ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠠᠭᠤᠴᠢᠯᠠᠭᠤᠷ᠎ᠤᠨ ᠲᠥᠪᠯᠡᠷᠡᠯ
ᠬᠥᠬᠡᠬᠣᠲᠠ ᠵᠢᠨ ᠵᠠᠰᠠᠭ᠎ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠠᠵᠢᠯ᠎ᠤᠨ ᠵᠥᠪᠳᠡᠯᠴᠡᠬᠦ ᠲᠦᠷᠢᠮ᠎ᠤᠨ ᠵᠥᠪᠯᠡᠨ ᠲᠣᠭᠲᠠᠭ᠋ᠠᠭᠰᠠᠨ ᠪᠢᠴᠢᠭ᠎ᠲᠤ ᠭᠠᠷ᠎ᠤᠨ ᠥᠰᠥᠭ ᠵᠢᠷᠤᠪᠠ ᠵᠠᠩ ᠸᠧᠨ ᠲᠤᠤ ᠾᠧ ᠬᠠᠶ ᠳ᠋ᠦᠩ ᠭᠠᠷ᠎ᠤᠨ ᠥᠰᠥᠭ ᠵᠢᠷᠤᠭᠰᠠᠨ᠎ᠢ ᠭᠡᠷᠡᠴᠢᠯᠡᠪᠡ
ᠨᠡᠶ᠋ᠢᠲᠡᠯᠡᠭᠰᠡᠨ ᠴᠠᠭ᠄ 2025-03-22

 
    3 ᠳ᠋ᠤᠭ᠋ᠠᠷ ᠰᠠᠷ᠎ᠠ ᠵᠢᠨ 20᠎ᠤ ᠡᠳᠦᠷ᠂ ᠬᠥᠬᠡᠬᠣᠲᠠ ᠵᠢᠨ ᠵᠠᠰᠠᠭ᠎ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠲᠢᠩᠬᠢᠮ ᠬᠣᠲᠠ ᠵᠢᠨ ᠠᠵᠢᠯ᠎ᠤᠨ ᠵᠥᠪᠳᠡᠯᠴᠡᠬᠦ ᠲᠦᠷᠢᠮ᠎ᠤᠨ ᠵᠥᠪᠯᠡᠨ ᠲᠣᠭᠲᠠᠭ᠋ᠠᠭᠰᠠᠨ ᠪᠢᠴᠢᠭ》᠎ᠲᠤ ᠭᠠᠷ᠎ᠤᠨ ᠥᠰᠥᠭ ᠵᠢᠷᠤᠪᠠ᠃ ᠡᠨᠡ᠎ᠨᠢ ᠬᠥᠬᠡᠬᠣᠲᠠ ᠬᠢᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠩ ᠰᠢᠭᠤᠳ ᠰᠢᠯᠤᠭᠤᠨ᠂ ᠨᠠᠩ ᠨᠢᠭᠲᠠ ᠳᠦᠷᠢᠮᠵᠢᠭᠰᠡᠨ ᠬᠠᠷᠢᠯᠴᠠᠬᠤ ᠲᠣᠭᠲᠠᠴᠠ ᠪᠠᠢ᠌ᠭᠤᠯᠤᠭᠰᠠᠨ᠎ᠢ ᠬᠠᠷᠠᠭᠤᠯᠵᠤ ᠪᠣᠶ᠃
     ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ᠂ ᠬᠥᠬᠡᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠾᠧ ᠬᠠᠶ ᠳ᠋ᠦᠩ ᠭᠠᠷ᠎ᠤᠨ ᠥᠰᠥᠭ ᠵᠢᠷᠤᠬᠤ ᠵᠢ ᠭᠡᠷᠡᠴᠢᠯᠡᠵᠡᠶ᠃
     ᠵᠥᠪᠳᠡᠯᠴᠡᠬᠦ ᠠᠭᠤᠯᠭ᠎ᠠ ᠵᠢ ᠦᠨᠳᠦᠰᠦᠯᠡᠪᠡᠯ᠂ ᠬᠣᠶᠠᠷ ᠲᠠᠯ᠎ᠠ᠎ᠪᠠᠷ ᠵᠶ᠋ᠠᠨ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠬᠣᠲᠠ ᠪᠠ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠠᠢ᠌ᠭᠤᠯᠬᠤ ᠵᠢ ᠬᠠᠮᠲᠤ᠎ᠪᠠᠷ ᠠᠬᠢᠭᠤᠯᠵᠤ᠂ ᠬᠥᠬᠡᠬᠣᠲᠠ ᠵᠢᠨ 《ᠨᠢᠭᠡ ᠲᠣᠭᠣᠷᠢᠭ ᠨᠢᠭᠡ ᠬᠦᠷᠢᠶᠡᠯᠡᠩ ᠣᠯᠠᠨ ᠲᠠᠪᠴᠠᠩ》᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠲᠠᠰ᠎ᠢ ᠬᠠᠮᠵᠢᠯᠴᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠦᠷᠭᠦᠯᠵᠢᠯᠡᠨ ᠠᠬᠢᠭᠤᠯᠤᠨ ᠬᠡᠷᠡᠭᠵᠢᠭᠦᠯᠵᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠠᠮᠲᠤᠷᠠᠯᠴᠠᠭ᠎ᠠ ᠵᠢ ᠭᠠᠷ ᠬᠣᠯᠪᠣᠨ ᠭᠦᠨᠵᠡᠭᠡᠢ᠌ᠷᠡᠭᠦᠯᠵᠦ᠂ ᠮᠸᠩ ᠺᠧ ᠵᠢᠦᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠲᠠᠰ ᠳᠡᠪᠰᠢᠭᠰᠡᠨ ᠬᠡᠪ᠎ᠢ ᠬᠣᠯᠪᠣᠭ᠋ᠠᠯᠠᠨ ᠪᠠᠢ᠌ᠭᠤᠯᠵᠤ᠂ ᠪᠥᠬᠥ ᠨᠡᠢ᠌ᠭᠡᠮ᠎ᠤᠨ᠎ᠬᠢᠨ᠎ᠤ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠬᠦ ᠵᠢ ᠬᠠᠮᠲᠤ᠎ᠪᠠᠷ ᠬᠥᠲᠥᠯᠥᠨ ᠵᠢᠯᠣᠭᠣᠳᠤᠨ᠎ᠠ᠃
     ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠣᠩ᠂ ᠢᠦᠢ ᠸᠧᠢ᠂ ᠬᠥᠬᠡᠬᠣᠲᠠ ᠵᠢᠨ ᠳᠡᠳ᠋ ᠳᠠᠷᠤᠭ᠎ᠠ ᠵᠢᠶᠤᠤ ᠬᠣᠩ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠭᠠᠵᠠᠷ ᠵᠦᠢ ᠵᠢᠨ ᠰᠢᠨᠵᠢ ᠲᠡᠮᠳᠡᠭ
ᠲᠠᠸᠠᠷ᠎ᠤᠨ ᠲᠡᠮᠳᠡᠭ
ᠬᠤᠳᠠᠯᠳᠤᠭ᠋ᠠᠨ᠎ᠤ ᠨᠢᠭᠤᠴᠠ
ᠣᠨᠴᠠᠭ᠋ᠠᠢ ᠰᠢᠨᠵᠢ ᠲᠡᠮᠳᠡᠭ
ᠮᠡᠳᠡᠯᠭᠡ ᠵᠢᠨ ᠥᠮᠴᠢᠯᠡᠯ
 
            
Baidu
map