠡᠨ ᠨᠡᠢ᠌ᠯᠡᠭᠦᠯᠵᠦ᠂ ᠤᠯᠤᠰ᠎ᠤᠨ ᠰᠢᠨ᠎ᠡ ᠮᠠᠲ᠋ᠧᠷᠢᠶᠠᠯ᠎ᠢ ᠰᠢᠯᠭ᠋ᠠᠨ ᠦᠨᠡᠯᠡᠬᠦ ᠲᠠᠪᠴᠠᠩ᠎ᠢ ᠥᠨᠳᠥᠷ ᠪᠠᠷᠢᠮᠵᠢᠶ᠎ᠠ᠎ᠪᠠᠷ ᠪᠠᠢ᠌ᠭᠤᠯᠵᠤ᠂ ᠤᠯᠤᠰ᠎ᠤᠨ ᠲᠠᠰ᠎ᠤᠨ ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ᠎ᠢ ᠪᠣᠳᠠᠲᠠᠢ᠌ᠵᠢᠭᠤᠯᠵᠤ᠂ ᠪᠠᠶᠠᠠᠠᠤᠪᠤᠭ᠎ᠠ ᠵᠢᠨ ᠬᠣᠪᠣᠷ ᠰᠢᠷᠣᠶ ᠵᠢᠨ ᠡᠬᠢ ᠪᠠᠶᠠᠯᠢᠭ᠎ᠢ ᠰᠤᠳᠤᠯᠬᠤ ᠪᠠ ᠶᠡᠷᠦᠩᠬᠡᠢ᠌ᠯᠡᠨ ᠠᠰᠢᠭᠯᠠᠬᠤ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠣᠯᠤᠨ ᠤᠯᠤᠰ᠎ᠤᠨ ᠢᠨᠵᠧᠨᠧᠷᠢᠩ᠎ᠤᠨ ᠰᠤᠳᠤᠯᠭ᠋ᠠᠨ᠎ᠤ ᠲᠥᠪ᠎ᠢ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠪᠣᠯᠭ᠋ᠠᠬᠤ᠎ᠪᠠᠷ ᠴᠢᠷᠮᠠᠢ᠌ᠪᠠ  ᠃ ᠡᠭᠦᠨ᠎ᠤ ᠬᠠᠮᠲᠤ᠂ ᠭᠣᠤᠯᠳᠠᠯᠭ᠎ᠠ᠎ᠲᠠᠢ ᠶᠡᠬᠡ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠯᠤᠭ᠎ᠠ ᠵᠢᠨ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠲᠠᠪᠴᠠᠩ᠎ᠢ ᠬᠠᠮᠲᠤ᠎ᠪᠠᠷ ᠪᠠᠢ᠌ᠭᠤᠯᠬᠤ᠂ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠂ ᠪᠠᠢ᠌ᠯᠳᠤᠬᠤ ᠪᠣᠳᠣᠯᠭ᠎ᠠ ᠵᠢ ᠬᠠᠮᠲᠤ᠎ᠪᠠᠷ ᠰᠤᠳᠤᠯᠬᠤ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠭᠦᠨᠵᠡᠭᠡᠶ ᠠᠭᠤᠰᠤᠯᠴᠠᠭᠤᠯᠤᠭᠰᠠᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠴᠢᠷᠮᠠᠢ᠌ᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷ ᠰᠠᠢ᠌ᠲᠠᠶ ᠡᠬᠢ ᠪᠠᠶᠠᠯᠢᠭ᠎ᠢ ᠲᠥᠪᠯᠡᠷᠡᠭᠦᠯᠵᠦ᠂ ᠬᠠᠮᠵᠢᠯᠴᠠᠨ ᠬᠥᠭᠵᠢᠬᠦ ᠰᠢᠪᠲᠤᠯᠤᠯᠲᠠ ᠵᠢ ᠪᠡᠶᠡᠯᠡᠭᠦᠯᠦᠨ᠎ᠡ  ᠃
      ᠤᠨᠢᠨ ᠳᠡᠭᠡᠷ᠎ᠡ᠎ᠨᠢ ᠬᠦᠴᠦᠯᠡᠬᠦ᠂ ᠬᠦᠴᠦ᠎ᠪᠠᠨ ᠲᠥᠪᠯᠡᠷᠡᠭᠦᠯᠦᠨ ᠪᠣᠭᠣᠮᠲᠠ ᠰᠢᠪᠲᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠦᠷ ᠳᠠᠯᠠᠢ᠌ᠴᠠᠲᠠᠢ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠢ  ᠃ ᠤᠢ᠍ᠢ᠍ᠷ᠎ᠠ ᠵᠢᠨ ᠬᠡᠳᠦᠨ ᠵᠢᠯ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠳᠤ᠂ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢᠨ ᠴᠢᠬᠤᠯᠠ ᠡᠭᠦᠷᠭᠡ ᠪᠣᠯ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠬᠦ ᠶᠠᠪᠤᠳᠠᠯ ᠪᠣᠯᠤᠨ᠎ᠠ᠂ ᠭᠣᠤᠯᠳᠠᠯᠭ᠎ᠠ᠎ᠲᠠᠢ ᠰᠢᠪᠲᠤᠯᠬᠤ ᠴᠢᠭᠯᠡᠯ᠎ᠢ ᠲᠣᠳᠣᠷᠬᠠᠢ᠌ᠯᠠᠨ᠎ᠠ᠂ ᠤᠯᠤᠰ᠎ᠤᠨ ᠴᠢᠬᠤᠯᠠ ᠶᠡᠬᠡ ᠢᠨᠵᠧᠨᠧᠷᠢᠩ᠎ᠢ ᠬᠦᠴᠦᠯᠡᠨ ᠰᠢᠢ᠍ᠳᠪᠦᠷᠢᠯᠡᠨ᠎ᠡ᠂ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠥᠭᠵᠢᠯᠲᠡ ᠵᠢᠨ ᠭᠣᠣᠯᠯᠠᠬᠤ ᠮᠠᠲ᠋ᠧᠷᠢᠶᠠᠯ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠠᠰᠠᠭᠤᠳᠠᠯ᠂ ᠠᠵᠤ ᠦᠢ᠍ᠯᠡᠰ᠎ᠤᠨ ᠬᠡᠯᠬᠢᠶ᠎ᠡ ᠵᠢ ᠳᠡᠭᠡᠳᠦ ᠳᠡᠰ ᠪᠣᠯᠭ᠋ᠠᠬᠤ ᠠᠰᠠᠭᠤᠳᠠᠯ᠎ᠤᠨ ᠲᠣᠭᠣᠷᠢᠨ᠎ᠳᠤ᠂ ᠬᠣᠰᠢᠭᠤᠷᠠᠯ ᠮᠡᠷᠭᠡᠵᠢᠯ᠎ᠤᠨ ᠪᠠᠢ᠌ᠷᠢᠯᠠᠭᠤᠯᠤᠯᠲᠠ ᠵᠢ ᠴᠢᠩᠭ᠋ᠠᠳᠬᠠᠨ᠎ᠠ᠂ ᠫᠷᠠᠽᠧᠣᠳᠢᠮ᠎ᠳᠤ ᠲᠡᠮᠦᠷᠯᠢᠭ ᠪᠣᠯᠪᠠᠰᠤᠷᠠᠭᠤᠯᠬᠤ᠂ ᠰᠣᠷᠢᠨᠵᠢᠨ ᠴᠢᠨᠠᠷᠲᠠᠶ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠤᠷᠲᠤᠳᠬᠠᠯ᠂ ᠯᠠᠨᠲ᠋ᠠᠨ ᠼᠧᠷᠢ ᠵᠢᠨ ᠬᠡᠷᠡᠭᠯᠡᠯᠲᠡ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢᠴᠢ ᠡᠨᠧᠷᠭᠢ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ ᠠᠰᠢᠭᠯᠠᠬᠤ᠂ ᠦᠢ᠍ᠯᠡᠳᠬᠦᠨ᠎ᠤ ᠦᠢ᠍ᠯᠡᠳᠬᠦ ᠦᠢ᠍ᠯᠡᠰ᠎ᠢ ᠪᠣᠬᠢᠷᠲᠤᠯ ᠦᠭᠡᠢ ᠪᠣᠯᠭ᠋ᠠᠬᠤ ᠪᠠ ᠤᠶᠤᠨᠴᠢᠯᠠᠬᠤ ᠵᠡᠷᠭᠡ ᠬᠦᠷᠢᠶᠡᠨ᠎ᠳᠤ ᠨᠢᠭᠡ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠵᠦᠢ᠍ᠯᠡᠰ᠎ᠢ ᠬᠡᠷᠡᠭᠵᠢᠭᠦᠯᠦᠨ᠎ᠡ᠂ ᠨᠢᠭᠡ ᠪᠦᠯᠦᠭ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠢ ᠰᠢᠪᠲᠤᠯᠤᠨ᠎ᠠ᠂ ᠨᠢᠭᠡ ᠪᠦᠯᠦᠭ ᠴᠢᠨᠠᠷ ᠰᠠᠢ᠌ᠲᠠᠶ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠪᠡᠶᠡᠯᠡᠭᠦᠯᠦᠨ᠎ᠡ᠂ ᠬᠣᠪᠣᠷ ᠰᠢᠷᠣᠶ ᠵᠢᠨ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠠᠵᠤ ᠦᠢᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠢ ᠪᠠᠲᠤᠯᠠᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ  ᠃
    ᠤᠷᠮᠠᠰᠢᠭᠤᠯᠤᠨ ᠵᠢᠯᠣᠭᠣᠳᠬᠤ᠂ ᠡᠷᠬᠡ ᠣᠯᠭᠣᠵᠤ ᠴᠢᠳᠠᠮᠵᠢ ᠣᠯᠭᠣᠬᠤ ᠵᠢ ᠪᠠᠷᠢᠮᠲᠠᠯᠠᠵᠤ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢᠨ ᠰᠢᠨ᠎ᠡ ᠵᠠᠮ᠎ᠢ ᠨᠡᠭᠡᠭᠡᠨ᠎ᠡ  ᠃ ᠤᠢ᠍ᠢ᠍ᠷ᠎ᠠ ᠵᠢᠨ ᠵᠢᠯ᠎ᠠᠴᠠ᠂ ᠪᠦ᠋ᠦ ᠭᠠᠩ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠭᠡᠷᠡᠴᠢᠯᠡᠯᠲᠡ ᠵᠢᠨ ᠵᠢᠱ᠌ᠢᠢ᠎ᠡ ᠦᠵᠡᠭᠦᠯᠬᠦ ᠠᠵᠢᠯᠯᠠᠭ᠎ᠠ》 ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠢᠵᠠᠭ᠋ᠠᠷᠯᠠᠵᠤ ᠪᠠᠢ᠌ᠭ᠎ᠠ ᠠᠯᠢᠪᠠ ᠦᠵᠡᠯ ᠰᠠᠨᠠᠭ᠋ᠠᠨ᠎ᠤ ᠬᠠᠷᠰᠢ ᠰᠠᠭ᠋ᠠᠳ ᠪᠣᠯᠤᠨ ᠲᠦᠷᠢᠮ᠎ᠤᠨ ᠬᠠᠯᠬᠠᠪᠴᠢ ᠵᠢ ᠡᠪᠳᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢ ᠠᠬᠤᠢ ᠵᠢ ᠰᠠᠢ᠌ᠵᠢᠷᠠᠭᠤᠯᠵᠤ᠂ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ  ᠃ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠨ᠂ 《ᠰᠠᠮᠪᠠᠷ᠎ᠠ ᠰᠡᠬᠦᠵᠦ ᠮᠠᠩᠯᠠᠢ᠌ᠯᠠᠭᠤᠯᠬᠤ》 ᠲᠦᠷᠢᠮ᠎ᠢ ᠬᠡᠷᠡᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠬᠢᠭᠡᠳ ᠰᠢᠨ᠎ᠡ ᠵᠢ ᠡᠭᠦᠳᠬᠦ ᠬᠡᠯᠬᠢᠶ᠎ᠡ ᠵᠢᠨ ᠭᠦᠨᠵᠡᠭᠡᠢ ᠠᠭᠤᠰᠤᠯᠳᠤᠯ᠎ᠢ ᠠᠬᠢᠭᠤᠯᠤᠨ᠂ ᠠᠵᠤ ᠦᠢ᠍ᠯᠡᠰ᠎ᠤᠨ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠪᠠ ᠠᠮᠢᠳᠤᠯᠢᠭ ᠬᠦᠴᠦᠨ᠎ᠢ ᠨᠡᠮᠡᠷᠢᠯᠡᠨ᠎ᠡ; ᠰᠲ᠋ᠣᠺ᠎ᠤᠨ ᠡᠷᠬᠡ ᠵᠢᠨ ᠤᠷᠮᠠᠰᠢᠭᠤᠯᠤᠯ ᠪᠠ ᠵᠠᠬ᠎ᠠ ᠳᠡᠯᠭᠡᠭᠦᠷᠴᠢᠯᠡᠭᠰᠡᠨ ᠦᠷ᠎ᠡ ᠠᠰᠢᠭ᠎ᠢ ᠬᠤᠪᠢᠶᠠᠨ ᠡᠳ᠋ᠯᠡᠬᠦ ᠤᠷᠮᠠᠰᠢᠭᠤᠯᠤᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂ PVC ᠢᠯᠴᠢ ᠵᠢᠨ ᠲᠣᠭᠲᠠᠪᠤᠷᠢᠵᠢᠭᠤᠯᠤᠭᠴᠢ ᠡᠳ᠋᠂ ᠬᠣᠪᠣᠷ ᠰᠢᠷᠣᠶ ᠵᠢᠨ ᠢᠯᠴᠢ ᠵᠢᠨ ᠬᠠᠯᠬᠠᠪᠴᠢ ᠵᠢᠨ ᠳᠠᠪᠬᠤᠷᠭ᠎ᠠ ᠵᠡᠷᠭᠡ ᠭᠣᠤᠯᠳᠠᠯᠭ᠎ᠠ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨ᠎ᠡ ᠥᠷᠲᠡᠭ᠎ᠢ ᠦᠨᠡᠯᠡᠨ ᠵᠢᠱ᠌ᠢᠬᠦ ᠵᠢ ᠠᠬᠢᠭᠤᠯᠵᠤ᠂ ᠰᠲ᠋ᠣᠺ᠎ᠤᠨ ᠡᠷᠬᠡ ᠵᠢᠨ ᠤᠷᠮᠠᠰᠢᠭᠤᠯᠤᠯ᠎ᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨ᠎ᠡ ᠵᠢ ᠡᠭᠦᠳᠬᠦ ᠬᠠᠯᠠᠭᠤᠨ ᠰᠡᠳᠬᠢᠯᠭᠡ ᠵᠢ ᠬᠥᠭᠵᠢᠭᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠵᠠᠭᠤᠨ ᠣᠩᠭᠣᠴᠠ ᠦᠷᠢᠰᠦᠯᠳᠦᠨ ᠤᠷᠤᠭᠰᠢᠯᠠᠬᠤ᠂ ᠠᠵᠤ ᠦᠢᠯᠡᠰ᠎ᠢ ᠬᠤᠪᠢᠷᠠᠭᠤᠯᠬᠤ᠎ᠳᠤ ᠴᠡᠴᠡᠭ ᠪᠦᠬᠦᠨ᠎ᠢ ᠵᠡᠷᠭᠡ᠎ᠪᠠᠷ ᠳᠡᠯᠭᠡᠷᠡᠭᠦᠯᠬᠦ ᠰᠠᠢ᠌ᠨ ᠰᠠᠢ᠌ᠬᠠᠨ ᠪᠠᠢ᠌ᠳᠠᠯ᠎ᠢ ᠪᠣᠶ ᠪᠣᠯᠭ᠋ᠠᠬᠤ ᠵᠢ ᠠᠬᠢᠭᠤᠯᠤᠨ᠎ᠠ  ᠃
    ᠨᠢᠭᠡ ᠯᠡ ᠬᠡᠪᠰᠢᠯ᠎ᠳᠤ ᠪᠠᠷᠢᠭᠳᠠᠬᠤ ᠥᠬᠡᠶ᠂ ᠡᠷᠳᠡᠮᠲᠡᠨ ᠮᠡᠷᠭᠡᠳ᠎ᠢ ᠬᠥᠲᠥᠯᠥᠨ ᠳᠠᠭ᠋ᠠᠭᠤᠯᠵᠤ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠴᠢᠳᠠᠪᠤᠷᠢᠲᠠᠨ᠎ᠤ ᠬᠥᠭᠵᠢᠯᠲᠡ ᠵᠢ ᠬᠥᠭᠵᠢᠭᠡᠨ᠎ᠡ  ᠃ ᠪᠦ᠋ᠦ ᠭᠠᠩ ᠦᠷᠭᠦᠯᠵᠢᠯᠡᠨ ᠳᠤᠮᠳᠠ ᠪᠠᠷᠠᠭᠤᠨ ᠣᠷᠣᠨ᠎ᠤ ᠪᠣᠳᠠᠲᠤ ᠪᠠᠢ᠌ᠳᠠᠯ᠎ᠳᠤ ᠰᠠᠭᠤᠷᠢᠯᠠᠵᠤ᠂ ᠳᠡᠯᠡᠬᠡᠢ ᠳ᠋ᠠᠬᠢᠨ᠎ᠤ ᠴᠢᠳᠠᠪᠤᠷᠢᠲᠠᠨ᠎ᠢ ᠴᠤᠭᠯᠠᠭᠤᠯᠤᠨ ᠬᠡᠷᠡᠭᠯᠡᠬᠦ ᠵᠢ ᠪᠠᠷᠢᠮᠲᠠᠯᠠᠵᠤ᠂ ᠪᠦᠬᠦ ᠪᠥᠮᠪᠥᠷᠴᠡᠭ᠎ᠲᠤ ᠬᠠᠨᠳᠤᠭᠤᠯᠤᠨ ᠳᠡᠭᠡᠳᠦ ᠲᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠰᠣᠩᠭᠣᠨ ᠤᠷᠢᠵᠤ᠂ ᠳ᠋ᠣᠺᠲ᠋ᠣᠷ ᠠᠰᠫᠢᠷᠠᠨᠲ ᠵᠡᠷᠭᠡ ᠳᠡᠭᠡᠳᠦ ᠲᠡᠰ᠎ᠤᠨ ᠴᠢᠳᠠᠪᠤᠷᠢᠲᠠᠨ᠎ᠢ ᠪᠠᠢ᠌ᠩᠭᠤᠵᠢᠭᠤᠯᠤᠨ ᠣᠷᠣᠭᠤᠯᠤᠨ ᠠᠪᠴᠢᠷᠠᠬᠤ᠂ ᠵᠢᠩᠬᠢᠨᠢ ᠠᠩᠭᠢ ᠵᠢᠴᠢ ᠠᠰᠫᠢᠷᠠᠨᠲ ᠵᠡᠷᠭᠡ ᠰᠠᠭᠤᠷᠢ ᠴᠢᠳᠠᠪᠤᠷᠢᠲᠠᠨ᠎ᠢ ᠵᠢᠷᠤᠮᠵᠢᠭᠤᠯᠤᠨ ᠣᠷᠣᠭᠤᠯᠤᠨ ᠠᠪᠴᠢᠷᠠᠬᠤ ᠵᠢ ᠪᠡᠶᠡᠯᠡᠭᠦᠯᠬᠦ ᠬᠡᠷᠡᠭᠲᠡᠢ; ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠴᠢᠳᠠᠪᠤᠷᠢᠲᠠᠨ᠎ᠢ ᠳᠡᠪᠰᠢᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠴᠢᠳᠠᠪᠤᠷᠢᠲᠠᠨ᠎ᠢ ᠬᠥᠮᠦᠵᠢᠭᠦᠯᠬᠦ ᠢᠵᠢ ᠪᠦᠷᠢᠳᠦᠬᠦᠯᠬᠦ ᠪᠡᠯᠡ ᠮᠥᠩᠭᠥ ᠬᠠᠩᠭ᠋ᠠᠵᠤ᠂ ᠨᠢᠭᠡ ᠪᠦᠯᠦᠭ ᠳᠡᠯᠡᠬᠡᠢ ᠵᠢᠨ ᠬᠢᠷᠢ ᠲᠦᠪᠰᠢᠨ ᠪᠦᠬᠦᠢ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠭ᠋ᠠᠭᠤᠯᠤᠬ᠍ᠴᠢ ᠴᠢᠳᠠᠪᠤᠷᠢᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ ᠪᠠ ᠰᠢᠨ᠎ᠡ ᠵᠢ ᠡᠭᠦᠳᠬᠦ ᠪᠦᠯᠬᠦᠮ᠎ᠢ ᠬᠥᠮᠦᠵᠢᠭᠦᠯᠦᠨ᠎ᠡ  ᠃ ᠣᠳᠣᠬᠠᠨ᠎ᠳᠤ᠂ ᠪᠦ᠋ᠦ ᠭᠠᠩ ᠶᠠᠭ ᠬᠥᠮᠦᠨ ᠰᠣᠩᠭᠣᠵᠤ ᠬᠥᠮᠦᠨ ᠬᠡᠷᠡᠭᠯᠡᠬᠦ ᠲᠣᠭᠲᠠᠴᠠ ᠵᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠪᠣᠯᠤᠨ ᠪᠦᠯᠬᠦᠮ ᠨᠢᠭᠡᠴᠢ ᠵᠢᠨ ᠬᠣᠣᠰ ᠭᠡᠷᠡᠲᠦ ᠬᠠᠮᠢᠶᠠᠷᠤᠯᠲᠠ ᠵᠢ ᠠᠬᠢᠭᠤᠯᠵᠤ᠂ ᠵᠦᠷᠢᠶᠡᠴᠢᠯᠡᠭᠰᠡᠨ ᠴᠠᠯᠢᠩ ᠣᠯᠭᠣᠮᠵᠢ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ ᠰᠡᠳᠬᠢᠯ ᠠᠮᠤᠷ ᠵᠶ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠬᠠᠮᠢᠶᠠᠷᠤᠯᠲᠠ ᠵᠢᠨ ᠠᠵᠢᠯᠳᠠᠨ ᠦᠨᠡᠨ ᠰᠡᠳᠬᠢᠯ᠎ᠠᠴᠠ᠎ᠪᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠦᠢ᠍ᠯᠡᠴᠢᠯᠡᠬᠦ᠂ ᠡᠵᠡᠩᠨᠡᠯᠲᠡ ᠵᠢᠨ ᠪᠦᠯᠬᠦᠮ ᠵᠶ᠋ᠡᠷ ᠵᠶ᠋ᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠨᠠᠷ ᠰᠠᠢ᠌ᠲᠠᠢ ᠬᠥᠭᠵᠢᠯᠲᠡ ᠵᠢᠨ ᠣᠷᠴᠢᠨ ᠲᠣᠭᠣᠷᠢᠨ᠎ᠢ ᠪᠦᠷᠢᠯᠳᠦᠭᠦᠯᠬᠦ ᠪᠣᠯᠤᠨ᠎ᠠ  ᠃

ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠮᠠᠨ᠎ᠤ ᠤᠯᠤᠰ᠎ᠤᠨ ᠬᠠᠮᠤᠭ᠎ᠤᠨ ᠣᠷᠳᠣ 《ᠤᠰᠤᠲᠥ᠋ᠷᠥᠭᠴᠢ ᠡᠨᠧᠷᠭᠢ ᠵᠢᠨ ᠬᠣᠩᠭᠢᠯ》᠎ᠢ ᠪᠠᠢ᠌ᠭᠤᠯᠬᠤ᠎ᠪᠠᠷ ᠪᠣᠶ
ᠬᠥᠬᠡᠬᠣᠲᠠ᠄ ᠠᠺᠠᠳᠧᠮᠢᠴᠢ ᠵᠢᠨ ᠡᠬᠢ ᠪᠠᠶᠠᠯᠢᠭ᠎ᠢ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ ᠪᠠᠢ᠌ᠨ᠎ᠠ
ᠬᠣᠪᠣᠷ ᠰᠢᠷᠣᠢ ᠵᠢᠨ ᠡᠬᠢ ᠪᠠᠶᠠᠯᠢᠭ᠎ᠢ ᠥᠨᠳᠥᠷ ᠦᠷᠳᠡᠭ᠎ᠲᠠᠢ ᠠᠰᠢᠭᠯᠠᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠬᠠᠷᠢᠭᠤᠴᠠᠯᠭ᠋ᠠᠲᠠᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠲᠤᠬᠠᠢ ᠶᠠᠷᠢᠪᠠ
ᠡᠷᠬᠡ ᠵᠢ ᠳᠣᠷᠣᠭᠰᠢ ᠪᠠᠭᠤᠯᠭ᠋ᠠᠨ ᠬᠦᠯᠢᠶᠡᠰᠦ ᠵᠢ ᠰᠤᠯᠠᠷᠠᠭᠤᠯᠵᠤ ᠳᠠᠷᠤᠭ᠋ᠠᠰᠤ ᠵᠢ ᠬᠥᠩᠭᠡᠷᠡᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ 《ᠬᠤᠷᠳᠤᠳᠬᠠᠯ》᠎ᠢ ᠭᠠᠷᠭ᠋ᠠᠪᠠ
ᠲᠠᠰᠤᠷᠠᠯᠲᠠ ᠦᠭᠡᠢ ᠰᠢᠨ᠎ᠡ ᠵᠢ ᠡᠭᠦᠳᠴᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠍ᠯᠠᠯ᠎ᠤᠨ ᠬᠥᠭᠵᠢᠯᠲᠡ ᠵᠢ ᠳᠠᠬᠢᠨ ᠰᠢᠨ᠎ᠡ ᠳᠡᠭᠲᠡᠷ᠎ᠲᠤ ᠭᠠᠷᠭ᠋ᠠᠪᠠ
 
            
Baidu
map