《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠢ᠌ᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ》᠂《ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠬᠤ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠢᠮᠢ᠂ ᠮᠠᠲ᠋ᠧᠷᠢᠶᠠᠯ᠂ ᠦᠢᠯᠡᠳᠬᠦ᠂ ᠣᠷᠴᠢᠨ ᠲᠣᠭᠣᠷᠢᠨ᠂ ᠮᠡᠳᠡᠭᠡ ᠵᠠᠩᠭᠢ ᠵᠢᠨ ᠬᠦᠷᠢᠶ᠎ᠡ ᠴᠠᠷᠠᠭ᠎ᠠ ᠵᠢᠨ ᠠᠵᠤ ᠦᠢᠯᠡᠰ᠎ᠤᠨ ᠬᠥᠭᠵᠢᠯᠲᠡ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠠᠷᠢᠴᠠᠭᠤᠯᠤᠭᠰᠠᠨ ᠳᠠᠪᠠᠭᠤᠯᠢᠭ᠎ᠲᠠᠢ ᠤᠶᠠᠯᠳᠤᠭᠤᠯᠤᠨ᠂ ᠬᠢᠮᠢ ᠵᠡᠷᠭᠡ 5 ᠬᠦᠷᠢᠶ᠎ᠡ ᠴᠠᠷᠠᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ 32 ᠪᠠᠢ᠌ᠷᠢᠰᠢᠭᠤᠯᠬᠤ᠎ᠪᠠᠷ ᠲᠥᠯᠥᠪᠯᠡᠵᠦ ᠪᠣᠶ᠃ ᠡᠳᠦᠭᠡ ᠵᠥᠪᠰᠢᠶᠡᠷᠡᠨ ᠪᠠᠢ᠌ᠭᠤᠯᠬᠤ᠎ᠪᠠᠷ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠢᠯᠡ ᠨᠡᠢ᠌ᠲᠡᠯᠡᠨ᠎ᠡ ᠃
ᠢᠯᠡ ᠨᠡᠢ᠌ᠲᠡᠯᠡᠬᠦ ᠬᠤᠭᠤᠴᠠᠭ᠎ᠠ᠎ᠨᠢ 2024 ᠣᠨ᠎ᠤ 6 ᠳ᠋ᠤᠭ᠋ᠠᠷ ᠰᠠᠷ᠎ᠠ ᠵᠢᠨ 21᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 28᠎ᠤ ᠡᠳᠦᠷ ᠪᠣᠯᠲᠠᠯ᠎ᠠ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠢᠯᠡ ᠨᠡᠢ᠌ᠲᠡᠯᠡᠬᠦ ᠠᠭᠤᠯᠭ᠎ᠠ᠎ᠳᠤ ᠣᠨᠳᠣᠤ ᠰᠠᠨᠠᠯ᠎ᠲᠠᠢ ᠪᠠᠢ᠌ᠪᠠᠯ᠂ ᠢᠯᠡ ᠨᠡᠢ᠌ᠲᠡᠯᠡᠬᠦ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠪᠢᠴᠢᠭ ᠵᠶ᠋ᠡᠷ ᠰᠠᠨᠠᠯ ᠵᠶ᠋ᠠᠨ ᠳᠤᠷᠠᠳᠬᠤ ᠪᠣᠯᠪᠠᠤ᠃ ᠨᠡᠷ᠎ᠡ ᠪᠤᠷᠤᠭᠤᠯᠠᠭᠰᠠᠨ᠂ ᠬᠠᠷᠢᠯᠴᠠᠬᠤ ᠠᠷᠭ᠎ᠠ ᠬᠡᠯᠪᠡᠷᠢ ᠦᠭᠡᠢ᠂ ᠪᠣᠳᠠᠲᠤ ᠬᠡᠷᠡᠭ᠎ᠤᠨ ᠦᠨᠳᠦᠰᠦᠯᠡᠯ ᠦᠭᠡᠢ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠠᠴᠠ ᠬᠡᠲᠦᠷᠡᠭᠰᠡᠨ ᠣᠨᠳᠣᠣ ᠰᠠᠨᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
ᠬᠠᠷᠢᠯᠴᠠᠬᠤ ᠬᠥᠮᠦᠨ᠄ ᠵᠤ᠌ ᠶᠧ ᠳ᠋ᠠᠨ 0471 - 6328615
ᠮᠡᠷᠭᠡᠨ 0471 - 6328620
ᠳᠠᠭ᠋ᠠᠯᠳᠤᠭᠤᠯᠤᠯ᠄ ᠳᠡᠮᠵᠢᠵᠦ ᠪᠠᠢ᠌ᠭᠤᠯᠬᠤ᠎ᠪᠠᠷ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2024 ᠣᠨ᠎ᠤ 6 ᠳ᠋ᠤᠭ᠋ᠠᠷ ᠰᠠᠷ᠎ᠠ ᠵᠢᠨ 21᠎ᠤ ᠡᠳᠦᠷ