ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠲᠥᠪ ᠲᠧᠯᠸᠢᠰ᠎ᠤᠨ 《ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ》᠄ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ ᠵᠦᠭ ᠲᠣᠮᠣ ᠠᠯᠬᠤᠮ ᠵᠶ᠋ᠠᠷ ᠤᠷᠤᠭᠰᠢᠯᠠᠨ᠎ᠠ
ᠨᠡᠶ᠋ᠢᠲᠡᠯᠡᠭᠰᠡᠨ ᠴᠠᠭ᠄ 2022-12-31


      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠄ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠲᠦᠷᠭᠡᠯᠡᠨ ᠬᠡᠷᠡᠭᠵᠢᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠯᠡᠨ ᠪᠡᠶᠡᠯᠡᠭᠦᠯᠵᠦ᠂ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠬᠦᠴᠦᠨ ᠵᠶ᠋ᠡᠨ ᠲᠥᠪᠯᠡᠷᠡᠭᠦᠯᠦᠨ ᠤᠤᠭ᠋ᠠᠯ ᠡᠭᠦᠳᠦᠯᠲᠡ ᠵᠢᠨ ᠴᠢᠨᠠᠷᠲᠠᠢ ᠬᠦᠳᠦᠯᠦᠨ ᠳᠠᠭ᠋ᠠᠭᠤᠯᠬᠤ ᠴᠢᠨᠠᠷᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠬᠢᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠍ᠢ᠍ᠨ᠎ᠳᠤ ᠡᠷᠡᠰ ᠢᠯᠠᠯᠲᠠ ᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ  ᠃ ᠰᠢᠷᠢᠰ ᠮᠡᠳᠡᠭᠡᠯᠡᠯ 《ᠬᠦᠰᠡᠯ᠎ᠤᠨ ᠰᠢᠨ᠎ᠡ ᠠᠶᠠᠨ》 12 ᠰᠠᠷ᠎ᠠ ᠵᠢᠨ 4᠎ᠤ ᠡᠳᠦᠷ ᠠᠩᠬᠠᠷᠤᠯ᠎ᠳᠠᠭᠠᠨ ᠠᠪᠴᠠᠶ᠄ ᠮᠠᠨ᠎ᠤ ᠤᠯᠤᠰ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ᠎ᠤᠨ ᠡᠩᠨᠡᠭᠡᠨ᠎ᠳᠤ ᠠᠮᠵᠢᠯᠲᠠ᠎ᠲᠠᠢ ᠣᠷᠣᠵᠤ᠂ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ ᠵᠦᠭ ᠲᠣᠮᠣ ᠠᠯᠬᠤᠮ ᠵᠶ᠋ᠠᠷ ᠤᠷᠤᠭᠰᠢᠯᠠᠵᠤ ᠪᠠᠢ᠌ᠨ᠎ᠠ  ᠃
    11 ᠰᠠᠷ᠎ᠠ ᠵᠢᠨ 29᠎ᠤ ᠡᠳᠦᠷ᠂ ᠬᠤᠪᠢᠯᠭ᠋ᠠᠨ ᠣᠩᠭᠣᠴᠠ ᠠᠷᠪᠠᠨ ᠲᠠᠪᠤᠳᠤᠭ᠋ᠠᠷ ᠬᠥᠮᠦᠨ ᠰᠠᠭᠤᠯᠭ᠋ᠠᠭᠰᠠᠨ ᠨᠢᠰᠬᠦ ᠣᠩᠭᠣᠴᠠ ᠭᠤᠷᠪᠠᠨ ᠰᠠᠨᠰᠠᠷᠴᠢᠨ᠎ᠢ ᠠᠴᠢᠵᠤ ᠠᠮᠵᠢᠯᠲᠠ᠎ᠲᠠᠢ᠎ᠪᠠᠷ ᠰᠠᠨᠰᠠᠷ᠎ᠲᠤ ᠬᠠᠷᠪᠤᠨ ᠭᠠᠷᠭ᠋ᠠᠵᠤ᠂ ᠬᠤᠪᠢᠯᠭ᠋ᠠᠨ ᠣᠩᠭᠣᠴᠠ ᠠᠷᠪᠠᠨ ᠳᠥᠷᠪᠡᠳᠦᠭᠡᠷ ᠬᠥᠮᠦᠨ ᠰᠠᠭᠤᠯᠭ᠋ᠠᠭᠰᠠᠨ ᠨᠢᠰᠬᠦ ᠣᠩᠭᠣᠴᠠ᠎ᠲᠠᠢ ᠰᠠᠨᠰᠠᠷ᠎ᠲᠤ ᠠᠭᠤᠯᠵᠠᠪᠠ  ᠃ ᠨᠢᠭᠡ ᠪᠦᠯᠦᠭ ᠰᠠᠨᠰᠠᠷ᠎ᠤᠨ ᠠᠶᠠᠯᠠᠯ᠎ᠤᠨ ᠬᠥᠮᠦᠰ ᠰᠠᠨᠰᠠᠷ᠎ᠲᠤ ᠬᠦᠰᠡᠯ ᠵᠡᠭᠦᠳᠦ᠎ᠪᠠᠨ ᠴᠣᠭᠴᠠᠯᠠᠵᠤ᠂ ᠦᠷᠭᠦᠯᠵᠢᠯᠡᠨ ᠲᠡᠮᠡᠴᠡᠵᠦ᠂ ᠳᠤᠮᠳᠠᠳᠤ ᠤᠯᠤᠰ᠎ᠤᠨ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ ᠲᠠᠪᠠᠯᠳᠠᠳᠤ ᠮᠠᠶᠢᠭ᠎ᠤᠨ ᠬᠥᠭᠵᠢᠯᠲᠡ ᠵᠢ ᠪᠡᠶᠡᠯᠡᠭᠦᠯᠪᠡ  ᠃
      ᠬᠡᠬᠦᠳᠡᠭ ᠴᠡᠭᠡᠵᠢᠨ᠎ᠳᠡᠭᠡᠨ ᠣᠳᠣᠨ ᠮᠡᠴᠢᠳ᠎ᠲᠠᠢ ᠶᠡᠬᠡ ᠲᠡᠯᠡᠶ ᠵᠢ ᠪᠠᠭᠲᠠᠭ᠋ᠠᠵᠤ᠂ ᠠᠭᠤᠤ ᠶᠡᠬᠡ ᠠᠶᠠᠨ ᠵᠶ᠋ᠠᠨ ᠡᠬᠢᠯᠡᠭᠦᠯᠪᠡ  ᠃
      ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠡᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠬᠦ᠂ ᠰᠢᠨ᠎ᠡ ᠵᠢ ᠡᠭᠦᠳᠬᠦ ᠵᠢ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠤ ᠲᠡᠷᠢᠭᠦᠨ ᠪᠠᠢ᠌ᠷᠢᠨ᠎ᠳᠤ ᠲᠠᠯᠪᠢᠬᠤ᠎ᠠᠴᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠠᠭᠤᠯᠤᠭᠳᠠᠬᠤᠨ᠎ᠤ ᠬᠡᠯᠪᠡᠷᠢ ᠵᠢᠨ ᠨᠡᠮᠡᠭᠳᠡᠯ᠎ᠳᠤ ᠲᠦᠰᠢᠭᠯᠡᠨ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠬᠦ ᠬᠦᠷᠲᠡᠯ᠎ᠡ᠂ ᠳᠠᠬᠢᠭ᠋ᠠᠳ ᠥᠨᠳᠥᠷ ᠬᠢᠷᠢ ᠲᠦᠪᠰᠢᠨ ᠪᠥᠬᠥᠶ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ ᠬᠦᠷᠲᠡᠯ᠎ᠡ᠂ ᠰᠢᠨ᠎ᠡ ᠵᠢ ᠡᠭᠦᠳᠬᠦ ᠮᠠᠨ᠎ᠤ ᠤᠯᠤᠰ᠎ᠤᠨ ᠣᠳᠣᠬᠢᠴᠢᠯᠠᠬᠤ ᠪᠥᠲᠥᠭᠡᠨ ᠪᠠᠢ᠌ᠭᠤᠯᠤᠯᠲᠠ ᠵᠢᠨ ᠪᠥᠬᠥ ᠲᠠᠯ᠎ᠠ᠎ᠳᠠᠬᠢ ᠭᠣᠤᠯᠯᠠᠬᠤ ᠪᠠᠢ᠌ᠷᠢ ᠰᠠᠭᠤᠷᠢ ᠡᠳᠦᠷ ᠢᠷᠡᠬᠦᠶ᠎ᠡ ᠲᠣᠪᠣᠢ᠌ᠮ᠎ᠠ ᠪᠣᠯᠵᠠᠶ  ᠃
    ᠳᠡᠯᠡᠬᠡᠢ ᠵᠢᠨ ᠬᠣᠰᠢᠭᠤᠷᠠᠯ ᠰᠢᠨᠵᠢᠯᠡᠬᠦ ᠤᠬᠠᠭ᠋ᠠᠨ᠎ᠳᠤ ᠬᠠᠨᠳᠤᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠯᠬᠤᠭ᠎ᠠ ᠥᠴᠦᠬᠡᠨ ᠴᠦ᠍ ᠵᠤᠬᠰᠤᠰᠢ ᠦᠭᠡᠢ ᠪᠠᠢ᠌ᠵᠤ᠂ ᠴᠢᠬᠤᠯᠠ ᠶᠡᠬᠡ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ ᠵᠠᠯᠭ᠋ᠠᠭ᠎ᠠ᠎ᠪᠠᠷ ᠴᠣᠯᠭᠣᠷᠠᠨ ᠭᠠᠷᠪᠠ  ᠃
      ᠪᠥᠭᠡᠭᠡᠨᠡᠷᠡᠯ ᠲᠥᠯᠥᠪ᠎ᠤᠨ ᠹᠢᠽᠢᠺ᠂ ᠨᠠᠨᠤ᠋ ᠮᠠᠲ᠋ᠧᠷᠢᠶᠠᠯ ᠵᠡᠷᠭᠡ ᠨᠢᠭᠡ ᠪᠦᠯᠦᠭ ᠴᠢᠬᠤᠯᠠ ᠬᠣᠰᠢᠭᠤᠷᠠᠯ ᠴᠢᠭᠯᠡᠯ᠎ᠤᠨ ᠰᠤᠳᠤᠯᠭ᠋ᠠᠨ ᠳᠡᠯᠡᠬᠡᠢ ᠵᠢᠨ ᠨᠢᠭᠡᠳᠦᠭᠡᠷ ᠵᠢᠭᠰᠠᠭ᠋ᠠᠯ᠎ᠤᠨ ᠡᠩᠨᠡᠭᠡᠨ᠎ᠳᠤ ᠣᠷᠣᠪᠠ; ᠬᠠᠮ ᠰᠢᠨᠵᠢᠯᠡᠬᠦ ᠤᠬᠠᠭ᠋ᠠᠨ᠎ᠤ ᠲᠣᠨᠣᠭᠯᠠᠯ᠎ᠤᠨ ᠪᠠᠢ᠌ᠭᠤᠯᠤᠯᠲᠠ ᠦᠳᠲᠡᠷ ᠲᠦᠷᠭᠡᠨ ᠬᠥᠭᠵᠢᠵᠦ᠂ ᠮᠠᠲ᠋ᠧᠷᠢᠶᠠᠯ᠂ ᠡᠨᠧᠷᠭᠢ ᠵᠢᠨ ᠰᠤᠷᠪᠤᠯᠵᠢ᠂ ᠠᠮᠢ ᠨᠠᠰᠤ᠂ ᠢᠨᠵᠧᠨᠧᠷᠢᠩ᠎ᠤᠨ ᠮᠡᠷᠭᠡᠵᠢᠯ ᠵᠡᠷᠭᠡ 7 ᠰᠢᠨᠵᠢᠯᠡᠭᠡᠨ᠎ᠤ ᠬᠦᠷᠢᠶᠡᠨ᠎ᠳᠠᠬᠢ ᠪᠠᠢ᠌ᠷᠢᠯᠠᠭᠤᠯᠤᠯᠲᠠ ᠵᠢᠨ ᠪᠣᠷᠣ ᠲᠥᠯᠥᠪ ᠨᠢᠭᠡᠨᠲᠡ ᠠᠩᠬ᠎ᠠ ᠠᠯᠬᠤᠮ ᠪᠦᠷᠢᠯᠳᠦᠵᠦ᠂ 《ᠳᠤᠮᠳᠠᠳᠤ ᠤᠯᠤᠰ᠎ᠤᠨ ᠲᠩᠷᠢ ᠵᠢᠨ ᠨᠢᠳᠦ》 《ᠬᠢᠮᠡᠯ ᠨᠠᠷᠠ》 ᠵᠡᠷᠭᠡ ᠤᠯᠠᠨ ᠤᠯᠤᠰ᠎ᠤᠨ ᠲᠡᠷᠢᠭᠦᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠲᠥᠬᠥᠭᠡᠷᠦᠮᠵᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠤᠷᠴᠠ ᠵᠡᠪᠰᠡᠭ ᠪᠣᠯᠪᠠ  ᠃
      ᠠᠵᠤ ᠠᠬᠤᠢ ᠵᠢᠨ ᠭᠣᠣᠯ ᠲᠠᠢ᠍ᠢ᠍ᠨ᠎ᠤ ᠲᠠᠯᠠᠪᠤᠷ᠎ᠲᠤ ᠬᠠᠨᠳᠤᠵᠤ᠂ ᠰᠢᠨ᠎ᠡ ᠵᠢ ᠡᠭᠦᠳᠬᠦ ᠬᠥᠳᠡᠯᠭᠡᠬᠦ ᠬᠦᠴᠦᠨ ᠳᠤᠮᠳᠠᠳᠤ ᠤᠯᠤᠰ᠎ᠤᠨ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠲᠠᠰᠤᠷᠠᠯᠳᠠ ᠦᠭᠡᠢ ᠣᠷᠣᠵᠤ ᠢᠷᠡᠪᠡ  ᠃ ᠥᠩᠭᠡᠷᠡᠭᠰᠡᠨ᠎ᠳᠤ ᠳᠡᠯᠡᠬᠡᠢ ᠳᠡᠭᠡᠷᠡᠬᠢ ᠬᠠᠮᠤᠭ᠎ᠤᠨ ᠨᠢᠮᠭᠡᠨ 《ᠤᠷᠠᠵᠤ ᠬᠠᠶᠠᠭᠰᠠᠨ ᠪᠤᠯᠤᠳ》᠎ᠢ ᠰᠤᠳᠤᠯᠤᠨ ᠦᠢ᠍ᠯᠡᠳᠴᠦ ᠪᠠᠢ᠌ᠭᠰᠠᠨ ᠱᠠᠨ ᠰᠢ ᠵᠢᠨ ᠲᠠᠢ᠌ᠶᠤᠸᠠᠨ᠎ᠤ ᠪᠤᠯᠤᠳ ᠲᠡᠮᠦᠷ᠎ᠤᠨ ᠪᠦᠯᠦᠭᠯᠡᠯ ᠺᠣᠮᠫᠠᠨᠢ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠪᠠᠰᠠ ᠣᠨᠴᠠ ᠲᠦᠷᠦᠯ᠎ᠤᠨ ᠵᠢᠪᠡᠷᠡᠬᠦ ᠦᠭᠡᠢ ᠪᠤᠯᠤᠳ᠎ᠤᠨ ᠰᠢᠨ᠎ᠡ ᠦᠢ᠍ᠯᠡᠳᠬᠦᠨ᠎ᠢ ᠰᠤᠳᠤᠯᠤᠨ ᠦᠢ᠍ᠯᠡᠳᠴᠦ᠂ ᠮᠠᠨ᠎ᠤ ᠤᠯᠤᠰ᠎ᠤᠨ LNG ᠳᠠᠯᠠᠢ ᠵᠢᠨ ᠲᠡᠭᠡᠭᠡᠪᠦᠷᠢ ᠪᠣᠯᠤᠨ ᠬᠠᠳᠠᠭ᠋ᠠᠯᠠᠵᠤ ᠬᠡᠷᠡᠭᠯᠡᠬᠦ ᠰᠠᠭᠤᠷᠢ ᠮᠠᠲ᠋ᠧᠷᠢᠶᠠᠯ᠎ᠤᠨ ᠬᠦᠷᠢᠶᠡᠨ᠎ᠳᠠᠬᠢ ᠰᠢᠨ᠎ᠡ ᠰᠢᠪᠲᠤᠯᠤᠯᠲᠠ ᠵᠢ ᠪᠡᠶᠡᠯᠡᠭᠦᠯᠪᠡ  ᠃
      ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠢ᠌ᠷᠢ ᠰᠠᠭᠤᠷᠢ ᠨᠡᠩ ᠲᠤᠪᠤᠢ᠍ᠢ᠍ᠮ᠎ᠠ ᠪᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠲᠣᠭ᠎ᠠ ᠬᠡᠮᠵᠢᠢ᠎ᠡ ᠠᠷᠪᠠ ᠭᠠᠷᠤᠢ ᠵᠢᠯ᠎ᠤᠨ ᠡᠮᠦᠨᠡᠬᠢ 4 . 9 ᠲᠦᠮᠡ ᠪᠠᠢ᠌ᠭᠰᠠᠨ᠎ᠠᠴᠠ᠎ᠪᠠᠨ 2021 ᠣᠨ ᠪᠣᠯᠬᠤ᠎ᠳᠤ 33 ᠲᠦᠮᠡ ᠪᠣᠯᠤᠨ ᠨᠡᠮᠡᠭᠳᠡᠵᠦ᠂ ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠬᠤᠪᠢ ᠨᠡᠮᠡᠷᠢ ᠵᠢᠨ ᠨᠤᠷᠮ᠎ᠠ 2012 ᠣᠨ᠎ᠳᠤ 52 . 2 % ᠪᠠᠢ᠌ᠭᠰᠠᠨ᠎ᠠᠴᠠ᠎ᠪᠠᠨ 60 %᠎ᠠᠴᠠ ᠳᠡᠭᠡᠭᠰᠢ ᠪᠣᠯᠲᠠᠯ᠎ᠠ ᠳᠡᠭᠡᠭᠰᠢᠯᠡᠪᠡ  ᠃ ᠰᠢᠨ᠎ᠡ ᠵᠢ ᠡᠭᠦᠳᠬᠦ᠎ᠨᠢ ᠳᠤᠮᠳᠠᠳᠤ ᠤᠯᠤᠰ᠎ᠤᠨ ᠠᠵᠤ ᠠᠬᠤᠢ ᠵᠢᠨ ᠳᠡᠭᠡᠳᠦ ᠬᠤᠷᠳᠤᠴᠠ᠎ᠠᠴᠠ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠪᠣᠯᠤᠨ᠎ᠠ  ᠃
      ᠤᠯᠤᠰ᠎ᠤᠨ ᠴᠢᠬᠤᠯᠠ ᠶᠡᠬᠡ ᠬᠡᠷᠡᠭᠴᠡᠭᠡ᠎ᠳᠤ ᠬᠠᠨᠳᠤᠭᠤᠯᠤᠨ᠂ ᠵᠠᠩᠭᠢᠯᠠᠭ᠎ᠠ ᠵᠢᠨ ᠬᠦᠷᠢᠶ᠎ᠡ ᠪᠠ 《ᠪᠣᠭᠣᠮᠢ》 ᠪᠤᠯᠵᠤ ᠪᠠᠢ᠌ᠭ᠎ᠠ ᠭᠠᠵᠠᠷ ᠣᠷᠣᠨ᠎ᠳᠤ ᠬᠦᠴᠦ ᠲᠠᠯᠪᠢᠵᠤ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠢ ᠪᠡᠶ᠎ᠡ᠎ᠪᠠᠨ ᠳᠠᠭ᠋ᠠᠭ᠋ᠠᠵᠤ ᠡᠵᠡᠮᠳᠡᠬᠦ ᠵᠢ ᠴᠢᠷᠮᠠᠢ᠌ᠨ ᠪᠡᠶᠡᠯᠡᠭᠦᠯᠦᠨ᠎ᠡ  ᠃
      ᠰᠢᠨ᠎ᠡ ᠡᠨᠧᠷᠭᠢ᠂ ᠲᠡᠷᠢᠭᠦᠨ᠎ᠤ ᠴᠥᠮ᠎ᠡ ᠵᠢᠨ ᠡᠨᠧᠷᠭᠢ᠂ ᠣᠨᠴᠠ ᠥᠨᠳᠥᠷ ᠬᠦᠴᠦᠳᠡᠯᠲᠦ ᠴᠠᠬᠢᠯᠭ᠋ᠠᠨ ᠬᠦᠷᠭᠡᠬᠦ ᠵᠡᠷᠭᠡ ᠮᠡᠷᠭᠡᠵᠢᠯ ᠲᠠᠰᠤᠷᠠᠯᠲᠠ ᠦᠭᠡᠢ ᠰᠢᠪᠲᠤᠯᠤᠯᠲᠠ᠎ᠲᠠᠢ ᠪᠣᠯᠪᠠ; 5 G᠂ ᠬᠡᠰᠡᠭ᠎ᠤᠳ᠎ᠤᠨ ᠬᠡᠯᠬᠢᠶ᠎ᠡ᠂ ᠺᠸᠠᠨ᠋ᠲ ᠮᠡᠳᠡᠭᠡ ᠬᠣᠯᠪᠣᠭ᠎ᠠ ᠵᠡᠷᠭᠡ ᠰᠢᠨ᠎ᠡ᠎ᠪᠠᠷ ᠬᠥᠭᠵᠢᠭᠰᠡᠨ ᠮᠡᠷᠭᠡᠵᠢᠯ᠎ᠤᠨ ᠬᠡᠷᠡᠭᠯᠡᠯᠲᠡ ᠵᠢ ᠲᠦᠷᠭᠡᠳᠬᠡᠪᠡ; ᠳᠡᠭᠡᠳᠦ ᠴᠢᠳᠠᠪᠬᠢᠳᠤ ᠲᠣᠨᠣᠭᠯᠠᠯ᠂ ᠤᠶᠤᠨᠲᠤ ᠮᠠᠰᠢᠨ ᠬᠥᠮᠦᠨ᠂ ᠯᠠᠢ᠌ᠰᠧᠷ ᠦᠢ᠍ᠯᠡᠳᠬᠦ ᠵᠡᠷᠭᠡ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠰᠢᠪᠲᠤᠯᠤᠯᠲᠠ᠎ᠨᠢ ᠴᠦ᠍ 《ᠪᠣᠭᠣᠮᠢ》 ᠵᠢᠨ ᠬᠦᠴᠢᠷ ᠠᠰᠠᠭᠤᠳᠠᠯ᠎ᠢ ᠲᠠᠰᠤᠷᠠᠯᠳᠠ ᠦᠭᠡᠢ ᠰᠢᠪᠲᠤᠯᠵᠤ᠂ ᠠᠵᠤ ᠦᠢ᠍ᠯᠡᠰ᠎ᠤᠨ ᠳᠤᠮᠳᠠ ᠳᠡᠭᠡᠳᠦ ᠲᠦᠪᠰᠢᠨ ᠲᠡᠢ᠌ᠰᠢ ᠳᠡᠭᠡᠭᠰᠢᠯᠡᠬᠦ ᠵᠢ ᠠᠬᠢᠭᠤᠯᠵᠤ ᠪᠠᠢ᠌ᠨ᠎ᠠ  ᠃ ᠨᠡᠯᠦᠭᠡᠷ ᠠᠭᠤᠳᠠᠮ ᠰᠠᠨᠰᠠᠷ ᠣᠭᠲᠠᠷᠭᠤᠢ᠎ᠳᠤ᠂ ᠳᠣᠬᠢᠭᠤᠷ ᠲᠤᠯᠤᠭ᠋ᠠᠨ ᠤᠳᠤ ᠠᠶᠠᠯᠠᠯ ᠵᠠᠯᠠᠬᠤ ᠰᠢᠰᠲ᠋ᠧᠮ᠎ᠳᠤ ᠨᠢᠭᠡᠨᠲᠡ 45 ᠳᠠᠭ᠋ᠠᠭᠤᠯᠢ ᠤᠳᠤ ᠲᠣᠭᠣᠷᠢᠯᠲᠠ ᠵᠢᠨ ᠵᠠᠮ᠎ᠳᠤ ᠦᠢ᠍ᠯᠡᠴᠢᠯᠡᠭᠡ ᠬᠠᠩᠭ᠋ᠠᠵᠤ᠂ ᠪᠦᠬᠦ ᠡᠳᠦᠷ᠎ᠤᠨ᠂ ᠪᠦᠬᠦ ᠡᠳᠦᠷ᠎ᠤᠨ᠂ ᠳᠡᠭᠡᠳᠦ ᠨᠠᠷᠢᠯᠢᠭ ᠪᠠᠢ᠌ᠷᠢ ᠲᠣᠭᠲᠠᠭ᠋ᠠᠬᠤ ᠠᠶᠠᠯᠠᠯ ᠵᠠᠯᠠᠬᠤ ᠪᠠ ᠴᠠᠭ ᠣᠯᠭᠣᠬᠤ ᠦᠢ᠍ᠯᠡᠴᠢᠯᠡᠭᠡ ᠬᠠᠩᠭ᠋ᠠᠵᠤ ᠴᠢᠳᠠᠬᠤ᠎ᠪᠠᠷ ᠪᠠᠷᠠᠬᠤ ᠦᠭᠡᠢ᠂ ᠪᠠᠰᠠ ᠲᠤᠮᠤ ᠳ᠋ᠠᠢ᠌ᠲ᠋ᠠ᠂ ᠪᠠᠷᠠᠭ᠋ᠠᠨ᠎ᠤ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠠᠷ ᠮᠠᠨᠳᠤᠭᠰᠠᠨ ᠮᠡᠷᠭᠡᠵᠢᠯ᠎ᠯᠦᠭᠡ ᠭᠦᠨᠵᠡᠭᠡᠢ ᠠᠭᠤᠰᠤᠯᠴᠠᠵᠤ᠂ ᠠᠵᠤ ᠠᠬᠤᠢ ᠨᠡᠢ᠌ᠭᠡᠮ᠎ᠤᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ ᠪᠠ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠤᠯᠭ᠋ᠠᠭᠤᠷᠢᠯᠠᠵᠤ ᠪᠠᠢ᠌ᠨ᠎ᠠ  ᠃
      ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠬᠠᠨᠳᠤᠵᠤ᠂ ᠰᠢᠨ᠎ᠡ ᠵᠢ ᠡᠭᠦᠳᠬᠦ᠎ᠪᠠᠷ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠨᠠᠩ ᠰᠠᠢ᠌ᠲᠤᠷ ᠬᠠᠩᠭ᠋ᠠᠨ᠎ᠠ  ᠃ ᠡᠮ ᠲᠠᠩ᠂ ᠲᠡᠷᠢᠭᠦᠨ᠎ᠤ ᠣᠨᠣᠰᠢᠯᠠᠨ ᠡᠮᠨᠡᠬᠦ ᠮᠡᠷᠭᠡᠵᠢᠯ ᠵᠡᠷᠭᠡ ᠵᠢ ᠰᠢᠨᠡᠴᠢᠯᠡᠵᠦ ᠠᠷᠠᠳ ᠣᠯᠠᠨ᠎ᠳᠤ ᠨᠠᠩ ᠣᠯᠠᠨ ᠴᠢᠨᠠᠷ ᠰᠠᠢ᠌ᠲᠠᠶ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠡᠳ᠋ᠯᠡᠭᠦᠯᠦᠨ᠎ᠡ  ᠃
      ᠰᠢᠨ᠎ᠡ ᠴᠠᠭ ᠦᠶ᠎ᠡ᠎ᠳᠤ ᠣᠷᠣᠭ᠋ᠠᠳ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠲᠤ ᠲᠡᠦᠬᠡᠲᠦ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ᠂ ᠪᠠᠢ᠌ᠷᠢᠰᠢᠯ᠎ᠤᠨ ᠴᠢᠨᠠᠷᠲᠠᠢ ᠴᠢᠬᠤᠯᠠ ᠶᠡᠬᠡ ᠬᠤᠪᠢᠷᠠᠯᠲᠠ ᠭᠠᠷᠴᠤ᠂ ᠰᠢᠨ᠎ᠡ ᠵᠢ ᠡᠭᠦᠳᠬᠦ ᠮᠠᠶᠢᠭ᠎ᠤᠨ ᠤᠯᠤᠰ᠎ᠤᠨ ᠡᠩᠨᠡᠭᠡᠨ᠎ᠳᠤ ᠠᠮᠵᠢᠯᠲᠠ᠎ᠲᠠᠢ ᠣᠷᠣᠪᠠ  ᠃
      ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ ᠪᠠᠢ᠌ᠯᠳᠤᠬᠤ ᠪᠤᠳᠤᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠤᠳᠤᠯᠭ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠵᠢᠨ ᠰᠢᠨ᠎ᠡ ᠬᠦᠷᠢᠢ᠎ᠡ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠲᠠᠰᠤᠷᠠᠯᠳᠠ ᠦᠭᠡᠢ ᠪᠤᠢ ᠪᠣᠯᠭ᠋ᠠᠨ᠎ᠠ ᠭᠡᠵᠦ ᠳᠤᠷᠠᠳᠤᠨ ᠭᠠᠷᠭ᠋ᠠᠪᠠ  ᠃ ᠲᠦᠭ ᠲᠦᠮᠡᠨ ᠳᠤᠮᠳᠠᠳᠤ ᠵᠢᠨ ᠬᠥᠪᠡᠭᠦᠳ ᠥᠬᠢᠳ ᠶᠠᠭ ᠳᠡᠯᠡᠬᠡᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ ᠪᠣᠯᠬᠤ ᠲᠡᠢ᠌ᠰᠢ ᠲᠠᠰᠤᠷᠠᠯᠳᠠ ᠦᠭᠡᠢ ᠤᠷᠤᠭᠰᠢᠯᠠᠵᠤ᠂ 2035 ᠣᠨ ᠪᠣᠯᠬᠤ᠎ᠳᠤ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 100 ᠵᠢᠯ ᠪᠣᠯᠬᠤ᠎ᠳᠤ ᠳᠡᠯᠡᠬᠡᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ ᠪᠣᠯᠬᠤ ᠬᠠᠷᠠᠯᠲᠠ ᠯᠠᠪᠲᠠᠢ ᠪᠡᠶᠡᠯᠡᠭᠳᠡᠨ᠎ᠡ!

ᠢᠷᠡᠯᠲᠡ᠄ ᠲᠥᠪ ᠲᠧᠯᠸᠢᠰ᠎ᠤᠨ ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠬᠠᠮᠤᠭ᠎ᠤᠨ ᠶᠡᠬᠡ BDO ᠨᠢᠭᠡ ᠴᠤᠬ᠍ᠴᠠᠵᠢᠬᠰᠠᠨ ᠦᠢ᠍ᠯᠡᠳᠪᠦᠷᠢᠯᠡᠯ᠎ᠤᠨ ᠰᠠᠭᠤᠷᠢᠨ᠎ᠢ ᠪᠦᠳᠦᠬᠡᠨ ᠪᠠᠢ᠌ᠭᠤᠯᠵᠤ ᠠᠰᠢᠭᠯᠠᠯᠲᠠ᠎ᠳᠤ ᠣᠷᠣᠭᠤᠯᠪᠠ
ᠪᠥᠬᠥ ᠪᠥᠮᠪᠥᠷᠴᠡᠭ᠎ᠤᠨ ᠲᠠᠩ ᠦᠢᠯᠡᠳᠪᠦᠷᠢ ᠵᠢᠨ ᠬᠡᠪᠴᠢᠶ᠎ᠡ᠎ᠪᠠᠷ ᠬᠠᠮᠤᠭ᠎ᠤᠨ ᠶᠡᠬᠡ 《ᠨᠣᠭᠣᠭ᠋ᠠᠨ ᠤᠰᠤᠲᠥ᠋ᠷᠥᠭᠴᠢ +》 ᠨᠡᠭᠦᠷᠡᠰᠦ᠎ᠪᠠᠷ ᠠᠯᠺᠧᠨ ᠦᠢᠯᠡᠳᠬᠦ ᠠᠵᠤ ᠦᠢᠯᠡᠰ᠎ᠤᠨ ᠰᠠᠭᠤᠷᠢᠨ ᠭᠠᠵᠠᠷ ᠣᠷᠳᠣᠰ ᠎ᠲᠤ ᠪᠠᠢ᠌ᠭᠤᠯᠤᠭᠳᠠᠪᠠ
ᠪᠤᠭᠤᠲᠤ᠄ ᠰᠢᠨ᠎ᠡ ᠵᠢ ᠡᠭᠦᠳᠬᠦ᠎ᠪᠠᠷ ᠵᠠᠩᠭᠢᠯᠠᠭ᠎ᠠ ᠵᠢᠨ ᠬᠥᠳᠡᠯᠭᠡᠭᠦᠷ ᠪᠣᠯᠭ᠋ᠠᠵᠤ ᠬᠣᠲᠠ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ ᠪᠣᠯᠭ᠋ᠠᠨ᠎ᠠ
《ᠬᠣᠪᠣᠷ ᠰᠢᠷᠣᠶ +》 ᠬᠤᠪᠢᠷᠠᠮᠠᠲᠠᠭ᠋ᠠᠶ ᠷᠢᠳᠢ ᠰᠢᠳᠢ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠶᠤᠨ ᠤᠬᠠᠭ᠋ᠠᠨ ᠨᠡᠮᠡᠷᠢᠯᠡᠪᠡ
 
            
Baidu
map