ᠬᠤᠪᠢᠯᠭ᠋ᠠᠨ ᠣᠩᠭᠣᠴᠠ ᠠᠷᠪᠠᠨ ᠳᠥᠷᠪᠡᠳᠦᠭᠡᠷ ᠬᠥᠮᠦᠨ ᠰᠠᠭᠤᠯᠭ᠋ᠠᠭᠰᠠᠨ ᠨᠢᠰᠬᠦ ᠣᠩᠭᠣᠴᠠ ᠵᠢᠨ ᠪᠤᠴᠠᠬᠤ ᠦᠷᠦᠭᠡ ᠳ᠋ᠦᠩᠹᠸᠩ ᠭᠠᠵᠠᠷ᠎ᠲᠤ ᠠᠮᠵᠢᠯᠲᠠ᠎ᠲᠠᠢ ᠪᠠᠭᠤᠬᠤ ᠵᠢ ᠳᠠᠭ᠋ᠠᠯᠳᠤᠨ᠂ ᠥᠪᠥᠷ ᠮᠣᠩᠭᠣᠯ᠎ᠤᠨ 85 ᠬᠤᠪᠢ ᠰᠠᠨᠰᠠᠷ᠎ᠤᠨ ᠠᠶᠠᠯᠠᠯ᠎ᠤᠨ ᠡᠭᠦᠯᠳᠡᠷ ᠪᠣᠢ᠌ᠵᠢᠭᠤᠯᠬᠤ 《ᠲᠤᠷᠰᠢᠯᠲᠠ ᠵᠢᠨ ᠮᠠᠲ᠋ᠧᠷᠢᠶᠠᠯ》᠎ᠨᠢ ᠴᠦ᠍ ᠬᠠᠭ᠋ᠠᠰ ᠵᠢᠯ᠎ᠤᠨ 《ᠰᠠᠨᠰᠠᠷ᠎ᠤᠨ ᠠᠶᠠᠯᠠᠯ》 ᠵᠢᠡᠨ ᠠᠮᠵᠢᠯᠲᠠ᠎ᠲᠠᠢ᠎ᠪᠠᠷ ᠭᠠᠵᠠᠷ᠎ᠤᠨ ᠭᠠᠳᠠᠷᠭᠤ᠎ᠳᠤ ᠪᠤᠴᠠᠵᠠᠢ᠂ ᠡᠳᠡᠭᠡᠷ ᠵᠠᠭᠪᠤᠷ᠎ᠨᠢ ᠬᠥᠮᠦᠨ ᠲᠥᠷᠥᠯᠬᠢᠲᠡᠨ᠎ᠤ ᠤᠷᠳᠤ ᠬᠤᠭᠤᠴᠠᠭ᠋ᠠᠨ᠎ᠤ ᠰᠠᠨᠰᠠᠷ᠎ᠤᠨ ᠣᠷᠣᠰᠢᠨ ᠰᠠᠭᠤᠬᠤ ᠵᠢ ᠰᠤᠳᠤᠯᠬᠤ᠎ᠳᠤ ᠴᠢᠬᠤᠯᠠ ᠦᠨᠳᠦᠰᠦᠯᠡᠯ ᠬᠠᠩᠭ᠋ᠠᠬᠤ ᠪᠣᠯᠤᠨ᠎ᠠ ᠃
ᠡᠨᠡ ᠬᠦ᠌ 85 ᠬᠤᠪᠢ ᠰᠠᠨᠰᠠᠷ᠎ᠤᠨ ᠠᠶᠠᠯᠠᠯ᠎ᠤᠨ ᠦᠷ᠎ᠡ ᠪᠣᠢ᠌ᠵᠢᠭᠤᠯᠬᠤ 《ᠲᠤᠷᠰᠢᠯᠲᠠ ᠵᠢᠨ ᠮᠠᠲ᠋ᠧᠷᠢᠶᠠᠯ》᠎ᠳᠤ ᠡᠷᠳᠡᠨᠢ ᠰᠢᠰᠢ᠂ ᠨᠡᠷᠡᠨ ᠬᠤᠸᠠᠷ᠂ ᠰᠢᠷ᠎ᠠ ᠪᠤᠷᠴᠠᠭ᠂ ᠨᠠᠷᠢᠮᠤ᠂ ᠰᠢᠰᠢ᠂ ᠲᠥᠪᠡᠳ ᠬᠠᠰᠢ᠂ ᠴᠠᠷᠭ᠋ᠠᠰᠤ᠂ ᠮᠣᠩᠭᠣᠯ ᠬᠤᠨᠴᠢᠷ᠂ ᠰᠦᠨ ᠬᠦᠴᠢᠯ᠎ᠤᠨ ᠪᠠᠺᠲ᠋ᠧᠷᠢ ᠵᠡᠷᠭᠡ ᠳᠠᠪᠠᠭᠤᠯᠢᠭ ᠣᠨᠴᠠᠯᠢᠭᠲᠤ ᠲᠠᠷᠢᠮᠠᠯ ᠵᠢᠴᠢ ᠬᠢᠲᠠᠳ ᠡᠪᠡᠰᠦᠨ ᠡᠮ ᠪᠠ ᠮᠢᠺᠷᠣᠪ ᠵᠡᠷᠭᠡ ᠵᠢ ᠪᠠᠭᠲᠠᠭ᠋ᠠᠵᠤ᠂ ᠭᠣᠤᠯᠳᠠᠭᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ 11 ᠨᠢᠭᠡᠴᠢ᠎ᠠᠴᠠ ᠢᠷᠡᠯᠲᠡ᠎ᠲᠠᠢ ᠃ ᠡᠲᠡᠭᠡᠷ ᠠᠴᠢᠶᠠᠯᠠᠭᠰᠠᠨ 《ᠦᠷ᠎ᠡ ᠪᠣᠢ᠌ᠵᠢᠭᠤᠯᠬᠤ ᠮᠠᠲ᠋ᠧᠷᠢᠶᠠᠯ》᠎ᠨᠢ ᠡᠯ᠎ᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠡ᠎ᠳᠤ ᠲᠤᠰᠢᠶᠠᠵᠤ᠂ ᠭᠠᠵᠠᠷ ᠳᠡᠭᠡᠷᠡᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠱᠠᠲᠤᠨ᠎ᠳᠤ ᠣᠷᠣᠬᠤ ᠪᠣᠯᠤᠨ᠎ᠠ ᠃ ᠣᠷᠣᠨ ᠵᠠᠶ ᠵᠢᠨ ᠠᠴᠢᠶᠠᠯᠠᠬᠤ ᠲᠤᠷᠰᠢᠯᠲᠠ᠎ᠪᠠᠷ ᠳᠡᠮᠵᠢᠨ᠂ ᠥᠪᠥᠷ ᠮᠣᠩᠭᠣᠯ ᠵᠢᠱ᠌ᠢᠯᠲᠡ᠎ᠪᠠᠷ ᠨᠢᠭᠡ ᠪᠦᠯᠦᠭ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠥᠨᠳᠥᠷ ᠤᠨᠠᠯᠲᠠ᠎ᠲᠠᠢ᠂ ᠴᠢᠨᠠᠷ ᠰᠠᠢ᠌ᠲᠠᠶ᠂ ᠲᠠᠷᠢᠮᠠᠯ᠎ᠤᠨ ᠰᠢᠨ᠎ᠡ ᠡᠭᠦᠯᠳᠡᠷ᠂ ᠰᠢᠨ᠎ᠡ ᠡᠭᠦᠯᠳᠡᠷ᠎ᠤᠨ ᠰᠢᠰᠲ᠋ᠧᠮ᠎ᠢ ᠪᠣᠢ᠌ᠵᠢᠭᠤᠯᠵᠤ᠂ ᠨᠢᠭᠡ ᠪᠦᠯᠦᠭ ᠲᠠᠷᠢᠮᠠᠯ᠎ᠤᠨ ᠤᠨᠠᠯᠲᠠ ᠪᠠ ᠶᠠᠰᠤ ᠴᠢᠨᠠᠷ᠎ᠲᠤ ᠴᠢᠬᠤᠯᠠ ᠨᠥᠯᠥᠭᠡ ᠦᠵᠡᠭᠦᠯᠵᠦ ᠮᠡᠳᠡᠬᠦ ᠭᠡᠨᠡᠳᠲᠡ ᠵᠢᠨ ᠬᠤᠪᠢᠷᠠᠯᠲᠠ ᠵᠢᠨ ᠮᠠᠲ᠋ᠧᠷᠢᠶᠠᠯ᠎ᠢ ᠤᠯᠬᠤ ᠪᠣᠯᠤᠨ᠎ᠠ ᠃ ᠣᠢ᠌ᠯᠠᠭ᠋ᠠᠭᠰᠠᠨ ᠵᠶ᠋ᠠᠷ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠨᠢᠭᠡᠨᠲᠡ ᠢᠳᠡᠰᠢᠨ ᠨᠣᠭᠣᠭ᠎ᠠ᠂ ᠲᠡᠵᠢᠭᠡᠯ ᠡᠪᠡᠰᠦ ᠵᠡᠷᠭᠡ ᠵᠢ ᠪᠠᠭᠲᠠᠭ᠋ᠠᠭᠰᠠᠨ 50 ᠭᠠᠷᠤᠶ ᠰᠠᠨᠰᠠᠷ᠎ᠤᠨ ᠠᠶᠠᠯᠠᠯ᠎ᠤᠨ ᠰᠢᠨ᠎ᠡ ᠡᠭᠦᠯᠳᠡᠷ᠎ᠢ ᠳᠡᠯᠭᠡᠷᠡᠭᠦᠯᠵᠦ᠂ ᠬᠥᠬᠡᠬᠣᠲᠠ᠂ ᠪᠤᠭᠤᠲᠤ᠂ ᠲᠦᠩᠯᠢᠶᠣᠤ᠂ ᠤᠯᠠᠭ᠋ᠠᠨᠬᠠᠳᠠ ᠵᠡᠷᠭᠡ ᠭᠠᠵᠠᠷ᠎ᠲᠤ 1000 ᠮᠥ᠍᠎ᠠᠴᠠ ᠳᠡᠭᠡᠭᠰᠢ ᠦᠢᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠲᠠᠯᠠᠪᠠᠶ᠎ᠲᠠᠢ ᠪᠣᠯᠵᠠᠶ ᠃