ᠣᠢ᠌ᠷ᠎ᠠ᠎ᠳᠤ᠂ ᠰᠢᠯᠢ ᠵᠢᠨ ᠭᠣᠤᠯ ᠠᠢ᠌ᠮᠠᠭ 2022 ᠣᠨ᠎ᠤ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠦᠷ᠎ᠡ ᠪᠦᠲᠦᠭᠡᠯ᠎ᠢ ᠲᠠᠨᠢᠯᠴᠠᠭᠤᠯᠬᠤ ᠶᠡᠬᠡ ᠬᠤᠷᠠᠯ ᠳᠡᠭᠡᠷ᠎ᠡ ᠠᠩᠬ᠎ᠠ ᠤᠳᠠᠭ᠎ᠠ 《ᠮᠣᠩᠭᠣᠯ ᠬᠣᠨᠢ ᠵᠢᠨ ᠥᠨᠳᠥᠷ ᠣᠯᠠᠨ ᠲᠥᠯᠢ ᠰᠣᠩᠭᠣᠨ ᠪᠣᠢ᠌ᠵᠢᠭᠤᠯᠬᠤ ᠮᠣᠯᠧᠺᠦᠯ᠎ᠤᠨ ᠲᠡᠮᠳᠡᠭ ᠪᠠ ᠭᠧᠨ᠎ᠤ ᠴᠢᠫ》᠎ᠤᠨ ᠰᠢᠨ᠎ᠡ ᠵᠢ ᠡᠭᠦᠳᠦᠭᠰᠡᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠦᠷ᠎ᠡ ᠪᠦᠲᠦᠭᠡᠯ᠎ᠢ ᠨᠡᠢ᠌ᠲᠡᠯᠡᠪᠡ᠂ ᠲᠣᠰ ᠲᠥᠷᠥᠯ ᠵᠦᠢᠯ᠎ᠢ ᠮᠠᠯᠲᠠᠵᠤ ᠰᠢᠭᠰᠢᠨ ᠰᠣᠩᠭᠣᠬᠤ᠎ᠪᠠᠷ ᠳᠠᠮᠵᠢᠨ ᠮᠣᠩᠭᠣᠯ ᠬᠣᠨᠢᠨ᠎ᠤ ᠥᠨᠳᠥᠷ ᠣᠯᠠᠨ ᠬᠡᠭᠡᠯᠲᠦᠬᠦ ᠰᠢᠨᠵᠢ ᠪᠠᠢ᠍ᠳᠠᠯ᠎ᠲᠠᠢ ᠬᠠᠮᠢᠶᠠᠲᠠᠢ ᠮᠣᠯᠧᠺᠦᠯ᠎ᠤᠨ ᠲᠡᠮᠳᠡᠭ᠂ ᠰᠠᠭᠤᠷᠢ ᠡᠳ᠋᠎ᠤᠨ ᠲᠤᠰᠠᠯᠠᠬᠤ ᠯᠠᠢ᠌ᠰᠧᠷ ᠵᠠᠳᠠᠯᠤᠯᠲᠠ ᠵᠢᠨ ᠢᠶᠣᠨᠵᠢᠯ ᠨᠢᠰᠦᠯᠲᠡ ᠵᠢᠨ ᠴᠠᠭ᠎ᠤᠨ ᠮᠠᠰ᠎ᠤᠨ ᠵᠢᠭᠰᠠᠯ᠎ᠤᠨ ᠲᠠᠪᠴᠠᠩ᠎ᠳᠤ ᠰᠠᠭᠤᠷᠢᠯᠠᠭᠰᠠᠨ ᠮᠣᠩᠭᠣᠯ ᠬᠣᠨᠢ ᠵᠢᠨ ᠳᠡᠭᠡᠳᠦ ᠣᠯᠠᠨ ᠬᠦᠪᠦᠷᠡᠯ᠎ᠤᠨ ᠮᠣᠯᠧᠺᠦᠯ᠎ᠤᠨ ᠲᠡᠮᠳᠡᠭ᠎ᠢ ᠰᠢᠯᠭ᠋ᠠᠨ ᠪᠠᠢ᠌ᠴᠠᠭ᠋ᠠᠬᠤ ᠴᠠᠬᠢᠮ᠎ᠢ ᠲᠥᠯᠥᠪᠯᠡᠪᠡ᠂ ᠬᠣᠨᠢᠨ᠎ᠤ ᠣᠯᠠᠨ ᠬᠦᠪᠦᠷᠡᠯ᠎ᠤᠨ ᠮᠣᠯᠧᠺᠦᠯ᠎ᠤᠨ ᠲᠡᠮᠳᠡᠭ᠎ᠢ ᠪᠠᠢ᠌ᠴᠠᠭ᠋ᠠᠨ ᠬᠡᠮᠵᠢᠬᠦ ᠬᠤᠷᠳᠤᠴᠠ ᠵᠢ ᠶᠡᠬᠡ᠎ᠪᠠᠷ ᠳᠡᠭᠡᠭᠰᠢᠯᠡᠭᠦᠯᠪᠡ᠂ ᠮᠣᠩᠭᠣᠯ ᠬᠣᠨᠢ (ᠦᠵᠦᠮᠦᠴᠢᠨ ᠬᠣᠨᠢ ᠪᠠ ᠰᠥᠨᠢᠳ ᠬᠣᠨᠢ) ᠵᠢ ᠨᠡᠢ᠌ᠲᠡ 1 ᠲᠦᠮᠡ ᠭᠠᠷᠤᠶ ᠪᠠᠢ᠌ᠴᠠᠭ᠋ᠠᠨ ᠰᠢᠯᠭ᠋ᠠᠪᠠ᠂ ᠬᠡᠭᠡᠯᠲᠦᠭᠰᠡᠨ ᠮᠣᠩᠭᠣᠯ ᠬᠣᠨᠢᠨ᠎ᠤ ᠰᠢᠨ᠎ᠡ ᠡᠭᠦᠯᠳᠡᠷ᠎ᠢ ᠪᠣᠢ᠌ᠵᠢᠭᠤᠯᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠮᠵᠢᠯᠭᠡ ᠬᠠᠩᠭ᠋ᠠᠪᠠ ᠃
ᠬᠠᠬᠢᠷ ᠡᠪᠦᠯ᠎ᠤᠨ ᠤᠯᠠᠷᠢᠯ᠎ᠳᠤ᠂ ᠰᠢᠯᠢᠩᠬᠣᠲᠠ ᠵᠢᠨ ᠪᠠᠶᠠᠨᠰᠢᠯᠢ ᠮᠠᠯᠵᠢᠯ᠎ᠤᠨ ᠲᠠᠯᠠᠪᠠᠢ ᠵᠢᠨ ᠬᠤᠸᠠᠩ ᠬᠤᠸᠠ ᠱᠤ᠌ ᠬᠤᠪᠢᠶᠠᠷᠢ ᠲᠠᠯᠠᠪᠠᠢ᠎ᠳᠤ᠂ ᡁᠢ ᠮᠦ᠍ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠵᠢᠨ ᠦᠵᠦᠮᠦᠴᠢᠨ ᠬᠤᠨᠢ 1000 ᠭᠠᠷᠤᠢ᠎ᠳᠤ ᠬᠦᠷᠴᠦ᠂ ᠡᠭᠦᠨ᠎ᠳᠤ 200 ᠬᠤᠨᠢ ᠵᠢ ᠴᠢᠫ ᠵᠶ᠋ᠡᠷ ᠰᠢᠯᠭ᠋ᠠᠨ ᠪᠠᠢ᠌ᠴᠠᠭ᠋ᠠᠭᠰᠠᠨ᠎ᠤ ᠳᠠᠷᠠᠭ᠎ᠠ ᠰᠣᠩᠭᠣᠨ ᠪᠣᠢ᠌ᠵᠢᠭᠤᠯᠤᠭᠰᠠᠨ ᠤᠯᠠᠨ ᠬᠡᠭᠡᠯᠲᠦᠭᠦᠯᠦᠭᠴᠢ᠎ᠲᠠᠢ ᠰᠠᠭᠤᠷᠢ ᠡᠮ᠎ᠡ ᠬᠤᠨᠢ ᠪᠤᠢ ᠃ 2019 ᠣᠨ᠎ᠳᠤ᠂ ᠲᠣᠰ ᠬᠣᠷᠰᠢᠶ᠎ᠠ ᠪᠣᠯᠤᠨ ᠮᠧᠩ ᡁᠢ ᠶᠤᠸᠠᠨ ᠮᠠᠯ ᠠᠵᠤ ᠠᠬᠤᠶ ᠵᠢᠨ ᠬᠢᠵᠠᠭ᠋ᠠᠷᠲᠤ ᠺᠣᠮᠫᠠᠨᠢ ᠬᠠᠮᠲᠤᠷᠠᠯᠴᠠᠵᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠮᠤᠵᠢ ᠶᠠᠮᠤᠨ᠎ᠤ ᠬᠠᠮᠲᠤ᠎ᠪᠠᠷ ᠪᠠᠢ᠌ᠭᠤᠯᠤᠭᠰᠠᠨ ᠲᠠᠯ᠎ᠠ ᠨᠤᠲᠤᠭ᠎ᠤᠨ ᠬᠡᠷ᠎ᠤᠨ ᠲᠡᠵᠢᠭᠡᠪᠦᠷᠢ ᠵᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠢ᠌ᠵᠢᠭᠤᠯᠬᠤ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠣᠯᠤᠨ ᠰᠢᠯᠢ ᠵᠢᠨ ᠭᠣᠤᠯ ᠠᠢ᠌ᠮᠠᠭ᠎ᠤᠨ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠮᠲᠤ᠎ᠪᠠᠷ ᠬᠡᠷᠡᠭᠵᠢᠭᠦᠯᠦᠭᠰᠡᠨ 《ᠬᠡᠭᠡᠯᠲᠦᠭᠰᠡᠨ ᠣᠯᠠᠨ ᠲᠣᠯᠣᠭ᠋ᠠᠶ᠎ᠲᠠᠢ ᠮᠣᠩᠭᠣᠯ ᠬᠣᠨᠢᠨ᠎ᠤ ᠰᠢᠨ᠎ᠡ ᠡᠭᠦᠯᠳᠡᠷ᠎ᠢ ᠪᠣᠢ᠌ᠵᠢᠭᠤᠯᠬᠤ》 ᠲᠥᠷᠥᠯ ᠵᠦᠢᠯ᠎ᠳᠤ ᠣᠷᠣᠯᠴᠠᠪᠠ ᠃ ᠬᠣᠷᠰᠢᠶ᠎ᠠ ᠵᠢᠨ ᠬᠠᠷᠢᠭᠤᠴᠠᠯᠭ᠋ᠠᠲᠠᠨ ᠵᠦ᠍ ᠶᠦᠩ᠄ 《ᠴᠢᠫ ᠰᠢᠯᠭ᠋ᠠᠨ ᠪᠠᠢ᠌ᠴᠠᠭ᠋ᠠᠵᠤ ᠬᠡᠷᠡᠭᠯᠡᠭᠰᠡᠨ ᠠᠩᠬᠠᠨ᠎ᠤ ᠵᠢᠯ᠎ᠳᠤ᠂ ᠢᠬᠡᠷ᠎ᠡ ᠲᠥᠯ᠎ᠤᠨ ᠨᠣᠷᠮ᠎ᠠ 30 %᠎ᠪᠠᠷ ᠳᠡᠭᠡᠭᠰᠢᠯᠡᠵᠡᠶ᠂ ᠢᠬᠡᠷ᠎ᠡ ᠲᠥᠯ᠎ᠤᠨ ᠭᠧᠨ᠎ᠲᠠᠢ ᠡᠮ᠎ᠡ ᠢᠮᠠᠭ᠋ᠠᠨ᠎ᠤ ᠲᠣᠭ᠎ᠠ ᠬᠡᠮᠵᠢᠶ᠎ᠡ ᠥᠷᠭᠡᠳᠬᠦ ᠵᠢ ᠳᠠᠭ᠋ᠠᠯᠳᠤᠨ᠂ ᠪᠢᠳᠡ ᠰᠣᠩᠭᠣᠨ ᠪᠣᠢ᠌ᠵᠢᠭᠤᠯᠤᠭᠰᠠᠨ ᠣᠯᠠᠨ ᠲᠥᠯᠯᠡᠬᠦ ᠰᠠᠭᠤᠷᠢ ᠡᠮ᠎ᠡ ᠢᠮᠠᠭ᠎ᠠ ᠵᠢ ᠥᠪᠡᠷ᠎ᠤᠨ ᠥᠷᠲᠡᠭ᠎ᠤᠨ ᠦᠨ᠎ᠡ᠎ᠪᠠᠷ ᠭᠡᠰᠢᠭᠦᠨ ᠮᠠᠯᠴᠢᠨ ᠡᠷᠦᠬᠡ᠎ᠳᠤ ᠬᠤᠳᠠᠯᠳᠤᠨ ᠥᠭᠴᠦ᠂ ᠦᠷ᠎ᠡ ᠪᠦᠲᠦᠭᠡᠯ ᠵᠶ᠋ᠡᠷ ᠨᠠᠩ ᠣᠯᠠᠨ ᠮᠠᠯᠴᠢᠳ᠎ᠲᠤ ᠠᠰᠢᠭ ᠬᠦᠷᠲᠡᠭᠡᠨ᠎ᠡ ᠃》
ᠣᠢ᠌ᠷ᠎ᠠ ᠵᠢᠨ ᠵᠢᠯ᠎ᠠᠴᠠ ᠨᠠᠭ᠋ᠠᠰᠢ᠂ ᠰᠢᠯᠢ ᠵᠢᠨ ᠭᠣᠤᠯ ᠠᠢ᠌ᠮᠠᠭ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠬᠢᠭᠡᠳ ᠠᠵᠤ ᠠᠬᠤᠢ᠌ᠯᠠᠯ᠂ ᠲᠡᠵᠢᠭᠡᠨ ᠦᠷᠡᠵᠢᠭᠦᠯᠬᠦ ᠡᠷᠦᠬᠡ ᠵᠢᠨ ᠦᠢᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠬᠠᠮᠲᠤᠷᠠᠯᠴᠠᠭ᠎ᠠ ᠥᠷᠨᠢᠭᠦᠯᠬᠦ ᠵᠢ ᠢᠳᠡᠪᠬᠢᠲᠡᠶ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠲᠤᠷᠰᠢᠯᠲᠠ ᠵᠢᠨ ᠲᠠᠰᠤᠭ᠎ᠠᠴᠠ ᠶᠡᠬᠡ ᠮᠠᠯᠵᠢᠯ᠎ᠤᠨ ᠲᠠᠯᠠᠪᠠᠶ ᠳᠠᠰᠢ ᠬᠤᠪᠢᠷᠠᠭᠤᠯᠬᠤ ᠵᠢ ᠠᠬᠢᠭᠤᠯᠪᠠ ᠃ ᠣᠳᠣᠬᠠᠨ᠎ᠳᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠮᠤᠵᠢ ᠶᠠᠮᠤᠨ ᠲᠠᠯ᠎ᠠ ᠨᠤᠲᠤᠭ᠎ᠤᠨ ᠬᠡᠷ᠎ᠤᠨ ᠲᠡᠵᠢᠭᠡᠪᠦᠷᠢ ᠵᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠢ᠌ᠵᠢᠭᠤᠯᠬᠤ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠬᠠᠮᠲᠤ᠎ᠪᠠᠷ ᠪᠠᠢ᠌ᠭᠤᠯᠵᠤ ᠰᠢᠯᠢ ᠵᠢᠨ ᠭᠣᠤᠯ ᠠᠢ᠌ᠮᠠᠭ᠎ᠲᠠᠢ ᠥᠨᠳᠥᠷ ᠲᠥᠯᠯᠡᠬᠦ ᠮᠣᠩᠭᠣᠯ ᠬᠣᠨᠢᠨ᠎ᠤ ᠰᠢᠨ᠎ᠡ ᠡᠭᠦᠯᠳᠡᠷ᠎ᠢ ᠪᠣᠢ᠌ᠵᠢᠭᠤᠯᠬᠤ ᠵᠥᠪᠯᠡᠯᠴᠡᠭᠡᠷ ᠲᠣᠭᠲᠠᠵᠤ᠂ ᠰᠢᠯᠢᠩᠬᠣᠲᠠ᠂ ᠵᠡᠭᠦᠨ ᠦᠵᠦᠮᠦᠴᠢᠨ ᠬᠣᠰᠢᠭᠤ᠂ ᠰᠥᠨᠢᠳ ᠪᠠᠷᠠᠭᠤᠨ ᠬᠣᠰᠢᠭᠤ ᠵᠡᠷᠭᠡ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠥᠨᠳᠥᠷ ᠲᠥᠯᠯᠡᠬᠦ ᠦᠵᠦᠮᠦᠴᠢᠨ ᠬᠣᠨᠢ ᠪᠠ ᠰᠥᠨᠢᠳ ᠬᠣᠨᠢᠨ᠎ᠤ ᠰᠢᠨ᠎ᠡ ᠡᠭᠦᠯᠳᠡᠷ᠎ᠢ ᠪᠣᠢ᠌ᠵᠢᠭᠤᠯᠬᠤ ᠵᠥᠪᠯᠡᠯᠴᠡᠭᠡᠷ ᠲᠣᠭᠲᠠᠵᠤ᠂ ᠮᠠᠨ᠎ᠤ ᠤᠯᠤᠰ᠎ᠤᠨ ᠬᠣᠨᠢᠨ᠎ᠤ ᠣᠷᠣᠨ ᠨᠤᠲᠤᠭ᠎ᠤᠨ ᠡᠭᠦᠯᠳᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠰᠢᠨ᠎ᠡ ᠵᠢ ᠡᠭᠦᠳᠦᠨ ᠠᠰᠢᠭᠯᠠᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠣᠨᠢᠨ᠎ᠤ ᠦᠷ᠎ᠡ ᠵᠢᠨ ᠦᠢᠯᠡᠰ᠎ᠤᠨ 《ᠪᠣᠭᠣᠮᠢ》 ᠵᠢᠨ ᠠᠰᠠᠭᠤᠳᠠᠯ᠎ᠢ ᠰᠢᠢᠳᠪᠦᠷᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ ᠃
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ ᠪᠠ ᠲᠣᠨᠣᠭᠯᠠᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠪᠣᠯᠤᠭᠰᠠᠨ ᠰᠢᠯᠢ ᠵᠢᠨ ᠭᠣᠣᠯ ᠠᠢ᠌ᠮᠠᠭ᠎ᠲᠤ᠂ ᠮᠣᠩᠭᠣᠯ ᠬᠤᠨᠢᠨ᠎ᠤ ᠡᠭᠦᠯᠳᠡᠷ ᠤᠯᠠᠨ ᠮᠥᠷᠲᠡᠭᠡᠨ ᠰᠦᠷᠦᠭᠵᠢᠯ᠎ᠤᠨ ᠬᠡᠪᠴᠢᠢ᠎ᠡ ᠶᠡᠬᠡ ᠪᠣᠯᠪᠠᠴᠤ᠂ ᠬᠣᠣᠰ ᠬᠡᠭᠡᠯᠲᠦᠭᠦᠯᠬᠦ ᠭ᠋ᠸᠨ ᠨᠡᠯᠢᠶᠡᠳ ᠳᠣᠣᠷ᠎ᠠ ᠪᠠᠢ᠌ᠵᠤ᠂ ᠤᠯᠠᠨ ᠬᠡᠭᠡᠯᠲᠦᠭᠦᠯᠬᠦ ᠭ᠋ᠸᠨᠤ ᠡᠮ᠎ᠡ ᠬᠤᠨᠢ ᠵᠢ ᠰᠣᠩᠭᠣᠨ ᠪᠣᠢ᠌ᠵᠢᠭᠤᠯᠬᠤ᠎ᠨᠢ ᠮᠠᠯᠴᠢᠳ᠎ᠤᠨ ᠣᠷᠣᠯᠭ᠎ᠠ ᠵᠢ ᠳᠡᠭᠡᠭᠰᠢᠯᠡᠭᠦᠯᠬᠦ ᠪᠠ ᠨᠤᠲᠤᠭ ᠪᠡᠯᠴᠢᠭᠡᠷ᠎ᠢ ᠬᠠᠮᠠᠭ᠋ᠠᠯᠠᠬᠤ᠂ ᠮᠠᠯ ᠠᠵᠤ ᠠᠬᠤᠢ ᠵᠢᠨ ᠡᠷᠴᠢᠮᠵᠢᠭᠦᠯᠦᠭᠰᠡᠨ ᠥᠨᠳᠥᠷ ᠪᠦᠲᠦᠮᠵᠢᠲᠡᠢ ᠬᠥᠭᠵᠢᠯᠲᠡ ᠵᠢ ᠪᠡᠶᠡᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠮᠤᠵᠢ ᠶᠠᠮᠤᠨ᠎ᠤ ᠬᠠᠮᠲᠤ᠎ᠪᠠᠷ ᠪᠠᠢ᠌ᠭᠤᠯᠤᠭᠰᠠᠨ ᠲᠠᠯ᠎ᠠ ᠨᠤᠲᠤᠭ᠎ᠤᠨ ᠬᠡᠷ᠎ᠤᠨ ᠲᠡᠵᠢᠭᠡᠪᠦᠷᠢ ᠵᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠢ᠌ᠵᠢᠭᠤᠯᠬᠤ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠳᠡᠳ᠋ ᠰᠤᠳᠤᠯᠤᠭᠴᠢ ᠲᠦᠩ ᠪᠢᠨ᠄ 《ᠮᠣᠩᠭᠣᠯ ᠬᠣᠨᠢᠨ᠎ᠤ ᠳᠤᠮᠳᠠᠴᠢ ᠲᠥᠯᠯᠡᠬᠦ ᠲᠣᠭ᠎ᠠ ᠵᠢ ᠳᠡᠭᠡᠭᠰᠢᠯᠡᠭᠦᠯᠵᠦ᠂ ᠬᠤᠪᠢ ᠵᠢᠨ ᠦᠢᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠬᠠᠮᠲᠤ ᠰᠠᠭᠤᠷᠢ ᠡᠮ᠎ᠡ ᠬᠣᠨᠢᠨ᠎ᠤ ᠲᠣᠭ᠎ᠠ ᠬᠡᠮᠵᠢᠶ᠎ᠡ ᠵᠢ ᠪᠠᠭᠤᠷᠠᠭᠤᠯᠵᠤ᠂ ᠬᠣᠨᠢᠨ ᠰᠦᠷᠦᠭ᠎ᠤᠨ ᠪᠡᠯᠴᠢᠭᠡᠷ ᠬᠡᠮᠡᠯᠢᠬᠦ ᠬᠡᠮᠵᠢᠶ᠎ᠡ ᠵᠢ ᠪᠠᠭ᠋ᠠᠰᠬᠠᠵᠤ᠂ ᠪᠡᠯᠴᠢᠭᠡᠷ ᠬᠠᠮᠠᠭ᠋ᠠᠯᠠᠬᠤ ᠪᠠ ᠣᠷᠣᠯᠭ᠎ᠠ ᠵᠢ ᠨᠡᠮᠡᠭᠳᠡᠭᠦᠯᠬᠦ ᠲᠠᠯ᠎ᠠ᠎ᠪᠠᠷ ᠨᠢᠭᠡ ᠯᠡ ᠳᠡᠭᠡᠷ᠎ᠡ ᠬᠣᠶᠠᠷ᠎ᠢ ᠣᠯᠤᠨ᠎ᠠ ᠃ ᠲᠠᠷᠠᠭ᠋ᠠᠴᠢ ᠵᠢᠨ ᠠᠯᠬᠤᠮ᠎ᠳᠤ᠂ ᠮᠣᠩᠭᠣᠯ ᠬᠣᠨᠢᠨ᠎ᠤ ᠣᠯᠠᠨ ᠲᠥᠯᠯᠡᠬᠦ ᠭᠧᠨ᠎ᠤ ᠴᠡᠪᠡᠷᠴᠡ ᠵᠢᠨ ᠳᠡᠭᠡᠭᠰᠢᠯᠡᠯᠲᠡ ᠵᠢᠴᠢ ᠰᠢᠨᠵᠢᠯᠡᠬᠦ ᠤᠬᠠᠭ᠋ᠠᠨᠴᠢ᠎ᠪᠠᠷ ᠲᠡᠵᠢᠭᠡᠬᠦ ᠵᠢ ᠳᠠᠭ᠋ᠠᠯᠳᠤᠨ᠂ ᠢᠬᠡᠷ᠎ᠡ ᠲᠥᠯ᠎ᠤᠨ ᠨᠣᠷᠮ᠎ᠠ 80 %᠎ᠳᠤ ᠬᠥᠷᠬᠥ ᠪᠣᠯᠤᠮᠵᠢ᠎ᠲᠠᠢ ᠪᠣᠯᠤᠨ᠎ᠠ ᠃》 ᠃