ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠪᠢᠴᠢᠭ ᠮᠠᠲ᠋ᠧᠷᠢᠶᠠᠯ
ᠨᠠᠮ᠎ᠤᠨ ᠲᠥᠪ ᠬᠣᠷᠢᠢ᠎ᠠ ᠲᠦᠷᠦ ᠵᠢᠨ ᠶᠠᠪᠤᠳᠠᠯ᠎ᠤᠨ ᠬᠣᠷᠢᠢ᠎ᠠ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠦᠳᠦᠭᠡᠨ ᠪᠠᠢ᠌ᠭᠤᠯᠤᠯᠲᠠ ᠵᠢᠨ ᠬᠥᠲᠥᠯᠪᠦᠷᠢ (2021 -2035 ᠣᠨ)》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2021-09-29

        ᠣᠢ᠌ᠷ᠎ᠠ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠥᠲᠥᠭᠡᠨ ᠪᠠᠢ᠌ᠭᠤᠯᠤᠯᠲᠠ ᠵᠢᠨ ᠬᠥᠲᠥᠯᠪᠦᠷᠢ (2021-2035 ᠣᠨ)》 ᠵᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ  ᠃
     《ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠬᠥᠲᠥᠯᠪᠦᠷᠢ (2021-2035 ᠣᠨ)》 ᠵᠢᠨ ᠭᠣᠤᠯ ᠠᠭᠤᠯᠭ᠎ᠠ᠎ᠨᠢ ᠳᠣᠤᠷᠠᠬᠢ ᠮᠡᠲᠦ  ᠃
      ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ ᠪᠠ ᠦᠢ᠍ᠯᠡᠴᠢᠯᠡᠬᠦ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ᠎ᠳᠠᠬᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳᠦᠷᠢᠮ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠤᠰᠠᠳᠠ᠂ ᠲᠤᠰ ᠬᠥᠲᠥᠯᠪᠦᠷᠢ ᠵᠢ ᠲᠣᠭᠲᠠᠭ᠋ᠠᠪᠠ  ᠃

        ᠨᠢᠭᠡ᠂ ᠪᠠᠢ᠌ᠯᠳᠤᠬᠤ ᠪᠤᠳᠤᠯᠭ᠎ᠠ ᠵᠢᠨ ᠣᠷᠴᠢᠨ ᠨᠦᠬᠦᠴᠡᠯ
        ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠡᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠦᠢᠯᠡᠰ᠎ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠤᠯᠢ ᠲᠣᠭᠲᠠᠭ᠋ᠠᠯ ᠳᠦᠷᠢᠮ᠎ᠤᠨ ᠰᠢᠰᠲ᠋ᠧᠮᠵᠢ ᠠᠯᠬᠤᠮ ᠠᠯᠬᠤᠮ ᠵᠶ᠋ᠠᠷ   ᠲᠡᠭᠦᠯᠳᠡᠷᠵᠢᠵᠦ᠂ ᠭᠣᠣᠯᠯᠠᠬᠤ ᠲᠤᠰᠬᠠᠶ ᠠᠰᠢᠭ᠂ ᠨᠠᠷᠠᠲᠤ ᠲᠡᠮᠳᠡᠭ᠂ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠬᠦ ᠡᠷᠬᠡ᠂ ᠰᠢᠯᠢᠳᠡᠭ ᠤᠷᠭᠤᠮᠠᠯ᠎ᠤᠨ ᠰᠢᠨ᠎ᠡ ᠡᠭᠦᠯᠳᠡᠷ᠂ ᠴᠢᠨᠠᠷ ᠰᠠᠢ᠌ᠲᠠᠶ ᠭᠠᠵᠠᠷ ᠵᠦᠢ ᠵᠢᠨ ᠲᠡᠮᠳᠡᠭ᠂ ᠥᠨᠳᠥᠷ ᠲᠦᠪᠰᠢᠨ ᠪᠥᠬᠥᠶ ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠲᠠᠷᠬᠠᠯᠲᠠ ᠵᠢᠨ ᠵᠢᠷᠤᠭ ᠲᠦᠯᠦᠪᠯᠡᠭᠡ ᠵᠡᠷᠭᠡ ᠥᠨᠳᠥᠷ ᠥᠷᠲᠡᠭᠲᠦ ᠮᠡᠳᠡᠯᠭᠡ ᠵᠢᠨ ᠦᠮᠴᠢᠯᠠᠯ᠎ᠤᠨ ᠡᠷᠬᠡ ᠵᠢ ᠡᠳ᠋ᠯᠡᠬᠦ ᠬᠡᠮᠵᠢᠶ᠎ᠡ ᠶᠡᠬᠡ᠎ᠪᠠᠷ ᠨᠡᠮᠡᠭᠳᠡᠨ᠂ ᠬᠤᠳᠠᠯᠳᠤᠭ᠋ᠠᠨ᠎ᠤ ᠨᠢᠭᠤᠴᠠ ᠵᠢᠨ ᠬᠠᠮᠠᠭ᠋ᠠᠯᠠᠯᠲᠠ ᠲᠠᠰᠤᠷᠠᠯᠲᠠ ᠦᠭᠡᠢ ᠴᠢᠭ᠌ᠭ᠋ᠠᠳᠴᠣ᠂ ᠤᠳᠤᠮᠯᠠᠯ᠎ᠤᠨ ᠡᠬᠢ ᠪᠠᠶᠠᠯᠢᠭ᠂ ᠤᠯᠠᠮᠵᠢᠯᠠᠯᠲᠤ ᠮᠡᠳᠡᠯᠭᠡ ᠪᠠ ᠠᠷᠠᠳ᠎ᠤᠨ ᠤᠳᠬ᠎ᠠ ᠤᠷᠠᠯᠢᠭ᠎ᠤᠨ ᠠᠰᠢᠭᠯᠠᠯᠲᠠ ᠵᠢᠨ ᠬᠢᠷᠢ ᠲᠦᠪᠰᠢᠨ ᠲᠣᠭᠲᠠᠭᠤᠨ ᠵᠶ᠋ᠠᠷ   ᠳᠡᠭᠡᠭᠰᠢᠯᠡᠨ᠂ ᠮᠡᠳᠡᠯᠭᠡ ᠵᠢᠨ ᠦᠮᠴᠢᠯᠠᠯ᠎ᠤᠨ ᠡᠷᠬᠡ   ᠵᠢᠨ ᠬᠠᠮᠠᠭ᠋ᠠᠯᠠᠯᠲᠠ ᠵᠢᠨ ᠦᠷ᠎ᠡ ᠪᠦᠲᠦᠮᠵᠢ᠂ ᠬᠡᠷᠡᠭᠯᠡᠭᠡᠨ᠎ᠤ ᠦᠷ᠎ᠡ ᠠᠰᠢᠭ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠵᠦ᠂ ᠪᠦᠬᠦ ᠨᠡᠢ᠌ᠭᠡᠮ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠦᠵᠡᠯ ᠤᠬᠠᠮᠰᠠᠷ   ᠴᠣ᠌ ᠶᠡᠬᠡᠪᠡᠷ ᠳᠡᠭᠡᠭᠰᠢᠯᠡᠵᠦ᠂ ᠨᠢᠭᠡ ᠪᠦᠯᠦᠭ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠥᠷᠢᠰᠦᠯᠳᠦᠬᠦ ᠬᠦᠴᠦᠨ ᠵᠶ᠋ᠡᠷ ᠴᠢᠩᠭ᠎ᠠ ᠵᠠᠬ᠎ᠠ ᠳᠡᠯᠭᠡᠭᠦᠷ᠎ᠤᠨ ᠭᠣᠤᠯ ᠴᠣᠭᠴᠠ ᠴᠣᠯᠭᠣᠷᠠᠨ   ᠭᠠᠷᠴᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠥᠭᠵᠢᠯᠲᠡ ᠵᠢᠨ ᠵᠠᠮ᠎ᠢ ᠨᠡᠭᠡᠭᠡᠨ᠂ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ᠎ᠤᠨ ᠪᠦᠲᠦᠭᠡᠨ ᠪᠠᠢ᠌ᠭᠤᠯᠤᠯᠲᠠ ᠪᠠ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠬᠠᠷᠠᠯᠲᠠ ᠵᠢᠨ ᠪᠡᠶᠡᠯᠡᠭᠳᠡᠬᠦ ᠵᠢ ᠬᠦᠴᠦᠲᠡᠶ   ᠪᠠᠲᠣᠯᠠᠪᠠ  ᠃
      ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠦ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠣᠯ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ ᠵᠢᠨ ᠵᠠᠢ᠌ᠯᠠᠰᠢ ᠥᠬᠡᠶ ᠱᠠᠭ᠋ᠠᠷᠳᠠᠯᠭ᠎ᠠ ᠮᠥᠨ᠂ ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠥᠲᠥᠯᠦᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠡᠬᠢ ᠪᠠᠶᠠᠯᠢᠭ ᠪᠠ ᠣᠯᠠᠨ ᠤᠯᠤᠰ᠎ᠤᠨ ᠥᠷᠢᠰᠦᠯᠳᠦᠬᠦ ᠬᠦᠴᠦᠨ᠎ᠤ ᠭᠣᠤᠯᠯᠠᠬᠤ ᠬᠦᠴᠦᠨ ᠵᠦᠢᠯ ᠪᠣᠯᠬᠤ ᠦᠢᠯᠡᠳᠦᠯ ᠨᠠᠩ ᠲᠣᠪᠣᠢ᠌ᠮ᠎ᠠ ᠪᠣᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠤᠳᠤᠯᠭ᠎ᠠ ᠵᠢ   ᠬᠡᠷᠡᠭᠵᠢᠭᠦᠯᠵᠦ᠂   ᠰᠢᠨ᠎ᠡ ᠮᠡᠷᠭᠡᠵᠢᠯ᠂ ᠰᠢᠨ᠎ᠡ ᠠᠵᠤ ᠠᠬᠤᠶ᠂ ᠰᠢᠨ᠎ᠡ ᠪᠠᠢ᠌ᠳᠠᠯ   ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠦᠷᠢᠮ᠎ᠤᠨ ᠬᠤᠪᠢᠰᠤᠯᠲᠠ᠎ᠳᠤ ᠳᠤᠷᠠᠳᠤᠭᠰᠠᠨ ᠥᠷᠢᠰᠥᠯᠳᠦᠭᠡᠨ᠎ᠳᠤ ᠬᠠᠷᠢᠭᠣᠯᠲᠠ ᠦᠭᠴᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠥᠭᠡᠷᠡᠴᠢᠯᠡᠯᠲᠡ ᠬᠥᠭᠵᠢᠯᠲᠡ ᠵᠢ ᠲᠦᠷᠭᠡᠳᠬᠡᠨ   ᠠᠬᠢᠭᠤᠯᠵᠦ᠂ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠎ᠢ ᠰᠠᠢ᠌ᠲᠤᠷ   ᠵᠤᠬᠢᠴᠠᠭᠣᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ᠂ ᠵᠢᠴᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠭ᠎ᠠ ᠬᠡᠮᠵᠢᠶ᠎ᠡ ᠪᠠ ᠶᠠᠰᠤ ᠴᠢᠨᠠᠷ᠂ ᠬᠡᠷᠡᠭᠴᠡᠭᠡ ᠬᠢᠭᠡᠳ ᠬᠠᠩᠭ᠋ᠠᠯᠭ᠎ᠠ ᠵᠢᠨ ᠬᠠᠮᠲᠤᠷᠠᠨ ᠬᠥᠳᠡᠯᠦᠯᠴᠡᠬᠦ ᠬᠠᠷᠢᠴᠠᠭ᠎ᠠ ᠵᠢ ᠰᠠᠢ᠌ᠲᠤᠷ   ᠵᠣᠬᠢᠴᠠᠭᠤᠯᠵᠦ  ᠂ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠶᠡᠬᠡᠪᠡᠷ   ᠬᠦᠭᠵᠢᠭᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ᠂ ᠳᠡᠯᠡᠬᠡᠶ ᠵᠢᠨ ᠬᠢᠷᠢ ᠲᠦᠪᠰᠢᠨ ᠪᠦᠬᠦᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠵᠦ᠂ ᠤᠯᠤᠰ᠎ᠤᠨ ᠭᠣᠤᠯ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ   ᠦᠷᠭᠡᠳᠬᠡᠬᠦ᠂ ᠨᠡᠩ ᠥᠨᠳᠥᠷ ᠶᠠᠰᠤ ᠴᠢᠨᠠᠷ  ᠂ ᠨᠠᠩ ᠠᠰᠢᠭᠯᠠᠮᠵᠢ᠎ᠲᠠᠢ᠂ ᠨᠡᠩ ᠭᠣᠣᠯᠴᠢ᠂ ᠨᠠᠩ ᠲᠣᠭᠲᠠᠪᠦᠷᠢᠲᠠᠢ᠂ ᠨᠠᠩ ᠠᠮᠤᠷ ᠲᠦᠪᠰᠢᠨ ᠬᠥᠭᠵᠢᠯᠲᠡ᠎ᠢ   ᠪᠡᠶᠡᠯᠡᠭᠦᠯᠵᠦ  ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠭ᠌ᠭ᠋ᠠᠬᠤ  ᠎ᠳᠤ ᠴᠢᠬᠤᠯᠠ ᠠᠴᠢ ᠬᠣᠯᠪᠣᠭᠳᠠᠯ᠎ᠲᠠᠢ  ᠃

        ᠬᠣᠶᠠᠷ᠂ ᠶᠡᠷᠦᠩᠬᠡᠢ ᠱᠠᠭ᠋ᠠᠷᠳᠠᠯᠭ᠎ᠠ
     (ᠨᠢᠭᠡ) ᠵᠢᠯᠣᠭᠣᠳᠬᠤ ᠦᠵᠡᠯ ᠰᠠᠨᠠᠭ᠎ᠠ  ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠣᠳᠣᠯᠭ᠎ᠠ ᠪᠤᠯᠭ᠋ᠠᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠢ ᠪᠥᠬᠥ ᠲᠠᠯ᠎ᠠ᠎ᠪᠠᠷ ᠲᠤᠭᠤᠰᠢᠯᠠᠭᠤᠯᠵᠦ᠂《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠢ᠌ᠷᠢᠯᠠᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ 《ᠳᠥᠷᠪᠡᠨ ᠪᠥᠬᠥ ᠲᠠᠯ᠎ᠠ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠵᠣᠬᠢᠴᠠᠩᠭᠤᠶ ᠠᠬᠢᠭᠤᠯᠬᠤ᠎ᠲᠠᠢ ᠤᠶᠠᠯᠳᠤᠭᠤᠯᠵᠦ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ   ᠪᠠᠷᠢᠮᠲᠠᠯᠠᠨ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠪᠠᠷ ᠭᠣᠤᠯ ᠰᠡᠳᠦᠪ ᠪᠤᠯᠭ᠋ᠠᠵᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠭᠣᠣᠯ ᠰᠢᠵᠢᠮ ᠪᠤᠯᠭ᠋ᠠᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠦᠨᠳᠦᠰᠦᠨ ᠬᠥᠳᠡᠯᠭᠡᠬᠦ ᠬᠦᠴᠦᠨ ᠪᠤᠯᠭ᠋ᠠᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ   ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠦᠨᠳᠦᠰᠦᠨ ᠵᠣᠷᠢᠯᠭ᠎ᠠ ᠪᠤᠯᠭ᠋ᠠᠵᠦ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠪᠠᠲᠤ ᠡᠵᠡᠮᠳᠡᠬᠦ   ᠪᠣᠯ ᠦᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠲᠦᠷᠢᠮ᠎ᠢ ᠲᠡᠭᠦᠯᠳᠡᠷᠵᠢᠭᠦᠯᠬᠦ ᠵᠢᠨ ᠬᠠᠮᠤᠭ᠎ᠤᠨ ᠴᠢᠬᠤᠯᠠ ᠠᠭᠤᠯᠭ᠎ᠠ ᠪᠣᠯᠬᠤ ᠪᠥᠭᠡᠳ ᠤᠯᠤᠰ᠎ᠤᠨ ᠠᠵᠤ ᠠᠬᠤᠢ ᠵᠢᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠢᠨ ᠬᠠᠮᠤᠭ᠎ᠤᠨ ᠶᠡᠬᠡ ᠤᠷᠮᠠᠰᠢᠭᠤᠯᠤᠯ ᠪᠤᠯᠭ᠋ᠠᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ   ᠡᠭᠦᠳᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ ᠪᠠ ᠦᠢᠯᠡᠴᠢᠯᠡᠬᠦ ᠪᠥᠬᠥ ᠬᠡᠯᠬᠢᠶ᠎ᠡ ᠵᠢ ᠨᠡᠪᠲᠡᠷᠡᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠨᠡᠩ ᠶᠡᠬᠡ ᠡᠷᠴᠢᠮ ᠵᠶ᠋ᠡᠷ   ᠴᠢᠭ᠌ᠭ᠋ᠠᠳᠬᠠᠵᠤ᠂ ᠳᠦᠷᠢᠮ ᠲᠡᠭᠦᠯᠳᠡᠷ᠂ ᠬᠠᠮᠠᠭ᠋ᠠᠯᠠᠯᠲᠠ ᠴᠢᠩᠭ᠎ᠠ᠂ ᠠᠵᠢᠯᠯᠠᠭ᠋ᠠᠨ ᠥᠨᠳᠥᠷ ᠪᠦᠲᠦᠮᠵᠢᠲᠡᠶ᠂ ᠦᠢᠯᠡᠴᠢᠯᠡᠭᠡ ᠳᠥᠭᠥᠮ ᠳᠥᠲᠡ᠂ ᠰᠣᠶᠣᠯ ᠤᠬᠠᠮᠰᠠᠷ᠎ᠠᠴᠠ᠎ᠪᠠᠨ᠂ ᠨᠡᠭᠡᠭᠡᠯᠲᠡ ᠬᠢᠵᠦ ᠬᠠᠮᠲᠤ᠎ᠪᠠᠷ ᠠᠰᠢᠭ ᠬᠦᠷᠲᠡᠭᠰᠡᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠵᠦ᠂ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ ᠪᠠ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠨ᠎ᠠ  ᠃
      (ᠬᠣᠶᠠᠷ) ᠠᠵᠢᠯ᠎ᠤᠨ ᠵᠠᠷᠴᠢᠮ  
      ——ᠬᠠᠤᠯᠢᠵᠢᠯ᠎ᠤᠨ ᠪᠠᠲᠤᠯᠠᠭ᠎ᠠ᠂ ᠴᠢᠩᠭ᠎ᠠ ᠬᠠᠮᠠᠭ᠋ᠠᠯᠠᠯᠲᠠ  ᠃ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠵᠢ ᠨᠠᠢ᠌ᠳᠠᠪᠤᠷᠢᠵᠢᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠤᠯᠢ ᠶᠣᠰᠣᠭ᠋ᠠᠷ ᠴᠢᠩᠭ᠎ᠠ ᠬᠠᠮᠠᠭ᠋ᠠᠯᠠᠵᠤ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠪᠣᠯᠤᠨ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ  ᠃
     ——ᠥᠭᠡᠷᠡᠴᠢᠯᠡᠯᠲᠡ᠎ᠪᠠᠷ ᠬᠥᠳᠡᠯᠭᠡᠭᠦᠷ ᠪᠣᠯᠭ᠋ᠠᠵᠤ᠂ ᠶᠠᠰᠤ ᠴᠢᠨᠠᠷ   ᠵᠶ᠋ᠠᠷ ᠬᠥᠲᠥᠯᠥᠨ ᠳᠠᠭ᠋ᠠᠭᠤᠯᠤᠨ᠎ᠠ  ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠨᠠᠩ ᠲᠡᠭᠦᠯᠳᠡᠷᠵᠢᠭᠰᠡᠨ ᠪᠠᠢ᠌ᠭᠤᠯᠤᠮᠵᠢ ᠲᠣᠭᠲᠠᠴᠠ ᠵᠢ ᠪᠠᠢ᠌ᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠦᠷᠢᠮ᠎ᠤᠨ ᠰᠢᠨ᠎ᠡ ᠵᠢ ᠡᠭᠦᠳᠬᠦ ᠵᠢ ᠤᠷᠮᠠᠰᠢᠭᠤᠯᠬᠤ ᠦᠨᠳᠦᠰᠦᠨ ᠪᠠᠲᠤᠯᠠᠭ᠎ᠠ ᠵᠢᠨ ᠦᠢᠯᠡᠳᠦᠯ᠎ᠢ ᠨᠠᠩ ᠰᠠᠢ᠌ᠲᠤᠷ ᠪᠠᠳᠠᠷᠠᠭᠤᠯᠵᠤ᠂ ᠴᠢᠨᠠᠷ ᠰᠠᠢ᠌ᠲᠠᠶ ᠬᠥᠭᠵᠢᠯᠲᠡ᠎ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠬᠠᠩᠭ᠋ᠠᠨ᠎ᠠ  ᠃
    ——ᠭᠣᠤᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ  ᠃ ᠪᠠᠢ᠌ᠯᠳᠤᠬᠤ ᠪᠤᠳᠤᠯᠭ᠎ᠠ᠎ᠪᠠᠷ ᠬᠥᠳᠤᠯᠤᠨ ᠳᠠᠭ᠋ᠠᠭᠤᠯᠬᠤ᠂ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ᠂ ᠭᠣᠣᠯᠳᠠᠯᠭ᠎ᠠ᠎ᠲᠠᠢ ᠬᠦᠷᠢᠢ᠎ᠡ ᠪᠠ ᠴᠢᠬᠤᠯᠠ ᠶᠡᠬᠡ ᠬᠡᠷᠡᠭᠴᠡᠭᠡ ᠵᠢ ᠲᠤᠪᠤᠢ᠍ᠢ᠍ᠯᠭ᠋ᠠᠨ᠂ ᠮᠡᠳᠡᠯᠭᠡ ᠵᠢᠨ ᠦᠮᠴᠢᠯᠠᠯ᠎ᠤᠨ ᠡᠷᠬᠡ ᠬᠢᠭᠡᠳ ᠠᠵᠤ ᠠᠬᠤᠢ᠂ ᠰᠢᠨᠵᠢᠯᠡᠬᠦ ᠤᠬᠠᠭ᠋ᠠᠨ ᠮᠡᠷᠭᠡᠵᠢᠯ᠂ ᠰᠣᠶᠣᠯ᠂ ᠨᠡᠢ᠌ᠭᠡᠮ ᠵᠡᠷᠭᠡ ᠡᠯ᠎ᠡ ᠲᠠᠯ᠎ᠠ ᠵᠢᠨ ᠭᠦᠨᠵᠡᠭᠡᠢ ᠠᠭᠤᠰᠤᠯᠳᠤᠨ ᠬᠥᠭᠵᠢᠬᠦ ᠵᠢ ᠲᠦᠯᠬᠢᠨ ᠠᠬᠢᠭᠤᠯᠤᠨ᠎ᠠ  ᠃
     ——ᠰᠢᠨᠵᠢᠯᠡᠬᠦ ᠤᠬᠠᠭ᠋ᠠᠨᠴᠢ᠎ᠪᠠᠷ ᠵᠠᠰᠠᠵᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠬᠦᠷᠲᠡᠬᠦ  ᠃ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠳᠡᠯᠡᠬᠡᠶ ᠨᠡᠢ᠌ᠲᠡ ᠵᠢᠨ ᠬᠠᠷᠠᠭ᠎ᠠ᠎ᠠᠴᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠥᠭᠡᠷᠡᠴᠢᠯᠡᠯᠲᠡ ᠬᠥᠭᠵᠢᠯᠲᠡ ᠵᠢ ᠲᠥᠯᠥᠪᠵᠢᠭᠦᠯᠦᠨ ᠠᠬᠢᠭᠤᠯᠵᠤ᠂ ᠨᠡᠭᠡᠭᠡᠯᠲᠡᠲᠡᠢ ᠪᠠᠭᠲᠠᠭ᠋ᠠᠮᠵᠢᠲᠠᠢ᠂ ᠲᠡᠩᠴᠡᠭᠦᠷᠢᠲᠡᠢ ᠲᠦᠭᠡᠮᠡᠯ ᠠᠰᠢᠭ ᠬᠦᠷᠲᠡᠭᠡᠬᠦ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠯᠠᠨ ᠤᠯᠤᠰ᠎ᠤᠨ ᠲᠦᠷᠢᠮ᠎ᠢ ᠪᠠᠢ᠌ᠭᠤᠯᠬᠤ ᠵᠢ ᠠᠬᠢᠭᠤᠯᠵᠤ᠂ ᠰᠢᠨ᠎ᠡ ᠵᠢ ᠡᠭᠦᠳᠬᠦ᠎ᠪᠠᠷ ᠡᠯ᠎ᠡ ᠤᠯᠤᠰ᠎ᠤᠨ ᠠᠷᠠᠳ ᠲᠦᠮᠡᠨ᠎ᠳᠤ ᠨᠡᠩ ᠤᠯᠠᠨ ᠠᠰᠢᠭ ᠬᠦᠷᠲᠡᠭᠡᠨ᠎ᠡ  ᠃
      (ᠭᠤᠷᠪᠠ) ᠬᠥᠭᠵᠢᠯᠲᠡ ᠵᠢᠨ ᠬᠠᠷᠠᠯᠲᠠ  
    2025 ᠣᠨ ᠪᠣᠯᠬᠤ᠎ᠳᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠥᠲᠥᠭᠡᠨ ᠪᠠᠢ᠌ᠭᠤᠯᠤᠯᠲᠠ᠎ᠳᠤ ᠢᠯᠡᠳᠲᠡ ᠦᠷ᠎ᠡ ᠪᠦᠲᠦᠮᠵᠢ ᠣᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠠᠭ᠋ᠠᠯᠠᠯᠲᠠ ᠵᠢ ᠨᠠᠩ ᠴᠢᠩᠭ᠎ᠠ ᠪᠣᠯᠭ᠋ᠠᠵᠤ᠂ ᠨᠡᠢ᠌ᠭᠡᠮ᠎ᠤᠨ ᠬᠠᠨᠤᠮᠵᠢ ᠵᠢᠨ ᠬᠡᠮᠵᠢᠶ᠎ᠡ ᠵᠢ ᠨᠡᠯᠢᠶᠡᠳ ᠥᠨᠳᠥᠷ ᠬᠢᠷᠢ ᠲᠦᠪᠰᠢᠨ᠎ᠳᠤ ᠬᠦᠷᠭᠡᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠦᠨ᠎ᠡ ᠥᠷᠲᠡᠭ᠎ᠢ ᠤᠯᠠᠮ ᠨᠢᠭᠡ ᠠᠯᠬᠤᠮ ᠲᠣᠪᠣᠢ᠌ᠮ᠎ᠠ ᠪᠣᠯᠭ᠋ᠠᠵᠤ᠂ ᠨᠠᠷᠠᠲᠤ ᠲᠠᠸᠠᠷ᠎ᠤᠨ ᠲᠡᠮᠳᠡᠭᠲᠦ ᠵᠢᠨ ᠥᠷᠢᠰᠥᠯᠳᠦᠬᠦ ᠬᠦᠴᠦᠨ᠎ᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠵᠦ᠂ ᠲᠤᠰᠬᠠᠶ ᠠᠰᠢᠭ ᠲᠥᠪᠯᠡᠷᠡᠭᠰᠡᠨ ᠬᠡᠯᠪᠡᠷᠢ ᠵᠢᠨ ᠠᠵᠤ ᠦᠢᠯᠡᠰ᠎ᠤᠨ ᠨᠡᠮᠡᠭᠳᠡᠯ ᠥᠷᠲᠡᠭ᠎ᠤᠨ GDP᠎ᠳᠤ ᠡᠵᠡᠯᠡᠬᠦ ᠬᠤᠪᠢ ᠵᠢᠨ ᠵᠢᠩ᠎ᠢ 13 %᠎ᠳᠤ ᠬᠦᠷᠦᠭᠦᠯᠵᠦ᠂ ᠬᠡᠪᠯᠡᠯ᠎ᠤᠨ ᠡᠷᠬᠡ ᠵᠢᠨ ᠠᠵᠤ ᠦᠢᠯᠡᠰ᠎ᠤᠨ ᠨᠡᠮᠡᠭᠳᠡᠯ ᠥᠷᠲᠡᠭ᠎ᠤᠨ GDP᠎ᠳᠤ ᠡᠵᠡᠯᠡᠬᠦ ᠬᠤᠪᠢ ᠵᠢᠨ ᠵᠢᠩ᠎ᠢ 7 . 5 %᠎ᠳᠤ ᠬᠦᠷᠦᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠡᠷᠡᠭᠯᠡᠬᠦ ᠵᠠᠷᠤᠳᠠᠯ᠎ᠤᠨ ᠵᠢᠯ᠎ᠤᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠶᠡᠷᠦᠩᠬᠡᠶ ᠲᠣᠭ᠎ᠠ ᠵᠢ 3500 ᠳ᠋ᠦᠩᠰᠢᠭᠤᠷ ᠲᠥᠭᠥᠷᠢᠭ᠎ᠲᠤ ᠬᠦᠷᠦᠭᠦᠯᠵᠦ᠂ ᠲᠦᠮᠡᠨ ᠬᠥᠮᠦᠨ ᠠᠮᠠ ᠨᠢᠭᠡᠪᠦᠷᠢ ᠵᠢᠨ ᠥᠨᠳᠥᠷ ᠥᠷᠲᠡᠭ᠎ᠲᠠᠢ ᠡᠭᠦᠳᠦᠯᠲᠡ ᠵᠢᠨ ᠲᠤᠰᠬᠠᠶ ᠠᠰᠢᠭ᠎ᠤᠨ ᠡᠵᠡᠮᠳᠡᠬᠦ ᠬᠡᠮᠵᠢᠶ᠎ᠡ ᠵᠢ 12 ᠵᠦᠢᠯ᠎ᠳᠤ ᠬᠦᠷᠦᠭᠦᠯᠦᠨ᠎ᠡ (ᠳᠡᠭᠡᠷ᠎ᠡ ᠳᠤᠷᠠᠳᠤᠭᠰᠠᠨ ᠭᠦᠢ᠍ᠴᠡᠳᠬᠡᠯ ᠲᠣᠭ᠎ᠠ ᠪᠣᠯ ᠴᠥᠮ ᠵᠢᠱ᠌ᠢᠯᠲᠡ ᠵᠢᠨ ᠴᠢᠨᠠᠷᠲᠠᠢ ᠭᠦᠢ᠍ᠴᠡᠳᠬᠡᠯ ᠲᠣᠭ᠎ᠠ ᠮᠥᠨ)  ᠃
      2035 ᠣᠨ ᠪᠣᠯᠬᠤ᠎ᠳᠤ᠂ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠶᠡᠷᠦᠩᠬᠡᠢ᠌ᠯᠡᠭᠰᠡᠨ ᠥᠷᠢᠰᠥᠯᠳᠦᠬᠦ ᠬᠦᠴᠦᠨ᠎ᠢ ᠳᠡᠯᠡᠬᠡᠶ ᠵᠢᠨ ᠡᠮᠦᠨ᠎ᠡ ᠡᠩᠨᠡᠭᠡᠨ᠎ᠳᠤ ᠣᠷᠣᠭᠤᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ᠎ᠨᠢ ᠰᠢᠨ᠎ᠡ ᠵᠢ ᠡᠭᠦᠳᠬᠦ ᠪᠠ ᠠᠳᠠᠯ ᠦᠢᠯᠡᠰ ᠴᠣᠭᠴᠠᠯᠠᠬᠤ ᠵᠢᠨ ᠥᠷᠨᠢᠩᠭᠦᠶ ᠬᠥᠭᠵᠢᠯᠲᠡ ᠵᠢ ᠠᠬᠢᠭᠤᠯᠵᠤ᠂ ᠪᠥᠬᠥ ᠨᠡᠢ᠌ᠭᠡᠮ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠣᠶᠣᠯ᠎ᠢ ᠤᠬᠠᠮᠰᠠᠷ᠎ᠠᠴᠠ᠎ᠪᠠᠨ ᠦᠨᠳᠦᠰᠦᠨ᠎ᠳᠡᠭᠡᠨ ᠪᠦᠷᠢᠯᠳᠦᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠥᠬᠥ ᠪᠥᠮᠪᠥᠷᠴᠡᠭ᠎ᠤᠨ ᠵᠠᠰᠠᠯᠲᠠ᠎ᠳᠤ ᠪᠥᠬᠥ ᠲᠠᠯ᠎ᠠ᠎ᠪᠠᠷ᠂ ᠣᠯᠠᠨ ᠲᠠᠰ ᠳᠠᠪᠬᠤᠷᠭ᠎ᠠ᠎ᠪᠠᠷ ᠣᠷᠣᠯᠴᠠᠭᠰᠠᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠪᠠᠢ᠌ᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠥᠬᠥᠶ᠂ ᠳᠡᠯᠡᠬᠡᠶ ᠵᠢᠨ ᠬᠢᠷᠢ ᠲᠦᠪᠰᠢᠨ ᠪᠥᠬᠥᠶ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠤᠯᠤᠰ᠎ᠢ ᠦᠨᠳᠦᠰᠦᠨ᠎ᠳᠡᠭᠡᠨ ᠪᠠᠢ᠌ᠭᠤᠯᠤᠨ᠎ᠠ  ᠃

      ᠭᠤᠷᠪᠠ᠂ ᠨᠡᠢ᠌ᠭᠡᠮ ᠵᠢᠷᠤᠮ᠎ᠤᠨ ᠣᠳᠣᠬᠢᠴᠢᠯᠠᠯᠲᠠ᠎ᠳᠤ ᠬᠠᠨᠳᠤᠭᠤᠯᠤᠭᠰᠠᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠦᠷᠢᠮ  ᠎ᠢ ᠪᠠᠢ᠌ᠭᠤᠯᠬᠤ ᠬᠡᠷᠡᠭᠲᠡᠢ  

    (ᠲᠦᠷᠪᠡ) ᠲᠦᠷᠦᠯ ᠵᠦᠢ᠍ᠯ ᠪᠦᠷᠢᠨ᠂ ᠪᠦᠲᠦᠴᠡ ᠨᠢᠭᠲᠠ ᠴᠢᠩᠭ᠎ᠠ᠂ ᠳᠣᠲᠣᠭ᠋ᠠᠳᠤ ᠭᠠᠳᠠᠭ᠋ᠠᠳᠤ ᠵᠣᠬᠢᠴᠠᠯᠳᠤᠭᠰᠠᠨ ᠬᠠᠤᠯᠢ ᠴᠠᠭ᠋ᠠᠵᠠ ᠵᠢᠨ ᠰᠢᠰᠲ᠋ᠧᠮ᠎ᠢ ᠪᠠᠢ᠌ᠭᠤᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠠᠭᠤᠷᠢ ᠴᠢᠨᠠᠷᠲᠠᠢ ᠬᠠᠤᠯᠢ ᠴᠠᠭ᠋ᠠᠵᠠ ᠵᠢᠨ ᠰᠤᠳᠤᠯᠭ᠋ᠠᠨ᠎ᠢ ᠥᠷᠨᠢᠭᠦᠯᠵᠦ᠂ ᠲᠤᠰᠬᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠣᠭᠣᠷᠣᠨᠳᠣᠬᠢ ᠵᠣᠯᠭ᠋ᠠᠯᠳᠤᠯ᠎ᠢ ᠰᠠᠢ᠌ᠲᠤᠷ ᠬᠢᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠡᠷᠡᠭᠯᠡᠭᠡᠨ᠎ᠤ ᠴᠢᠨᠠᠷ ᠪᠠ ᠨᠢᠭᠡᠳᠦᠮᠡᠯ ᠴᠢᠨᠠᠷ᠎ᠢ ᠴᠢᠩᠭ᠋ᠠᠷᠠᠭᠤᠯᠤᠨ᠎ᠠ  ᠃ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠲᠤᠰᠬᠠᠶ ᠠᠰᠢᠭ᠎ᠤᠨ ᠬᠠᠤᠯᠢ᠂ ᠲᠠᠸᠠᠷ᠎ᠤᠨ ᠲᠡᠮᠳᠡᠭ᠎ᠤᠨ ᠬᠠᠤᠯᠢ᠂ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠪᠣᠯᠤᠨ ᠤᠷᠭᠤᠮᠠᠯ᠎ᠤᠨ ᠰᠢᠨ᠎ᠡ ᠲᠥᠷᠥᠯ ᠵᠦᠢᠯ᠎ᠢ ᠬᠠᠮᠠᠭ᠋ᠠᠯᠠᠬᠤ ᠲᠦᠷᠢᠮ᠎ᠳᠤ ᠴᠠᠭ ᠲᠤᠬᠠᠶ᠎ᠳᠤᠨᠢ ᠵᠠᠰᠠᠪᠤᠷᠢ ᠣᠷᠣᠭᠤᠯᠵᠤ᠂ ᠭᠠᠵᠠᠷ ᠵᠦᠶ ᠵᠢᠨ ᠲᠡᠮᠳᠡᠭ᠂ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠡᠷᠭᠡ ᠲᠤᠰᠬᠠᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠦᠪᠡᠭᠴᠢᠯᠡᠨ ᠲᠣᠭᠲᠠᠭ᠋ᠠᠵᠤ᠂ ᠲᠤᠰᠬᠠᠢ᠌ᠯᠠᠨ ᠬᠠᠮᠠᠭ᠋ᠠᠯᠠᠬᠤ ᠬᠢᠭᠡᠳ ᠲᠠᠸᠠᠷ᠎ᠤᠨ ᠲᠡᠮᠳᠡᠭ᠎ᠤᠨ ᠬᠠᠮᠠᠭ᠋ᠠᠯᠠᠯᠲᠠ ᠬᠠᠷᠢᠯᠴᠠᠨ ᠵᠣᠬᠢᠴᠠᠯᠳᠤᠭᠰᠠᠨ ᠨᠢᠭᠡᠳᠦᠯᠲᠡᠶ ᠭᠠᠵᠠᠷ ᠵᠦᠶ ᠵᠢᠨ ᠲᠡᠮᠳᠡᠭ᠎ᠢ ᠬᠠᠮᠠᠭ᠋ᠠᠯᠠᠬᠤ ᠲᠦᠷᠢᠮ᠎ᠢ ᠪᠦᠷᠢᠨᠰᠢᠬᠦᠯᠵᠦ᠂ ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠲᠠᠷᠬᠠᠯᠲᠠ ᠵᠢᠨ ᠵᠢᠷᠤᠭ᠎ᠤᠨ ᠵᠢᠷᠤᠭ ᠲᠥᠯᠥᠪᠯᠡᠭᠡ ᠵᠢᠨ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠬᠦ ᠬᠡᠷᠡᠭᠲᠡᠶ  ᠃ ᠬᠤᠳᠠᠯᠳᠤᠭ᠋ᠠᠨ᠎ᠤ ᠨᠢᠭᠤᠴᠠ ᠵᠢ ᠬᠠᠮᠠᠭ᠋ᠠᠯᠠᠬᠤ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ   ᠲᠤᠭᠲᠠᠭ᠋ᠠᠵᠦ᠂ ᠵᠠᠰᠠᠪᠤᠷᠢ ᠣᠷᠣᠭᠤᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠬᠦ ᠠᠵᠢᠯᠯᠠᠭ᠎ᠠ ᠵᠢ ᠳᠦᠷᠢᠮᠵᠢᠭᠦᠯᠬᠦ ᠬᠠᠤᠯᠢ ᠴᠠᠭ᠋ᠠᠵᠠ ᠵᠢᠨ ᠲᠦᠷᠢᠮ ᠵᠢᠴᠢ ᠮᠡᠳᠡᠯᠭᠡ ᠵᠢᠨ ᠦᠮᠴᠢᠯᠠᠯ᠎ᠤᠨ ᠡᠷᠬᠡ᠎ᠲᠠᠢ ᠬᠣᠯᠪᠣᠭᠳᠠᠬᠤ ᠮᠣᠨᠣᠫᠣᠯᠢᠴᠢᠯᠠᠯ᠎ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠵᠡᠷᠭᠡ ᠬᠦᠷᠢᠶᠡᠨ᠎ᠳᠠᠬᠢ ᠬᠠᠤᠯᠢ ᠲᠣᠭᠲᠠᠭ᠋ᠠᠯᠲᠠ ᠵᠢ   ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠬᠠᠤᠯᠢ᠎ᠳᠤ ᠵᠠᠰᠠᠪᠤᠷᠢ ᠣᠷᠤᠭᠤᠯᠤᠨ᠎ᠠ᠃ ᠬᠣᠯᠪᠣᠭᠳᠠᠯ ᠪᠦᠬᠦᠢ ᠵᠠᠷᠭᠤ ᠵᠢᠨ ᠬᠠᠤᠯᠢ᠎ᠳᠤ ᠵᠠᠰᠠᠪᠤᠷᠢ ᠣᠷᠣᠭᠤᠯᠬᠤ ᠪᠠ ᠲᠡᠭᠦᠨ᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠢᠭᠦᠨ ᠲᠠᠰᠤᠯᠬᠤ ᠵᠢᠮ᠎ᠡ ᠶᠣᠰᠣᠨ᠎ᠳᠤ ᠨᠡᠢ᠌ᠴᠡᠭᠰᠡᠨ ᠲᠤᠰᠬᠠᠢ ᠵᠢᠷᠤᠮ᠎ᠤᠨ ᠬᠠᠤᠯᠢ ᠴᠠᠭ᠋ᠠᠵᠠ ᠵᠢᠨ ᠲᠦᠷᠢᠮ᠎ᠢ ᠰᠤᠳᠤᠯᠤᠨ ᠪᠠᠢ᠌ᠭᠤᠯᠵᠤ ᠲᠡᠭᠦᠯᠳᠡᠷᠵᠢᠭᠦᠯᠦᠨ᠎ᠡ  ᠃ ᠲᠤᠮᠤ ᠳ᠋ᠠᠢ᠌ᠲ᠋ᠠ᠂ ᠵᠣᠬᠢᠶᠠᠮᠠᠯ ᠤᠶᠤᠨ ᠴᠢᠳᠠᠪᠤᠷᠢ᠂ ᠭᠧᠨ᠎ᠤ ᠮᠡᠷᠭᠡᠵᠢᠯ ᠵᠡᠷᠭᠡ ᠰᠢᠨ᠎ᠡ ᠬᠦᠷᠢᠶᠡᠨ᠎ᠳᠠᠬᠢ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠤᠯᠢ ᠲᠣᠭᠲᠠᠭ᠋ᠠᠯᠲᠠ ᠵᠢ ᠲᠦᠷᠭᠡᠳᠬᠡᠨ᠎ᠡ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠪᠣᠯᠤᠨ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠪᠠᠢ᠌ᠳᠠᠯ᠎ᠤᠨ ᠬᠡᠷᠡᠭᠴᠡᠭᠡ᠎ᠳᠤ ᠵᠣᠬᠢᠴᠠᠭᠤᠯᠤᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠣᠭᠲᠠᠭ᠋ᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠶ ᠪᠣᠯᠭ᠋ᠠᠬᠤ᠂ ᠲᠠᠢ᠌ᠯᠪᠤᠷᠢᠯᠠᠬᠤ ᠵᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠲᠦᠯᠬᠢᠨ ᠠᠬᠢᠭᠤᠯᠵᠤ᠂ ᠬᠠᠮᠠᠭ᠋ᠠᠯᠠᠬᠤ ᠪᠤᠰᠤᠳᠴᠢ ᠴᠣᠭᠴᠠ ᠵᠢᠨ ᠬᠡᠪᠴᠢᠶ᠎ᠡ ᠵᠢ ᠴᠠᠭ᠎ᠲᠤᠨᠢ ᠥᠷᠭᠡᠳᠬᠡᠨ ᠲᠣᠬᠢᠷᠠᠭᠤᠯᠵᠦ᠂ ᠬᠠᠮᠠᠭ᠋ᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ᠂ ᠡᠷᠬᠡ᠎ᠳᠤ ᠬᠠᠯᠳᠠᠭᠰᠠᠨ᠎ᠢ ᠵᠠᠯᠬᠠᠭ᠋ᠠᠨ ᠰᠢᠳᠬᠡᠬᠦ ᠴᠢᠨᠠᠷᠲᠠᠶ ᠲᠥᠯᠥᠪᠦᠷᠢ ᠵᠢᠨ ᠳᠦᠷᠢᠮ᠎ᠢ ᠪᠦᠬᠦ ᠲᠠᠯ᠎ᠠ᠎ᠪᠠᠷ ᠪᠠᠢ᠌ᠭᠤᠯᠬᠤ ᠵᠢᠨ ᠬᠠᠮᠲᠤ ᠬᠡᠷᠡᠭᠵᠢᠭᠦᠯᠵᠦ᠂ ᠬᠣᠬᠢᠷᠠᠯ᠎ᠢ ᠲᠥᠯᠥᠬᠦ ᠡᠷᠴᠢᠮ᠎ᠢ ᠨᠡᠮᠡᠭᠳᠡᠭᠦᠯᠬᠦ ᠬᠡᠷᠡᠭᠲᠡᠶ  ᠃

     (ᠲᠠᠪᠤ) ᠲᠤᠰᠢᠶᠠᠯ ᠬᠠᠷᠢᠭᠤᠴᠠᠯᠭ᠎ᠠ᠎ᠨᠢ ᠨᠢᠭᠡᠳᠦᠯᠲᠡᠢ᠂ ᠰᠢᠨᠵᠢᠯᠡᠬᠦ ᠤᠬᠠᠭ᠋ᠠᠨᠴᠢ ᠪᠥᠭᠡᠳ ᠵᠢᠷᠤᠮᠵᠢᠭᠤᠨ᠂ ᠦᠢ᠍ᠯᠡᠴᠢᠯᠡᠭᠡ᠎ᠨᠢ ᠰᠢᠯᠢᠳᠡᠭ ᠰᠠᠢ᠍ᠢ᠍ᠨ ᠬᠠᠮᠢᠶᠠᠷᠤᠯᠲᠠ ᠵᠢᠨ ᠲᠣᠭᠲᠠᠯᠴᠠᠭ᠎ᠠ᠎ᠢ ᠪᠠᠢ᠌ᠭᠤᠯᠤᠨ᠎ᠠ  ᠃ ᠬᠠᠮᠢᠶᠠᠷᠤᠯᠲᠠ ᠵᠢᠨ ᠪᠠᠢ᠌ᠭᠤᠯᠤᠯ ᠲᠣᠭᠲᠠᠴᠠ ᠵᠢ ᠦᠷᠭᠦᠯᠵᠢᠯᠡᠨ ᠰᠢᠯᠢᠳᠡᠭᠵᠢᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠤᠬᠠᠢ ᠲᠥᠪ᠎ᠤᠨ ᠬᠣᠷᠸ᠎ᠠ ᠬᠠᠮᠢᠶᠠᠷᠤᠯᠲᠠ᠂ ᠣᠷᠣᠨ ᠪᠦᠰᠡ ᠵᠢᠨ ᠵᠣᠬᠢᠴᠠᠭᠤᠯᠭ᠎ᠠ ᠪᠠ ᠭᠠᠳᠠᠭ᠋ᠠᠳᠤ᠎ᠲᠠᠢ ᠬᠣᠯᠪᠣᠭᠳᠠᠬᠤ ᠬᠡᠷᠡᠭ ᠶᠠᠪᠤᠳᠠᠯ᠎ᠢ ᠨᠢᠭᠡᠳᠦᠯᠲᠡᠢ ᠲᠥᠯᠥᠪᠯᠡᠬᠦ ᠵᠡᠷᠭᠡ ᠲᠠᠯ᠎ᠠ ᠵᠢᠨ ᠠᠵᠢᠯ ᠡᠷᠬᠡ ᠵᠢ ᠴᠢᠩᠭ᠋ᠠᠳᠬᠠᠵᠤ᠂ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ  ᠃ ᠤᠯᠤᠰ᠎ᠤᠨ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠲᠣᠭᠣᠷᠢᠨ᠎ᠳᠤ᠂ ᠣᠷᠣᠨ ᠪᠦᠰᠡ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠠᠢ᠌ᠯᠳᠤᠬᠤ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠮᠤᠵᠢ ᠬᠣᠲᠠ ᠵᠢᠨ ᠪᠥᠲᠥᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ᠂ ᠣᠷᠣᠨ ᠪᠦᠰᠡ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ  ᠃ ᠲᠡᠷᠢᠭᠦᠨ ᠵᠡᠷᠭᠡ ᠵᠢᠨ ᠲᠤᠰᠬᠠᠶ ᠠᠰᠢᠭ᠂ ᠲᠠᠸᠠᠷ᠎ᠤᠨ ᠲᠡᠮᠳᠡᠭ᠎ᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠵᠢᠨ ᠪᠥᠲᠥᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠲᠤᠰᠬᠠᠶ ᠠᠰᠢᠭ  ᠂ ᠲᠠᠸᠠᠷ᠎ᠤᠨ ᠲᠡᠮᠳᠡᠭ᠎ᠢ ᠬᠢᠨᠠᠨ ᠪᠠᠢ᠌ᠴᠠᠭ᠋ᠠᠬᠤ ᠲᠤᠰᠢᠶᠠᠯᠲᠠᠨ᠎ᠤ ᠲᠦᠷᠢᠮ᠎ᠢ ᠪᠠᠢ᠌ᠭᠤᠯᠤᠨ᠂ ᠲᠤᠰᠬᠠᠶ ᠠᠰᠢᠭ᠎ᠤᠨ ᠲᠠᠸᠠᠷ᠎ᠤᠨ ᠲᠡᠮᠳᠡᠭ᠎ᠢ ᠬᠢᠨᠠᠨ ᠪᠠᠢ᠌ᠴᠠᠭ᠋ᠠᠵᠤ ᠬᠠᠮᠵᠢᠯᠴᠠᠬᠤ ᠲᠣᠭᠲᠠᠴᠠ ᠵᠢ ᠰᠢᠯᠢᠳᠡᠭᠵᠢᠭᠦᠯᠵᠦ᠂ ᠬᠢᠨᠠᠨ ᠪᠠᠢ᠌ᠴᠠᠭ᠋ᠠᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ  ᠃ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ᠂ ᠨᠡᠢ᠌ᠭᠡᠮ᠎ᠤᠨ ᠬᠢᠨᠠᠯᠲᠠ ᠲᠠᠯᠪᠢᠯᠲᠠ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ᠂ ᠪᠠᠢ᠌ᠭᠤᠯᠤᠮᠵᠢ ᠵᠢᠨ ᠥᠪᠡᠷᠲᠡᠭᠡᠨ ᠵᠠᠰᠠᠬᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠦᠢᠯᠡᠴᠢᠯᠡᠭᠡᠨ᠎ᠤ ᠦᠢᠯᠡᠰ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠬᠤ ᠬᠡᠷᠡᠭᠲᠡᠶ  ᠃
      (ᠵᠢᠷᠭᠤᠭ᠎ᠠ) ᠲᠥᠪ ᠭᠣᠣᠯᠴᠢ ᠵᠦᠢ ᠵᠣᠬᠢᠰᠲᠠᠶ᠂ ᠦᠨᠡᠯᠡᠨ ᠵᠢᠱ᠌ᠢᠬᠦ ᠰᠢᠨᠵᠢᠯᠡᠬᠦ ᠤᠬᠠᠭ᠋ᠠᠨᠴᠢ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠠᠢ᠌ᠭᠤᠯᠬᠤ ᠬᠡᠷᠡᠭᠲᠡᠶ  ᠃ ᠴᠢᠩᠭ᠎ᠠ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠪᠠᠷᠢᠮᠲᠠᠯᠠᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠡᠷᠬᠡ ᠠᠰᠢᠭ᠎ᠤᠨ ᠬᠤᠪᠢᠶᠠᠷᠢᠯᠠᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠮᠡᠳᠡᠯᠭᠡ ᠵᠢᠨ ᠥᠷᠲᠡᠭ᠎ᠢ ᠨᠡᠮᠡᠭᠳᠡᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠬᠤᠪᠢᠶᠠᠷᠢᠯᠠᠯᠲᠠ ᠵᠢᠨ ᠳᠦᠷᠢᠮ᠎ᠢ ᠪᠦᠷᠢᠨᠰᠢᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠥᠷᠲᠡᠭ᠎ᠤᠨ ᠪᠡᠶᠡᠯᠡᠭᠳᠡᠬᠦ ᠵᠢ   ᠠᠬᠢᠭᠤᠯᠤᠨ᠎ᠠ᠃ ᠬᠠᠮᠠᠭ᠋ᠠᠯᠠᠯᠲᠠ ᠵᠢ ᠴᠢᠩᠭ᠋ᠠᠳᠬᠠᠬᠤ᠎ᠪᠠᠷ ᠤᠳᠤᠷᠢᠳᠤᠮᠵᠢ ᠪᠣᠯᠭ᠋ᠠᠭᠰᠠᠨ ᠲᠤᠰᠬᠠᠢ ᠠᠰᠢᠭ᠂ ᠲᠠᠸᠠᠷ᠎ᠤᠨ ᠲᠡᠮᠳᠡᠭᠲᠦ ᠵᠢ ᠬᠢᠨᠠᠨ ᠪᠠᠢ᠌ᠴᠠᠭ᠋ᠠᠬᠤ ᠲᠦᠷᠦ ᠵᠢᠨ ᠪᠤᠳᠤᠯᠭ᠎ᠠ ᠵᠢ   ᠲᠡᠭᠦᠯᠳᠡᠷᠵᠢᠭᠦᠯᠦᠨ᠎ᠡ᠃ ᠵᠣᠬᠢᠶᠠᠯ ᠪᠦᠲᠦᠭᠡᠯ᠎ᠤᠨ ᠡᠷᠬᠡ ᠵᠢ ᠳᠠᠩᠰᠠᠯᠠᠬᠤ ᠲᠦᠷᠢᠮ᠂ ᠰᠦᠯᠵᠢᠶᠡᠨ᠎ᠤ ᠬᠠᠮᠠᠭ᠋ᠠᠯᠠᠯᠲᠠ ᠪᠠ ᠠᠷᠠᠯᠵᠢᠶᠠᠨ᠎ᠤ ᠲᠦᠷᠢᠮ᠎ᠢ ᠲᠡᠭᠦᠯᠳᠡᠷᠵᠢᠭᠦᠯᠦᠨ᠎ᠡ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠢᠨᠠᠨ ᠪᠠᠢ᠌ᠴᠠᠭ᠋ᠠᠵᠤ ᠳᠠᠩᠰᠠᠯᠠᠨ ᠲᠡᠮᠳᠡᠭᠯᠡᠬᠦ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠲᠣᠭᠲᠠᠴᠠ ᠵᠢ ᠲᠡᠭᠦᠯᠳᠡᠷᠵᠢᠭᠦᠯᠵᠦ᠂ ᠬᠢᠨᠠᠨ ᠪᠠᠢ᠌ᠴᠠᠭ᠋ᠠᠬᠤ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠬᠤ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠥᠷᠥ ᠵᠢᠨ ᠪᠣᠳᠣᠯᠭ᠎ᠠ ᠵᠢᠨ ᠬᠠᠤᠯᠢ ᠶᠣᠰᠣᠴᠢ ᠴᠢᠨᠠᠷ ᠪᠠ ᠭᠣᠤᠯᠴᠢ ᠥᠷᠢᠰᠥᠯᠳᠦᠭᠡᠨ᠎ᠤ ᠬᠢᠨᠠᠨ ᠪᠠᠢ᠌ᠴᠠᠭ᠋ᠠᠬᠤ ᠲᠦᠷᠢᠮ᠎ᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠲᠥᠷᠥ ᠵᠢᠨ ᠪᠣᠳᠣᠯᠭ᠎ᠠ ᠵᠢ ᠦᠨᠡᠯᠡᠨ ᠵᠢᠱ᠌ᠢᠬᠦ ᠲᠣᠭᠲᠠᠴᠠ ᠵᠢ ᠪᠠᠢ᠌ᠭᠤᠯᠬᠤ ᠬᠡᠷᠡᠭᠲᠡᠶ  ᠃
      (ᠳᠣᠯᠣᠭ᠎ᠠ) ᠴᠠᠭ ᠲᠤᠬᠠᠶ᠎ᠳᠤᠨᠢ ᠴᠤᠤᠷᠢᠶᠠᠲᠤᠨ ᠳᠠᠭ᠋ᠠᠵᠤ᠂ ᠵᠦᠶ ᠵᠣᠬᠢᠰᠲᠠᠶ ᠬᠠᠮᠠᠭ᠋ᠠᠯᠠᠭᠰᠠᠨ ᠰᠢᠨ᠎ᠡ᠎ᠪᠠᠷ ᠪᠣᠶ ᠪᠣᠯᠤᠭᠰᠠᠨ ᠬᠦᠷᠢᠶ᠎ᠡ ᠴᠠᠷᠠᠭ᠎ᠠ ᠪᠠ ᠣᠨᠴᠠ ᠲᠣᠭᠲᠠᠭᠰᠠᠨ ᠬᠦᠷᠢᠶ᠎ᠡ ᠴᠠᠷᠠᠭ᠎ᠠ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠦᠷᠢᠮ᠎ᠤᠨ ᠰᠢᠰᠲ᠋ᠧᠮᠵᠢ ᠵᠢ ᠪᠠᠢ᠌ᠭᠤᠯᠬᠤ ᠬᠡᠷᠡᠭᠲᠡᠶ  ᠃ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠵᠢᠨ ᠪᠠᠢ᠌ᠳᠠᠯ᠂ ᠰᠢᠨ᠎ᠡ ᠵᠠᠭᠪᠤᠷ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠠᠮᠠᠭ᠋ᠠᠯᠠᠬᠤ ᠲᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ  ᠃ ᠢᠨᠲ᠋ᠧᠷ ᠰᠦᠯᠵᠢᠶ᠎ᠡ ᠵᠢᠨ ᠬᠦᠷᠢᠶ᠎ᠡ ᠴᠠᠷᠠᠭ᠎ᠠ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠠᠮᠠᠭ᠋ᠠᠯᠠᠬᠤ ᠳᠦᠷᠢᠮ᠎ᠢ ᠰᠦᠪᠡᠭᠴᠢᠯᠡᠨ ᠲᠡᠭᠦᠯᠳᠡᠷᠵᠢᠭᠦᠯᠬᠦ ᠬᠡᠷᠡᠭᠲᠡᠶ  ᠃ ᠳ᠋ᠠᠢ᠌ᠲ᠋ᠠ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠠᠮᠠᠭ᠋ᠠᠯᠠᠬᠤ ᠲᠦᠷᠢᠮ᠎ᠢ ᠰᠤᠳᠤᠯᠤᠨ ᠪᠠᠢ᠌ᠭᠤᠯᠤᠨ᠎ᠠ  ᠃ ᠡᠬᠢ ᠡᠭᠦᠰᠦᠯ᠎ᠲᠠᠢ ᠮᠡᠳᠡᠯᠭᠡ ᠵᠢᠨ ᠦᠮᠴᠢᠯᠠᠯ᠎ᠤᠨ ᠡᠷᠬᠡ ᠪᠠ ᠬᠠᠤᠯᠢ ᠴᠠᠭ᠋ᠠᠵᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ  ᠃ ᠪᠤᠳᠤᠬᠤ ᠠᠷᠭ᠎ᠠ᠂ ᠬᠤᠳᠠᠯᠳᠤᠭ᠋ᠠᠨ᠎ᠤ ᠠᠷᠭ᠎ᠠ᠂ ᠵᠣᠬᠢᠶᠠᠮᠠᠯ ᠣᠶᠤᠨ ᠴᠢᠳᠠᠪᠤᠷᠢ ᠵᠢᠨ   ᠪᠦᠲᠦᠭᠡᠮᠵᠢ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠠᠮᠠᠭ᠋ᠠᠯᠠᠬᠤ ᠲᠦᠷᠢᠮ᠎ᠢ ᠰᠤᠳᠤᠯᠤᠨ ᠲᠡᠭᠦᠯᠳᠡᠷᠵᠢᠭᠦᠯᠦᠨ᠎ᠡ  ᠃ ᠤᠳᠤᠮᠯᠠᠯ᠎ᠤᠨ ᠡᠬᠢ ᠪᠠᠶᠠᠯᠢᠭ᠂ ᠤᠯᠠᠮᠵᠢᠯᠠᠯᠲᠤ ᠮᠡᠳᠡᠯᠭᠡ᠂ ᠠᠷᠠᠳ᠎ᠤᠨ ᠤᠳᠬ᠎ᠠ ᠤᠷᠠᠯᠢᠭ ᠵᠡᠷᠭᠡ ᠵᠢ ᠬᠦᠷᠲᠡᠬᠦ ᠪᠠ ᠠᠰᠢᠭ ᠲᠤᠰᠠ ᠵᠢ ᠬᠤᠪᠢᠶᠠᠨ ᠡᠳ᠋ᠯᠡᠬᠦ ᠲᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠴᠤᠭᠯᠠᠭᠤᠯᠤᠨ ᠡᠮᠬᠢᠯᠡᠬᠦ ᠪᠠ ᠬᠤᠪᠢᠷᠠᠭᠤᠯᠤᠨ ᠠᠰᠢᠭᠯᠠᠬᠤ ᠵᠢ ᠴᠢᠩᠭ᠋ᠠᠳᠬᠠᠨ᠎ᠠ  ᠃ ᠬᠢᠲᠠᠳ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢ ᠬᠠᠮᠠᠭ᠋ᠠᠯᠠᠬᠤ ᠬᠢᠭᠡᠳ ᠣᠳᠣ ᠦᠶ᠎ᠡ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳᠦᠷᠢᠮ᠎ᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠵᠤ᠂ ᠬᠢᠲᠠᠳ ᠡᠮ ᠡᠮᠨᠡᠯᠭᠡ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠶᠡᠷᠦᠩᠬᠡᠢ᠌ᠯᠡᠨ ᠬᠠᠮᠠᠭ᠋ᠠᠯᠠᠬᠤ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠢᠲᠠᠳ ᠡᠮ ᠡᠮᠨᠡᠯᠭᠡ ᠵᠢᠨ ᠲᠤᠰᠬᠠᠶ ᠠᠰᠢᠭ᠎ᠢ ᠣᠨᠴᠠᠭ᠋ᠠᠢ ᠬᠢᠨᠠᠨ ᠪᠠᠢ᠌ᠴᠠᠭ᠋ᠠᠬᠤ ᠪᠠ ᠬᠠᠮᠠᠭ᠋ᠠᠯᠠᠬᠤ ᠲᠣᠭᠲᠠᠴᠠ ᠵᠢ ᠪᠠᠢ᠌ᠭᠤᠯᠵᠤ᠂ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠵᠢ ᠠᠬᠢᠭᠤᠯᠤᠨ᠎ᠠ  ᠃

      ᠳᠥᠷᠪᠡ᠂ ᠳᠡᠯᠡᠬᠡᠶ ᠵᠢᠨ ᠲᠡᠷᠢᠭᠦᠨ ᠡᠭᠨᠡᠭᠡᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠲᠤᠯᠭ᠋ᠠᠭᠤᠷᠢᠯᠠᠬᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠠᠭ᠋ᠠᠯᠠᠯᠲᠠ ᠵᠢᠨ ᠰᠢᠰᠲ᠋ᠧᠮᠵᠢ ᠵᠢ ᠪᠠᠢ᠌ᠭᠤᠯᠬᠤ ᠬᠡᠷᠡᠭᠲᠡᠶ

     (ᠨᠠᠢ᠍ᠮᠠ) ᠲᠥᠪ ᠭᠣᠣᠯᠴᠢ ᠥᠨᠳᠥᠷ ᠪᠦᠲᠦᠮᠵᠢᠲᠡᠢ᠂ ᠬᠠᠷᠢᠶᠠᠯᠠᠯ᠎ᠨᠢ ᠰᠢᠨᠵᠢᠯᠡᠬᠦ ᠤᠬᠠᠭ᠋ᠠᠨᠴᠢ᠂ ᠡᠷᠬᠡ ᠵᠢᠨ ᠵᠠᠭ᠋ᠠᠭ᠎ᠨᠢ ᠲᠣᠳᠣᠷᠬᠠᠢ᠂ ᠰᠢᠰᠲ᠋ᠧᠮ᠎ᠨᠢ ᠪᠦᠷᠢᠨ ᠲᠡᠭᠦᠯᠳᠡᠷ ᠬᠠᠤᠯᠢ ᠪᠠᠷᠢᠬᠤ ᠬᠠᠮᠠᠭ᠋ᠠᠯᠠᠯᠲᠠ ᠵᠢᠨ ᠪᠠᠢ᠌ᠭᠤᠯᠤᠯ᠎ᠢ ᠪᠦᠷᠢᠨᠰᠢᠭᠦᠯᠦᠨ᠎ᠡ  ᠃ ᠥᠨᠳᠥᠷ ᠲᠦᠪᠰᠢᠨ ᠪᠦᠬᠦᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠢᠭᠦᠨ ᠲᠠᠰᠤᠯᠬᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠰᠢᠭᠦᠨ ᠲᠠᠰᠤᠯᠬᠤ ᠰᠠᠭᠤᠷᠢ᠂ ᠪᠠᠢ᠌ᠭᠤᠯᠤᠯ ᠲᠣᠭᠲᠠᠴᠠ ᠪᠠ ᠤᠶᠤᠨᠲᠤ ᠰᠢᠭᠦᠬᠦ ᠬᠣᠷᠢᠶᠠᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠢᠭᠦᠨ ᠲᠠᠰᠤᠯᠬᠤ ᠵᠣᠬᠢᠶᠠᠨ ᠪᠠᠢ᠌ᠭᠤᠯᠤᠯᠲᠠ ᠵᠢ ᠪᠦᠷᠢᠨᠰᠢᠬᠦᠯᠵᠤ᠂ ᠰᠢᠭᠦᠨ ᠲᠠᠰᠤᠯᠬᠤ ᠪᠠᠢ᠌ᠭᠤᠯᠤᠮᠵᠢ ᠵᠢᠨ ᠪᠠᠢ᠌ᠷᠢᠰᠢᠯ᠎ᠢ ᠰᠢᠯᠢᠳᠡᠭᠵᠢᠭᠦᠯᠦᠨ᠂   ᠳᠠᠪᠠᠵᠦ ᠵᠠᠭ᠋ᠠᠯᠳᠤᠬᠤ ᠰᠢᠭᠦᠬᠦ ᠲᠣᠭᠲᠠᠴᠠ ᠵᠢ ᠲᠡᠭᠦᠯᠳᠡᠷᠵᠢᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠢᠷᠭᠡᠨ᠎ᠤ ᠬᠡᠷᠡᠭ᠂ ᠡᠷᠡᠭᠦᠦ ᠵᠢᠨ ᠬᠡᠷᠡᠭ᠂ ᠵᠠᠰᠠᠭ ᠵᠠᠬᠢᠷᠭ᠋ᠠᠨ᠎ᠤ ᠬᠡᠷᠡᠭ᠎ᠤᠨ 《ᠭᠤᠷᠪᠠ ᠵᠢ ᠨᠢᠭᠡᠳᠬᠡᠭᠰᠡᠨ》 ᠰᠢᠭᠦᠨ ᠲᠠᠰᠤᠯᠬᠤ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂   ᠵᠠᠷᠭᠤ ᠰᠢᠭᠦᠬᠦ ᠵᠢ ᠲᠤᠰᠬᠠᠢ᠌ᠵᠢᠭᠤᠯᠤᠭᠰᠠᠨ᠂ ᠬᠠᠷᠢᠶᠠᠯᠠᠯ᠎ᠢ ᠲᠥᠪᠯᠡᠷᠡᠭᠦᠯᠦᠭᠰᠡᠨ ᠪᠠ ᠵᠢᠷᠤᠮ᠎ᠢ ᠡᠷᠴᠢᠮᠵᠢᠭᠦᠯᠦᠭᠰᠡᠨ ᠰᠢᠭᠦᠨ ᠲᠠᠰᠤᠯᠬᠤ ᠰᠢᠰᠲ᠋ᠧᠮ᠎ᠢ ᠪᠠᠢ᠌ᠭᠤᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠤᠯᠢ ᠵᠢᠨ ᠲᠤᠰᠢᠶᠠᠯᠲᠠᠨ᠎ᠢ ᠲᠤᠰᠬᠠᠢ᠌ᠵᠢᠭᠤᠯᠤᠨ ᠬᠥᠮᠦᠵᠢᠭᠦᠯᠬᠦ ᠪᠠ ᠠᠵᠢᠯ ᠮᠡᠷᠭᠡᠵᠢᠯᠵᠢᠭᠦᠯᠦᠨ ᠰᠢᠯᠢᠨ ᠳᠡᠪᠰᠢᠭᠦᠯᠬᠦ ᠵᠢ ᠴᠢᠩᠭ᠋ᠠᠳᠬᠠᠵᠤ᠂ ᠮᠡᠷᠭᠡᠵᠢᠯ᠎ᠤᠨ ᠪᠠᠢ᠌ᠴᠠᠭ᠋ᠠᠯᠲᠠ ᠵᠢᠨ ᠬᠠᠤᠯᠢ ᠵᠢᠨ ᠲᠤᠰᠢᠶᠠᠯᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠬᠡᠷᠡᠭ᠎ᠤᠨ ᠰᠢᠭᠦᠨ ᠲᠠᠰᠤᠯᠤᠯᠲᠠ ᠵᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠵᠢ ᠦᠨᠡᠨ ᠬᠦ᠌ ᠪᠠᠲᠤᠯᠠᠨ᠎ᠠ  ᠃ ᠣᠷᠣᠨ ᠪᠦᠰᠡ ᠠᠯᠤᠰᠯᠠᠭᠰᠠᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠠᠯᠤᠰ ᠡᠵᠡᠮᠰᠢᠯᠲᠦ ᠵᠠᠷᠭᠤ ᠵᠢᠨ ᠲᠠᠪᠴᠠᠩ᠎ᠤᠨ ᠪᠠᠢ᠌ᠭᠤᠯᠤᠯᠲᠠ ᠵᠢ ᠢᠳᠡᠪᠬᠢᠲᠡᠶ ᠠᠬᠢᠭᠤᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠤᠯᠢ ᠴᠠᠭ᠋ᠠᠵᠠ ᠵᠢᠨ ᠲᠠᠰᠤᠯᠤᠨ ᠲᠣᠭᠲᠠᠭ᠋ᠠᠬᠤ ᠪᠠᠷᠢᠮᠵᠢᠶ᠎ᠠ ᠪᠠ ᠬᠠᠤᠯᠢ ᠴᠠᠭ᠋ᠠᠵᠠ ᠵᠢᠨ ᠬᠡᠷᠡᠭᠯᠡᠯᠲᠡ ᠵᠢ ᠨᠢᠭᠡᠳᠬᠡᠵᠦ᠂ ᠲᠠᠰᠤᠯᠤᠨ ᠲᠣᠭᠲᠠᠭ᠋ᠠᠬᠤ ᠲᠦᠷᠢᠮ᠎ᠢ ᠲᠡᠭᠦᠯᠳᠡᠷᠵᠢᠭᠦᠯᠦᠨ᠎ᠡ  ᠃ ᠡᠷᠡᠭᠦᠦ ᠵᠢᠨ ᠬᠡᠷᠡᠭ᠎ᠤᠨ ᠴᠣᠬᠢᠯᠲᠠ ᠥᠭᠬᠦ ᠡᠷᠴᠢᠮ ᠵᠶ᠋ᠡᠨ ᠨᠡᠮᠡᠭᠳᠡᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠶᠠᠯᠠᠲᠤ ᠠᠵᠢᠯᠯᠠᠭ᠎ᠠ ᠵᠢ ᠮᠦᠷᠳᠡᠨ ᠪᠠᠢ᠌ᠴᠠᠭ᠋ᠠᠬᠤ ᠠᠵᠢᠯ᠎ᠤᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠤᠬᠠᠢ ᠬᠣᠯᠪᠣᠭᠳᠠᠯ ᠪᠦᠬᠦᠢ ᠬᠠᠤᠯᠢ ᠪᠠᠷᠢᠬᠤ ᠲᠠᠢ᠌ᠯᠪᠤᠷᠢᠯᠠᠯᠲᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠷᠬᠡ᠎ᠳᠤ ᠬᠠᠯᠳᠠᠭᠰᠠᠨ ᠶᠠᠯᠠᠲᠤ ᠬᠡᠷᠡᠭ᠎ᠢ ᠬᠡᠷᠡᠭ ᠪᠣᠯᠭ᠋ᠠᠨ ᠳᠠᠩᠰᠠᠯᠠᠵᠤ᠂ ᠨᠡᠬᠡᠮᠵᠢᠯᠡᠨ ᠵᠠᠭ᠋ᠠᠯᠳᠤᠬᠤ ᠪᠠᠷᠢᠮᠵᠢᠶ᠎ᠠ ᠵᠢ ᠢᠵᠢ ᠪᠦᠷᠢᠳᠦᠭᠦᠯᠦᠨ ᠲᠣᠭᠲᠠᠭ᠋ᠠᠨ᠎ᠠ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠡᠷᠡᠭ᠎ᠢ ᠪᠠᠢ᠌ᠴᠠᠭ᠋ᠠᠨ ᠬᠢᠨᠠᠬᠤ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠷᠡᠭᠦᠦ ᠰᠢᠳᠬᠡᠯ ᠣᠨᠣᠭᠳᠠᠭᠤᠯᠬᠤ ᠰᠠᠨᠠᠭᠤᠯᠭ᠎ᠠ ᠵᠢᠨ ᠵᠢᠯᠤᠭᠤᠳᠤᠯᠭ᠎ᠠ ᠪᠠ ᠡᠰᠡᠷᠭᠦᠴᠡᠨ ᠵᠠᠭ᠋ᠠᠯᠳᠤᠬᠤ ᠵᠢᠯᠤᠭᠤᠳᠤᠯᠭ᠎ᠠ ᠵᠢ ᠴᠢᠭ᠌ᠭ᠋ᠠᠳᠬᠠᠨ᠎ᠠ᠃

      (ᠶᠢᠰᠦ) ᠳᠥᠭᠥᠮ ᠳᠥᠲᠡ ᠥᠨᠳᠥᠷ ᠪᠦᠲᠦᠮᠵᠢᠲᠡᠶ᠂   ᠡᠷᠡᠰ ᠴᠢᠩᠭ᠎ᠠ ᠲᠥᠪ ᠭᠣᠤᠯᠴᠢ᠂ ᠢᠯᠡ ᠲᠣᠳᠣ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠰᠢᠰᠲ᠋ᠧᠮᠵᠢ ᠵᠢ ᠪᠦᠷᠢᠨᠰᠢᠭᠦᠯᠬᠦ ᠬᠡᠷᠡᠭᠲᠡᠶ  ᠃ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠪᠠᠢ᠌ᠴᠠᠭ᠋ᠠᠬᠤ ᠡᠷᠬᠡ᠂ ᠰᠢᠳᠬᠡᠨ ᠲᠣᠷᠭ᠋ᠠᠬᠤ ᠡᠷᠬᠡ ᠪᠠ ᠠᠯᠪᠠᠳᠠᠬᠤ ᠡᠷᠬᠡ ᠵᠢ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ ᠬᠡᠷᠡᠭᠵᠢᠭᠦᠯᠦᠨ᠎ᠡ  ᠃ ᠨᠢᠭᠡᠳᠦᠯᠲᠡᠶ ᠵᠣᠬᠢᠴᠠᠩᠭᠤᠶ ᠬᠠᠤᠯᠢ ᠬᠡᠷᠡᠭᠵᠢᠭᠦᠯᠬᠦ ᠪᠠᠷᠢᠮᠵᠢᠶ᠎ᠠ᠂ ᠭᠡᠷᠡᠴᠢ ᠪᠠᠷᠢᠮᠲᠠ ᠵᠢᠨ ᠳᠦᠷᠢᠮ ᠪᠠ ᠬᠡᠷᠡᠭ᠎ᠤᠨ ᠵᠢᠱ᠌ᠢᠶ᠎ᠡ᠎ᠪᠠᠷ ᠵᠢᠯᠣᠭᠣᠳᠬᠤ ᠳᠦᠷᠢᠮ᠎ᠢ ᠪᠠᠢ᠌ᠭᠤᠯᠤᠨ᠎ᠠ  ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠲᠤᠰᠬᠠᠢ᠌ᠵᠢᠬᠤ᠂ ᠠᠵᠢᠯ ᠮᠡᠷᠭᠡᠵᠢᠬᠦ ᠬᠢᠷᠢ ᠬᠡᠮᠵᠢᠶ᠎ᠡ ᠵᠢ ᠶᠡᠬᠡᠪᠡᠷ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠮᠡᠷᠭᠡᠵᠢᠯ᠎ᠤᠨ ᠪᠠᠢ᠌ᠴᠠᠭ᠋ᠠᠬᠤ ᠲᠤᠰᠢᠶᠠᠯᠲᠠᠨ᠎ᠤ ᠳᠦᠷᠢᠮ᠎ᠢ ᠰᠦᠪᠡᠭᠴᠢᠯᠡᠨ ᠪᠠᠢ᠌ᠭᠤᠯᠬᠤ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢᠨ ᠲᠠᠪᠴᠠᠩ ᠎ᠢ ᠪᠠᠢ᠌ᠭᠤᠯᠵᠤ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢᠨ ᠣᠳᠣᠬᠢᠴᠢᠯᠠᠯᠲᠠ᠂ ᠣᠶᠤᠨᠴᠢᠯᠠᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠢ ᠰᠢᠯᠭ᠋ᠠᠨ ᠪᠠᠢ᠌ᠴᠠᠭ᠋ᠠᠵᠤ ᠬᠢᠨᠠᠨ ᠲᠣᠭᠲᠠᠭ᠋ᠠᠬᠤ ᠠᠵᠢᠯ᠎ᠤᠨ ᠰᠢᠰᠲ᠋ᠧᠮᠵᠢ ᠵᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠶ  ᠃ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠢ ᠵᠠᠰᠠᠭ ᠵᠠᠬᠢᠷᠭ᠋ᠠᠨ ᠵᠶ᠋ᠠᠷ ᠲᠠᠰᠤᠯᠤᠨ ᠲᠣᠭᠲᠠᠭ᠋ᠠᠬᠤ ᠳᠦᠷᠢᠮ᠎ᠤᠨ ᠦᠢ᠍ᠯᠡᠳᠦᠯ᠎ᠢ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢ ᠭᠦᠢ᠍ᠴᠡᠳᠬᠡᠬᠦ ᠡᠷᠴᠢᠮ᠎ᠢ ᠴᠢᠩᠭ᠋ᠠᠷᠠᠭᠤᠯᠤᠨ᠎ᠠ  ᠃ ᠲᠤᠬᠠᠢ ᠵᠢᠨ ᠬᠥᠮᠦᠨ᠎ᠤ ᠭᠤᠶᠤᠴᠢᠯᠠᠯ᠎ᠢ ᠦᠨᠳᠦᠰᠦᠯᠡᠬᠦ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠡᠶᠡᠳᠡᠭᠦᠯᠭᠡ ᠵᠢᠨ ᠬᠡᠯᠡᠯᠴᠡᠭᠡᠷ᠎ᠤᠨ ᠬᠠᠤᠯᠢ ᠪᠠᠷᠢᠬᠤ ᠨᠤᠲᠠᠯᠠᠯᠲᠠ ᠵᠢᠨ ᠲᠦᠷᠢᠮ᠎ᠢ ᠬᠠᠢ᠌ᠨ ᠰᠦᠪᠡᠭᠴᠢᠯᠡᠨ᠎ᠡ  ᠃ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠬᠠᠤᠯᠢ ᠬᠡᠷᠡᠭᠵᠢᠭᠦᠯᠦᠯᠲᠡ ᠬᠠᠮᠠᠭ᠋ᠠᠯᠠᠯᠲᠠ ᠵᠢᠨ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ  ᠃ ᠭᠠᠳᠠᠭ᠋ᠠᠳᠤ ᠠᠷᠠᠯᠵᠢᠶᠠᠨ᠎ᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠯᠲᠠ ᠵᠢᠨ ᠲᠣᠭᠲᠠᠴᠠ ᠪᠠ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠤᠰᠬᠠᠢ ᠲᠣᠭᠲᠠᠴᠠ ᠵᠢ ᠪᠠᠢ᠌ᠭᠤᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠣᠭᠣᠮᠲᠠ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠣᠯᠠᠨ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠢ ᠠᠬᠢᠭᠤᠯᠬᠤ ᠬᠡᠷᠡᠭᠲᠡᠶ  ᠃
     (ᠠᠷᠪᠠ) ᠨᠢᠭᠡᠳᠦᠯᠲᠡᠶ ᠤᠳᠤᠷᠢᠳᠤᠭᠰᠠᠨ᠂ ᠵᠣᠯᠭ᠋ᠠᠭᠤᠯᠤᠯᠲᠠ ᠰᠢᠯᠤᠭᠤᠨ᠂ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠬᠠᠮᠵᠢᠯᠴᠠᠨ ᠬᠠᠮᠠᠭ᠋ᠠᠯᠠᠬᠤ ᠪᠠᠢ᠌ᠷᠢᠰᠢᠯ᠎ᠢ ᠪᠦᠷᠢᠨᠰᠢᠭᠦᠯᠦᠨ᠎ᠡ  ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠢᠩᠭ᠎ᠠ ᠬᠢᠨᠠᠨ ᠬᠠᠮᠢᠶᠠᠷᠬᠤ᠂ ᠬᠠᠤᠯᠢ ᠴᠠᠭ᠋ᠠᠵᠠ ᠵᠢᠨ ᠪᠠᠢ᠌ᠭᠤᠯᠭ᠎ᠠ ᠲᠥᠪ ᠭᠣᠤᠯᠴᠢ᠎ᠪᠠᠷ ᠬᠠᠤᠯᠢ ᠪᠠᠷᠢᠬᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠵᠢᠷᠤᠮᠵᠢᠭᠤᠯᠤᠨ ᠬᠠᠮᠢᠶᠠᠷᠬᠤ᠂ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠥᠪᠡᠷ᠎ᠢ᠎ᠪᠠᠨ ᠱᠠᠭ᠋ᠠᠷᠳᠠᠨ ᠥᠪᠡᠷᠲᠡᠭᠡᠨ ᠵᠠᠰᠠᠬᠤ᠂ ᠨᠡᠢ᠌ᠭᠡᠮ᠎ᠤᠨ ᠣᠯᠠᠨ ᠲᠦᠮᠡᠨ ᠦᠨᠡᠨᠴᠢ ᠢᠲᠡᠭᠡᠮᠵᠢᠲᠡᠶ᠎ᠪᠠᠷ ᠬᠠᠤᠯᠢ ᠵᠢ ᠰᠠᠬᠢᠬᠤ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠠᠮᠵᠢᠯᠴᠠᠨ ᠬᠠᠮᠠᠭ᠋ᠠᠯᠠᠬᠤ ᠵᠢ ᠪᠡᠶᠡᠯᠡᠭᠦᠯᠦᠨ᠎ᠡ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠠᠮᠠᠭ᠋ᠠᠯᠠᠬᠤ ᠰᠢᠰᠲ᠋ᠧᠮ᠎ᠤᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠨ᠎ᠡ  ᠃ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠬᠢᠭᠡᠳ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ ᠡᠷᠬᠡ ᠵᠢᠨ ᠬᠢᠵᠠᠭ᠋ᠠᠷ ᠪᠠ ᠬᠠᠮᠢᠶᠠᠷᠤᠨ ᠬᠠᠷᠢᠶᠠᠯᠠᠬᠤ ᠬᠡᠪᠴᠢᠶ᠎ᠡ ᠵᠢ ᠲᠣᠳᠣᠷᠬᠠᠢ᠌ᠯᠠᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠬᠢᠭᠡᠳ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠵᠣᠯᠭ᠋ᠠᠭᠤᠯᠬᠤ ᠲᠣᠭᠲᠠᠴᠠ ᠵᠢ ᠪᠦᠷᠢᠨᠰᠢᠬᠦᠯᠵᠦ᠂ ᠬᠠᠮᠠᠭ᠋ᠠᠯᠠᠬᠤ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠥᠨᠳᠡᠯᠡᠨ᠎ᠤ ᠰᠢᠭᠦᠬᠦ᠂ ᠡᠶᠡᠳᠡᠭᠦᠯᠬᠦ᠂ ᠠᠯᠪᠠᠨ ᠭᠡᠷᠡᠴᠢᠯᠡᠭᠡ ᠬᠢᠬᠦ᠂ ᠬᠢᠨᠠᠨ ᠲᠣᠭᠲᠠᠭ᠋ᠠᠬᠤ ᠪᠠ ᠡᠷᠬᠡ ᠠᠰᠢᠭ ᠵᠶ᠋ᠠᠨ ᠬᠠᠮᠠᠭ᠋ᠠᠯᠠᠬᠤ᠎ᠳᠤ ᠲᠤᠰᠠᠯᠠᠬᠤ ᠰᠢᠰᠲ᠋ᠧᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠪᠠ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠷᠢᠶᠡᠨ᠎ᠳᠠᠬᠢ ᠬᠦᠨᠳᠦ ᠨᠣᠴᠢᠲᠠᠢ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠡᠭᠡᠷᠯᠡᠭᠦᠯᠬᠦ ᠬᠡᠷᠡᠭᠲᠡᠢ  ᠃ ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠵᠣᠬᠢᠶᠠᠯ ᠪᠦᠲᠦᠭᠡᠯ᠎ᠤᠨ ᠡᠷᠬᠡ ᠵᠢᠨ ᠬᠠᠮᠲᠤ ᠵᠢᠨ ᠬᠠᠮᠢᠶᠠᠷᠤᠯᠲᠠ ᠵᠢᠨ ᠵᠣᠬᠢᠶᠠᠨ ᠪᠠᠢ᠌ᠭᠤᠯᠤᠯᠲᠠ ᠵᠢᠨ ᠳᠡᠮᠵᠢᠯᠲᠡ ᠵᠢᠴᠢ ᠬᠢᠨᠠᠵᠤ ᠬᠠᠮᠢᠶᠠᠷᠣᠯᠲᠠ ᠵᠢ ᠴᠢᠩᠭ᠋ᠠᠳᠬᠠᠨ᠎ᠠ᠃ ᠭᠠᠵᠠᠷ ᠵᠦᠢ ᠵᠢᠨ ᠪᠡᠯᠭᠡ ᠳᠡᠮᠳᠡᠭ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠦᠨ᠎ᠡ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ᠎ᠤᠨ ᠰᠦᠯᠵᠢᠶ᠎ᠡ ᠪᠠ ᠭᠠᠳᠠᠭ᠋ᠠᠳᠤ᠎ᠳᠠᠬᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠬᠤ ᠵᠢᠯᠣᠭᠣᠳᠬᠤ ᠲᠥᠪ᠎ᠤᠨ ᠰᠦᠯᠵᠢᠶ᠎ᠡ ᠵᠢ ᠪᠠᠢ᠌ᠭᠤᠯᠤᠨ᠎ᠠ  ᠃ ᠭᠠᠳᠠᠭ᠋ᠠᠳᠤ᠎ᠳᠠᠬᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠤᠷᠢᠳᠴᠢᠯᠠᠨ ᠰᠡᠷᠡᠮᠵᠢᠯᠡᠭᠦᠯᠬᠦ ᠪᠠ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠮᠵᠢ ᠦᠵᠡᠭᠦᠯᠬᠦ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠤᠨ ᠪᠦᠷᠢᠨᠰᠢᠭᠦᠯᠦᠨ᠎ᠡ  ᠃

        ᠲᠠᠪᠤ᠂ ᠰᠢᠨ᠎ᠡ ᠵᠢ ᠡᠭᠦᠳᠦᠨ ᠬᠥᠭᠵᠢᠬᠦ ᠵᠢ ᠤᠷᠮᠠᠰᠢᠭᠤᠯᠬᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠬᠤ ᠬᠡᠷᠡᠭᠲᠡᠶ  

     (ᠠᠷᠪᠠᠨ ᠨᠢᠭᠡ) ᠠᠵᠤ ᠠᠬᠤᠢ᠌ᠯᠠᠯ ᠵᠶ᠋ᠠᠷ ᠭᠣᠤᠯ ᠴᠣᠭᠴᠠ ᠪᠣᠯᠭ᠋ᠠᠭᠰᠠᠨ᠂ ᠵᠠᠬ᠎ᠠ ᠳᠡᠯᠭᠡᠭᠦᠷ ᠵᠶ᠋ᠡᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠶ ᠡᠭᠦᠳᠦᠨ ᠪᠦᠲᠦᠭᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠶᠠᠰᠤ ᠴᠢᠨᠠᠷ ᠪᠠ ᠥᠷᠲᠡᠭ ᠵᠶ᠋ᠡᠷ ᠪᠠᠷᠢᠮᠵᠢᠶ᠎ᠠ ᠪᠣᠯᠭ᠋ᠠᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠢᠨᠠᠵᠤ ᠦᠨᠡᠯᠡᠬᠦ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠶ  ᠃ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠬᠥᠲᠥᠯᠥᠨ ᠵᠢᠯᠣᠭᠣᠳᠴᠤ ᠲᠤᠰᠬᠠᠶ ᠠᠰᠢᠭ᠂ ᠲᠠᠸᠠᠷ᠎ᠤᠨ ᠲᠡᠮᠳᠡᠭ᠂ ᠬᠡᠪᠯᠡᠯ᠎ᠤᠨ ᠡᠷᠬᠡ ᠵᠡᠷᠭᠡ ᠣᠯᠠᠨ ᠲᠥᠷᠥᠯ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠨᠡᠢ᠌ᠯᠡᠮᠡᠯ ᠦᠢᠯᠡᠳᠦᠯ᠎ᠢ ᠪᠠᠳᠠᠷᠠᠭᠤᠯᠵᠤ᠂ ᠨᠢᠭᠡ ᠪᠦᠯᠦᠭ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠥᠷᠢᠰᠦᠯᠳᠦᠬᠦ ᠬᠦᠴᠦᠨ ᠵᠶ᠋ᠡᠷ ᠴᠢᠩᠭ᠎ᠠ ᠳᠡᠯᠡᠬᠡᠶ ᠵᠢᠨ ᠲᠡᠷᠢᠭᠦᠨ᠎ᠤ ᠠᠵᠤ ᠠᠬᠤᠢ᠌ᠯᠠᠯ᠎ᠢ ᠪᠣᠢ᠌ᠵᠢᠭᠤᠯᠤᠨ᠎ᠠ  ᠃ ᠳᠤᠮᠳᠠ ᠵᠢᠵᠢᠭ ᠠᠵᠤ ᠠᠬᠤᠢ᠌ᠯᠠᠯ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠠᠢ᠌ᠯᠳᠤᠬᠤ ᠪᠤᠳᠤᠯᠭ᠎ᠠ ᠵᠢ ᠲᠦᠯᠬᠢᠨ ᠠᠬᠢᠭᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠎ᠡ  ᠃ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠢᠶᠠᠷᠤᠯᠲᠠ ᠵᠢ ᠰᠢᠯᠢᠳᠡᠭᠵᠢᠭᠦᠯᠬᠦ ᠬᠡᠷᠡᠭᠲᠡᠶ  ᠃ ᠠᠮᠢᠳᠤ ᠪᠣᠳᠠᠰ᠎ᠤᠨ ᠦᠷ᠎ᠡ ᠪᠣᠢ᠌ᠵᠢᠭᠤᠯᠬᠤ ᠲᠦᠷᠦᠭᠦᠴᠢ ᠮᠡᠷᠭᠡᠵᠢᠯ ᠪᠣᠯᠤᠨ ᠭᠣᠣᠯᠳᠠᠯᠭ᠎ᠠ᠎ᠲᠠᠢ ᠬᠦᠷᠢᠶ᠎ᠡ᠎ᠪᠠᠷ ᠭᠣᠣᠯᠯᠠᠭᠤᠯᠤᠨ᠂ ᠮᠡᠳᠡᠯᠭᠡ ᠵᠢᠨ ᠦᠮᠴᠢᠯᠠᠯ᠎ᠤᠨ ᠡᠷᠬᠡ᠎ᠲᠠᠢ ᠨᠢᠭᠡ ᠪᠦᠯᠦᠭ ᠰᠢᠯᠢᠳᠡᠭ ᠤᠷᠭᠤᠮᠠᠯ᠎ᠤᠨ ᠰᠢᠨ᠎ᠡ ᠡᠭᠦᠯᠳᠡᠷ᠎ᠢ ᠲᠦᠷᠭᠡᠳᠬᠡᠨ ᠪᠣᠢ᠌ᠵᠢᠭᠤᠯᠵᠤ᠂ ᠡᠷᠬᠡ ᠣᠯᠭᠣᠭᠰᠠᠨ ᠡᠭᠦᠯᠳᠡᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ  ᠃
     (ᠠᠷᠪᠠᠨ ᠬᠣᠶᠠᠷ) ᠥᠨᠳᠥᠷ ᠦᠷ᠎ᠡ ᠪᠦᠲᠦᠮᠵᠢᠲᠡᠶ ᠪᠥᠭᠡᠳ ᠢᠯᠭᠤᠮ ᠰᠢᠯᠤᠭᠤᠨ᠂ ᠦᠨ᠎ᠡ ᠥᠷᠲᠡᠭ᠎ᠢ ᠭᠦᠢᠴᠡᠳ ᠪᠡᠶᠡᠯᠡᠭᠦᠯᠦᠭᠰᠡᠨ ᠬᠡᠷᠡᠭᠯᠡᠭᠡᠨ᠎ᠤ ᠲᠣᠭᠲᠠᠴᠠ ᠵᠢ ᠪᠦᠷᠢᠨᠰᠢᠭᠦᠯᠦᠨ᠎ᠡ  ᠃ ᠲᠤᠰᠬᠠᠶ ᠠᠰᠢᠭ ᠬᠤᠷᠠᠭᠰᠠᠨ ᠬᠡᠯᠪᠡᠷᠢ ᠵᠢᠨ ᠠᠵᠤ ᠦᠢᠯᠡᠰ᠎ᠢ ᠪᠣᠢ᠌ᠵᠢᠭᠤᠯᠬᠤ ᠵᠢ ᠴᠢᠩᠭ᠋ᠠᠳᠬᠠᠵᠤ᠂ ᠲᠤᠰᠬᠠᠶ ᠠᠰᠢᠭ ᠬᠤᠷᠠᠭᠰᠠᠨ ᠬᠡᠯᠪᠡᠷᠢ ᠵᠢᠨ ᠠᠵᠤ ᠦᠢᠯᠡᠰ᠎ᠢ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ᠎ᠠ  ᠃ ᠣᠷᠣᠨ ᠪᠦᠰᠡ ᠵᠢᠨ ᠬᠥᠭᠵᠢᠯᠲᠡ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠠᠵᠤ ᠠᠬᠤᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠥᠷᠥᠯ ᠵᠦᠢᠯ᠎ᠳᠠᠬᠢ ᠲᠤᠰᠬᠠᠶ ᠠᠰᠢᠭ᠎ᠤᠨ ᠵᠠᠮᠴᠢᠯᠠᠯ᠎ᠤᠨ ᠦᠢᠯᠡᠳᠦᠯ᠎ᠢ ᠢᠳᠡᠪᠬᠢᠲᠡᠶ ᠪᠠᠳᠠᠷᠠᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠪᠤᠶ ᠪᠣᠯᠤᠭᠰᠠᠨ ᠠᠵᠤ ᠦᠢᠯᠡᠰ᠂ ᠢᠷᠡᠭᠡᠳᠦᠶ ᠵᠢᠨ ᠠᠵᠤ ᠦᠢᠯᠡᠰ᠎ᠤᠨ ᠬᠥᠭᠵᠢᠯᠲᠡ᠎ᠳᠠᠬᠢ ᠲᠤᠰᠬᠠᠶ ᠠᠰᠢᠭ᠎ᠤᠨ ᠵᠠᠮᠴᠢᠯᠠᠯ᠎ᠤᠨ ᠬᠡᠷᠡᠭᠯᠡᠯᠲᠡ ᠵᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠶ  ᠃ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠷᠢᠶᠠᠯᠠᠯ ᠪᠠ ᠡᠷᠬᠡ ᠠᠰᠢᠭ᠎ᠤᠨ ᠬᠤᠪᠢᠶᠠᠷᠢᠯᠠᠯᠲᠠ ᠵᠢᠨ ᠲᠣᠭᠲᠠᠴᠠ ᠵᠢ ᠰᠢᠨᠡᠴᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠪᠠ ᠶᠡᠬᠡ ᠳᠡᠭᠡᠳᠦ ᠰᠤᠷᠭ᠋ᠠᠭᠤᠯᠢ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠢᠢ᠍ᠳᠪᠦᠷᠢᠯᠡᠬᠦ ᠡᠵᠡᠨ ᠮᠡᠳᠡᠬᠦ ᠡᠷᠬᠡ ᠵᠢ ᠥᠷᠭᠡᠳᠬᠡᠨ᠎ᠡ  ᠃ ᠡᠳ᠋᠎ᠤᠨ ᠵᠠᠰᠠᠭ᠎ᠠᠴᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢᠯ ᠎ᠳᠤ   ᠵᠤᠭᠤᠰ ᠵᠶ᠋ᠠᠷ ᠲᠤᠰᠠᠯᠠᠵᠤ ᠮᠡᠳᠡᠯᠭᠡ ᠵᠢᠨ ᠦᠮᠴᠢᠯᠠᠯ᠎ᠤᠨ ᠡᠷᠬᠡ ᠵᠢ ᠪᠣᠶ ᠪᠣᠯᠭ᠋ᠠᠬᠤ ᠢᠯᠡᠷᠬᠡᠢ᠌ᠯᠡᠯᠲᠡ ᠵᠢᠨ ᠲᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠠᠷᠠᠯᠵᠢᠶᠠᠯᠠᠬᠤ ᠦᠨ᠎ᠡ ᠬᠠᠩᠰᠢ ᠵᠢ ᠪᠦᠷᠢᠳᠬᠡᠨ ᠨᠡᠢ᠌ᠲᠡᠯᠡᠬᠦ ᠲᠣᠭᠲᠠᠴᠠ ᠵᠢ ᠪᠠᠢ᠌ᠭᠤᠯᠬᠤ ᠬᠡᠷᠡᠭᠲᠡᠶ᠃ ᠲᠠᠸᠠᠷ᠎ᠤᠨ ᠲᠡᠮᠳᠡᠭ᠎ᠤᠨ ᠨᠠᠷᠠᠲᠤ ᠲᠥᠷᠥᠯ ᠲᠡᠮᠳᠡᠭᠲᠦ ᠵᠢᠨ   ᠪᠠᠢ᠌ᠭᠤᠯᠤᠯᠲᠠ ᠵᠢ ᠠᠬᠢᠭᠤᠯᠵᠤ᠂ ᠨᠠᠷᠠᠲᠤ ᠲᠠᠸᠠᠷ᠎ᠤᠨ ᠲᠡᠮᠳᠡᠭ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠤᠯᠠᠮᠵᠢᠯᠠᠯᠲᠤ ᠨᠠᠷᠠᠲᠤ ᠲᠠᠸᠠᠷ᠎ᠤᠨ ᠲᠡᠮᠳᠡᠭᠲᠦ ᠪᠠ ᠬᠠᠭᠤᠴᠢᠨ ᠨᠠᠷᠠᠲᠤ ᠲᠠᠸᠠᠷ᠎ᠤᠨ ᠲᠡᠮᠳᠡᠭᠲᠦ ᠵᠢ ᠬᠥᠭᠵᠢᠭᠦᠯᠦᠨ ᠤᠯᠠᠮᠵᠢᠯᠠᠵᠤ᠂ ᠳᠡᠯᠡᠬᠡᠶ᠎ᠳᠤ ᠨᠥᠯᠥᠭᠡᠯᠡᠬᠦ ᠬᠦᠴᠦᠨ᠎ᠲᠠᠢ ᠲᠠᠸᠠᠷ᠎ᠤᠨ ᠲᠡᠮᠳᠡᠭ ᠪᠠ ᠨᠠᠷᠠᠲᠤ ᠲᠠᠸᠠᠷ᠎ᠤᠨ   ᠲᠡᠮᠲᠡᠭ ᠵᠢ ᠶᠡᠬᠡᠪᠡᠷ ᠪᠣᠢ᠌ᠵᠢᠭᠤᠯᠤᠨ᠎ᠠ  ᠃ ᠬᠠᠮᠲᠤ ᠵᠢᠨ ᠲᠠᠸᠠᠷ᠎ᠤᠨ ᠲᠡᠮᠳᠡᠭ᠂ ᠭᠡᠷᠡᠴᠢᠯᠡᠬᠦ ᠲᠠᠸᠠᠷ᠎ᠤᠨ ᠲᠡᠮᠳᠡᠭ᠎ᠤᠨ ᠲᠦᠷᠢᠮ᠎ᠤᠨ ᠦᠢᠯᠡᠳᠦᠯ᠎ᠢ ᠪᠠᠳᠠᠷᠠᠭᠤᠯᠵᠤ᠂ ᠣᠨᠴᠠᠯᠢᠭ ᠵᠶ᠋ᠠᠷ ᠢᠯᠡ ᠲᠣᠳᠣ᠂ ᠥᠷᠢᠰᠦᠯᠳᠦᠬᠦ ᠬᠦᠴᠦᠨ ᠵᠶ᠋ᠡᠷ ᠴᠢᠩᠭ᠎ᠠ᠂ ᠵᠠᠬ᠎ᠠ ᠳᠡᠯᠭᠡᠭᠦᠷ᠎ᠤᠨ ᠢᠲᠡᠭᠡᠯ ᠬᠦᠨᠳᠦ᠎ᠪᠠᠷ ᠰᠠᠢ᠌ᠨ ᠠᠵᠤ ᠦᠢᠯᠡᠰ᠎ᠤᠨ ᠪᠦᠯᠦᠭᠯᠡᠯ᠎ᠤᠨ ᠨᠠᠷᠠᠲᠤ ᠲᠠᠸᠠᠷ᠎ᠤᠨ ᠲᠡᠮᠲᠡᠭ ᠪᠠ ᠣᠷᠣᠨ ᠪᠦᠰᠡ ᠵᠢᠨ ᠨᠠᠷᠠᠲᠤ ᠲᠠᠸᠠᠷ᠎ᠤᠨ ᠲᠡᠮᠲᠡᠭ ᠵᠢ ᠪᠣᠶ ᠪᠣᠯᠭ᠋ᠠᠨ᠎ᠠ  ᠃ ᠭᠠᠵᠠᠷ ᠵᠦᠢ ᠵᠢᠨ ᠪᠡᠯᠭᠡ ᠳᠡᠮᠳᠡᠭ ᠬᠢᠭᠡᠳ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ᠂ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ᠂ ᠲᠡᠦᠬᠡ ᠰᠣᠶᠣᠯ᠎ᠤᠨ ᠤᠯᠠᠮᠵᠢᠯᠠᠯ ᠵᠢᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠣᠷᠭ᠋ᠠᠨᠢᠭ ᠠᠭᠤᠰᠤᠯᠴᠠᠯ᠎ᠢ ᠠᠬᠢᠭᠤᠯᠵᠤ᠂ ᠭᠠᠵᠠᠷ ᠵᠦᠢ ᠵᠢᠨ ᠪᠡᠯᠭᠡ ᠳᠡᠮᠳᠡᠭ᠎ᠤᠨ ᠨᠡᠷᠡᠲᠦ ᠲᠥᠷᠥᠯ ᠲᠡᠮᠲᠡᠭ ᠵᠢᠨ ᠨᠥᠯᠥᠭᠡᠯᠡᠬᠦ ᠬᠦᠴᠦᠨ ᠪᠠ ᠪᠦᠲᠦᠭᠡᠭᠳᠡᠬᠦᠨ᠎ᠤ ᠨᠡᠮᠡᠯᠲᠡ ᠥᠷᠲᠡᠭ᠎ᠢ ᠳᠡᠭᠡᠭᠰᠢᠯᠡᠭᠦᠯᠦᠨ᠎ᠡ  ᠃ ᠭᠠᠵᠠᠷ ᠵᠦᠢ ᠵᠢᠨ ᠪᠡᠯᠭᠡ ᠲᠡᠮᠳᠡᠭᠲᠦ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠦᠨ᠎ᠡ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠤᠷᠰᠢᠯᠲᠠ ᠵᠢᠨ ᠴᠢᠭ᠎ᠤᠨ ᠵᠢᠱ᠌ᠢᠶ᠎ᠡ ᠦᠵᠡᠭᠦᠯᠬᠦ ᠠᠵᠢᠯ᠎ᠢ ᠭᠦᠨᠵᠡᠭᠡᠢ ᠥᠷᠨᠢᠭᠦᠯᠵᠦ᠂ ᠠᠵᠤ ᠠᠬᠤᠢ᠌ᠯᠠᠯ᠂ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠪᠠᠢ᠌ᠭᠤᠯᠤᠮᠵᠢ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢ ᠪᠦᠷᠢᠨᠰᠢᠭᠦᠯᠬᠦ ᠵᠢ ᠠᠬᠢᠭᠤᠯᠵᠤ᠂   ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠪᠠᠢ᠌ᠭᠤᠯᠤᠮᠵᠢ ᠵᠢᠨ ᠲᠤᠰᠬᠠᠢ᠌ᠵᠢᠭᠰᠠᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠰᠢᠯᠵᠢᠭᠦᠯᠦᠨ ᠤᠯᠠᠷᠢᠭᠤᠯᠬᠤ ᠪᠠᠢ᠌ᠭᠤᠯᠤᠮᠵᠢ ᠪᠠᠢ᠌ᠭᠤᠯᠬᠤ ᠵᠢ ᠵᠣᠷᠢᠭᠵᠢᠭᠤᠯᠬᠤ ᠬᠡᠷᠡᠭᠲᠡᠢ  ᠃
      (ᠠᠷᠪᠠᠨ ᠭᠤᠷᠪᠠ) ᠵᠢᠷᠤᠮᠵᠢᠭᠰᠠᠨ ᠡᠮᠬᠢ ᠵᠢᠷᠤᠮ᠎ᠲᠠᠢ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠵᠠᠬ᠎ᠠ ᠳᠡᠯᠭᠡᠭᠦᠷᠴᠢᠯᠡᠭᠰᠡᠨ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠷᠣᠯᠠᠨ ᠭᠦᠢᠴᠡᠳᠬᠡᠬᠦ᠂ ᠬᠠᠤᠯᠢ ᠴᠠᠭ᠋ᠠᠵᠠ᠂ ᠮᠡᠳᠡᠭᠡ ᠵᠠᠩᠭᠢ᠂ ᠯᠠᠪᠯᠠᠯᠭ᠎ᠠ ᠵᠡᠷᠭᠡ ᠦᠢᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠡᠳ᠋ ᠬᠥᠷᠥᠩᠭᠡ ᠵᠢ ᠦᠨᠡᠯᠡᠨ ᠵᠢᠱ᠌ᠢᠬᠦ᠂ ᠠᠷᠠᠯᠵᠢᠶᠠᠯᠠᠬᠤ᠂ ᠤᠯᠠᠷᠢᠯᠠᠭᠤᠯᠬᠤ᠂ ᠨᠠᠢ᠌ᠳᠠᠨ ᠬᠠᠮᠢᠶᠠᠷᠤᠭᠤᠯᠬᠤ᠂ ᠪᠠᠯᠠ ᠣᠷᠣᠭᠤᠯᠵᠤ ᠪᠠᠯᠠ ᠳᠣᠭᠢᠷᠠᠭᠤᠯᠬᠤ ᠵᠡᠷᠭᠡ ᠥᠷᠲᠡᠭ ᠨᠡᠮᠡᠭᠳᠡᠭᠦᠯᠬᠦ ᠦᠢᠯᠡᠴᠢᠯᠡᠭᠡᠨ ᠥᠷᠨᠢᠭᠦᠯᠬᠦ ᠵᠢ ᠳᠡᠮᠵᠢᠬᠦ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠠᠵᠢᠯᠯᠠᠭ᠋ᠠᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠶᠡᠷᠦᠩᠬᠡᠢ᠌ᠯᠡᠭᠰᠡᠨ ᠴᠢᠨᠠᠷᠲᠠᠶ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠠᠵᠢᠯᠯᠠᠭ᠋ᠠᠨ᠎ᠤ ᠦᠢᠯᠡᠴᠢᠯᠡᠭᠡᠨ᠎ᠤ ᠬᠦᠢᠰᠦ ᠲᠠᠪᠴᠠᠩ᠎ᠢ ᠪᠣᠶ ᠪᠣᠯᠭ᠋ᠠᠵᠤ᠂   ᠤᠯᠠᠨ ᠲᠥᠪᠯᠡᠷᠡᠩᠭᠦᠶ ᠠᠵᠤ ᠦᠢᠯᠡᠰ᠎ᠢ ᠪᠦᠲᠦᠭᠡᠨ   ᠪᠠᠢ᠌ᠭᠤᠯᠵᠦ᠂ ᠣᠷᠣᠨ ᠪᠦᠰᠡ ᠵᠢᠨ ᠡᠵᠡᠩᠨᠡᠯᠲᠡ ᠵᠢᠨ ᠲᠠᠪᠴᠠᠩ᠎ᠢ ᠳᠠᠢ᠌ᠴᠢᠯᠠᠵᠦ᠂ ᠳᠡᠯᠡᠬᠡᠢ᠌ᠵᠢᠭᠰᠡᠨ᠂ ᠵᠠᠬ᠎ᠠ ᠳᠡᠯᠭᠡᠭᠦᠷᠴᠢᠯᠡᠭᠰᠡᠨ᠂ ᠲᠤᠰᠬᠠᠢ᠌ᠵᠢᠭᠰᠠᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠦᠢᠯᠡᠴᠢᠯᠡᠭᠡᠨ᠎ᠤ ᠪᠠᠢ᠌ᠭᠤᠯᠤᠮᠵᠢ ᠵᠢ ᠪᠣᠢ᠌ᠵᠢᠭᠤᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠦᠢᠯᠡᠴᠢᠯᠡᠭᠡᠨ᠎ᠤ ᠦᠢᠯᠡᠰ᠎ᠢ ᠲᠠᠰ ᠲᠥᠷᠥᠯ ᠬᠤᠪᠢᠶᠠᠨ ᠦᠨᠡᠯᠡᠬᠦ ᠵᠢ ᠥᠷᠨᠢᠭᠦᠯᠬᠦ ᠬᠡᠷᠡᠭᠲᠡᠶ  ᠃ ᠳᠠᠯᠳᠠ ᠬᠥᠷᠥᠩᠭᠡ ᠵᠢ ᠦᠨᠡᠯᠡᠨ ᠵᠢᠱ᠌ᠢᠬᠦ ᠳᠦᠷᠢᠮ᠎ᠢ ᠲᠡᠭᠦᠯᠳᠡᠷᠵᠢᠭᠦᠯᠵᠦ᠂ ᠤᠷᠮᠠᠰᠢᠭᠤᠯᠬᠤ ᠬᠢᠭᠡᠳ ᠬᠢᠨᠠᠨ ᠬᠠᠮᠢᠶᠠᠷᠬᠤ ᠵᠢ ᠬᠠᠷᠢᠯᠴᠠᠨ ᠵᠣᠬᠢᠴᠠᠯᠳᠤᠭᠤᠯᠤᠭᠰᠠᠨ ᠬᠠᠮᠢᠶᠠᠷᠤᠯᠲᠠ ᠵᠢᠨ ᠲᠣᠭᠲᠠᠴᠠ ᠵᠢ ᠪᠤᠶ ᠪᠣᠯᠭ᠋ᠠᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠮᠥᠩᠭᠥᠨ ᠭᠦᠢ᠍ᠯᠭᠡᠭᠡᠨ᠎ᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠬᠥᠭᠵᠢᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢ ᠳᠠᠨᠵᠢᠯᠠᠬᠤ ᠮᠡᠳᠡᠭᠡ ᠵᠠᠩᠭᠢ ᠵᠢᠨ ᠲᠠᠪᠴᠠᠩ᠎ᠢ ᠪᠦᠷᠢᠨᠰᠢᠭᠦᠯᠵᠦ᠂ ᠡᠯ᠎ᠡ ᠲᠥᠷᠥᠯ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠣᠯᠢᠯᠳᠤᠭᠤᠯᠤᠨ ᠳᠠᠨᠵᠢᠯᠠᠬᠤ ᠪᠠ ᠳᠠᠭ᠋ᠠᠳᠬᠠᠯ ᠥᠷᠨᠢᠭᠦᠯᠬᠦ ᠵᠢ ᠵᠣᠷᠢᠭᠵᠢᠭᠤᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠠᠯᠠ ᠲᠣᠬᠢᠷᠠᠭᠤᠯᠭ᠎ᠠ ᠵᠢᠨ ᠵᠠᠭᠪᠤᠷ᠎ᠤᠨ ᠰᠢᠨ᠎ᠡ ᠵᠢ ᠡᠭᠦᠳᠬᠦ ᠵᠢ ᠵᠢᠷᠤᠮᠵᠢᠭᠤᠯᠤᠨ ᠰᠦᠪᠡᠭᠴᠢᠯᠡᠨ᠎ᠡ  ᠃ ᠬᠡᠪᠯᠡᠯ᠎ᠤᠨ ᠡᠷᠬᠡ ᠵᠢᠨ ᠠᠷᠠᠯᠵᠢᠶ᠎ᠠ ᠪᠠ ᠦᠢᠯᠡᠴᠢᠯᠡᠭᠡᠨ᠎ᠤ ᠲᠠᠪᠴᠠᠩ᠎ᠢ ᠪᠦᠷᠢᠨᠰᠢᠬᠦᠯᠵᠦ᠂ ᠪᠦᠲᠦᠭᠡᠯ᠎ᠤᠨ ᠬᠥᠷᠥᠩᠭᠡ ᠵᠢᠨ ᠦᠨᠡᠯᠡᠯᠭᠡ᠂ ᠪᠦᠷᠢᠳᠬᠡᠨ ᠪᠠᠲᠤᠯᠠᠬᠤ᠂ ᠳᠠᠨᠵᠢᠯᠠᠨ ᠬᠥᠷᠥᠩᠭᠡ ᠪᠤᠰᠬᠠᠬᠤ ᠵᠡᠷᠭᠡ ᠦᠢᠯᠡᠴᠢᠯᠡᠭᠡ ᠵᠢ ᠴᠢᠩᠭ᠋ᠠᠳᠬᠠᠨ᠎ᠠ  ᠃ ᠤᠯᠤᠰ᠎ᠤᠨ ᠬᠡᠪᠯᠡᠯ᠎ᠤᠨ ᠡᠷᠬᠡ ᠵᠢᠨ ᠰᠢᠨ᠎ᠡ ᠵᠢ ᠡᠭᠦᠳᠬᠦ ᠬᠥᠭᠵᠢᠯᠲᠡ ᠪᠦᠳᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠠᠵᠢᠯ᠎ᠢ ᠥᠷᠨᠢᠭᠦᠯᠦᠨ᠎ᠡ  ᠃ ᠪᠦᠬᠦ ᠤᠯᠤᠰ᠎ᠤᠨ ᠬᠡᠪᠯᠡᠯ᠎ᠤᠨ ᠡᠷᠬᠡ ᠵᠢᠨ ᠦᠵᠡᠭᠦᠯᠦᠯᠭᠡ ᠵᠢᠨ ᠡᠷᠬᠡ ᠣᠯᠭᠣᠬᠤ ᠠᠷᠠᠯᠵᠢᠶᠠᠨ᠎ᠤ ᠰᠢᠰᠲ᠋ᠧᠮ᠎ᠢ ᠪᠠᠢ᠌ᠭᠤᠯᠤᠨ᠎ᠠ  ᠃
   
        ᠵᠢᠷᠭᠤᠭ᠎ᠠ᠂ ᠠᠷᠠᠳ᠎ᠲᠤ ᠳᠥᠭᠥᠮ ᠦᠵᠡᠭᠦᠯᠵᠦ ᠠᠰᠢᠭ ᠬᠦᠷᠲᠡᠭᠡᠬᠦ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠬᠤ ᠬᠡᠷᠡᠭᠲᠡᠶ  
       (ᠠᠷᠪᠠᠨ ᠳᠥᠷᠪᠡ) ᠪᠥᠬᠥ ᠲᠠᠯ᠎ᠠ ᠵᠢ ᠬᠠᠮᠤᠷᠤᠭᠰᠠᠨ᠂ ᠦᠢᠯᠡᠴᠢᠯᠡᠭᠡ᠎ᠨᠢ ᠵᠢᠷᠤᠮᠵᠢᠯ᠎ᠲᠠᠢ᠂ ᠣᠶᠤᠨᠴᠢ ᠪᠥᠭᠡᠳ ᠥᠨᠳᠥᠷ ᠦᠷ᠎ᠡ ᠪᠦᠲᠦᠮᠵᠢᠲᠡᠶ ᠣᠯᠠᠨ ᠨᠡᠢ᠌ᠲᠡ ᠵᠢᠨ ᠦᠢᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠤᠶᠤᠨᠴᠢᠯᠠᠬᠤ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠮᠣ ᠳ᠋ᠠᠢ᠌ᠲ᠋ᠠ ᠵᠢᠨ ᠲᠥᠪ ᠪᠠ ᠣᠯᠠᠨ ᠨᠡᠢ᠌ᠲᠡ ᠵᠢᠨ ᠦᠢᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠦᠨ᠂ ᠡᠯ᠎ᠡ ᠲᠥᠷᠥᠯ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠠᠭᠤᠷᠢ ᠮᠡᠳᠡᠭᠡ ᠵᠠᠩᠭᠢ ᠵᠢᠨ ᠨᠡᠭᠡᠭᠡᠯᠲᠡ ᠵᠢᠨ ᠭᠦᠨᠵᠡᠭᠡᠢ᠌ᠷᠡᠯ᠂ ᠦᠷᠭᠡᠵᠢᠴᠡ ᠵᠢ ᠦᠷᠭᠡᠵᠢᠭᠦᠯᠵᠦ᠂ ᠠᠵᠤ ᠠᠬᠤᠶ᠂ ᠰᠢᠨᠵᠢᠯᠡᠭᠡ ᠮᠡᠷᠭᠡᠵᠢᠯ᠂ ᠮᠥᠩᠭᠥᠨ ᠭᠦᠢᠯᠭᠡᠭᠡᠨ᠂ ᠬᠠᠤᠯᠢ ᠴᠠᠭ᠋ᠠᠵᠠ ᠵᠡᠷᠭᠡ ᠮᠡᠳᠡᠭᠡ ᠵᠠᠩᠭᠢ᠎ᠯᠤᠭ᠎ᠠ ᠬᠤᠪᠢᠶᠠᠯᠴᠠᠬᠤ ᠠᠭᠤᠰᠤᠯᠴᠠᠬᠤ ᠵᠢ ᠪᠡᠶᠡᠯᠡᠭᠦᠯᠬᠦ ᠬᠡᠷᠡᠭᠲᠡᠶ  ᠃ 《ᠢᠨᠲ᠋ᠧᠷ ᠰᠦᠯᠵᠢᠶ᠎ᠡ +》 ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠭᠦᠨᠵᠡᠭᠡᠶ ᠠᠬᠢᠭᠤᠯᠵᠤ᠂ ᠰᠢᠨ᠎ᠡ ᠮᠡᠷᠭᠡᠵᠢᠯ᠎ᠢ ᠭᠦᠢᠴᠡᠳ ᠠᠰᠢᠭᠯᠠᠨ ᠣᠶᠤᠨᠴᠢᠯᠠᠭᠰᠠᠨ ᠲᠤᠰᠬᠠᠶ ᠠᠰᠢᠭ ᠪᠠ ᠲᠠᠸᠠᠷ᠎ᠤᠨ ᠲᠡᠮᠳᠡᠭ᠎ᠢ ᠬᠢᠨᠠᠨ ᠪᠠᠢ᠌ᠴᠠᠭ᠋ᠠᠬᠤ ᠪᠠ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ ᠬᠢᠨᠠᠨ ᠪᠠᠢ᠌ᠴᠠᠭ᠋ᠠᠬᠤ ᠴᠤᠪᠤᠷᠠᠯ᠎ᠢ ᠰᠢᠯᠢᠳᠡᠭᠵᠢᠭᠦᠯᠦᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 《ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ》 ᠪᠠ 《ᠨᠢᠭᠡ ᠥᠷᠲᠡᠭᠡ ᠮᠠᠶᠢᠭ》᠎ᠤᠨ ᠦᠢᠯᠡᠴᠢᠯᠡᠭᠡ ᠵᠢ ᠪᠡᠶᠡᠯᠡᠭᠦᠯᠬᠦ ᠬᠡᠷᠡᠭᠲᠡᠶ  ᠃ ᠭᠣᠣᠯ ᠪᠣᠯᠬᠤ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ᠂ ᠮᠡᠷᠭᠡᠵᠢᠯ ᠬᠢᠭᠡᠳ ᠰᠢᠨ᠎ᠡ ᠵᠢ ᠡᠭᠦᠳᠬᠦ ᠵᠢ ᠳᠡᠮᠵᠢᠬᠦ ᠲᠥᠪ ᠵᠡᠷᠭᠡ ᠦᠢ᠍ᠯᠡᠴᠢᠯᠡᠭᠡᠨ᠎ᠤ ᠰᠦᠯᠵᠢᠶ᠎ᠡ ᠴᠢᠭ᠎ᠢ ᠥᠷᠭᠡᠳᠬᠡᠨ᠂ ᠵᠠᠰᠠᠭ᠎ᠤᠨ ᠣᠷᠳᠣᠨ ᠬᠥᠲᠥᠯᠥᠨ ᠵᠢᠯᠣᠭᠣᠳᠤᠭᠰᠠᠨ᠂ ᠣᠯᠠᠨ ᠲᠠᠯ᠎ᠠ᠎ᠠᠴᠠ ᠣᠷᠣᠯᠴᠠᠭᠰᠠᠨ᠂ ᠬᠠᠷᠢᠯᠴᠠᠨ   ᠬᠤᠯᠪᠤᠭ᠋ᠠᠯᠴᠠᠬᠤ ᠬᠤᠪᠢᠶᠠᠯᠴᠠᠬᠤ   ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠬᠤ ᠬᠡᠷᠡᠭᠲᠡᠶ  ᠃   ᠮᠡᠷᠭᠡᠵᠢᠭᠰᠡᠨ᠂ ᠳᠥᠭᠥᠮ ᠳᠥᠲᠡ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠯᠠᠪᠯᠠᠯᠭ᠎ᠠ ᠵᠢᠨ ᠦᠢ᠍ᠯᠡᠴᠢᠯᠡᠭᠡᠨ᠎ᠢ ᠴᠢᠩᠭ᠋ᠠᠳᠬᠠᠵᠤ᠂ ᠳᠤᠮᠳᠠ ᠵᠢᠵᠢᠭ ᠠᠵᠤ ᠠᠬᠤᠢ᠌ᠯᠠᠯ ᠪᠣᠯᠤᠨ ᠠᠩᠬ᠎ᠠ ᠡᠭᠦᠳᠦᠨ ᠪᠠᠢ᠌ᠭᠤᠯᠤᠭᠰᠠᠨ ᠠᠵᠤ ᠠᠬᠤᠢ᠌ᠯᠠᠯ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠣᠭᠲᠠᠴᠠ ᠵᠢ ᠪᠦᠷᠢᠨᠰᠢᠭᠦᠯᠬᠦ ᠬᠡᠷᠡᠭᠲᠡᠶ  ᠃ ᠣᠯᠠᠨ ᠤᠯᠤᠰ᠎ᠤᠨ ᠦᠵᠡᠰᠬᠦᠯᠡᠩ᠎ᠳᠠᠬᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠦᠢᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ  ᠃
       (ᠠᠷᠪᠠᠨ ᠲᠠᠪᠤ) ᠣᠯᠠᠨ ᠨᠡᠢ᠌ᠲᠡ ᠵᠢᠨ ᠦᠢᠯᠡᠴᠢᠯᠡᠭᠡᠨ᠎ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠰᠦᠯᠵᠢᠶᠡᠵᠢᠭᠦᠯᠬᠦ ᠪᠠᠢ᠌ᠭᠤᠯᠤᠯᠲᠠ ᠵᠢ ᠴᠢᠩᠭ᠋ᠠᠳᠬᠠᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠵᠦᠢᠯᠡᠰ ᠪᠠ ᠬᠡᠪᠴᠢᠶ᠎ᠡ ᠵᠢ ᠲᠣᠳᠣᠷᠬᠠᠢ᠌ᠯᠠᠵᠤ᠂ ᠣᠯᠠᠨ ᠨᠡᠢ᠌ᠲᠡ ᠵᠢᠨ ᠦᠢᠯᠡᠴᠢᠯᠡᠭᠡᠨ᠎ᠤ ᠵᠦᠢᠯᠡᠰ᠎ᠤᠨ ᠨᠠᠷᠢᠨ ᠬᠠᠭᠤᠳᠠᠰᠤ ᠪᠠ ᠦᠢᠯᠡᠴᠢᠯᠡᠭᠡᠨ᠎ᠤ ᠪᠠᠷᠢᠮᠵᠢᠶ᠎ᠠ ᠵᠢ ᠲᠣᠭᠲᠠᠭ᠋ᠠᠬᠤ ᠬᠡᠷᠡᠭᠲᠡᠶ  ᠃   ᠱᠠᠲᠤᠯᠠᠭᠰᠠᠨ᠂ ᠠᠩᠭᠢᠯᠠᠭᠰᠠᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠨᠳᠥᠷ ᠬᠢᠷᠢ ᠬᠡᠮᠵᠢᠶ᠎ᠡ᠎ᠲᠠᠢ ᠲᠤᠰᠬᠠᠢ᠌ᠵᠢᠭᠰᠠᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠶᠡᠬᠡᠪᠡᠷ ᠬᠥᠭᠵᠢᠭᠦᠯᠬᠦ ᠬᠡᠷᠡᠭᠲᠡᠶ  ᠃ ᠮᠡᠳᠡᠭᠡ ᠵᠠᠩᠭᠢ ᠵᠢᠨ ᠮᠡᠷᠭᠡᠵᠢᠯ᠎ᠢ ᠪᠦᠲᠦᠮᠵᠢᠲᠡᠶ ᠠᠰᠢᠭᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ  ᠃   ᠤᠢ᠌ᠯᠠᠭ᠋ᠠᠯᠴᠠᠵᠤ ᠰᠣᠪᠠᠭ᠎ᠢ   ᠰᠠᠭ᠋ᠠᠳ ᠦᠭᠡᠢ ᠨᠡᠪᠲᠡᠷᠡᠭᠦᠯᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠨᠡᠢ᠌ᠭᠡᠮ᠎ᠤᠨ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ  ᠃
        (ᠠᠷᠪᠠᠨ ᠵᠢᠷᠭᠤᠭ᠎ᠠ) ᠳ᠋ᠠᠢ᠌ᠲ᠋ᠠ ᠵᠢᠨ ᠪᠠᠷᠢᠮᠵᠢᠶ᠎ᠠ᠎ᠢ ᠲᠣᠭᠲᠠᠭ᠋ᠠᠵᠤ᠂ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂   ᠪᠦᠲᠦᠮᠵᠢ ᠰᠠᠢ᠌ᠲᠠᠢ ᠮᠡᠳᠡᠭᠡ ᠵᠠᠩᠭᠢ ᠵᠢᠨ ᠦᠢᠯᠡᠴᠢᠯᠡᠭᠡᠨ᠎ᠤ ᠵᠠᠭᠪᠤᠷ᠎ᠢ   ᠠᠰᠢᠭᠯᠠᠬᠤ ᠬᠡᠷᠡᠭᠲᠡᠢ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳ᠋ᠠᠢ᠌ᠲ᠋ᠠ ᠵᠢᠨ ᠪᠠᠷᠢᠮᠵᠢᠶ᠎ᠠ ᠵᠢ ᠲᠣᠭᠲᠠᠭ᠋ᠠᠬᠤ ᠪᠠ ᠳ᠋ᠠᠢ᠌ᠲ᠋ᠠ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷᠴᠢᠯᠡᠭᠰᠡᠨ᠂ ᠨᠡᠢ᠌ᠭᠡᠮᠴᠢᠯᠡᠭᠰᠡᠨ ᠮᠡᠳᠡᠭᠡ ᠵᠠᠩᠭᠢ ᠵᠢᠨ ᠡᠳ᠋ᠰᠢᠭᠦᠯᠦᠯᠲᠡ ᠪᠠ ᠦᠢᠯᠡᠴᠢᠯᠡᠭᠡᠨ᠎ᠤ ᠲᠣᠭᠲᠠᠴᠠ ᠵᠢ ᠪᠠᠢ᠌ᠭᠤᠯᠬᠤ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳ᠋ᠠᠢ᠌ᠲ᠋ᠠ ᠠᠷᠠᠯᠵᠢᠶᠠᠯᠠᠬᠤ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳ᠋ᠠᠢ᠌ᠲ᠋ᠠ ᠵᠢᠨ ᠨᠡᠭᠡᠭᠡᠯᠲᠡ   ᠵᠢᠴᠢ ᠳ᠋ᠠᠢ᠌ᠲ᠋ᠠ ᠵᠢᠨ ᠬᠤᠪᠢ ᠵᠢᠨ ᠨᠢᠭᠤᠴᠠ᠎ᠢ ᠬᠠᠮᠠᠭ᠋ᠠᠯᠠᠬᠤ ᠵᠢᠨ ᠬᠠᠷᠢᠴᠠᠭ᠎ᠠ ᠵᠢ ᠰᠠᠢ᠌ᠲᠤᠷ ᠰᠢᠢᠳᠪᠦᠷᠢᠯᠡᠵᠦ᠂ ᠤᠯᠠᠮᠵᠢᠯᠠᠨ ᠳᠠᠮᠵᠢᠭᠤᠯᠵᠤ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳ᠋ᠠᠢ᠌ᠲ᠋ᠠ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠦᠨ᠎ᠡ ᠥᠷᠲᠡᠭ᠎ᠢ ᠭᠦᠢᠴᠡᠳ ᠪᠡᠶᠡᠯᠡᠭᠦᠯᠬᠦ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠮᠡᠳᠡᠭᠡ ᠵᠠᠩᠭᠢ ᠵᠢᠨ ᠣᠯᠠᠨ ᠨᠡᠢ᠌ᠲᠡ ᠵᠢᠨ ᠦᠢᠯᠡᠴᠢᠯᠡᠭᠡ ᠪᠠ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ᠎ᠤ ᠵᠣᠬᠢᠴᠠᠩᠭᠤᠶ ᠬᠥᠭᠵᠢᠯᠲᠡ ᠵᠢ ᠠᠬᠢᠭᠤᠯᠬᠤ ᠬᠡᠷᠡᠭᠲᠡᠶ  ᠃ ᠣᠯᠠᠨ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳ᠋ᠠᠢ᠌ᠲ᠋ᠠ ᠵᠢᠨ ᠰᠣᠯᠢᠯᠴᠠᠭ᠎ᠠ ᠵᠢ ᠴᠢᠩᠭ᠋ᠠᠳᠬᠠᠵᠤ᠂ ᠪᠥᠬᠥ ᠪᠥᠮᠪᠥᠷᠴᠡᠭ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠮᠡᠳᠡᠭᠡ ᠵᠠᠩᠭᠢ ᠵᠢ ᠬᠡᠷᠡᠭᠯᠡᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ  ᠃

        ᠳᠣᠯᠣᠭ᠎ᠠ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ   ᠬᠦᠮᠦᠨᠯᠢᠭ ᠨᠡᠢ᠌ᠭᠡᠮ᠎ᠤᠨ ᠣᠷᠴᠢᠨ ᠲᠣᠭᠣᠷᠢᠨ  ᠎ᠢ ᠪᠥᠲᠥᠭᠡᠨ ᠪᠠᠢ᠌ᠭᠤᠯᠤᠨ᠎ᠠ  
      (ᠠᠷᠪᠠᠨ ᠳᠣᠯᠣᠭ᠎ᠠ) ᠮᠡᠳᠡᠯᠭᠡ ᠵᠢ ᠬᠦᠨᠳᠦᠳᠬᠡᠬᠦ᠂ ᠰᠢᠨ᠎ᠡ ᠵᠢ ᠡᠭᠦᠳᠬᠦ ᠵᠢ ᠡᠷᠬᠢᠮᠯᠡᠬᠦ᠂ ᠦᠨᠡᠨᠴᠢ ᠢᠲᠡᠭᠡᠮᠵᠢᠲᠡᠶ ᠬᠠᠤᠯᠢ ᠰᠠᠬᠢᠭᠰᠠᠨ᠂ ᠰᠢᠳᠤᠷᠭᠤ ᠦᠷᠢᠰᠦᠯᠳᠦᠭᠰᠡᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠣᠶᠣᠯ᠎ᠤᠨ ᠵᠠᠷᠴᠢᠮ᠎ᠢ ᠪᠣᠶ ᠪᠣᠯᠭ᠋ᠠᠬᠤ ᠬᠡᠷᠡᠭᠲᠡᠶ  ᠃ ᠰᠤᠷᠭ᠋ᠠᠨ ᠬᠥᠮᠦᠵᠢᠭᠦᠯᠵᠦ ᠬᠥᠲᠥᠯᠥᠨ ᠵᠢᠯᠣᠭᠣᠳᠬᠤ᠂ ᠦᠢᠯᠡᠳᠦᠯᠭᠡᠵᠢᠭᠦᠯᠦᠨ ᠪᠣᠶ ᠪᠣᠯᠭ᠋ᠠᠬᠤ ᠪᠠ ᠲᠦᠷᠢᠮ᠎ᠤᠨ ᠪᠠᠲᠤᠯᠠᠭ᠎ᠠ ᠵᠢ ᠴᠢᠩᠭ᠋ᠠᠳᠬᠠᠵᠤ᠂ ᠠᠷᠠᠳ ᠢᠷᠭᠡᠳ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠤᠬᠠᠮᠰᠠᠷ᠎ᠠᠴᠠ᠎ᠪᠠᠨ ᠬᠦᠨᠳᠦᠳᠬᠡᠬᠦ ᠪᠠ ᠬᠠᠮᠠᠭ᠋ᠠᠯᠠᠬᠤ ᠦᠢᠯᠡ ᠠᠵᠢᠯᠯᠠᠭ᠎ᠠ ᠵᠢᠨ ᠳᠠᠳᠬᠠᠯ᠎ᠢ ᠬᠥᠮᠦᠵᠢᠭᠦᠯᠦᠨ᠂ ᠡᠷᠬᠡ᠎ᠳᠤ ᠬᠠᠯᠳᠠᠵᠤ ᠬᠤᠳᠠᠯ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠵᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠨ᠎ᠠ  ᠃ ᠰᠢᠨ᠎ᠡ ᠵᠢ ᠡᠭᠦᠳᠬᠦ ᠰᠣᠶᠣᠯ᠎ᠢ ᠰᠠᠨᠠᠭ᠋ᠠᠴᠢᠯᠠᠨ᠂ ᠦᠨᠡᠨᠴᠢ ᠢᠲᠡᠭᠡᠮᠵᠢ   ᠵᠠᠷᠴᠢᠮ ᠪᠠ ᠭᠡᠷ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠵᠣᠷᠢᠭᠲᠠᠶ᠎ᠪᠠᠷ ᠰᠢᠨ᠎ᠡ ᠵᠢ ᠡᠭᠦᠳᠬᠦ ᠪᠠ ᠦᠨᠡᠨᠴᠢ ᠢᠲᠡᠭᠡᠮᠵᠢᠲᠡᠶ ᠡᠵᠡᠩᠨᠡᠭᠰᠡᠨ ᠨᠡᠢ᠌ᠲᠡᠯᠢᠭ ᠠᠵᠤ ᠠᠬᠤᠢ᠌ᠯᠠᠯ᠎ᠢ ᠶᠡᠬᠡᠪᠡᠷ ᠤᠬᠠᠭᠤᠯᠤᠨ᠂ ᠠᠵᠤ ᠠᠬᠤᠢ᠌ᠯᠠᠯ᠎ᠢ ᠬᠥᠲᠥᠯᠥᠨ ᠵᠢᠯᠣᠭᠣᠳᠴᠤ ᠪᠠᠢ᠌ᠭ᠋ᠠᠳ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠦᠨᠳᠦᠳᠬᠡᠬᠦ ᠪᠠ ᠬᠠᠮᠠᠭ᠋ᠠᠯᠠᠬᠤ ᠨᠡᠢ᠌ᠭᠡᠮ᠎ᠤᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠬᠡᠯᠭᠡᠬᠦ ᠬᠡᠷᠡᠭᠲᠡᠶ  ᠃ ᠰᠢᠳᠤᠷᠭᠤ ᠦᠷᠢᠰᠦᠯᠳᠦᠭᠡᠨ᠎ᠤ ᠰᠣᠶᠣᠯ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠰᠢᠨ᠎ᠡ ᠴᠠᠭ ᠦᠶ᠎ᠡ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠣᠶᠣᠯ᠎ᠤᠨ ᠤᠬᠠᠮᠰᠠᠷ ᠪᠠ ᠰᠣᠶᠣᠯ᠎ᠤᠨ ᠢᠲᠡᠭᠡᠯ᠎ᠢ ᠬᠥᠮᠦᠵᠢᠭᠦᠯᠦᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠣᠶᠣᠯ ᠬᠢᠭᠡᠳ ᠬᠠᠤᠯᠢ᠎ᠪᠠᠷ ᠵᠠᠰᠠᠬᠤ ᠰᠣᠶᠣᠯ᠂ ᠰᠢᠨ᠎ᠡ ᠵᠢ ᠡᠭᠦᠳᠬᠦ ᠰᠣᠶᠣᠯ ᠪᠠ ᠠᠷᠠᠳ ᠢᠷᠭᠡᠳ᠎ᠤᠨ ᠶᠣᠰᠣ ᠮᠣᠷᠠᠯ᠎ᠤᠨ ᠬᠡᠪ ᠪᠣᠯᠪᠠᠰᠤᠷᠠᠯ᠎ᠢ ᠠᠭᠤᠰᠤᠯᠴᠠᠭᠤᠯᠤᠨ ᠬᠠᠮᠲᠤ ᠣᠷᠣᠰᠢᠬᠤ᠂ ᠬᠠᠷᠢᠯᠴᠠᠨ ᠠᠬᠢᠭᠤᠯᠬᠤ ᠵᠢ ᠠᠬᠢᠭᠤᠯᠬᠤ ᠬᠡᠷᠡᠭᠲᠡᠶ  ᠃
       (ᠠᠷᠪᠠᠨ ᠨᠠᠢᠮᠠ) ᠠᠭᠤᠯᠭ᠎ᠠ᠎ᠨᠢ ᠰᠢᠨ᠎ᠡ ᠰᠣᠷᠭᠣᠭ᠂ ᠬᠡᠯᠪᠡᠷᠢ᠎ᠨᠢ ᠣᠯᠠᠨ ᠶᠠᠩᠵᠤ᠎ᠲᠠᠢ᠂ ᠠᠭᠤᠰᠤᠯᠴᠠᠨ ᠬᠥᠭᠵᠢᠭᠰᠡᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠣᠶᠣᠯ᠎ᠤᠨ ᠤᠯᠠᠮᠵᠢᠯᠠᠨ ᠳᠡᠯᠭᠡᠷᠡᠭᠦᠯᠬᠦ ᠵᠢᠭᠰᠠᠭ᠋ᠠᠯ᠎ᠢ ᠪᠠᠢ᠌ᠭᠤᠯᠬᠤ ᠬᠡᠷᠡᠭᠲᠡᠶ  ᠃ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ᠎ᠪᠠᠷ ᠪᠣᠶ ᠪᠣᠯᠤᠭᠰᠠᠨ ᠵᠠᠭᠤᠴᠢᠯᠠᠭᠤᠷ᠎ᠢ ᠠᠭᠤᠰᠣᠯᠴᠠᠭᠤᠯᠥᠨ ᠬᠥᠭᠵᠢᠭᠦᠯᠦᠭᠰᠡᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠣᠶᠣᠯ᠎ᠤᠨ ᠤᠯᠠᠮᠵᠢᠯᠠᠨ ᠳᠠᠮᠵᠢᠭᠤᠯᠬᠤ ᠲᠠᠪᠴᠠᠩ᠎ᠢ ᠪᠠᠢ᠌ᠭᠤᠯᠵᠤ᠂ ᠨᠡᠢ᠌ᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠂ ᠣᠬᠣᠷ ᠸᠢᠳᠢᠣ᠋᠂   ᠬᠡᠷᠡᠭᠯᠡᠭᠴᠢ ᠵᠢᠨ ᠦᠵᠦᠭᠦᠷ ᠵᠡᠷᠭᠡ ᠰᠢᠨ᠎ᠡ ᠵᠠᠭᠤᠴᠢᠯᠠᠭᠤᠷ᠎ᠤᠨ ᠵᠠᠮ ᠮᠥᠷ᠎ᠢ ᠥᠷᠭᠡᠳᠬᠡᠨ᠎ᠡ  ᠃ ᠠᠭᠤᠯᠭ᠎ᠠ᠂ ᠬᠡᠯᠪᠡᠷᠢ ᠪᠠ ᠠᠷᠭ᠎ᠠ ᠪᠠᠷᠢᠯ ᠎ᠢ ᠰᠢᠨᠡᠴᠢᠯᠡᠵᠦ᠂ ᠭᠠᠳᠠᠭ᠋ᠠᠳᠤ᠎ᠳᠤ ᠬᠣᠯᠪᠣᠭᠳᠠᠬᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠤᠬᠠᠭᠤᠯᠭ᠎ᠠ ᠵᠢ ᠴᠢᠩᠭ᠋ᠠᠳᠬᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠠᠮ ᠵᠠᠭᠤᠴᠢᠯᠠᠭᠤᠷ ᠵᠶ᠋ᠠᠷ ᠤᠯᠠᠮᠵᠢᠯᠠᠬᠤ   ᠪᠠᠢ᠌ᠷᠢ ᠪᠠᠢ᠌ᠴᠠ᠎ᠢ ᠪᠣᠶ ᠪᠣᠯᠭ᠋ᠠᠵᠤ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠤᠬᠠᠭᠤᠯᠭ᠎ᠠ ᠵᠢᠨ ᠨᠠᠷᠠᠲᠤ   ᠲᠡᠮᠲᠡᠭ᠎ᠤ ᠵᠢ ᠪᠣᠶ ᠪᠣᠯᠭ᠋ᠠᠬᠤ ᠬᠡᠷᠡᠭᠲᠡᠶ᠃ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳᠡᠭᠡᠳᠦ ᠲᠡᠰ᠎ᠤᠨ ᠤᠶᠤᠨ᠎ᠤ ᠬᠥᠮᠥᠷᠭᠡ ᠪᠠ ᠤᠨᠴᠠᠯᠢᠬᠳᠤ ᠤᠶᠤᠨ᠎ᠤ ᠬᠥᠮᠥᠷᠭᠡ ᠵᠢ ᠶᠡᠬᠡ᠎ᠪᠠᠷ ᠬᠥᠭᠵᠢᠭᠦᠯᠵᠦ᠂ ᠤᠨᠤᠯ ᠪᠠ ᠲᠦᠷᠦ ᠵᠢᠨ ᠪᠤᠳᠤᠯᠭ᠎ᠠ ᠵᠢᠨ ᠰᠤᠳᠤᠯᠭ᠋ᠠᠨ᠎ᠢ ᠭᠦᠨᠵᠡᠭᠡᠢ᠌ᠷᠡᠭᠦᠯᠦᠨ᠂ ᠤᠯᠠᠨ ᠤᠯᠤᠰ᠎ᠤᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠴᠢᠩᠭ᠋ᠠᠳᠬᠠᠨ᠎ᠠ  ᠃
       (ᠠᠷᠪᠠ ᠶᠢᠰᠦ)   ᠨᠠᠩ ᠨᠡᠭᠡᠭᠡᠯᠲᠡ᠎ᠲᠠᠢ᠂ ᠨᠠᠩ ᠢᠳᠡᠪᠬᠢᠲᠡᠢ᠂ ᠨᠠᠩ ᠠᠮᠢᠵᠢᠷᠠᠯ᠎ᠤᠨ ᠬᠦᠴᠦᠨ᠎ᠲᠠᠢ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠴᠢᠳᠠᠪᠤᠷᠢᠲᠠᠨ᠎ᠤ ᠬᠥᠭᠵᠢᠯᠲᠡ ᠵᠢᠨ ᠣᠷᠴᠢᠨ ᠲᠣᠭᠣᠷᠢᠨ ᠢ ᠪᠤᠢ ᠪᠣᠯᠭ᠋ᠠᠬᠤ ᠬᠡᠷᠡᠭᠲᠡᠢ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠴᠢᠳᠠᠪᠤᠷᠢᠲᠠᠨ᠎ᠢ ᠬᠥᠮᠦᠵᠢᠭᠦᠯᠬᠦ᠂ ᠦᠨᠡᠯᠡᠵᠦ ᠤᠷᠮᠠᠰᠢᠭᠤᠯᠬᠤ᠂ ᠰᠢᠯᠵᠢᠭᠦᠯᠦᠨ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ  ᠃ ᠡᠷᠳᠡᠮ᠎ᠤᠨ ᠵᠡᠷᠭᠡ ᠡᠷᠬᠡᠵᠢᠭᠦᠯᠬᠦ ᠵᠢ ᠪᠡᠶ᠎ᠡ᠎ᠪᠠᠨ ᠳᠠᠭ᠋ᠠᠭ᠋ᠠᠵᠤ ᠬᠢᠨᠠᠨ ᠬᠠᠷᠭᠤᠭᠤᠯᠬᠤ ᠵᠢᠴᠢ ᠶᠡᠬᠡ ᠳᠡᠭᠡᠳᠦ ᠰᠤᠷᠭ᠋ᠠᠭᠤᠯᠢ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠎ᠠ ᠵᠢ ᠡᠵᠡᠨ ᠮᠡᠳᠡᠵᠦ ᠪᠠᠢ᠌ᠭᠤᠯᠬᠤ ᠵᠢ ᠳᠡᠮᠵᠢᠨ᠎ᠡ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠤᠰᠬᠠᠢ ᠴᠢᠳᠠᠪᠤᠷᠢᠲᠠᠨ᠎ᠢ ᠬᠥᠮᠦᠵᠢᠭᠦᠯᠬᠦ ᠲᠥᠯᠥᠪᠯᠡᠭᠡ ᠵᠢ ᠬᠡᠷᠡᠭᠵᠢᠭᠦᠯᠦᠨ᠎ᠡ᠃ ᠬᠠᠮᠢᠶ᠎ᠠ ᠪᠥᠬᠥᠶ ᠳᠡᠭᠡᠳᠦ ᠰᠤᠷᠭ᠋ᠠᠭᠤᠯᠢ᠎ᠳᠤ ᠲᠦᠰᠢᠭᠯᠡᠨ ᠨᠢᠭᠡ ᠪᠦᠯᠦᠭ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ᠎ᠢ ᠪᠠᠢ᠌ᠷᠢᠰᠢᠭᠤᠯᠵᠤ᠂ ᠬᠠᠮᠢᠶ᠎ᠠ ᠪᠥᠬᠥᠶ ᠶᠡᠬᠡ ᠳᠡᠭᠡᠳᠦ ᠰᠤᠷᠭ᠋ᠠᠭᠤᠯᠢ ᠵᠢᠨ ᠬᠣᠶᠠᠳᠤᠭ᠋ᠠᠷ ᠳᠡᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠯᠪᠠᠨ ᠲᠤᠰᠢᠶᠠᠯᠲᠤ ᠬᠠᠤᠯᠢᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠠᠳᠠᠭ᠋ᠠᠳᠤ᠎ᠳᠤ ᠬᠣᠯᠪᠣᠭᠳᠠᠬᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠤᠯᠢᠴᠢ ᠵᠢᠨ ᠡᠩᠨᠡᠭᠡ ᠵᠢ ᠬᠥᠮᠦᠵᠢᠭᠦᠯᠬᠦ ᠪᠠ ᠰᠣᠷᠭ᠋ᠠᠯᠲᠠ ᠵᠢᠨ ᠠᠵᠢᠯ᠎ᠢ ᠰᠠᠢ᠌ᠲᠤᠷ ᠬᠢᠵᠦ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠳᠡᠯᠡᠬᠡᠢ᠌ᠵᠢᠭᠰᠡᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠨ᠎ᠠ  ᠃ ᠨᠢᠭᠡ ᠪᠦᠯᠦᠭ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠰᠣᠳᠣᠨ ᠬᠢᠴᠢᠶᠡᠯ᠎ᠢ ᠭᠠᠷᠭ᠋ᠠᠨ᠎ᠠ᠃ ᠺᠠᠳ᠋ᠷ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠤᠬᠠᠢ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠨ᠎ᠡ  ᠃ ᠳᠤᠮᠳᠠᠳᠤ ᠪᠠᠭ᠎ᠠ ᠰᠤᠷᠭ᠋ᠠᠭᠤᠯᠢ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠬᠥᠮᠦᠵᠢᠯ᠎ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠯᠠᠭᠤᠴᠤᠳ ᠪᠠᠭ᠋ᠠᠴᠤᠳ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠦᠵᠡᠯ ᠤᠬᠠᠮᠰᠠᠷ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ  ᠃

        ᠨᠠᠢᠮᠠ᠂ ᠪᠥᠬᠥ ᠪᠥᠮᠪᠥᠷᠴᠡᠭ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠵᠠᠰᠠᠯᠲᠠ  ᠎ᠳᠤ ᠭᠦᠨᠵᠡᠭᠡᠶ ᠣᠷᠣᠯᠴᠠᠬᠤ ᠬᠡᠷᠡᠭᠲᠡᠶ  
      (ᠬᠣᠷᠢ) ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠦᠬᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮᠵᠢ ᠵᠢᠨ ᠥᠭᠡᠷᠡᠴᠢᠯᠡᠯᠲᠡ ᠪᠠ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠡᠪᠴᠢᠶᠡᠨ᠎ᠳᠠᠬᠢ ᠭᠠᠳᠠᠭᠰᠢ ᠨᠡᠭᠡᠭᠡᠯᠲᠡ ᠵᠢ ᠥᠷᠭᠡᠳᠬᠡᠵᠦ᠂ ᠤᠯᠠᠨ ᠤᠯᠤᠰ᠎ᠤᠨ ᠶᠠᠷᠢᠯᠴᠠᠭ᠎ᠠ ᠰᠣᠯᠢᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠴᠢ ᠬᠣᠯᠪᠣᠭᠳᠠᠯ ᠪᠦᠬᠦᠢ ᠤᠯᠠᠨ ᠤᠯᠤᠰ᠎ᠤᠨ ᠠᠷᠠᠯᠵᠢᠶ᠎ᠠ᠂ ᠤᠯᠠᠨ ᠤᠯᠤᠰ᠎ᠤᠨ ᠪᠡᠯᠡ ᠣᠷᠣᠭᠤᠯᠤᠯᠲᠠ ᠵᠡᠷᠭᠡ ᠤᠯᠠᠨ ᠤᠯᠤᠰ᠎ᠤᠨ ᠲᠦᠷᠢᠮ ᠪᠠ ᠪᠠᠷᠢᠮᠵᠢᠶ᠎ᠠ ᠵᠢ ᠲᠡᠭᠦᠯᠳᠡᠷᠵᠢᠭᠦᠯᠬᠦ ᠵᠢ ᠲᠦᠯᠬᠢᠨ ᠠᠬᠢᠭᠤᠯᠤᠨ᠎ᠠ  ᠃ ᠠᠵᠤ ᠠᠬᠤᠢ ᠠᠷᠠᠯᠵᠢᠶ᠎ᠠ᠎ᠳᠤ ᠬᠣᠯᠪᠣᠭᠳᠠᠬᠤ ᠤᠯᠠᠨ ᠲᠠᠯᠠᠲᠤ ᠪᠠ ᠬᠣᠶᠠᠷ ᠲᠠᠯᠠᠲᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠤᠬᠠᠢ ᠭᠠᠳᠠᠭ᠋ᠠᠳᠤ ᠬᠡᠯᠡᠯᠴᠡᠭᠡ ᠵᠢ ᠢᠳᠡᠪᠬᠢᠲᠡᠢ ᠠᠬᠢᠭᠤᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠭᠠᠳᠠᠭ᠋ᠠᠳᠤ᠎ᠳᠤ ᠬᠣᠯᠪᠣᠭᠳᠠᠬᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠰᠲ᠋ᠧᠮᠵᠢ ᠵᠢ ᠪᠠᠢ᠌ᠭᠤᠯᠤᠨ᠎ᠠ  ᠃ ᠡᠯ᠎ᠡ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠢᠨᠠᠨ ᠪᠠᠢ᠌ᠴᠠᠭ᠋ᠠᠭᠰᠠᠨ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠠᠬᠢᠭᠤᠯᠬᠤ ᠬᠡᠷᠡᠭᠲᠡᠶ  ᠃ ᠣᠯᠠᠨ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠨᠳᠡᠯᠡᠨ᠎ᠠᠴᠠ ᠲᠠᠰᠤᠯᠬᠤ ᠰᠢᠯᠢᠳᠡᠭ ᠰᠣᠩᠭᠣᠯᠲᠠ ᠵᠢᠨ ᠭᠠᠵᠠᠷ ᠪᠠᠢ᠌ᠭᠤᠯᠤᠨ᠎ᠠ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠥᠨᠳᠡᠯᠡᠨ᠎ᠠᠴᠠ ᠲᠠᠰᠤᠯᠬᠤ ᠳᠡᠯᠡᠬᠡᠢ᠌ᠴᠢᠯᠡᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ  ᠃ ᠥᠨᠳᠥᠷ ᠬᠢᠷᠢ ᠲᠦᠪᠰᠢᠨ ᠪᠥᠬᠥᠶ ᠭᠠᠳᠠᠭ᠋ᠠᠳᠤ ᠤᠯᠤᠰ᠎ᠤᠨ ᠪᠠᠢ᠌ᠭᠤᠯᠤᠮᠵᠢ ᠵᠢᠨ ᠳᠤᠮᠳᠠᠳᠤ ᠤᠯᠤᠰ᠎ᠲᠤ ᠢᠷᠡᠵᠦ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠦᠢᠯᠡᠴᠢᠯᠡᠭᠡ ᠥᠷᠨᠢᠭᠦᠯᠬᠦ ᠵᠢ ᠵᠣᠷᠢᠭᠵᠢᠭᠤᠯᠤᠨ᠎ᠠ  ᠃
       (ᠬᠣᠷᠢᠨ ᠨᠢᠭᠡ) ᠤᠯᠠᠨ ᠲᠠᠯᠠᠲᠤ ᠪᠠ ᠬᠣᠶᠠᠷ ᠲᠠᠯᠠᠲᠤ ᠵᠣᠬᠢᠴᠠᠯᠳᠤᠨ ᠬᠣᠯᠪᠣᠯᠳᠤᠭᠰᠠᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠣᠣᠷ᠎ᠢ ᠪᠠᠢ᠌ᠭᠤᠯᠤᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠤᠯᠠᠨ ᠲᠠᠯᠠᠲᠤ ᠬᠠᠮᠲᠤᠷᠠᠯᠴᠠᠭ᠋ᠠᠨ᠎ᠤ ᠰᠢᠰᠲ᠋ᠧᠮ᠎ᠢ ᠢᠳᠡᠪᠬᠢᠲᠡᠢ ᠬᠠᠮᠠᠭ᠋ᠠᠯᠠᠨ ᠬᠥᠭᠵᠢᠭᠦᠯᠵᠦ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠂ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠢ᠌ᠭᠤᠯᠤᠯᠲᠠ ᠵᠡᠷᠭᠡ ᠤᠯᠠᠨ ᠤᠯᠤᠰ᠎ᠤᠨ ᠪᠦᠲᠦᠭᠦᠪᠴᠢ ᠪᠠ ᠤᠯᠠᠨ ᠲᠠᠯᠠᠲᠤ ᠲᠣᠭᠲᠠᠴᠠ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ  ᠃《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠤᠯᠤᠰ ᠣᠷᠣᠨ  ᠎ᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠤᠳᠠᠳᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ ᠬᠠᠮᠲᠤᠪᠡᠷ ᠪᠠᠢ᠌ᠭᠤᠯᠵᠦ᠂ ᠳᠡᠭᠡᠳᠦ ᠲᠡᠰ᠎ᠤᠨ ᠬᠠᠮᠲᠤᠷᠠᠯᠴᠠᠭ᠋ᠠᠨ᠎ᠤ ᠲᠠᠪᠴᠠᠩ᠎ᠢ   ᠪᠠᠢ᠌ᠭᠤᠯᠵᠦ᠂ ᠮᠡᠳᠡᠭᠡ ᠵᠠᠩᠭᠢ᠂ ᠳ᠋ᠠᠢ᠌ᠲ᠋ᠠ ᠵᠢᠨ ᠡᠬᠢ ᠪᠠᠶᠠᠯᠢᠭ᠎ᠤᠨ ᠲᠥᠷᠥᠯ ᠵᠦᠢᠯ᠎ᠤᠨ ᠬᠠᠮᠲᠤᠷᠠᠯᠴᠠᠭ᠎ᠠ ᠵᠢ ᠠᠬᠢᠭᠤᠯᠵᠦ᠂《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠤᠯᠤᠰ ᠣᠷᠣᠨ  ᠎ᠳᠤ ᠲᠤᠰᠬᠠᠶ ᠠᠰᠢᠭ᠎ᠤᠨ ᠬᠠᠢ᠌ᠯᠲᠠ᠂ ᠬᠢᠨᠠᠨ ᠪᠠᠢ᠌ᠴᠠᠭ᠋ᠠᠯᠲᠠ᠂ ᠪᠣᠯᠪᠠᠰᠤᠷᠠᠭᠤᠯᠤᠯ ᠵᠡᠷᠭᠡ ᠣᠯᠠᠨ ᠶᠠᠩᠵᠤ ᠵᠢᠨ ᠦᠢᠯᠡᠴᠢᠯᠡᠭᠡ ᠬᠠᠩᠭ᠋ᠠᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠭᠠᠳᠠᠭ᠋ᠠᠳᠤ ᠠᠵᠢᠯ᠎ᠤᠨ ᠬᠦᠴᠦᠨ᠎ᠢ ᠴᠢᠩᠭ᠋ᠠᠳᠬᠠᠨ᠎ᠠ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠣᠯᠠᠨ ᠤᠯᠤᠰ᠎ᠠᠴᠠ ᠰᠣᠯᠢᠯᠴᠠᠭ᠎ᠠ ᠬᠠᠮᠲᠤᠷᠠᠯᠴᠠᠭ᠎ᠠ ᠳᠤᠮᠳᠠᠬᠢ ᠵᠠᠰᠠᠭ ᠎ᠤᠨ ᠣᠷᠳᠣᠨ᠎ᠤ ᠪᠤᠰᠤ ᠵᠣᠬᠢᠶᠠᠨ ᠪᠠᠢ᠌ᠭᠤᠯᠤᠯᠲᠠ ᠵᠢᠨ ᠦᠢᠯᠡᠳᠦᠯ᠎ᠢ ᠢᠳᠡᠪᠬᠢᠲᠡᠶ᠎ᠪᠠᠷ ᠪᠠᠳᠠᠷᠠᠭᠤᠯᠬᠤ ᠬᠡᠷᠡᠭᠲᠡᠶ  ᠃ ᠭᠠᠳᠠᠭ᠋ᠠᠳᠤ᠎ᠳᠠᠬᠢ ᠲᠤᠰᠬᠠᠶ ᠠᠰᠢᠭ᠎ᠤᠨ ᠪᠠᠢ᠌ᠷᠢᠯᠠᠭᠤᠯᠤᠯᠲᠠ ᠵᠢᠨ ᠠᠷᠭ᠎ᠠ ᠵᠠᠮ᠎ᠢ ᠥᠷᠭᠡᠳᠬᠡᠨ᠎ᠡ  ᠃ ᠲᠤᠰᠬᠠᠶ ᠠᠰᠢᠭ ᠬᠢᠭᠡᠳ ᠣᠯᠠᠨ ᠤᠯᠤᠰ᠎ᠤᠨ ᠪᠠᠷᠢᠮᠵᠢᠶ᠎ᠠ ᠲᠣᠭᠲᠠᠭ᠋ᠠᠬᠤ ᠵᠢ ᠪᠦᠲᠦᠮᠵᠢᠲᠡᠶ ᠤᠶᠠᠯᠳᠤᠭᠤᠯᠬᠤ ᠵᠢ ᠠᠬᠢᠭᠤᠯᠤᠨ᠎ᠠ  ᠃ ᠳᠤᠮᠳᠠᠳᠤ ᠤᠯᠤᠰ᠎ᠤᠨ ᠲᠠᠸᠠᠷ᠎ᠤᠨ ᠲᠡᠮᠳᠡᠭ᠎ᠤᠨ ᠨᠠᠷᠠᠲᠤ ᠲᠠᠸᠠᠷ᠎ᠤᠨ ᠲᠡᠮᠳᠡᠭᠲᠦ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠪᠣᠶ ᠪᠣᠯᠭ᠋ᠠᠵᠤ᠂ ᠭᠠᠵᠠᠷ ᠵᠦᠶ ᠵᠢᠨ ᠪᠡᠯᠭᠡ ᠲᠡᠮᠳᠡᠭ᠎ᠢ ᠬᠠᠷᠢᠯᠴᠠᠨ ᠮᠡᠳᠡᠷᠡᠵᠦ ᠬᠠᠷᠢᠯᠴᠠᠨ ᠬᠠᠮᠠᠭ᠋ᠠᠯᠠᠬᠤ ᠵᠢ ᠠᠬᠢᠭᠤᠯᠤᠨ᠂ ᠳᠤᠮᠳᠠᠳᠤ ᠤᠯᠤᠰ᠎ᠤᠨ ᠲᠠᠸᠠᠷ᠎ᠤᠨ ᠲᠡᠮᠳᠡᠭ ᠪᠠ ᠨᠠᠷᠠᠲᠤ ᠲᠠᠸᠠᠷ᠎ᠤᠨ ᠲᠡᠮᠳᠡᠭᠲᠦ ᠪᠠ ᠭᠠᠵᠠᠷ ᠵᠦᠶ ᠵᠢᠨ ᠪᠡᠯᠭᠡ ᠲᠡᠮᠳᠡᠭᠲᠦ ᠦᠢᠯᠡᠳᠬᠦᠨ᠎ᠢ ᠪᠥᠬᠥ ᠪᠥᠮᠪᠥᠷᠴᠡᠭ᠎ᠲᠤ ᠲᠠᠨᠢᠯᠴᠠᠭᠤᠯᠬᠤ ᠵᠢ ᠴᠢᠩᠭ᠋ᠠᠳᠬᠠᠨ᠎ᠠ  ᠃

        ᠶᠢᠰᠦ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ  
      (ᠬᠣᠷᠢᠨ ᠬᠣᠶᠠᠷ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ  ᠃ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠪᠠᠢ᠌ᠯᠳᠤᠬᠤ ᠪᠣᠳᠣᠯᠭ᠎ᠠ ᠵᠢᠨ ᠬᠡᠷᠡᠭᠵᠢᠭᠦᠯᠬᠦ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠨᠢᠭᠡᠳᠦᠯᠲᠡᠶ ᠤᠳᠤᠷᠢᠳᠤᠭᠰᠠᠨ᠂ ᠰᠠᠯᠠᠭ᠎ᠠ ᠮᠥᠴᠢᠷ᠎ᠤᠳ ᠬᠠᠮᠵᠢᠯᠴᠠᠭᠰᠠᠨ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠠᠵᠢᠯ᠎ᠤᠨ ᠰᠢᠰᠲ᠋ᠧᠮᠵᠢ ᠵᠢ ᠪᠠᠢ᠌ᠭᠤᠯᠵᠤ᠂ ᠲᠣᠰ ᠬᠥᠲᠥᠯᠪᠦᠷᠢ ᠵᠢᠨ ᠣᠨ᠎ᠤ ᠠᠬᠢᠭᠤᠯᠬᠤ ᠲᠥᠯᠥᠪᠯᠡᠭᠡ ᠵᠢ ᠲᠣᠭᠲᠠᠭ᠋ᠠᠨ ᠬᠡᠷᠡᠭᠵᠢᠭᠦᠯᠵᠦ ᠨᠠᠢ᠌ᠳᠠᠪᠤᠷᠢᠵᠢᠭᠤᠯᠤᠨ᠎ᠠ  ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠡᠭᠦᠷᠭᠡ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠲᠤᠰ ᠬᠥᠲᠥᠯᠪᠦᠷᠢ ᠵᠢᠨ ᠬᠡᠷᠡᠭᠵᠢᠭᠦᠯᠦᠯᠲᠡ ᠵᠢ ᠤᠯᠤᠰ ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠭᠣᠣᠯᠳᠠᠯᠭ᠎ᠠ᠎ᠲᠠᠢ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠯᠤᠭ᠎ᠠ ᠬᠠᠷᠢᠯᠴᠠᠨ ᠵᠣᠬᠢᠴᠠᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠠᠮᠢᠶ᠎ᠠ ᠪᠦᠬᠦᠢ ᠡᠭᠦᠷᠭᠡ ᠠᠷᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠨ ᠪᠠᠢ᠌ᠷᠢᠯᠠᠭᠤᠯᠵᠤ᠂ ᠨᠠᠢ᠌ᠳᠠᠪᠤᠷᠢᠵᠢᠭᠤᠯᠤᠯᠲᠠ ᠵᠢ ᠵᠦᠢ᠍ᠯ ᠳᠠᠷᠠᠭ᠋ᠠᠯᠠᠨ ᠰᠠᠢ᠌ᠲᠤᠷ ᠠᠳᠬᠤᠬᠤ ᠬᠡᠷᠡᠭᠲᠡᠶ  ᠃

     (ᠬᠣᠷᠢᠨ ᠭᠤᠷᠪᠠ) ᠨᠥᠬᠥᠴᠡᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ  ᠃ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠭᠤᠯᠤᠯᠲᠠ ᠵᠢ ᠪᠠᠲᠤᠯᠠᠬᠤ ᠲᠦᠷᠢᠮ᠎ᠢ ᠲᠡᠭᠦᠯᠳᠡᠷᠵᠢᠭᠦᠯᠵᠦ᠂ ᠲᠤᠰ ᠬᠥᠲᠥᠯᠪᠦᠷᠢ ᠵᠢ ᠬᠡᠷᠡᠭᠵᠢᠭᠦᠯᠬᠦ ᠠᠵᠢᠯ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ  ᠃ ᠡᠳ᠋᠎ᠤᠨ ᠵᠠᠰᠠᠭ᠎ᠤᠨ ᠭᠠᠢ᠌ᠯᠢ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠶᠡᠷᠦᠩᠬᠡᠢ᠌ᠯᠡᠨ ᠬᠡᠷᠡᠭᠯᠡᠵᠦ᠂ ᠣᠯᠠᠨ ᠡᠰᠢᠵᠢᠭᠰᠡᠨ᠂ ᠣᠯᠠᠨ ᠠᠷᠭ᠎ᠠ ᠵᠠᠮ ᠵᠶ᠋ᠠᠷ ᠪᠡᠯᠡ ᠣᠷᠣᠭᠤᠯᠬᠤ ᠰᠢᠰᠲ᠋ᠧᠮᠵᠢ ᠵᠢ ᠪᠣᠶ ᠪᠣᠯᠭ᠋ᠠᠨ᠂ ᠭᠣᠣᠯᠳᠠᠯᠭ᠎ᠠ᠎ᠪᠠᠨ ᠲᠣᠪᠣᠢ᠌ᠯᠭ᠋ᠠᠵᠤ᠂ ᠪᠦᠲᠦᠴᠡ᠎ᠪᠠᠨ ᠰᠢᠯᠢᠳᠡᠭᠵᠢᠭᠦᠯᠦᠨ᠂ ᠡᠭᠦᠷᠭᠡ᠎ᠪᠠᠨ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠶ  ᠃ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠠᠵᠢᠯ᠎ᠤᠨ ᠳᠤᠮᠳᠠ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠨᠡᠢ᠌ᠲᠡ ᠪᠠ ᠬᠤᠪᠢ ᠬᠥᠮᠦᠨ᠎ᠢ ᠰᠠᠢ᠌ᠰᠢᠶᠠᠨ ᠬᠥᠬᠢᠭᠦᠯᠦᠨ᠎ᠡ  ᠃
      (ᠬᠣᠷᠢᠨ ᠳᠥᠷᠪᠡ) ᠰᠢᠯᠭ᠋ᠠᠨ ᠬᠢᠨᠠᠵᠤ ᠦᠨᠡᠯᠡᠨ ᠵᠢᠱ᠌ᠢᠬᠦ ᠵᠢ ᠴᠢᠩᠭ᠋ᠠᠳᠬᠠᠨ᠎ᠠ  ᠃ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠬᠥᠲᠥᠯᠪᠦᠷᠢ ᠵᠢ ᠬᠡᠷᠡᠭᠵᠢᠭᠦᠯᠬᠦ ᠬᠥᠳᠡᠯᠦᠩᠭᠦᠶ ᠳᠣᠭᠢᠷᠠᠭᠤᠯᠬᠤ ᠲᠣᠭᠲᠠᠴᠠ ᠵᠢ ᠪᠠᠢ᠌ᠭᠤᠯᠵᠤ᠂ ᠣᠨ᠎ᠤ ᠬᠢᠨᠠᠨ ᠬᠡᠮᠵᠢᠯᠲᠡ ᠪᠠ ᠲᠣᠭᠲᠠᠮᠠᠯ ᠬᠤᠭᠤᠴᠠᠭ᠋ᠠᠲᠤ ᠦᠨᠡᠯᠡᠨ ᠵᠢᠱ᠌ᠢᠯᠲᠡ ᠵᠢᠨ ᠳ᠋ᠦᠩᠨᠡᠯᠲᠡ᠎ᠢ ᠥᠷᠨᠢᠭᠦᠯᠦᠨ᠂ ᠠᠵᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠰᠢᠮᠳᠠᠭᠤᠯᠤᠨ ᠪᠠᠢ᠌ᠴᠠᠭ᠋ᠠᠬᠤ ᠵᠢ ᠥᠷᠨᠢᠭᠦᠯᠵᠦ᠂ ᠬᠠᠮᠢᠶ᠎ᠠ ᠪᠥᠬᠥᠶ ᠠᠵᠢᠯ᠎ᠤᠨ ᠦᠨᠡᠯᠡᠯᠲᠡ᠎ᠳᠤ ᠣᠷᠣᠭᠤᠯᠤᠨ᠂ ᠴᠢᠬᠤᠯᠠ ᠪᠠᠢ᠌ᠳᠠᠯ᠎ᠢ ᠴᠠᠭ ᠲᠤᠬᠠᠶ᠎ᠳᠤᠨᠢ ᠲᠠᠰ ᠳᠠᠷᠠᠭ᠋ᠠᠯᠠᠯ ᠶᠣᠰᠣᠭ᠋ᠠᠷ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠢᠭ᠋ᠠᠪᠤᠷᠢ ᠠᠪᠬᠤ ᠬᠡᠷᠡᠭᠲᠡᠶ  ᠃ ᠨᠠᠮ ᠵᠠᠰᠠᠭ᠎ᠤᠨ ᠤᠳᠤᠷᠢᠳᠬᠤ ᠺᠠᠳ᠋ᠷ ᠪᠣᠯᠤᠨ ᠤᠯᠤᠰ᠎ᠤᠨ ᠠᠵᠤ ᠠᠬᠤᠢ᠌ᠯᠠᠯ᠎ᠤᠨ ᠤᠳᠤᠷᠢᠳᠬᠤ ᠪᠠᠭ᠎ᠢ ᠰᠢᠯᠭ᠋ᠠᠨ ᠬᠢᠨᠠᠬᠤ ᠳᠤᠮᠳᠠ᠂ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠢᠶ᠎ᠠ ᠪᠦᠬᠦᠢ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠨ ᠬᠢᠨᠠᠬᠤ ᠵᠢ ᠴᠢᠬᠤᠯᠠᠴᠢᠯᠠᠬᠤ ᠬᠡᠷᠡᠭᠲᠡᠶ  ᠃ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠰᠢᠮᠳᠠᠭᠤᠯᠤᠨ ᠪᠠᠢ᠌ᠴᠠᠭ᠋ᠠᠵᠤ ᠰᠢᠯᠭ᠋ᠠᠨ ᠬᠢᠨᠠᠬᠤ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠮᠡᠳᠡᠯᠭᠡ ᠵᠢᠨ ᠦᠮᠴᠢᠯᠠᠯ᠎ᠤᠨ ᠡᠷᠬᠡ᠎ᠪᠠᠷ ᠬᠦᠴᠦᠷᠬᠡᠭ ᠤᠯᠤᠰ᠎ᠢ ᠪᠠᠢ᠌ᠭᠤᠯᠬᠤ ᠠᠵᠢᠯ᠎ᠢ ᠰᠢᠮᠳᠠᠭᠤᠯᠤᠨ ᠪᠠᠢ᠌ᠴᠠᠭ᠋ᠠᠵᠤ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ  ᠃

ᠢᠷᠡᠯᠲᠡ᠄ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠲᠦᠷᠭᠡᠳᠬᠡᠨ ᠠᠬᠢᠭᠤᠯᠬᠤ ᠡᠳ᠋᠎ᠤᠨ ᠵᠠᠰᠠᠭ᠎ᠤᠨ ᠪᠠᠯᠠ ᠮᠥᠩᠭᠥ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠬᠦ ᠨᠠᠷᠢᠨ ᠲᠦᠷᠢᠮ᠎ᠤᠳ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠡᠳ᠋᠎ᠤᠨ ᠵᠠᠰᠠᠭ᠎ᠤᠨ ᠲᠢᠩᠬᠢᠮ ᠮᠡᠳᠡᠭᠳᠡᠯ
ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢ ᠪᠦᠷᠢᠳᠬᠡᠨ ᠳᠠᠩᠰᠠᠯᠠᠬᠤ ᠠᠵᠢᠯ᠎ᠤᠨ ᠵᠢᠯᠣᠭᠣᠳᠤᠮᠵᠢ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠨ ᠬᠥᠭᠵᠢᠭᠦᠯᠬᠦ ᠣᠷᠣᠭᠤᠯᠤᠯᠲᠠ᠎ᠳᠤ ᠡᠳ᠋᠎ᠤᠨ ᠵᠠᠰᠠᠭ᠎ᠤᠨ ᠳᠠᠷᠠᠭ᠋ᠠᠬᠢ ᠨᠥᠬᠥᠪᠥᠷᠢᠯᠡᠬᠦ ᠠᠷᠭ᠎ᠠ
 
            
Baidu
map