《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ ᠪᠠ ᠬᠤᠷᠳᠤᠳᠬᠠᠭᠤᠷ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠡᠯ᠎ᠡ ᠬᠣᠯᠪᠣᠭᠳᠠᠯ ᠪᠥᠬᠥᠶ ᠨᠢᠭᠡᠴᠢ᠎ᠳᠤ᠄
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠬᠦᠯᠦᠬᠦᠷ᠎ᠤᠨ ᠬᠠᠮᠢᠶᠠᠷᠤᠯᠲᠠ ᠵᠢᠨ ᠠᠷᠭ᠎ᠠ》 (ᠲᠥᠷᠥ ᠰᠢᠨᠵᠢᠯᠡᠬᠦ ᠲᠠᠷᠬᠠᠭ᠋ᠠᠭᠰᠠᠨ ᠣᠷᠣᠨ 2018300 ᠳ᠋ᠤᠭ᠋ᠠᠷ ᠲᠣᠭ᠋ᠠᠲᠤ)᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ 《ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》 (ᠥᠪᠥᠷ ᠨᠠᠮ ᠲᠠᠷᠬᠠᠭ᠋ᠠᠭᠰᠠᠨ 201823 ᠳ᠋ᠤᠭ᠋ᠠᠷ ᠲᠣᠭ᠋ᠠᠲᠤ) ᠪᠠ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠭᠠᠯ ᠪᠠᠮᠪᠠᠷ ᠲᠥᠪ᠎ᠤᠨ 〈ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠬᠦᠯᠦᠬᠦᠷᠢ ᠦᠨᠡᠯᠡᠬᠦ ᠭᠦᠶᠴᠡᠳᠬᠡᠯ ᠲᠣᠭ᠎ᠠ ᠵᠢᠨ ᠰᠢᠰᠲ᠋ᠧᠮᠵᠢ〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠤᠯᠤᠰ ᠰᠢᠨᠵᠢᠯᠡᠬᠦ ᠭᠠᠯ ᠥᠰᠥᠭ 2019239 ᠳ᠋ᠦᠭᠡᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠬᠦᠯᠦᠬᠦᠷ ᠪᠠ ᠲᠦᠷᠭᠡᠳᠬᠡᠭᠦᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠥᠲᠥᠯᠦᠨ ᠵᠢᠯᠣᠭᠣᠳᠬᠤ ᠵᠢᠨ ᠲᠤᠰᠠᠳᠠ᠂᠃ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠤᠤᠱᠯᠠᠭᠤᠯᠤᠨ ᠬᠡᠷᠡᠭᠵᠢᠭᠦᠯᠲᠦᠭᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2022 ᠣᠨ᠎ᠤ 4 ᠳ᠋ᠦᠭᠡᠷ ᠰᠠᠷ᠎ᠠ ᠵᠢᠨ 25᠎ᠤ ᠡᠳᠦᠷ
ᠬᠦᠰᠦᠨᠤᠭ᠌᠎ᠲᠦ ᠪᠠᠭᠤᠯᠭ᠋ᠠᠬᠤ᠄