ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠥᠪᠥᠷ ᠮᠣᠩᠭᠣᠯ᠎ᠤᠨ ᠡᠳᠦᠷ᠎ᠤᠨ ᠰᠣᠨᠢᠨ᠄ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠡᠴᠡᠭ ᠵᠶ᠋ᠡᠷ ᠠᠵᠤ ᠦᠢᠯᠡᠰ᠎ᠤᠨ ᠦᠷ᠎ᠡ ᠵᠢᠮᠢᠰ ᠎ᠢ ᠰᠠᠭᠤᠯᠭ᠋ᠠᠪᠠ
ᠨᠡᠶ᠋ᠢᠲᠡᠯᠡᠭᠰᠡᠨ ᠴᠠᠭ᠄ 2022-12-31


      ᠲᠦᠷᠦᠭᠦᠬᠡᠨ᠂ ᠬᠥᠬᠡᠬᠣᠲᠠ ᠵᠢᠨ ᠬᠣᠷᠢᠨᠭᠡᠷ ᠰᠢᠨ᠎ᠡ ᠲᠣᠭᠣᠷᠢᠭ᠎ᠤᠨ ᠤᠯᠤᠰ᠎ᠤᠨ ᠰᠦ ᠰᠠᠭ᠋ᠠᠯᠢ ᠵᠢᠨ ᠦᠢᠯᠡᠰ᠎ᠤᠨ ᠰᠢᠨ᠎ᠡ ᠵᠢ ᠡᠭᠦᠳᠬᠦ ᠲᠥᠪ᠎ᠤᠨ ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ ᠭᠣᠤᠯ ᠲᠠᠯᠠᠪᠠᠶ᠂ ᠰᠠᠢ ᠺᠧ ᠰᠢᠩ ᠪᠦᠯᠦᠭᠯᠡᠯ᠎ᠤᠨ ᠰᠠᠭ᠋ᠠᠯᠢ ᠵᠢᠨ ᠦᠨᠢᠶ᠎ᠡ ᠦᠷᠡᠵᠢᠭᠦᠯᠦᠨ ᠪᠣᠢ᠌ᠵᠢᠭᠤᠯᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠰᠤᠳᠤᠯᠭ᠋ᠠᠨ᠎ᠤ ᠪᠦᠯᠬᠦᠮ ᠪᠠᠷᠠᠭᠤᠨ ᠬᠣᠢ᠌ᠲᠤ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠵᠠᠩ ᠶᠦᠩ ᠠᠺᠠᠳᠧᠮᠢᠴᠢ ᠵᠢᠨ ᠪᠦᠯᠬᠦᠮ᠎ᠲᠠᠢ ᠬᠠᠮᠲᠤᠷᠠᠨ 2 ᠺᠯᠤᠨ ᠰᠠᠭ᠋ᠠᠯᠢ ᠵᠢᠨ ᠦᠨᠢᠶ᠎ᠡ ᠵᠢ ᠠᠮᠵᠢᠯᠲᠠᠲᠠᠶ ᠪᠣᠢ᠌ᠵᠢᠭᠤᠯᠵᠤ᠂ ᠰᠠᠭ᠋ᠠᠯᠢ ᠵᠢᠨ ᠦᠨᠢᠶᠡᠨ᠎ᠤ ᠺᠯᠤᠨ ᠬᠦᠪᠦᠷᠡᠯ᠎ᠤᠨ ᠦᠢᠯᠡᠳᠪᠦᠷᠢᠯᠡᠯ᠎ᠤᠨ ᠦᠷ᠎ᠡ ᠪᠦᠲᠦᠮᠵᠢ ᠪᠠ ᠰᠢᠯᠵᠢᠭᠦᠯᠦᠨ ᠵᠠᠢ᠌ᠯᠠᠭᠤᠯᠤᠭᠰᠠᠨ ᠬᠦᠯᠢᠶᠡᠭᠴᠢ ᠵᠢᠨ ᠵᠢᠷᠮᠦᠰᠦᠯᠡᠬᠦ ᠨᠣᠷᠮ᠎ᠠ ᠵᠡᠷᠭᠡ ᠭᠣᠤᠯ ᠮᠡᠷᠭᠡᠵᠢᠯ᠎ᠤᠨ ᠭᠦᠢᠴᠡᠳᠬᠡᠯ ᠲᠣᠭ᠎ᠠ ᠵᠢᠨ ᠰᠢᠪᠲᠤᠯᠤᠯᠲᠠ ᠵᠢᠨ ᠴᠢᠨᠠᠷᠲᠠᠶ ᠳᠡᠭᠡᠭᠰᠢᠯᠡᠯᠲᠡ ᠵᠢ ᠪᠡᠶᠡᠯᠡᠭᠦᠯᠪᠡ  ᠃
    ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠵᠠᠷᠯᠠᠯ ᠨᠡᠢ᠌ᠲᠡᠯᠡᠵᠦ ᠮᠠᠩᠯᠠᠢ᠌ᠯᠠᠭᠤᠯᠬᠤ》 ᠠᠷᠭ᠎ᠠ ᠬᠡᠯᠪᠡᠷᠢ᠎ᠪᠠᠷ ᠦᠷ᠎ᠡ ᠵᠢᠨ ᠦᠢᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠡᠬᠢᠯᠡᠭᠦᠯᠦᠨ ᠬᠡᠷᠡᠭᠵᠢᠭᠦᠯᠵᠦ᠂ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠦᠢᠯᠡᠰ᠎ᠤᠨ ᠳᠠᠭ᠋ᠠᠭᠤᠯᠤᠭᠴᠢ ᠠᠵᠤ ᠠᠬᠤᠢ᠌ᠯᠠᠯ ᠲᠦᠷᠦᠭᠦᠯᠡᠨ᠂ ᠣᠷᠣᠨ᠎ᠤ ᠳᠣᠲᠣᠷ᠎ᠠ ᠭᠠᠳᠠᠨᠠᠬᠢ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠎ᠲᠠᠢ ᠬᠠᠮᠲᠤᠷᠠᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠡᠭᠦᠷᠭᠡ ᠵᠢ ᠡᠭᠦᠷᠭᠡᠯᠡᠨ᠎ᠡ ᠭᠡᠵᠦ ᠲᠣᠳᠣᠷᠬᠠᠢ᠌ᠯᠠᠪᠠ  ᠃ ᠡᠨᠡᠬᠦ ᠠᠬᠤᠶ ᠪᠠᠢ᠌ᠳᠠᠯ ᠳᠣᠤᠷ᠎ᠠ᠂ ᠰᠠᠶ ᠺᠧ ᠰᠢᠩ ᠪᠦᠯᠦᠭᠯᠡᠯ᠎ᠠᠴᠠ ᠥᠪᠥᠷ ᠮᠣᠩᠭᠣᠯ᠎ᠤᠨ ᠳᠡᠭᠡᠳᠦ ᠲᠠᠰ᠎ᠤᠨ ᠰᠠᠭ᠋ᠠᠯᠢ ᠵᠢᠨ ᠦᠨᠢᠶᠡᠨ᠎ᠤ ᠡᠭᠦᠯᠳᠡᠷ᠎ᠤᠨ ᠢᠷᠡᠯᠲᠡ ᠵᠢ ᠠᠭᠤᠳᠠᠯᠠᠬᠤ ᠵᠢᠴᠢ ᠥᠨᠳᠥᠷ ᠪᠦᠲᠦᠮᠵᠢᠲᠡᠶ ᠦᠷᠡᠵᠢᠭᠦᠯᠦᠨ ᠪᠣᠢ᠌ᠵᠢᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠲᠦᠷᠦᠭᠦᠯᠡᠨ ᠵᠣᠬᠢᠶᠠᠨ ᠪᠠᠢ᠌ᠭᠤᠯᠤᠭᠰᠠᠨ ᠪᠥᠭᠡᠳ 《ᠳᠡᠭᠡᠳᠦ ᠲᠠᠰ᠎ᠤᠨ ᠰᠠᠭ᠋ᠠᠯᠢ ᠵᠢᠨ ᠦᠨᠢᠶᠡᠨ᠎ᠤ ᠡᠭᠦᠯᠳᠡᠷ᠎ᠤᠨ ᠢᠷᠡᠯᠲᠡ ᠵᠢ ᠠᠭᠤᠳᠠᠯᠠᠬᠤ ᠵᠢᠴᠢ ᠥᠨᠳᠥᠷ ᠪᠦᠲᠦᠮᠵᠢᠲᠡᠶ ᠦᠷᠡᠵᠢᠭᠦᠯᠦᠨ ᠪᠣᠢ᠌ᠵᠢᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ》 ᠲᠥᠷᠥᠯ ᠵᠦᠢᠯ᠎ᠤᠨ ᠨᠡᠷᠡᠰ᠎ᠢ ᠠᠮᠵᠢᠯᠲᠠ᠎ᠲᠠᠢ ᠨᠡᠢ᠌ᠲᠡᠯᠡᠵᠡᠶ  ᠃
   《ᠰᠦ ᠰᠠᠭ᠋ᠠᠯᠢ ᠵᠢᠨ ᠦᠢᠯᠡᠰ᠎ᠤᠨ ᠦᠢᠯᠡᠰ᠎ᠤᠨ ᠬᠥᠭᠵᠢᠯᠲᠡ ᠵᠢ ᠨᠥᠯᠥᠭᠡᠯᠡᠬᠦ ᠠᠯᠢ ᠣᠯᠠᠨ ᠮᠡᠷᠭᠡᠵᠢᠯ᠎ᠤᠨ ᠡᠯᠧᠮᠧᠨ᠋ᠲ᠎ᠤᠨ ᠳᠣᠲᠣᠷ᠎ᠠ᠂ ᠰᠠᠭ᠋ᠠᠯᠢ ᠵᠢᠨ ᠦᠨᠢᠶᠡᠨ᠎ᠤ ᠤᠳᠤᠮᠯᠠᠯ᠎ᠤᠨ ᠴᠢᠨᠠᠷ ᠴᠢᠨᠰᠠᠭ᠎ᠠ ᠪᠣᠯ ᠬᠠᠮᠤᠭ᠎ᠤᠨ ᠴᠢᠬᠤᠯᠠ ᠬᠦᠴᠦᠨ ᠵᠦᠢᠯ ᠮᠥᠨ᠂ ᠰᠠᠢ᠌ᠨ ᠡᠭᠦᠯᠳᠡᠷ ᠪᠠ ᠬᠠᠮᠲᠤᠯᠢᠭ᠎ᠤᠨ ᠤᠳᠤᠮᠯᠠᠯ᠎ᠢ ᠰᠠᠢ᠌ᠵᠢᠷᠠᠭᠤᠯᠬᠤ ᠮᠡᠷᠭᠡᠵᠢᠯ᠎ᠤᠨ ᠬᠤᠪᠢ ᠨᠡᠮᠡᠷᠢ ᠵᠢᠨ ᠨᠣᠷᠮ᠎ᠠ᠎ᠨᠢ 40 %᠎ᠠᠴᠠ ᠳᠡᠭᠡᠭᠰᠢᠬᠢ ᠵᠢ ᠡᠵᠡᠯᠡᠵᠦ ᠪᠠᠢ᠌ᠨ᠎ᠠ  ᠃ ᠬᠠᠷᠢᠨ ᠭᠣᠤᠯ ᠪᠣᠯᠬᠤ ᠰᠠᠭ᠋ᠠᠯᠢ ᠵᠢᠨ ᠦᠨᠢᠶᠡᠨ᠎ᠤ ᠡᠭᠦᠯᠳᠡᠷ᠎ᠤᠨ ᠢᠷᠡᠯᠲᠡ ᠵᠢ ᠪᠡᠶ᠎ᠡ᠎ᠪᠠᠨ ᠳᠠᠭ᠋ᠠᠭ᠋ᠠᠵᠤ ᠪᠣᠢ᠌ᠵᠢᠭᠤᠯᠬᠤ ᠪᠠ ᠰᠠᠭ᠋ᠠᠯᠢ ᠵᠢᠨ ᠦᠨᠢᠶᠡᠨ᠎ᠤ ᠰᠠᠢ᠌ᠨ ᠡᠭᠦᠯᠳᠡᠷ᠎ᠢ ᠲᠦᠷᠭᠡᠨ ᠦᠷᠡᠵᠢᠭᠦᠯᠬᠦ ᠮᠡᠷᠭᠡᠵᠢᠯ ᠪᠣᠯ ᠪᠦᠬᠦᠢ᠌ᠯᠡ ᠠᠵᠢᠯ ᠲᠥᠷᠥᠯ᠎ᠤᠨ ᠳᠤᠲᠠᠭᠤᠳᠠᠯ ᠮᠥᠨ᠂ ᠤᠯᠠᠮᠵᠢᠯᠠᠯᠲᠤ ᠭᠠᠭᠴᠠᠭ᠋ᠠᠷ ᠴᠣᠬᠢᠬᠤ ᠮᠠᠶᠢᠭ᠎ᠤᠨ ᠰᠢᠨ᠎ᠡ ᠡᠭᠦᠳᠦᠯᠲᠡ᠎ᠳᠤ ᠲᠦᠰᠢᠭᠯᠡᠬᠦ᠎ᠳᠤ ᠪᠡᠷᠬᠡ ᠶᠤᠮ  ᠃ ᠰᠠᠶ ᠰᠢᠨᠵᠢᠯᠡᠬᠦ ᠤᠬᠠᠭ᠋ᠠᠨ᠎ᠤ ᠣᠳᠣᠨ ᠰᠤᠳᠤᠯᠬᠤ ᠬᠦᠷᠢᠶᠡᠯᠡᠩ᠎ᠤᠨ ᠳᠠᠷᠤᠭ᠎ᠠ᠂ ᠲᠥᠷᠥᠯ ᠵᠦᠢᠯ᠎ᠤᠨ ᠬᠥᠲᠥᠯᠥᠭᠴᠢ ᠯᠢ ᠰᠢ ᠾᠧ ᠳ᠋ᠣᠺᠲ᠋ᠣᠷ᠎ᠤᠨ ᠲᠠᠨᠢᠯᠴᠠᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠳᠠᠭ᠋ᠠᠭᠤᠯᠭ᠎ᠠ ᠳᠣᠤᠷ᠎ᠠ᠂ ᠰᠠᠢ ᠺᠧ ᠰᠢᠩ ᠰᠤᠳᠤᠯᠭ᠋ᠠᠨ᠎ᠤ ᠬᠦᠷᠢᠶᠡᠯᠡᠩ ᠰᠠᠨᠠᠭ᠋ᠠᠴᠢᠯᠠᠭ᠎ᠠ᠎ᠠᠴᠠ᠎ᠪᠠᠨ ᠪᠠᠷᠠᠭᠤᠨ ᠬᠣᠢ᠌ᠲᠤ ᠵᠢᠨ ᠲᠠᠷᠢᠶᠠᠯᠠᠩ ᠣᠢ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ᠎ᠲᠠᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠡᠭᠡᠵᠢᠩ᠎ᠤᠨ ᠮᠠᠯ ᠠᠵᠤ ᠠᠬᠤᠶ ᠮᠠᠯ ᠡᠮᠨᠡᠯᠭᠡ ᠵᠢᠨ ᠰᠤᠳᠤᠯᠬᠤ ᠭᠠᠵᠠᠷ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠡᠷᠭᠡ ᠣᠷᠣᠨ᠎ᠤ ᠳᠣᠲᠣᠨ᠎ᠠ ᠭᠠᠳᠠᠨᠠᠬᠢ 5 ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠣᠯᠤᠨ ᠠᠵᠤ ᠠᠬᠤᠢ᠌ᠯᠠᠯ ᠨᠢᠭᠲᠠ ᠬᠠᠮᠲᠤᠷᠠᠨ ᠠᠵᠢᠯᠯᠠᠬᠤ ᠬᠠᠷᠢᠴᠠᠭ᠎ᠠ ᠪᠠᠢ᠌ᠭᠤᠯᠤᠨ᠎ᠠ᠂ 《ᠦᠢᠯᠡᠳᠪᠦᠷᠢᠯᠡᠬᠦ》᠎ᠪᠠᠷ ᠳᠠᠮᠵᠢᠬᠤ᠂ ᠰᠤᠷᠬᠤ᠂ ᠰᠤᠳᠤᠯᠬᠤ᠂ ᠰᠢᠨ᠎ᠡ ᠵᠢ ᠡᠭᠦᠳᠬᠦ ᠬᠣᠯᠪᠣᠭ᠋ᠠᠯᠠᠯ᠎ᠢ ᠬᠡᠷᠡᠭᠯᠡᠨ᠎ᠡ᠂ ᠳᠠᠪᠠᠭᠤᠯᠢᠭ ᠲᠠᠯ᠎ᠠ᠎ᠪᠠᠷ ᠵᠶ᠋ᠠᠨ ᠨᠥᠬᠥᠪᠥᠷᠢᠯᠡᠬᠦ᠂ ᠮᠠᠨ᠎ᠤ ᠤᠯᠤᠰ᠎ᠤᠨ ᠰᠠᠭ᠋ᠠᠯᠢ ᠵᠢᠨ ᠦᠨᠢᠶᠡᠨ᠎ᠤ ᠡᠭᠦᠯᠳᠡᠷ᠎ᠤᠨ ᠦᠢ᠍ᠯᠡᠰ᠎ᠤᠨ ᠬᠥᠭᠵᠢᠯᠲᠡ᠎ᠳᠤ ᠣᠷᠣᠰᠢᠵᠤ ᠪᠠᠢ᠌ᠭ᠎ᠠ ᠳᠡᠭᠡᠳᠦ ᠲᠠᠰ᠎ᠤᠨ ᠰᠠᠭ᠋ᠠᠯᠢ ᠵᠢᠨ ᠦᠨᠢᠶᠡᠨ᠎ᠤ ᠡᠭᠦᠯᠳᠡᠷ᠎ᠤᠨ ᠢᠷᠡᠯᠲᠡ ᠳᠤᠲᠠᠭᠳᠠᠵᠤ ᠪᠠᠢ᠌ᠭ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠲᠡᠶ᠂ ᠥᠨᠳᠥᠷ ᠪᠦᠲᠦᠮᠵᠢᠲᠡᠶ ᠦᠷ᠎ᠡ ᠪᠣᠢ᠌ᠵᠢᠭᠤᠯᠬᠤ ᠭᠣᠤᠯ ᠵᠠᠩᠭᠢᠯᠠᠭ᠎ᠠ ᠵᠢᠨ ᠮᠡᠷᠭᠡᠵᠢᠯ ᠪᠠᠭᠤᠷᠠᠶ᠂ ᠳᠡᠭᠡᠳᠦ ᠲᠡᠰ᠎ᠤᠨ ᠦᠷ᠎ᠡ᠎ᠠᠴᠠ ᠢᠷᠡᠯᠲᠡ᠎ᠲᠠᠢ ᠦᠷ᠎ᠡ ᠬᠠᠩᠭ᠋ᠠᠬᠤ ᠴᠢᠳᠠᠪᠤᠷᠢ ᠪᠣᠯᠤᠨ ᠦᠢᠯᠡᠳᠬᠦᠨ᠎ᠤ ᠭᠣᠤᠯᠯᠠᠬᠤ ᠥᠷᠢᠰᠦᠯᠳᠦᠬᠦ ᠬᠦᠴᠦᠨ ᠬᠦᠷᠦᠯᠴᠡᠬᠦ ᠦᠭᠡᠢ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠬᠦᠴᠢᠷ ᠠᠰᠠᠭᠤᠳᠠᠯ᠂ ᠳᠡᠯᠡᠬᠡᠶ ᠵᠢᠨ ᠲᠡᠷᠢᠭᠦᠨ ᠵᠡᠷᠭᠡ ᠵᠢᠨ ᠰᠠᠭ᠋ᠠᠯᠢ ᠵᠢᠨ ᠦᠨᠢᠶ᠎ᠡ ᠡᠭᠦᠯᠳᠡᠷ᠎ᠤᠨ ᠪᠤᠬ᠎ᠠ ᠵᠢ ᠪᠣᠢ᠌ᠵᠢᠭᠤᠯᠤᠨ᠎ᠠ᠂ ᠣᠯᠠᠨ ᠤᠯᠤᠰ᠎ᠤᠨ ᠪᠠᠷᠢᠮᠵᠢᠶᠠᠲᠤ ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ ᠪᠠ ᠦᠷᠡᠵᠢᠭᠦᠯᠬᠦ ᠮᠡᠷᠭᠡᠵᠢᠯ᠎ᠤᠨ ᠲᠠᠪᠴᠠᠩ ᠪᠣᠯᠤᠨ ᠣᠯᠠᠨ ᠤᠯᠤᠰ᠎ᠤᠨ ᠬᠠᠷᠠᠭ᠋ᠠᠨ᠎ᠳᠠᠬᠢ ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠦᠯᠬᠦᠮ ᠨᠡᠢ᠌ᠲᠡ ᠵᠢ ᠪᠠᠢ᠌ᠭᠤᠯᠤᠨ᠎ᠠ᠂ ᠰᠠᠭ᠋ᠠᠯᠢ ᠵᠢᠨ ᠦᠨᠢᠶᠡᠨ᠎ᠤ ᠡᠭᠦᠯᠳᠡᠷ᠎ᠤᠨ ᠢᠷᠡᠯᠲᠡ ᠬᠢᠭᠡᠳ ᠳᠡᠭᠡᠳᠦ ᠲᠠᠰ᠎ᠤᠨ ᠦᠷ᠎ᠡ ᠵᠢᠨ ᠦᠢ᠍ᠯᠡᠰ᠎ᠤᠨ ᠦᠢ᠍ᠯᠡᠳᠬᠦᠨ᠎ᠢ ᠡᠵᠡᠨ ᠮᠡᠳᠡᠨ ᠡᠵᠡᠮᠳᠡᠵᠦ ᠪᠣᠯᠬᠤ ᠵᠢ ᠪᠡᠶᠡᠯᠡᠭᠦᠯᠦᠨ᠎ᠡ᠂ ᠡᠭᠦᠯᠳᠡᠷ ᠪᠣᠢ᠌ᠵᠢᠭᠤᠯᠵᠤ ᠦᠷᠡᠵᠢᠭᠦᠯᠬᠦ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ ᠳᠡᠯᠡᠬᠡᠶ ᠵᠢᠨ ᠲᠡᠷᠢᠭᠦᠨ᠎ᠳᠤ ᠣᠷᠣᠪᠠ  ᠃
   《ᠡᠨᠡ ᠪᠣᠯ ᠨᠢᠭᠡ ᠤᠳᠠᠭ᠎ᠠ ᠵᠢᠨ ᠬᠡᠷᠡᠭᠴᠡᠭᠡ ᠪᠣᠯᠤᠨ ᠬᠠᠩᠭ᠋ᠠᠯᠭ᠎ᠠ ᠵᠢᠨ ᠬᠣᠣᠰ ᠴᠢᠭᠯᠡᠯ ᠵᠶ᠋ᠡᠷ ᠤᠷᠤᠭᠰᠢᠯᠠᠵᠤ ᠪᠠᠢ᠌ᠭ᠎ᠠ ᠶᠠᠪᠤᠳᠠᠯ ᠪᠣᠯᠤᠨ᠎ᠠ  ᠃ ᠲᠣᠰ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠫᠷᠤᠹᠧᠰᠰᠤᠷ ᠨᠠᠰᠤᠨᠪᠦᠬᠡ ᠢᠯᠡᠷᠬᠡᠢ᠌ᠯᠡᠬᠦ᠎ᠳᠡᠭᠡᠨ᠂ ᠰᠠᠢ ᠺᠧ ᠰᠢᠩ ᠬᠡᠷ᠎ᠤᠨ ᠲᠡᠵᠢᠭᠡᠪᠦᠷᠢ ᠵᠢᠨ ᠦᠢᠯᠡᠰ ᠬᠢᠭᠡᠳ ᠠᠮᠢᠳᠤ ᠪᠣᠳᠠᠰ ᠦᠷᠡᠵᠢᠭᠦᠯᠦᠨ ᠪᠣᠢ᠌ᠵᠢᠭᠤᠯᠬᠤ ᠮᠡᠷᠭᠡᠵᠢᠯ᠎ᠤᠨ ᠬᠦᠷᠢᠶᠡᠨ᠎ᠳᠤ ᠥᠷᠨᠢᠭᠦᠨ ᠬᠥᠭᠵᠢᠩᠭᠦᠶ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠪᠠ ᠡᠯᠪᠡᠭ ᠪᠠᠶᠠᠯᠢᠭ ᠬᠡᠷᠡᠭᠯᠡᠭᠡᠨ᠎ᠤ ᠠᠬᠤᠶ ᠪᠠᠢ᠌ᠳᠠᠯ᠎ᠲᠠᠢ ᠪᠠᠢ᠌ᠵᠤ᠂ ᠶᠡᠬᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠳᠤ ᠤᠷᠤᠭᠰᠠᠨ᠎ᠤ ᠳᠠᠷᠠᠭ᠎ᠠ᠂ ᠠᠵᠤ ᠠᠬᠤᠢ᠌ᠯᠠᠯ᠎ᠤᠨ ᠬᠡᠷᠡᠭᠴᠡᠭᠡ᠎ᠳᠤ ᠴᠢᠭᠯᠡᠭᠦᠯᠦᠨ ᠰᠠᠭᠤᠷᠢ ᠰᠤᠳᠤᠯᠭ᠋ᠠᠨ ᠥᠷᠨᠢᠭᠦᠯᠵᠦ᠂ ᠦᠷ᠎ᠡ ᠪᠦᠲᠦᠭᠡᠯ᠎ᠢ᠎ᠨᠢ ᠠᠵᠤ ᠠᠬᠤᠢ᠌ᠯᠠᠯ᠎ᠤᠨ ᠦᠢᠯᠡᠳᠪᠦᠷᠢᠯᠡᠯ᠎ᠤᠨ ᠤᠷ᠎ᠠ ᠮᠡᠷᠭᠡᠰᠢᠯ᠎ᠳᠤ ᠰᠢᠭᠤᠳ ᠰᠢᠯᠵᠢᠭᠦᠯᠵᠦ᠂ ᠵᠢᠱ᠌ᠢᠭᠰᠡᠨ ᠦᠷ᠎ᠡ ᠪᠦᠲᠦᠮᠵᠢ᠎ᠳᠤ ᠬᠦᠷᠴᠦ ᠴᠢᠳᠠᠬᠤ ᠡᠰᠡᠬᠦ᠂ ᠬᠡᠪᠴᠢᠶᠡᠵᠢᠭᠦᠯᠦᠨ ᠦᠢᠯᠡᠳᠪᠦᠷᠢᠯᠡᠵᠦ ᠴᠢᠳᠠᠬᠤ ᠡᠰᠡᠬᠦ ᠵᠢ ᠰᠢᠯᠭ᠋ᠠᠨ ᠪᠠᠢ᠌ᠴᠠᠭ᠋ᠠᠵᠤ ᠪᠣᠯᠤᠨ᠎ᠠ᠂ ᠡᠨᠡ᠎ᠨᠢ ᠪᠦᠲᠦᠮᠵᠢᠲᠡᠶ ᠮᠡᠷᠭᠡᠵᠢᠯ᠎ᠤᠨ ᠠᠵᠤ ᠦᠢᠯᠡᠰ᠎ᠤᠨ ᠬᠡᠯᠬᠢᠶ᠎ᠡ ᠵᠢ ᠪᠦᠷᠢᠯᠳᠦᠭᠦᠯᠦᠭᠰᠡᠨ ᠪᠠᠢ᠌ᠨ᠎ᠠ ᠭᠡᠪᠡ  ᠃
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠠᠵᠤ ᠠᠬᠤᠢ᠌ᠯᠠᠯ ᠵᠶ᠋ᠠᠷ ᠤᠳᠤᠷᠢᠳᠤᠮᠵᠢ ᠪᠣᠯᠭ᠋ᠠᠭᠰᠠᠨ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠠᠵᠤ ᠦᠢ᠍ᠯᠡᠰᠵᠢᠭᠦᠯᠬᠦ ᠲᠦᠪᠰᠢᠨ᠎ᠢ ᠳᠡᠭᠡᠭᠰᠢᠯᠡᠭᠦᠯᠦᠨ᠎ᠡ ᠭᠡᠵᠦ ᠳᠤᠷᠠᠳᠴᠠᠢ  ᠃
      ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠪᠣᠯᠤᠭᠰᠠᠨ᠎ᠤ ᠬᠤᠪᠢ᠎ᠳᠤ᠂ ᠠᠵᠤ ᠠᠬᠤᠢ᠌ᠯᠠᠯ ᠪᠣᠯ ᠰᠢᠨ᠎ᠡ ᠵᠢ ᠡᠭᠦᠳᠬᠦ ᠬᠡᠯᠬᠢᠢ᠎ᠡ ᠠᠵᠤ ᠦᠢ᠍ᠯᠡᠰ᠎ᠤᠨ ᠬᠡᠯᠬᠢᠢ᠎ᠡ ᠵᠢᠨ ᠠᠭᠤᠰᠤᠯᠴᠠᠯ᠎ᠤᠨ ᠵᠠᠩᠭᠢᠯᠠᠭ᠎ᠠ ᠪᠣᠯᠤᠨ᠎ᠠ  ᠃ 《ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠬᠤ᠎ᠳᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠡᠳᠦᠪ ᠭᠠᠷᠭ᠋ᠠᠭᠴᠢ᠂ ᠰᠡᠳᠦᠪ ᠬᠠᠷᠢᠭᠤᠯᠤᠭᠴᠢ ᠪᠠ ᠰᠡᠳᠦᠪ ᠬᠢᠨᠠᠭᠴᠢ ᠪᠣᠯᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠠᠭᠤᠰᠤᠯᠴᠠᠯ ᠵᠶ᠋ᠠᠷ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠠᠵᠢᠯ ᠲᠦᠷᠦᠯ᠎ᠤᠨ ᠲᠠᠪᠰᠢᠯᠳᠠ ᠵᠢ ᠬᠦᠳᠦᠯᠥᠨ ᠳᠠᠭ᠋ᠠᠭᠤᠯᠬᠤ ᠬᠡᠷᠡᠭᠲᠡᠢ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ᠎ᠤᠨ ᠳᠠᠷᠤᠭ᠎ᠠ ᡂᠢ ᠪᠥᠸᠧ ᠢᠯᠡᠷᠬᠡᠢ᠌ᠯᠡᠬᠦ᠎ᠳᠡᠭᠡᠨ᠂ 《ᠠᠷᠪᠠᠨ ᠳᠥᠷᠪᠡᠳᠦᠭᠡᠷ ᠲᠠᠪᠤᠨ ᠵᠢᠯ》᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠠᠵᠤ ᠠᠬᠤᠢ᠌ᠯᠠᠯ ᠵᠶ᠋ᠠᠷ ᠭᠣᠤᠯᠯᠠᠭᠤᠯᠤᠭᠰᠠᠨ ᠠᠭᠤᠰᠤᠯᠴᠠᠨ ᠨᠡᠪᠲᠡᠷᠡᠯᠴᠡᠵᠦ ᠰᠢᠨ᠎ᠡ ᠵᠢ ᠡᠭᠦᠳᠬᠦ ᠠᠮᠢ ᠠᠬᠤᠶ ᠵᠢ ᠪᠠᠢ᠌ᠭᠤᠯᠬᠤ ᠵᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠵᠤ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠴᠢᠬᠤᠯᠠ ᠠᠭᠤᠯᠭ᠎ᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠬᠠᠮᠢᠶᠠᠷᠤᠯᠲᠠ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠦᠢᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠬᠠᠮᠵᠢᠯᠴᠠᠨ ᠰᠢᠨ᠎ᠡ ᠵᠢ ᠡᠭᠦᠳᠬᠦ ᠵᠢ ᠬᠥᠲᠥᠯᠥᠨ ᠵᠢᠯᠣᠭᠣᠳᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ ᠭᠡᠵᠡᠶ  ᠃
    ᠰᠤᠷᠪᠤᠯᠵᠢᠯᠠᠭᠴᠢ ᠵᠢᠨ ᠣᠢ᠌ᠯᠠᠭ᠋ᠠᠭᠰᠠᠨ ᠵᠶ᠋ᠠᠷ᠂ 2021 ᠣᠨ᠎ᠳᠤ ᠥᠪᠡᠷᠲᠡᠭᠡᠨ ᠵᠠᠰᠠᠬᠤ ᠣᠷᠣᠨ᠎ᠠᠴᠠ ᠡᠬᠢᠯᠡᠭᠦᠯᠦᠭᠰᠡᠨ ᠠᠩᠬᠠᠨ᠎ᠤ ᠪᠦᠯᠦᠭ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠷᠥᠯ᠎ᠤᠨ 《ᠵᠠᠷᠯᠠᠯ ᠨᠡᠢ᠌ᠲᠡᠯᠡᠵᠦ ᠮᠠᠩᠯᠠᠢ᠌ᠯᠠᠭᠤᠯᠬᠤ》 ᠨᠡᠷᠡᠰ᠎ᠤᠨ ᠱᠠᠭ᠋ᠠᠷᠳᠠᠯᠭ᠎ᠠ ᠵᠢ ᠴᠥᠮ ᠠᠵᠤ ᠠᠬᠤᠢ᠌ᠯᠠᠯ ᠳᠤᠷᠠᠳᠤᠨ ᠭᠠᠷᠭ᠋ᠠᠵᠤ᠂ 2022 ᠣᠨ᠎ᠳᠤ ᠡᠬᠢᠯᠡᠭᠦᠯᠦᠭᠰᠡᠨ ᠦᠷ᠎ᠡ ᠵᠢᠨ ᠦᠢᠯᠡᠰ᠂ ᠬᠣᠤᠰ ᠨᠡᠭᠦᠷᠡᠰᠦᠲᠥ᠋ᠷᠥᠭᠴᠢ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ 《ᠵᠠᠷᠯᠠᠯ ᠨᠡᠢ᠌ᠲᠡᠯᠡᠵᠦ ᠮᠠᠩᠯᠠᠢ᠌ᠯᠠᠭᠤᠯᠬᠤ》 ᠲᠥᠷᠥᠯ ᠵᠦᠢᠯ᠎ᠤᠨ ᠪᠥᠬᠥ ᠱᠠᠭ᠋ᠠᠷᠳᠠᠯᠭ᠎ᠠ ᠵᠢ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠡᠭᠦᠷᠭᠡᠯᠡᠬᠦ᠎ᠪᠠᠷ ᠪᠠᠢ᠌ᠨ᠎ᠠ  ᠃ ᠡᠨᠡ ᠵᠢᠯ᠎ᠠᠴᠠ ᠨᠠᠭ᠋ᠠᠰᠢ᠂ ᠠᠵᠤ ᠠᠬᠤᠢ᠌ᠯᠠᠯ ᠲᠦᠷᠦᠭᠦᠯᠡᠨ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠤᠰᠬᠠᠶ ᠲᠥᠷᠥᠯ ᠵᠦᠢᠯ᠂ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠢᠯ᠎ᠤᠨ ᠪᠠᠯᠠ ᠮᠥᠩᠭᠥ ᠵᠢᠨ ᠡᠵᠡᠯᠡᠬᠦ ᠬᠠᠷᠢᠴᠠᠯ 77 . 65 %᠎ᠳᠤ ᠬᠦᠷᠴᠦ᠂ ᠣᠷᠣᠨ᠎ᠤ ᠳᠣᠲᠣᠷᠠᠬᠢ ᠬᠥᠲᠥᠴᠢ ᠨᠢᠷᠤᠭᠤᠪᠴᠢ ᠠᠵᠤ ᠠᠬᠤᠢ᠌ᠯᠠᠯ ᠲᠦᠷᠦᠭᠦᠯᠡᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ 52 ᠪᠠᠢ᠌ᠭᠤᠯᠵᠤ᠂ ᠣᠷᠣᠨ᠎ᠤ ᠳᠣᠲᠣᠷ᠎ᠠ ᠭᠠᠳᠠᠨᠠᠬᠢ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠢ ᠨᠡᠢ᠌ᠲᠡ 384 ᠣᠷᠣᠭᠤᠯᠵᠤ᠂ 500 ᠭᠠᠷᠤᠶ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨ᠎ᠡ ᠵᠢ ᠡᠭᠦᠳᠬᠦ ᠲᠠᠪᠴᠠᠩ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠬᠤᠷᠠᠮᠳᠤᠭᠤᠯᠵᠤ᠂ ᠰᠤᠳᠤᠯᠤᠨ ᠨᠡᠭᠡᠭᠡᠬᠦ ᠪᠦᠯᠬᠦᠮ᠎ᠤᠨ ᠶᠡᠷᠦᠩᠬᠡᠶ ᠬᠥᠮᠦᠨ᠎ᠤ ᠲᠣᠭ᠎ᠠ 2103 ᠪᠣᠯᠵᠣ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠯᠢ ᠼᠠᠨ ᠠᠺᠠᠳᠧᠮᠢᠴᠢ ᠵᠢ ᠪᠠᠭᠲᠠᠭ᠋ᠠᠭᠰᠠᠨ 24 ᠨᠡᠷᠡᠰ ᠲᠡᠷᠢᠭᠦᠨ ᠰᠢᠨᠵᠢᠯᠡᠬᠦ ᠤᠬᠠᠭ᠋ᠠᠨᠲᠠᠨ᠎ᠢ ᠠᠮᠵᠢᠯᠲᠠ᠎ᠲᠠᠢ᠎ᠪᠠᠷ ᠴᠢᠬᠤᠯᠠ ᠶᠡᠬᠡ ᠲᠥᠷᠥᠯ ᠵᠦᠢᠯ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠯᠴᠠᠭᠤᠯᠵᠤ᠂ ᠬᠦᠴᠦᠷᠬᠡᠭ  ᠃
    ᠲᠠᠲᠠᠭ᠋ᠠᠯ ᠳᠣᠯᠭᠢᠶᠠᠨ ᠢᠯᠡᠳᠬᠡᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠲᠥᠷᠥ ᠵᠢᠨ ᠪᠣᠳᠣᠯᠭ᠎ᠠ ᠵᠢ ᠪᠠᠷᠢᠮᠲᠠᠯᠠᠨ᠎ᠠ᠂ ᠲᠥᠷᠥᠯ ᠵᠦᠢᠯ᠎ᠢ ᠬᠥᠲᠥᠯᠥᠨ ᠵᠢᠯᠣᠭᠣᠳᠬᠤ ᠪᠠ ᠦᠢᠯᠡᠴᠢᠯᠡᠭᠡ᠎ᠪᠠᠷ ᠬᠥᠲᠥᠯᠥᠨ ᠳᠠᠭ᠋ᠠᠭᠤᠯᠬᠤ᠂ ᠳᠠᠭ᠋ᠠᠭᠤᠯᠤᠭᠴᠢ ᠠᠵᠤ ᠠᠬᠤᠢ᠌ᠯᠠᠯ ᠲᠦᠷᠦᠭᠦᠯᠡᠨ ᠬᠢᠬᠦ ᠵᠢ ᠲᠦᠷᠭᠡᠳᠬᠡᠨ ᠪᠠᠢ᠌ᠭᠤᠯᠬᠤ ᠬᠡᠷᠡᠭᠲᠡᠶ᠂ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ᠎ᠤᠨ ᠲᠦᠰᠢᠭ ᠲᠤᠯᠭ᠋ᠠᠭᠤᠷᠢ᠂ ᠡᠯ᠎ᠡ ᠰᠢᠨ᠎ᠡ ᠵᠢ ᠡᠭᠦᠳᠬᠦ ᠭᠣᠤᠯ ᠴᠣᠭᠴᠠ ᠬᠠᠷᠢᠯᠴᠠᠨ ᠬᠠᠮᠵᠢᠯᠴᠠᠭᠰᠠᠨ ᠥᠨᠳᠥᠷ ᠲᠦᠪᠰᠢᠨ ᠪᠦᠬᠦᠢ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠂ ᠵᠠᠬ᠎ᠠ ᠳᠡᠯᠭᠡᠭᠦᠷ᠎ᠤᠨ ᠲᠣᠭᠲᠠᠴᠠ᠎ᠪᠠᠷ ᠬᠣᠯᠪᠣᠭ᠋ᠠᠰᠤ ᠪᠣᠯᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠲᠣᠬᠢᠷᠠᠭᠤᠯᠤᠨ᠎ᠠ᠂ ᠠᠬᠢᠭᠤᠯᠬᠤ ᠰᠢᠨᠵᠢᠯᠡᠬᠦ ᠤᠬᠠᠭ᠋ᠠᠨᠲᠠᠨ᠂ ᠠᠵᠤ ᠠᠬᠤᠢ᠌ᠯᠠᠯᠲᠠᠨ ᠵᠡᠷᠭᠡ ᠡᠯ᠎ᠡ ᠲᠠᠯ᠎ᠠ ᠵᠢᠨ ᠬᠦᠴᠦᠨ ᠪᠠ ᠬᠥᠷᠥᠩᠭᠡ᠂ ᠥᠪ ᠬᠦᠷᠦᠨᠭᠭᠡ᠂ ᠴᠢᠳᠠᠪᠤᠷᠢᠲᠠᠨ ᠭᠦᠢ᠍ᠴᠡᠳ ᠤᠶᠠᠯᠳᠤᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠂ ᠰᠢᠨ᠎ᠡ ᠵᠢ ᠡᠭᠦᠳᠬᠦ ᠰᠢᠰᠲ᠋ᠧᠮᠵᠢ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠵᠢᠨ ᠲᠥᠯᠥᠭᠡ᠂ ᠠᠵᠤ ᠦᠢᠯᠡᠰ᠎ᠤᠨ ᠠᠭ᠋ᠠᠵᠢᠮ ᠵᠶ᠋ᠠᠷ ᠠᠭᠢᠬᠤ ᠮᠠᠶᠢᠭ᠎ᠤᠨ ᠮᠡᠷᠭᠡᠵᠢᠯ᠎ᠤᠨ ᠰᠢᠨ᠎ᠡ ᠡᠭᠦᠳᠦᠯᠲᠡ᠎ᠠᠴᠠ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠤᠨ ᠰᠢᠨ᠎ᠡ ᠡᠭᠦᠳᠦᠯᠲᠡ ᠵᠢ ᠲᠠᠰ ᠳᠡᠪᠰᠢᠭᠦᠯᠬᠦ ᠴᠢᠨᠠᠷ ᠰᠠᠢ᠌ᠲᠠᠶ ᠬᠥᠭᠵᠢᠯᠲᠡ ᠳᠠᠰᠢ ᠵᠢᠭᠦᠷ ᠤᠷᠭᠤᠭᠤᠯᠬᠤ ᠵᠢ ᠠᠬᠢᠭᠤᠯᠤᠨ᠎ᠠ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠣᠨ᠎ᠤ ᠬᠤᠷᠠᠯ ᠬᠤᠷᠠᠯᠳᠤᠪᠠ
ᠤᠯᠠᠭ᠋ᠠᠨᠬᠠᠳᠠ ᠬᠣᠲᠠ ᠵᠢᠨ 3 ᠵᠦᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠲᠦᠪᠰᠢᠨ᠎ᠳᠤ ᠬᠥᠷᠪᠡ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠨᠠᠩ ᠢᠯᠡᠭᠦᠦ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠨ᠎ᠠ
ᠤᠯᠠᠭ᠋ᠠᠨᠬᠠᠳᠠ ᠬᠣᠲᠠ᠄ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭ᠋ᠠᠨ᠎ᠠ
ᠳᠡᠯᠡᠬᠡᠶ ᠵᠢᠨ ᠠᠩᠬᠠᠳᠠᠭᠴᠢ ᠮᠣᠩᠭᠣᠯ ᠬᠣᠨᠢᠨ᠎ᠤ ᠣᠯᠠᠨ ᠲᠥᠯᠯᠡᠬᠦ ᠭᠧᠨ᠎ᠤ SNP ᠰᠢᠯᠭ᠋ᠠᠨ ᠪᠠᠢ᠌ᠴᠠᠭ᠋ᠠᠬᠤ ᠴᠠᠬᠢᠮ᠎ᠢ ᠰᠢᠯᠢ ᠵᠢᠨ ᠭᠣᠤᠯ ᠠᠢ᠌ᠮᠠᠭ᠎ᠲᠤ ᠡᠩ ᠲᠡᠷᠢᠭᠦᠨ᠎ᠳᠤ ᠬᠡᠷᠡᠭᠯᠡᠨ ᠳᠡᠯᠭᠡᠷᠡᠭᠦᠯᠪᠡ
 
            
Baidu
map