ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠬᠥᠬᠡᠬᠣᠲᠠ᠄ ᠠᠺᠠᠳᠧᠮᠢᠴᠢ ᠵᠢᠨ ᠡᠬᠢ ᠪᠠᠶᠠᠯᠢᠭ᠎ᠢ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2022-12-31


    ᠣᠷᠴᠢᠮ᠎ᠤᠨ ᠵᠢᠯ᠂ ᠬᠥᠬᠡᠬᠣᠲᠠ 《ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠬᠣᠲᠠ᠎ᠪᠠᠨ ᠮᠠᠨᠳᠤᠭᠤᠯᠬᠤ᠂ ᠴᠢᠳᠠᠪᠤᠷᠢᠲᠠᠨ ᠵᠶ᠋ᠠᠷ ᠬᠣᠲᠠ᠎ᠪᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ᠂ ᠴᠢᠳᠠᠪᠤᠷᠢᠲᠠᠨ᠎ᠢ ᠲᠠᠲᠠᠬᠤ ᠲᠥᠷᠥ ᠵᠢᠨ ᠪᠣᠳᠣᠯᠭ᠎ᠠ ᠵᠢᠨ 10 ᠵᠤᠷᠪᠤᠰ ᠪᠠ ᠲᠥᠬᠥᠷ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ ᠨᠡᠢ᠌ᠲᠡᠯᠡᠨ᠎ᠡ᠂ ᠭᠤᠷᠪᠠᠨ ᠬᠤᠭᠤᠴᠠᠭ᠋ᠠᠨ᠎ᠤ 《ᠰᠢᠨ᠎ᠡ ᠵᠢ ᠡᠭᠦᠳᠬᠦ ᠬᠥᠬᠡᠬᠣᠲᠠ》 ᠠᠺᠠᠳᠧᠮᠢᠴᠢ ᠵᠢᠨ ᠶᠠᠷᠢᠶᠠᠨ᠎ᠤ ᠲᠠᠪᠴᠠᠩ ᠢ ᠦᠷᠭᠦᠯᠵᠢᠯᠡᠨ ᠡᠷᠬᠢᠯᠡᠨᠡᠮ᠂ ᠬᠣᠶᠠᠷ ᠬᠤᠭᠤᠴᠠᠭ᠋ᠠᠨ᠎ᠤ 《ᠠᠺᠠᠳᠧᠮᠢᠴᠢ ᠵᠢᠨ ᠬᠥᠬᠡᠬᠣᠲᠠ ᠵᠢᠨ ᠠᠶᠠᠯᠠᠯ》᠎ᠤᠨ ᠠᠵᠢᠯᠯᠠᠭ᠎ᠠ᠂ ᠠᠺᠠᠳᠧᠮᠢᠴᠢ ᠲᠤᠰᠬᠠᠶ ᠮᠡᠷᠭᠡᠵᠢᠯᠲᠡᠨ ᠵᠶ᠋ᠡᠷ ᠲᠥᠯᠥᠭᠡᠯᠡᠭᠦᠯᠦᠭᠰᠡᠨ ᠨᠢᠭᠡ ᠪᠦᠯᠦᠭ ᠳᠡᠭᠡᠳᠦ ᠲᠠᠰ᠎ᠤᠨ ᠴᠢᠳᠠᠪᠤᠷᠢᠲᠠᠨ᠎ᠢ ᠲᠡᠳᠡᠨ ᠠᠪᠴᠢᠷᠠᠵᠠᠶ᠂ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ 6 ᠪᠠᠢ᠌ᠭᠤᠯᠬᠤ ᠵᠢ ᠠᠬᠢᠭᠤᠯᠤᠨ᠎ᠠ᠂ ᠲᠥᠷᠥᠯ ᠵᠦᠢᠯ ᠪᠠ ᠲᠠᠪᠴᠠᠩ᠎ᠳᠤ ᠲᠦᠰᠢᠭᠯᠡᠨ ᠠᠺᠠᠳᠧᠮᠢᠴᠢ 20 ᠬᠥᠮᠦᠨ᠎ᠢ ᠤᠶᠠᠨ ᠬᠠᠲᠠᠨ ᠵᠶ᠋ᠠᠷ ᠣᠷᠣᠭᠤᠯᠤᠨ ᠠᠪᠴᠢᠷᠠᠵᠠᠶ᠂ ᠨᠡᠷᠡᠲᠦ ᠮᠡᠷᠭᠡᠵᠢᠯᠲᠡᠨ᠎ᠤ ᠪᠦᠯᠬᠦᠮ 100 ᠭᠠᠷᠤᠶ ᠬᠥᠮᠦᠨ᠂ ᠭᠣᠣᠯᠳᠠᠯᠭ᠎ᠠ᠎ᠲᠠᠢ ᠬᠦᠷᠢᠶᠡᠨ᠎ᠳᠤ ᠠᠺᠠᠳᠧᠮᠢᠴᠢ ᠲᠤᠰᠬᠠᠢ ᠮᠡᠷᠭᠡᠵᠢᠯᠲᠡᠨ᠎ᠤ ᠬᠠᠮᠲᠤᠷᠠᠯᠴᠠᠭ᠋ᠠᠨ᠎ᠤ 20 ᠭᠠᠷᠤᠢ ᠲᠦᠷᠦᠯ ᠵᠦᠢ᠍ᠯ᠎ᠢ ᠬᠡᠷᠡᠭᠵᠢᠭᠦᠯᠪᠡ᠂ ᠪᠠᠢ᠌ᠯᠳᠤᠬᠤ ᠪᠣᠳᠣᠯᠭ᠎ᠠ ᠵᠢᠨ ᠵᠥᠪᠯᠡᠯᠭᠡ ᠥᠷᠨᠢᠭᠦᠯᠬᠦ᠎ᠪᠠᠷ ᠳᠠᠮᠵᠢᠨ᠂ ᠬᠠᠮᠲᠤᠷᠠᠭᠰᠠᠨ ᠮᠡᠷᠭᠡᠵᠢᠯ᠎ᠤᠨ ᠪᠡᠷᠬᠡ ᠰᠡᠳᠦᠪ᠂ ᠰᠢᠨ᠎ᠡ ᠵᠢ ᠡᠭᠦᠳᠬᠦ ᠲᠠᠪᠴᠠᠩ᠎ᠢ ᠬᠠᠮᠲᠤ᠎ᠪᠠᠷ ᠪᠠᠢ᠌ᠭᠤᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠡᠷᠭᠡ ᠠᠷᠭ᠎ᠠ ᠮᠠᠶᠢᠭ᠂ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠪᠦᠯᠬᠦᠮ᠎ᠢ ᠲᠡᠳᠡᠨ ᠴᠤᠭᠯᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠥᠷᠭᠡᠨ ᠵᠶ᠋ᠡᠷ ᠥᠷᠨᠢᠭᠦᠯᠪᠡ᠂ ᠦᠷ᠎ᠡ ᠪᠦᠲᠦᠮᠵᠢ ᠢᠯᠡᠷᠬᠡᠶ  ᠃
      ᠠᠺᠠᠳᠧᠮᠢᠴᠢ ᠲᠤᠰᠬᠠᠶ ᠮᠡᠷᠭᠡᠵᠢᠯᠲᠡᠨ᠎ᠤ ᠡᠬᠢ ᠪᠠᠶᠠᠯᠢᠭ᠎ᠢ ᠨᠠᠩ ᠰᠠᠢ᠌ᠲᠤᠷ ᠣᠷᠣᠭᠤᠯᠤᠨ ᠠᠪᠴᠢᠷᠠᠵᠤ᠂ ᠠᠵᠤ ᠠᠬᠤᠢ᠌ᠯᠠᠯ ᠠᠵᠢᠯ ᠦᠢᠯᠡᠰ᠎ᠤᠨ ᠨᠢᠭᠡᠴᠢ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠬᠥᠬᠡᠬᠣᠲᠠ ᠰᠢᠨ᠎ᠡ ᠮᠠᠲ᠋ᠧᠷᠢᠶᠠᠯ᠂ ᠠᠮᠢᠲᠠᠨ᠎ᠤ ᠬᠦᠪᠦᠷᠡᠯ᠎ᠤᠨ ᠢᠨᠵᠧᠨᠧᠷᠢᠩ᠂ ᠡᠯᠧᠺᠲᠷᠣᠨ ᠮᠡᠳᠡᠭᠡ ᠵᠠᠩᠭᠢ᠂ ᠬᠢᠲᠠᠳ ᠮᠣᠩᠭᠣᠯ ᠡᠮ ᠡᠮᠨᠡᠯᠭᠡ ᠵᠡᠷᠭᠡ ᠭᠣᠤᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ ᠵᠢ 6 ᠪᠠᠢ᠌ᠭᠤᠯᠬᠤ ᠵᠢ ᠠᠬᠢᠭᠤᠯᠪᠠ  ᠃ ᠡᠭᠦᠨ᠎ᠳᠤ᠂ ᠬᠤ᠌ ᠸᠧᠨ ᠷᠦᠢ ᠠᠺᠠᠳᠧᠮᠢᠴᠢ ᠵᠢ ᠣᠷᠣᠭᠤᠯᠤᠨ ᠠᠪᠴᠢᠷᠠᠭᠰᠠᠨ ᠬᠠᠭ᠋ᠠᠰ ᠳᠠᠮᠵᠢᠭᠤᠯᠤᠭᠴᠢ ᠮᠠᠲ᠋ᠧᠷᠢᠶᠠᠯ᠎ᠤᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ᠂ ᠥᠷᠨᠢᠭᠦᠯᠦᠭᠰᠡᠨ ᠭᠤᠷᠪᠠᠳᠤᠭ᠋ᠠᠷ ᠦᠶ᠎ᠡ ᠵᠢᠨ ᠬᠠᠭ᠋ᠠᠰ ᠳᠠᠮᠵᠢᠭᠤᠯᠤᠭᠴᠢ ᠮᠠᠲ᠋ᠧᠷᠢᠶᠠᠯ᠎ᠤᠨ ᠨᠡᠭᠦᠷᠡᠰᠦᠲᠥ᠋ᠷᠥᠭᠴᠢᠲᠦ ᠴᠠᠬᠢᠭᠤᠷ᠎ᠤᠨ ᠢᠷᠣᠭ᠋ᠠᠷ᠎ᠤᠨ ᠤᠷ᠎ᠠ ᠮᠡᠷᠭᠡᠵᠢᠯ ᠵᠢᠴᠢ ᠵᠠᠩᠭᠢᠯᠠᠭ᠎ᠠ ᠵᠢᠨ ᠲᠥᠬᠥᠭᠡᠷᠦᠮᠵᠢ ᠰᠤᠳᠤᠯᠤᠨ ᠨᠡᠭᠡᠭᠡᠵᠦ᠂ ᠤᠯᠤᠰ᠎ᠤᠨ ᠴᠢᠬᠤᠯᠠ ᠶᠡᠬᠡ 《ᠪᠣᠭᠣᠮᠢ》 ᠨᠡᠭᠦᠷᠡᠰᠦᠲᠥ᠋ᠷᠥᠭᠴᠢᠲᠦ ᠴᠠᠬᠢᠭᠤᠷ᠎ᠤᠨ ᠲᠠᠯᠠᠰᠲᠤ ᠥᠰᠥᠯᠲᠡ ᠵᠢᠨ ᠮᠡᠷᠭᠡᠵᠢᠯ᠎ᠤᠨ ᠲᠠᠯ᠎ᠠ᠎ᠪᠠᠷ ᠭᠠᠳᠠᠭ᠋ᠠᠳᠤ ᠵᠢᠨ ᠮᠡᠷᠭᠡᠵᠢᠯ᠎ᠤᠨ ᠭᠠᠭᠴᠠᠭ᠋ᠠᠷ ᠡᠵᠡᠮᠰᠢᠯ᠎ᠢ ᠡᠪᠳᠡᠵᠦ᠂ ᠨᠢᠭᠡᠨᠲᠡ 2 ᠢᠨᠴ᠎ᠤᠨ ᠨᠡᠭᠦᠷᠡᠰᠦᠲᠥ᠋ᠷᠥᠭᠴᠢᠲᠦ ᠴᠠᠬᠢᠭᠤᠷ᠎ᠢ ᠲᠤᠷᠰᠢᠨ ᠦᠢᠯᠡᠳᠪᠦᠷᠢᠯᠡᠵᠦ᠂ ᠣᠳᠣᠬᠠᠨ᠎ᠳᠤ 4 ᠢᠨᠴ᠎ᠤᠨ ᠨᠡᠭᠦᠷᠡᠰᠦᠲᠥ᠋ᠷᠥᠭᠴᠢᠲᠦ ᠴᠠᠬᠢᠭᠤᠷ᠎ᠤᠨ ᠥᠰᠥᠯᠲᠡ ᠵᠢᠨ ᠤᠷ᠎ᠠ ᠮᠡᠷᠭᠡᠵᠢᠯ᠎ᠢ ᠰᠢᠯᠢᠳᠡᠭᠵᠢᠭᠦᠯᠦᠨ ᠰᠤᠳᠤᠯᠤᠨ ᠨᠡᠭᠡᠭᠡᠪᠡ  ᠃ ᠵᠠᠩ ᠶᠦᠩ ᠠᠺᠠᠳᠧᠮᠢᠴᠢ ᠵᠢᠨ ᠬᠡᠷ᠎ᠤᠨ ᠲᠡᠵᠢᠭᠡᠪᠦᠷᠢ ᠵᠢᠨ ᠡᠭᠦᠯᠳᠡᠷ᠎ᠤᠨ ᠡᠬᠢ ᠪᠠᠶᠠᠯᠢᠭ ᠪᠣᠯᠤᠨ ᠬᠦᠪᠦᠷᠡᠯ᠎ᠤᠨ ᠠᠮᠢᠳᠤ ᠪᠣᠳᠠᠰ᠎ᠤᠨ ᠢᠨᠵᠧᠨᠧᠷᠢᠩ᠎ᠤᠨ ᠮᠡᠷᠭᠡᠵᠢᠯ᠎ᠤᠨ ᠬᠠᠮᠲᠤᠷᠠᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ ᠵᠢ ᠣᠷᠣᠭᠤᠯᠤᠨ ᠠᠪᠴᠢᠷᠠᠵᠤ᠂ ᠴᠢᠨᠠᠷ ᠰᠠᠢ᠌ᠲᠠᠶ ᠥᠨᠳᠥᠷ ᠤᠨᠠᠯᠲᠠ᠎ᠲᠠᠢ ᠦᠬᠡᠷ ᠬᠣᠨᠢᠨ᠎ᠤ ᠡᠭᠦᠯᠳᠡᠷ᠎ᠤᠨ ᠡᠬᠢ ᠪᠠᠶᠠᠯᠢᠭ᠎ᠢ ᠡᠭᠦᠳᠦᠨ ᠪᠦᠲᠦᠭᠡᠬᠦ ᠪᠠ ᠠᠰᠢᠭᠯᠠᠬᠤ ᠵᠢᠨ ᠲᠣᠭᠣᠷᠢᠨ᠎ᠳᠤ᠂ ᠮᠣᠩᠭᠣᠯ᠎ᠤᠨ ᠥᠨᠳᠥᠷᠯᠢᠭ᠎ᠤᠨ ᠣᠨᠴᠠᠭ᠋ᠠᠶ ᠬᠡᠷ᠎ᠤᠨ ᠲᠡᠵᠢᠭᠡᠪᠦᠷᠢ ᠵᠢᠨ ᠤᠳᠤᠮᠯᠠᠯ᠎ᠤᠨ ᠡᠬᠢ ᠪᠠᠶᠠᠯᠢᠭ᠎ᠢ ᠠᠭᠤᠳᠠᠯᠤᠨ ᠠᠰᠢᠭᠯᠠᠵᠤ᠂ ᠨᠢᠭᠡᠨᠲᠡ 88 ᠪᠡᠯᠡᠳᠬᠡᠯ ᠰᠠᠭ᠋ᠠᠯᠢ ᠵᠢᠨ ᠦᠨᠢᠶ᠎ᠡ ᠡᠭᠦᠯᠳᠡᠷ᠎ᠤᠨ ᠪᠤᠬ᠎ᠠ ᠵᠢ ᠪᠣᠢ᠌ᠵᠢᠭᠤᠯᠤᠭᠰᠠᠨ ᠪᠥᠭᠡᠳ ᠳᠡᠯᠡᠬᠡᠶ ᠳᠡᠭᠡᠷᠡᠬᠢ ᠠᠩᠬᠠᠳᠠᠭᠴᠢ 《ᠮᠣᠩᠭᠣᠯ᠎ᠤᠨ ᠥᠨᠳᠥᠷᠯᠢᠭ᠎ᠤᠨ ᠠᠮᠢᠲᠠᠨ᠎ᠤ ᠤᠳᠤᠮᠯᠠᠯ᠎ᠤᠨ ᠡᠬᠢ ᠪᠠᠶᠠᠯᠢᠭ᠎ᠤᠨ ᠬᠥᠮᠥᠷᠭᠡ ᠬᠢᠭᠡᠳ ᠮᠡᠳᠡᠭᠡ ᠵᠠᠩᠭᠢ ᠵᠢᠨ ᠲᠠᠪᠴᠠᠩ》᠎ᠢ ᠠᠩᠬ᠎ᠠ ᠠᠯᠬᠤᠮ ᠪᠦᠷᠢᠯᠳᠦᠭᠦᠯᠪᠡ  ᠃ ᠵᠣᠣ ᠫᠧᠩ ᠳ᠋ᠡ ᠠᠺᠠᠳᠧᠮᠢᠴᠢ ᠵᠢ ᠣᠷᠣᠭᠤᠯᠤᠨ ᠠᠪᠴᠢᠷᠠᠭᠰᠠᠨ ᠭᠠᠵᠠᠷ ᠵᠦᠶ ᠵᠢᠨ ᠮᠡᠳᠡᠭᠡ ᠵᠠᠩᠭᠢ ᠵᠢᠴᠢ ᠭᠠᠵᠠᠷ ᠵᠦᠶ ᠵᠢᠨ ᠬᠡᠮᠵᠢᠯᠲᠡ ᠵᠢᠨ ᠠᠯᠤᠰ ᠰᠡᠷᠡᠯ᠎ᠤᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ᠎ᠨᠢ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠡᠬᠢ ᠪᠠᠶᠠᠯᠢᠭ᠎ᠤᠨ ᠬᠠᠢ᠌ᠨ ᠪᠠᠢ᠌ᠴᠠᠭ᠋ᠠᠯᠲᠠ᠂ ᠤᠰᠤᠨ ᠵᠦᠶ ᠵᠢᠨ ᠬᠢᠨᠠᠨ ᠬᠡᠮᠵᠢᠯᠲᠡ ᠵᠡᠷᠭᠡ ᠬᠦᠷᠢᠶᠡᠨ᠎ᠳᠤ ᠳᠣᠬᠢᠭᠤᠷ ᠲᠤᠯᠤᠭ᠋ᠠᠨ ᠣᠲᠣ ᠠᠵᠤ ᠦᠢᠯᠡᠰ᠎ᠢ ᠳᠡᠯᠭᠡᠷᠡᠭᠦᠯᠦᠨ ᠬᠡᠷᠡᠭᠯᠡᠬᠦ ᠪᠠ ᠰᠡᠳᠦᠪ᠎ᠤᠨ ᠰᠤᠳᠤᠯᠭ᠋ᠠᠨ᠎ᠢ ᠭᠦᠨᠵᠡᠭᠡᠶ ᠥᠷᠨᠢᠭᠦᠯᠦᠭᠰᠡᠨ ᠪᠥᠭᠡᠳ ᠣᠷᠣᠨ᠎ᠤ ᠳᠣᠲᠣᠷᠠᠬᠢ ᠠᠩᠬᠠᠳᠠᠭᠴᠢ ᠳᠣᠬᠢᠭᠤᠷ ᠲᠤᠯᠤᠭ᠋ᠠᠨ ᠣᠲᠣ ᠵᠠᠮᠴᠢᠯᠠᠭ᠎ᠠ ᠵᠢᠨ ᠠᠵᠤ ᠦᠢ᠌ᠯᠡᠰᠵᠢᠯᠲᠡ ᠵᠢᠨ ᠬᠡᠷᠡᠭᠯᠡᠭᠡᠨ᠎ᠤ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮᠵᠢ ᠵᠢ ᠪᠠᠢ᠌ᠭᠤᠯᠵᠤ᠂ ᠮᠠᠨ᠎ᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠦᠢᠯᠡᠴᠢᠯᠡᠭᠡᠨ᠎ᠤ ᠴᠢᠳᠠᠪᠤᠷᠢ ᠵᠢᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠠᠬᠢᠭᠤᠯᠪᠠ  ᠃ ᠮᠣᠩᠭᠣᠯ ᠤᠯᠤᠰ᠎ᠤᠨ ᠳ᠋᠊ ᠴᠡᠷᠡᠩᠳᠠᠸᠠ ᠠᠺᠠᠳᠧᠮᠢᠴᠢ ᠵᠢ ᠣᠷᠣᠭᠤᠯᠤᠨ ᠠᠪᠴᠢᠷᠠᠭᠰᠠᠨ ᠮᠣᠩᠭᠣᠯ ᠡᠮᠨᠡᠯᠭᠡ ᠵᠢᠨ ᠶᠠᠰᠤᠨ᠎ᠤ ᠡᠳ᠋ ᠰᠡᠢ᠌ᠷᠡᠭᠵᠢᠬᠦ ᠵᠢ ᠡᠮᠨᠡᠨ ᠵᠠᠰᠠᠬᠤ ᠣᠯᠠᠨ ᠤᠯᠤᠰ᠎ᠤᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ᠎ᠨᠢ ᠮᠣᠩᠭᠣᠯ ᠡᠮ ᠡᠮᠨᠡᠯᠭᠡ ᠵᠢᠨ ᠠᠩᠬᠠᠨ᠎ᠤ ᠡᠭᠦᠰᠦᠯ᠎ᠤᠨ ᠴᠢᠨᠠᠷᠲᠠᠶ ᠶᠠᠰᠤᠨ᠎ᠤ ᠡᠳ᠋ ᠰᠡᠢ᠌ᠷᠡᠭᠵᠢᠬᠦ ᠵᠢ ᠡᠮᠨᠡᠨ ᠵᠠᠰᠠᠬᠤ ᠲᠠᠬᠤᠯ ᠡᠪᠡᠳᠴᠢᠨ᠎ᠤ ᠰᠤᠳᠤᠯᠤᠯ᠎ᠤᠨ ᠰᠤᠳᠤᠯᠤᠯ ᠪᠠ 《ᠭᠠᠸᠠᠳᠤᠩᠭ᠋ᠠᠯᠠᠭ 5》 ᠡᠯᠢᠭᠡᠨ ᠴᠢᠨᠠᠷᠲᠠᠶ ᠶᠠᠰᠤᠨ᠎ᠤ ᠡᠪᠡᠳᠴᠢᠨ᠎ᠢ ᠡᠮᠨᠡᠨ ᠵᠠᠰᠠᠬᠤ ᠡᠮᠴᠢᠯᠡᠭᠡᠨ᠎ᠤ ᠰᠤᠳᠤᠯᠤᠯ᠎ᠢ ᠥᠷᠨᠢᠭᠦᠯᠵᠦ᠂ 《ᠮᠣᠩᠭᠣᠯ ᠡᠮᠨᠡᠯᠭᠡ ᠵᠢᠨ ᠶᠠᠰᠤᠨ᠎ᠤ ᠡᠪᠡᠳᠴᠢᠨ᠎ᠢ ᠣᠨᠣᠰᠢᠯᠠᠨ ᠵᠠᠰᠠᠬᠤ ᠲᠤᠯᠭᠤᠷ ᠪᠢᠴᠢᠭ᠎ᠤᠨ ᠡᠮᠬᠢᠳᠬᠡᠯ》᠎ᠢ ᠨᠢᠭᠡᠨᠲᠡ ᠬᠡᠪᠯᠡᠭᠦᠯᠵᠦ᠂ ᠮᠠᠨ᠎ᠤ ᠣᠷᠣᠨ᠎ᠤ ᠮᠣᠩᠭᠣᠯ ᠡᠮ ᠡᠮᠨᠡᠯᠭᠡ ᠵᠢᠨ ᠡᠮᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠪᠡ  ᠃ ᠤᠷᠤᠰ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠶᠸᠷᠸᠢᠢ᠍ᠶᠸᠹ ᠠᠺᠠᠳᠧᠮᠢᠴᠢ ᠵᠢ ᠣᠷᠣᠭᠤᠯᠤᠨ ᠠᠪᠴᠢᠷᠠᠭᠰᠠᠨ ᠲᠣᠭ᠋ᠠᠴᠢᠯᠠᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ᠎ᠤ ᠠᠵᠢᠯᠯᠠᠬᠤ ᠦᠷᠳᠡᠭᠡ᠎ᠨᠢ ᠵᠣᠬᠢᠶᠠᠮᠠᠯ ᠤᠶᠤᠨ ᠴᠢᠳᠠᠪᠤᠷᠢ ᠵᠢᠨ ᠰᠢᠢ᠍ᠳᠪᠦᠷᠢᠲᠦ ᠪᠤᠳᠤᠯᠭ᠎ᠠ ᠵᠢᠨ ᠳᠡᠮᠵᠢᠯᠭᠡ ᠵᠢᠨ ᠲᠠᠪᠴᠠᠩ᠎ᠤᠨ ᠲᠠᠯ᠎ᠠ ᠵᠢᠨ ᠮᠡᠷᠭᠡᠵᠢᠯ᠎ᠤᠨ ᠬᠦᠴᠢᠷ ᠠᠰᠠᠭᠤᠳᠠᠯ᠎ᠳᠤ ᠭᠣᠣᠯᠳᠠᠯᠭ᠎ᠠ᠎ᠲᠠᠢ ᠴᠢᠭᠯᠡᠭᠦᠯᠵᠦ᠂ ᠨᠢᠭᠡᠨᠲᠡ ᠪᠣᠳᠠᠲᠠᠢ ᠲᠦᠷᠦᠯ ᠵᠦᠢ᠍ᠯ᠎ᠤᠨ ᠵᠢᠯᠤᠭᠤᠳᠤᠯᠭ᠎ᠠ ᠥᠷᠨᠢᠭᠦᠯᠵᠦ᠂ ᠠᠵᠤ ᠠᠬᠤᠢ᠌ᠯᠠᠯ᠎ᠤᠨ ᠤᠶᠤᠨᠴᠢᠯᠠᠬᠰᠠᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠴᠢᠷᠮᠠᠢ᠌ᠵᠤ ᠪᠠᠢ᠌ᠨ᠎ᠠ  ᠃ ᠰᠢᠩᠭ᠋ᠠᠫᠣᠷ᠎ᠤᠨ ᠯᠢᠳᠧ ᠠᠺᠠᠳᠧᠮᠢᠴᠢ ᠵᠢ ᠣᠷᠣᠭᠤᠯᠤᠨ ᠠᠪᠴᠢᠷᠠᠭᠰᠠᠨ ᠤᠶᠤᠨᠲᠤ ᠬᠣᠲᠠ ᠵᠢᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ᠎ᠨᠢ ᠭᠣᠤᠯᠳᠠᠭᠤ ᠤᠶᠤᠨᠲᠤ ᠬᠣᠲᠠ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠢ᠌ᠲ᠋ᠠ᠂ ᠡᠭᠦᠯᠡᠨ ᠪᠤᠳᠤᠯᠲᠠ ᠵᠡᠷᠭᠡ᠎ᠪᠠᠷ ᠭᠣᠤᠯᠯᠠᠭᠤᠯᠤᠨ ᠮᠡᠷᠭᠡᠵᠢᠯ᠎ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠵᠢ ᠥᠷᠨᠢᠭᠦᠯᠵᠦ᠂ ᠪᠥᠬᠥ ᠣᠷᠣᠨ᠎ᠤ ᠬᠣᠲᠠ ᠵᠢᠨ ᠬᠠᠮᠢᠶᠠᠷᠤᠯᠲᠠ ᠵᠢᠨ ᠤᠶᠤᠨᠴᠢᠯᠠᠯᠲᠠ᠂ ᠤᠶᠤᠨᠴᠢᠯᠠᠯᠲᠠ ᠪᠠ ᠰᠢᠨᠵᠢᠯᠡᠬᠦ ᠤᠬᠠᠭ᠋ᠠᠨᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ  ᠃
    ᠬᠥᠬᠡᠬᠣᠲᠠ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠪᠣᠢ᠌ᠵᠢᠭᠤᠯᠬᠤ ᠪᠠ ᠭᠣᠤᠯᠳᠠᠯᠭ᠎ᠠ᠎ᠲᠠᠢ ᠠᠵᠤ ᠦᠢᠯᠡᠰ᠎ᠤᠨ ᠬᠥᠭᠵᠢᠯᠲᠡ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠠᠪᠴᠠᠩ᠎ᠤᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠪᠦᠯᠬᠦᠮ᠎ᠢ ᠣᠷᠣᠭᠤᠯᠤᠨ ᠠᠪᠴᠢᠷᠠᠬᠤ ᠵᠢ ᠳᠡᠮᠵᠢᠵᠦ ᠪᠠᠢ᠌ᠨ᠎ᠠ  ᠃ ᠤᠯᠤᠰ᠎ᠤᠨ ᠰᠦᠨ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠨᠢᠭᠡᠨᠲᠡ ᠵᠠᠰᠠᠭ ᠶᠠᠪᠤᠭᠤᠯᠬᠤ ᠠᠺᠠᠳᠧᠮᠢᠴᠢ ᠵᠢ ᠤᠷᠢᠵᠤ ᠮᠡᠷᠭᠡᠵᠢᠯ᠎ᠤᠨ ᠵᠥᠪᠯᠡᠯᠭᠡ ᠥᠭᠬᠦ ᠵᠥᠪᠯᠡᠯ᠎ᠤᠨ ᠡᠷᠬᠢᠯᠡᠭᠴᠢ ᠵᠢᠨ ᠲᠤᠰᠢᠶᠠᠯ᠎ᠢ ᠡᠭᠦᠷᠭᠡᠯᠡᠭᠦᠯᠪᠡ᠂ ᠲᠡᠷᠡᠴᠢᠯᠡᠨ ᠴᠠᠭ᠋ᠠᠨ ᠢᠳᠡᠭᠡᠨ᠎ᠤ ᠠᠵᠤ ᠦᠢᠯᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠨ᠎ᠳᠠᠬᠢ ᠡᠷᠬᠡ ᠰᠦᠷᠲᠦ ᠠᠺᠠᠳᠧᠮᠢᠴᠢ ᠲᠤᠰᠬᠠᠶ ᠮᠡᠷᠭᠡᠵᠢᠯᠲᠡᠨ ᠵᠠᠩ ᠶᠦᠩ᠎ᠢ ᠤᠷᠢᠵᠤ᠂ ᠰᠦᠨ ᠪᠦ᠋ᠦ ᠭᠦᠸᠧ ᠨᠡᠷ ᠤᠯᠤᠰ᠎ᠤᠨ ᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ 4 ᠰᠤᠳᠤᠯᠭ᠋ᠠᠨ᠎ᠤ ᠬᠤᠪᠢᠶᠠᠷᠢ ᠲᠥᠪ᠎ᠢ ᠲᠦᠷᠦᠭᠦᠯᠡᠨ ᠪᠠᠢ᠌ᠭᠤᠯᠪᠠ᠂ ᠣᠳᠣᠬᠠᠨ᠎ᠳᠤ ᠰᠤᠳᠤᠯᠭ᠋ᠠᠨ᠎ᠤ ᠲᠥᠪ᠎ᠤᠨ ᠡᠷᠬᠢᠯᠡᠭᠴᠢ ᠵᠢ ᠤᠷᠢᠨ ᠲᠣᠮᠢᠯᠠᠬᠤ᠎ᠪᠠᠷ ᠳᠠᠮᠵᠢᠭᠤᠯᠤᠨ᠂ ᠮᠡᠷᠭᠡᠵᠢᠯ᠎ᠤᠨ ᠵᠥᠪᠳᠡᠯᠭᠡ ᠵᠢᠨ ᠵᠥᠪᠯᠡᠯ ᠪᠠ ᠲᠤᠰᠬᠠᠶ ᠮᠡᠷᠭᠡᠵᠢᠯᠲᠡᠨ᠎ᠤ ᠵᠥᠪᠯᠡᠯ᠎ᠤᠨ ᠡᠷᠬᠢᠯᠡᠭᠴᠢ᠂ ᠭᠡᠰᠢᠭᠦᠳ ᠵᠡᠷᠭᠡ ᠬᠡᠯᠪᠡᠷᠢ᠎ᠪᠠᠷ 9 ᠠᠺᠠᠳᠧᠮᠢᠴᠢ ᠪᠣᠯᠤᠨ 80 ᠭᠠᠷᠤᠢ ᠠᠵᠢᠯ ᠲᠦᠷᠦᠯ᠎ᠤᠨ ᠲᠤᠰᠬᠠᠢ ᠮᠡᠷᠭᠡᠵᠢᠯᠲᠡᠨ᠎ᠤ ᠪᠦᠯᠬᠦᠮ᠎ᠢ ᠴᠤᠭᠯᠠᠷᠠᠭᠤᠯᠵᠠᠢ᠂ ᠥᠨᠳᠥᠷ ᠲᠦᠪᠰᠢᠨ ᠪᠦᠬᠦᠢ ᠬᠠᠮᠵᠢᠯᠴᠠᠨ ᠰᠢᠨ᠎ᠡ ᠵᠢ ᠡᠭᠦᠳᠬᠦ ᠵᠢ ᠥᠷᠨᠢᠭᠦᠯᠪᠡ᠂ ᠰᠦ ᠰᠠᠭ᠋ᠠᠯᠢ ᠵᠢᠨ ᠦᠢᠯᠡᠰ᠎ᠤᠨ ᠦᠢᠯᠡᠰ᠎ᠤᠨ 《ᠪᠣᠭᠣᠮᠢ》 ᠪᠣᠯᠬᠤ ᠵᠠᠩᠭᠢᠯᠠᠭ᠎ᠠ ᠵᠢᠨ ᠮᠡᠷᠭᠡᠵᠢᠯ᠎ᠢ ᠰᠢᠪᠲᠤᠯᠬᠤ ᠲᠠᠯ᠎ᠠ᠎ᠪᠠᠷ ᠨᠢᠭᠡᠨᠲᠡ ᠠᠯᠢ ᠣᠯᠠᠨ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠪᠠ᠂ ᠪᠦᠬᠦ ᠤᠯᠤᠰ᠎ᠤᠨ ᠰᠦᠨ ᠦᠢᠯᠡᠰ᠎ᠤᠨ ᠬᠥᠭᠵᠢᠯᠲᠡ᠎ᠳᠤ ᠪᠠᠢ᠌ᠯᠳᠤᠬᠤ ᠪᠣᠳᠣᠯᠭ᠎ᠠ ᠵᠢᠨ ᠰᠢᠨᠵᠢᠯᠡᠭᠡ ᠮᠡᠷᠭᠡᠵᠢᠯ᠎ᠤᠨ ᠬᠦᠴᠦᠨ᠎ᠢ ᠬᠠᠩᠬᠠᠵᠠᠶ  ᠃ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠦᠷ᠎ᠡ ᠵᠢᠨ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠨᠢ ᠯᠠᠨᠵᠧᠦ ᠶᠡᠬᠡ ᠰᠤᠷᠭ᠋ᠠᠭᠤᠯᠢ ᠵᠢᠨ ᠡᠮᠦᠨᠡᠲᠦ ᠵᠢᠨ ᠲᠡᠮᠳᠡᠭ᠎ᠲᠠᠢ ᠠᠺᠠᠳᠧᠮᠢᠴᠢ ᠵᠢᠨ ᠲᠤᠰᠬᠠᠶ ᠮᠡᠷᠭᠡᠵᠢᠯᠲᠡᠨ᠎ᠤ ᠪᠦᠯᠬᠦᠮ ᠨᠡᠢ᠌ᠲᠡ ᠵᠢ ᠣᠷᠣᠭᠤᠯᠤᠨ ᠠᠪᠴᠢᠷᠠᠵᠤ᠂ ᠤᠯᠤᠰ᠎ᠤᠨ ᠡᠪᠡᠰᠦᠨ᠎ᠤ ᠦᠷ᠎ᠡ ᠵᠢᠨ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠢᠳᠡᠪᠬᠢᠲᠡᠶ ᠡᠭᠦᠳᠦᠨ ᠪᠠᠢ᠌ᠭᠤᠯᠵᠤ᠂ 《ᠥᠪᠥᠷ ᠮᠣᠩᠭᠣᠯ᠎ᠤᠨ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠠᠮᠲᠤᠷᠠᠭᠰᠠᠨ ᠲᠤᠷᠰᠢᠯᠲᠠ ᠵᠢᠨ ᠲᠠᠰᠤᠭ》᠎ᠢ ᠬᠠᠮᠲᠤ᠎ᠪᠠᠷ ᠪᠠᠢ᠌ᠭᠤᠯᠬᠤ ᠵᠢᠨ ᠬᠠᠮᠲᠤ 2022 ᠣᠨ᠎ᠤ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠦᠢᠯᠡᠰ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢᠯ 《ᠨᠤᠲᠤᠭ᠎ᠤᠨ ᠴᠢᠬᠤᠯᠠ ᠡᠭᠦᠯᠳᠡᠷ ᠪᠣᠢ᠌ᠵᠢᠭᠤᠯᠬᠤ ᠰᠢᠨ᠎ᠡ ᠮᠡᠷᠭᠡᠵᠢᠯ᠎ᠢ ᠰᠤᠳᠤᠯᠤᠨ ᠨᠡᠭᠡᠭᠡᠬᠦ ᠪᠠ ᠰᠢᠨ᠎ᠡ ᠡᠭᠦᠯᠳᠡᠷ᠎ᠢ ᠪᠣᠢ᠌ᠵᠢᠭᠤᠯᠤᠨ ᠳᠡᠯᠭᠡᠷᠡᠭᠦᠯᠬᠦ》 ᠵᠢ ᠠᠮᠵᠢᠯᠲᠠ᠎ᠲᠠᠢ ᠨᠡᠢ᠌ᠲᠡᠯᠡᠵᠦ᠂ ᠨᠢᠭᠡ ᠪᠦᠯᠦᠭ ᠨᠤᠲᠤᠭ᠎ᠤᠨ ᠡᠪᠡᠰᠦᠨ᠎ᠤ ᠦᠷ᠎ᠡ ᠵᠢᠨ ᠦᠢᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠦᠷ᠎ᠡ ᠵᠢᠨ ᠦᠢᠯᠡᠰ᠎ᠤᠨ ᠰᠢᠨ᠎ᠡ ᠵᠢ ᠡᠭᠦᠳᠬᠦ ᠴᠢᠳᠠᠪᠤᠷᠢ ᠪᠠ ᠭᠣᠤᠯᠯᠠᠬᠤ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠪᠡ  ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠸᠠᠺᠼᠢᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠨᠢ ᠨᠢᠭᠡᠨᠲᠡ ᠴᠧᠨ ᠷᠦᠨ ᠱᠧᠩ ᠠᠺᠠᠳᠧᠮᠢᠴᠢ ᠵᠢ ᠣᠷᠣᠭᠤᠯᠤᠨ ᠠᠪᠴᠢᠷᠠᠵᠤ᠂ ᠪᠡᠭᠡᠵᠢᠩ᠎ᠳᠤ ᠠᠮᠢᠲᠠᠨ᠎ᠤ RNA ᠸᠠᠺᠼᠢᠨ᠎ᠤ ᠬᠠᠮᠲᠤᠷᠠᠨ ᠰᠢᠨ᠎ᠡ ᠵᠢ ᠡᠭᠦᠳᠬᠦ ᠲᠥᠪ᠎ᠢ ᠡᠭᠦᠳᠦᠨ ᠪᠠᠢ᠌ᠭᠤᠯᠵᠤ᠂ ᠡᠭᠡᠯᠢᠯᠡᠭᠡ ᠵᠢᠨ ᠤᠤᠯ᠎ᠤᠨ ᠵᠢᠷᠤᠵᠤ ᠲᠥᠯᠥᠪᠯᠡᠬᠦ ᠲᠠᠪᠴᠠᠩ᠂ RNA ᠳᠠᠮᠵᠢᠭᠤᠯᠤᠨ ᠬᠦᠷᠭᠡᠬᠦ ᠲᠠᠪᠴᠠᠩ ᠵᠡᠷᠭᠡ 4 ᠲᠠᠪᠴᠠᠩ᠎ᠢ ᠭᠣᠤᠯᠳᠠᠯᠭ᠎ᠠ᠎ᠲᠠᠢ ᠪᠠᠢ᠌ᠭᠤᠯᠵᠤ᠂ ᠰᠢᠯᠦᠬᠡᠶ ᠡᠪᠡᠳᠴᠢᠨ᠎ᠤ mRNA ᠸᠠᠺᠼᠢᠨ᠂ ᠬᠥᠬᠡ ᠴᠢᠬᠢ ᠡᠪᠡᠳᠴᠢᠨ᠎ᠤ mRNA ᠸᠠᠺᠼᠢᠨ ᠵᠡᠷᠭᠡ 4 ᠸᠠᠺᠼᠢᠨ᠎ᠢ ᠰᠤᠳᠤᠯᠤᠨ ᠨᠡᠭᠡᠭᠡᠬᠦ᠎ᠪᠠᠷ ᠪᠠᠢ᠌ᠨ᠎ᠠ  ᠃
    ᠵᠢᠷᠭᠤᠭ᠋ᠠᠨ ᠶᠡᠬᠡ ᠠᠵᠤ ᠦᠢᠯᠡᠰ᠎ᠤᠨ ᠭᠣᠤᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ ᠵᠢᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ ᠬᠥᠬᠡᠬᠣᠲᠠ ᠠᠵᠤ ᠦᠢᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠰᠢᠨ᠎ᠡ ᠵᠢ ᠡᠭᠦᠳᠬᠦ ᠬᠡᠯᠬᠢᠶ᠎ᠡ ᠵᠢ ᠪᠠᠢ᠌ᠷᠢᠯᠠᠭᠤᠯᠵᠤ᠂ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠪᠦᠯᠬᠦᠮ ᠨᠡᠢ᠌ᠲᠡ᠎ᠲᠠᠢ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠴᠢᠨᠠᠷ ᠰᠠᠢ᠌ᠲᠠᠶ ᠠᠵᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠬᠠᠩᠭ᠋ᠠᠯᠭ᠎ᠠ ᠵᠢ ᠴᠢᠩᠭ᠋ᠠᠳᠬᠠᠵᠤ᠂ ᠠᠵᠤ ᠦᠢᠯᠡᠰ᠎ᠤᠨ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠵᠢ ᠲᠦᠷᠭᠡᠳᠬᠡᠵᠦ᠂ ᠨᠢᠭᠡ ᠪᠦᠯᠦᠭ ᠠᠵᠢᠯ ᠲᠥᠷᠥᠯ᠎ᠤᠨ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠳᠤ ᠰᠢᠪᠲᠤᠯᠤᠯᠲᠠ ᠬᠢᠵᠦ᠂ ᠣᠷᠣᠨ ᠨᠤᠲᠤᠭ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠬᠦᠴᠦᠲᠡᠶ ᠲᠤᠯᠭ᠋ᠠᠭᠤᠷᠢᠯᠠᠪᠠ  ᠃ ᠡᠭᠦᠨ᠎ᠳᠤ᠂ ᠰᠦ ᠴᠠᠭ᠋ᠠᠨ ᠢᠳᠡᠭᠡᠨ᠎ᠤ ᠠᠵᠤ ᠦᠢᠯᠡᠰ᠎ᠤᠨ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠷᠧᠨ ᠹᠠ ᠵᠧᠩ ᠨᠡᠷᠡᠮᠵᠢᠲᠦ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠪᠦᠯᠬᠦᠮ ᠨᠡᠢ᠌ᠲᠡ᠎ᠳᠤ ᠲᠦᠰᠢᠭᠯᠡᠨ᠂ ᠴᠠᠭ᠋ᠠᠨ ᠢᠳᠡᠭᠡᠨ᠎ᠤ ᠰᠢᠮ᠎ᠡ ᠲᠡᠵᠢᠭᠡᠯ᠎ᠤᠨ ᠰᠠᠭᠤᠷᠢ ᠰᠤᠳᠤᠯᠭ᠋ᠠᠨ᠎ᠤ ᠲᠠᠯ᠎ᠠ᠎ᠪᠠᠷ ᠣᠯᠠᠨ ᠵᠦᠢᠯ᠎ᠤᠨ ᠰᠤᠳᠤᠯᠭ᠋ᠠᠨ ᠥᠷᠨᠢᠭᠦᠯᠵᠦ᠂ ᠬᠡᠦᠬᠡᠳ᠎ᠤᠨ ᠦᠨᠢᠶᠡᠨ ᠰᠦ ᠵᠢᠨ ᠠᠩᠬᠠᠨ᠎ᠤ DHA᠂ ᠡᠬᠡ ᠵᠢᠨ ᠰᠦ ᠵᠢᠨ ᠬᠢᠮᠢ ᠵᠢᠨ ᠤᠭᠤᠷᠠᠭ ᠵᠡᠷᠭᠡ ᠰᠦ ᠳᠣᠲᠣᠷᠠᠬᠢ ᠰᠢᠮ᠎ᠡ ᠲᠡᠵᠢᠭᠡᠯ᠎ᠤᠨ ᠪᠦᠷᠢᠯᠳᠦᠬᠦᠨ᠎ᠤ ᠴᠢᠳᠠᠮᠵᠢ ᠵᠢ ᠦᠨᠡᠯᠡᠬᠦ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠴᠠᠭ᠋ᠠᠨ ᠢᠳᠡᠭᠡᠨ᠎ᠤ ᠰᠢᠨ᠎ᠡ ᠪᠦᠲᠦᠭᠡᠭᠳᠡᠬᠦᠨ᠎ᠤ ᠨᠡᠭᠡᠭᠡᠨ ᠬᠥᠭᠵᠢᠭᠦᠯᠦᠯᠲᠡ ᠵᠢ ᠠᠬᠢᠭᠤᠯᠪᠠ; ᠵᠠᠩ ᠶᠦᠩ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠪᠦᠯᠬᠦᠮ ᠨᠡᠢ᠌ᠲᠡ᠎ᠳᠤ ᠲᠦᠰᠢᠭᠯᠡᠨ᠂ ᠰᠠᠭ᠋ᠠᠯᠢ ᠵᠢᠨ ᠦᠨᠢᠶᠡᠨ᠎ᠤ ᠪᠡᠶ᠎ᠡ ᠵᠢᠨ ᠭᠠᠳᠠᠨᠠᠬᠢ ᠬᠦᠪᠦᠷᠡᠯ᠎ᠤᠨ ᠦᠢᠯᠡᠳᠪᠦᠷᠢᠯᠡᠯ᠎ᠤᠨ ᠮᠡᠷᠭᠡᠵᠢᠯ᠎ᠤᠨ ᠪᠣᠭᠣᠮᠢ ᠵᠢ ᠰᠢᠪᠲᠤᠯᠵᠤ᠂ ᠬᠦᠢᠰᠦ ᠵᠢᠨ ᠢᠯᠭ᠋ᠠᠯ᠎ᠢ ᠡᠵᠡᠮᠳᠡᠬᠦ ᠣᠨᠣᠪᠴᠢ ᠵᠢᠨ ᠨᠣᠷᠮ᠎ᠠ ᠪᠠ ᠦᠢᠯᠡᠳᠪᠦᠷᠢᠯᠡᠯ᠎ᠤᠨ ᠦᠷ᠎ᠡ ᠪᠦᠲᠦᠮᠵᠢ ᠵᠢ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠬᠡᠮᠵᠢᠶ᠎ᠡ᠎ᠳᠤ ᠬᠦᠷᠦᠭᠦᠯᠦᠨ᠎ᠡ; ᠱᠸᠨ ᠵᠢᠶᠠᠨ ᠵᠥᠩ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠪᠦᠯᠬᠦᠮ ᠨᠡᠢ᠌ᠲᠡ᠎ᠳᠤ ᠲᠦᠰᠢᠭᠯᠡᠨ᠂ ᠤᠤᠯ᠎ᠤᠨ ᠰᠦ ᠵᠢᠨ ᠪᠣᠬᠢᠷᠲᠤᠯ ᠪᠣᠳᠠᠰ᠎ᠢ ᠤᠯᠠᠷᠢᠭᠤᠯᠬᠤ ᠵᠢᠮ᠎ᠡ ᠶᠣᠰᠣᠨ᠎ᠤ ᠰᠤᠳᠤᠯᠭ᠋ᠠᠨ᠎ᠢ ᠥᠷᠨᠢᠭᠦᠯᠵᠦ᠂ ᠤᠤᠯ᠎ᠤᠨ ᠰᠦ ᠵᠢᠨ ᠳᠣᠲᠣᠷᠠᠬᠢ ᠾᠯᠣᠷᠲᠤ ᠴᠢᠯᠠᠭᠤᠵᠢᠮᠠᠯ ᠯᠠ ᠪᠠ ᠣᠯᠠᠨ ᠾᠯᠣᠷᠲᠤ ᠨᠠᠹᠲ᠋ᠠᠯᠧᠨ ᠵᠡᠷᠭᠡ ᠰᠢᠨ᠎ᠡ ᠪᠣᠬᠢᠷᠲᠤᠯ ᠪᠣᠳᠠᠰ᠎ᠤᠨ ᠪᠣᠬᠢᠷᠲᠤᠯ᠎ᠤᠨ ᠠᠷᠭ᠎ᠠ ᠵᠠᠮ ᠪᠠ ᠬᠠᠮᠢᠶᠠᠷᠤᠨ ᠡᠵᠡᠮᠳᠡᠬᠦ ᠠᠷᠭ᠎ᠠ ᠵᠢ ᠰᠦᠪᠡᠭᠴᠢᠯᠡᠪᠡ  ᠃

ᠢᠷᠡᠯᠲᠡ᠄ ᠬᠥᠬᠡᠬᠣᠲᠠ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠬᠣᠪᠣᠷ ᠰᠢᠷᠣᠢ ᠵᠢᠨ ᠡᠬᠢ ᠪᠠᠶᠠᠯᠢᠭ᠎ᠢ ᠥᠨᠳᠥᠷ ᠦᠷᠳᠡᠭ᠎ᠲᠠᠢ ᠠᠰᠢᠭᠯᠠᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠬᠠᠷᠢᠭᠤᠴᠠᠯᠭ᠋ᠠᠲᠠᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠲᠤᠬᠠᠢ ᠶᠠᠷᠢᠪᠠ
ᠡᠷᠬᠡ ᠵᠢ ᠳᠣᠷᠣᠭᠰᠢ ᠪᠠᠭᠤᠯᠭ᠋ᠠᠨ ᠬᠦᠯᠢᠶᠡᠰᠦ ᠵᠢ ᠰᠤᠯᠠᠷᠠᠭᠤᠯᠵᠤ ᠳᠠᠷᠤᠭ᠋ᠠᠰᠤ ᠵᠢ ᠬᠥᠩᠭᠡᠷᠡᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ 《ᠬᠤᠷᠳᠤᠳᠬᠠᠯ》᠎ᠢ ᠭᠠᠷᠭ᠋ᠠᠪᠠ
ᠲᠠᠰᠤᠷᠠᠯᠲᠠ ᠦᠭᠡᠢ ᠰᠢᠨ᠎ᠡ ᠵᠢ ᠡᠭᠦᠳᠴᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠍ᠯᠠᠯ᠎ᠤᠨ ᠬᠥᠭᠵᠢᠯᠲᠡ ᠵᠢ ᠳᠠᠬᠢᠨ ᠰᠢᠨ᠎ᠡ ᠳᠡᠭᠲᠡᠷ᠎ᠲᠤ ᠭᠠᠷᠭ᠋ᠠᠪᠠ
ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠡᠷᠬᠢᠨ ᠬᠦᠴᠦᠯᠡᠬᠦ ᠪᠣᠶ
ᠥᠪᠥᠷ ᠮᠣᠩᠭᠣᠯ᠎ᠤᠨ ᠡᠳᠦᠷ᠎ᠤᠨ ᠰᠣᠨᠢᠨ᠄ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠡᠴᠡᠭ ᠵᠶ᠋ᠡᠷ ᠠᠵᠤ ᠦᠢᠯᠡᠰ᠎ᠤᠨ ᠦᠷ᠎ᠡ ᠵᠢᠮᠢᠰ ᠎ᠢ ᠰᠠᠭᠤᠯᠭ᠋ᠠᠪᠠ
 
            
Baidu
map