ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠶᠤᠨ ᠤᠬᠠᠭ᠋ᠠᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2022-12-31


    ᠲᠦᠷᠦᠭᠦᠬᠡᠨ᠂ ᠲᠦᠩᠯᠢᠶᠣᠤ ᠬᠣᠲᠠ ᠵᠢᠨ ᠺᠠᠢ᠌ᠯᠦ ᠰᠢᠶᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 40 ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠵᠢ ᠰᠣᠩᠭᠣᠨ ᠲᠣᠮᠢᠯᠠᠵᠤ᠂ ᠬᠣᠤᠰᠯᠠᠨ ᠬᠣᠯᠪᠣᠭ᠋ᠠᠯᠠᠵᠤ ᠳᠠᠭ᠋ᠠᠭ᠋ᠠᠴᠢᠯᠠᠬᠤ ᠬᠡᠯᠪᠡᠷᠢ᠎ᠪᠠᠷ 90 ᠭᠠᠴᠠᠭ᠎ᠠ ᠲᠣᠰᠬᠣᠨ᠎ᠳᠤ ᠭᠦᠨᠵᠡᠭᠡᠢ᠌ᠷᠡᠨ ᠳᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠵᠡᠷᠭᠡ ᠮᠡᠷᠭᠡᠵᠢᠯ᠎ᠤᠨ ᠦᠢᠯᠡᠴᠢᠯᠡᠭᠡ ᠥᠷᠨᠢᠭᠦᠯᠵᠦ᠂ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠳᠠᠢ᠌ᠴᠢᠯᠠᠪᠠ  ᠃ ᠡᠨᠡ ᠪᠣᠯ ᠲᠦᠩᠯᠢᠶᠣᠤ ᠬᠤᠳᠠ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠠᠵᠢᠯ᠎ᠤᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠤᠶᠤᠨ ᠤᠬᠠᠭ᠋ᠠᠨ ᠨᠡᠮᠡᠷᠢᠯᠡᠭᠰᠡᠨ ᠬᠤᠷᠢᠶᠠᠩᠭᠤᠢ ᠳᠦᠷᠰᠦ ᠪᠣᠯᠤᠨ᠎ᠠ  ᠃
      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠤᠷᠢᠳ ᠵᠶ᠋ᠠᠷ ᠬᠡᠷᠡᠭᠵᠢᠭᠦᠯᠦᠨ᠎ᠡ  ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠲᠦᠩᠯᠢᠶᠣᠤ ᠬᠣᠲᠠ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠨᠠᠢ᠌ᠳᠠᠪᠤᠷᠢᠵᠢᠭᠤᠯᠵᠤ᠂ ᠴᠢᠳᠠᠪᠤᠷᠢᠲᠠᠨ ᠵᠶ᠋ᠠᠷ ᠬᠣᠲᠠ᠎ᠪᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ ᠵᠢ ᠶᠡᠬᠡ᠎ᠪᠠᠷ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠴᠢᠨᠠᠷ ᠰᠠᠢ᠌ᠲᠠᠶ ᠬᠥᠭᠵᠢᠯᠲᠡ᠎ᠳᠠᠬᠢ ᠪᠠᠢ᠌ᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠪᠡ  ᠃
      ᠲᠦᠩᠯᠢᠶᠣᠤ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠡᠬᠢ ᠪᠠᠶᠠᠯᠢᠭ ᠡᠯᠪᠡᠭ᠂ ᠡᠷᠳᠡᠨᠢ ᠰᠢᠰᠢ᠂ ᠠᠯᠠᠰᠢᠨ ᠦᠬᠡᠷ᠂ ᠬᠠᠳᠠᠭ᠋ᠠᠭᠰᠠᠨ ᠯᠠᠵᠤᠤ᠂ ᠰᠠᠭ᠋ᠠᠭ ᠵᠡᠷᠭᠡ ᠠᠵᠤ ᠦᠢᠯᠡᠰ᠎ᠤᠨ ᠬᠥᠭᠵᠢᠯᠲᠡ ᠵᠢᠨ ᠰᠠᠭᠤᠷᠢ᠎ᠨᠢ ᠰᠠᠢ᠌ᠨ ᠪᠠᠢ᠌ᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠨᠢ ᠵᠢᠯ ᠲᠤᠷᠰᠢ ᠠᠵᠢᠯ᠎ᠤᠨ ᠨᠢᠭᠡᠳᠦᠭᠡᠷ ᠹᠷᠣᠨᠲ᠎ᠲᠤ ᠠᠵᠢᠯᠯᠠᠵᠤ᠂ ᠰᠢᠨ᠎ᠡ ᠮᠡᠷᠭᠡᠵᠢᠯ᠂ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠭᠡᠨ᠎ᠢ ᠠᠬᠢᠭᠤᠯᠵᠤ᠂ ᠮᠠᠯᠴᠢᠨ ᠲᠠᠷᠢᠶᠠᠴᠢᠳ᠎ᠢ ᠬᠠᠪᠰᠤᠷᠤᠨ ᠦᠢᠯᠡᠳᠪᠦᠷᠢᠯᠡᠯ᠎ᠤᠨ ᠳᠤᠮᠳᠠ ᠲᠤᠯᠭ᠋ᠠᠷᠠᠭᠰᠠᠨ ᠪᠣᠳᠠᠲᠠᠶ ᠠᠰᠠᠭᠤᠳᠠᠯ᠎ᠢ᠎ᠨᠢ ᠰᠢᠢᠳᠪᠦᠷᠢᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠯᠪᠠᠰᠤᠷᠠᠭᠤᠯᠤᠯ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠦᠢᠯᠡᠴᠢᠯᠡᠭᠡ ᠵᠡᠷᠭᠡ ᠠᠵᠢᠯᠯᠠᠭ᠎ᠠ ᠵᠢ ᠥᠷᠨᠢᠭᠦᠯᠬᠦ᠎ᠪᠠᠷ ᠳᠡᠮᠵᠢᠨ᠂ ᠬᠥᠳᠡᠭᠡ ᠲᠣᠰᠬᠣᠨ᠎ᠤ ᠵᠢᠷᠤᠮᠵᠢᠭᠤᠯᠤᠭᠰᠠᠨ᠂ ᠮᠡᠳᠡᠭᠡ ᠵᠠᠩᠭᠢᠵᠢᠭᠤᠯᠤᠭᠰᠠᠨ ᠬᠠᠮᠢᠶᠠᠷᠤᠯᠲᠠ ᠵᠢ ᠠᠬᠢᠭᠤᠯᠪᠠ  ᠃
      ᠲᠦᠩᠯᠢᠶᠣᠤ ᠬᠣᠲᠠ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠳᠠᠯ ᠦᠢᠯᠡᠰ ᠴᠣᠭᠴᠠᠯᠠᠬᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠂ ᠰᠢᠨ᠎ᠡ ᠮᠡᠷᠭᠡᠵᠢᠯ᠎ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠵᠢᠴᠢ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠠᠳᠠᠯ ᠦᠢᠯᠡᠰ ᠴᠣᠭᠴᠠᠯᠠᠵᠤ ᠠᠵᠢᠯ ᠤᠯᠬᠤ ᠵᠢ ᠳᠠᠢ᠌ᠴᠢᠯᠠᠪᠠ  ᠃ ᠳᠡᠭᠡᠳᠦ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠦᠯᠬᠦᠮ᠎ᠢ ᠢᠳᠡᠪᠬᠢᠲᠡᠶ ᠣᠷᠣᠭᠤᠯᠤᠨ ᠠᠪᠴᠢᠷᠠᠵᠤ᠂ ᠵᠢᠯ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠴᠢ ᠵᠢ 340᠎ᠠᠴᠠ ᠳᠡᠭᠡᠭᠰᠢ᠂ 《ᠭᠤᠷᠪᠠᠨ ᠣᠷᠣᠨ᠎ᠤ ᠴᠢᠳᠠᠪᠤᠷᠢᠲᠠᠨ》᠎ᠢ 77 ᠨᠡᠷᠡᠰ ᠰᠣᠩᠭᠣᠨ ᠲᠣᠮᠢᠯᠠᠵᠤ᠂ ᠮᠠᠯᠴᠢᠨ ᠲᠠᠷᠢᠶᠠᠴᠢᠨ᠎ᠤ ᠪᠣᠳᠠᠲᠠᠶ ᠦᠢᠯᠡᠳᠪᠦᠷᠢᠯᠡᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠎ᠡ  ᠃ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠲᠤᠷᠰᠢᠯᠲᠠ ᠵᠢᠨ ᠴᠢᠭ᠎ᠤᠨ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠲᠠᠷᠢᠶᠠᠯᠠᠩ᠎ᠤᠨ ᠲᠠᠷᠢᠮᠠᠯ᠎ᠤᠨ ᠣᠷᠣᠨ᠂ ᠪᠡᠯᠡᠳᠬᠡᠮᠵᠢᠲᠦ ᠲᠠᠷᠢᠶᠠᠯᠠᠩ᠎ᠤᠨ ᠣᠷᠣᠨ᠂ ᠲᠠᠷᠢᠶᠠᠯᠠᠩ᠎ᠤᠨ ᠮᠠᠰᠢᠨ᠎ᠤ ᠣᠷᠣᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠯᠪᠠᠰᠤᠷᠠᠭᠤᠯᠤᠯ᠎ᠤᠨ ᠣᠷᠣᠨ᠂ ᠦᠷ᠎ᠡ ᠪᠦᠲᠦᠭᠡᠯ᠎ᠤᠨ ᠦᠵᠡᠭᠦᠯᠦᠯᠭᠡ ᠵᠢᠨ ᠣᠷᠣᠨ᠂ ᠡᠪᠡᠳᠴᠢᠨ ᠬᠣᠷᠣᠬᠠᠶ ᠵᠢᠨ ᠬᠥᠨᠥᠭᠡᠯ᠎ᠢ ᠬᠡᠮᠵᠢᠨ ᠮᠡᠳᠡᠭᠦᠯᠬᠦ ᠣᠷᠣᠨ ᠵᠡᠷᠭᠡ ᠴᠢᠳᠠᠮᠵᠢ ᠵᠢ ᠭᠦᠢ᠍ᠴᠡᠳ ᠠᠰᠢᠭᠯᠠᠨ᠂ ᠲᠠᠷᠢᠶᠠᠴᠢᠨ ᠮᠠᠯᠴᠢᠳ᠎ᠢ ᠳᠠᠭ᠋ᠠᠭᠤᠯᠤᠨ ᠰᠡᠳᠬᠢᠴᠡ ᠵᠢ᠎ᠨᠢ ᠥᠷᠭᠡᠵᠢᠭᠦᠯᠵᠦ᠂ ᠰᠢᠨ᠎ᠡ ᠮᠡᠷᠭᠡᠵᠢᠯ᠂ ᠰᠢᠨ᠎ᠡ ᠡᠭᠦᠯᠳᠡᠷ᠎ᠢ ᠣᠷᠣᠭᠤᠯᠵᠤ ᠢᠷᠡᠨ᠂ ᠣᠷᠣᠯᠭ᠎ᠠ ᠵᠢ᠎ᠨᠢ ᠨᠡᠮᠡᠭᠳᠡᠭᠦᠯᠬᠦ ᠬᠡᠷᠡᠭᠲᠡᠶ  ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ᠂ ᠬᠥᠳᠡᠭᠡ ᠲᠣᠰᠬᠣᠨ᠎ᠤ ᠬᠣᠷᠰᠢᠶ᠎ᠠ᠂ ᠳᠠᠷᠢᠵᠤ ᠲᠡᠵᠢᠭᠡᠵᠦ ᠦᠷᠡᠵᠢᠭᠦᠯᠬᠦ ᠲᠣᠮᠣ ᠡᠷᠦᠬᠡ ᠵᠢᠴᠢ ᠳᠠᠭ᠋ᠠᠭᠤᠯᠤᠭᠴᠢ ᠠᠵᠤ ᠠᠬᠤᠢ᠌ᠯᠠᠯ᠎ᠤᠨ ᠳᠠᠭ᠋ᠠᠭᠤᠯᠤᠭᠴᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ  ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠲᠡᠭᠦᠯᠳᠡᠷᠵᠢᠭᠦᠯᠵᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠤᠷᠮᠠᠰᠢᠭᠤᠯᠬᠤ ᠲᠣᠭᠲᠠᠴᠠ ᠵᠢ ᠪᠠᠢ᠌ᠭᠤᠯᠵᠤ᠂ 《ᠳᠡᠭᠡᠳᠦ ᠳᠣᠤᠷᠠᠳᠤ ᠱᠠᠲᠤ ᠬᠠᠷᠢᠯᠴᠠᠨ ᠬᠥᠳᠡᠯᠦᠯᠴᠡᠵᠦ᠂ ᠨᠢᠭᠡ ᠴᠣᠭᠴᠠᠵᠢᠭᠤᠯᠤᠨ ᠠᠵᠢᠯᠯᠠᠭᠤᠯᠬᠤ》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠵᠠᠭᠪᠤᠷ᠎ᠢ ᠬᠦᠴᠦᠯᠡᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠨᠠᠩ ᠶᠡᠬᠡ ᠦᠢᠯᠡᠳᠦᠯ ᠦᠵᠡᠭᠦᠯᠬᠦ ᠵᠢ ᠠᠬᠢᠭᠤᠯᠵᠤ᠂ ᠪᠥᠬᠥ ᠬᠣᠲᠠ ᠵᠢᠨ ᠲᠠᠷᠢᠶᠠᠯᠠᠩ᠎ᠤᠨ ᠴᠢᠳᠠᠪᠤᠷᠢᠲᠠᠨ᠎ᠤ ᠦᠢᠯᠡᠰ ᠪᠤᠰᠬᠠᠬᠤ ᠬᠥᠭᠵᠢᠯᠲᠡ ᠵᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠵᠦ ᠣᠷᠣᠯᠭ᠎ᠠ ᠵᠢ ᠨᠡᠮᠡᠭᠳᠡᠭᠦᠯᠬᠦ᠎ᠳᠤ ᠪᠠᠲᠤᠯᠠᠭ᠎ᠠ ᠬᠠᠩᠭ᠋ᠠᠨ᠎ᠠ  ᠃
      ᠵᠢᠯ᠎ᠤᠨ ᠡᠬᠢᠨ᠎ᠠᠴᠠ ᠨᠠᠭ᠋ᠠᠰᠢ᠂ ᠲᠦᠩᠯᠢᠶᠣᠤ ᠬᠤᠳᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠢ᠎ᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 9 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠰᠠᠨ ᠪᠦᠯᠬᠦᠮ᠎ᠢ ᠵᠣᠬᠢᠶᠠᠨ ᠪᠠᠢ᠌ᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠪᠦᠬᠦ ᠬᠤᠳᠠ ᠵᠢᠨ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ᠂ ᠲᠦᠬᠦᠭᠡᠷᠤᠮᠵᠢᠳᠤ ᠲᠠᠷᠢᠶᠠᠯᠠᠩ᠎ᠤᠨ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ ᠪᠣᠯᠤᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠲᠦᠩᠯᠢᠶᠣᠤ ᠬᠤᠳᠠ ᠵᠢᠨ ᠲᠦᠬᠦᠭᠡᠷᠤᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠬᠦᠴᠦᠨ ᠨᠡᠮᠡᠷᠢᠯᠡᠪᠡ  ᠃
      ᠡᠨᠡ ᠵᠢᠯ᠂ ᠲᠦᠩᠯᠢᠶᠣᠤ ᠬᠣᠲᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠦᠢᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠵᠦ᠂ ᠲᠦᠩᠯᠢᠶᠣᠤ ᠬᠣᠲᠠ ᠵᠢᠨ ᠭᠣᠤᠯᠯᠠᠬᠤ ᠠᠵᠤ ᠦᠢᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ ᠵᠢᠨ ᠲᠣᠭᠣᠷᠢᠨ᠎ᠳᠤ ᠴᠢᠳᠠᠪᠤᠷᠢᠲᠠᠨ᠎ᠤ ᠬᠡᠯᠬᠢᠶ᠎ᠡ ᠵᠢ ᠪᠠᠢ᠌ᠷᠢᠰᠢᠭᠤᠯᠵᠤ᠂ ᠬᠠᠨᠳᠤᠯᠭ᠋ᠠᠲᠤ ᠴᠢᠨᠠᠷᠲᠠᠶ᠎ᠪᠠᠷ ᠴᠢᠳᠠᠪᠤᠷᠢᠲᠠᠨ ᠤᠷᠢᠬᠤ᠂ ᠨᠠᠷᠢᠯᠢᠭ ᠣᠨᠣᠪᠴᠢᠲᠠᠶ᠎ᠪᠠᠷ ᠴᠢᠳᠠᠪᠤᠷᠢᠲᠠᠨ ᠬᠥᠮᠦᠵᠢᠭᠦᠯᠬᠦ ᠠᠵᠢᠯ᠎ᠢ ᠰᠠᠢ᠌ᠲᠤᠷ ᠬᠢᠵᠦ᠂ ᠵᠢᠯ᠎ᠤᠨ ᠳᠣᠲᠣᠷ᠎ᠠ 60 ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠰᠣᠩᠭᠣᠨ ᠲᠣᠮᠢᠯᠠᠵᠤ᠂ 240 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠳᠤ ᠦᠢᠯᠡᠴᠢᠯᠡᠵᠦ᠂ ᠲᠦᠩᠯᠢᠶᠣᠤ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ 《ᠬᠥᠩᠭᠡᠨ ᠮᠣᠷᠢᠲᠤ ᠴᠡᠷᠢᠭ》᠎ᠢ ᠴᠢᠷᠮᠠᠢ᠌ᠨ ᠪᠠᠢ᠌ᠭᠤᠯᠬᠤ᠎ᠪᠠᠷ ᠲᠥᠯᠥᠪᠯᠡᠵᠦ ᠪᠣᠶ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠬᠣᠶᠠᠷᠲᠠ ᠥᠭᠦᠯᠡᠬᠦ᠎ᠨᠢ
ᠠᠵᠤ ᠠᠬᠤᠢ᠌ᠯᠠᠯ᠎ᠤᠨ ᠰᠡᠳᠦᠪ ᠭᠠᠷᠭ᠋ᠠᠭᠰᠠᠨ ᠳᠡᠭᠡᠳᠦ ᠰᠤᠷᠭ᠋ᠠᠭᠤᠯᠢ ᠵᠢᠨ ᠰᠡᠳᠦᠪ ᠲᠠᠢ᠌ᠯᠬᠤ ᠠᠵᠤ ᠦᠢᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ ᠬᠣᠤᠰ ᠴᠢᠭᠯᠡᠯ ᠵᠶ᠋ᠡᠷ ᠤᠷᠤᠭᠰᠢᠯᠠᠪᠠ
ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ᠎ᠢ ᠲᠥᠪᠯᠡᠷᠡᠭᠦᠯᠦᠨ ᠨᠡᠢ᠌ᠲᠡᠯᠡᠬᠦ ᠲᠠᠪᠴᠠᠩ ᠨᠢᠭᠡᠨᠲᠡ ᠰᠦᠯᠵᠢᠶᠡᠨ᠎ᠳᠤ ᠭᠠᠷᠪᠠ!
ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠲᠡᠢ ᠪᠦᠳᠦᠭᠡᠨ ᠪᠠᠢ᠌ᠭᠤᠯᠤᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠭᠤᠷᠪᠠᠨᠲᠠ ᠥᠭᠦᠯᠡᠬᠦ᠎ᠨᠢ
ᠲᠠᠷᠢᠶᠠᠯᠠᠩ᠎ᠤᠨ 《ᠴᠠᠬᠢᠮ》᠎ᠢ ᠬᠦᠴᠦᠷᠬᠡᠭᠵᠢᠭᠦᠯᠦᠨ 《ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ》 ᠵᠢ ᠪᠠᠲᠤ ᠡᠵᠡᠮᠳᠡᠶ᠎ᠡ
 
            
Baidu
map