ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠪᠦᠬᠦ ᠤᠯᠤᠰ᠎ᠤᠨ ᠬᠠᠮᠤᠭ᠎ᠤᠨ ᠶᠡᠬᠡ BDO ᠨᠢᠭᠡ ᠴᠤᠬ᠍ᠴᠠᠵᠢᠬᠰᠠᠨ ᠦᠢ᠍ᠯᠡᠳᠪᠦᠷᠢᠯᠡᠯ᠎ᠤᠨ ᠰᠠᠭᠤᠷᠢᠨ᠎ᠢ ᠪᠦᠳᠦᠬᠡᠨ ᠪᠠᠢ᠌ᠭᠤᠯᠵᠤ ᠠᠰᠢᠭᠯᠠᠯᠲᠠ᠎ᠳᠤ ᠣᠷᠣᠭᠤᠯᠪᠠ
ᠨᠡᠶ᠋ᠢᠲᠡᠯᠡᠭᠰᠡᠨ ᠴᠠᠭ᠄ 2022-12-31


    ᠣᠢ᠌ᠷ᠎ᠠ᠎ᠳᠤ᠂ ᠳ᠋ᠦᠩ ᠶᠤᠸᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠷᠢᠨ ᠡᠬᠢᠲᠦ ᠬᠤᠪᠢᠶᠠᠷᠢ ᠺᠣᠮᠫᠠᠨᠢ ᠵᠢᠨ ᠳ᠋ᠦᠩ ᠵᠢᠩ ᠠᠮᠢᠳᠤ ᠪᠣᠳᠠᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠵᠢᠯ᠎ᠳᠤ 28 ᠲᠦᠮᠡᠨ ᠲᠣᠨ BDO ᠦᠢᠯᠡᠳᠪᠦᠷᠢᠯᠡᠬᠦ ᠲᠥᠷᠥᠯ ᠵᠦᠢᠯ᠎ᠤᠨ ᠮᠠᠲ᠋ᠧᠷᠢᠶᠠᠯ ᠣᠷᠣᠭᠤᠯᠬᠤ ᠲᠡᠷᠭᠡ ᠵᠢᠯᠣᠭᠣᠳᠬᠤ ᠠᠵᠢᠯ ᠲᠡᠭᠦᠰ ᠠᠮᠵᠢᠯᠲᠠ ᠣᠯᠵᠤ᠂ ᠰᠢᠯᠢᠳᠡᠭ ᠦᠢᠯᠡᠳᠬᠦᠨ᠎ᠢ ᠤᠷᠤᠭᠰᠢᠲᠠᠶ ᠦᠢᠯᠡᠳᠪᠦᠷᠢᠯᠡᠵᠦ᠂ ᠴᠡᠪᠡᠷᠴᠡ᠎ᠨᠢ 99 . 91 %᠎ᠳᠤ ᠬᠦᠷᠴᠡᠶ  ᠃ ᠡᠭᠦᠨ᠎ᠠᠴᠠ ᠡᠮᠦᠨ᠎ᠡ ᠨᠢᠭᠡᠨᠲᠡ ᠠᠰᠢᠭᠯᠠᠯᠲᠠ᠎ᠳᠤ ᠤᠷᠤᠭᠰᠠᠨ 10 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠵᠢ ᠨᠡᠮᠡᠪᠡᠯ᠂ ᠳ᠋ᠦᠩ ᠶᠤᠸᠠᠨ ᠰᠢᠨᠵᠢᠯᠡᠬᠦ ᠤᠬᠠᠭ᠋ᠠᠨ ᠮᠡᠷᠭᠡᠵᠢᠯ᠎ᠨᠢ 38 ᠲᠦᠮᠡᠨ ᠲᠣᠨ BDO ᠵᠢᠨ ᠵᠢᠯ᠎ᠤᠨ ᠦᠢᠯᠡᠳᠪᠦᠷᠢᠯᠡᠬᠦ ᠴᠢᠳᠠᠪᠤᠷᠢ᠎ᠪᠠᠷ ᠪᠦᠬᠦ ᠤᠯᠤᠰ᠎ᠤᠨ ᠬᠠᠮᠤᠭ᠎ᠤᠨ ᠶᠡᠬᠡ ᠬᠡᠪᠴᠢᠶ᠎ᠡ᠎ᠲᠠᠢ BDO ᠵᠢᠴᠢ ᠰᠡᠭᠦᠯᠴᠢ ᠵᠢᠨ ᠭᠦᠨᠵᠡᠭᠡᠶ ᠪᠣᠯᠪᠠᠰᠤᠷᠠᠭᠤᠯᠬᠤ ᠦᠢᠯᠡᠳᠬᠦᠨ᠎ᠤ ᠪᠦᠬᠦ ᠠᠵᠤ ᠦᠢᠯᠡᠰ᠎ᠤᠨ ᠬᠡᠯᠬᠢᠶ᠎ᠡ ᠵᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ ᠪᠣᠯᠤᠭᠰᠠᠨ ᠪᠠᠢ᠌ᠨ᠎ᠠ  ᠃
    ᠥᠪᠥᠷ ᠮᠣᠩᠭᠣᠯ᠎ᠤᠨ ᠳ᠋ᠦᠩ ᠶᠤᠸᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠪᠠᠢ᠌ᠭᠤᠯᠵᠤ ᠠᠰᠢᠭᠯᠠᠯᠲᠠ᠎ᠳᠤ ᠣᠷᠣᠭᠤᠯᠤᠭᠰᠠᠨ ᠵᠠᠳᠠᠷᠠᠵᠤ ᠪᠣᠯᠬᠤ ᠰᠦᠯᠢᠶᠣᠣ ᠵᠢᠨ ᠳᠡᠭᠡᠳᠦ ᠤᠷᠤᠰᠬᠠᠯ᠎ᠤᠨ ᠲᠦᠭᠦᠬᠡᠶ ᠮᠠᠲ᠋ᠧᠷᠢᠶᠠᠯ BDO ᠦᠢᠯᠡᠳᠪᠦᠷᠢᠯᠡᠬᠦ ᠠᠵᠤ ᠠᠬᠤᠢ᠌ᠯᠠᠯ ᠪᠣᠯᠤᠨ᠎ᠠ  ᠃ ᠠᠵᠤ ᠠᠬᠤᠢ᠌ᠯᠠᠯ᠎ᠤᠳ ᠪᠥᠬᠥ ᠳᠡᠯᠡᠬᠡᠶ ᠵᠢᠨ ᠲᠡᠷᠢᠭᠦᠨ᠎ᠤ BDO ᠦᠢᠯᠡᠳᠬᠦ ᠮᠡᠷᠭᠡᠵᠢᠯ᠎ᠢ ᠣᠷᠣᠭᠤᠯᠤᠨ ᠠᠪᠴᠢᠷᠠᠬᠤ᠎ᠪᠠᠷ ᠳᠠᠮᠵᠢᠭᠤᠯᠤᠨ᠂ ᠡᠲ᠋ᠢᠨ ᠵᠶ᠋ᠡᠷ ᠲᠦᠭᠦᠬᠡᠶ ᠮᠠᠲ᠋ᠧᠷᠢᠶᠠᠯ ᠪᠣᠯᠭ᠋ᠠᠭᠰᠠᠨ ᠡᠲ᠋ᠢᠨ ᠠᠯᠳᠧᠭᠢᠳ᠋᠎ᠤᠨ ᠠᠷᠭ᠎ᠠ᠎ᠪᠠᠷ ᠦᠢᠯᠡᠳᠪᠦᠷᠢᠯᠡᠬᠦ ᠦᠢᠯᠡᠳᠪᠦᠷᠢᠯᠡᠯ᠎ᠤᠨ ᠱᠤᠭᠤᠮ᠎ᠨᠢ BDO ᠪᠠᠢ᠌ᠵᠤ᠂ ᠦᠢᠯᠡᠳᠪᠦᠷᠢᠯᠡᠯ᠎ᠨᠢ ᠦᠷᠭᠦᠯᠵᠢᠯᠡᠨ ᠲᠣᠭᠲᠠᠭᠤᠨ᠂ ᠠᠦ᠋ᠲ᠋ᠣᠴᠢᠯᠠᠭᠰᠠᠨ ᠬᠡᠮᠵᠢᠶ᠎ᠡ᠎ᠨᠢ ᠥᠨᠳᠥᠷ ᠪᠠᠢ᠌ᠵᠤ᠂ ᠦᠢᠯᠡᠳᠬᠦᠨ᠎ᠤ ᠶᠠᠰᠤ ᠴᠢᠨᠠᠷ᠎ᠨᠢ ᠪᠥᠬᠥ ᠳᠡᠯᠡᠬᠡᠶ ᠵᠢᠨ ᠠᠳᠠᠯᠢ ᠠᠵᠢᠯ ᠲᠥᠷᠥᠯ᠎ᠤᠨ ᠬᠠᠮᠤᠭ᠎ᠤᠨ ᠰᠢᠯᠢᠳᠡᠭ ᠬᠢᠷᠢ ᠲᠦᠪᠰᠢᠨ᠎ᠳᠤ ᠬᠦᠷᠴᠡᠶ  ᠃
      ᠳ᠋ᠦᠩ ᠵᠢᠩ ᠠᠮᠢᠳᠤ ᠪᠣᠳᠠᠰ᠎ᠤᠨ ᠵᠢᠯ᠎ᠤᠨ ᠭᠠᠷᠤᠯᠲᠠ ᠵᠢᠨ 28 ᠲᠦᠮᠡᠨ ᠲᠣᠨ BDO ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ 29 . 39 ᠳ᠋ᠦᠩᠰᠢᠭᠤᠷ ᠲᠥᠭᠥᠷᠢᠭ᠎ᠲᠤ ᠬᠦᠷᠴᠦ᠂ 2021 ᠣᠨ᠎ᠤ 5 ᠰᠠᠷ᠎ᠠ᠎ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠢ᠌ᠭᠤᠯᠵᠤ᠂ ᠡᠯ᠎ᠡ ᠲᠠᠯ᠎ᠠ ᠵᠢᠨ ᠨᠢᠭᠲᠠ ᠬᠠᠮᠵᠢᠯᠴᠠᠭ᠎ᠠ ᠳᠣᠤᠷ᠎ᠠ᠂ ᠵᠥᠪᠬᠡᠨ ᠨᠢᠭᠡ ᠵᠢᠯ ᠭᠠᠷᠤᠶ ᠵᠢᠨ ᠬᠤᠭᠤᠴᠠᠭ᠋ᠠᠨ᠎ᠳᠤ ᠪᠠᠷᠢᠯᠭ᠎ᠠ ᠳᠠᠭᠤᠰᠴᠤ ᠮᠠᠲ᠋ᠧᠷᠢᠶᠠᠯ ᠣᠷᠣᠭᠤᠯᠤᠨ ᠲᠡᠷᠭᠡ ᠵᠢᠯᠣᠭᠣᠳᠬᠤ ᠵᠢ ᠪᠡᠶᠡᠯᠡᠭᠦᠯᠪᠡ  ᠃ ᠪᠥᠲᠥᠭᠡᠨ ᠪᠠᠢ᠌ᠭᠤᠯᠤᠯᠲᠠ ᠵᠢᠨ ᠬᠤᠭᠤᠴᠠᠭ᠋ᠠᠨ᠎ᠳᠤ᠂ ᠦᠬᠠᠶ ᠬᠣᠲᠠ᠂ ᠤᠳᠠ ᠲᠣᠭᠣᠷᠢᠭ᠎ᠤᠨ᠎ᠬᠢᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠶᠠᠪᠤᠴᠠ᠎ᠳᠤ ᠲᠤᠯᠭ᠋ᠠᠷᠠᠭᠰᠠᠨ ᠠᠵᠢᠯᠴᠢᠨ ᠬᠡᠷᠡᠭᠯᠡᠬᠦ ᠵᠢᠴᠢ ᠲᠥᠬᠥᠭᠡᠷᠦᠮᠵᠢ ᠵᠢ ᠦᠢᠯᠡᠳᠪᠦᠷᠢ᠎ᠳᠤ ᠬᠦᠷᠭᠡᠬᠦ ᠵᠡᠷᠭᠡ ᠬᠦᠴᠢᠷᠳᠡᠯ ᠪᠠ ᠠᠰᠠᠭᠤᠳᠠᠯ᠎ᠢ ᠪᠥᠬᠥ ᠬᠦᠴᠦᠨ ᠵᠶ᠋ᠡᠷ ᠵᠶ᠋ᠡᠨ ᠰᠢᠢᠳᠪᠦᠷᠢᠯᠡᠵᠦ᠂ ᠲᠥᠷᠥᠯ ᠵᠦᠢᠯ᠎ᠳᠤ ᠠᠳᠠᠯᠢ ᠠᠵᠢᠯ ᠲᠥᠷᠥᠯ᠎ᠤᠨ 《ᠪᠥᠲᠥᠭᠡᠨ ᠪᠠᠢ᠌ᠭᠤᠯᠬᠤ ᠴᠠᠭ᠎ᠨᠢ ᠬᠠᠮᠤᠭ᠎ᠤᠨ ᠣᠬᠣᠷ᠂ ᠮᠠᠲ᠋ᠧᠷᠢᠶᠠᠯ ᠣᠷᠣᠭᠤᠯᠬᠤ ᠴᠠᠭ᠎ᠨᠢ ᠬᠠᠮᠤᠭ᠎ᠤᠨ ᠣᠬᠣᠷ᠂ ᠰᠢᠯᠢᠳᠡᠭ ᠦᠢᠯᠡᠳᠬᠦᠨ᠎ᠳᠤ ᠬᠥᠷᠬᠥ ᠴᠠᠭ᠎ᠨᠢ ᠬᠠᠮᠤᠭ᠎ᠤᠨ ᠣᠬᠣᠷ》 ᠲᠡᠮᠳᠡᠭᠯᠡᠯ᠎ᠢ ᠡᠭᠦᠳᠬᠦ᠎ᠳᠤ ᠬᠦᠴᠦᠲᠡᠶ ᠪᠠᠲᠤᠯᠠᠭ᠎ᠠ ᠬᠠᠩᠭ᠋ᠠᠪᠠ  ᠃
   《ᠵᠢᠯ᠎ᠳᠤ 38 ᠲᠦᠮᠡᠨ ᠲᠣᠨ BDO ᠵᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠠᠰᠢᠭᠯᠠᠯᠲᠠ᠎ᠳᠤ ᠣᠷᠣᠵᠤ᠂ ᠮᠠᠨ᠎ᠤ ᠠᠵᠤ ᠠᠬᠤᠢ᠌ᠯᠠᠯ᠎ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ᠎ᠪᠠᠷ ᠬᠥᠭᠵᠢᠬᠦ ᠠᠵᠤ ᠦᠢᠯᠡᠰ᠎ᠤᠨ ᠪᠠᠢ᠌ᠷᠢᠰᠢᠯ᠎ᠢ ᠤᠯᠠᠮ ᠴᠢᠨᠠᠭᠰᠢᠳᠠ ᠪᠠᠲᠤᠳᠬᠠᠪᠠ  ᠃ ᠥᠪᠥᠷ ᠮᠣᠩᠭᠣᠯ᠎ᠤᠨ ᠳ᠋ᠦᠩ ᠶᠤᠸᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠶ ᠳᠠᠭ᠋ᠠᠭ᠋ᠠᠮᠠᠯ ᠵᠦ᠍ ᠴᠢᠩ ᠾᠧ ᠢᠯᠡᠷᠬᠡᠢ᠌ᠯᠡᠬᠦ᠎ᠳᠡᠭᠡᠨ᠂ ᠺᠣᠮᠫᠠᠨᠢ ᠦᠷᠭᠦᠯᠵᠢᠯᠡᠨ 《ᠪᠣᠬᠢᠷᠲᠤᠯ ᠥᠬᠡᠶ᠂ ᠳᠣᠤᠷ᠎ᠠ ᠨᠡᠭᠦᠷᠡᠰᠦᠲᠥ᠋ᠷᠥᠭᠴᠢᠲᠦ᠂ ᠣᠷᠴᠢᠯ》 ᠦᠷᠭᠦᠯᠵᠢᠯᠡᠬᠦ ᠬᠥᠭᠵᠢᠯᠲᠡ ᠵᠢᠨ ᠣᠨᠣᠯᠵᠢᠬᠤᠨ᠎ᠢ ᠦᠢᠯᠡᠳᠦᠯᠭᠡᠵᠢᠭᠦᠯᠵᠦ᠂ ᠵᠠᠳᠠᠷᠠᠭᠤᠯᠵᠤ ᠪᠣᠯᠬᠤ ᠰᠦᠯᠢᠶᠣᠣ ᠵᠢᠨ ᠠᠵᠤ ᠦᠢᠯᠡᠰ᠎ᠤᠨ ᠥᠪᠡᠷ᠎ᠤᠨ ᠥᠷᠲᠡᠭ ᠵᠶ᠋ᠡᠷ ᠳᠣᠤᠷ᠎ᠠ᠂ ᠶᠡᠬᠡ ᠬᠡᠪᠴᠢᠶᠡᠨ᠎ᠤ ᠠᠵᠤ ᠦᠢᠯᠡᠳᠪᠦᠷᠢᠵᠢᠭᠰᠡᠨ ᠦᠢᠯᠡᠳᠪᠦᠷᠢᠯᠡᠯ᠎ᠤᠨ ᠴᠢᠭᠯᠡᠯ ᠳᠠᠰᠢ ᠬᠥᠭᠵᠢᠬᠦ ᠵᠢ ᠠᠬᠢᠭᠤᠯᠵᠤ᠂ ᠦᠬᠠᠶ ᠬᠣᠲᠠ ᠵᠢ ᠪᠥᠬᠥ ᠤᠯᠤᠰ᠎ᠤᠨ ᠵᠠᠳᠠᠷᠠᠭᠤᠯᠵᠤ ᠪᠣᠯᠬᠤ ᠰᠦᠯᠢᠶᠣᠣ ᠵᠢᠨ ᠪᠥᠬᠥ ᠠᠵᠤ ᠦᠢᠯᠡᠰ᠎ᠤᠨ ᠬᠡᠯᠬᠢᠶ᠎ᠡ ᠵᠢᠨ ᠴᠢᠬᠤᠯᠠ ᠰᠠᠭᠤᠷᠢᠨ ᠪᠣᠯᠭ᠋ᠠᠨ ᠪᠥᠲᠥᠭᠡᠨ ᠪᠠᠢ᠌ᠭᠤᠯᠬᠤ ᠬᠠᠷᠠᠯᠲᠠ᠎ᠳᠤ ᠬᠥᠲᠥᠯᠥᠨ ᠳᠠᠭ᠋ᠠᠭᠤᠯᠬᠤ ᠦᠢᠯᠡᠳᠦᠯ ᠦᠵᠡᠭᠦᠯᠵᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠣᠷᠭᠢᠯ᠎ᠢ ᠰᠠᠭ᠋ᠠᠷᠮᠠᠭᠵᠢᠭᠤᠯᠬᠤ᠎ᠳᠤ ᠬᠦᠴᠦᠨ ᠨᠡᠮᠡᠷᠢᠯᠡᠨ᠎ᠡ ᠭᠡᠵᠡᠶ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠥᠬᠥ ᠪᠥᠮᠪᠥᠷᠴᠡᠭ᠎ᠤᠨ ᠲᠠᠩ ᠦᠢᠯᠡᠳᠪᠦᠷᠢ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ 《ᠨᠣᠭᠣᠭ᠋ᠠᠨ ᠤᠰᠤᠲᠥ᠋ᠷᠥᠭᠴᠢ +》 ᠨᠡᠭᠦᠷᠡᠰᠦ᠎ᠪᠠᠷ ᠠᠯᠺᠧᠨ ᠦᠢᠯᠡᠳᠬᠦ ᠠᠵᠤ ᠦᠢᠯᠡᠰ᠎ᠤᠨ ᠰᠠᠭᠤᠷᠢᠨ ᠭᠠᠵᠠᠷ ᠣᠷᠳᠣᠰ ᠎ᠲᠤ ᠪᠠᠢ᠌ᠭᠤᠯᠤᠭᠳᠠᠪᠠ
ᠪᠤᠭᠤᠲᠤ᠄ ᠰᠢᠨ᠎ᠡ ᠵᠢ ᠡᠭᠦᠳᠬᠦ᠎ᠪᠠᠷ ᠵᠠᠩᠭᠢᠯᠠᠭ᠎ᠠ ᠵᠢᠨ ᠬᠥᠳᠡᠯᠭᠡᠭᠦᠷ ᠪᠣᠯᠭ᠋ᠠᠵᠤ ᠬᠣᠲᠠ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ ᠪᠣᠯᠭ᠋ᠠᠨ᠎ᠠ
《ᠬᠣᠪᠣᠷ ᠰᠢᠷᠣᠶ +》 ᠬᠤᠪᠢᠷᠠᠮᠠᠲᠠᠭ᠋ᠠᠶ ᠷᠢᠳᠢ ᠰᠢᠳᠢ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠶᠤᠨ ᠤᠬᠠᠭ᠋ᠠᠨ ᠨᠡᠮᠡᠷᠢᠯᠡᠪᠡ
ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠬᠣᠶᠠᠷᠲᠠ ᠥᠭᠦᠯᠡᠬᠦ᠎ᠨᠢ
 
            
Baidu
map