ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠮᠡᠷᠭᠡᠵᠢᠯ》᠎ᠢ ᠬᠦᠷᠭᠡᠵᠦ ᠲᠠᠷᠢᠶᠠᠯᠠᠩ᠎ᠤᠨ ᠶᠠᠭ᠋ᠠᠷᠠᠤ ᠠᠵᠢᠯ᠎ᠳᠤ ᠲᠤᠰᠠᠯᠠᠪᠠ
ᠨᠡᠶ᠋ᠢᠲᠡᠯᠡᠭᠰᠡᠨ ᠴᠠᠭ᠄ 2023-01-29


  《ᠡᠯ ᠳ᠋ᠤᠤ ᠾᠧ ᠲᠣᠰᠬᠣᠨ᠎ᠤ ᠨᠢᠭᠡ ᠲᠠᠷᠢᠶᠠᠴᠢᠨ ᠡᠷᠦᠬᠡ ᠥᠪᠡᠷ᠎ᠤᠨ ᠭᠠᠵᠠᠷ ᠰᠢᠷᠣᠶ᠎ᠪᠠᠨ ᠪᠦᠬᠦᠨ᠎ᠢ ᠺᠣᠮᠫᠠᠨᠢ᠎ᠳᠤ ᠨᠠᠢ᠌ᠳᠠᠨ ᠬᠠᠮᠢᠶᠠᠷᠤᠭᠤᠯᠵᠤ ᠪᠠᠢ᠌ᠨ᠎ᠠ》᠂ 《ᠨᠥᠭᠥᠭᠡ ᠨᠢᠭᠡ ᠲᠠᠷᠢᠶᠠᠴᠢᠨ ᠡᠷᠦᠬᠡ ᠥᠪᠡᠷ᠎ᠤᠨ ᠭᠠᠵᠠᠷ ᠰᠢᠷᠣᠶ᠎ᠪᠠᠨ ᠬᠠᠭ᠋ᠠᠰ ᠨᠠᠢ᠌ᠳᠠᠨ ᠬᠠᠮᠢᠶᠠᠷᠤᠭᠤᠯᠬᠤ ᠵᠠᠭᠪᠤᠷ ᠪᠠ ᠺᠣᠮᠫᠠᠨᠢ ᠵᠢᠨ ᠬᠠᠮᠲᠤᠷᠠᠯᠴᠠᠭ᠎ᠠ ᠵᠢ ᠰᠣᠩᠭᠣᠵᠠᠶ》 ᠡᠨᠡ ᠬᠦ᠌ ᠴᠠᠭ᠋ᠠᠨ ᠰᠠᠷ᠎ᠠ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠸᠠᠩ ᠶᠠ ᠨᠠᠨ ᠡᠩ᠎ᠤᠨ ᠦᠶ᠎ᠡ᠎ᠠᠴᠠ᠎ᠪᠠᠨ ᠨᠠᠩ ᠶᠠᠭ᠋ᠠᠷᠠᠤ ᠪᠠᠢ᠌ᠪᠠ᠂ ᠤᠴᠢᠷ᠎ᠨᠢ ᠡᠨᠡ ᠵᠢᠯ ᠪᠠᠰᠠ ᠴᠥᠭᠡᠨ ᠪᠤᠰᠤ ᠲᠠᠷᠢᠶᠠᠴᠢᠨ ᠡᠷᠦᠬᠡ ᠥᠪᠡᠷ᠎ᠤᠨ ᠭᠠᠵᠠᠷ ᠰᠢᠷᠣᠶ᠎ᠪᠠᠨ ᠲᠡᠭᠦᠨ᠎ᠳᠤ ᠨᠠᠢ᠌ᠳᠠᠨ ᠬᠠᠮᠢᠶᠠᠷᠤᠭᠤᠯᠬᠤ ᠺᠣᠮᠫᠠᠨᠢ ᠵᠢ ᠰᠣᠩᠭᠣᠵᠤ ᠪᠠᠢ᠌ᠨ᠎ᠠ᠂ ᠬᠡᠷᠬᠢᠨ ᠲᠠᠷᠢᠶᠠᠴᠢᠨ ᠡᠷᠦᠬᠡ ᠵᠢ ᠬᠠᠪᠰᠤᠷᠤᠨ ᠨᠠᠩ ᠣᠯᠠᠨ ᠳᠠᠷᠢᠬᠤ ᠠᠶᠤᠯ ᠲᠦᠭᠰᠢᠭᠦᠷᠢ᠎ᠠᠴᠠ ᠵᠠᠢ᠌ᠯᠠᠭᠤᠯᠬᠤ ᠪᠣᠯ ᠲᠡᠭᠦᠨ᠎ᠤ ᠠᠵᠢᠯ᠎ᠤᠨ ᠭᠣᠤᠯᠳᠠᠯᠭ᠎ᠠ ᠵᠢᠨ ᠳᠣᠲᠣᠷᠠᠬᠢ ᠭᠣᠤᠯᠳᠠᠯᠭ᠎ᠠ ᠪᠣᠯᠤᠨ᠎ᠠ  ᠃
      ᠸᠠᠩ ᠶᠠ ᠨᠠᠨ᠎ᠤ ᠡᠭᠦᠰᠭᠡᠨ ᠪᠠᠢ᠌ᠭᠤᠯᠤᠭᠰᠠᠨ ᠥᠪᠥᠷ ᠮᠣᠩᠭᠣᠯ᠎ᠤᠨ ᠶᠦᠨ᠎ᠲᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠪᠣᠯ ᠬᠡᠪᠴᠢᠶᠡᠵᠢᠭᠰᠡᠨ ᠲᠠᠷᠢᠮᠠᠯ ᠪᠣᠯᠤᠨ᠎ᠠ᠂ ᠤᠶᠤᠨᠲᠤ ᠲᠠᠷᠢᠶᠠᠯᠠᠩ᠎ᠤᠨ ᠳᠡᠯᠭᠡᠷᠡᠭᠦᠯᠦᠯᠲᠡ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ᠂ ᠠᠮᠤ ᠪᠤᠳᠠᠭ᠎ᠠ ᠬᠤᠳᠠᠯᠳᠤᠨ ᠠᠪᠬᠤ᠎ᠪᠠᠷ ᠨᠢᠭᠡ ᠴᠣᠭᠴᠠ ᠪᠣᠯᠭ᠋ᠠᠭᠰᠠᠨ ᠰᠢᠨ᠎ᠡ ᠮᠠᠶᠢᠭ᠎ᠤᠨ ᠲᠠᠷᠢᠶᠠᠯᠠᠩ᠎ᠤᠨ ᠬᠣᠯᠪᠣᠭ᠋ᠠᠲᠤ ᠵᠣᠬᠢᠶᠠᠨ ᠪᠠᠢ᠌ᠭᠤᠯᠤᠯᠲᠠ᠂ ᠵᠢᠵᠢᠭ ᠲᠠᠷᠢᠶᠠᠴᠢᠨ ᠡᠷᠦᠬᠡ ᠵᠢᠨ ᠡᠵᠡᠩᠨᠡᠯᠲᠡ᠎ᠳᠤ ᠦᠢᠯᠡᠴᠢᠯᠡᠬᠦ ᠵᠢ ᠰᠦᠪᠡᠭᠴᠢᠯᠡᠬᠦ᠎ᠪᠠᠷ ᠳᠠᠮᠵᠢᠨ᠂ ᠬᠠᠮᠲᠤᠷᠠᠭᠰᠠᠨ ᠬᠣᠷᠰᠢᠶᠠᠨ᠎ᠤ ᠡᠵᠡᠩᠨᠡᠯᠲᠡ᠂ ᠭᠠᠵᠠᠷ ᠰᠢᠷᠣᠶ ᠵᠢᠨ ᠡᠷᠭᠢᠯᠲᠡ ᠵᠢᠨ ᠺᠣᠮᠫᠠᠨᠢ ᠵᠢᠨ ᠥᠪᠡᠷ᠎ᠤᠨ ᠡᠵᠡᠩᠨᠡᠯᠲᠡ ᠵᠡᠷᠭᠡ ᠠᠷᠭ᠎ᠠ ᠮᠠᠶᠢᠭ᠂ ᠦᠢ᠍ᠯᠡᠴᠢᠯᠡᠭᠡᠨ᠎ᠤ ᠡᠵᠡᠩᠨᠡᠯᠲᠡ ᠵᠢᠨ ᠬᠦᠷᠢᠶ᠎ᠡ ᠲᠠᠰᠤᠷᠠᠯᠲᠠ ᠦᠭᠡᠢ ᠥᠷᠭᠡᠵᠢᠪᠡ᠂ ᠡᠭᠦᠨ᠎ᠤ᠎ᠳᠤ ᠳᠠᠭ᠋ᠠᠤ ᠣᠯᠠᠨ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢᠯᠡᠴᠢᠯᠡᠭᠡᠨ᠎ᠤ ᠲᠥᠷᠥᠯ᠎ᠤᠨ ᠲᠠᠷᠢᠶᠠᠴᠢᠨ᠎ᠤ ᠲᠤᠰᠬᠠᠶ ᠬᠣᠷᠰᠢᠶ᠎ᠠ᠎ᠪᠠᠷ ᠬᠣᠯᠪᠣᠭ᠋ᠠᠰᠤ ᠪᠣᠯᠭ᠋ᠠᠨ᠎ᠠ᠂ ᠵᠢᠵᠢᠭ ᠲᠠᠷᠢᠶᠠᠴᠢᠨ ᠡᠷᠦᠬᠡ ᠵᠢᠨ ᠲᠥᠯᠥᠭᠡ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠵᠢᠴᠢ ᠲᠠᠷᠢᠶᠠᠴᠢᠨ᠎ᠤ ᠲᠤᠰᠬᠠᠶ ᠠᠵᠢᠯ᠎ᠤᠨ ᠬᠣᠷᠰᠢᠶ᠎ᠠ ᠲᠠᠷᠢᠶᠠᠯᠠᠩ᠎ᠤᠨ ᠡᠳ᠋ ᠪᠣᠳᠠᠰ᠎ᠤᠨ ᠬᠠᠩᠭ᠋ᠠᠯᠭ᠎ᠠ ᠬᠠᠩᠭ᠋ᠠᠨ᠎ᠠ᠂ ᠦᠢ᠍ᠯᠡᠳᠪᠦᠷᠢᠯᠡᠯ᠎ᠤᠨ ᠡᠯ᠎ᠡ ᠵᠠᠩᠭᠢᠯᠠᠭ᠎ᠠ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠪᠠ ᠵᠠᠬ᠎ᠠ ᠳᠡᠯᠭᠡᠭᠦᠷ᠎ᠤᠨ ᠪᠣᠷᠣᠯᠠᠭᠤᠯᠤᠯᠲᠠ ᠵᠢᠨ ᠪᠦᠬᠦ ᠶᠠᠪᠤᠴᠠ ᠵᠢ ᠨᠠᠢ᠌ᠳᠠᠨ ᠬᠠᠮᠢᠶᠠᠷᠤᠭᠤᠯᠬᠤ ᠨᠡᠢ᠌ᠭᠡᠮᠴᠢᠯᠡᠭᠰᠡᠨ ᠦᠢ᠍ᠯᠡᠴᠢᠯᠡᠭᠡ᠂ ᠭᠡᠷ ᠪᠦᠯᠢ ᠵᠢᠨ ᠡᠵᠡᠩᠨᠡᠯᠲᠡ ᠵᠢ ᠪᠡᠶᠡᠯᠡᠭᠦᠯᠪᠡ᠂ ᠬᠤᠷᠰᠢᠨ ᠡᠵᠡᠩᠨᠡᠬᠦ᠂ ᠠᠵᠤ ᠠᠬᠤᠢ᠌ᠯᠠᠯ᠎ᠤᠨ ᠡᠵᠡᠩᠨᠡᠯᠲᠡ ᠬᠠᠷᠢᠯᠴᠠᠨ ᠠᠬᠢᠭᠤᠯᠬᠤ  ᠃ ᠣᠢ᠌ᠷ᠎ᠠ ᠵᠢᠨ ᠬᠡᠳᠦᠨ ᠵᠢᠯ᠎ᠳᠤ᠂ ᠵᠥᠪᠬᠡᠨ ᠬᠣᠷᠢᠨᠭᠡᠷ ᠰᠢᠶᠠᠨ᠎ᠳᠤ ᠳᠠᠷᠤᠶ 100 ᠭᠠᠷᠤᠶ ᠲᠠᠷᠢᠶᠠᠴᠢᠨ ᠡᠷᠦᠬᠡ ᠨᠠᠢ᠌ᠳᠠᠨ ᠬᠠᠮᠢᠶᠠᠷᠤᠭᠤᠯᠬᠤ᠎ᠳᠤ ᠣᠷᠣᠯᠴᠠᠵᠤ᠂ ᠲᠠᠷᠢᠶᠠᠴᠢᠨ ᠡᠷᠦᠬᠡ ᠵᠥᠪᠬᠡᠨ ᠮᠥᠷᠳᠡᠨ ᠬᠠᠮᠢᠶᠠᠷᠬᠤ ᠪᠠ ᠬᠤᠷᠢᠶᠠᠵᠤ ᠳᠥᠯᠥᠬᠦ ᠵᠡᠷᠭᠡ ᠵᠢ ᠬᠡᠮᠵᠢᠪᠡᠯ ᠪᠣᠯᠴᠢᠬᠠᠨ᠎ᠠ᠂ ᠮᠥ᠍ ᠪᠦᠷᠢ᠎ᠠᠴᠠ 700 ᠲᠥᠭᠥᠷᠢᠭ᠎ᠤᠨ ᠴᠡᠪᠡᠷ ᠠᠰᠢᠭ ᠬᠣᠨᠵᠢᠪᠣᠷᠢ ᠣᠯᠵᠤ ᠪᠣᠯᠤᠨ᠎ᠠ  ᠃
      ᠸᠠᠩ ᠶᠠ ᠨᠠᠨ᠎ᠤ ᠲᠠᠨᠢᠯᠴᠠᠭᠤᠯᠤᠭᠰᠠᠨ ᠵᠶ᠋ᠠᠷ᠂ ᠪᠦᠬᠦᠨ᠎ᠢ ᠨᠠᠢ᠌ᠳᠠᠨ ᠬᠠᠮᠢᠶᠠᠷᠤᠭᠤᠯᠬᠤ ᠭᠡᠳᠡᠭ᠂ ᠲᠠᠷᠢᠶᠠᠴᠢᠨ ᠡᠷᠦᠬᠡ ᠭᠠᠵᠠᠷ ᠰᠢᠷᠣᠶ ᠵᠢ ᠺᠣᠮᠫᠠᠨᠢ᠎ᠳᠤ ᠨᠠᠢ᠌ᠳᠠᠵᠤ ᠲᠠᠷᠢᠭᠤᠯᠤᠨ᠎ᠠ᠂ ᠺᠣᠮᠫᠠᠨᠢ᠎ᠠᠴᠠ ᠬᠥᠩᠭᠡᠵᠢᠬᠦ᠎ᠠᠴᠠ ᠡᠮᠦᠨᠡᠬᠢ ᠵᠢ ᠬᠠᠩᠭ᠋ᠠᠨ᠎ᠠ᠂ ᠬᠥᠩᠭᠡᠵᠢᠬᠦ᠂ ᠬᠥᠩᠭᠡᠵᠢᠭᠰᠡᠨ᠎ᠤ ᠳᠠᠷᠠᠭ᠋ᠠᠬᠢ ᠪᠦᠬᠦ ᠶᠠᠪᠤᠴᠠ ᠵᠢᠨ 《ᠶᠢᠰᠦ ᠵᠢ ᠨᠢᠭᠡᠳᠬᠡᠬᠦ》 ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡ᠂ ᠬᠠᠷᠢᠨ ᠬᠠᠭ᠋ᠠᠰ ᠨᠠᠢ᠌ᠳᠠᠨ ᠬᠠᠮᠢᠶᠠᠷᠤᠭᠤᠯᠬᠤ ᠵᠠᠭᠪᠤᠷ᠎ᠨᠢ ᠶᠠᠮᠠᠷ ᠲᠥᠷᠥᠯ ᠵᠦᠢᠯ᠎ᠢ ᠲᠠᠷᠢᠬᠤ ᠪᠤᠢ᠂ ᠤᠯᠠᠷᠢᠯ᠎ᠤᠨ ᠲᠣᠬᠢᠷᠠᠭᠤᠯᠤᠯᠲᠠ᠂ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠷᠣᠯᠠᠭᠤᠯᠬᠤ ᠵᠡᠷᠭᠡ ᠦᠢᠯᠡᠳᠪᠦᠷᠢᠯᠡᠬᠦ᠎ᠠᠴᠠ ᠡᠮᠦᠨ᠎ᠡ᠂ ᠬᠥᠩᠭᠡᠵᠢᠭᠰᠡᠨ᠎ᠤ ᠳᠠᠷᠠᠭ᠋ᠠᠬᠢ ᠡᠵᠡᠩᠨᠡᠯᠲᠡ ᠵᠢᠨ ᠰᠢᠢ᠍ᠳᠪᠦᠷᠢᠲᠦ ᠪᠣᠳᠣᠯᠭ᠎ᠠ ᠵᠢᠨ ᠭᠣᠭᠴᠣᠭ᠎ᠠ ᠵᠢ ᠲᠠᠷᠢᠶᠠᠴᠢᠨ ᠡᠷᠦᠬᠡ ᠥᠪᠡᠷᠲᠡᠭᠡᠨ ᠲᠣᠭᠲᠠᠭ᠋ᠠᠨ᠎ᠠ᠂ ᠺᠣᠮᠫᠠᠨᠢ ᠲᠠᠷᠢᠶᠠᠯᠠᠩ᠎ᠤᠨ ᠬᠡᠷᠡᠭᠰᠡᠯ᠎ᠤᠨ ᠬᠠᠩᠭ᠋ᠠᠯᠭ᠎ᠠ ᠪᠠ ᠦᠢᠯᠡᠳᠪᠦᠷᠢᠯᠡᠯ᠎ᠤᠨ ᠭᠣᠭᠴᠣᠭ᠋ᠠᠨ᠎ᠤ ᠦᠢᠯᠡᠴᠢᠯᠡᠭᠡᠨ᠎ᠤ ᠲᠥᠷᠥᠯ ᠵᠦᠢᠯ᠎ᠢ ᠦᠢᠯᠡᠴᠢᠯᠡᠭᠡᠨ᠎ᠤ ᠲᠣᠪᠶᠣᠭ ᠪᠣᠯᠭ᠋ᠠᠨ᠎ᠠ᠂ ᠲᠤᠬᠠᠶ ᠵᠢᠨ ᠭᠠᠵᠠᠷ᠎ᠤᠨ ᠵᠠᠬ᠎ᠠ ᠳᠡᠯᠭᠡᠭᠦᠷ᠎ᠤᠨ ᠬᠤᠳᠠᠯᠳᠤᠨ ᠠᠪᠬᠤ ᠦᠨ᠎ᠡ᠎ᠠᠴᠠ ᠳᠣᠤᠷ᠎ᠠ ᠦᠢᠯᠡᠴᠢᠯᠡᠭᠡ ᠬᠠᠩᠭ᠋ᠠᠨ᠎ᠠ᠂ ᠢᠩᠭᠢᠪᠡᠯ᠂ ᠲᠠᠷᠢᠶᠠᠴᠢᠨ ᠡᠷᠦᠬᠡ ᠺᠣᠮᠫᠠᠨᠢ᠎ᠪᠠᠷ ᠳᠠᠮᠵᠢᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠦᠨ᠎ᠡ᠂ ᠲᠠᠷᠢᠮᠠᠯ᠎ᠤᠨ ᠥᠪᠡᠷ᠎ᠤᠨ ᠥᠷᠲᠡᠭ᠎ᠢ ᠶᠡᠬᠡ᠎ᠪᠠᠷ ᠪᠠᠭᠤᠷᠠᠭᠤᠯᠪᠠ᠂ ᠲᠠᠷᠢᠶᠠᠯᠠᠬᠤ ᠡᠷᠦᠬᠡ ᠵᠢ ᠬᠠᠪᠰᠤᠷᠴᠤ ᠮᠦ᠍ ᠪᠦᠷᠢ 100 ᠲᠥᠭᠥᠷᠢᠭ ᠠᠷᠪᠢᠯᠠᠵᠤ ᠪᠣᠯᠤᠨ᠎ᠠ  ᠃ 《ᠡᠨᠡ ᠬᠡᠳᠦᠨ ᠵᠢᠯ᠎ᠳᠤ᠂ ᠵᠠᠬ᠎ᠠ ᠳᠡᠯᠭᠡᠭᠦᠷ ᠦᠢ᠍ᠯᠡᠳᠪᠦᠷᠢᠯᠡᠯ᠎ᠤᠨ ᠴᠢᠳᠠᠪᠤᠷᠢ ᠦᠯᠡᠭᠦᠳᠡᠭᠰᠡᠨ ᠪᠠᠢ᠌ᠳᠠᠯ᠎ᠳᠤ ᠣᠷᠣᠰᠢᠵᠤ᠂ ᠥᠩᠭᠡᠷᠡᠭᠰᠡᠨ᠎ᠤ᠎ᠬᠢ᠎ᠲᠠᠢ ᠠᠳᠠᠯᠢ᠎ᠪᠠᠷ ᠵᠠᠪᠰᠠᠷ᠎ᠤᠨ ᠬᠤᠳᠠᠯᠳᠤᠭ᠋ᠠᠴᠢᠨ ᠵᠶ᠋ᠠᠷ ᠳᠠᠮᠵᠢᠨ ᠦᠢ᠍ᠯᠡᠳᠬᠦᠨ ᠵᠶ᠋ᠡᠨ ᠬᠤᠳᠠᠯᠳᠤᠵᠤ ᠦᠨ᠎ᠡ ᠵᠢᠨ ᠵᠥᠷᠢᠢ᠎ᠡ ᠤᠯᠬᠤ ᠵᠠᠭᠪᠤᠷ᠎ᠢ ᠬᠡᠷᠡᠭᠯᠡᠵᠦ ᠪᠣᠯᠬᠤ ᠦᠭᠡᠢ᠂ ᠬᠠᠷᠢᠨ ᠬᠥᠳᠡᠭᠡ ᠲᠣᠰᠬᠣᠨ᠎ᠳᠤ ᠦᠨᠳᠦᠰᠦᠯᠡᠨ ᠲᠠᠷᠢᠶᠠᠴᠢᠨ ᠡᠷᠦᠬᠡ ᠵᠢᠨ ᠬᠡᠷᠡᠭᠴᠡᠭᠡ ᠵᠢ ᠦᠨᠡᠨ ᠬᠦ᠌ ᠣᠢ᠌ᠯᠠᠭ᠋ᠠᠵᠤ᠂ ᠲᠡᠳᠡᠨ᠎ᠤ ᠲᠠᠷᠢᠶᠠᠯᠠᠩ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠲᠠᠯ᠎ᠠ᠎ᠪᠠᠷ ᠲᠤᠯᠭ᠋ᠠᠷᠠᠭᠰᠠᠨ ᠠᠰᠠᠭᠤᠳᠠᠯ᠎ᠢ ᠰᠢᠢ᠍ᠳᠪᠦᠷᠢᠯᠡᠪᠡᠯ ᠵᠣᠬᠢᠨ᠎ᠠ᠂ ᠢᠩᠭᠢᠪᠡᠯ ᠰᠠᠶᠢ ᠪᠢᠳᠡᠨ᠎ᠤ ᠣᠷᠣᠰᠢᠵᠤ ᠪᠠᠢ᠌ᠭ᠎ᠠ ᠦᠷᠳᠡᠭ᠎ᠢ ᠢᠯᠡᠷᠡᠭᠦᠯᠵᠦ ᠴᠢᠳᠠᠨ᠎ᠠ  ᠃》 ᠭᠡᠵᠦ ᠸᠠᠩ ᠶᠠ ᠨᠠᠨ ᠬᠡᠯᠡᠪᠡ  ᠃
      ᠴᠠᠭ᠋ᠠᠨ ᠰᠠᠷ᠎ᠠ᠎ᠠᠴᠠ ᠡᠮᠦᠨᠡᠬᠡᠨ᠂ ᠸᠠᠩ ᠶᠠ ᠨᠠᠨ ᠲᠤᠬᠠᠶ ᠵᠢᠨ ᠭᠠᠵᠠᠷ᠎ᠲᠤ ᠲᠠᠷᠢᠶᠠᠴᠢᠨ ᠡᠷᠦᠬᠡ ᠵᠢ ᠰᠤᠷᠪᠤᠯᠵᠢᠯᠠᠬᠤ᠎ᠳᠠᠭᠠᠨ᠂ ᠬᠢᠵᠢᠭ᠎ᠤᠨ ᠨᠥᠯᠥᠭᠡ᠎ᠠᠴᠠ ᠪᠣᠯᠵᠣ᠂ ᠡᠷᠳᠡᠨᠢ ᠰᠢᠰᠢ ᠬᠤᠳᠠᠯᠳᠤᠨ ᠠᠪᠬᠤ ᠠᠮᠤ ᠪᠤᠳᠠᠭ᠋ᠠᠨ᠎ᠤ ᠬᠤᠳᠠᠯᠳᠤᠭ᠋ᠠᠴᠢᠨ ᠴᠥᠭᠡᠨ ᠪᠠᠢ᠌ᠵᠤ᠂ ᠲᠠᠷᠢᠶᠠᠴᠢᠨ ᠡᠷᠦᠬᠡ ᠵᠢᠨ ᠡᠷᠳᠡᠨᠢ ᠰᠢᠰᠢ ᠬᠤᠳᠠᠯᠳᠤᠬᠤ ᠠᠬᠢᠴᠠ ᠵᠢ ᠵᠣᠬᠢᠬᠤ ᠬᠡᠮᠵᠢᠶ᠎ᠡ᠎ᠪᠠᠷ ᠬᠣᠢ᠌ᠰᠢᠯᠠᠭᠤᠯᠵᠤ᠂ ᠮᠠᠰᠢ ᠣᠯᠠᠨ ᠲᠠᠷᠢᠮᠠᠯ᠎ᠤᠨ ᠡᠷᠦᠬᠡ ᠢᠯᠠᠩᠭᠤᠶ᠎ᠠ ᠲᠠᠷᠢᠮᠠᠯ᠎ᠤᠨ ᠲᠣᠮᠣ ᠡᠷᠦᠬᠡ᠎ᠳᠤ ᠴᠥᠮ ᠡᠢ᠌ᠮᠦᠷᠬᠦ ᠠᠰᠠᠭᠤᠳᠠᠯ ᠲᠤᠯᠭ᠋ᠠᠷᠠᠵᠤ ᠪᠠᠢ᠌ᠬᠤ ᠵᠢ ᠣᠯᠵᠤ ᠮᠡᠳᠡᠵᠡᠶ᠂ ᠲᠡᠷᠡ ᠥᠪᠥᠷ ᠮᠣᠩᠭᠣᠯ᠎ᠤᠨ ᠵᠧᠩ ᠳ᠋ᠡ ᠲᠠᠷᠢᠶᠠᠯᠠᠩ᠎ᠤᠨ ᠺᠣᠮᠫᠠᠨᠢ᠎ᠲᠠᠢ ᠵᠣᠯᠭ᠋ᠠᠭᠤᠯᠬᠤ᠎ᠪᠠᠷ ᠳᠡᠮᠵᠢᠨ᠂ ᠲᠠᠷᠢᠶᠠᠴᠢᠨ ᠡᠷᠦᠬᠡ ᠵᠢ ᠰᠢᠭᠤᠳ ᠬᠠᠪᠰᠤᠷᠤᠨ ᠺᠣᠮᠫᠠᠨᠢ᠂ ᠵᠠᠪᠰᠠᠷ᠎ᠤᠨ ᠬᠤᠳᠠᠯᠳᠤᠭ᠋ᠠᠴᠢᠨ᠎ᠤ ᠦᠨ᠎ᠡ ᠵᠢᠨ ᠵᠥᠷᠢᠶ᠎ᠡ ᠵᠢ ᠪᠠᠭ᠋ᠠᠰᠬᠠᠵᠤ᠂ ᠲᠠᠷᠢᠶᠠᠴᠢᠨ ᠡᠷᠦᠬᠡ ᠵᠢᠨ ᠠᠮᠤ ᠪᠤᠳᠠᠭ᠎ᠠ ᠬᠤᠳᠠᠯᠳᠤᠬᠤ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠲᠠᠷᠢᠶᠠᠴᠢᠨ ᠡᠷᠦᠬᠡ ᠵᠢ ᠦᠨᠡᠨ ᠬᠦ᠌ ᠨᠢᠭᠡ ᠰᠠᠢ᠌ᠨ ᠵᠢᠯ ᠥᠩᠭᠡᠷᠡᠭᠦᠯᠪᠡ  ᠃ ᠮᠠᠰᠢ ᠣᠯᠠᠨ ᠲᠠᠷᠢᠮᠠᠯ᠎ᠤᠨ ᠲᠣᠮᠣ ᠡᠷᠦᠬᠡ ᠡᠷᠳᠡᠨᠢ ᠰᠢᠰᠢ᠎ᠪᠠᠨ ᠬᠤᠳᠠᠯᠳᠤᠭᠰᠠᠨ᠎ᠤ ᠳᠠᠷᠠᠭ᠎ᠠ ᠸᠠᠩ ᠶᠠ ᠨᠠᠨ᠎ᠢ ᠡᠷᠢᠵᠦ᠂ ᠺᠣᠮᠫᠠᠨᠢ᠎ᠪᠠᠷ ᠵᠶ᠋ᠠᠨ ᠳᠠᠮᠵᠢᠭᠤᠯᠤᠨ ᠦᠢᠯᠡᠳᠪᠦᠷᠢ ᠵᠢᠨ ᠡᠬᠢ ᠪᠠᠶᠠᠯᠢᠭ᠎ᠲᠠᠢ ᠵᠣᠯᠭ᠋ᠠᠭᠤᠯᠵᠤ᠂ ᠤᠷᠢᠳᠴᠢᠯᠠᠨ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠬᠤᠳᠠᠯᠳᠤᠨ ᠠᠪᠬᠤ ᠵᠢ ᠬᠦᠰᠡᠵᠦ ᠪᠠᠢ᠌ᠨ᠎ᠠ᠂ ᠲᠡᠭᠦᠨ᠎ᠤ ᠴᠢᠷᠮᠠᠢ᠌ᠯᠭ᠎ᠠ᠎ᠪᠠᠷ ᠳᠡᠮᠵᠢᠨ᠂ ᠲᠠᠷᠢᠶᠠᠴᠢᠨ ᠡᠷᠦᠬᠡ ᠵᠢ ᠬᠠᠪᠰᠤᠷᠤᠨ ᠰᠢᠭᠤᠳ ᠦᠢᠯᠡᠳᠪᠦᠷᠢ᠎ᠲᠠᠢ ᠵᠠᠯᠭ᠋ᠠᠵᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠬᠤᠳᠠᠯᠳᠤᠨ ᠠᠪᠬᠤ ᠮᠥᠷᠲᠡᠭᠡᠨ ᠵᠠᠬ᠎ᠠ ᠳᠡᠯᠭᠡᠭᠦᠷ᠎ᠤᠨ ᠦᠨ᠎ᠡ᠎ᠠᠴᠠ ᠳᠣᠤᠷ᠎ᠠ ᠪᠠᠢ᠌ᠬᠤ ᠵᠢ ᠬᠦᠰᠡᠵᠦ ᠪᠠᠢ᠌ᠨ᠎ᠠ  ᠃
      ᠲᠦᠷᠦᠭᠦᠬᠡᠨ᠂ ᠸᠠᠩ ᠶᠠ ᠨᠠᠨ ᠪᠠᠰᠠ ᠬᠣᠷᠢᠨᠭᠡᠷ᠎ᠤᠨ ᠬᠠᠮ ᠵᠠᠭᠤᠴᠢᠯᠠᠭᠤᠷ ᠵᠶ᠋ᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠷᠭ᠎ᠠ ᠬᠡᠯᠪᠡᠷᠢ᠎ᠪᠠᠷ ᠲᠡᠷᠢᠭᠦᠨ᠎ᠤ ᠮᠡᠷᠭᠡᠵᠢᠯ᠎ᠢ ᠴᠠᠭ ᠲᠤᠬᠠᠶ᠎ᠳᠤᠨᠢ ᠲᠠᠷᠢᠶᠠᠴᠢᠨ ᠡᠷᠦᠬᠡ᠎ᠳᠤ ᠳᠡᠯᠭᠡᠷᠡᠭᠦᠯᠵᠦ᠂ ᠡᠷᠳᠡᠨᠢ ᠰᠢᠰᠢ ᠵᠢ ᠪᠦᠷᠬᠦᠭᠦᠯ ᠥᠬᠡᠶ᠎ᠪᠠᠷ ᠪᠤᠯᠠᠵᠤ ᠤᠰᠤᠯᠠᠬᠤ ᠮᠡᠷᠭᠡᠵᠢᠯ᠂ ᠪᠦᠷᠬᠦᠭᠦᠯ ᠪᠦᠷᠬᠦᠭᠦᠯ ᠵᠶ᠋ᠡᠷ ᠳᠠᠷᠢᠬᠤ ᠮᠡᠷᠭᠡᠵᠢᠯ᠂ ᠰᠢᠷ᠎ᠠ ᠪᠤᠷᠴᠠᠭ ᠡᠷᠳᠡᠨᠢ ᠰᠢᠰᠢ ᠵᠢ ᠪᠦᠰᠡᠯᠢᠭ ᠵᠶ᠋ᠡᠷ ᠳᠠᠷᠢᠬᠤ ᠮᠡᠷᠭᠡᠵᠢᠯ᠎ᠢ ᠳᠡᠯᠭᠡᠷᠡᠭᠦᠯᠪᠡ  ᠃ ᠸᠠᠩ ᠶᠠ ᠨᠠᠨ᠄ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠪᠣᠯᠤᠭᠰᠠᠨ᠎ᠤ ᠬᠤᠪᠢ᠎ᠳᠤ᠂ ᠪᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠠᠰᠤᠷᠠᠯᠲᠠ ᠥᠬᠡᠶ ᠳᠡᠯᠭᠡᠷᠡᠭᠦᠯᠵᠦ᠂ ᠴᠢᠳᠠᠯ᠎ᠤᠨ ᠬᠢᠷᠢ᠎ᠪᠠᠷ ᠵᠶ᠋ᠡᠨ ᠲᠠᠷᠢᠶᠠᠴᠢᠳ᠎ᠢ ᠬᠠᠪᠰᠤᠷᠤᠨ ᠣᠷᠣᠯᠭ᠎ᠠ ᠵᠢ᠎ᠨᠢ ᠨᠡᠮᠡᠭᠳᠡᠭᠦᠯᠦᠨ᠎ᠡ  ᠃》  ᠃

ᠢᠷᠡᠯᠲᠡ᠄ ᠬᠥᠬᠡᠬᠣᠲᠠ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠤᠭᠤᠲᠤ ᠵᠢᠨ ᠪᠣᠯᠣᠳ ᠲᠡᠮᠦᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠳᠠᠬᠢᠨ ᠠᠰᠢᠭᠯᠠᠬᠤ ᠰᠢᠨ᠎ᠡ ᠦᠷ᠎ᠡ ᠪᠦᠲᠦᠭᠡᠯ ᠣᠯᠪᠠ
2022 ᠣᠨ᠎ᠳᠤ ᠣᠷᠳᠣᠰ ᠬᠣᠲᠠ ᠵᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 80 ᠳ᠋ᠦᠩᠰᠢᠭᠤᠷ ᠰᠢᠬᠠᠮ ᠲᠥᠭᠥᠷᠢᠭ ᠬᠦᠷᠴᠡᠶ
 
            
Baidu
map