ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
《ᠬᠣᠪᠣᠷ ᠰᠢᠷᠣᠶ +》 ᠬᠤᠪᠢᠷᠠᠮᠠᠲᠠᠭ᠋ᠠᠶ ᠷᠢᠳᠢ ᠰᠢᠳᠢ
ᠨᠡᠶ᠋ᠢᠲᠡᠯᠡᠭᠰᠡᠨ ᠴᠠᠭ᠄ 2022-12-31


      ᠡᠪᠦᠯ᠎ᠤᠨ ᠠᠭᠤᠷ ᠣᠷᠣᠭᠰᠠᠨ᠎ᠤ ᠳᠠᠷᠠᠭ᠎ᠠ᠂ ᠲᠢᠶᠠᠨᠵᠢᠨ ᠬᠣᠲᠠ ᠵᠢᠨ ᠾᠧ ᠳ᠋ᠦᠩ ᠲᠣᠭᠣᠷᠢᠭ᠎ᠤᠨ ᠱᠠᠩ ᠬᠠᠩ ᠵᠠᠮ᠎ᠤᠨ ᠠᠨ ᠲᠠ ᠨᠡᠷᠡᠲᠦ ᠲᠡᠮᠳᠡᠭᠲᠦ ᠪᠣᠳᠠᠲᠤ ᠳᠡᠯᠭᠡᠭᠦᠷ᠎ᠲᠤ᠂ ᠠᠨ ᠲᠠ ᠬᠠᠯᠭᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠲᠥᠨ ᠬᠤᠪᠴᠠᠰᠤ ᠪᠣᠷᠣᠯᠠᠭᠤᠯᠭ᠎ᠠ ᠰᠠᠢ᠌ᠲᠠᠶ ᠪᠠᠢ᠌ᠵᠤ᠂ ᠬᠡᠷᠡᠭᠯᠡᠭᠴᠢᠳ ᠴᠥᠮ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠵᠢᠨ 《ᠬᠣᠪᠣᠷ ᠰᠢᠷᠣᠶ +》 ᠨᠡᠬᠡᠮᠡᠯ᠎ᠤᠨ ᠪᠦᠲᠦᠭᠡᠭᠳᠡᠬᠦᠨ᠎ᠤ ᠲᠡᠭ᠎ᠠᠴᠠ ᠳᠣᠷᠣᠭᠰᠢ 36 ᠭ᠋ᠷᠠᠳᠦ᠋ᠰ᠎ᠤᠨ ᠬᠠᠬᠢᠷ ᠬᠦᠢ᠍ᠲᠡᠨ᠎ᠢ ᠡᠰᠡᠷᠭᠦᠴᠡᠬᠦ ᠷᠢᠳᠢ ᠰᠢᠳᠢ ᠵᠢ ᠮᠡᠳᠡᠷᠡᠬᠦ ᠵᠢ ᠬᠦᠰᠡᠵᠦ ᠪᠠᠢ᠌ᠯ᠎ᠠ  ᠃
      ᠬᠤᠪᠴᠠᠰᠤᠨ ᠳᠣᠲᠣᠷ᠎ᠠ ᠨᠢᠭᠡ ᠳᠠᠪᠬᠤᠷᠭ᠎ᠠ ᠬᠣᠪᠣᠷ ᠰᠢᠷᠣᠶ ᠵᠢᠨ ᠬᠤᠸᠠᠷ ᠳᠠᠷᠤᠮᠠᠯᠯᠠᠬᠤ᠎ᠨᠢ ᠡᠢ᠍ᠮᠦ ᠰᠣᠨᠢᠨ ᠦᠢᠯᠡᠳᠦᠯ᠎ᠲᠠᠢ? ᠪᠤᠭᠤᠲᠤ ᠵᠢᠨ ᠪᠣᠯᠣᠳ ᠲᠡᠮᠦᠷ᠎ᠤᠨ ᠬᠣᠪᠣᠷ ᠰᠢᠷᠣᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠲᠢᠶᠠᠨᠵᠢᠨ᠎ᠤ ᠬᠤᠪᠢᠶᠠᠷᠢ ᠬᠦᠷᠢᠶᠡᠯᠡᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ ᠵᠢᠨ ᠬᠡᠯᠲᠡᠰ᠎ᠤᠨ ᠳᠠᠷᠤᠭ᠎ᠠ ᠯᠢ ᠯᠦ᠍ ᠲᠠᠨᠢᠯᠴᠠᠭᠤᠯᠬᠤ᠎ᠳᠠᠭᠠᠨ᠂ ᠬᠤᠪᠢᠶᠠᠷᠢ ᠬᠦᠷᠢᠶᠡᠯᠡᠩ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠬᠣᠪᠣᠷ ᠰᠢᠷᠣᠶ ᠵᠢᠨ ᠢᠯᠴᠢ ᠵᠢᠨ ᠪᠤᠴᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠨᠢ 《ᠨᠢᠭᠡ ᠵᠦᠢᠯ᠎ᠤᠨ ᠬᠣᠪᠣᠷ ᠰᠢᠷᠣᠶ ᠵᠢᠨ ᠰᠠᠭᠤᠷᠢ ᠤᠯᠠᠭ᠋ᠠᠨ᠎ᠤ ᠭᠠᠳᠠᠨᠠᠬᠢ ᠳᠤᠯᠠᠭ᠋ᠠᠴᠠ ᠵᠢ ᠳᠡᠭᠡᠭᠰᠢᠯᠡᠭᠦᠯᠦᠨ ᠳᠤᠯᠠᠭ᠋ᠠᠨ᠎ᠢ ᠬᠠᠮᠠᠭ᠋ᠠᠯᠠᠬᠤ ᠨᠡᠬᠡᠮᠡᠯ ᠡᠳ᠋ ᠵᠢᠴᠢ ᠲᠡᠭᠦᠨ᠎ᠢ ᠦᠢᠯᠡᠳᠬᠦ ᠠᠷᠭ᠎ᠠ ᠪᠠ ᠬᠡᠷᠡᠭᠯᠡᠯᠲᠡ》 ᠵᠡᠷᠭᠡ 5 ᠵᠦᠢᠯ᠎ᠤᠨ ᠤᠯᠤᠰ᠎ᠤᠨ ᠡᠭᠦᠳᠦᠯᠲᠡ ᠵᠢᠨ ᠲᠤᠰᠬᠠᠶ ᠠᠰᠢᠭ᠎ᠢ ᠬᠤᠷᠠᠮᠳᠤᠭᠤᠯᠵᠠᠶ  ᠃ ᠬᠤᠸᠠᠷ ᠳᠠᠷᠤᠮᠠᠯᠯᠠᠭᠰᠠᠨ ᠪᠦᠰ ᠳᠡᠭᠡᠷᠡᠬᠢ ᠬᠣᠪᠣᠷ ᠰᠢᠷᠣᠶ ᠵᠢᠨ ᠤᠯᠠᠭ᠋ᠠᠨ᠎ᠤ ᠭᠠᠳᠠᠨᠠᠬᠢ ᠢᠯᠴᠢ ᠬᠠᠳᠠᠭ᠋ᠠᠯᠠᠬᠤ ᠡᠳ᠋᠎ᠨᠢ ᠬᠥᠮᠦᠨ᠎ᠤ ᠪᠡᠶ᠎ᠡ ᠵᠢᠨ ᠰᠠᠴᠤᠷᠠᠭᠤᠯᠤᠭᠰᠠᠨ ᠬᠤᠯᠠ ᠤᠯᠠᠭ᠋ᠠᠨ᠎ᠤ ᠭᠠᠳᠠᠨᠠᠬᠢ ᠲᠤᠶᠠᠭ᠎ᠠ ᠵᠢ ᠰᠢᠩᠭᠡᠭᠡᠨ ᠠᠪᠴᠤ᠂ ᠪᠦᠰ ᠪᠣᠯᠤᠨ ᠬᠥᠮᠦᠨ᠎ᠤ ᠪᠡᠶ᠎ᠡ ᠵᠢᠨ ᠬᠣᠭᠣᠷᠣᠨᠳᠣ ᠢᠯᠴᠢ ᠵᠢᠨ ᠡᠷᠭᠢᠯᠲᠡ ᠵᠢᠨ ᠦᠢ᠍ᠯᠡᠴᠢᠯᠡᠭᠡ ᠪᠤᠢ ᠪᠣᠯᠭ᠋ᠠᠨ᠂ ᠢᠯᠴᠢ ᠵᠢ ᠣᠨᠢᠰᠤᠯᠠᠵᠤ᠂ ᠬᠦᠢ᠍ᠳᠡᠠ᠎ᠢ ᠡᠰᠡᠷᠭᠦᠴᠡᠬᠦ ᠪᠣᠯᠤᠨ᠎ᠠ᠂ ᠲᠡᠭᠦᠨ᠎ᠤ ᠰᠠᠴᠤᠷᠠᠯᠲᠠ ᠵᠢᠨ ᠳᠤᠯᠠᠭ᠋ᠠᠨ᠎ᠤ ᠳᠡᠭᠡᠭᠰᠢᠯᠡᠬᠦ᠎ᠨᠢ ᠤᠯᠤᠰ᠎ᠤᠨ ᠪᠠᠷᠢᠮᠵᠢᠶᠠᠨ᠎ᠤ 2 . 5 ᠲᠡᠬᠢᠠ ᠪᠠᠢ᠌ᠵᠤ᠂ ᠢᠯᠡᠷᠡᠯ᠎ᠨᠢ ᠲᠤᠢ᠌ᠯ᠎ᠤᠨ ᠰᠢᠯᠢᠳᠡᠭ ᠪᠠᠢ᠌ᠳᠠᠭ  ᠃
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠳᠡᠯᠡᠬᠡᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠮᠦᠨ᠎ᠡ ᠵᠠᠬ᠎ᠠ᠎ᠳᠤ ᠬᠠᠨᠳᠤᠭᠤᠯᠬᠤ᠂ ᠠᠵᠤ ᠠᠬᠤᠢ ᠵᠢᠨ ᠭᠣᠣᠯ ᠳᠠᠢ᠌ᠨ᠎ᠤ ᠲᠠᠯᠠᠪᠤᠷ᠎ᠲᠤ ᠬᠠᠨᠳᠤᠭᠤᠯᠬᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ᠎ᠳᠤ ᠬᠠᠨᠳᠤᠭᠤᠯᠬᠤ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠬᠠᠨᠳᠤᠭᠤᠯᠬᠤ ᠵᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠯᠡᠨ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ  ᠃ ᠡᠭᠦᠨ᠎ᠤ ᠲᠤᠬᠠᠶ ᠯᠢ ᠯᠦ᠍ ᠢᠯᠡᠷᠬᠡᠢ᠌ᠯᠡᠬᠦ᠎ᠳᠡᠭᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠵᠢᠨ ᠣᠭ ᠰᠠᠨᠠᠭ᠎ᠠ ᠪᠣᠯ ᠳᠠᠷᠤᠶ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠬᠠᠩᠭ᠋ᠠᠬᠤ ᠵᠢᠨ ᠲᠥᠯᠥᠭᠡ ᠶᠤᠮ᠂ ᠶᠠᠭ ᠯᠠ ᠭᠠᠯ ᠬᠠᠯᠠᠭᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠲᠥᠨ ᠬᠤᠪᠴᠠᠰᠤᠨ᠎ᠤ ᠵᠠᠷ ᠮᠡᠳᠡᠭᠡᠨ᠎ᠤ ᠦᠭᠡ ᠰᠢᠭ ᠶᠤᠮ᠄ ᠨᠣᠶᠠᠨ ᠣᠷᠭᠢᠯ ᠪᠣᠯᠤᠭᠰᠠᠨ᠎ᠤ ᠳᠠᠷᠠᠭ᠎ᠠ᠂ ᠲᠡᠮᠡᠴᠡᠯ᠎ᠤᠨ ᠵᠣᠷᠢᠭ᠎ᠢ ᠶᠠᠭᠤᠨ᠎ᠳᠤ ᠲᠦᠰᠢᠭᠯᠡᠵᠦ ᠳᠠᠬᠢᠨ ᠬᠥᠭᠵᠢᠭᠡᠬᠦ ᠪᠣᠶ? 《ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠠᠷᠠᠳ᠎ᠲᠤ ᠪᠤᠶᠠᠨ ᠦᠢ᠍ᠯᠡᠳᠬᠦ》 ᠪᠣᠯ ᠪᠢᠳᠡᠨ᠎ᠤ ᠬᠠᠷᠢᠭᠤᠯᠲᠠ ᠪᠣᠯᠤᠨ᠎ᠠ  ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠨ᠂ ᠪᠤᠭᠤᠲᠤ ᠵᠢᠨ ᠬᠣᠪᠣᠷ ᠰᠢᠷᠣᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠲᠢᠶᠠᠨᠵᠢᠨ ᠬᠤᠪᠢᠶᠠᠷᠢ ᠬᠦᠷᠢᠶᠡᠯᠡᠩ ᠪᠣᠬᠢᠷᠲᠤᠯ ᠥᠬᠡᠶ ᠡᠷᠬᠢᠯᠳᠡᠳᠦ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ᠎ᠪᠠᠨ ᠬᠤᠪᠢᠷᠠᠭᠤᠯᠬᠤ ᠵᠠᠮ᠎ᠢ ᠬᠠᠢ᠌ᠨ ᠰᠦᠪᠡᠭᠴᠢᠯᠡᠵᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠪᠠ ᠪᠣᠬᠢᠷᠲᠤᠯ ᠥᠬᠡᠶ ᠪᠦᠲᠦᠭᠡᠭᠳᠡᠬᠦᠨ᠎ᠢ ᠭᠦᠨ ᠬᠠᠭ᠋ᠠᠯᠪᠤᠷᠢᠯᠠᠵᠤ᠂ 《ᠬᠣᠪᠣᠷ ᠰᠢᠷᠣᠶ +》 ᠬᠤᠪᠢᠷᠠᠮᠠᠲᠠᠭ᠋ᠠᠶ ᠷᠢᠳᠢ ᠰᠢᠳᠢ ᠵᠢ ᠬᠠᠢ᠌ᠨ ᠰᠦᠪᠡᠭᠴᠢᠯᠡᠵᠦ᠂ ᠣᠯᠠᠨ ᠵᠦᠢᠯ᠎ᠤᠨ ᠡᠨᠧᠷᠭᠢ ᠵᠢ ᠠᠷᠪᠢᠯᠠᠨ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠨᠠᠷᠠᠲᠤ ᠦᠢᠯᠡᠳᠬᠦᠨ᠎ᠢ ᠰᠤᠳᠤᠯᠤᠨ ᠦᠢᠯᠡᠳᠴᠡᠶ  ᠃ ᠨᠢᠭᠡᠨᠲᠡ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠮᠵᠢᠯᠲᠠ᠎ᠲᠠᠢ ᠪᠡᠶᠡᠯᠡᠭᠦᠯᠦᠭᠰᠡᠨ ᠬᠣᠪᠣᠷ ᠰᠢᠷᠣᠶ ᠵᠢᠨ ᠨᠠᠨᠤᠮᠸᠲᠷ᠎ᠤᠨ ᠲᠠᠰᠤᠯᠳᠠᠯ ᠢᠯᠴᠢ ᠵᠢ ᠲᠦᠷᠬᠢᠭᠰᠡᠨ ᠳᠠᠪᠬᠤᠷᠭ᠎ᠠ ᠵᠢ ᠰᠢᠯ᠎ᠤᠨ ᠭᠠᠳᠠᠷᠭᠤ᠎ᠳᠤ ᠰᠢᠭᠤᠳ ᠲᠦᠷᠬᠢᠪᠡᠯ᠂ 95 % ᠵᠢᠨ ᠤᠯᠠᠭ᠋ᠠᠨ᠂ ᠬᠦᠷᠢᠨ᠎ᠤ ᠭᠠᠳᠠᠨᠠᠬᠢ ᠲᠤᠶᠠᠭ᠋ᠠᠨ᠎ᠤ ᠲᠠᠰᠤᠯᠳᠠᠯ ᠢᠯᠴᠢ ᠵᠢ ᠪᠡᠶᠡᠯᠡᠭᠦᠯᠵᠦ᠂ 3 ᠴᠠᠭ᠎ᠤᠨ ᠳᠣᠲᠣᠷ᠎ᠠ ᠲᠦᠷᠭᠡᠨ ᠳᠤᠯᠠᠭ᠋ᠠᠨ᠎ᠢ ᠪᠠᠭᠤᠷᠠᠭᠤᠯᠵᠤ᠂ ᠠᠭ᠋ᠠᠷ ᠲᠣᠬᠢᠷᠠᠭᠤᠯᠤᠭᠴᠢ ᠵᠢᠨ ᠡᠨᠧᠷᠭᠢ ᠵᠢᠨ ᠬᠣᠷᠣᠭᠳᠠᠯ᠎ᠢ ᠶᠡᠬᠡ᠎ᠪᠠᠷ ᠪᠠᠭᠤᠷᠠᠭᠤᠯᠤᠨ᠎ᠠ  ᠃ ᠰᠣᠯᠢᠵᠤ ᠪᠤᠳᠤᠭᠰᠠᠨ ᠵᠶ᠋ᠠᠷ᠂ 1 ᠲᠡᠭᠰᠢ ᠳᠥᠷᠪᠡᠯᠵᠢᠨ ᠮᠧᠲᠷ᠎ᠤᠨ ᠲᠦᠷᠬᠢᠮᠡᠯ ᠳᠠᠪᠬᠤᠷᠭ᠎ᠠ ᠵᠢᠨ ᠵᠢᠯ᠎ᠤᠨ ᠴᠠᠬᠢᠯᠭ᠋ᠠᠨ ᠠᠷᠪᠢᠯᠠᠬᠤ ᠬᠡᠮᠵᠢᠶ᠎ᠡ᠎ᠨᠢ 18 ᠺᠢᠯᠣᠭ᠌ᠷᠠᠮ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠭᠰᠠᠨ᠎ᠲᠠᠢ ᠲᠡᠩᠴᠡᠵᠦ᠂ ᠣᠯᠠᠨ ᠵᠦᠢᠯ᠎ᠤᠨ ᠬᠣᠶᠠᠷ ᠰᠠᠭᠤᠷᠢ ᠮᠣᠳᠣ᠎ᠲᠠᠢ ᠲᠡᠩᠴᠡᠨ᠎ᠡ᠂ ᠡᠢ᠌ᠮᠦᠷᠬᠦᠦ ᠰᠢᠨ᠎ᠡ ᠬᠡᠯᠪᠡᠷᠢ ᠵᠢᠨ ᠬᠣᠪᠣᠷ ᠰᠢᠷᠣᠶ ᠵᠢᠨ ᠮᠠᠲ᠋ᠧᠷᠢᠶᠠᠯ᠎ᠢ ᠨᠢᠭᠡᠨᠲᠡ ᠳᠡᠭᠡᠳᠦ ᠬᠤᠷᠳᠤᠴᠠᠲᠤ ᠲᠡᠮᠦᠷ ᠵᠠᠮ᠎ᠤᠨ ᠥᠷᠲᠡᠭᠡ᠂ ᠨᠢᠰᠬᠡᠯ᠎ᠤᠨ ᠪᠠᠭᠤᠳᠠᠯ᠂ ᠬᠤᠳᠠᠯᠳᠤᠭ᠋ᠠᠨ᠎ᠤ ᠲᠥᠪ᠂ ᠠᠯᠪᠠᠨ ᠠᠰᠠᠷ ᠵᠡᠷᠭᠡ ᠲᠥᠬᠥᠭᠡᠷᠦᠮᠵᠢ ᠪᠠ ᠲᠠᠯᠠᠪᠤᠷ᠎ᠲᠤ ᠥᠷᠭᠡᠨ ᠵᠶ᠋ᠡᠷ ᠬᠡᠷᠡᠭᠯᠡᠵᠦ ᠪᠠᠢ᠌ᠨ᠎ᠠ  ᠃ ᠨᠥᠭᠥᠭᠡ ᠨᠢᠭᠡ ᠵᠦᠢᠯ᠎ᠤᠨ ᠬᠣᠪᠣᠷ ᠰᠢᠷᠣᠶ ᠵᠢᠨ ᠣᠯᠠᠨ ᠥᠩᠭᠡᠲᠦ ᠣᠢ᠌ᠯᠲᠠ ᠵᠢᠨ ᠢᠯᠴᠢ ᠬᠥᠨᠳᠡᠢ᠌ᠷᠡᠭᠦᠯᠬᠦ ᠰᠢᠷ᠎ᠨᠢ ᠨᠡᠷᠡᠨ᠎ᠤ ᠬᠡᠷᠡᠯ᠎ᠢ ᠪᠦᠲᠦᠮᠵᠢᠲᠡᠶ ᠣᠢ᠌ᠯᠤᠭᠤᠯᠵᠤ᠂ ᠪᠡᠶ᠎ᠡ ᠵᠢᠨ ᠭᠠᠳᠠᠷᠭᠤ ᠵᠢᠨ ᠳᠤᠯᠠᠭ᠋ᠠᠨ᠎ᠤ ᠬᠡᠮᠵᠢᠶ᠎ᠡ ᠵᠢ 10᠎ᠠᠴᠠ 20 ᠭ᠋ᠷᠠᠳᠦ᠋ᠰ ᠪᠠᠭᠤᠷᠠᠭᠤᠯᠵᠤ᠂ ᠬᠣᠲᠠ ᠵᠢᠨ ᠬᠠᠯᠠᠭᠤᠨ ᠠᠷᠠᠯ᠎ᠤᠨ ᠦᠢᠯᠡᠳᠦᠯ᠎ᠢ ᠢᠯᠡᠳᠲᠡ ᠨᠠᠮᠳᠠᠭᠤᠯᠵᠤ᠂ ᠨᠢᠭᠡᠨᠲᠡ ᠠᠮᠤ ᠪᠤᠳᠠᠭ᠋ᠠᠨ᠎ᠤ ᠬᠥᠮᠥᠷᠭᠡ᠂ ᠴᠢᠩᠭᠡᠯᠢᠭ᠂ ᠥᠩᠭᠡᠲᠦ ᠪᠣᠯᠣᠳ ᠸᠠᠭ᠋ᠠᠷ ᠵᠡᠷᠭᠡ ᠣᠯᠠᠨ ᠬᠡᠷᠡᠭ᠎ᠤᠨ ᠵᠢᠱ᠌ᠢᠶ᠎ᠡ᠎ᠳᠤ ᠳᠡᠯᠭᠡᠷᠡᠭᠦᠯᠦᠭᠰᠡᠨ ᠪᠠᠢ᠌ᠨ᠎ᠠ  ᠃
      ᠤᠢ᠍ᠢ᠍ᠷ᠎ᠠ ᠵᠢᠨ ᠵᠢᠯ᠎ᠠᠴᠠ᠂ ᠪᠤᠭᠤᠲᠤ ᠵᠢᠨ ᠪᠤᠯᠤᠳ ᠲᠡᠮᠦᠷ᠎ᠤᠨ ᠪᠦᠯᠦᠭᠯᠡᠯ᠎ᠤᠨ᠎ᠬᠢᠨ 《ᠬᠣᠪᠣᠷ ᠰᠢᠷᠣᠢ +》 ᠪᠠᠢ᠌ᠯᠳᠤᠬᠤ ᠪᠤᠳᠤᠯᠭ᠎ᠠ ᠵᠢ ᠶᠡᠬᠡ᠎ᠪᠠᠷ ᠬᠡᠷᠡᠭᠵᠢᠭᠦᠯᠵᠦ᠂ ᠬᠣᠪᠣᠷ ᠰᠢᠷᠣᠢ ᠵᠢᠨ ᠴᠢᠳᠠᠮᠵᠢᠳᠦ ᠮᠠᠲ᠋ᠧᠷᠢᠶᠠᠯ᠎ᠢ ᠡᠯ᠎ᠡ ᠠᠵᠢᠯ ᠲᠦᠷᠦᠯ᠎ᠳᠤ ᠥᠷᠭᠡᠨ ᠵᠶ᠋ᠡᠷ ᠬᠡᠷᠡᠭᠯᠡᠵᠦ᠂ ᠲᠡᠮᠦᠷᠯᠢᠭ ᠬᠠᠢ᠌ᠯᠤᠭᠤᠯᠬᠤ ᠠᠵᠤ ᠦᠢ᠍ᠯᠡᠳᠪᠦᠷᠢ᠂ ᠴᠢᠯᠠᠭᠤᠨ ᠲᠤᠰᠤ ᠬᠢᠮᠢ ᠵᠢᠨ ᠠᠵᠤ ᠦᠢ᠍ᠯᠡᠳᠪᠦᠷᠢ᠂ ᠡᠮ ᠡᠮᠨᠡᠯᠭᠡ ᠵᠡᠷᠭᠡ ᠤᠯᠠᠮᠵᠢᠯᠠᠯᠲᠤ ᠬᠦᠷᠢᠢ᠎ᠡ᠂ ᠢᠯᠠᠩᠭᠤᠶ᠎ᠠ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ᠂ ᠰᠢᠨ᠎ᠡ᠎ᠪᠠᠷ ᠮᠠᠨᠳᠤᠭᠰᠠᠨ ᠮᠡᠳᠡᠭᠡ ᠵᠠᠩᠭᠢ᠂ ᠠᠮᠢᠳᠤ ᠪᠣᠳᠠᠰ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠳᠡᠭᠡᠳᠦ ᠲᠡᠰ᠎ᠤᠨ ᠲᠣᠨᠣᠭᠯᠠᠯ ᠦᠢ᠍ᠯᠡᠳᠬᠦ ᠪᠠ ᠰᠢᠨ᠎ᠡ ᠮᠠᠲ᠋ᠧᠷᠢᠶᠠᠯ ᠵᠡᠷᠭᠡ ᠠᠵᠤ ᠦᠢ᠍ᠯᠡᠰ᠎ᠲᠤ ᠴᠥᠮ ᠬᠣᠪᠣᠷ ᠰᠢᠷᠣᠢ ᠵᠢᠨ ᠪᠠᠷ᠎ᠠ ᠰᠡᠭᠦᠳᠡᠷ ᠬᠠᠷᠠᠭᠳᠠᠵᠤ ᠪᠠᠢ᠌ᠨ᠎ᠠ  ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠶᠤᠨ ᠤᠬᠠᠭ᠋ᠠᠨ ᠨᠡᠮᠡᠷᠢᠯᠡᠪᠡ
ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠬᠣᠶᠠᠷᠲᠠ ᠥᠭᠦᠯᠡᠬᠦ᠎ᠨᠢ
ᠠᠵᠤ ᠠᠬᠤᠢ᠌ᠯᠠᠯ᠎ᠤᠨ ᠰᠡᠳᠦᠪ ᠭᠠᠷᠭ᠋ᠠᠭᠰᠠᠨ ᠳᠡᠭᠡᠳᠦ ᠰᠤᠷᠭ᠋ᠠᠭᠤᠯᠢ ᠵᠢᠨ ᠰᠡᠳᠦᠪ ᠲᠠᠢ᠌ᠯᠬᠤ ᠠᠵᠤ ᠦᠢᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ ᠬᠣᠤᠰ ᠴᠢᠭᠯᠡᠯ ᠵᠶ᠋ᠡᠷ ᠤᠷᠤᠭᠰᠢᠯᠠᠪᠠ
ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠭᠦᠯᠡᠯ᠎ᠢ ᠲᠥᠪᠯᠡᠷᠡᠭᠦᠯᠦᠨ ᠨᠡᠢ᠌ᠲᠡᠯᠡᠬᠦ ᠲᠠᠪᠴᠠᠩ ᠨᠢᠭᠡᠨᠲᠡ ᠰᠦᠯᠵᠢᠶᠡᠨ᠎ᠳᠤ ᠭᠠᠷᠪᠠ!
ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠲᠡᠢ ᠪᠦᠳᠦᠭᠡᠨ ᠪᠠᠢ᠌ᠭᠤᠯᠤᠨ᠎ᠠ —— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠪᠡᠶᠡᠯᠡᠭᠦᠯᠬᠦ ᠲᠤᠬᠠᠶ ᠭᠤᠷᠪᠠᠨᠲᠠ ᠥᠭᠦᠯᠡᠬᠦ᠎ᠨᠢ
 
            
Baidu
map