ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠡᠯ᠎ᠡ ᠬᠣᠯᠪᠣᠭᠳᠠᠯ ᠪᠦᠬᠦᠢ ᠨᠢᠭᠡᠴᠡ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠨ ᠬᠡᠮᠵᠢᠬᠦ ᠥᠷᠲᠡᠭᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠲᠦᠰᠢᠭ ᠨᠢᠭᠡᠴᠡ ᠵᠢᠨ ᠭᠤᠶᠤᠴᠢᠯᠠᠯ᠂ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠬᠤ᠂ ᠬᠤᠷᠠᠯ ᠵᠶ᠋ᠠᠷ ᠬᠢᠨᠠᠨ ᠵᠥᠪᠯᠡᠬᠦ᠂ ᠨᠡᠢ᠌ᠲᠡ᠎ᠳᠤ ᠵᠠᠷᠯᠠᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ 《ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠠᠮᠢ ᠠᠬᠤᠶ ᠵᠢᠨ ᠤᠬᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠨ ᠬᠡᠮᠵᠢᠬᠦ ᠰᠤᠳᠤᠯᠭ᠋ᠠᠨ᠎ᠤ ᠥᠷᠲᠡᠭᠡ》 ᠵᠡᠷᠭᠡ 6 ᠵᠢ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠨ ᠬᠡᠮᠵᠢᠬᠦ ᠰᠤᠳᠤᠯᠭ᠋ᠠᠨ᠎ᠤ ᠥᠷᠲᠡᠭᠡ (ᠳᠣᠷᠣᠭᠰᠢ 《ᠬᠡᠭᠡᠷ᠎ᠡ ᠵᠢᠨ ᠥᠷᠲᠡᠭᠡ》 ᠭᠡᠵᠦ ᠲᠣᠪᠴᠢᠯᠠᠨ᠎ᠠ) ᠪᠣᠯᠭ᠋ᠠᠬᠤ᠎ᠪᠠᠷ ᠲᠣᠭᠲᠠᠭ᠋ᠠᠪᠠ ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ ᠃
ᠨᠢᠭᠡ᠂ ᠡᠯ᠎ᠡ ᠨᠢᠭᠡᠴᠡ᠎ᠨᠦᠭᠦᠳ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠡᠭᠡᠷ᠎ᠡ ᠭᠠᠳᠠᠨᠠᠬᠢ ᠥᠷᠲᠡᠭᠡ ᠵᠢᠨ ᠪᠦᠲᠦᠭᠡᠨ ᠪᠠᠢ᠌ᠭᠤᠯᠤᠯᠲᠠ ᠪᠠ ᠠᠵᠢᠯᠯᠠᠭ᠋ᠠᠨ᠎ᠳᠤ ᠠᠵᠢᠯᠲᠠᠨ᠂ ᠲᠠᠯᠠᠪᠤᠷ᠂ ᠰᠤᠳᠤᠯᠭ᠋ᠠᠨ᠎ᠤ ᠲᠥᠬᠥᠭᠡᠷᠦᠮᠵᠢ᠂ ᠠᠵᠢᠯᠯᠠᠭ᠋ᠠᠨ᠎ᠤ ᠵᠠᠷᠤᠳᠠᠯ ᠵᠡᠷᠭᠡ ᠰᠠᠭᠤᠷᠢ ᠪᠠᠲᠤᠯᠠᠭ᠎ᠠ ᠵᠢ ᠬᠠᠩᠭ᠋ᠠᠵᠤ᠂ ᠪᠦᠲᠦᠭᠡᠨ ᠪᠠᠢ᠌ᠭᠤᠯᠤᠯᠲᠠ ᠪᠠ ᠠᠵᠢᠯᠯᠠᠭ᠋ᠠᠨ᠎ᠤ ᠳᠤᠮᠳᠠᠬᠢ ᠬᠣᠯᠪᠣᠭᠳᠠᠯ ᠪᠦᠬᠦᠢ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠶ ᠃
ᠬᠣᠶᠠᠷ᠂ ᠡᠯ᠎ᠡ ᠬᠡᠭᠡᠷ᠎ᠡ ᠭᠠᠳᠠᠨᠠᠬᠢ ᠥᠷᠲᠡᠭᠡ᠎ᠨᠦᠭᠦᠳ ᠬᠢᠨᠠᠨ ᠬᠠᠷᠭᠤᠭᠤᠯᠤᠭᠰᠠᠨ ᠰᠠᠨᠠᠯ ᠰᠠᠨᠠᠭᠤᠯᠭ᠎ᠠ ᠵᠢ ᠦᠨᠳᠦᠰᠦᠯᠡᠨ᠂ ᠪᠥᠲᠥᠭᠡᠨ ᠪᠠᠢ᠌ᠭᠤᠯᠬᠤ ᠬᠠᠷᠠᠯᠲᠠ᠂ ᠪᠥᠲᠥᠭᠡᠨ ᠪᠠᠢ᠌ᠭᠤᠯᠬᠤ ᠠᠭᠤᠯᠭ᠎ᠠ᠂ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠴᠡ᠂ ᠬᠠᠮᠢᠶᠠᠷᠤᠯᠲᠠ ᠵᠢᠨ ᠠᠵᠢᠯᠯᠠᠭ᠋ᠠᠨ᠎ᠤ ᠲᠣᠭᠲᠠᠴᠠ ᠪᠠ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠳᠤᠯᠭ᠋ᠠᠨ᠂ ᠮᠡᠷᠭᠡᠵᠢᠯ᠎ᠤᠨ ᠲᠤᠯᠭ᠋ᠠᠭᠤᠷᠢᠯᠠᠯ ᠪᠠ ᠬᠠᠮᠢᠶᠠᠷᠤᠯᠲᠠ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠭᠣᠤᠯᠳᠠᠯᠭ᠎ᠠ ᠪᠠ ᠣᠨᠴᠠᠯᠢᠭ᠎ᠢ ᠳᠣᠪᠣᠢ᠌ᠯᠭ᠋ᠠᠨ ᠰᠢᠨᠵᠢᠯᠡᠬᠦ ᠤᠬᠠᠭ᠋ᠠᠨᠴᠢ ᠠᠵᠢᠭᠯᠠᠯᠲᠠ ᠪᠠ ᠰᠤᠳᠤᠯᠭ᠋ᠠᠨ᠎ᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠶ ᠃
ᠭᠤᠷᠪᠠ᠂ ᠡᠯ᠎ᠡ ᠬᠡᠭᠡᠷ᠎ᠡ ᠭᠠᠳᠠᠨᠠᠬᠢ ᠥᠷᠲᠡᠭᠡ ᠵᠢᠴᠢ ᠲᠦᠰᠢᠭ ᠨᠢᠭᠡᠴᠡ᠎ᠨᠦᠭᠦᠳ᠎ᠨᠢ ᠠᠶᠤᠯ ᠥᠬᠡᠶ ᠦᠢᠯᠡᠳᠪᠦᠷᠢᠯᠡᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠎ᠢ ᠪᠠᠢ᠌ᠭᠤᠯᠤᠨ ᠪᠦᠷᠢᠨᠰᠢᠬᠦᠯᠵᠦ᠂ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠵᠢ ᠴᠢᠩᠭ᠋ᠠᠳᠬᠠᠨ᠂ ᠡᠯ᠎ᠡ ᠲᠥᠷᠥᠯ᠎ᠤᠨ ᠠᠳᠠᠯ ᠭᠠᠷᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠶ ᠃
ᠳᠥᠷᠪᠡ᠂ ᠡᠯ᠎ᠡ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠥᠷᠲᠡᠭᠡ ᠵᠢᠴᠢ ᠲᠦᠰᠢᠭ ᠨᠢᠭᠡᠴᠡ᠎ᠨᠦᠭᠦᠳ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠣᠨ᠎ᠤ ᠮᠡᠳᠡᠭᠦᠯᠦᠯᠲᠡ ᠵᠢᠴᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠵᠡᠷᠭᠡ ᠠᠵᠢᠯ᠎ᠢ ᠬᠠᠮᠵᠢᠯᠴᠠᠨ ᠰᠠᠢ᠌ᠲᠤᠷ ᠬᠢᠵᠦ᠂ ᠵᠢᠯ ᠪᠦᠷᠢ ᠣᠨ᠎ᠤ ᠠᠵᠢᠯ᠎ᠤᠨ ᠮᠡᠳᠡᠭᠦᠯᠦᠯᠲᠡ᠎ᠪᠠᠨ ᠴᠠᠭ ᠲᠤᠬᠠᠶ᠎ᠳᠤᠨᠢ ᠲᠤᠰᠢᠶᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠬᠢᠨᠠᠵᠤ ᠦᠨᠡᠯᠡᠨ ᠵᠢᠱ᠌ᠢᠬᠦ ᠦᠶᠡᠯᠡᠯ᠎ᠨᠢ 3 ᠵᠢᠯ ᠪᠣᠯᠤᠨ᠎ᠠ ᠃
ᠳᠠᠭ᠋ᠠᠯᠳᠤᠭᠤᠯᠤᠯ᠄ 2022 ᠣᠨ᠎ᠤ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ ᠵᠢᠨ ᠪᠦᠷᠢᠳᠬᠡᠨ ᠳᠠᠩᠰᠠᠯᠠᠭᠤᠯᠤᠭᠰᠠᠨ ᠨᠡᠷᠡᠰ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2023 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ