ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠤᠯᠠᠭ᠋ᠠᠨᠬᠠᠳᠠ ᠬᠣᠲᠠ ᠵᠢᠨ 3 ᠵᠦᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠲᠦᠪᠰᠢᠨ᠎ᠳᠤ ᠬᠥᠷᠪᠡ
ᠨᠡᠶ᠋ᠢᠲᠡᠯᠡᠭᠰᠡᠨ ᠴᠠᠭ᠄ 2022-12-31


    ᠣᠢ᠌ᠷ᠎ᠠ᠎ᠳᠤ᠂ ᠤᠯᠠᠭ᠋ᠠᠨᠬᠠᠳᠠ ᠬᠣᠲᠠ ᠵᠢᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠡᠭᠦᠷᠭᠡᠯᠡᠵᠦ ᠪᠠᠢ᠌ᠭ᠎ᠠ 《ᠬᠠᠭ᠋ᠠᠰ ᠭᠠᠩ ᠬᠠᠭᠤᠷᠠᠶ ᠣᠷᠣᠨ᠎ᠤ ᠭᠠᠩ ᠬᠠᠭᠰᠠᠷᠠᠭ᠋ᠠᠨ᠎ᠳᠤ ᠵᠣᠬᠢᠴᠠᠭᠤᠯᠤᠨ ᠣᠢ᠌ᠵᠢᠭᠤᠯᠬᠤ ᠮᠡᠷᠭᠡᠵᠢᠯ᠎ᠤᠨ ᠰᠤᠳᠤᠯᠭ᠋ᠠᠨ》 ᠪᠠ ᠣᠷᠣᠯᠴᠠᠭᠰᠠᠨ 《ᠡᠯᠡᠰᠦᠷᠬᠡᠭ ᠭᠠᠵᠠᠷ᠎ᠤᠨ ᠭᠠᠴᠤᠷ᠎ᠠ ᠵᠢᠨ ᠲᠠᠷᠢᠮᠠᠯ ᠣᠶ ᠵᠢᠨ ᠤᠷᠭᠤᠯᠲᠠ ᠵᠢᠨ ᠳᠠᠯᠳᠠ ᠬᠦᠴᠦᠨ᠎ᠤ ᠦᠨᠡᠯᠡᠯᠲᠡ ᠪᠠ ᠳᠠᠷᠢᠵᠤ ᠪᠣᠢ᠌ᠵᠢᠭᠤᠯᠬᠤ ᠵᠠᠭᠪᠤᠷ᠎ᠤᠨ ᠰᠤᠳᠤᠯᠭ᠋ᠠᠨ》᠂ 《ᠶᠠᠨ ᠱᠠᠨ᠎ᠤ ᠠᠭᠤᠯᠠᠷᠬᠠᠭ ᠭᠠᠵᠠᠷ᠎ᠤᠨ ᠨᠠᠷᠠᠰᠤᠨ ᠮᠣᠳᠣᠨ᠎ᠤ ᠥᠨᠳᠥᠷ ᠪᠦᠲᠦᠮᠵᠢᠲᠡᠶ ᠪᠣᠢ᠌ᠵᠢᠭᠤᠯᠬᠤ ᠮᠡᠷᠭᠡᠵᠢᠯ᠎ᠤᠨ ᠰᠤᠳᠤᠯᠭ᠋ᠠᠨ》᠎ᠤ 3 ᠵᠦᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠨᠢ ᠦᠨᠡᠯᠡᠯᠲᠡ ᠵᠢᠨ ᠲᠤᠰᠬᠠᠶ ᠮᠡᠷᠭᠡᠵᠢᠯᠲᠡᠨ᠎ᠤ ᠲᠤᠯᠭ᠋ᠠᠨ ᠯᠠᠪᠯᠠᠬᠤ ᠪᠠ ᠶᠠᠷᠢᠯᠴᠠᠭ᠎ᠠ᠎ᠪᠠᠷ ᠳᠡᠮᠵᠢᠨ᠂ ᠨᠢᠭᠡᠳᠦᠯᠲᠡᠶ ᠰᠠᠢ᠌ᠨ ᠦᠨᠡᠯᠡᠯᠲᠡ ᠣᠯᠤᠭᠰᠠᠨ ᠪᠥᠭᠡᠳ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠦᠭᠰᠡᠨ ᠵᠶ᠋ᠡᠷ ᠦᠨᠡᠯᠡᠭᠳᠡᠪᠡ᠃
  《ᠬᠠᠭ᠋ᠠᠰ ᠭᠠᠩ ᠬᠠᠭᠤᠷᠠᠶ ᠣᠷᠣᠨ᠎ᠤ ᠭᠠᠩ᠎ᠳᠤ ᠵᠣᠬᠢᠴᠠᠵᠤ ᠣᠢ᠌ᠵᠢᠭᠤᠯᠬᠤ ᠮᠡᠷᠭᠡᠵᠢᠯ᠎ᠤᠨ ᠰᠤᠳᠤᠯᠭ᠋ᠠᠨ》᠎ᠤ ᠦᠷ᠎ᠡ ᠪᠦᠲᠦᠭᠡᠯ᠎ᠨᠢ ᠠᠮᠢ ᠠᠬᠤᠶ ᠵᠢᠨ ᠣᠶ ᠵᠢᠨ ᠭᠠᠩ᠎ᠳᠤ ᠵᠣᠬᠢᠴᠠᠵᠤ ᠣᠢ᠌ᠵᠢᠭᠤᠯᠬᠤ ᠬᠦᠷᠢᠶ᠎ᠡ ᠴᠠᠷᠠᠭ᠎ᠠ᠎ᠳᠤ᠂ ᠰᠠᠪᠠ ᠵᠢᠨ ᠴᠢᠬᠢ ᠵᠢᠨ 《ᠬᠣᠶᠠᠷ᠎ᠢ ᠤᠰᠤᠯᠠᠵᠤ ᠬᠣᠶᠠᠷ᠎ᠢ ᠵᠢᠪᠦᠭᠦᠯᠬᠦ》 ᠪᠠ ᠨᠢᠴᠦᠭᠦᠨ ᠦᠨᠳᠦᠰᠦ ᠵᠢᠨ ᠴᠢᠬᠢ ᠵᠢᠨ 《ᠪᠠᠲᠤᠯᠠᠵᠤ ᠨᠥᠬᠥᠪᠥᠷᠢᠯᠡᠬᠦ ᠵᠢ ᠠᠬᠢᠭᠤᠯᠬᠤ》 ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠵᠢ ᠠᠰᠢᠭᠯᠠᠨ ᠭᠠᠩ᠎ᠳᠤ ᠵᠣᠬᠢᠴᠠᠬᠤ ᠮᠡᠷᠭᠡᠵᠢᠯ᠎ᠤᠨ ᠠᠷᠭ᠎ᠠ ᠬᠡᠮᠵᠢᠶ᠎ᠡ᠂ ᠶᠡᠷᠦᠩᠬᠡᠢ᠌ᠯᠡᠭᠰᠡᠨ ᠬᠤᠷᠠᠮᠠᠯ ᠮᠣᠳᠣᠨ᠎ᠤ ᠲᠥᠷᠥᠯ᠎ᠢ ᠰᠣᠩᠭᠣᠬᠤ᠂ ᠴᠢᠬᠢ ᠮᠣᠳᠣᠨ᠎ᠤ ᠲᠥᠷᠥᠯ ᠬᠡᠯᠪᠡᠷᠢ ᠪᠠ ᠵᠠᠢ᠌ᠯᠠᠵᠤ ᠵᠠᠢ᠌ᠯᠠᠬᠤ ᠨᠢᠭᠲᠠᠴᠠ ᠵᠡᠷᠭᠡ ᠭᠠᠩ᠎ᠳᠤ ᠵᠣᠬᠢᠴᠠᠵᠤ ᠣᠢ᠌ᠵᠢᠭᠤᠯᠬᠤ ᠰᠢᠷᠢᠰ ᠮᠡᠷᠭᠡᠵᠢᠯ᠎ᠤᠨ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠪᠡ  ᠃
  《ᠡᠯᠡᠰᠦᠷᠬᠡᠭ ᠭᠠᠵᠠᠷ᠎ᠤᠨ ᠭᠠᠴᠤᠷ᠎ᠠ ᠵᠢᠨ ᠤᠷᠭᠤᠬᠤ ᠳᠠᠯᠳᠠ ᠬᠦᠴᠦᠨ᠎ᠢ ᠦᠨᠡᠯᠡᠬᠦ ᠪᠠ ᠳᠠᠷᠢᠬᠤ ᠵᠠᠭᠪᠤᠷ᠎ᠤᠨ ᠰᠤᠳᠤᠯᠭ᠋ᠠᠨ》᠎ᠤ ᠦᠷ᠎ᠡ ᠪᠦᠲᠦᠭᠡᠯ᠎ᠨᠢ ᠡᠯᠡᠰᠦᠷᠬᠡᠭ ᠭᠠᠵᠠᠷ᠎ᠤᠨ ᠭᠠᠴᠤᠷ᠎ᠠ ᠵᠢ ᠪᠣᠢ᠌ᠵᠢᠭᠤᠯᠬᠤ᠂ ᠨᠣᠭᠣᠭ᠋ᠠᠷᠠᠭᠤᠯᠬᠤ ᠵᠡᠷᠭᠡ ᠲᠠᠯ᠎ᠠ᠎ᠪᠠᠷ᠂ ᠡᠯᠡᠰᠦᠷᠬᠡᠭ ᠭᠠᠵᠠᠷ᠎ᠤᠨ ᠭᠠᠴᠤᠷ᠎ᠠ ᠵᠢ ᠪᠣᠢ᠌ᠵᠢᠭᠤᠯᠬᠤ ᠳᠤᠮᠳᠠ ᠤᠷᠭᠤᠬᠤ ᠳᠠᠯᠳᠠ ᠬᠦᠴᠦᠨ᠎ᠢ ᠲᠥᠰᠦᠭᠡᠯᠡᠬᠦ ᠵᠢᠴᠢ ᠳᠠᠷᠢᠬᠤ ᠵᠠᠭᠪᠤᠷ ᠵᠡᠷᠭᠡ ᠵᠠᠩᠭᠢᠯᠠᠭ᠎ᠠ ᠵᠢᠨ ᠠᠰᠠᠭᠤᠳᠠᠯ᠎ᠢ ᠰᠢᠢᠳᠪᠦᠷᠢᠯᠡᠪᠡ  ᠃
   《ᠶᠠᠨᠱ᠌ᠠᠨ᠎ᠤ ᠠᠭᠤᠯᠠᠨ ᠭᠠᠵᠠᠷ᠎ᠤᠨ ᠨᠠᠷᠠᠰᠤᠨ ᠮᠣᠳᠣᠨ᠎ᠤ ᠲᠠᠷᠢᠮᠠᠯ ᠣᠶ ᠵᠢ ᠥᠨᠳᠥᠷ ᠪᠦᠲᠦᠮᠵᠢᠲᠡᠶ᠎ᠪᠠᠷ ᠪᠣᠢ᠌ᠵᠢᠭᠤᠯᠬᠤ ᠮᠡᠷᠭᠡᠵᠢᠯ᠎ᠤᠨ ᠰᠤᠳᠤᠯᠤᠯ》᠎ᠤᠨ ᠦᠷ᠎ᠡ ᠪᠦᠲᠦᠭᠡᠯ᠎ᠨᠢ ᠣᠶ ᠰᠢᠭᠤᠶ ᠵᠢᠨ ᠪᠣᠢ᠌ᠵᠢᠭᠤᠯᠬᠤ ᠬᠦᠷᠢᠶᠡᠨ᠎ᠳᠠᠬᠢ ᠨᠠᠷᠠᠰᠤᠨ ᠮᠣᠳᠣᠨ᠎ᠤ ᠲᠠᠷᠢᠮᠠᠯ ᠣᠶ ᠵᠢᠨ ᠡᠵᠡᠩᠨᠡᠯᠲᠡ ᠵᠢᠨ ᠲᠠᠯ᠎ᠠ᠎ᠪᠠᠷ᠂ ᠨᠠᠷᠠᠰᠤᠨ ᠮᠣᠳᠣᠨ᠎ᠤ ᠲᠠᠷᠢᠮᠠᠯ ᠣᠶ ᠵᠢᠨ ᠣᠢ᠌ᠷ᠎ᠠ ᠬᠠᠪᠢ ᠵᠢᠨ ᠪᠠᠢ᠌ᠭ᠋ᠠᠯᠢ ᠵᠢᠨ ᠡᠵᠡᠩᠨᠡᠯᠲᠡ᠂ ᠶᠡᠬᠡ ᠳ᠋ᠢᠶᠠᠮᠧᠲᠷ᠎ᠤᠨ ᠮᠠᠲ᠋ᠧᠷᠢᠶᠠᠯ᠎ᠢ ᠪᠣᠢ᠌ᠵᠢᠭᠤᠯᠬᠤ ᠮᠡᠷᠭᠡᠵᠢᠯ᠎ᠢ ᠠᠰᠢᠭᠯᠠᠨ᠂ ᠨᠠᠷᠠᠰᠤᠨ ᠮᠣᠳᠣᠨ᠎ᠤ ᠲᠠᠷᠢᠮᠠᠯ ᠣᠶ ᠵᠢᠨ ᠬᠦᠶ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠲᠣᠮᠣ ᠳ᠋ᠢᠶᠠᠮᠧᠲᠷ᠎ᠤᠨ ᠮᠠᠲ᠋ᠧᠷᠢᠶᠠᠯ᠎ᠤᠨ ᠣᠶ ᠵᠢ ᠪᠣᠢ᠌ᠵᠢᠭᠤᠯᠬᠤ ᠦᠶᠡᠯᠡᠯ᠎ᠢ ᠪᠣᠭᠣᠨᠢᠰᠬᠠᠪᠠ  ᠃

ᠢᠷᠡᠯᠲᠡ᠄ ᠤᠯᠠᠭ᠋ᠠᠨᠬᠠᠳᠠ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠨᠠᠩ ᠢᠯᠡᠭᠦᠦ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠨ᠎ᠠ
ᠤᠯᠠᠭ᠋ᠠᠨᠬᠠᠳᠠ ᠬᠣᠲᠠ᠄ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭ᠋ᠠᠨ᠎ᠠ
ᠳᠡᠯᠡᠬᠡᠶ ᠵᠢᠨ ᠠᠩᠬᠠᠳᠠᠭᠴᠢ ᠮᠣᠩᠭᠣᠯ ᠬᠣᠨᠢᠨ᠎ᠤ ᠣᠯᠠᠨ ᠲᠥᠯᠯᠡᠬᠦ ᠭᠧᠨ᠎ᠤ SNP ᠰᠢᠯᠭ᠋ᠠᠨ ᠪᠠᠢ᠌ᠴᠠᠭ᠋ᠠᠬᠤ ᠴᠠᠬᠢᠮ᠎ᠢ ᠰᠢᠯᠢ ᠵᠢᠨ ᠭᠣᠤᠯ ᠠᠢ᠌ᠮᠠᠭ᠎ᠲᠤ ᠡᠩ ᠲᠡᠷᠢᠭᠦᠨ᠎ᠳᠤ ᠬᠡᠷᠡᠭᠯᠡᠨ ᠳᠡᠯᠭᠡᠷᠡᠭᠦᠯᠪᠡ
ᠥᠪᠥᠷ ᠮᠣᠩᠭᠣᠯ 《ᠲᠠᠪᠤᠨ ᠶᠡᠬᠡ ᠡᠭᠦᠷᠭᠡ》 ᠵᠢ ᠠᠬᠢᠭᠤᠯᠵᠤ ᠦᠷ᠎ᠡ ᠪᠦᠲᠦᠮᠵᠢ ᠭᠠᠷᠭ᠋ᠠᠪᠠ
ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠦᠰᠡᠯ ᠡᠷᠡᠮᠡᠯᠵᠡᠯ᠎ᠤᠨ ᠬᠡᠭᠡᠷ᠎ᠡ ᠲᠠᠯ᠎ᠠ
 
            
Baidu
map