ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠢᠷᠡᠭᠡᠳᠦᠶ ᠵᠢ ᠲᠡᠮᠡᠴᠡᠨ ᠣᠯᠬᠤ ᠵᠢᠨ ᠵᠠᠩᠭᠢᠯᠠᠭ᠎ᠠ ᠮᠥᠨ
ᠨᠡᠶ᠋ᠢᠲᠡᠯᠡᠭᠰᠡᠨ ᠴᠠᠭ᠄ 2022-12-31


    ᠥᠪᠥᠷ ᠮᠣᠩᠭᠣᠯ᠎ᠤᠨ ᠠᠵᠤ ᠠᠬᠤᠶ ᠴᠢᠨᠠᠷ ᠰᠠᠢ᠌ᠲᠠᠶ ᠬᠥᠭᠵᠢᠯᠲᠡ ᠵᠢᠨ ᠱᠠᠲᠤᠨ᠎ᠳᠤ ᠣᠷᠣᠬᠤ ᠵᠢ ᠳᠠᠭ᠋ᠠᠯᠳᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠎ᠢ ᠬᠡᠷᠬᠢᠨ ᠨᠠᠩ ᠰᠠᠢ᠌ᠲᠤᠷ ᠪᠠᠳᠠᠷᠠᠭᠤᠯᠬᠤ ᠪᠣᠶ? 《0᠎ᠠᠴᠠ 1 ᠬᠦᠷᠬᠦ》 ᠨᠡᠩ ᠤᠯᠠᠨ ᠤᠤᠭ᠋ᠠᠯ ᠡᠭᠦᠳᠦᠯᠲᠡ ᠵᠢᠨ ᠦᠷ᠎ᠡ ᠪᠦᠲᠦᠭᠡᠯ᠎ᠢ ᠬᠡᠷᠬᠢᠨ ᠪᠦᠷᠢᠯᠳᠦᠭᠦᠯᠬᠦ ᠪᠤᠢ? ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠡᠷᠬᠡᠪᠰᠢ ᠰᠢᠨᠵᠢᠯᠡᠬᠦ ᠤᠬᠠᠭ᠋ᠠᠨ ᠮᠡᠷᠭᠡᠵᠢᠯ ᠪᠣᠯ ᠨᠢᠭᠡᠳᠦᠭᠡᠷ ᠦᠢ᠍ᠯᠡᠳᠪᠦᠷᠢᠯᠡᠯ᠎ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠵᠢ ᠡᠭᠦᠳᠬᠦ ᠪᠣᠯ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ ᠪᠠᠢ᠌ᠯᠳᠤᠬᠤ ᠪᠤᠳᠤᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠤᠳᠤᠯᠭ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠵᠢᠨ ᠰᠢᠨ᠎ᠡ ᠬᠦᠷᠢᠢ᠎ᠡ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠲᠠᠰᠤᠷᠠᠯᠳᠠ ᠦᠭᠡᠢ ᠪᠤᠢ ᠪᠣᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ  ᠃
      ᠮᠡᠳᠡᠬᠦ᠎ᠨᠢ ᠬᠢᠬᠦ ᠵᠢᠨ ᠡᠬᠢᠯᠡᠯᠲᠡ᠂ ᠬᠢᠬᠦ᠎ᠨᠢ ᠮᠡᠳᠡᠬᠦ ᠵᠢᠨ ᠪᠡᠶᠡᠯᠡᠯ  ᠃ ᠰᠢᠨ᠎ᠡ ᠵᠢ ᠡᠭᠦᠳᠬᠦ ᠪᠣᠯ ᠤᠯᠠᠨ ᠲᠠᠯ᠎ᠠ ᠵᠢᠨ᠎ᠬᠢ ᠶᠤᠮ᠂ ᠡᠭᠦᠨ᠎ᠳᠤ ᠤᠨᠤᠯ᠎ᠤᠨ ᠰᠢᠨ᠎ᠡ ᠡᠭᠦᠳᠦᠯᠲᠡ᠂ ᠪᠠᠢ᠌ᠭᠤᠯᠤᠮᠵᠢ ᠵᠢᠨ ᠰᠢᠨ᠎ᠡ ᠡᠭᠦᠳᠦᠯᠲᠡ᠂ ᠲᠦᠷᠢᠮ᠎ᠤᠨ ᠰᠢᠨ᠎ᠡ ᠡᠭᠦᠳᠦᠯᠲᠡ᠂ ᠴᠢᠳᠠᠪᠤᠷᠢᠲᠠᠨ᠎ᠤ ᠰᠢᠨ᠎ᠡ ᠡᠭᠦᠳᠦᠯᠲᠡ ᠵᠡᠷᠭᠡ ᠪᠠᠭᠲᠠᠨ᠎ᠠ᠂ ᠨᠠᠮ ᠵᠠᠰᠠᠭ᠎ᠤᠨ ᠰᠠᠯᠠᠭ᠎ᠠ ᠮᠥᠴᠢᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠶᠡᠬᠡ ᠴᠢᠭᠯᠡᠯ᠎ᠢ ᠪᠠᠲᠤ ᠡᠵᠡᠮᠳᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠰᠢᠭᠤᠷᠠᠯ ᠬᠦᠷᠢᠢ᠎ᠡ ᠪᠣᠯᠤᠨ ᠣᠷᠣᠢ᠌ᠯᠠᠭᠰᠠᠨ ᠲᠦᠪᠰᠢᠨ᠎ᠢ ᠬᠠᠷᠠᠭ᠋ᠠᠯᠠᠵᠤ᠂ ᠠᠤᠭ᠎ᠠ ᠵᠣᠷᠢᠭ᠎ᠢ ᠪᠤᠢ ᠪᠣᠯᠭ᠋ᠠᠵᠤ᠂ ᠱᠠᠯᠠᠮᠠᠭ᠋ᠠᠢ᠌ᠯᠠᠨ ᠤᠷᠤᠭᠰᠢᠯᠠᠵᠤ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ᠎ᠪᠠᠨ ᠬᠦᠴᠦᠯᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠲᠠᠯ᠎ᠠ᠎ᠪᠠᠷ ᠲᠦᠷᠭᠡᠨ ᠪᠠᠢ᠌ᠷᠢᠯᠠᠭᠤᠯᠬᠤ ᠬᠡᠷᠡᠭᠲᠡᠢ᠂ ᠡᠰᠡ ᠲᠡᠭᠡᠪᠡᠯ ᠮᠠᠰᠢ ᠤᠯᠠᠨ ᠵᠣᠭᠣᠰ ᠵᠠᠷᠤᠴᠠᠭᠤᠯᠵᠤ᠂ ᠮᠠᠰᠢ ᠤᠯᠠᠨ ᠡᠬᠢ ᠪᠠᠶᠠᠯᠢᠭ ᠣᠷᠣᠭᠤᠯᠵᠤ᠂ ᠡᠴᠦᠰ᠎ᠲᠡᠭᠡᠨ ᠰᠠᠢ᠍ᠢ᠍ᠨ ᠦᠷ᠎ᠡ ᠪᠦᠲᠦᠮᠵᠢ ᠤᠯᠬᠤ᠎ᠳᠤ ᠪᠡᠷᠬᠡ ᠪᠣᠯᠤᠨ᠎ᠠ  ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠨᠢᠭᠡᠳᠦᠭᠡᠷ ᠬᠥᠳᠡᠯᠭᠡᠭᠴᠢ ᠬᠦᠴᠦᠨ ᠪᠣᠯᠭ᠋ᠠᠭᠰᠠᠨ ᠠᠵᠤ ᠠᠬᠤᠢ ᠵᠢᠨ ᠬᠥᠭᠵᠢᠯᠲᠡ ᠵᠢᠨ ᠵᠠᠭᠪᠤᠷ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠤᠤᠭ᠋ᠠᠯ ᠡᠭᠦᠳᠦᠯᠲᠡ ᠵᠢᠨ ᠴᠢᠳᠠᠪᠤᠷᠢ᠎ᠲᠠᠢ ᠮᠥᠷᠲᠡᠭᠡᠨ ᠪᠠᠰᠠ 《ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ》 ᠵᠢᠨ ᠬᠠᠮ ᠴᠢᠳᠠᠪᠤᠷᠢᠲᠠᠨ᠎ᠢ ᠭᠦᠨᠵᠡᠭᠡᠢ ᠤᠢ᠍ᠢ᠍ᠯᠠᠭ᠋ᠠᠨ ᠣᠨᠣᠪᠴᠢᠲᠠᠢ ᠡᠵᠡᠮᠰᠢᠬᠦ ᠵᠢ ᠱᠠᠭ᠋ᠠᠷᠳᠠᠵᠤ ᠪᠠᠢ᠌ᠨ᠎ᠠ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠢᠯᠡᠳᠦᠯᠭᠡ ᠪᠣᠯ ᠰᠢᠨ᠎ᠡ ᠵᠢ ᠡᠭᠦᠳᠬᠦ ᠬᠡᠯᠪᠡᠷᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠦᠨ ᠪᠣᠢ᠌ᠵᠢᠭᠤᠯᠬᠤ ᠦᠨᠳᠦᠰᠦᠨ ᠠᠷᠭ᠎ᠠ ᠵᠠᠮ ᠮᠥᠨ᠂ ᠬᠠᠮᠢᠶᠠᠷᠤᠯᠲᠠ ᠵᠢᠨ ᠦᠢᠯᠡᠳᠦᠯᠭᠡ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠳᠦᠯᠭᠡ ᠵᠢ ᠳᠤᠮᠳᠠᠳᠤ ᠤᠯᠤᠰ᠎ᠤᠨ ᠠᠵᠤ ᠠᠬᠤᠶ ᠵᠢᠨ ᠬᠥᠭᠵᠢᠯᠲᠡ᠎ᠲᠠᠢ ᠤᠶᠠᠯᠳᠤᠭᠤᠯᠬᠤ ᠴᠢᠬᠤᠯᠠ ᠭᠠᠷᠳᠠᠴᠠ ᠮᠥᠨ᠂ ᠬᠠᠮ ᠬᠡᠯᠪᠡᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ᠎ᠳᠤ ᠨᠡᠢ᠌ᠯᠡᠮᠡᠯ ᠬᠥᠮᠦᠵᠢᠭᠦᠯᠬᠦ ᠰᠢᠰᠲ᠋ᠧᠮ ᠱᠠᠭ᠋ᠠᠷᠳᠠᠭᠳᠠᠨ᠎ᠠ  ᠃ ᠳᠡᠯᠡᠬᠡᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠰᠢᠭᠤᠷᠠᠯ᠎ᠳᠤ ᠬᠠᠨᠳᠤᠭᠤᠯᠬᠤ᠂ ᠠᠵᠤ ᠠᠬᠤᠢ ᠵᠢᠨ ᠭᠣᠣᠯ ᠳᠠᠢ᠌ᠨ᠎ᠤ ᠲᠠᠯᠠᠪᠤᠷ᠎ᠲᠤ ᠬᠠᠨᠳᠤᠭᠤᠯᠬᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ᠎ᠳᠤ ᠬᠠᠨᠳᠤᠭᠤᠯᠬᠤ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠬᠠᠨᠳᠤᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ᠎ᠳᠤ ᠰᠣᠨᠢᠭᠤᠴᠢ ᠰᠡᠳᠬᠢᠯ᠎ᠲᠠᠢ ᠪᠠᠢ᠌ᠬᠤ᠎ᠪᠠᠷ ᠪᠠᠷᠠᠬᠤ ᠦᠭᠡᠢ ᠪᠠᠰᠠ 《ᠬᠡᠷᠡᠭᠴᠡᠭᠡᠨ᠎ᠤ ᠠᠰᠠᠭᠤᠳᠠᠯ᠎ᠢ ᠮᠡᠷᠭᠡᠵᠢᠯ᠎ᠤᠨ ᠠᠰᠠᠭᠤᠳᠠᠯ ᠪᠣᠯᠭ᠋ᠠᠨ ᠬᠤᠪᠢᠷᠠᠭᠤᠯᠬᠤ》 ᠰᠡᠷᠭᠡᠭ ᠴᠢᠨᠠᠷ᠎ᠲᠠᠢ ᠪᠠᠢ᠌ᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠷᠭᠡᠴᠡ ᠪᠠ ᠭᠦᠨᠴᠡ ᠲᠡᠢ᠌ᠰᠢ ᠲᠠᠰᠤᠷᠠᠯᠲᠠ ᠦᠭᠡᠢ ᠤᠷᠤᠭᠰᠢᠯᠠᠪᠠᠯ ᠰᠠᠶᠢ ᠨᠡᠩ ᠥᠨᠳᠥᠷ ᠲᠦᠪᠰᠢᠨ ᠪᠦᠬᠦᠢ ᠤᠤᠭ᠋ᠠᠯ ᠡᠭᠦᠳᠦᠯᠲᠡ ᠵᠢᠨ ᠦᠷ᠎ᠡ ᠪᠦᠲᠦᠭᠡᠯ᠎ᠲᠠᠢ ᠪᠤᠯᠵᠤ᠂ ᠲᠡᠦᠬᠡ᠎ᠠᠴᠠ ᠣᠯᠭᠣᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠨᠳᠦ ᠡᠭᠦᠷᠭᠡ ᠵᠢ ᠡᠭᠦᠷᠭᠡᠯᠡᠵᠦ ᠴᠢᠳᠠᠨ᠎ᠠ  ᠃ ᠠᠵᠤ ᠠᠬᠤᠢ᠌ᠯᠠᠯ᠂ ᠰᠤᠳᠤᠯᠭ᠋ᠠᠨ᠎ᠤ ᠪᠠᠢ᠌ᠭᠤᠯᠤᠮᠵᠢ ᠪᠣᠯᠤᠨ ᠶᠡᠬᠡ ᠳᠡᠭᠡᠳᠦ ᠰᠤᠷᠭ᠋ᠠᠭᠤᠯᠢ ᠴᠢᠳᠠᠪᠤᠷᠢᠲᠠᠨ᠎ᠤ ᠦᠷᠭᠦᠯᠵᠢᠯᠡᠨ ᠰᠤᠷᠤᠯᠴᠠᠬᠤ ᠠᠵᠠ ᠲᠣᠬᠢᠶᠠᠯ᠎ᠢ ᠢᠳᠡᠪᠬᠢᠲᠡᠢ ᠬᠠᠩᠭ᠋ᠠᠵᠤ᠂ ᠰᠠᠭᠤᠷᠢ ᠤᠨᠤᠯ᠎ᠤᠨ ᠰᠤᠷᠤᠯᠴᠠᠯᠭ᠎ᠠ ᠪᠣᠯᠤᠨ ᠬᠡᠷᠡᠭᠯᠡᠭᠡᠨ᠎ᠤ ᠦᠢ᠍ᠯᠡᠳᠦᠯᠭᠡ ᠵᠢᠨ ᠰᠤᠷᠤᠯᠴᠠᠯᠭ᠎ᠠ ᠵᠢᠨ ᠰᠢᠰᠲ᠋ᠧᠮ᠎ᠢ ᠬᠠᠷᠢᠯᠴᠠᠨ ᠤᠶᠠᠯᠳᠤᠭᠤᠯᠵᠤ᠂ ᠲᠡᠷᠢᠭᠦᠨ᠎ᠤ ᠡᠷᠳᠡᠮ ᠰᠢᠨᠵᠢᠯᠡᠭᠡᠨ᠎ᠤ ᠰᠤᠳᠤᠯᠭ᠋ᠠᠨ᠎ᠢ ᠠᠰᠢᠭᠯᠠᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠠᠪᠰᠤᠷᠤᠨ ᠤᠨᠤᠯ᠎ᠤᠨ ᠬᠣᠰᠢᠭᠤᠷᠠᠯ᠎ᠤᠨ ᠦᠨᠳᠤᠷᠴᠡ ᠵᠢ ᠪᠠᠲᠤᠯᠠᠬᠤ ᠪᠥᠭᠡᠳ ᠰᠠᠭᠤᠷᠢ ᠤᠨᠤᠯ᠎ᠤᠨ ᠰᠤᠳᠤᠯᠭ᠋ᠠᠨ᠎ᠢ ᠠᠵᠤ ᠠᠬᠤᠢ ᠵᠢᠨ ᠬᠥᠭᠵᠢᠯᠲᠡ᠎ᠳᠤ ᠨᠡᠩ ᠰᠠᠢ᠌ᠲᠤᠷ ᠬᠡᠷᠡᠭᠯᠡᠬᠦ᠎ᠳᠤ ᠬᠦᠴᠦᠨ ᠨᠡᠮᠡᠷᠢᠯᠡᠬᠦ ᠬᠡᠷᠡᠭᠲᠡᠢ  ᠃
      ᠨᠡᠭᠡᠭᠡᠯᠲᠡ ᠬᠢᠵᠦ ᠬᠠᠮᠲᠤᠷᠠᠯᠴᠠᠬᠤ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠠᠬᠢᠭᠤᠯᠬᠤ ᠴᠢᠬᠤᠯᠠ ᠰᠣᠩᠭᠣᠯᠲᠠ ᠮᠥᠨ  ᠃ ᠣᠷᠣᠨ ᠪᠦᠰᠡ ᠵᠢᠨ ᠬᠠᠮᠲᠤᠷᠠᠯᠴᠠᠭ᠎ᠠ᠎ᠨᠢ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠣᠷᠣᠨ ᠪᠦᠰᠡ ᠵᠢᠨ ᠬᠣᠭᠣᠷᠣᠨᠳᠣ ᠰᠢᠯᠵᠢᠬᠦ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠡᠪᠳᠡᠵᠦ᠂ ᠡᠯᠧᠮᠧᠨ᠋ᠲ᠎ᠤᠨ ᠰᠢᠯᠢᠳᠡᠭᠵᠢᠨ ᠲᠣᠬᠢᠷᠠᠭᠤᠯᠤᠭᠳᠠᠬᠤ ᠵᠢ ᠠᠬᠢᠭᠤᠯᠵᠤ᠂ ᠣᠷᠣᠨ ᠪᠦᠰᠡ ᠵᠢᠨ ᠬᠣᠭᠣᠷᠣᠨᠳᠣᠬᠢ ᠵᠦᠢ ᠵᠣᠬᠢᠰᠲᠠᠢ ᠠᠵᠢᠯ᠎ᠤᠨ ᠬᠤᠪᠢᠶᠠᠷᠢᠯᠠᠯ᠎ᠢ ᠠᠬᠢᠭᠤᠯᠬᠤ᠎ᠨᠢ ᠣᠷᠣᠨ ᠪᠦᠰᠡ ᠵᠢᠨ ᠠᠵᠢᠯ᠎ᠤᠨ ᠬᠤᠪᠢᠶᠠᠷᠢᠯᠠᠯ᠎ᠢ ᠭᠦᠨᠵᠡᠭᠡᠢ᠌ᠷᠡᠭᠦᠯᠬᠦ᠎ᠳᠤ ᠠᠰᠢᠭᠲᠠᠢ ᠪᠠᠢ᠌ᠵᠤ᠂ ᠡᠭᠦᠨ᠎ᠤ ᠤᠯᠠᠮ᠎ᠠᠴᠠ ᠨᠢᠭᠲᠠ ᠬᠠᠷᠢᠯᠴᠠᠭ᠎ᠠ᠎ᠲᠠᠢ᠂ ᠠᠵᠢᠯ᠎ᠤᠨ ᠬᠤᠪᠢᠶᠠᠷᠢᠯᠠᠯ᠎ᠨᠢ ᠵᠦᠢ ᠵᠣᠬᠢᠰᠲᠠᠢ᠂ ᠬᠥᠭᠵᠢᠯᠲᠡ᠎ᠨᠢ ᠵᠣᠬᠢᠴᠠᠩᠭᠤᠢ ᠣᠷᠣᠨ ᠪᠦᠰᠡ ᠵᠢᠨ ᠲᠣᠣᠷ᠎ᠢ ᠪᠦᠷᠢᠯᠳᠦᠭᠦᠯᠵᠦ ᠴᠢᠳᠠᠨ᠎ᠠ ᠭᠡᠳᠡᠭ᠎ᠢ ᠦᠢ᠍ᠯᠡᠳᠦᠯᠭᠡ ᠭᠡᠷᠡᠴᠢᠯᠡᠭᠰᠡᠨ ᠪᠠᠢ᠌ᠨ᠎ᠠ  ᠃ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ ᠪᠠ ᠠᠵᠤ ᠦᠢᠯᠡᠰ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠵᠤ᠂ ᠤᠯᠤᠰ᠎ᠤᠨ ᠳᠣᠲᠣᠭ᠋ᠠᠳᠤ ᠵᠢᠨ ᠠᠵᠤ ᠦᠢᠯᠡᠰ᠎ᠤᠨ ᠰᠢᠯᠵᠢᠯᠲᠡ ᠵᠢᠨ ᠬᠠᠮᠲᠤᠷᠠᠯᠴᠠᠭ᠎ᠠ ᠵᠢ ᠠᠬᠢᠭᠤᠯᠬᠤ᠎ᠪᠠᠷ ᠪᠠᠷᠠᠬᠤ ᠥᠬᠡᠶ᠂ ᠪᠠᠰᠠ ᠣᠯᠠᠨ ᠤᠯᠤᠰ᠎ᠤᠨ ᠠᠵᠤ ᠦᠢᠯᠡᠰ᠎ᠤᠨ ᠰᠢᠯᠵᠢᠯᠲᠡ ᠵᠢ ᠥᠨᠳᠥᠷ ᠲᠦᠪᠰᠢᠨ ᠵᠶ᠋ᠡᠷ ᠭᠥᠯᠢᠶᠡᠨ ᠠᠪᠴᠤ᠂ ᠰᠢᠨ᠎ᠡ ᠪᠠᠢ᠌ᠳᠠᠯ ᠳᠣᠤᠷᠠᠬᠢ ᠥᠪᠥᠷ ᠮᠣᠩᠭᠣᠯ᠎ᠤᠨ ᠠᠵᠤ ᠦᠢᠯᠡᠰ᠎ᠤᠨ ᠥᠷᠢᠰᠥᠯᠳᠦᠭᠡᠨ᠎ᠤ ᠰᠢᠨ᠎ᠡ ᠳᠠᠪᠠᠭᠤᠯᠢᠭ᠎ᠢ ᠪᠣᠢ᠌ᠵᠢᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠵᠠᠮ ᠵᠶ᠋ᠠᠷ ᠭᠦᠨᠵᠡᠭᠡᠶ ᠪᠥᠭᠡᠳ ᠪᠣᠳᠠᠲᠠᠶ ᠵᠠᠮᠨᠠᠵᠤ᠂ ᠪᠤᠰᠤᠳ ᠭᠠᠵᠠᠷ ᠣᠷᠣᠨ᠎ᠯᠤᠭ᠎ᠠ ᠡᠬᠢ ᠪᠠᠶᠠᠯᠢᠭ᠎ᠤᠨ ᠲᠠᠯ᠎ᠠ᠎ᠪᠠᠷ ᠬᠠᠷᠢᠯᠴᠠᠨ ᠨᠥᠬᠥᠪᠥᠷᠢᠯᠡᠬᠦ ᠵᠢ ᠪᠡᠶᠡᠯᠡᠭᠦᠯᠵᠦ᠂ ᠦᠢᠯᠡᠳᠬᠦᠨ᠎ᠤ ᠲᠠᠯ᠎ᠠ᠎ᠪᠠᠷ ᠪᠠᠢ᠌ᠬᠤ ᠪᠠ ᠥᠬᠡᠶ᠎ᠪᠠᠨ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠵᠦ᠂ ᠰᠠᠭᠤᠷᠢ ᠲᠥᠬᠥᠭᠡᠷᠦᠮᠵᠢ ᠵᠢᠨ ᠲᠠᠯ᠎ᠠ᠎ᠪᠠᠷ ᠰᠠᠭ᠋ᠠᠳ ᠥᠬᠡᠶ ᠨᠡᠪᠲᠡᠷᠡᠬᠦ ᠵᠢ ᠪᠡᠶᠡᠯᠡᠭᠦᠯᠵᠦ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠶ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠬᠣᠶᠠᠷ ᠰᠠᠯᠠᠭ᠎ᠠ ᠮᠥᠴᠢᠷ᠄ ᠡᠲᠡᠭᠡᠷ ᠣᠷᠣᠨ ᠪᠦᠰᠡ᠎ᠳᠤ ᠨᠢᠭᠡ ᠪᠦᠯᠦᠭ ᠳᠣᠤᠷ᠎ᠠ ᠨᠡᠭᠦᠷᠡᠰᠦᠲᠥ᠋ᠷᠥᠭᠴᠢᠲᠦ ᠣᠷᠣᠰᠢᠨ ᠰᠠᠭᠤᠬᠤ᠎ᠳᠤ ᠲᠣᠬᠢᠷᠠᠮᠵᠢᠲᠠᠶ ᠵᠢᠱ᠌ᠢᠶ᠎ᠡ ᠦᠵᠡᠭᠦᠯᠬᠦ ᠬᠣᠲᠠ ᠵᠢ ᠪᠥᠲᠥᠭᠡᠨ ᠪᠠᠢ᠌ᠭᠤᠯᠤᠨ᠎ᠠ
ᠲᠥᠪ ᠲᠧᠯᠸᠢᠰ᠎ᠤᠨ 《ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ》᠄ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ ᠵᠦᠭ ᠲᠣᠮᠣ ᠠᠯᠬᠤᠮ ᠵᠶ᠋ᠠᠷ ᠤᠷᠤᠭᠰᠢᠯᠠᠨ᠎ᠠ
ᠪᠦᠬᠦ ᠤᠯᠤᠰ᠎ᠤᠨ ᠬᠠᠮᠤᠭ᠎ᠤᠨ ᠶᠡᠬᠡ BDO ᠨᠢᠭᠡ ᠴᠤᠬ᠍ᠴᠠᠵᠢᠬᠰᠠᠨ ᠦᠢ᠍ᠯᠡᠳᠪᠦᠷᠢᠯᠡᠯ᠎ᠤᠨ ᠰᠠᠭᠤᠷᠢᠨ᠎ᠢ ᠪᠦᠳᠦᠬᠡᠨ ᠪᠠᠢ᠌ᠭᠤᠯᠵᠤ ᠠᠰᠢᠭᠯᠠᠯᠲᠠ᠎ᠳᠤ ᠣᠷᠣᠭᠤᠯᠪᠠ
ᠪᠥᠬᠥ ᠪᠥᠮᠪᠥᠷᠴᠡᠭ᠎ᠤᠨ ᠲᠠᠩ ᠦᠢᠯᠡᠳᠪᠦᠷᠢ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ 《ᠨᠣᠭᠣᠭ᠋ᠠᠨ ᠤᠰᠤᠲᠥ᠋ᠷᠥᠭᠴᠢ +》 ᠨᠡᠭᠦᠷᠡᠰᠦ᠎ᠪᠠᠷ ᠠᠯᠺᠧᠨ ᠦᠢᠯᠡᠳᠬᠦ ᠠᠵᠤ ᠦᠢᠯᠡᠰ᠎ᠤᠨ ᠰᠠᠭᠤᠷᠢᠨ ᠭᠠᠵᠠᠷ ᠣᠷᠳᠣᠰ ᠎ᠲᠤ ᠪᠠᠢ᠌ᠭᠤᠯᠤᠭᠳᠠᠪᠠ
ᠪᠤᠭᠤᠲᠤ᠄ ᠰᠢᠨ᠎ᠡ ᠵᠢ ᠡᠭᠦᠳᠬᠦ᠎ᠪᠠᠷ ᠵᠠᠩᠭᠢᠯᠠᠭ᠎ᠠ ᠵᠢᠨ ᠬᠥᠳᠡᠯᠭᠡᠭᠦᠷ ᠪᠣᠯᠭ᠋ᠠᠵᠤ ᠬᠣᠲᠠ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ ᠪᠣᠯᠭ᠋ᠠᠨ᠎ᠠ
 
            
Baidu
map