《〈ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠰᠠᠨᠠᠯ〉᠎ᠢ ᠨᠠᠢ᠌ᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠨᠠᠷᠢᠨ ᠲᠦᠷᠢᠮ》(ᠥᠪᠥᠷ ᠰᠢᠨᠵᠢᠯᠡᠬᠦ ᠲᠠᠷᠬᠠᠭ᠋ᠠᠭᠰᠠᠨ [2024] 80 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠪᠡᠯ᠂ ᠬᠢᠨᠠᠨ ᠬᠠᠷᠭᠤᠭᠤᠯᠬᠤ᠎ᠪᠠᠷ ᠳᠠᠮᠵᠢᠭ᠋ᠠᠳ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠤᠯᠠᠭ᠋ᠠᠨ ᠦᠬᠡᠷ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ 26 ᠠᠵᠤ ᠠᠬᠤᠢ᠌ᠯᠠᠯ 《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠤᠰᠬᠠᠶ ᠲᠠᠪᠴᠠᠩ》᠎ᠳᠤ ᠫᠠᠢ᠌ᠰᠠ ᠡᠯᠭᠦᠭᠰᠡᠨ ᠠᠵᠤ ᠠᠬᠤᠢ᠌ᠯᠠᠯ᠎ᠢ ᠱᠠᠩᠨᠠᠵᠤ ᠨᠥᠬᠥᠪᠥᠷᠢᠯᠡᠬᠦ ᠵᠢᠨ ᠱᠠᠭ᠋ᠠᠷᠳᠠᠯᠭ᠎ᠠ᠎ᠳᠤ ᠨᠡᠢ᠌ᠴᠡᠪᠡ᠃ ᠡᠳᠦᠭᠡ 2025 ᠣᠨ᠎ᠤ《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠤᠰᠬᠠᠶ ᠲᠠᠪᠴᠠᠩ》᠎ᠤᠨ ᠵᠠᠬ᠎ᠠ ᠳᠡᠯᠭᠡᠭᠦᠷ᠎ᠲᠤ ᠭᠠᠷᠬᠤ ᠳᠠᠪᠬᠤᠷᠭ᠎ᠠ᠂ ᠰᠢᠯᠢᠳᠡᠭ᠎ᠢ᠎ᠨᠢ ᠰᠣᠩᠭᠣᠬᠤ ᠳᠠᠪᠬᠤᠷᠭ᠎ᠠ᠎ᠳᠤ ᠫᠠᠢ᠌ᠰᠠ ᠡᠯᠭᠦᠭᠰᠡᠨ ᠠᠵᠤ ᠠᠬᠤᠢ᠌ᠯᠠᠯ᠎ᠢ ᠱᠠᠩᠨᠠᠵᠤ ᠨᠥᠬᠥᠪᠥᠷᠢᠯᠡᠬᠦ ᠨᠡᠷᠡᠰ (ᠳᠠᠭ᠋ᠠᠯᠳᠤᠭᠤᠯᠤᠯ᠎ᠢ ᠦᠵᠡ)᠎ᠢ ᠢᠯᠡ ᠨᠡᠢ᠌ᠲᠡᠯᠡᠪᠡ᠃
ᠢᠯᠡ ᠨᠡᠢ᠌ᠲᠡᠯᠡᠬᠦ ᠬᠤᠭᠤᠴᠠᠭ᠎ᠠ᠎ᠨᠢ 2025 ᠣᠨ᠎ᠤ 4 ᠳ᠋ᠦ᠍ᠭᠡᠷ ᠰᠠᠷ᠎ᠠ ᠵᠢᠨ 9᠎ᠤ ᠡᠳᠦᠷ᠎ᠠᠴᠠ 4 ᠳ᠋ᠦ᠍ᠭᠡᠷ ᠰᠠᠷ᠎ᠠ ᠵᠢᠨ 15᠎ᠤ ᠡᠳᠦᠷ ᠪᠣᠯᠲᠠᠯ᠎ᠠ᠂ ᠬᠡᠷᠪᠡ ᠢᠯᠡ ᠨᠡᠢ᠌ᠲᠡᠯᠡᠬᠦ ᠡᠲᠡᠭᠡᠳ᠎ᠲᠤ ᠣᠨᠳᠣᠤ ᠰᠠᠨᠠᠯ᠎ᠲᠠᠢ ᠪᠣᠯ᠂ ᠢᠯᠡ ᠨᠡᠢ᠌ᠲᠡᠯᠡᠬᠦ ᠬᠤᠭᠤᠴᠠᠭ᠋ᠠᠨ᠎ᠳᠤ ᠪᠢᠴᠢᠭ᠎ᠤᠨ ᠬᠡᠯᠪᠡᠷᠢ᠎ᠪᠠᠷ ᠮᠠᠨ᠎ᠤ ᠲᠢᠩᠬᠢᠮ᠎ᠳᠤ ᠲᠤᠰᠬᠠᠵᠤ᠂ ᠪᠢᠴᠢᠭ᠎ᠤᠨ ᠰᠠᠨᠠᠯ᠎ᠳᠤ ᠣᠨᠳᠣᠤ ᠰᠠᠨᠠᠯ᠎ᠤᠨ ᠤᠴᠢᠷ ᠰᠢᠯᠲᠠᠭ᠋ᠠᠨ ᠵᠢᠴᠢ ᠬᠠᠮᠢᠶ᠎ᠠ ᠪᠥᠬᠥᠶ ᠪᠣᠳᠠᠲᠤ ᠬᠡᠷᠡᠭ᠎ᠤᠨ ᠭᠡᠷᠡᠴᠢ ᠪᠠᠷᠢᠮᠲᠠ ᠵᠢᠭᠰᠠᠭ᠋ᠠᠬᠤ ᠬᠡᠷᠡᠭᠲᠡᠶ᠃ ᠨᠢᠭᠡᠴᠢ ᠣᠨᠳᠣᠣ ᠰᠠᠨᠠᠯ ᠳᠤᠷᠠᠳᠤᠭᠰᠠᠨ ᠪᠠᠢ᠌ᠪᠠᠯ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ᠂ ᠬᠤᠪᠢ ᠬᠥᠮᠦᠨ ᠣᠨᠳᠣᠣ ᠰᠠᠨᠠᠯ ᠳᠤᠷᠠᠳᠤᠭᠰᠠᠨ ᠪᠠᠢ᠌ᠪᠠᠯ ᠦᠨᠡᠨ ᠪᠣᠳᠠᠲᠠᠢ ᠤᠪᠤᠭ ᠨᠡᠷ᠎ᠡ ᠪᠠ ᠬᠠᠷᠢᠯᠴᠠᠬᠤ ᠠᠷᠭ᠎ᠠ ᠮᠠᠶᠢᠭ ᠵᠶ᠋ᠠᠨ ᠲᠣᠳᠣᠷᠬᠠᠢ ᠪᠢᠴᠢᠬᠦ ᠬᠡᠷᠡᠭᠲᠡᠢ ᠃
ᠬᠠᠷᠢᠯᠴᠠᠬᠤ ᠤᠲᠠᠰᠤ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ ᠭᠠᠵᠠᠷ 0471 - 6328603
ᠬᠢᠨᠠᠯᠲᠠ ᠲᠠᠯᠪᠢᠵᠤ ᠦᠨᠡᠯᠡᠨ ᠵᠢᠱ᠌ᠢᠬᠦ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠭᠠᠵᠠᠷ 0471-6328622
ᠳᠠᠭ᠋ᠠᠯᠳᠤᠭᠤᠯᠤᠯ᠄ 2025 ᠣᠨ᠎ᠤ 《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠤᠰᠬᠠᠶ ᠲᠠᠪᠴᠠᠩ》᠎ᠤᠨ ᠵᠠᠬ᠎ᠠ ᠳᠡᠯᠭᠡᠭᠦᠷ᠎ᠲᠤ ᠭᠠᠷᠬᠤ ᠳᠠᠪᠬᠤᠷᠭ᠎ᠠ᠂ ᠰᠢᠯᠢᠳᠡᠭ᠎ᠢ ᠰᠣᠩᠭᠣᠬᠤ ᠳᠠᠪᠬᠤᠷᠭ᠎ᠠ ᠵᠢᠨ ᠫᠠᠢ᠌ᠰᠠ ᠡᠯᠭᠦᠭᠰᠡᠨ ᠠᠵᠤ ᠠᠬᠤᠢ᠌ᠯᠠᠯ ᠱᠠᠩᠨᠠᠵᠤ ᠨᠥᠬᠥᠪᠥᠷᠢᠯᠡᠬᠦ᠎ᠪᠠᠷ ᠪᠠᠢ᠌ᠭ᠎ᠠ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2025 ᠣᠨ᠎ᠤ 4 ᠰᠠᠷ᠎ᠠ ᠵᠢᠨ 9᠎ᠤ ᠡᠳᠦᠷ