ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠮᠠᠨᠵᠤᠤᠷ ᠬᠣᠲᠠ᠂ ᠡᠷᠢᠶᠡᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠡᠯ᠎ᠡ ᠬᠣᠯᠪᠣᠭᠳᠠᠯ ᠪᠥᠬᠥᠶ ᠨᠢᠭᠡᠴᠡ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 254 ᠳ᠋ᠦᠭᠡᠷ ᠲᠣᠭ᠋ᠠᠲᠤ) ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠷᠭ᠎ᠠ ᠵᠢᠨ ᠬᠡᠷᠡᠭᠵᠢᠭᠦᠯᠬᠦ ᠨᠠᠷᠢᠨ ᠳᠦᠷᠢᠮ》 (ᠳᠠᠭ᠋ᠠᠯᠳᠤᠭᠤᠯᠤᠯ ᠠᠷᠤ)᠎ᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2022 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ
ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠦᠶᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠵᠢᠯ᠎ᠢ ᠰᠠᠶ᠋ᠢᠲᠤᠷ ᠬᠢᠵᠦ᠂ ᠬᠢᠨᠠᠨ ᠲᠣᠭᠲᠠᠭ᠋ᠠᠬᠤ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠱᠠᠩᠨᠠᠯ᠎ᠤᠨ ᠶᠠᠰᠤ ᠴᠢᠨᠠᠷ᠎ᠢ ᠪᠠᠲᠤᠯᠠᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠷᠭ᠎ᠠ》 (2022 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 254 ᠳ᠋ᠦᠭᠡᠷ ᠲᠣᠭ᠋ᠠᠲᠤ᠃ ᠳᠣᠷᠣᠭᠰᠢ 《ᠱᠠᠩᠨᠠᠬᠤ ᠠᠷᠭ᠎ᠠ》 ᠭᠡᠵᠦ ᠲᠣᠪᠴᠢᠯᠠᠨ᠎ᠠ᠂ ᠲᠤᠰ ᠨᠠᠷᠢᠨ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠨᠠᠷᠢᠨ ᠳᠦᠷᠢᠮ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠣᠭᠣᠶ ᠬᠤᠪᠢ ᠨᠡᠮᠡᠷᠢ ᠵᠢᠨ ᠱᠠᠩᠨᠠᠯ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠂ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠱᠠᠩᠨᠠᠯ ᠪᠣᠯᠤᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠵᠢᠨ ᠱᠠᠩᠨᠠᠯ᠎ᠤᠨ ᠨᠡᠷ᠎ᠡ ᠳᠤᠷᠠᠳᠬᠤ᠂ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠲᠣᠭᠲᠠᠭ᠋ᠠᠬᠤ᠂ ᠣᠯᠭᠣᠬᠤ ᠵᠡᠷᠭᠡ ᠡᠯ᠎ᠡ ᠵᠦᠢ᠍ᠯ᠎ᠤᠨ ᠠᠵᠢᠯᠯᠠᠭ᠎ᠠ᠎ᠳᠤ ᠲᠣᠬᠢᠷᠠᠨ᠎ᠠ᠃
ᠭᠤᠷᠪᠠᠳᠤᠭ᠋ᠠᠷ ᠵᠦᠶᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠤᠨ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠶᠡᠬᠡᠪᠡᠷ ᠬᠡᠷᠡᠭᠵᠢᠭᠦᠯᠵᠦ᠂ 《ᠬᠥᠳᠡᠯᠮᠦᠷᠢ ᠵᠢ ᠬᠦᠨᠳᠦᠳᠬᠡᠬᠦ᠂ ᠮᠡᠳᠡᠯᠭᠡ ᠵᠢ ᠬᠦᠨᠳᠦᠳᠬᠡᠬᠦ᠂ ᠴᠢᠳᠠᠪᠤᠷᠢᠲᠠᠨ᠎ᠢ ᠬᠦᠨᠳᠦᠳᠬᠡᠬᠦ᠂ ᠡᠭᠦᠳᠦᠨ ᠪᠦᠲᠦᠭᠡᠯᠲᠡ ᠵᠢ ᠬᠦᠨᠳᠦᠳᠬᠡᠬᠦ》 ᠴᠢᠭᠯᠡᠯᠲᠡ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠢᠳᠡᠪᠬᠢᠵᠢᠯ ᠪᠠ ᠪᠦᠲᠦᠭᠡᠯᠴᠢ ᠴᠢᠨᠠᠷ᠎ᠢ ᠭᠦᠶᠴᠡᠳ ᠳᠠᠶ᠋ᠢᠴᠢᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠠᠵᠤ ᠠᠬᠤᠶ ᠵᠢᠨ ᠭᠦᠨᠵᠡᠭᠡᠶ ᠠᠭᠤᠰᠤᠯᠴᠠᠯ᠎ᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠬᠠᠩᠭ᠋ᠠᠨ᠎ᠠ᠃
ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠨᠡᠷ᠎ᠡ ᠳᠤᠷᠠᠳᠬᠤ᠂ ᠬᠦᠯᠢᠶᠡᠨ ᠠᠪᠴᠤ ᠰᠢᠶᠳᠪᠦᠷᠢᠯᠡᠬᠦ᠂ ᠬᠢᠨᠠᠨ ᠲᠣᠭᠲᠠᠭ᠋ᠠᠬᠤ ᠪᠠ ᠣᠯᠭᠣᠬᠤ᠎ᠳᠤ ᠢᠯᠡ᠂ ᠡᠷᠬᠡ ᠲᠡᠭᠰᠢ᠂ ᠭᠣᠣᠯᠴᠢ ᠪᠠᠶ᠋ᠢᠬᠤ ᠵᠠᠷᠴᠢᠮ᠎ᠢ ᠵᠢᠷᠤᠮᠯᠠᠬᠤ ᠬᠡᠷᠡᠭᠲᠡᠶ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠢ ᠬᠤᠪᠢ ᠬᠥᠮᠦᠨ ᠪᠠ ᠵᠣᠬᠢᠶᠠᠨ ᠪᠠᠶ᠋ᠢᠭᠤᠯᠤᠯᠲᠠ᠎ᠳᠤ ᠣᠯᠭᠣᠨ᠎ᠠ᠃ ᠬᠤᠪᠢ ᠬᠥᠮᠦᠨ ᠡᠷᠬᠡᠪᠰᠢ ᠪᠦᠬᠦᠯᠢ 18 ᠨᠠᠰᠤᠨ᠎ᠠᠴᠠ ᠳᠡᠭᠡᠭᠰᠢᠬᠢ ᠪᠠᠶ᠋ᠢᠭ᠋ᠠᠯᠢ ᠬᠥᠮᠦᠨ ᠪᠠᠶ᠋ᠢᠬᠤ ᠬᠡᠷᠡᠭᠲᠡᠶ᠂ ᠳᠤᠮᠳᠠᠳᠤ ᠤᠯᠤᠰ᠎ᠤᠨ ᠠᠷᠠᠳ ᠢᠷᠭᠡᠨ᠎ᠤ ᠬᠤᠪᠢ ᠬᠥᠮᠦᠨ᠎ᠳᠤ ᠠᠯᠪᠠᠲᠠᠨ ᠪᠠᠭᠲᠠᠬᠤ ᠦᠭᠡᠶ᠃ ᠵᠣᠬᠢᠶᠠᠨ ᠪᠠᠶ᠋ᠢᠭᠤᠯᠤᠯᠲᠠ ᠡᠷᠬᠡᠪᠰᠢ ᠳᠤᠮᠳᠠᠳᠤ ᠤᠯᠤᠰ᠎ᠤᠨ ᠬᠢᠯᠢ ᠵᠢᠨ ᠳᠣᠲᠣᠷ᠎ᠠ ᠳᠠᠩᠰᠠᠯᠠᠭᠤᠯᠤᠭᠰᠠᠨ ᠬᠠᠤᠯᠢ ᠵᠢᠨ ᠬᠥᠮᠦᠨ (ᠠᠯᠪᠠᠳᠠᠨ᠎ᠤ ᠬᠠᠤᠯᠢ ᠵᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠤᠭᠰᠠᠨ ᠪᠠᠶ᠋ᠢᠭᠤᠯᠭ᠎ᠠ ᠵᠢᠴᠢ ᠠᠯᠪᠠᠳᠠᠨ᠎ᠤ ᠬᠠᠤᠯᠢ᠎ᠪᠠᠷ ᠯᠠᠪᠯᠠᠯᠲᠠ ᠪᠣᠯᠭ᠋ᠠᠨ ᠬᠠᠮᠢᠶᠠᠷᠬᠤ ᠪᠠᠶ᠋ᠢᠭᠤᠯᠤᠮᠵᠢ ᠪᠠᠭᠲᠠᠬᠤ ᠦᠭᠡᠢ)᠂ ᠣᠷᠣᠨ᠎ᠳᠤ ᠰᠠᠭᠤᠭ᠎ᠠ ᠲᠥᠪ᠎ᠤᠨ ᠨᠢᠭᠡᠴᠢ᠂ ᠭᠠᠳᠠᠭ᠋ᠠᠳᠤ ᠤᠯᠤᠰ᠎ᠤᠨ ᠵᠣᠬᠢᠶᠠᠨ ᠪᠠᠶ᠋ᠢᠭᠤᠯᠤᠯᠲᠠ ᠪᠠᠶ᠋ᠢᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢ ᠬᠥᠮᠦᠨ᠂ ᠵᠣᠬᠢᠶᠠᠨ ᠪᠠᠶ᠋ᠢᠭᠤᠯᠤᠯᠲᠠ᠎ᠳᠤ ᠣᠯᠭᠣᠭᠰᠠᠨ ᠢᠷᠠᠭᠤ ᠠᠯᠳᠠᠷ᠂ ᠱᠠᠩᠨᠠᠯ ᠣᠯᠭᠣᠭᠰᠠᠨ ᠦᠨᠡᠮᠯᠡᠯ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠬᠠᠷᠢᠶ᠎ᠠ ᠵᠢ ᠲᠣᠭᠲᠠᠭ᠋ᠠᠬᠤ ᠰᠢᠭᠤᠳ ᠦᠨᠳᠦᠰᠦᠯᠡᠯ ᠪᠣᠯᠭ᠋ᠠᠬᠤ ᠦᠭᠡᠶ᠃
ᠬᠣᠶᠠᠳᠤᠭ᠋ᠠᠷ ᠪᠦᠯᠦᠭ ᠱᠠᠩᠨᠠᠬᠤ ᠵᠦᠢ᠍ᠯ᠎ᠤᠨ ᠪᠠᠶ᠋ᠢᠷᠢᠯᠠᠭᠤᠯᠤᠯᠲᠠ ᠬᠢᠭᠡᠳ ᠪᠠᠷᠢᠮᠵᠢᠶ᠎ᠠ
ᠨᠢᠭᠡᠳᠦᠭᠡᠷ ᠬᠡᠰᠡᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠᠭ᠋ᠠᠢ ᠬᠤᠪᠢ ᠨᠡᠮᠡᠷᠢ ᠵᠢᠨ ᠱᠠᠩᠨᠠᠯ᠃
ᠳᠣᠯᠣᠳᠤᠭ᠋ᠠᠷ ᠵᠦᠢ᠍ᠯ 《ᠱᠠᠩᠨᠠᠬᠤ ᠠᠷᠭ᠎ᠠ》 ᠵᠢᠨ ᠨᠠᠶᠮᠠᠳᠤᠭ᠋ᠠᠷ ᠵᠦᠢ᠍ᠯ᠎ᠳᠤ ᠬᠡᠯᠡᠵᠦ ᠪᠠᠶ᠋ᠢᠭ᠎ᠠ 《ᠥᠪᠡᠷᠲᠡᠭᠡᠨ ᠵᠠᠰᠠᠬᠤ ᠣᠷᠣᠨ᠎ᠳᠤ ᠠᠵᠢᠯᠯᠠᠵᠤ》 ᠪᠠᠶ᠋ᠢᠭ᠎ᠠ ᠳᠤᠮᠳᠠᠳᠤ ᠤᠯᠤᠰ᠎ᠤᠨ ᠠᠷᠠᠳ ᠢᠷᠭᠡᠨ ᠭᠡᠳᠡᠭ᠎ᠨᠢ ᠵᠢᠱ᠌ᠢᠭᠳᠡᠭᠴᠢ ᠵᠢᠨ ᠠᠵᠢᠯᠯᠠᠵᠤ ᠪᠠᠶ᠋ᠢᠭ᠎ᠠ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ (ᠳᠠᠩᠰᠠᠯᠠᠭᠤᠯᠤᠭᠰᠠᠨ ᠭᠠᠵᠠᠷ)᠎ᠢ ᠵᠢᠭ᠋ᠠᠵᠤ ᠪᠤᠶ᠃ ᠳᠣᠷᠣᠭᠰᠢ ᠠᠳᠠᠯᠢ) ᠥᠪᠡᠷᠲᠡᠭᠡᠨ ᠵᠠᠰᠠᠬᠤ ᠣᠷᠣᠨ᠎ᠳᠤ ᠨᠡᠷ᠎ᠡ ᠳᠤᠷᠠᠳᠤᠭᠳᠠᠬᠤ ᠦᠶ᠎ᠡ᠎ᠳᠤ ᠨᠢᠭᠡᠨᠲᠡ ᠲᠤᠰ ᠨᠢᠭᠡᠴᠡ᠎ᠳᠤ ᠭᠤᠷᠪᠠᠨ ᠵᠢᠯ᠎ᠠᠴᠠ ᠳᠡᠭᠡᠭᠰᠢ ᠦᠷᠭᠦᠯᠵᠢᠯᠡᠨ ᠠᠵᠢᠯᠯᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠃
ᠨᠠᠶᠮᠠᠳᠤᠭ᠋ᠠᠷ ᠵᠦᠶᠯ 《ᠱᠠᠩᠨᠠᠬᠤ ᠠᠷᠭ᠎ᠠ》 ᠵᠢᠨ ᠨᠠᠶᠮᠠᠳᠤᠭ᠋ᠠᠷ ᠵᠦᠶᠯ᠎ᠤᠨ ᠨᠢᠭᠡᠳᠦᠭᠡᠷ ᠵᠤᠷᠪᠤᠰ᠎ᠲᠤ ᠬᠡᠯᠡᠵᠦ ᠪᠠᠶ᠋ᠢᠭ᠎ᠠ 《ᠣᠲᠣ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠷᠢᠳᠤ ᠵᠠᠬ᠎ᠠ᠎ᠳᠤ ᠴᠢᠬᠤᠯᠠ ᠶᠡᠬᠡ ᠰᠢᠪᠲᠤᠯᠤᠯᠲᠠ᠎ᠲᠠᠢ ᠪᠣᠯᠤᠭᠰᠠᠨ ᠪᠤᠶᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠳᠤᠮᠳᠠ ᠭᠠᠷᠮᠠᠭ᠋ᠠᠶ ᠵᠢᠳᠬᠦᠯ᠎ᠲᠠᠢ ᠪᠣᠯᠤᠭᠰᠠᠨ》 ᠭᠡᠳᠡᠭ᠎ᠨᠢ ᠵᠢᠱ᠌ᠢᠭᠳᠡᠭᠴᠢ ᠰᠠᠭᠤᠷᠢ ᠰᠤᠳᠤᠯᠤᠯ᠂ ᠬᠡᠷᠡᠭᠯᠡᠭᠡᠨ᠎ᠤ ᠰᠠᠭᠤᠷᠢ ᠰᠤᠳᠤᠯᠤᠯ᠎ᠤᠨ ᠲᠠᠯ᠎ᠠ᠎ᠪᠠᠷ ᠰᠢᠷᠢᠰ ᠪᠤᠶᠤ ᠣᠨᠴᠠ ᠴᠢᠬᠤᠯᠠ ᠶᠡᠬᠡ ᠢᠯᠡᠷᠡᠭᠦᠯᠦᠯᠲᠡ᠎ᠲᠠᠢ ᠪᠣᠯᠵᠣ᠂ ᠰᠢᠨᠵᠢᠯᠡᠭᠡᠨ᠎ᠤ ᠣᠨᠣᠯ᠎ᠢ ᠪᠠᠶᠠᠯᠢᠭᠵᠢᠭᠤᠯᠤᠨ ᠥᠷᠭᠡᠳᠬᠡᠵᠦ᠂ ᠲᠣᠰ ᠰᠢᠨᠵᠢᠯᠡᠭᠡᠨ᠎ᠤ ᠰᠠᠯᠠᠭ᠎ᠠ ᠪᠤᠶᠤ ᠬᠠᠮᠢᠶ᠎ᠠ ᠪᠥᠬᠥᠶ ᠰᠢᠨᠵᠢᠯᠡᠭᠡᠨ᠎ᠤ ᠬᠦᠷᠢᠶᠡᠨ᠎ᠤ ᠰᠢᠪᠲᠤᠯᠤᠯᠲᠠ ᠵᠢᠨ ᠴᠢᠨᠠᠷᠲᠠᠶ ᠬᠥᠭᠵᠢᠯᠲᠡ ᠵᠢ ᠬᠥᠲᠥᠯᠦᠨ ᠵᠢᠯᠣᠭᠣᠳᠴᠤ᠂ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠪᠠ ᠨᠡᠶ᠋ᠢᠭᠡᠮ᠎ᠤᠨ ᠳᠠᠪᠰᠢᠯᠲᠠ᠎ᠳᠤ ᠣᠨᠴᠠ ᠴᠢᠬᠤᠯᠠ ᠬᠤᠪᠢ ᠨᠡᠮᠡᠷᠢ ᠦᠵᠡᠭᠦᠯᠦᠭᠰᠡᠨ᠎ᠢ ᠵᠢᠭ᠋ᠠᠵᠤ ᠪᠣᠶ᠃
ᠶᠢᠰᠦᠳᠦᠭᠡᠷ ᠵᠦᠢ᠍ᠯ 《ᠱᠠᠩᠨᠠᠬᠤ ᠠᠷᠭ᠎ᠠ》 ᠵᠢᠨ ᠨᠠᠶᠮᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠲᠤ ᠬᠡᠯᠡᠵᠦ ᠪᠠᠶ᠋ᠢᠭ᠎ᠠ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠪᠠ ᠳᠡᠭᠡᠳᠦ ᠲᠧᠭᠨᠢᠭ ᠮᠡᠷᠭᠡᠵᠢᠯ᠎ᠢ ᠠᠵᠤ ᠤᠢ᠍ᠢ᠍ᠯᠡᠦᠡᠪᠦᠷᠢᠯᠡᠯᠵᠢᠬᠦᠯᠬᠦ ᠶᠠᠪᠤᠴᠠ᠎ᠳᠤ ᠠᠵᠤ ᠠᠬᠤᠢ ᠵᠢᠨ ᠯᠤᠲᠤ ᠶᠡᠬᠡ ᠦᠷ᠎ᠡ ᠠᠰᠢᠭ᠎ᠢ ᠡᠭᠦᠳᠴᠡᠢ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠶ ᠵᠢᠨ ᠣᠷᠴᠢᠨ ᠲᠣᠭᠣᠷᠢᠨ᠎ᠤ ᠦᠷ᠎ᠡ ᠠᠰᠢᠭ᠎ᠤᠨ》᠂ ᠡᠨᠡ᠎ᠨᠢ ᠵᠢᠱ᠌ᠢᠭᠳᠡᠭᠰᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠳᠤᠮᠳᠠ ᠰᠢᠷᠢᠰ ᠪᠤᠶᠤ ᠣᠨᠴᠠ ᠴᠢᠬᠤᠯᠠ ᠶᠡᠬᠡ ᠮᠡᠷᠭᠡᠵᠢᠯ᠎ᠤᠨ ᠡᠭᠦᠳᠦᠯᠲᠡ ᠤᠯᠬᠤ ᠵᠢ ᠵᠢᠭ᠋ᠠᠵᠤ ᠪᠠᠶ᠋ᠢᠨ᠎ᠠ᠂ ᠲᠡᠭᠡᠬᠦ ᠮᠥᠷᠲᠡᠭᠡᠨ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠢᠳᠡᠪᠬᠢᠲᠡᠢ ᠠᠬᠢᠭᠤᠯᠤᠨ᠎ᠠ᠂ ᠠᠵᠤ ᠦᠢ᠍ᠯᠡᠰᠵᠢᠭᠦᠯᠦᠯᠲᠡ ᠵᠢ ᠪᠡᠶᠡᠯᠡᠭᠦᠯᠬᠦ᠂ ᠲᠣᠰ ᠬᠦᠷᠢᠶᠡᠨ᠎ᠤ ᠮᠡᠷᠭᠡᠵᠢᠯ᠎ᠤᠨ ᠲᠠᠪᠠᠯᠳᠠᠳᠤ ᠬᠥᠭᠵᠢᠯᠲᠡ ᠵᠢ ᠬᠥᠲᠥᠯᠥᠨ ᠳᠠᠭ᠋ᠠᠭᠤᠯᠤᠨ᠎ᠠ᠂ ᠠᠵᠤ ᠦᠢ᠍ᠯᠡᠰ᠎ᠤᠨ ᠪᠦᠲᠦᠴᠡ ᠵᠢᠨ ᠬᠤᠪᠢᠰᠤᠯᠲᠠ ᠵᠢ ᠠᠬᠢᠭᠤᠯᠪᠠ᠂ ᠡᠭᠦᠳᠦᠨ ᠪᠦᠲᠦᠭᠡᠭᠰᠡᠨ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠶ ᠵᠢᠨ ᠣᠷᠴᠢᠨ ᠲᠣᠭᠣᠷᠢᠨ᠎ᠤ ᠦᠷ᠎ᠡ ᠠᠰᠢᠭ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠬᠤ᠎ᠳᠤ ᠣᠨᠴᠠᠭ᠋ᠠᠶ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃
ᠠᠷᠪᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠣᠭᠣᠶ ᠬᠤᠪᠢ ᠨᠡᠮᠡᠷᠢ ᠵᠢᠨ ᠱᠠᠩᠨᠠᠯ᠎ᠢ ᠳᠡᠰ ᠬᠤᠪᠢᠶᠠᠬᠤ ᠦᠭᠡᠶ᠂ ᠬᠣᠶᠠᠷ ᠵᠢᠯ᠎ᠳᠤ ᠨᠢᠭᠡ ᠤᠳᠠᠭ᠎ᠠ ᠰᠢᠯᠭ᠋ᠠᠷᠠᠭᠤᠯᠵᠤ᠂ ᠤᠳᠠᠭ᠎ᠠ ᠪᠦᠷᠢ ᠵᠢᠨ ᠱᠠᠩᠨᠠᠯ ᠣᠯᠭᠣᠬᠤ ᠲᠣᠭ᠎ᠠ ᠬᠡᠮᠵᠢᠶ᠎ᠡ ᠵᠢ 3 ᠬᠥᠮᠦᠨ᠎ᠠᠴᠠ ᠳᠠᠪᠠᠭᠤᠯᠬᠤ ᠦᠭᠡᠶ᠃
ᠠᠷᠪᠠᠨ ᠨᠢᠭᠡᠳᠦᠭᠡᠷ ᠵᠦᠢ᠍ᠯ ᠵᠢᠱ᠌ᠢᠭᠳᠡᠭᠰᠡᠳ᠎ᠤᠨ ᠦᠷ᠎ᠡ ᠪᠦᠲᠦᠭᠡᠯ ᠪᠠ ᠬᠤᠪᠢ ᠨᠡᠮᠡᠷᠢ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠᠭ᠋ᠠᠢ ᠬᠤᠪᠢ ᠨᠡᠮᠡᠷᠢ ᠵᠢᠨ ᠱᠠᠩᠨᠠᠯ ᠣᠯᠭᠣᠬᠤ ᠨᠥᠬᠥᠴᠡᠯ᠎ᠳᠤ ᠬᠦᠷᠬᠦ ᠦᠭᠡᠢ ᠪᠠᠶ᠋ᠢᠪᠠᠯ᠂ ᠬᠢᠨᠠᠨ ᠲᠣᠭᠲᠠᠭ᠋ᠠᠬᠤ ᠣᠨ᠎ᠤ ᠬᠣᠭᠣᠰᠣᠨ ᠣᠷᠣ ᠪᠠᠶ᠋ᠢᠵᠤ ᠪᠣᠯᠤᠨ᠎ᠠ᠃
ᠬᠣᠶᠠᠳᠤᠭ᠋ᠠᠷ ᠬᠡᠰᠡᠭ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ
ᠠᠷᠪᠠᠨ ᠬᠣᠶᠠᠳᠤᠭ᠋ᠠᠷ ᠵᠦᠶᠯ 《ᠱᠠᠩᠨᠠᠬᠤ ᠠᠷᠭ᠎ᠠ》 ᠵᠢᠨ ᠶᠢᠰᠦᠳᠦᠭᠡᠷ ᠵᠦᠶᠯ᠎ᠤᠨ ᠨᠢᠭᠡᠳᠦᠭᠡᠷ ᠵᠤᠷᠪᠤᠰ᠎ᠲᠤ ᠬᠡᠯᠡᠵᠦ ᠪᠠᠶ᠋ᠢᠭ᠎ᠠ 《ᠡᠮᠦᠨᠡᠬᠢ ᠬᠥᠮᠦᠨ᠎ᠨᠢ ᠣᠯᠵᠤ ᠮᠡᠳᠡᠭᠡ ᠥᠬᠡᠶ ᠪᠤᠶᠤ ᠬᠠᠷᠠᠬᠠᠨ ᠲᠣᠳᠣᠷᠬᠠᠶ᠋ᠢᠯᠠᠭ᠋ᠠᠳᠤᠶ》 ᠭᠡᠳᠡᠭ᠎ᠨᠢ ᠲᠣᠰ ᠵᠦᠶᠯ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠢᠯᠡᠷᠡᠭᠦᠯᠦᠯᠲᠡ ᠵᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠠᠩᠬ᠎ᠠ ᠤᠳᠠᠭ᠎ᠠ ᠳᠤᠷᠠᠳᠤᠭᠰᠠᠨ᠂ ᠡᠰᠡᠬᠦᠯ᠎ᠡ ᠲᠡᠭᠦᠨ᠎ᠤ ᠰᠢᠨᠵᠢᠯᠡᠬᠦ ᠤᠬᠠᠭ᠋ᠠᠨ᠎ᠤ ᠣᠨᠣᠯ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠠᠩᠬ᠎ᠠ ᠤᠳᠠᠭ᠎ᠠ ᠲᠣᠳᠣᠷᠬᠠᠶ᠋ᠢᠯᠠᠭᠰᠠᠨ ᠪᠥᠭᠡᠳ ᠭᠤᠤᠯ ᠪᠣᠯᠬᠤ ᠥᠭᠦᠯᠡᠯ᠎ᠢ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠠᠩᠬ᠎ᠠ ᠤᠳᠠᠭ᠎ᠠ ᠨᠡᠶ᠋ᠢᠲᠡᠯᠡᠭᠰᠡᠨᠢ ᠵᠢᠭ᠋ᠠᠵᠤ ᠪᠣᠶ᠃
ᠠᠷᠪᠠᠨ ᠭᠤᠷᠪᠠᠳᠤᠭ᠋ᠠᠷ ᠵᠦᠶᠯ 《ᠱᠠᠩᠨᠠᠬᠤ ᠠᠷᠭ᠎ᠠ》 ᠵᠢᠨ ᠶᠢᠰᠦᠳᠦᠭᠡᠷ ᠵᠦᠶᠯ᠎ᠤᠨ ᠬᠣᠶᠠᠳᠤᠭ᠋ᠠᠷ ᠵᠤᠷᠪᠤᠰ᠎ᠲᠤ ᠬᠡᠯᠡᠵᠦ ᠪᠠᠶ᠋ᠢᠭ᠎ᠠ 《ᠰᠢᠨᠵᠢᠯᠡᠬᠦ ᠤᠬᠠᠭ᠋ᠠᠨ᠎ᠤ ᠴᠢᠬᠤᠯᠠ ᠶᠡᠬᠡ ᠦᠨ᠎ᠡ ᠥᠷᠲᠡᠭ᠎ᠲᠠᠢ》 ᠭᠡᠳᠡᠭ᠎ᠨᠢ ᠲᠣᠰ ᠢᠯᠡᠷᠡᠭᠦᠯᠦᠯᠲᠡ᠎ᠨᠢ ᠰᠢᠨᠵᠢᠯᠡᠬᠦ ᠤᠬᠠᠭ᠋ᠠᠨ᠎ᠤ ᠣᠨᠣᠯ᠂ ᠰᠤᠷᠭ᠋ᠠᠯ᠎ᠤᠨ ᠲᠠᠯ᠎ᠠ᠎ᠪᠠᠷ ᠪᠦᠲᠦᠭᠡᠯᠴᠢ ᠦᠵᠡᠯᠲᠡ᠎ᠲᠠᠢ ᠪᠤᠶᠤ ᠰᠤᠳᠤᠯᠬᠤ ᠠᠷᠭ᠎ᠠ᠂ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠰᠢᠨᠵᠢᠯᠡᠭᠡᠨ᠎ᠤ ᠬᠥᠭᠵᠢᠯᠲᠡ ᠵᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠪᠤᠶᠤ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ ᠪᠠ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠨᠥᠯᠥᠭᠡ᠎ᠲᠠᠢ ᠪᠠᠶ᠋ᠢᠬᠤ ᠵᠢ ᠵᠢᠭ᠋ᠠᠵᠤ ᠪᠣᠶ᠃
ᠠᠷᠪᠠᠨ ᠳᠥᠷᠪᠡᠳᠦᠭᠡᠷ ᠵᠦᠶᠯ 《ᠱᠠᠩᠨᠠᠬᠤ ᠠᠷᠭ᠎ᠠ》 ᠵᠢᠨ ᠶᠢᠰᠦᠳᠦᠭᠡᠷ ᠵᠦᠶᠯ᠎ᠤᠨ ᠭᠤᠷᠪᠠᠳᠤᠭ᠋ᠠᠷ ᠵᠤᠷᠪᠤᠰ᠎ᠲᠤ ᠬᠡᠯᠡᠵᠦ ᠪᠠᠶ᠋ᠢᠭ᠎ᠠ 《ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠲᠡᠭᠡᠳ᠎ᠤᠨ᠎ᠬᠢᠨ᠎ᠳᠤ ᠨᠡᠶ᠋ᠢᠲᠡ᠎ᠪᠠᠷ ᠵᠥᠪᠰᠢᠶᠡᠷᠡᠭᠳᠡᠭᠰᠡᠨ》 ᠭᠡᠳᠡᠭ᠎ᠨᠢ ᠭᠤᠤᠯ ᠪᠣᠯᠬᠤ ᠥᠭᠦᠯᠡᠯ ᠵᠣᠬᠢᠶᠠᠯ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠢᠯᠡ᠎ᠪᠠᠷ ᠲᠠᠷᠬᠠᠭ᠋ᠠᠵᠤ ᠪᠠᠶ᠋ᠢᠭ᠎ᠠ ᠡᠷᠳᠡᠮ ᠰᠢᠨᠵᠢᠯᠡᠭᠡᠨ᠎ᠤ ᠰᠡᠳᠬᠦᠯ ᠳᠡᠭᠡᠷ᠎ᠡ ᠨᠡᠶ᠋ᠢᠲᠡᠯᠡᠭᠰᠡᠨ ᠪᠤᠶᠤ ᠡᠷᠳᠡᠮ ᠰᠢᠨᠵᠢᠯᠡᠭᠡᠨ᠎ᠤ ᠲᠤᠰᠬᠠᠶ ᠵᠣᠬᠢᠶᠠᠯ ᠪᠣᠯᠭ᠋ᠠᠵᠤ ᠬᠣᠶᠠᠷ ᠵᠢᠯ᠎ᠠᠴᠠ ᠳᠡᠭᠡᠭᠰᠢ ᠬᠡᠪᠯᠡᠭᠦᠯᠦᠭᠡᠳ᠂ ᠲᠡᠭᠦᠨ᠎ᠤ ᠴᠢᠬᠤᠯᠠ ᠰᠢᠨᠵᠢᠯᠡᠬᠦ ᠤᠬᠠᠭ᠋ᠠᠨ᠎ᠤ ᠳ᠋ᠦᠩᠨᠡᠯᠲᠡ ᠵᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠢᠯ ᠨᠢᠭᠡᠲᠡᠨ᠎ᠤ ᠭᠠᠵᠠᠷ᠎ᠠᠴᠠ ᠵᠥᠪ ᠲᠠᠯ᠎ᠠ᠎ᠠᠴᠠ ᠡᠰᠢᠯᠡᠭᠰᠡᠨ ᠪᠤᠶᠤ ᠬᠡᠷᠡᠭᠯᠡᠭᠰᠡᠨ᠎ᠢ ᠵᠢᠭ᠋ᠠᠵᠤ ᠪᠣᠶ᠃
ᠠᠷᠪᠠᠨ ᠲᠠᠪᠤᠳᠤᠭ᠋ᠠᠷ ᠵᠦᠶᠯ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠎ᠤᠨ ᠵᠢᠱ᠌ᠢᠭᠳᠡᠭᠴᠢ᠎ᠨᠢ ᠬᠠᠮᠢᠶ᠎ᠠ ᠪᠥᠬᠥᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠭᠦᠯᠡᠯ᠎ᠤᠨ ᠵᠣᠬᠢᠶᠠᠯ᠎ᠤᠨ ᠭᠤᠤᠯ ᠵᠣᠬᠢᠶᠠᠭᠴᠢ ᠪᠠᠶ᠋ᠢᠬᠤ ᠵᠢᠨ ᠬᠠᠮᠲᠤ ᠳᠤᠤᠷᠠᠬᠢ ᠨᠥᠬᠥᠴᠡᠯ᠎ᠤᠨ ᠨᠢᠭᠡ ᠵᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠄
(ᠨᠢᠭᠡ) ᠡᠷᠳᠡᠮ ᠰᠢᠨᠵᠢᠯᠡᠭᠡᠨ᠎ᠤ ᠶᠡᠷᠦᠩᠬᠡᠢ ᠦᠵᠡᠯ ᠰᠠᠨᠠᠭ᠎ᠠ᠂ ᠰᠤᠳᠤᠯᠭ᠋ᠠᠨ᠎ᠤ ᠲᠥᠰᠦᠯ᠎ᠢ ᠳᠤᠷᠠᠳᠤᠨ᠎ᠠ;
(ᠬᠣᠶᠠᠷ) ᠴᠢᠬᠤᠯᠠ ᠰᠢᠨᠵᠢᠯᠡᠬᠦ ᠤᠬᠠᠭ᠋ᠠᠨ᠎ᠤ ᠦᠵᠡᠭᠳᠡᠯ᠂ ᠥᠪᠡᠷᠮᠢᠴᠡ ᠴᠢᠨᠠᠷ ᠪᠠ ᠵᠢᠮ᠎ᠡ ᠶᠣᠰᠣ ᠵᠢ ᠢᠯᠡᠷᠡᠭᠦᠯᠬᠦ ᠵᠢᠨ ᠬᠠᠮᠲᠤ ᠰᠢᠨᠵᠢᠯᠡᠬᠦ ᠤᠬᠠᠭ᠋ᠠᠨ᠎ᠤ ᠤᠨᠤᠯ ᠪᠠ ᠰᠤᠷᠭ᠋ᠠᠯ᠎ᠢ ᠲᠣᠳᠣᠷᠬᠠᠶ᠋ᠢᠯᠠᠨ᠎ᠠ;
(ᠭᠤᠷᠪᠠ) ᠰᠤᠳᠤᠯᠬᠤ ᠠᠷᠭ᠎ᠠ ᠪᠠ ᠠᠷᠭ᠎ᠠ ᠪᠠᠷᠢᠯ᠎ᠢ ᠳᠤᠷᠠᠳᠤᠨ ᠭᠠᠷᠭ᠋ᠠᠵᠤ᠂ ᠵᠠᠩᠭᠢᠯᠠᠭ᠎ᠠ ᠵᠢᠨ ᠴᠢᠨᠠᠷᠲᠠᠢ ᠡᠷᠳᠡᠮ ᠰᠢᠨᠵᠢᠯᠡᠭᠡᠨ᠎ᠤ ᠲᠦᠪᠡᠭᠲᠡᠢ ᠠᠰᠠᠭᠤᠳᠠᠯ ᠪᠤᠶᠤ ᠲᠤᠷᠰᠢᠯᠲᠠ ᠵᠢᠨ ᠮᠡᠷᠭᠡᠵᠢᠯ᠎ᠤᠨ ᠲᠦᠪᠡᠭᠲᠡᠢ ᠠᠰᠠᠭᠤᠳᠠᠯ ᠵᠢᠴᠢ ᠴᠢᠬᠤᠯᠠ ᠰᠠᠭᠤᠷᠢ ᠲᠣᠭ᠎ᠠ ᠪᠠᠷᠢᠮᠲᠠ ᠵᠢ ᠰᠢᠰᠲ᠋ᠧᠮ᠎ᠲᠠᠢ ᠴᠤᠭᠯᠠᠭᠤᠯᠬᠤ ᠪᠠ ᠶᠡᠷᠦᠩᠬᠡᠶ᠋ᠢᠯᠡᠨ ᠵᠠᠳᠠᠯᠬᠤ ᠵᠡᠷᠭᠡ᠃
ᠠᠷᠪᠠᠨ ᠵᠢᠷᠭᠤᠳᠤᠭ᠋ᠠᠷ ᠵᠦᠢ᠍ᠯ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ᠎ᠤᠨ ᠨᠢᠭᠡᠳᠦᠭᠡᠷ ᠪᠡᠶᠡᠯᠡᠭᠦᠯᠦᠭᠴᠢ ᠵᠢᠨ ᠪᠠᠶ᠋ᠢᠭ᠎ᠠ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ᠎ᠨᠢ ᠲᠤᠰ ᠥᠪᠡᠷᠲᠡᠭᠡᠨ ᠵᠠᠰᠠᠬᠤ ᠣᠷᠣᠨ᠎ᠳᠤ ᠪᠠᠶ᠋ᠢᠬᠤ ᠬᠡᠷᠡᠭᠲᠡᠶ᠃
ᠠᠷᠪᠠᠨ ᠳᠣᠯᠣᠳᠤᠭ᠋ᠠᠷ ᠵᠦᠶᠯ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠶᠯ᠎ᠤᠨ ᠲᠥᠯᠥᠭᠡᠯᠡᠬᠦ ᠴᠢᠨᠠᠷᠲᠠᠶ ᠥᠭᠦᠯᠡᠯ (ᠲᠤᠰᠬᠠᠶ ᠵᠣᠬᠢᠶᠠᠯ)᠎ᠢ ᠢᠯᠡ᠎ᠪᠠᠷ 2 ᠵᠢᠯ᠎ᠠᠴᠠ ᠳᠡᠭᠡᠭᠰᠢ ᠨᠡᠶ᠋ᠢᠲᠡᠯᠡᠭᠰᠡᠨ ᠮᠥᠷᠲᠡᠭᠡᠨ ᠲᠥᠯᠥᠭᠡᠯᠡᠬᠦ ᠴᠢᠨᠠᠷᠲᠠᠶ ᠥᠭᠦᠯᠡᠯ (ᠲᠤᠰᠬᠠᠶ ᠵᠣᠬᠢᠶᠠᠯ)᠎ᠤᠨ ᠨᠢᠭᠡᠳᠦᠭᠡᠷ ᠨᠡᠷ᠎ᠡ ᠬᠠᠳᠠᠭᠰᠠᠨ ᠨᠢᠭᠡᠴᠡ᠎ᠨᠢ ᠥᠪᠡᠷᠲᠡᠭᠡᠨ ᠵᠠᠰᠠᠬᠤ ᠣᠷᠣᠨ᠎ᠳᠤ ᠳᠠᠩᠰᠠᠯᠠᠭᠤᠯᠤᠭᠰᠠᠨ ᠪᠠᠶ᠋ᠢᠪᠠᠯ 60 %᠎ᠠᠴᠠ ᠳᠡᠭᠡᠭᠰᠢ ᠵᠢ ᠡᠵᠡᠯᠡᠭᠰᠡᠨ ᠪᠠᠶ᠋ᠢᠬᠤ ᠬᠡᠷᠡᠭᠲᠡᠶ᠃
ᠠᠷᠪᠠᠨ ᠨᠠᠶᠮᠠᠳᠤᠭ᠋ᠠᠷ ᠵᠦᠢ᠍ᠯ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ᠎ᠤᠨ ᠨᠢᠭᠡᠳᠦᠭᠡᠷ ᠪᠡᠶᠡᠯᠡᠭᠦᠯᠦᠭᠴᠢ᠎ᠨᠢ ᠡᠷᠬᠡᠪᠰᠢ 2᠎ᠠᠴᠠ ᠳᠡᠭᠡᠭᠰᠢ ᠲᠥᠯᠥᠭᠡᠯᠡᠬᠦ ᠴᠢᠨᠠᠷᠲᠠᠶ ᠥᠭᠦᠯᠡᠯ (ᠲᠤᠰᠬᠠᠶ ᠵᠣᠬᠢᠶᠠᠯ)᠎ᠤᠨ ᠨᠢᠭᠡᠳᠦᠭᠡᠷ ᠵᠣᠬᠢᠶᠠᠭᠴᠢ ᠪᠤᠶᠤ ᠴᠢᠮᠡᠭᠡ ᠨᠡᠪᠲᠡᠷᠡᠯᠭᠡ ᠵᠢᠨ ᠵᠣᠬᠢᠶᠠᠭᠴᠢ ᠪᠠᠶ᠋ᠢᠬᠤ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ ᠬᠦᠷᠲᠡᠬᠦ ᠲᠥᠷᠥᠯ ᠵᠦᠢ᠍ᠯ᠎ᠤᠨ ᠵᠡᠷᠭᠡ ᠳᠡᠰ᠎ᠤᠨ ᠪᠠᠷᠢᠮᠵᠢᠶ᠎ᠠ ᠵᠢ ᠳᠣᠣᠷᠠᠬᠢ ᠮᠡᠲᠦ ᠦᠨᠡᠯᠡᠨ ᠲᠣᠭᠲᠠᠭ᠋ᠠᠨ᠎ᠠ᠄
(ᠨᠢᠭᠡ) ᠰᠠᠭᠤᠷᠢ ᠰᠤᠳᠤᠯᠭ᠋ᠠᠨ ᠪᠤᠶᠤ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠤ ᠲᠠᠯ᠎ᠠ᠎ᠪᠠᠷ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠤᠯᠵᠤ᠂ ᠢᠯᠡᠷᠡᠭᠦᠯᠦᠭᠰᠡᠨ ᠪᠠᠶ᠋ᠢᠭ᠋ᠠᠯᠢ ᠵᠢᠨ ᠦᠵᠡᠭᠳᠡᠯ᠂ ᠢᠯᠡᠷᠡᠭᠦᠯᠦᠭᠰᠡᠨ ᠰᠢᠨᠵᠢᠯᠡᠬᠦ ᠤᠬᠠᠭ᠋ᠠᠨ᠎ᠤ ᠵᠢᠮ᠎ᠡ ᠶᠣᠰᠣ᠂ ᠳᠤᠷᠠᠳᠤᠭᠰᠠᠨ ᠡᠷᠳᠡᠮ ᠰᠢᠨᠵᠢᠯᠡᠭᠡᠨ᠎ᠤ ᠦᠵᠡᠯᠲᠡ ᠪᠤᠶᠤ ᠲᠡᠭᠦᠨ᠎ᠤ ᠰᠤᠳᠤᠯᠬᠤ ᠠᠷᠭ᠎ᠠ ᠵᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ᠎ᠬᠢᠨ ᠨᠡᠶ᠋ᠢᠲᠡ᠎ᠪᠠᠷ ᠮᠡᠳᠡᠷᠡᠭᠰᠡᠨ ᠪᠠ ᠥᠷᠭᠡᠨ ᠵᠶ᠋ᠠᠷ ᠡᠰᠢᠯᠡᠨ ᠬᠡᠷᠡᠭᠯᠡᠵᠦ᠂ ᠲᠤᠰ ᠰᠢᠨᠵᠢᠯᠡᠭᠡᠨ᠎ᠤ ᠰᠠᠯᠠᠭ᠎ᠠ ᠪᠤᠶᠤ ᠬᠣᠯᠪᠣᠭᠳᠠᠯ ᠪᠦᠬᠦᠢ ᠰᠢᠨᠵᠢᠯᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠤᠭᠰᠠᠨ᠂ ᠡᠰᠡᠬᠦᠯ᠎ᠡ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠶᠡᠬᠡ ᠨᠥᠯᠥᠭᠡ ᠦᠵᠡᠭᠦᠯᠦᠭᠰᠡᠨ ᠪᠠᠶ᠋ᠢᠪᠠᠯ᠂ ᠨᠢᠭᠡᠳᠦᠭᠡᠷ ᠳᠡᠰ᠎ᠤᠨ ᠱᠠᠩᠨᠠᠯ ᠵᠶ᠋ᠠᠷ ᠦᠨᠡᠯᠡᠵᠦ ᠪᠣᠯᠤᠨ᠎ᠠ᠃ ᠡᠭᠦᠨ᠎ᠳᠤ ᠤᠷᠢᠳᠠᠴᠢ ᠴᠢᠨᠠᠷ᠂ ᠣᠨᠣᠯ᠎ᠤᠨ ᠴᠢᠨᠠᠷ᠎ᠨᠢ ᠣᠨᠴᠠᠭ᠋ᠠᠶ ᠲᠣᠪᠣᠶ᠋ᠢᠮ᠎ᠠ᠂ ᠣᠨᠴᠠ ᠴᠢᠬᠤᠯᠠ ᠰᠢᠨᠵᠢᠯᠡᠬᠦ ᠤᠬᠠᠭ᠋ᠠᠨ᠎ᠤ ᠦᠨ᠎ᠡ ᠥᠷᠲᠡᠭ᠎ᠲᠠᠢ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨᠤᠬᠢᠨᠳᠤ ᠴᠢᠬᠤᠯᠠ ᠶᠡᠬᠡ ᠨᠥᠯᠥᠭᠡ᠎ᠲᠠᠢ ᠰᠢᠨᠵᠢᠯᠡᠬᠦ ᠤᠬᠠᠭ᠋ᠠᠨ᠎ᠤ ᠢᠯᠡᠷᠡᠭᠦᠯᠦᠯᠲᠡ ᠵᠢ ᠣᠨᠴᠠ ᠲᠠᠰ᠎ᠤᠨ ᠱᠠᠩᠨᠠᠯ ᠵᠶ᠋ᠠᠷ ᠦᠨᠡᠯᠡᠵᠦ ᠪᠣᠯᠤᠨ᠎ᠠ᠃
(ᠬᠣᠶᠠᠷ) ᠰᠠᠭᠤᠷᠢ ᠰᠤᠳᠤᠯᠭ᠋ᠠᠨ ᠪᠤᠶᠤ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠤ ᠲᠠᠯ᠎ᠠ᠎ᠪᠠᠷ ᠴᠢᠬᠤᠯᠠ ᠠᠬᠢᠯᠳᠠ᠎ᠲᠠᠢ ᠪᠤᠯᠵᠤ᠂ ᠢᠯᠡᠷᠡᠭᠦᠯᠦᠭᠰᠡᠨ ᠪᠠᠶ᠋ᠢᠭ᠋ᠠᠯᠢ ᠵᠢᠨ ᠦᠵᠡᠭᠳᠡᠯ᠂ ᠢᠯᠡᠷᠡᠭᠦᠯᠦᠭᠰᠡᠨ ᠰᠢᠨᠵᠢᠯᠡᠬᠦ ᠤᠬᠠᠭ᠋ᠠᠨ᠎ᠤ ᠵᠢᠮ᠎ᠡ ᠶᠣᠰᠣ᠂ ᠳᠤᠷᠠᠳᠤᠭᠰᠠᠨ ᠡᠷᠳᠡᠮ ᠰᠢᠨᠵᠢᠯᠡᠭᠡᠨ᠎ᠤ ᠦᠵᠡᠯᠲᠡ ᠪᠤᠶᠤ ᠲᠡᠭᠦᠨ᠎ᠤ ᠰᠤᠳᠤᠯᠬᠤ ᠠᠷᠭ᠎ᠠ ᠵᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ ᠡᠲᠡᠭᠡᠳ᠎ᠤᠨ᠎ᠬᠢᠨ ᠨᠡᠶ᠋ᠢᠲᠡ᠎ᠪᠠᠷ ᠮᠡᠳᠡᠷᠡᠭᠰᠡᠨ ᠪᠠ ᠡᠰᠢᠯᠡᠨ ᠬᠡᠷᠡᠭᠯᠡᠵᠦ᠂ ᠲᠤᠰ ᠰᠢᠨᠵᠢᠯᠡᠭᠡᠨ᠎ᠤ ᠰᠠᠯᠠᠭ᠎ᠠ ᠪᠤᠶᠤ ᠲᠡᠭᠦᠨ᠎ᠤ ᠰᠠᠯᠪᠤᠷᠢ ᠰᠢᠨᠵᠢᠯᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠤᠭᠰᠠᠨ᠂ ᠡᠰᠡᠬᠦᠯ᠎ᠡ ᠠᠵᠤ ᠠᠬᠤᠢ ᠵᠢᠨ ᠪᠦᠳᠦᠭᠡᠨ ᠪᠠᠶ᠋ᠢᠭᠤᠯᠤᠯᠲᠠ᠂ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠨᠥᠯᠥᠭᠡ ᠦᠵᠡᠭᠦᠯᠦᠭᠰᠡᠨ ᠪᠠᠶ᠋ᠢᠪᠠᠯ᠂ ᠬᠣᠶᠠᠳᠤᠭ᠋ᠠᠷ ᠳᠡᠰ᠎ᠤᠨ ᠱᠠᠩᠨᠠᠯ ᠵᠶ᠋ᠠᠷ ᠦᠨᠡᠯᠡᠵᠦ ᠪᠣᠯᠤᠨ᠎ᠠ᠃
ᠬᠣᠷᠢᠳᠤᠭ᠋ᠠᠷ ᠵᠦᠢ᠍ᠯ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠎ᠢ ᠬᠣᠶᠠᠷ ᠵᠢᠯ᠎ᠳᠤ ᠨᠢᠭᠡ ᠤᠳᠠᠭ᠎ᠠ ᠰᠢᠯᠭ᠋ᠠᠷᠠᠭᠤᠯᠵᠤ᠂ ᠤᠳᠠᠭ᠎ᠠ ᠪᠦᠷᠢ ᠵᠢᠨ ᠱᠠᠩᠨᠠᠯ ᠣᠯᠭᠣᠬᠤ ᠲᠥᠷᠥᠯ ᠵᠦᠢ᠍ᠯ᠎ᠤᠨ ᠲᠣᠭ᠎ᠠ ᠵᠢ 20 ᠵᠢ ᠳᠠᠪᠠᠭᠤᠯᠬᠤ ᠦᠭᠡᠶ᠃ ᠣᠨᠴᠠ ᠳᠡᠰ᠎ᠤᠨ ᠱᠠᠩᠨᠠᠯ ᠣᠯᠭᠣᠬᠤ ᠪᠦᠷᠢ 1 ᠲᠥᠷᠥᠯ᠎ᠠᠴᠠ ᠬᠡᠲᠦᠷᠡᠵᠦ ᠪᠣᠯᠬᠤ ᠦᠭᠡᠶ᠂ ᠱᠠᠩᠨᠠᠯ ᠣᠯᠭᠣᠬᠤ ᠬᠥᠮᠦᠨ᠎ᠤ ᠲᠣᠭ᠎ᠠ᠎ᠨᠢ 10 ᠬᠥᠮᠦᠨ᠎ᠠᠴᠠ ᠬᠡᠲᠦᠷᠡᠵᠦ ᠪᠣᠯᠬᠤ ᠦᠭᠡᠶ; ᠨᠢᠭᠡᠳᠦᠭᠡᠷ ᠳᠡᠰ᠎ᠤᠨ ᠱᠠᠩᠨᠠᠯ᠎ᠤᠨ ᠤᠳᠠᠭ᠎ᠠ ᠪᠦᠷᠢ ᠵᠢᠨ ᠱᠠᠩᠨᠠᠯ ᠣᠯᠭᠣᠬᠤ ᠲᠣᠭ᠎ᠠ ᠬᠡᠮᠵᠢᠶ᠎ᠡ᠎ᠨᠢ ᠱᠠᠩᠨᠠᠯ ᠣᠯᠭᠣᠬᠤ ᠲᠥᠷᠥᠯ ᠵᠦᠢ᠍ᠯ᠎ᠤᠨ ᠲᠣᠭ᠎ᠠ ᠵᠢᠨ 15 % ᠣᠷᠴᠢᠮ ᠪᠠᠶ᠋ᠢᠵᠤ᠂ ᠨᠢᠭᠡᠳᠦᠭᠡᠷ᠂ ᠬᠣᠶᠠᠳᠤᠭ᠋ᠠᠷ ᠳᠡᠰ᠎ᠤᠨ ᠱᠠᠩᠨᠠᠯ᠎ᠤᠨ ᠭᠠᠭᠴᠠ ᠵᠦᠢ᠍ᠯ᠎ᠤᠨ ᠱᠠᠩᠨᠠᠯ ᠣᠯᠭᠣᠬᠤ ᠬᠥᠮᠦᠨ᠎ᠤ ᠲᠣᠭ᠎ᠠ ᠵᠢ 6 ᠬᠥᠮᠦᠨ᠎ᠠᠴᠠ ᠬᠡᠲᠦᠷᠡᠭᠦᠯᠬᠦ ᠦᠭᠡᠶ᠃
ᠬᠣᠷᠢᠨ ᠨᠢᠭᠡᠳᠦᠭᠡᠷ ᠵᠦᠶᠯ ᠵᠢᠱ᠌ᠢᠭᠳᠡᠭᠰᠡᠨ ᠲᠥᠷᠥᠯ ᠵᠦᠶᠯ᠎ᠤᠨ ᠦᠷ᠎ᠡ ᠪᠦᠲᠦᠭᠡᠯ ᠪᠠ ᠬᠤᠪᠢ ᠨᠡᠮᠡᠷᠢ᠎ᠨᠢ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ ᠣᠯᠭᠣᠬᠤ ᠨᠥᠬᠥᠴᠡᠯ᠎ᠳᠤ ᠬᠥᠷᠬᠥ ᠥᠬᠡᠶ ᠪᠣᠯ᠂ ᠬᠢᠨᠠᠨ ᠲᠣᠭᠲᠠᠭ᠋ᠠᠬᠤ ᠣᠨ᠎ᠤ ᠬᠣᠭᠣᠰᠣᠨ ᠣᠷᠣ ᠪᠠᠶ᠋ᠢᠵᠤ ᠪᠣᠯᠤᠨ᠎ᠠ᠃
ᠭᠤᠷᠪᠠᠳᠤᠭ᠋ᠠᠷ ᠬᠡᠰᠡᠭ ᠲᠧᠭᠨᠢᠭ ᠮᠡᠷᠭᠡᠵᠢᠯ᠎ᠤᠨ ᠡᠭᠦᠳᠦᠯᠲᠡ ᠵᠢᠨ ᠱᠠᠩᠨᠠᠯ
ᠬᠣᠷᠢᠨ ᠬᠣᠶᠠᠳᠤᠭ᠋ᠠᠷ ᠵᠦᠶᠯ 《ᠱᠠᠩᠨᠠᠬᠤ ᠠᠷᠭ᠎ᠠ》 ᠵᠢᠨ ᠠᠷᠪᠠᠳᠤᠭ᠋ᠠᠷ ᠵᠦᠶᠯ᠎ᠤᠨ ᠨᠢᠭᠡᠳᠦᠭᠡᠷ ᠵᠤᠷᠪᠤᠰ᠎ᠲᠤ ᠬᠡᠯᠡᠵᠦ ᠪᠠᠶ᠋ᠢᠭ᠎ᠠ 《ᠡᠮᠦᠨᠡᠬᠢ ᠬᠥᠮᠦᠨ᠎ᠨᠢ ᠬᠠᠷᠠᠬᠠᠨ ᠨᠡᠭᠡᠭᠡᠭᠡᠳᠦᠶ ᠪᠤᠶᠤ ᠢᠯᠡ ᠪᠣᠯᠭ᠋ᠠᠭ᠋ᠠᠳᠤᠶ》 ᠭᠡᠳᠡᠭ᠎ᠨᠢ ᠲᠤᠰ ᠵᠦᠶᠯ᠎ᠤᠨ ᠮᠡᠷᠭᠡᠵᠢᠯ᠎ᠤᠨ ᠡᠭᠦᠳᠦᠯᠲᠡ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠩᠬ᠎ᠠ ᠡᠭᠦᠳᠦᠯᠲᠡ ᠪᠣᠯᠬᠤ᠂ ᠡᠰᠡᠬᠦᠯ᠎ᠡ ᠬᠡᠳᠦᠶ᠋ᠢᠪᠡᠷ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠪᠠᠶ᠋ᠢᠭ᠎ᠠ ᠪᠣᠯᠪᠠᠴᠤ ᠭᠤᠤᠯ ᠪᠣᠯᠬᠤ ᠮᠡᠷᠭᠡᠵᠢᠯ᠎ᠤᠨ ᠠᠭᠤᠯᠭ᠎ᠠ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠯ᠎ᠡ ᠵᠦᠶᠯ᠎ᠤᠨ ᠢᠯᠡ ᠬᠡᠪᠯᠡᠭᠳᠡᠬᠦᠨ᠂ ᠵᠠᠭᠤᠴᠢ ᠵᠢᠴᠢ ᠪᠤᠰᠤᠳ ᠣᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠠᠷᠭ᠎ᠠ ᠵᠠᠮ᠎ᠳᠤ ᠬᠠᠷᠠᠬᠠᠨ ᠨᠡᠶ᠋ᠢᠲᠡᠯᠡᠭᠡᠳᠦᠶ ᠪᠤᠶᠤ ᠢᠯᠡ ᠪᠣᠯᠭ᠋ᠠᠭ᠋ᠠᠳᠤᠶ᠂ ᠮᠥᠨ ᠴᠦ᠍ ᠢᠯᠡ᠎ᠪᠠᠷ ᠬᠡᠷᠡᠭᠯᠡᠵᠦ ᠥᠩᠭᠡᠷᠡᠭᠰᠡᠨ ᠦᠭᠡᠶ ᠵᠢ ᠵᠢᠭ᠋ᠠᠵᠤ ᠪᠤᠶ᠃
ᠬᠣᠷᠢᠨ ᠭᠤᠷᠪᠠᠳᠤᠭ᠋ᠠᠷ ᠵᠦᠢ᠍ᠯ 《ᠱᠠᠩᠨᠠᠬᠤ ᠠᠷᠭ᠎ᠠ》 ᠵᠢᠨ ᠠᠷᠪᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠲᠤ ᠬᠡᠯᠡᠵᠦ ᠪᠠᠶ᠋ᠢᠭ᠎ᠠ 《ᠲᠡᠷᠢᠭᠦᠨ᠎ᠤ ᠴᠢᠨᠠᠷ᠂ ᠪᠦᠲᠦᠭᠡᠯᠴᠢ ᠴᠢᠨᠠᠷ᠂ ᠬᠡᠷᠡᠭᠯᠡᠭᠡᠨ᠎ᠤ ᠴᠢᠨᠠᠷᠲᠠᠢ》 ᠭᠡᠳᠡᠭ᠎ᠨᠢ ᠲᠤᠰ ᠮᠡᠷᠭᠡᠵᠢᠯ᠎ᠤᠨ ᠡᠭᠦᠳᠦᠯᠲᠡ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠳᠠᠯᠢ ᠲᠥᠷᠥᠯ᠎ᠤᠨ ᠮᠡᠷᠭᠡᠵᠢᠯ᠎ᠲᠠᠢ ᠬᠠᠷᠢᠴᠠᠭᠤᠯᠪᠠᠯ᠂ ᠲᠡᠭᠦᠨ᠎ᠤ ᠮᠡᠷᠭᠡᠵᠢᠯ᠎ᠤᠨ ᠰᠡᠳᠬᠢᠴᠡ᠂ ᠮᠡᠷᠭᠡᠵᠢᠯ᠎ᠤᠨ ᠤᠭ ᠶᠣᠰᠣ ᠪᠤᠶᠤ ᠮᠡᠷᠭᠡᠵᠢᠯ᠎ᠤᠨ ᠠᠷᠭ᠎ᠠ᠎ᠨᠢ ᠰᠢᠨ᠎ᠡ ᠵᠢ ᠡᠭᠦᠳᠴᠦ᠂ ᠮᠡᠷᠭᠡᠵᠢᠯ᠎ᠤᠨ ᠲᠠᠯ᠎ᠠ᠎ᠪᠠᠷ ᠮᠥᠨ ᠴᠢᠨᠠᠷ᠎ᠤᠨ ᠣᠨᠴᠠᠯᠢᠭ ᠪᠠ ᠢᠯᠡᠷᠬᠡᠶ ᠳᠠᠪᠰᠢᠯᠲᠠ᠎ᠲᠠᠢ ᠪᠠᠶ᠋ᠢᠵᠤ᠂ ᠭᠣᠣᠯ ᠴᠢᠳᠠᠮᠵᠢ (ᠰᠢᠨᠵᠢ ᠪᠠᠶ᠋ᠢᠳᠠᠯ)᠂ ᠮᠡᠷᠭᠡᠵᠢᠯ ᠠᠵᠤ ᠠᠬᠤᠶ ᠵᠢᠨ ᠭᠦᠢ᠍ᠴᠡᠳᠬᠡᠬᠦ ᠲᠣᠭ᠎ᠠ᠂ ᠬᠡᠷᠡᠭᠯᠡᠭᠡᠨ᠎ᠤ ᠬᠡᠮᠵᠢᠶ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠷᠢ ᠬᠡᠮᠵᠢᠶ᠎ᠡ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢ ᠠᠬᠢᠭᠤᠯᠬᠤ ᠦᠢ᠍ᠯᠡᠳᠦᠯ ᠪᠠ ᠠᠴᠢ ᠬᠣᠯᠪᠣᠭᠳᠠᠯ ᠵᠡᠷᠭᠡ ᠲᠠᠯ᠎ᠠ᠎ᠪᠠᠷ ᠶᠡᠷᠦᠩᠬᠡᠶ᠋ᠢᠯᠡᠭᠰᠡᠨ ᠠᠳᠠᠯᠢ ᠲᠥᠷᠥᠯ᠎ᠤᠨ ᠮᠡᠷᠭᠡᠵᠢᠯ᠎ᠠᠴᠠ ᠳᠠᠪᠠᠭᠤᠯᠢᠭ ᠪᠠᠶ᠋ᠢᠬᠤ ᠵᠢ ᠵᠢᠭ᠋ᠠᠵᠤ ᠪᠠᠶ᠋ᠢᠨ᠎ᠠ᠃
ᠬᠣᠷᠢᠨ ᠳᠥᠷᠪᠡᠳᠦᠭᠡᠷ ᠵᠦᠶᠯ 《ᠱᠠᠩᠨᠠᠬᠤ ᠠᠷᠭ᠎ᠠ》 ᠵᠢᠨ ᠠᠷᠪᠠᠳᠤᠭ᠋ᠠᠷ ᠵᠦᠶᠯ᠎ᠤᠨ ᠭᠤᠷᠪᠠᠳᠤᠭ᠋ᠠᠷ ᠵᠤᠷᠪᠤᠰ᠎ᠲᠤ ᠬᠡᠯᠡᠵᠦ ᠪᠠᠶ᠋ᠢᠭ᠎ᠠ 《ᠬᠡᠷᠡᠭᠵᠢᠭᠦᠯᠬᠦ᠎ᠪᠠᠷ ᠳᠠᠮᠵᠢᠭ᠋ᠠᠳ ᠢᠯᠡᠳᠲᠡ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠶ ᠵᠢᠨ ᠣᠷᠴᠢᠨ ᠲᠣᠭᠣᠷᠢᠨ᠎ᠤ ᠦᠷ᠎ᠡ ᠠᠰᠢᠭ᠎ᠢ ᠡᠭᠦᠳᠦᠭᠰᠡᠨ ᠮᠥᠷᠲᠡᠭᠡᠨ ᠰᠠᠶ᠋ᠢᠨ ᠰᠠᠶ᠋ᠢᠬᠠᠨ ᠬᠡᠷᠡᠭᠯᠡᠭᠡᠨ᠎ᠤ ᠠᠯᠤᠰ ᠢᠷᠡᠭᠡᠳᠦᠶ᠎ᠲᠠᠢ ᠪᠠᠶ᠋ᠢᠬᠤ》 ᠭᠡᠳᠡᠭ᠎ᠨᠢ ᠲᠤᠰ ᠡᠭᠦᠳᠦᠯᠲᠡ ᠵᠢᠨ ᠮᠡᠷᠭᠡᠵᠢᠯ᠎ᠨᠢ ᠪᠣᠯᠪᠠᠰᠤᠷᠠᠩᠭᠤᠶ ᠪᠠᠶ᠋ᠢᠵᠤ᠂ ᠨᠢᠭᠡᠨᠲᠡ ᠬᠣᠶᠠᠷ ᠵᠢᠯ᠎ᠠᠴᠠ ᠳᠡᠭᠡᠭᠰᠢ ᠬᠡᠷᠡᠭᠵᠢᠭᠦᠯᠦᠭᠡᠳ᠂ ᠬᠡᠷᠡᠭᠯᠡᠭᠡᠨ᠎ᠤ ᠦᠷ᠎ᠡ ᠪᠦᠲᠦᠮᠵᠢ᠎ᠨᠢ ᠢᠯᠡᠷᠬᠡᠶ᠂ ᠠᠯᠤᠰ ᠢᠷᠡᠭᠡᠳᠦᠶ᠎ᠨᠢ ᠰᠠᠶ᠋ᠢᠨ ᠪᠠᠶ᠋ᠢᠬᠤ ᠵᠢ ᠵᠢᠭ᠋ᠠᠵᠤ ᠪᠤᠶ᠃
ᠬᠣᠷᠢᠨ ᠲᠠᠪᠤᠳᠤᠭ᠋ᠠᠷ ᠵᠦᠶᠯ ᠮᠡᠷᠭᠡᠵᠢᠯ᠎ᠤᠨ ᠡᠭᠦᠳᠦᠯᠲᠡ ᠵᠢᠨ ᠱᠠᠩᠨᠠᠯ ᠭᠥᠷᠳᠡᠬᠦ ᠵᠢᠱ᠌ᠢᠭᠳᠡᠭᠴᠢ᠎ᠨᠢ ᠳᠤᠤᠷᠠᠬᠢ ᠨᠥᠬᠥᠴᠡᠯ᠎ᠤᠨ ᠨᠢᠭᠡᠳᠤᠨᠢ ᠨᠡᠶ᠋ᠢᠴᠡᠭᠰᠡᠨ ᠪᠠᠶ᠋ᠢᠬᠤ ᠬᠡᠷᠡᠭᠲᠡᠶ᠄
(ᠨᠢᠭᠡ) ᠶᠡᠷᠦᠩᠬᠡᠶ ᠲᠥᠰᠦᠯ᠎ᠤᠨ ᠵᠢᠷᠤᠭ ᠲᠥᠯᠥᠪᠯᠡᠭᠡ᠂ ᠮᠡᠷᠭᠡᠵᠢᠯ᠎ᠤᠨ ᠱᠤᠭᠤᠮ᠎ᠢ ᠳᠤᠷᠠᠳᠤᠨ᠎ᠠ;
(ᠬᠣᠶᠠᠷ) ᠮᠡᠷᠭᠡᠵᠢᠯ᠎ᠤᠨ ᠡᠭᠦᠳᠦᠯᠲᠡ᠎ᠳᠤ ᠰᠢᠭᠤᠳ ᠣᠷᠣᠯᠴᠠᠬᠤ ᠪᠤᠶᠤ ᠮᠡᠷᠭᠡᠵᠢᠯ᠎ᠤᠨ ᠬᠦᠴᠢᠷᠳᠡᠯ᠎ᠳᠤ ᠪᠦᠲᠦᠭᠡᠯᠴᠢ ᠴᠢᠨᠠᠷᠲᠠᠢ ᠰᠢᠢ᠍ᠳᠪᠦᠷᠢᠯᠡᠬᠦ ᠲᠥᠰᠦᠯ ᠭᠠᠷᠭ᠋ᠠᠵᠤ ᠥᠭᠬᠦ;
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠪᠦᠲᠦᠭᠡᠯᠴᠢ᠎ᠪᠠᠷ ᠪᠡᠶᠡᠯᠡᠭᠦᠯᠬᠦ ᠪᠠ ᠠᠬᠢᠭᠤᠯᠤᠨ᠎ᠠ᠃
ᠬᠣᠷᠢᠨ ᠵᠢᠷᠭᠤᠳᠤᠭ᠋ᠠᠷ ᠵᠦᠢ᠍ᠯ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ᠎ᠤᠨ ᠨᠢᠭᠡᠳᠦᠭᠡᠷ ᠪᠡᠶᠡᠯᠡᠭᠦᠯᠦᠭᠴᠢ ᠵᠢᠨ ᠪᠠᠶ᠋ᠢᠭ᠎ᠠ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ᠎ᠨᠢ ᠲᠤᠰ ᠥᠪᠡᠷᠲᠡᠭᠡᠨ ᠵᠠᠰᠠᠬᠤ ᠣᠷᠣᠨ᠎ᠳᠠᠭᠠᠨ ᠪᠠᠶ᠋ᠢᠬᠤ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ᠎ᠤᠨ ᠭᠣᠣᠯ ᠪᠣᠯᠬᠤ ᠪᠡᠶᠡᠯᠡᠭᠦᠯᠦᠭᠴᠢ᠎ᠨᠢ ᠲᠤᠰ ᠮᠡᠷᠭᠡᠵᠢᠯ᠎ᠤᠨ ᠡᠭᠦᠳᠦᠯᠲᠡ ᠵᠢᠨ ᠵᠶ᠋ᠠᠨ ᠪᠦᠬᠦᠨ᠎ᠢ ᠪᠤᠶᠤ ᠬᠡᠰᠡᠭ ᠪᠦᠲᠦᠭᠡᠯᠴᠢ ᠴᠢᠨᠠᠷᠲᠠᠶ ᠮᠡᠷᠭᠡᠵᠢᠯ᠎ᠤᠨ ᠠᠭᠤᠯᠭ᠎ᠠ ᠵᠢᠨ ᠪᠡᠶ᠎ᠡ᠎ᠪᠠᠨ ᠳᠠᠭ᠋ᠠᠭ᠋ᠠᠭᠰᠠᠨ ᠪᠡᠶᠡᠯᠡᠭᠦᠯᠦᠭᠴᠢ ᠪᠠᠶ᠋ᠢᠬᠤ ᠬᠡᠷᠡᠭᠲᠡᠶ ᠪᠥᠭᠡᠳ ᠪᠡᠶᠡᠯᠡᠭᠦᠯᠦᠭᠴᠢ ᠵᠢᠨ ᠪᠠᠶ᠋ᠢᠭ᠎ᠠ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ᠎ᠨᠢ ᠲᠤᠰ ᠥᠪᠡᠷᠲᠡᠭᠡᠨ ᠵᠠᠰᠠᠬᠤ ᠣᠷᠣᠨ᠎ᠳᠤ ᠲᠤᠰᠬᠠᠶ ᠠᠰᠢᠭ᠎ᠤᠨ ᠡᠷᠬᠡᠲᠦ ᠬᠥᠮᠦᠨ ᠪᠣᠯᠤᠭᠰᠠᠨ᠎ᠤ ᠬᠤᠪᠢ᠎ᠳᠤ 60 %᠎ᠠᠴᠠ ᠳᠡᠭᠡᠭᠰᠢᠬᠢ ᠵᠢ ᠡᠵᠡᠯᠡᠭᠰᠡᠨ ᠪᠠᠶ᠋ᠢᠬᠤ ᠬᠡᠷᠡᠭᠲᠡᠶ᠃
ᠬᠣᠷᠢᠨ ᠨᠠᠶᠮᠠᠳᠤᠭ᠋ᠠᠷ ᠵᠦᠢ᠍ᠯ ᠮᠡᠷᠭᠡᠵᠢᠯ᠎ᠤᠨ ᠡᠭᠦᠳᠦᠯᠲᠡ ᠵᠢᠨ ᠱᠠᠩᠨᠠᠯ ᠬᠦᠷᠲᠡᠬᠦ ᠲᠥᠷᠥᠯ ᠵᠦᠢ᠍ᠯ᠎ᠤᠨ ᠵᠡᠷᠭᠡ ᠳᠡᠰ᠎ᠤᠨ ᠪᠠᠷᠢᠮᠵᠢᠶ᠎ᠠ ᠵᠢ ᠳᠣᠣᠷᠠᠬᠢ ᠮᠡᠲᠦ ᠦᠨᠡᠯᠡᠨ ᠲᠣᠭᠲᠠᠭ᠋ᠠᠨ᠎ᠠ᠄
(ᠨᠢᠭᠡ) ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠩᠬ᠎ᠠ ᠡᠭᠦᠳᠦᠭᠰᠡᠨ ᠴᠢᠬᠤᠯᠠ ᠶᠡᠬᠡ ᠮᠡᠷᠭᠡᠵᠢᠯ᠎ᠤᠨ ᠡᠭᠦᠳᠦᠯᠲᠡ᠂ ᠵᠠᠩᠭᠢᠯᠠᠭ᠎ᠠ ᠵᠢᠨ ᠮᠡᠷᠭᠡᠵᠢᠯ᠎ᠤᠨ ᠲᠠᠯ᠎ᠠ᠎ᠪᠠᠷ ᠴᠢᠬᠤᠯᠠ ᠶᠡᠬᠡ ᠰᠢᠨ᠎ᠡ ᠵᠢ ᠡᠭᠦᠳᠴᠦ᠂ ᠮᠡᠷᠭᠡᠵᠢᠯ᠎ᠤᠨ ᠠᠵᠤ ᠠᠬᠤᠶ ᠵᠢᠨ ᠭᠦᠢ᠍ᠴᠡᠳᠬᠡᠬᠦ ᠲᠣᠭ᠎ᠠ᠎ᠨᠢ ᠠᠳᠠᠯᠢ ᠲᠥᠷᠥᠯ᠎ᠤᠨ ᠮᠡᠷᠭᠡᠵᠢᠯ᠎ᠤᠨ ᠲᠦᠷᠦᠭᠦᠯᠡᠬᠦ ᠬᠢᠷᠢ ᠬᠡᠮᠵᠢᠶ᠎ᠡ᠎ᠳᠤ ᠬᠦᠷᠴᠦ᠂ ᠬᠠᠮᠢᠶ᠎ᠠ ᠪᠦᠬᠦᠢ ᠬᠦᠷᠢᠶᠡᠨ᠎ᠤ ᠮᠡᠷᠭᠡᠵᠢᠯ᠎ᠤᠨ ᠳᠠᠪᠰᠢᠯᠲᠠ ᠵᠢ ᠲᠦᠯᠬᠢᠨ ᠠᠬᠢᠭᠤᠯᠵᠤ᠂ ᠢᠯᠡᠳᠲᠡ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠶ ᠵᠢᠨ ᠣᠷᠴᠢᠨ ᠲᠣᠭᠣᠷᠢᠨ᠎ᠤ ᠦᠷ᠎ᠡ ᠠᠰᠢᠭ ᠭᠠᠷᠴᠤ᠂ ᠨᠢᠭᠡᠳᠦᠭᠡᠷ ᠳᠡᠰ᠎ᠤᠨ ᠱᠠᠩᠨᠠᠯ ᠵᠶ᠋ᠠᠷ ᠰᠢᠯᠭ᠋ᠠᠷᠠᠭᠤᠯᠵᠤ ᠪᠣᠯᠤᠨ᠎ᠠ᠃ ᠡᠭᠦᠨ᠎ᠳᠤ ᠤᠤᠭ᠋ᠠᠯ ᠡᠭᠦᠳᠦᠯᠲᠡ ᠵᠢᠨ ᠴᠢᠨᠠᠷ᠂ ᠬᠡᠷᠡᠭᠯᠡᠭᠡᠨ᠎ᠤ ᠴᠢᠨᠠᠷ᠎ᠨᠢ ᠣᠨᠴᠠᠭ᠋ᠠᠢ ᠲᠤᠪᠤᠢ᠍ᠢ᠍ᠮ᠎ᠠ᠂ ᠭᠣᠣᠯ ᠪᠣᠯᠬᠤ ᠮᠡᠷᠭᠡᠵᠢᠯ ᠠᠵᠤ ᠠᠬᠤᠢ ᠵᠢᠨ ᠭᠦᠢ᠍ᠴᠡᠳᠬᠡᠯ ᠲᠣᠭ᠎ᠠ᠎ᠨᠢ ᠠᠳᠠᠯᠢ ᠲᠦᠷᠦᠯ᠎ᠤᠨ ᠮᠡᠷᠭᠡᠵᠢᠯ ᠪᠤᠶᠤ ᠦᠢ᠍ᠯᠡᠳᠬᠦᠨ᠎ᠠᠴᠠ ᠢᠯᠡᠳᠲᠡ ᠳᠠᠪᠠᠭᠤᠯᠢᠭ ᠪᠠᠶ᠋ᠢᠵᠤ᠂ ᠴᠢᠬᠤᠯᠠ ᠶᠡᠬᠡ ᠠᠵᠤ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠢ ᠵᠢᠨ ᠣᠷᠴᠢᠨ ᠨᠥᠬᠥᠴᠡᠯ᠎ᠤᠨ ᠦᠷ᠎ᠡ ᠠᠰᠢᠭ ᠣᠯᠤᠭᠰᠠᠨ ᠮᠡᠷᠭᠡᠵᠢᠯ᠎ᠤᠨ ᠡᠭᠦᠳᠦᠯᠲᠡ᠎ᠨᠢ ᠣᠨᠴᠠ ᠲᠡᠰ᠎ᠤᠨ ᠱᠠᠩᠨᠠᠯ ᠵᠶ᠋ᠠᠷ ᠦᠨᠡᠯᠡᠭᠳᠡᠵᠦ ᠪᠣᠯᠤᠨ᠎ᠠ᠃
(ᠬᠣᠶᠠᠷ) ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠩᠬ᠎ᠠ ᠡᠭᠦᠳᠦᠯᠲᠡ᠎ᠳᠤ ᠲᠣᠭ᠋ᠠᠴᠠᠭᠳᠠᠬᠤ ᠪᠤᠶᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠢᠭᠡᠨᠲᠡ ᠪᠠᠶ᠋ᠢᠭ᠎ᠠ ᠪᠣᠯᠪᠠᠴᠤ ᠬᠠᠷᠠᠬᠠᠨ ᠢᠯᠡ ᠪᠣᠯᠭ᠋ᠠᠭ᠋ᠠᠳᠤᠢ ᠴᠢᠬᠤᠯᠠ ᠮᠡᠷᠭᠡᠵᠢᠯ᠎ᠤᠨ ᠡᠭᠦᠳᠦᠯᠲᠡ᠂ ᠭᠣᠣᠯ ᠪᠣᠯᠬᠤ ᠮᠡᠷᠭᠡᠵᠢᠯ᠎ᠤᠨ ᠲᠠᠯ᠎ᠠ᠎ᠪᠠᠷ ᠨᠡᠯᠢᠶᠡᠳ ᠶᠡᠬᠡ ᠰᠢᠨ᠎ᠡ ᠡᠭᠦᠳᠦᠯᠲᠡ᠎ᠲᠠᠢ ᠪᠠᠶ᠋ᠢᠵᠤ᠂ ᠮᠡᠷᠭᠡᠵᠢᠯ ᠠᠵᠤ ᠠᠬᠤᠢ ᠵᠢᠨ ᠭᠦᠢ᠍ᠴᠡᠳᠬᠡᠯ ᠲᠣᠭ᠎ᠠ᠎ᠨᠢ ᠠᠳᠠᠯᠢ ᠲᠦᠷᠦᠯ᠎ᠤᠨ ᠮᠡᠷᠭᠡᠵᠢᠯ᠎ᠤᠨ ᠲᠡᠷᠢᠭᠦᠨ᠎ᠤ ᠬᠢᠷᠢ ᠬᠡᠮᠵᠢᠶᠡᠨ᠎ᠳᠤ ᠬᠦᠷᠴᠦ᠂ ᠲᠤᠰ ᠬᠦᠷᠢᠶᠡᠨ᠎ᠳᠠᠬᠢ ᠮᠡᠷᠭᠡᠵᠢᠯ᠎ᠤᠨ ᠲᠠᠪᠰᠢᠯᠳᠠ᠎ᠳᠤ ᠠᠬᠢᠭᠤᠯᠬᠤ ᠦᠢ᠍ᠯᠡᠳᠦᠯ ᠦᠵᠡᠭᠦᠯᠵᠦ᠂ ᠢᠯᠡᠳᠲᠡ ᠠᠵᠤ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠢ ᠵᠢᠨ ᠣᠷᠴᠢᠨ ᠨᠥᠬᠥᠴᠡᠯ᠎ᠤᠨ ᠦᠷ᠎ᠡ ᠠᠰᠢᠭ ᠣᠯᠤᠭᠰᠠᠨ ᠪᠠᠶ᠋ᠢᠪᠠᠯ᠂ ᠬᠣᠶᠠᠳᠤᠭ᠋ᠠᠷ ᠳᠡᠰ᠎ᠤᠨ ᠱᠠᠩᠨᠠᠯ ᠵᠶ᠋ᠠᠷ ᠦᠨᠡᠯᠡᠵᠦ ᠪᠣᠯᠤᠨ᠎ᠠ᠃
ᠬᠣᠷᠢ ᠶᠢᠰᠦᠳᠦᠭᠡᠷ ᠵᠦᠢ᠍ᠯ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠎ᠤᠨ ᠱᠠᠩᠨᠠᠯ ᠣᠯᠭᠣᠬᠤ ᠬᠡᠪᠴᠢᠶ᠎ᠡ᠎ᠳᠤ ᠵᠥᠪᠬᠡᠨ ᠬᠤᠪᠢ ᠬᠥᠮᠦᠨ᠎ᠤ ᠲᠤᠷᠰᠢᠯᠭ᠎ᠠ ᠪᠠ ᠮᠡᠷᠭᠡᠵᠢᠯ᠎ᠤᠨ ᠴᠢᠳᠠᠪᠤᠷᠢ᠂ ᠤᠷ᠎ᠠ ᠮᠡᠷᠭᠡᠵᠢᠯ᠎ᠳᠤ ᠲᠦᠰᠢᠭᠯᠡᠬᠦ ᠮᠥᠷᠲᠡᠭᠡᠨ ᠳᠠᠪᠲᠠᠨ ᠪᠡᠶᠡᠯᠡᠭᠦᠯᠵᠦ ᠦᠯᠦ ᠪᠣᠯᠬᠤ ᠮᠡᠷᠭᠡᠵᠢᠯ ᠪᠠᠭᠲᠠᠬᠤ ᠦᠭᠡᠶ᠃
ᠭᠤᠴᠢᠳᠤᠭ᠋ᠠᠷ ᠵᠦᠢ᠍ᠯ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠎ᠢ ᠬᠣᠶᠠᠷ ᠵᠢᠯ᠎ᠳᠤ ᠨᠢᠭᠡ ᠤᠳᠠᠭ᠎ᠠ ᠰᠢᠯᠭ᠋ᠠᠷᠠᠭᠤᠯᠤᠨ ᠲᠣᠭᠲᠠᠭ᠋ᠠᠵᠤ᠂ ᠤᠳᠠᠭ᠎ᠠ ᠪᠦᠷᠢ ᠵᠢᠨ ᠱᠠᠩᠨᠠᠯ ᠣᠯᠭᠣᠬᠤ ᠲᠥᠷᠥᠯ ᠵᠦᠢ᠍ᠯ᠎ᠤᠨ ᠲᠣᠭ᠎ᠠ ᠵᠢ 20 ᠵᠢ ᠳᠠᠪᠠᠭᠤᠯᠬᠤ ᠦᠭᠡᠶ᠃ ᠣᠨᠴᠠ ᠳᠡᠰ᠎ᠤᠨ ᠱᠠᠩᠨᠠᠯ ᠣᠯᠭᠣᠬᠤ ᠪᠦᠷᠢ 1 ᠲᠥᠷᠥᠯ᠎ᠠᠴᠠ ᠬᠡᠲᠦᠷᠡᠵᠦ ᠪᠣᠯᠬᠤ ᠦᠭᠡᠶ᠂ ᠱᠠᠩᠨᠠᠯ ᠣᠯᠭᠣᠬᠤ ᠬᠥᠮᠦᠨ᠎ᠤ ᠲᠣᠭ᠎ᠠ᠎ᠨᠢ 10 ᠬᠥᠮᠦᠨ᠎ᠠᠴᠠ ᠬᠡᠲᠦᠷᠡᠵᠦ ᠪᠣᠯᠬᠤ ᠦᠭᠡᠶ; ᠨᠢᠭᠡᠳᠦᠭᠡᠷ ᠳᠡᠰ᠎ᠤᠨ ᠱᠠᠩᠨᠠᠯ᠎ᠤᠨ ᠤᠳᠠᠭ᠎ᠠ ᠪᠦᠷᠢ ᠵᠢᠨ ᠱᠠᠩᠨᠠᠯ ᠣᠯᠭᠣᠬᠤ ᠲᠣᠭ᠎ᠠ ᠬᠡᠮᠵᠢᠶ᠎ᠡ᠎ᠨᠢ ᠱᠠᠩᠨᠠᠯ ᠣᠯᠭᠣᠬᠤ ᠲᠥᠷᠥᠯ ᠵᠦᠢ᠍ᠯ᠎ᠤᠨ ᠲᠣᠭ᠎ᠠ ᠵᠢᠨ 15 % ᠣᠷᠴᠢᠮ ᠪᠠᠶ᠋ᠢᠵᠤ᠂ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠎ᠤᠨ ᠭᠠᠭᠴᠠ ᠵᠦᠢ᠍ᠯ᠎ᠤᠨ ᠱᠠᠩᠨᠠᠯ ᠣᠯᠭᠣᠬᠤ ᠬᠥᠮᠦᠨ᠎ᠤ ᠲᠣᠭ᠎ᠠ ᠵᠢ 6 ᠬᠥᠮᠦᠨ᠎ᠠᠴᠠ ᠬᠡᠲᠦᠷᠡᠭᠦᠯᠬᠦ ᠦᠭᠡᠶ᠃
ᠭᠤᠴᠢᠨ ᠨᠢᠭᠡᠳᠦᠭᠡᠷ ᠵᠦᠢ᠍ᠯ ᠵᠢᠱ᠌ᠢᠭᠳᠡᠭᠰᠡᠨ ᠲᠥᠷᠥᠯ ᠵᠦᠢ᠍ᠯ᠎ᠤᠨ ᠦᠷ᠎ᠡ ᠪᠦᠲᠦᠭᠡᠯ ᠪᠣᠯᠤᠨ ᠬᠤᠪᠢ ᠨᠡᠮᠡᠷᠢ᠎ᠨᠢ ᠮᠡᠷᠭᠡᠵᠢᠯ᠎ᠤᠨ ᠡᠭᠦᠳᠦᠯᠲᠡ ᠵᠢᠨ ᠱᠠᠩᠨᠠᠯ ᠣᠯᠭᠣᠬᠤ ᠨᠥᠬᠥᠴᠡᠯ᠎ᠳᠤ ᠬᠦᠷᠬᠦ ᠦᠭᠡᠶ ᠪᠣᠯ᠂ ᠬᠢᠨᠠᠨ ᠲᠣᠭᠲᠠᠭ᠋ᠠᠬᠤ ᠣᠨ᠎ᠤ ᠬᠣᠭᠣᠰᠣᠨ ᠣᠷᠣ ᠪᠠᠶ᠋ᠢᠵᠤ ᠪᠣᠯᠤᠨ᠎ᠠ᠃
ᠳᠥᠷᠪᠡᠳᠦᠭᠡᠷ ᠬᠡᠰᠡᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠱᠠᠩᠨᠠᠯ
ᠭᠤᠴᠢᠨ ᠬᠣᠶᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠳᠤ ᠬᠡᠷᠡᠭᠯᠡᠭᠡᠨ᠎ᠤ ᠮᠡᠷᠭᠡᠵᠢᠯ᠎ᠤᠨ ᠨᠡᠭᠡᠭᠡᠯᠲᠡ ᠬᠢᠬᠦ ᠪᠠ ᠦᠷ᠎ᠡ ᠪᠦᠲᠦᠭᠡᠯ᠎ᠢ ᠬᠤᠪᠢᠷᠠᠭᠤᠯᠬᠤ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ᠂ ᠵᠥᠭᠡᠯᠡᠨ ᠰᠢᠨᠵᠢᠯᠡᠬᠦ ᠤᠬᠠᠭ᠋ᠠᠨ ᠵᠡᠷᠭᠡ ᠳᠥᠷᠪᠡᠨ ᠲᠥᠷᠥᠯ᠎ᠤᠨ ᠲᠥᠷᠥᠯ ᠵᠦᠢ᠍ᠯ ᠪᠠᠭᠲᠠᠨ᠎ᠠ᠃
ᠬᠡᠷᠡᠭᠯᠡᠭᠡᠨ᠎ᠤ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠦᠷ᠎ᠡ ᠪᠦᠲᠦᠭᠡᠯ᠎ᠢ ᠬᠤᠪᠢᠷᠠᠭᠤᠯᠬᠤ ᠵᠦᠢ᠍ᠯᠡᠰ ᠭᠡᠳᠡᠭ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠢ ᠨᠡᠭᠡᠭᠡᠨ ᠬᠥᠭᠵᠢᠭᠦᠯᠬᠦ ᠠᠵᠢᠯᠯᠠᠭ᠎ᠠ ᠵᠢᠨ ᠳᠤᠮᠳᠠ᠂ ᠵᠠᠬ᠎ᠠ ᠳᠡᠯᠭᠡᠭᠦᠷ᠎ᠤᠨ ᠦᠨ᠎ᠡ ᠦᠷᠳᠡᠭ ᠪᠠ ᠠᠵᠤ ᠠᠬᠤᠢ ᠵᠢᠨ ᠦᠷ᠎ᠡ ᠠᠰᠢᠭᠲᠠᠢ ᠦᠢ᠍ᠯᠡᠳᠬᠦᠨ᠂ ᠮᠡᠷᠭᠡᠵᠢᠯ᠂ ᠤᠷᠠᠯᠠᠯ᠂ ᠮᠠᠲ᠋ᠧᠷᠢᠶᠠᠯ᠂ ᠵᠢᠷᠤᠭ ᠲᠥᠯᠥᠪᠯᠡᠭᠡ᠂ ᠰᠢᠰᠲ᠋ᠧᠮ᠂ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠠᠮᠢᠳᠠᠨ ᠤᠷᠭᠤᠮᠠᠯ᠎ᠤᠨ ᠰᠢᠨ᠎ᠡ ᠡᠭᠦᠯᠳᠡᠷ ᠵᠢᠴᠢ ᠲᠡᠭᠦᠨ᠎ᠢ ᠠᠵᠤ ᠦᠢ᠍ᠯᠡᠰᠵᠢᠭᠦᠯᠬᠦ ᠵᠦᠢ᠍ᠯᠡᠰ᠎ᠢ ᠪᠡᠶᠡᠯᠡᠭᠦᠯᠬᠦ ᠪᠤᠶᠤ ᠲᠡᠷᠢᠭᠦᠨ᠎ᠤ ᠪᠥᠭᠡᠳ ᠪᠣᠯᠪᠠᠰᠤᠷᠠᠩᠭᠤᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠶᠡᠬᠡ ᠬᠡᠪᠴᠢ᠊ ᠢ᠎ᠡ᠎ᠪᠠᠷ ᠬᠡᠷᠡᠭᠯᠡᠨ ᠳᠡᠯᠭᠡᠷᠡᠭᠦᠯᠬᠦ ᠵᠢᠨ ᠬᠠᠮᠲᠤ᠂ ᠵᠣᠬᠢᠴᠠᠬᠤ ᠴᠢᠨᠠᠷᠲᠠᠢ ᠰᠤᠳᠤᠯᠭ᠋ᠠᠨ᠂ ᠮᠡᠷᠭᠡᠵᠢᠯ᠎ᠢ ᠢᠵᠢ ᠪᠦᠷᠢᠳᠦᠬᠦᠯᠬᠦ ᠵᠡᠷᠭᠡ ᠲᠠᠯ᠎ᠠ᠎ᠪᠠᠷ ᠰᠢᠨ᠎ᠡ ᠵᠢ ᠡᠭᠦᠳᠴᠦ᠂ ᠢᠯᠡᠳᠲᠡ ᠠᠵᠤ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠢ ᠵᠢᠨ ᠣᠷᠴᠢᠨ ᠨᠥᠬᠥᠴᠡᠯ᠎ᠤᠨ ᠦᠷ᠎ᠡ ᠠᠰᠢᠭ ᠤᠯᠬᠤ ᠵᠦᠢ᠍ᠯᠡᠰ᠎ᠢ ᠵᠢᠭ᠋ᠠᠵᠤ ᠪᠠᠶ᠋ᠢᠨ᠎ᠠ᠃
ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠵᠦᠢ᠍ᠯᠡᠰ ᠭᠡᠳᠡᠭ ᠪᠣᠯ ᠪᠠᠷᠢᠮᠵᠢᠶ᠎ᠠ᠂ ᠬᠡᠮᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠨᠭ᠌ᠰᠠ ᠡᠪᠬᠡᠮᠡᠯ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠴᠢᠨᠠᠷᠲᠠᠢ ᠠᠵᠢᠯ ᠪᠠ ᠣᠷᠴᠢᠨ ᠠᠬᠤᠢ ᠵᠢᠨ ᠬᠠᠮᠠᠭ᠋ᠠᠯᠠᠯᠲᠠ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠪᠠᠶ᠋ᠢᠴᠠᠭ᠋ᠠᠯᠲᠠ ᠪᠠ ᠵᠦᠢ ᠵᠣᠬᠢᠰᠲᠠᠢ ᠠᠰᠢᠭᠯᠠᠯᠲᠠ᠂ ᠪᠠᠶ᠋ᠢᠭ᠋ᠠᠯᠢ ᠵᠢᠨ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠰᠡᠷᠭᠡᠶ᠋ᠢᠯᠡᠨ ᠵᠠᠰᠠᠬᠤ ᠵᠡᠷᠭᠡ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠤᠨ ᠳᠤᠮᠳᠠ ᠣᠯᠤᠭᠰᠠᠨ ᠴᠢᠬᠤᠯᠠ ᠶᠡᠬᠡ ᠦᠷ᠎ᠡ ᠪᠦᠲᠦᠭᠡᠯ᠎ᠢ ᠵᠢᠭ᠋ᠠᠵᠤ ᠪᠠᠶ᠋ᠢᠨ᠎ᠠ᠂ ᠨᠡᠶ᠋ᠢᠭᠡᠮ᠎ᠤᠨ ᠢᠯᠡᠳᠲᠡ ᠦᠷ᠎ᠡ ᠠᠰᠢᠭ᠂ ᠠᠮᠢ ᠠᠬᠤᠢ ᠵᠢᠨ ᠣᠷᠴᠢᠨ ᠨᠥᠬᠥᠴᠡᠯ᠎ᠤᠨ ᠦᠷ᠎ᠡ ᠠᠰᠢᠭ᠎ᠢ ᠡᠭᠦᠳᠬᠦ ᠵᠦᠢ᠍ᠯᠡᠰ ᠪᠣᠯᠤᠨ᠎ᠠ᠃
ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠦᠢ᠍ᠯᠡᠰ ᠭᠡᠳᠡᠭ ᠪᠣᠯ ᠰᠡᠳᠦᠪ ᠰᠣᠩᠭᠣᠬᠤ ᠠᠭᠤᠯᠭ᠎ᠠ ᠪᠤᠶᠤ ᠢᠯᠡᠷᠡᠭᠦᠯᠬᠦ ᠬᠡᠯᠪᠡᠷᠢ᠂ ᠵᠣᠬᠢᠶᠠᠨ ᠪᠦᠲᠦᠭᠡᠬᠦ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢ ᠲᠦᠭᠡᠮᠡᠯᠵᠢᠭᠦᠯᠬᠦ᠂ ᠰᠢᠨᠵᠢᠯᠡᠬᠦ ᠤᠬᠠᠭ᠋ᠠᠨᠴᠢ ᠠᠷᠭ᠎ᠠ ᠵᠢ ᠰᠠᠨᠠᠭ᠋ᠠᠴᠢᠯᠠᠬᠤ᠂ ᠰᠢᠨᠵᠢᠯᠡᠬᠦ ᠤᠬᠠᠭ᠋ᠠᠨᠴᠢ ᠦᠵᠡᠯ ᠰᠠᠨᠠᠭ᠎ᠠ ᠵᠢ ᠤᠯᠠᠮᠵᠢᠯᠠᠨ ᠳᠡᠯᠭᠡᠷᠡᠭᠦᠯᠬᠦ᠂ ᠰᠢᠨᠵᠢᠯᠡᠬᠦ ᠤᠬᠠᠭ᠋ᠠᠨᠴᠢ ᠵᠣᠷᠢᠭ ᠰᠠᠨᠠᠭ᠎ᠠ ᠵᠢ ᠪᠠᠳᠠᠷᠠᠭᠤᠯᠬᠤ ᠵᠡᠷᠭᠡ ᠲᠠᠯ᠎ᠠ᠎ᠪᠠᠷ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠵᠦ᠂ ᠨᠡᠶ᠋ᠢᠭᠡᠮ᠎ᠤᠨ ᠴᠢᠬᠤᠯᠠ ᠦᠷ᠎ᠡ ᠠᠰᠢᠭ ᠭᠠᠷᠭ᠋ᠠᠭᠰᠠᠨ ᠵᠦᠢ᠍ᠯᠡᠰ᠎ᠢ ᠵᠢᠭ᠋ᠠᠵᠤ ᠪᠠᠶ᠋ᠢᠨ᠎ᠠ᠃
ᠵᠥᠭᠡᠯᠡᠨ ᠰᠢᠨᠵᠢᠯᠡᠬᠦ ᠤᠬᠠᠭ᠋ᠠᠨ᠎ᠤ ᠲᠥᠷᠥᠯ ᠵᠦᠶᠯ ᠭᠡᠳᠡᠭ᠎ᠨᠢ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ ᠪᠠ ᠢᠨᠵᠧᠨᠧᠷᠢᠩ᠎ᠤᠨ ᠮᠡᠷᠭᠡᠵᠢᠯ᠎ᠤᠨ ᠣᠯᠠᠨ ᠲᠥᠷᠥᠯ ᠣᠯᠠᠨ ᠰᠢᠨᠵᠢᠯᠡᠭᠡᠨ᠎ᠤ ᠮᠡᠳᠡᠯᠭᠡ ᠵᠢ ᠶᠡᠷᠦᠩᠬᠡᠶ᠋ᠢᠯᠡᠨ ᠠᠰᠢᠭᠯᠠᠵᠤ᠂ ᠴᠢᠨᠠᠷ ᠲᠣᠭᠲᠠᠭ᠋ᠠᠬᠤ ᠪᠠ ᠬᠡᠮᠵᠢᠶ᠎ᠡ ᠲᠣᠭᠲᠠᠭ᠋ᠠᠬᠤ ᠵᠢ ᠤᠶᠠᠯᠳᠤᠭᠤᠯᠤᠭᠰᠠᠨ ᠰᠢᠰᠲ᠋ᠧᠮ᠎ᠲᠠᠢ ᠵᠠᠳᠠᠯᠤᠯᠲᠠ ᠪᠠ ᠨᠤᠲᠠᠯᠠᠯᠲᠠ ᠵᠢᠨ ᠠᠷᠭ᠎ᠠ ᠪᠠᠷᠢᠯ᠎ᠢ ᠬᠡᠷᠡᠭᠯᠡᠨ᠂ ᠪᠤᠳᠤᠯᠢᠶᠠᠨᠲᠤ ᠴᠢᠨᠠᠷᠲᠠᠶ ᠰᠢᠰᠲ᠋ᠧᠮᠲᠦ ᠴᠢᠨᠠᠷᠲᠠᠶ ᠠᠰᠠᠭᠤᠳᠠᠯ᠎ᠤᠨ ᠰᠤᠳᠤᠯᠭ᠋ᠠᠨ᠎ᠢ ᠥᠷᠨᠢᠭᠦᠯᠵᠦ᠂ ᠣᠯᠤᠭᠰᠠᠨ ᠦᠷ᠎ᠡ ᠪᠦᠲᠦᠭᠡᠯ᠎ᠢ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ ᠵᠢᠴᠢ ᠮᠤᠵᠢ ᠶᠠᠮᠤᠨ᠎ᠤ ᠲᠠᠰ᠎ᠠᠴᠠ ᠳᠡᠭᠡᠭᠰᠢᠬᠢ ᠪᠠᠶ᠋ᠢᠭᠤᠯᠤᠮᠵᠢ ᠭᠥᠯᠢᠶᠡᠨ ᠠᠪᠴᠤ᠂ ᠠᠵᠤ ᠠᠬᠤᠶ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠭᠰᠠᠨ ᠲᠥᠷᠥᠯ ᠵᠦᠶᠯ ᠪᠣᠯᠤᠨ᠎ᠠ᠃
ᠭᠤᠴᠢᠨ ᠭᠤᠷᠪᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ ᠵᠶ᠋ᠠᠷ ᠵᠢᠱ᠌ᠢᠭᠳᠡᠭᠰᠡᠳ᠎ᠨᠢ ᠳᠣᠣᠷᠠᠬᠢ ᠨᠥᠬᠥᠴᠡᠯ᠎ᠤᠨ ᠨᠢᠭᠡ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
(ᠨᠢᠭᠡ) ᠶᠡᠷᠦᠩᠬᠡᠶ ᠲᠥᠰᠦᠯ᠎ᠤᠨ ᠵᠢᠷᠤᠭ ᠲᠥᠯᠥᠪᠯᠡᠭᠡ᠂ ᠮᠡᠷᠭᠡᠵᠢᠯ᠎ᠤᠨ ᠱᠤᠭᠤᠮ᠎ᠢ ᠳᠤᠷᠠᠳᠤᠨ᠎ᠠ;
(ᠬᠣᠶᠠᠷ) ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ᠎ᠳᠤ ᠰᠢᠭᠤᠳ ᠣᠷᠣᠯᠴᠠᠬᠤ ᠪᠤᠶᠤ ᠮᠡᠷᠭᠡᠵᠢᠯ᠎ᠤᠨ ᠪᠡᠷᠬᠡ ᠠᠰᠠᠭᠤᠳᠠᠯ᠎ᠢ ᠰᠢᠢ᠍ᠳᠪᠦᠷᠢᠯᠡᠬᠦ ᠪᠦᠲᠦᠭᠡᠯᠴᠢ ᠴᠢᠨᠠᠷᠲᠠᠢ ᠲᠥᠰᠦᠯ ᠭᠠᠷᠭ᠋ᠠᠬᠤ;
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ᠂ ᠳᠡᠯᠭᠡᠷᠡᠭᠦᠯᠦᠨ ᠬᠡᠷᠡᠭᠯᠡᠬᠦ ᠪᠤᠶᠤ ᠠᠵᠤ ᠦᠢ᠍ᠯᠡᠰᠵᠢᠭᠦᠯᠬᠦ ᠵᠢ ᠪᠦᠲᠦᠭᠡᠯᠴᠢ᠎ᠪᠠᠷ ᠪᠡᠶᠡᠯᠡᠭᠦᠯᠬᠦ ᠪᠠ ᠠᠬᠢᠭᠤᠯᠤᠨ᠎ᠠ;
(ᠲᠦᠷᠪᠡ) ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ ᠬᠡᠪᠯᠡᠭᠦᠯᠬᠦ᠂ ᠤᠬᠠᠭᠤᠯᠤᠨ ᠳᠡᠯᠭᠡᠷᠡᠭᠦᠯᠬᠦ᠎ᠳᠤ ᠭᠣᠣᠯ ᠬᠤᠪᠢ ᠨᠡᠮᠡᠷᠢ ᠦᠵᠡᠭᠦᠯᠬᠦ;
(ᠲᠠᠪᠤ) ᠣᠨᠣᠯ ᠪᠠ ᠠᠷᠭ᠎ᠠ ᠵᠢᠨ ᠲᠠᠯ᠎ᠠ᠎ᠪᠠᠷ ᠴᠢᠬᠤᠯᠠ ᠶᠡᠬᠡ ᠰᠢᠨ᠎ᠡ ᠡᠭᠦᠳᠦᠯᠲᠡ᠎ᠲᠠᠢ ᠪᠠᠶ᠋ᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠶᠡᠬᠡ ᠦᠶᠯᠡᠳᠦᠯ᠎ᠲᠠᠢ ᠪᠠᠢ᠍ᠬᠤ ᠬᠡᠷᠡᠭᠲᠡᠶ᠃
ᠭᠤᠴᠢᠨ ᠳᠥᠷᠪᠡᠳᠦᠭᠡᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ᠎ᠤᠨ ᠨᠢᠭᠡᠳᠦᠭᠡᠷ ᠪᠡᠶᠡᠯᠡᠭᠦᠯᠦᠭᠰᠡᠨ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ᠎ᠨᠢ ᠲᠤᠰ ᠥᠪᠡᠷᠲᠡᠭᠡᠨ ᠵᠠᠰᠠᠬᠤ ᠣᠷᠣᠨ᠎ᠳᠤ ᠪᠠᠶ᠋ᠢᠬᠤ ᠬᠡᠷᠡᠭᠲᠡᠶ᠃
ᠭᠤᠴᠢᠨ ᠲᠠᠪᠤᠳᠤᠭ᠋ᠠᠷ ᠵᠦᠶᠯ ᠬᠡᠷᠡᠭᠯᠡᠭᠡᠨ᠎ᠤ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠦᠷ᠎ᠡ ᠪᠦᠲᠦᠭᠡᠯ᠎ᠢ ᠤᠯᠠᠷᠢᠭᠤᠯᠬᠤ᠎ᠳᠤ᠂ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠶᠯ᠎ᠤᠨ ᠭᠤᠤᠯ ᠪᠣᠯᠬᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠠ ᠪᠠᠷᠢᠮᠵᠢᠶᠠᠲᠤ ᠵᠢᠷᠤᠮᠵᠢᠯ᠎ᠢ ᠥᠪᠡᠷᠲᠡᠭᠡᠨ ᠵᠠᠰᠠᠬᠤ ᠣᠷᠣᠨ᠎ᠳᠤ ᠪᠦᠬᠦᠯᠢ ᠴᠣᠭᠴᠠ᠎ᠪᠠᠷ ᠬᠣᠶᠠᠷ ᠵᠢᠯ᠎ᠠᠴᠠ ᠳᠡᠭᠡᠭᠰᠢ ᠬᠡᠷᠡᠭᠯᠡᠭᠰᠡᠨ ᠮᠥᠷᠲᠡᠭᠡᠨ᠂ ᠵᠢᠱ᠌ᠢᠭᠳᠡᠭᠰᠡᠨ ᠲᠥᠷᠥᠯ ᠵᠦᠶᠯ᠎ᠢ ᠪᠡᠶᠡᠯᠡᠭᠦᠯᠦᠭᠰᠡᠨ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ᠎ᠨᠢ ᠲᠣᠰ ᠥᠪᠡᠷᠲᠡᠭᠡᠨ ᠵᠠᠰᠠᠬᠤ ᠣᠷᠣᠨ᠎ᠳᠤ ᠠᠩᠬᠠᠨ᠎ᠤ ᠡᠷᠬᠡ ᠠᠰᠢᠭ᠎ᠲᠤ ᠬᠥᠮᠦᠨ ᠪᠣᠯᠤᠭᠰᠠᠨ᠎ᠤ ᠬᠤᠪᠢ᠎ᠳᠤ 60 %᠎ᠠᠴᠠ ᠳᠡᠭᠡᠭᠰᠢᠬᠢ ᠵᠢ ᠡᠵᠡᠯᠡᠭᠰᠡᠨ ᠪᠠᠶ᠋ᠢᠬᠤ ᠬᠡᠷᠡᠭᠲᠡᠶ᠃
ᠭᠤᠴᠢᠨ ᠵᠢᠷᠭᠤᠳᠤᠭ᠋ᠠᠷ ᠵᠦᠢ᠍ᠯ ᠲᠤᠰ ᠨᠠᠷᠢᠨ ᠳᠦᠷᠢᠮ᠎ᠤᠨ ᠭᠤᠴᠢᠨ ᠭᠤᠷᠪᠠᠳᠤᠭ᠋ᠠᠷ ᠵᠦᠢ᠍ᠯ᠎ᠤᠨ ᠳᠥᠷᠪᠡᠳᠦᠭᠡᠷ ᠵᠤᠷᠪᠤᠰ᠎ᠲᠤ ᠬᠡᠯᠡᠵᠦ ᠪᠠᠶ᠋ᠢᠭ᠎ᠠ 《ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠲᠦᠭᠡᠯ》 ᠭᠡᠳᠡᠭ᠎ᠨᠢ ᠤᠯᠤᠰ᠎ᠤᠨ ᠳᠣᠲᠣᠭ᠋ᠠᠳᠤ᠎ᠳᠤ ᠢᠯᠡ᠎ᠪᠠᠷ ᠬᠡᠪᠯᠡᠭᠦᠯᠵᠦ᠂ ᠨᠢᠭᠡᠨᠲᠡ ᠬᠣᠶᠠᠷ ᠵᠢᠯ᠎ᠠᠴᠠ ᠳᠡᠭᠡᠭᠰᠢ ᠲᠠᠷᠬᠠᠭ᠋ᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠩᠬᠠᠨ᠎ᠤ ᠡᠭᠦᠳᠦᠯᠲᠡ ᠵᠢᠨ ᠨᠣᠮ ᠪᠢᠴᠢᠭ᠎ᠢ ᠵᠢᠭ᠋ᠠᠵᠤ ᠪᠠᠶ᠋ᠢᠨ᠎ᠠ᠃ ᠨᠣᠮ᠎ᠤᠨ ᠨᠢᠭᠡᠳᠦᠭᠡᠷ ᠭᠣᠣᠯ ᠨᠠᠶ᠋ᠢᠷᠠᠭᠤᠯᠤᠭᠴᠢ ᠪᠤᠶᠤ ᠨᠢᠭᠡᠳᠦᠭᠡᠷ ᠵᠣᠬᠢᠶᠠᠭᠴᠢ ᠵᠢᠨ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ᠎ᠨᠢ ᠲᠤᠰ ᠥᠪᠡᠷᠲᠡᠭᠡᠨ ᠵᠠᠰᠠᠬᠤ ᠣᠷᠣᠨ᠎ᠳᠤ ᠪᠤᠶ᠃
ᠭᠤᠴᠢᠨ ᠳᠣᠯᠣᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ ᠬᠦᠷᠲᠡᠬᠦ ᠲᠥᠷᠥᠯ ᠵᠦᠢ᠍ᠯ᠎ᠤᠨ ᠵᠡᠷᠭᠡ ᠳᠡᠰ᠎ᠤᠨ ᠪᠠᠷᠢᠮᠵᠢᠶ᠎ᠠ ᠵᠢ ᠳᠣᠣᠷᠠᠬᠢ ᠮᠡᠲᠦ ᠦᠨᠡᠯᠡᠨ ᠲᠣᠭᠲᠠᠭ᠋ᠠᠨ᠎ᠠ᠄
(ᠨᠢᠭᠡ) ᠬᠡᠷᠡᠭᠯᠡᠭᠡᠨ᠎ᠤ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠶᠯ
ᠵᠠᠩᠭᠢᠯᠠᠭ᠎ᠠ ᠵᠢᠨ ᠮᠡᠷᠭᠡᠵᠢᠯ ᠪᠤᠶᠤ ᠰᠢᠰᠲ ᠧᠮᠤᠨ ᠬᠤᠷᠠᠮᠠᠯ᠎ᠤᠨ ᠲᠠᠯ᠎ᠠ᠎ᠪᠠᠷ ᠴᠢᠬᠤᠯᠠ ᠶᠡᠬᠡ ᠰᠢᠨ᠎ᠡ ᠡᠭᠦᠳᠦᠯᠲᠡ᠎ᠲᠠᠢ᠂ ᠮᠡᠷᠭᠡᠵᠢᠯ᠎ᠤᠨ ᠬᠦᠴᠢᠷᠳᠡᠯ ᠶᠡᠬᠡ᠂ ᠶᠡᠷᠦᠩᠬᠡᠶ ᠮᠡᠷᠭᠡᠵᠢᠯ᠎ᠤᠨ ᠬᠢᠷᠢ ᠬᠡᠮᠵᠢᠶ᠎ᠡ ᠪᠣᠯᠤᠨ ᠭᠣᠣᠯ ᠪᠣᠯᠬᠤ ᠮᠡᠷᠭᠡᠵᠢᠯ᠎ᠤᠨ ᠠᠵᠤ ᠠᠬᠤᠶ ᠵᠢᠨ ᠭᠦᠢ᠍ᠴᠡᠳᠬᠡᠬᠦ ᠲᠣᠭ᠎ᠠ᠎ᠨᠢ ᠠᠳᠠᠯᠢ ᠲᠥᠷᠥᠯ᠎ᠤᠨ ᠮᠡᠷᠭᠡᠵᠢᠯ (ᠦᠢ᠍ᠯᠡᠳᠬᠦᠨ)᠎ᠤᠨ ᠲᠦᠷᠦᠭᠦᠯᠡᠬᠦ ᠬᠢᠷᠢ ᠬᠡᠮᠵᠢᠶ᠎ᠡ᠎ᠳᠤ ᠬᠦᠷᠴᠦ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ ᠵᠶ᠋ᠠᠷ ᠣᠨᠴᠠ ᠴᠢᠩᠭ᠎ᠠ᠂ ᠦᠷ᠎ᠡ ᠪᠦᠲᠦᠭᠡᠯ᠎ᠢ ᠬᠤᠪᠢᠷᠠᠭᠤᠯᠬᠤ ᠬᠡᠮᠵᠢᠶ᠎ᠡ᠎ᠪᠠᠷ ᠣᠨᠴᠠ ᠥᠨᠳᠥᠷ ᠪᠠᠶ᠋ᠢᠵᠤ᠂ ᠴᠢᠬᠤᠯᠠ ᠶᠡᠬᠡ ᠠᠵᠤ ᠠᠬᠤᠶ ᠵᠢᠨ ᠦᠷ᠎ᠡ ᠠᠰᠢᠭ᠎ᠢ ᠡᠭᠦᠳᠴᠦ᠂ ᠠᠵᠢᠯ ᠲᠥᠷᠥᠯ᠎ᠤᠨ ᠮᠡᠷᠭᠡᠵᠢᠯ᠎ᠤᠨ ᠳᠠᠪᠰᠢᠯᠲᠠ ᠪᠣᠯᠤᠨ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠪᠣᠯ ᠨᠢᠭᠡᠳᠦᠭᠡᠷ ᠳᠡᠰ᠎ᠤᠨ ᠱᠠᠩᠨᠠᠯ ᠵᠶ᠋ᠠᠷ ᠰᠢᠯᠭ᠋ᠠᠷᠠᠭᠤᠯᠵᠤ ᠪᠣᠯᠤᠨ᠎ᠠ᠃
ᠡᠭᠦᠨ᠎ᠳᠤ᠂ ᠰᠢᠨ᠎ᠡ ᠵᠢ ᠡᠭᠦᠳᠬᠦ ᠴᠢᠨᠠᠷ᠂ ᠦᠷ᠎ᠡ ᠠᠰᠢᠭ᠎ᠲᠤ ᠴᠢᠨᠠᠷ᠎ᠨᠢ ᠣᠨᠴᠣᠭᠣᠶ ᠲᠣᠪᠣᠶ᠋ᠢᠮ᠎ᠠ ᠪᠥᠭᠡᠳ ᠠᠵᠢᠯ ᠲᠥᠷᠥᠯ᠎ᠤᠨ ᠮᠡᠷᠭᠡᠵᠢᠯ᠎ᠤᠨ ᠳᠠᠪᠰᠢᠯᠲᠠ ᠪᠣᠯᠤᠨ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ᠎ᠳᠤ ᠣᠨᠴᠣᠭᠣᠶ ᠴᠢᠬᠤᠯᠠ ᠶᠡᠬᠡ ᠠᠴᠢ ᠬᠣᠯᠪᠣᠭᠳᠠᠯ᠎ᠲᠠᠢ ᠪᠣᠯ ᠣᠨᠴᠠ ᠲᠠᠰ᠎ᠤᠨ ᠱᠠᠩᠨᠠᠯ ᠵᠶ᠋ᠠᠷ ᠰᠢᠯᠭ᠋ᠠᠷᠠᠭᠤᠯᠵᠤ ᠪᠣᠯᠤᠨ᠎ᠠ᠃ ᠵᠠᠩᠭᠢᠯᠠᠭ᠎ᠠ ᠵᠢᠨ ᠮᠡᠷᠭᠡᠵᠢᠯ ᠪᠤᠶᠤ ᠰᠢᠰᠲ᠋ᠧᠮ᠎ᠤᠨ ᠬᠤᠷᠠᠮᠠᠯ᠎ᠤᠨ ᠲᠠᠯ᠎ᠠ᠎ᠪᠠᠷ ᠨᠡᠯᠢᠶᠡᠳ ᠶᠡᠬᠡ ᠰᠢᠨ᠎ᠡ ᠵᠢ ᠡᠭᠦᠳᠴᠦ᠂ ᠮᠡᠷᠭᠡᠵᠢᠯ᠎ᠤᠨ ᠬᠦᠴᠢᠷᠳᠡᠯ ᠨᠡᠯᠢᠶᠡᠳ ᠶᠡᠬᠡ ᠪᠠᠶ᠋ᠢᠵᠤ᠂ ᠶᠡᠷᠦᠩᠬᠡᠶ ᠮᠡᠷᠭᠡᠵᠢᠯ᠎ᠤᠨ ᠬᠢᠷᠢ ᠬᠡᠮᠵᠢᠶ᠎ᠡ ᠪᠠ ᠭᠤᠤᠯ ᠪᠣᠯᠬᠤ ᠮᠡᠷᠭᠡᠵᠢᠯ ᠠᠵᠤ ᠠᠬᠤᠶ ᠵᠢᠨ ᠭᠦᠶᠴᠡᠳᠬᠡᠬᠦ ᠲᠣᠭ᠎ᠠ᠎ᠨᠢ ᠠᠳᠠᠯᠢ ᠲᠥᠷᠥᠯ᠎ᠤᠨ ᠮᠡᠷᠭᠡᠵᠢᠯ (ᠦᠶᠯᠡᠳᠬᠦᠨ)᠎ᠤᠨ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠬᠡᠮᠵᠢᠶ᠎ᠡ᠎ᠳᠤ ᠬᠦᠷᠴᠦ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ ᠵᠶ᠋ᠠᠷ ᠴᠢᠩᠭ᠎ᠠ᠂ ᠦᠷ᠎ᠡ ᠪᠦᠲᠦᠭᠡᠯ᠎ᠢ ᠤᠯᠠᠷᠢᠭᠤᠯᠬᠤ ᠬᠡᠮᠵᠢᠶ᠎ᠡ᠎ᠪᠠᠷ ᠥᠨᠳᠥᠷ ᠪᠠᠶ᠋ᠢᠵᠤ᠂ ᠢᠯᠡᠳᠲᠡ ᠠᠵᠤ ᠠᠬᠤᠶ ᠵᠢᠨ ᠦᠷ᠎ᠡ ᠠᠰᠢᠭ᠎ᠢ ᠡᠭᠦᠳᠴᠦ᠂ ᠠᠵᠢᠯ ᠲᠥᠷᠥᠯ᠎ᠤᠨ ᠮᠡᠷᠭᠡᠵᠢᠯ᠎ᠤᠨ ᠳᠠᠪᠰᠢᠯᠲᠠ ᠪᠠ ᠠᠵᠤ ᠦᠶᠯᠡᠰ᠎ᠤᠨ ᠪᠦᠲᠦᠴᠡ ᠵᠢᠨ ᠲᠣᠬᠢᠷᠠᠭᠤᠯᠤᠯᠲᠠ᠎ᠳᠤ ᠴᠢᠬᠤᠯᠠ ᠠᠴᠢ ᠬᠣᠯᠪᠣᠭᠳᠠᠯ᠎ᠲᠠᠢ ᠪᠠᠶ᠋ᠢᠪᠠᠯ᠂ ᠬᠣᠶᠠᠳᠤᠭ᠋ᠠᠷ ᠳᠡᠰ᠎ᠤᠨ ᠱᠠᠩᠨᠠᠯ ᠵᠶ᠋ᠠᠷ ᠦᠨᠡᠯᠡᠵᠦ ᠪᠣᠯᠤᠨ᠎ᠠ᠃
(ᠬᠣᠶᠠᠷ) ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ
ᠵᠠᠩᠭᠢᠯᠠᠭ᠎ᠠ ᠵᠢᠨ ᠮᠡᠷᠭᠡᠵᠢᠯ ᠪᠤᠶᠤ ᠰᠢᠰᠲ ᠧᠮᠤᠨ ᠬᠤᠷᠠᠮᠠᠯ᠎ᠤᠨ ᠲᠠᠯ᠎ᠠ᠎ᠪᠠᠷ ᠴᠢᠬᠤᠯᠠ ᠶᠡᠬᠡ ᠰᠢᠨ᠎ᠡ ᠡᠭᠦᠳᠦᠯᠲᠡ᠎ᠲᠠᠢ᠂ ᠮᠡᠷᠭᠡᠵᠢᠯ᠎ᠤᠨ ᠬᠦᠴᠢᠷᠳᠡᠯ ᠶᠡᠬᠡ᠂ ᠶᠡᠷᠦᠩᠬᠡᠶ ᠮᠡᠷᠭᠡᠵᠢᠯ᠎ᠤᠨ ᠬᠢᠷᠢ ᠬᠡᠮᠵᠢᠶ᠎ᠡ ᠪᠣᠯᠤᠨ ᠭᠣᠣᠯ ᠮᠡᠷᠭᠡᠵᠢᠯ᠎ᠤᠨ ᠭᠦᠢ᠍ᠴᠡᠳᠬᠡᠬᠦ ᠲᠣᠭ᠎ᠠ᠎ᠨᠢ ᠠᠳᠠᠯᠢ ᠲᠥᠷᠥᠯ᠎ᠤᠨ ᠮᠡᠷᠭᠡᠵᠢᠯ (ᠦᠢ᠍ᠯᠡᠳᠬᠦᠨ)᠎ᠤᠨ ᠲᠦᠷᠦᠭᠦᠯᠡᠬᠦ ᠬᠢᠷᠢ ᠬᠡᠮᠵᠢᠶ᠎ᠡ᠎ᠳᠤ ᠬᠥᠷᠥᠭᠰᠡᠨ ᠪᠥᠭᠡᠳ ᠠᠵᠢᠯ ᠲᠥᠷᠥᠯ᠎ᠳᠤ ᠥᠷᠭᠡᠨ ᠵᠶ᠋ᠠᠷ ᠬᠡᠷᠡᠭᠯᠡᠭᠳᠡᠵᠦ᠂ ᠴᠢᠬᠤᠯᠠ ᠶᠡᠬᠡ ᠨᠡᠶ᠋ᠢᠭᠡᠮ᠎ᠤᠨ ᠦᠷ᠎ᠡ ᠠᠰᠢᠭ ᠪᠤᠶᠤ ᠠᠮᠢ ᠠᠬᠤᠶ ᠵᠢᠨ ᠣᠷᠴᠢᠨ ᠲᠣᠭᠣᠷᠢᠨ᠎ᠤ ᠦᠷ᠎ᠡ ᠠᠰᠢᠭ ᠣᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠪᠣᠯᠤᠨ ᠨᠡᠶ᠋ᠢᠭᠡᠮ᠎ᠤᠨ ᠳᠠᠪᠰᠢᠯᠲᠠ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠪᠣᠯ ᠨᠢᠭᠡᠳᠦᠭᠡᠷ ᠳᠡᠰ᠎ᠤᠨ ᠱᠠᠩᠨᠠᠯ ᠵᠶ᠋ᠠᠷ ᠰᠢᠯᠭ᠋ᠠᠷᠠᠭᠤᠯᠵᠤ ᠪᠣᠯᠤᠨ᠎ᠠ᠃ ᠵᠠᠩᠭᠢᠯᠠᠭ᠎ᠠ ᠵᠢᠨ ᠮᠡᠷᠭᠡᠵᠢᠯ ᠪᠤᠶᠤ ᠰᠢᠰᠲ᠋ᠧᠮ᠎ᠤᠨ ᠬᠤᠷᠠᠮᠠᠯ᠎ᠤᠨ ᠲᠠᠯ᠎ᠠ᠎ᠪᠠᠷ ᠨᠡᠯᠢᠶᠡᠳ ᠶᠡᠬᠡ ᠰᠢᠨ᠎ᠡ ᠵᠢ ᠡᠭᠦᠳᠴᠦ᠂ ᠮᠡᠷᠭᠡᠵᠢᠯ᠎ᠤᠨ ᠬᠦᠴᠢᠷᠳᠡᠯ ᠵᠶ᠋ᠠᠷ ᠨᠡᠯᠢᠶᠡᠳ ᠶᠡᠬᠡ᠂ ᠶᠡᠷᠦᠩᠬᠡᠶ ᠮᠡᠷᠭᠡᠵᠢᠯ᠎ᠤᠨ ᠬᠢᠷᠢ ᠬᠡᠮᠵᠢᠶ᠎ᠡ ᠪᠣᠯᠤᠨ ᠭᠤᠤᠯ ᠪᠣᠯᠬᠤ ᠮᠡᠷᠭᠡᠵᠢᠯ᠎ᠤᠨ ᠭᠦᠶᠴᠡᠳᠬᠡᠬᠦ ᠲᠣᠭ᠎ᠠ᠎ᠨᠢ ᠠᠳᠠᠯᠢ ᠲᠥᠷᠥᠯ᠎ᠤᠨ ᠮᠡᠷᠭᠡᠵᠢᠯ (ᠦᠶᠯᠡᠳᠬᠦᠨ)᠎ᠤᠨ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠬᠡᠮᠵᠢᠶ᠎ᠡ᠎ᠳᠤ ᠬᠥᠷᠥᠭᠰᠡᠨ ᠪᠥᠭᠡᠳ ᠠᠵᠢᠯ ᠲᠥᠷᠥᠯ᠎ᠤᠨ ᠶᠡᠬᠡ ᠬᠡᠪᠴᠢᠶ᠎ᠡ᠎ᠪᠠᠷ ᠬᠡᠷᠡᠭᠯᠡᠭᠡᠳ ᠢᠯᠡᠳᠲᠡ ᠨᠡᠶ᠋ᠢᠭᠡᠮ᠎ᠤᠨ ᠦᠷ᠎ᠡ ᠠᠰᠢᠭ ᠪᠤᠶᠤ ᠠᠮᠢ ᠠᠬᠤᠶ ᠵᠢᠨ ᠣᠷᠴᠢᠨ ᠲᠣᠭᠣᠷᠢᠨ᠎ᠤ ᠦᠷ᠎ᠡ ᠠᠰᠢᠭ ᠣᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠪᠣᠯᠤᠨ ᠨᠡᠶ᠋ᠢᠭᠡᠮ᠎ᠤᠨ ᠳᠠᠪᠰᠢᠯᠲᠠ᠎ᠳᠤ ᠴᠢᠬᠤᠯᠠ ᠠᠴᠢ ᠬᠣᠯᠪᠣᠭᠳᠠᠯ᠎ᠲᠠᠢ ᠪᠣᠯ ᠬᠣᠶᠠᠳᠤᠭ᠋ᠠᠷ ᠳᠡᠰ᠎ᠤᠨ ᠱᠠᠩᠨᠠᠯ ᠵᠶ᠋ᠠᠷ ᠰᠢᠯᠭ᠋ᠠᠷᠠᠭᠤᠯᠵᠤ ᠪᠣᠯᠤᠨ᠎ᠠ᠃
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠦᠢ᠍ᠯᠡᠰ
ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠲᠦᠭᠡᠯ᠎ᠤᠨ ᠵᠣᠬᠢᠶᠠᠨ ᠪᠦᠲᠦᠭᠡᠬᠦ ᠠᠷᠭ᠎ᠠ ᠪᠠᠷᠢᠯ᠂ ᠢᠯᠡᠷᠡᠭᠦᠯᠬᠦ ᠬᠡᠯᠪᠡᠷᠢ᠎ᠨᠢ ᠴᠢᠬᠤᠯᠠ ᠰᠢᠨ᠎ᠡ ᠡᠭᠦᠳᠦᠯᠲᠡ᠎ᠲᠠᠢ᠂ ᠪᠦᠲᠦᠭᠡᠯ᠎ᠤᠨ ᠶᠠᠰᠤ ᠴᠢᠨᠠᠷ᠎ᠨᠢ ᠰᠢᠯᠢᠳᠡᠭ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠬᠡᠪᠯᠡᠨ ᠲᠠᠷᠬᠠᠭ᠋ᠠᠭᠰᠠᠨ ᠪᠥᠭᠡᠳ ᠥᠷᠭᠡᠨ ᠳᠡᠯᠭᠡᠷ ᠨᠥᠯᠥᠭᠡᠯᠡᠬᠦ ᠬᠦᠴᠦᠨ᠎ᠲᠠᠢ᠂ ᠪᠦᠬᠦ ᠠᠷᠠᠳ᠎ᠤᠨ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠢ ᠳᠡᠭᠡᠭᠰᠢᠯᠡᠭᠦᠯᠬᠦ᠎ᠳᠤ ᠴᠢᠬᠤᠯᠠ ᠦᠢ᠍ᠯᠡᠳᠦᠯ᠎ᠲᠠᠢ ᠪᠠᠶ᠋ᠢᠪᠠᠯ ᠬᠣᠶᠠᠳᠤᠭ᠋ᠠᠷ ᠳᠡᠰ᠎ᠤᠨ ᠱᠠᠩᠨᠠᠯ ᠵᠶ᠋ᠠᠷ ᠦᠨᠡᠯᠡᠵᠦ ᠪᠣᠯᠤᠨ᠎ᠠ᠃
ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠥᠭᠦᠯᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠣᠨᠢᠨ ᠪᠠ ᠬᠤᠭᠤᠴᠠᠭ᠋ᠠᠲᠤ ᠰᠡᠳᠬᠦᠯ᠂ ᠭᠠᠳᠠᠭ᠋ᠠᠳᠤ ᠤᠯᠤᠰ᠎ᠤᠨ ᠦᠭᠡ ᠬᠡᠯᠡ ᠦᠰᠦᠭ ᠪᠢᠴᠢᠭ ᠵᠶ᠋ᠠᠷ ᠪᠢᠴᠢᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠲᠦᠭᠡᠯ᠂ ᠤᠯᠤᠰ ᠠᠷᠠᠳ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠵᠢᠭ᠋ᠠᠬᠤ ᠮᠠᠲ᠋ᠧᠷᠢᠶᠠᠯ᠂ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠵᠢᠭ᠋ᠠᠬᠤ ᠮᠠᠲ᠋ᠧᠷᠢᠶᠠᠯ᠂ ᠰᠢᠨᠵᠢᠯᠡᠬᠦ ᠤᠬᠠᠭ᠋ᠠᠨ᠎ᠤ ᠬᠡᠢ ᠬᠦᠰᠡᠯ᠎ᠤᠨ ᠲᠥᠷᠥᠯ᠎ᠤᠨ ᠪᠦᠲᠦᠭᠡᠯ᠂ ᠳᠠᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠣᠷᠴᠢᠭᠤᠯᠭ᠎ᠠ ᠵᠢᠨ ᠲᠥᠷᠥᠯ᠎ᠤᠨ ᠪᠦᠲᠦᠭᠡᠯ ᠵᠡᠷᠭᠡ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠱᠠᠩᠨᠠᠯ᠎ᠤᠨ ᠪᠦᠲᠦᠭᠡᠯ᠎ᠤᠨ ᠲᠥᠷᠥᠯ ᠵᠦᠢ᠍ᠯ᠎ᠤᠨ ᠱᠠᠩᠨᠠᠬᠤ ᠬᠡᠪᠴᠢᠶᠡᠨ᠎ᠳᠤ ᠲᠦᠷ ᠣᠷᠣᠭᠤᠯᠬᠤ ᠦᠭᠡᠶ᠃
(ᠳᠥᠷᠪᠡ) ᠵᠥᠭᠡᠯᠡᠨ ᠰᠢᠨᠵᠢᠯᠡᠬᠦ ᠤᠬᠠᠭ᠋ᠠᠨ᠎ᠤ ᠲᠥᠷᠥᠯ ᠵᠦᠶᠯ
ᠲᠦᠷᠦᠯ ᠵᠦᠢ᠍ᠯ᠎ᠤᠨ ᠰᠤᠳᠤᠯᠭ᠋ᠠᠨ᠎ᠨᠢ ᠤᠨᠤᠯ ᠪᠠ ᠠᠷᠭ᠎ᠠ ᠵᠢᠨ ᠲᠠᠯ᠎ᠠ᠎ᠪᠠᠷ ᠴᠢᠬᠤᠯᠠ ᠰᠢᠨ᠎ᠡ ᠡᠭᠦᠳᠦᠯᠲᠡ᠎ᠲᠠᠢ ᠪᠠᠶ᠋ᠢᠵᠤ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠲᠦᠪᠰᠢᠨ᠎ᠳᠤ ᠬᠦᠷᠴᠡᠢ; ᠰᠤᠳᠤᠯᠭ᠋ᠠᠨ᠎ᠤ ᠦᠷ᠎ᠡ ᠪᠦᠲᠦᠭᠡᠯ᠎ᠨᠢ ᠴᠢᠬᠤᠯᠠ ᠬᠡᠷᠡᠭᠯᠡᠭᠡᠨ᠎ᠤ ᠦᠨ᠎ᠡ ᠥᠷᠲᠡᠭ᠎ᠲᠠᠢ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶᠠᠷᠤᠯᠲᠠ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠴᠢᠬᠤᠯᠠ ᠦᠶᠯᠡᠳᠦᠯ᠎ᠲᠠᠢ᠂ ᠠᠵᠤ ᠠᠬᠤᠶ ᠨᠡᠶ᠋ᠢᠭᠡᠮ᠎ᠤᠨ ᠢᠯᠡᠳᠲᠡ ᠦᠷ᠎ᠡ ᠠᠰᠢᠭ ᠣᠯᠤᠭᠰᠠᠨ ᠪᠠᠶ᠋ᠢᠪᠠᠯ᠂ ᠬᠣᠶᠠᠳᠤᠭ᠋ᠠᠷ ᠳᠡᠰ᠎ᠤᠨ ᠱᠠᠩᠨᠠᠯ ᠵᠶ᠋ᠠᠷ ᠦᠨᠡᠯᠡᠵᠦ ᠪᠣᠯᠤᠨ᠎ᠠ᠃
ᠭᠤᠴᠢᠨ ᠨᠠᠶᠮᠠᠳᠤᠭ᠋ᠠᠷ ᠵᠦᠶᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠢ ᠬᠣᠶᠠᠷ ᠵᠢᠯ᠎ᠳᠤ ᠨᠢᠭᠡ ᠤᠳᠠᠭ᠎ᠠ ᠰᠢᠯᠭ᠋ᠠᠷᠠᠭᠤᠯᠵᠤ᠂ ᠤᠳᠠᠭ᠎ᠠ ᠪᠦᠷᠢ ᠵᠢᠨ ᠱᠠᠩᠨᠠᠯ ᠣᠯᠭᠣᠬᠤ ᠲᠥᠷᠥᠯ ᠵᠦᠶᠯ᠎ᠤᠨ ᠲᠣᠭ᠎ᠠ ᠵᠢ 120 ᠵᠦᠶᠯ᠎ᠠᠴᠠ ᠳᠠᠪᠠᠭᠤᠯᠬᠤ ᠥᠬᠡᠶ᠂ ᠡᠭᠦᠨ᠎ᠳᠤ ᠬᠡᠷᠡᠭᠯᠡᠭᠡᠨ᠎ᠤ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠦᠷ᠎ᠡ ᠪᠦᠲᠦᠭᠡᠯ᠎ᠢ ᠬᠤᠪᠢᠷᠠᠭᠤᠯᠬᠤ ᠲᠥᠷᠥᠯ ᠵᠦᠶᠯ᠎ᠢ ᠡᠩ᠎ᠤᠨ ᠪᠠᠶ᠋ᠢᠳᠠᠯ᠎ᠳᠤ 70 %᠎ᠠᠴᠠ ᠳᠡᠭᠡᠭᠰᠢ ᠵᠢ ᠡᠵᠡᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠠ ᠵᠥᠭᠡᠯᠡᠨ ᠰᠢᠨᠵᠢᠯᠡᠬᠦ ᠤᠬᠠᠭ᠋ᠠᠨ᠎ᠤ ᠲᠥᠷᠥᠯ ᠵᠦᠶᠯ᠎ᠢ ᠴᠥᠮ 2 ᠵᠦᠶᠯ᠎ᠠᠴᠠ ᠳᠠᠪᠠᠭᠤᠯᠬᠤ ᠥᠬᠡᠶ᠃ ᠣᠨᠴᠠ ᠳᠡᠰ᠎ᠤᠨ ᠱᠠᠩᠨᠠᠯ ᠣᠯᠭᠣᠬᠤ ᠪᠦᠷᠢ 1 ᠲᠥᠷᠥᠯ᠎ᠠᠴᠠ ᠬᠡᠲᠦᠷᠡᠵᠦ ᠪᠣᠯᠬᠤ ᠦᠭᠡᠶ᠂ ᠱᠠᠩᠨᠠᠯ ᠣᠯᠭᠣᠬᠤ ᠬᠥᠮᠦᠨ᠎ᠤ ᠲᠣᠭ᠎ᠠ ᠵᠢ 30 ᠬᠥᠮᠦᠨ᠎ᠠᠴᠠ ᠬᠡᠲᠦᠷᠡᠭᠦᠯᠵᠦ ᠪᠣᠯᠬᠤ ᠦᠭᠡᠶ᠂ ᠱᠠᠩᠨᠠᠯ ᠣᠯᠭᠣᠬᠤ ᠨᠢᠭᠡᠴᠡ ᠵᠢ 10᠎ᠠᠴᠠ ᠬᠡᠲᠦᠷᠡᠭᠦᠯᠵᠦ ᠪᠣᠯᠬᠤ ᠦᠭᠡᠶ; ᠨᠢᠭᠡᠳᠦᠭᠡᠷ ᠳᠡᠰ᠎ᠤᠨ ᠱᠠᠩᠨᠠᠯ᠎ᠤᠨ ᠤᠳᠠᠭ᠎ᠠ ᠪᠦᠷᠢ ᠵᠢᠨ ᠱᠠᠩᠨᠠᠯ ᠣᠯᠭᠣᠬᠤ ᠲᠣᠭ᠎ᠠ ᠬᠡᠮᠵᠢᠶ᠎ᠡ᠎ᠨᠢ ᠱᠠᠩᠨᠠᠯ ᠣᠯᠭᠣᠬᠤ ᠲᠥᠷᠥᠯ ᠵᠦᠢ᠍ᠯ᠎ᠤᠨ ᠲᠣᠭ᠎ᠠ ᠵᠢᠨ 15 % ᠣᠷᠴᠢᠮ ᠪᠠᠶ᠋ᠢᠵᠤ᠂ ᠨᠢᠭᠡᠳᠦᠭᠡᠷ ᠳᠡᠰ᠎ᠤᠨ ᠱᠠᠩᠨᠠᠯ᠂ ᠬᠣᠶᠠᠳᠤᠭ᠋ᠠᠷ ᠳᠡᠰ᠎ᠤᠨ ᠱᠠᠩᠨᠠᠯ᠎ᠤᠨ ᠭᠠᠭᠴᠠ ᠵᠦᠢ᠍ᠯ᠎ᠤᠨ ᠱᠠᠩᠨᠠᠯ ᠣᠯᠭᠣᠬᠤ ᠬᠥᠮᠦᠨ᠎ᠤ ᠲᠣᠭ᠎ᠠ ᠵᠢ 15 ᠬᠥᠮᠦᠨ᠎ᠠᠴᠠ ᠬᠡᠲᠦᠷᠡᠭᠦᠯᠵᠦ ᠪᠣᠯᠬᠤ ᠦᠭᠡᠶ᠂ ᠱᠠᠩᠨᠠᠯ ᠣᠯᠭᠣᠬᠤ ᠨᠢᠭᠡᠴᠡ ᠵᠢ 8 ᠬᠥᠮᠦᠨ᠎ᠠᠴᠠ ᠬᠡᠲᠦᠷᠡᠭᠦᠯᠵᠦ ᠪᠣᠯᠬᠤ ᠦᠭᠡᠶ᠃
ᠭᠤᠴᠢ ᠶᠢᠰᠦᠳᠦᠭᠡᠷ ᠵᠦᠢ᠍ᠯ ᠵᠢᠱ᠌ᠢᠭᠳᠡᠭᠰᠡᠨ ᠲᠥᠷᠥᠯ ᠵᠦᠢ᠍ᠯ᠎ᠤᠨ ᠦᠷ᠎ᠡ ᠪᠦᠲᠦᠭᠡᠯ ᠪᠠ ᠬᠤᠪᠢ ᠨᠡᠮᠡᠷᠢ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ ᠣᠯᠭᠣᠬᠤ ᠨᠥᠬᠥᠴᠡᠯ᠎ᠳᠤ ᠬᠦᠷᠬᠦ ᠦᠭᠡᠶ ᠪᠣᠯ᠂ ᠬᠢᠨᠠᠨ ᠲᠣᠭᠲᠠᠭ᠋ᠠᠬᠤ ᠣᠨ᠎ᠤ ᠬᠣᠭᠣᠰᠣᠨ ᠣᠷᠣ ᠪᠠᠶ᠋ᠢᠵᠤ ᠪᠣᠯᠤᠨ᠎ᠠ᠃
ᠲᠠᠪᠤᠳᠤᠭ᠋ᠠᠷ ᠬᠡᠰᠡᠭ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠱᠠᠩᠨᠠᠯ
ᠳᠥᠴᠢᠳᠦᠭᠡᠷ ᠵᠦᠢ᠍ᠯ 《ᠱᠠᠩᠨᠠᠬᠤ ᠠᠷᠭ᠎ᠠ》 ᠵᠢᠨ ᠠᠷᠪᠠᠨ ᠬᠣᠶᠠᠳᠤᠭ᠋ᠠᠷ ᠵᠦᠢ᠍ᠯ᠎ᠳᠤ ᠬᠡᠯᠡᠵᠦ ᠪᠠᠶ᠋ᠢᠭ᠎ᠠ 《ᠥᠪᠡᠷᠲᠡᠭᠡᠨ ᠵᠠᠰᠠᠬᠤ ᠣᠷᠣᠨ᠎ᠳᠤ ᠠᠵᠢᠯᠯᠠᠵᠤ》 ᠪᠠᠶ᠋ᠢᠭ᠎ᠠ ᠳᠤᠮᠳᠠᠳᠤ ᠤᠯᠤᠰ᠎ᠤᠨ ᠠᠷᠠᠳ ᠢᠷᠭᠡᠨ ᠭᠡᠳᠡᠭ᠎ᠨᠢ ᠵᠢᠱ᠌ᠢᠭᠳᠡᠭᠴᠢ ᠪᠦᠬᠦᠯᠢ 45 ᠨᠠᠰᠤᠨ᠎ᠠᠴᠠ ᠬᠡᠲᠦᠷᠡᠬᠦ ᠦᠭᠡᠶ᠂ ᠠᠵᠢᠯᠯᠠᠵᠤ ᠪᠠᠶ᠋ᠢᠭ᠎ᠠ ᠨᠢᠭᠡᠴᠡ ᠵᠢᠨ ᠳᠠᠩᠰᠠᠯᠠᠭᠤᠯᠤᠭᠰᠠᠨ ᠭᠠᠵᠠᠷ᠎ᠨᠢ ᠥᠪᠡᠷᠲᠡᠭᠡᠨ ᠵᠠᠰᠠᠬᠤ ᠣᠷᠣᠨ᠎ᠳᠤ ᠨᠡᠷ᠎ᠡ ᠳᠤᠷᠠᠳᠤᠭᠳᠠᠬᠤ ᠦᠶ᠎ᠡ᠎ᠳᠤ ᠲᠤᠰ ᠨᠢᠭᠡᠴᠡ᠎ᠳᠤ ᠦᠷᠭᠦᠯᠵᠢᠯᠡᠨ ᠭᠤᠷᠪᠠᠨ ᠵᠢᠯ᠎ᠠᠴᠠ ᠳᠡᠭᠡᠭᠰᠢ ᠠᠵᠢᠯᠯᠠᠭᠰᠠᠨ᠎ᠢ ᠵᠢᠭ᠋ᠠᠵᠤ ᠪᠤᠶ᠃
ᠳᠥᠴᠢᠨ ᠨᠢᠭᠡᠳᠦᠭᠡᠷ ᠵᠦᠶᠯ 《ᠱᠠᠩᠨᠠᠬᠤ ᠠᠷᠭ᠎ᠠ》 ᠵᠢᠨ ᠠᠷᠪᠠᠨ ᠬᠣᠶᠠᠳᠤᠭ᠋ᠠᠷ ᠵᠦᠶᠯ᠎ᠤᠨ ᠨᠢᠭᠡᠳᠦᠭᠡᠷ ᠵᠤᠷᠪᠤᠰ᠎ᠲᠤ ᠬᠡᠯᠡᠵᠦ ᠪᠠᠶ᠋ᠢᠭ᠎ᠠ 《ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠳᠤᠮᠳᠠ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠴᠢᠬᠤᠯᠠ ᠰᠢᠨᠵᠢᠯᠡᠬᠦ ᠤᠬᠠᠭ᠋ᠠᠨ᠎ᠤ ᠢᠯᠡᠷᠡᠭᠦᠯᠦᠯᠲᠡ ᠣᠯᠤᠭᠰᠠᠨ ᠪᠤᠶᠤ ᠬᠠᠮᠢᠶ᠎ᠠ ᠪᠥᠬᠥᠶ ᠰᠢᠨᠵᠢᠯᠡᠭᠡᠨ᠎ᠤ ᠰᠠᠯᠠᠭ᠎ᠠ ᠵᠢᠨ ᠬᠥᠭᠵᠢᠯᠲᠡ ᠵᠢ ᠠᠬᠢᠭᠤᠯᠬᠤ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ》 ᠭᠡᠳᠡᠭ᠎ᠨᠢ ᠵᠢᠱ᠌ᠢᠭᠳᠡᠭᠴᠢ ᠰᠠᠭᠤᠷᠢ ᠰᠤᠳᠤᠯᠤᠯ ᠪᠣᠯᠤᠨ ᠬᠡᠷᠡᠭᠯᠡᠭᠡᠨ᠎ᠤ ᠰᠠᠭᠤᠷᠢ ᠰᠤᠳᠤᠯᠤᠯ᠎ᠤᠨ ᠲᠠᠯ᠎ᠠ᠎ᠪᠠᠷ ᠴᠢᠬᠤᠯᠠ ᠰᠢᠨᠵᠢᠯᠡᠬᠦ ᠤᠬᠠᠭ᠋ᠠᠨ᠎ᠤ ᠦᠵᠡᠭᠳᠡᠯ᠎ᠢ ᠢᠯᠡᠷᠡᠭᠦᠯᠵᠦ᠂ ᠴᠢᠬᠤᠯᠠ ᠰᠢᠨᠵᠢᠯᠡᠬᠦ ᠤᠬᠠᠭ᠋ᠠᠨ᠎ᠤ ᠵᠢᠮ᠎ᠡ ᠶᠣᠰᠣ ᠵᠢ ᠢᠯᠡᠷᠡᠭᠦᠯᠵᠦ᠂ ᠴᠢᠬᠤᠯᠠ ᠰᠢᠨᠵᠢᠯᠡᠬᠦ ᠤᠬᠠᠭ᠋ᠠᠨ᠎ᠤ ᠣᠨᠣᠯ᠎ᠢ ᠲᠣᠳᠣᠷᠬᠠᠶ᠋ᠢᠯᠠᠨ ᠥᠭᠦᠯᠡᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠢᠯ ᠨᠢᠭᠡᠲᠡᠨ᠎ᠤ ᠳᠡᠭᠡᠳᠦ ᠬᠡᠮᠵᠢᠶᠡᠨ᠎ᠤ ᠦᠨᠡᠯᠡᠯᠲᠡ ᠵᠢ ᠣᠯᠵᠤ᠂ ᠬᠠᠮᠢᠶ᠎ᠠ ᠪᠥᠬᠥᠶ ᠰᠢᠨᠵᠢᠯᠡᠭᠡᠨ᠎ᠤ ᠰᠠᠯᠠᠭ᠎ᠠ ᠵᠢᠨ ᠬᠥᠭᠵᠢᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠪᠣᠯᠤᠨ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ᠎ᠢ ᠵᠢᠭ᠋ᠠᠵᠤ ᠪᠣᠶ᠃
ᠳᠥᠴᠢᠨ ᠬᠣᠶᠠᠳᠤᠭ᠋ᠠᠷ ᠵᠦᠶᠯ 《ᠱᠠᠩᠨᠠᠬᠤ ᠠᠷᠭ᠎ᠠ》 ᠵᠢᠨ ᠠᠷᠪᠠᠨ ᠬᠣᠶᠠᠳᠤᠭ᠋ᠠᠷ ᠵᠦᠶᠯ᠎ᠤᠨ ᠬᠣᠶᠠᠳᠤᠭ᠋ᠠᠷ ᠵᠤᠷᠪᠤᠰ᠎ᠲᠤ ᠬᠡᠯᠡᠵᠦ ᠪᠠᠶ᠋ᠢᠭ᠎ᠠ 《ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠠᠵᠤ ᠦᠶᠯᠡᠰᠴᠢᠯᠡᠬᠦ ᠶᠠᠪᠤᠴᠠ᠎ᠳᠤ ᠴᠢᠬᠤᠯᠠ ᠶᠡᠬᠡ ᠡᠭᠦᠳᠦᠯᠲᠡ ᠪᠦᠲᠦᠭᠡᠯᠲᠡ ᠣᠯᠤᠭᠰᠠᠨ ᠪᠤᠶᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠪᠣᠯᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠲᠦᠯᠬᠢᠨ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ᠎ᠤ ᠬᠠᠮᠲᠤ ᠢᠯᠡᠳᠲᠡ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠶ ᠵᠢᠨ ᠣᠷᠴᠢᠨ ᠲᠣᠭᠣᠷᠢᠨ᠎ᠤ ᠦᠷ᠎ᠡ ᠠᠰᠢᠭ᠎ᠢ ᠡᠭᠦᠳᠦᠭᠰᠡᠨ》 ᠭᠡᠳᠡᠭ᠎ᠨᠢ ᠵᠢᠱ᠌ᠢᠭᠳᠡᠭᠴᠢ ᠵᠠᠩᠭᠢᠯᠠᠭ᠎ᠠ ᠵᠢᠨ ᠤᠷᠠᠨ ᠳᠠᠷᠬ᠎ᠠ᠂ ᠲᠥᠬᠥᠭᠡᠷᠦᠮᠵᠢ᠂ ᠮᠡᠷᠭᠡᠵᠢᠯ ᠪᠣᠯᠤᠨ ᠦᠶᠯᠡᠳᠬᠦᠨ ᠵᠡᠷᠭᠡ ᠲᠠᠯ᠎ᠠ᠎ᠪᠠᠷ ᠴᠢᠬᠤᠯᠠ ᠶᠡᠬᠡ ᠡᠭᠦᠳᠦᠯᠲᠡ ᠪᠣᠯᠤᠨ ᠰᠢᠨ᠎ᠡ ᠡᠭᠦᠳᠦᠯᠲᠡ ᠣᠯᠤᠭᠰᠠᠨ ᠪᠥᠭᠡᠳ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠪᠠᠶ᠋ᠢᠵᠤ᠂ ᠠᠵᠢᠯ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢ ᠲᠦᠯᠬᠢᠨ ᠠᠬᠢᠭᠤᠯᠬᠤ᠎ᠳᠤ ᠭᠠᠷᠮᠠᠭ᠋ᠠᠶ ᠬᠤᠪᠢ ᠨᠡᠮᠡᠷᠢ ᠦᠵᠡᠭᠦᠯᠦᠭᠰᠡᠨ᠎ᠢ ᠵᠢᠭ᠋ᠠᠵᠤ ᠪᠤᠶ᠃
ᠳᠥᠴᠢᠨ ᠭᠤᠷᠪᠠᠳᠤᠭ᠋ᠠᠷ ᠵᠦᠢ᠍ᠯ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠱᠠᠩᠨᠠᠯ᠎ᠢ ᠳᠡᠰ ᠬᠤᠪᠢᠶᠠᠬᠤ ᠦᠭᠡᠶ᠂ ᠬᠣᠶᠠᠷ ᠵᠢᠯ᠎ᠳᠤ ᠨᠢᠭᠡ ᠤᠳᠠᠭ᠎ᠠ ᠰᠢᠯᠭ᠋ᠠᠷᠠᠭᠤᠯᠵᠤ᠂ ᠤᠳᠠᠭ᠎ᠠ ᠪᠦᠷᠢ ᠵᠢᠨ ᠱᠠᠩᠨᠠᠯ ᠣᠯᠭᠣᠬᠤ ᠲᠣᠭ᠎ᠠ ᠬᠡᠮᠵᠢᠶ᠎ᠡ ᠵᠢ 10 ᠬᠥᠮᠦᠨ᠎ᠠᠴᠠ ᠬᠡᠲᠦᠷᠡᠭᠦᠯᠵᠦ ᠪᠣᠯᠬᠤ ᠦᠭᠡᠶ᠃
ᠳᠥᠴᠢᠨ ᠳᠥᠷᠪᠡᠳᠦᠭᠡᠷ ᠵᠦᠢ᠍ᠯ ᠵᠢᠱ᠌ᠢᠭᠳᠡᠭᠰᠡᠳ᠎ᠤᠨ ᠦᠷ᠎ᠡ ᠪᠦᠲᠦᠭᠡᠯ ᠪᠠ ᠬᠤᠪᠢ ᠨᠡᠮᠡᠷᠢ᠎ᠨᠢ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠱᠠᠩᠨᠠᠯ ᠣᠯᠭᠣᠬᠤ ᠨᠥᠬᠥᠴᠡᠯ᠎ᠳᠤ ᠬᠦᠷᠬᠦ ᠦᠭᠡᠢ ᠪᠠᠶ᠋ᠢᠪᠠᠯ᠂ ᠬᠢᠨᠠᠨ ᠲᠣᠭᠲᠠᠭ᠋ᠠᠬᠤ ᠣᠨ᠎ᠤ ᠬᠣᠭᠣᠰᠣᠨ ᠣᠷᠣ ᠪᠠᠶ᠋ᠢᠵᠤ ᠪᠣᠯᠤᠨ᠎ᠠ᠃
ᠵᠢᠷᠭᠤᠳᠤᠭ᠋ᠠᠷ ᠬᠡᠰᠡᠭ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢᠨ ᠱᠠᠩᠨᠠᠯ
ᠳᠥᠴᠢᠨ ᠲᠠᠪᠤᠳᠤᠭ᠋ᠠᠷ ᠵᠦᠢ᠍ᠯ 《ᠱᠠᠩᠨᠠᠬᠤ ᠠᠷᠭ᠎ᠠ》 ᠵᠢᠨ ᠠᠷᠪᠠᠨ ᠭᠤᠷᠪᠠᠳᠤᠭ᠋ᠠᠷ ᠵᠦᠢ᠍ᠯ᠎ᠳᠤ ᠬᠡᠯᠡᠵᠦ ᠪᠠᠶ᠋ᠢᠭ᠎ᠠ 《ᠭᠠᠳᠠᠭ᠋ᠠᠳᠤ ᠵᠢᠨ ᠬᠥᠮᠦᠨ ᠪᠤᠶᠤ ᠭᠠᠳᠠᠭ᠋ᠠᠳᠤ ᠵᠢᠨ ᠵᠣᠬᠢᠶᠠᠨ ᠪᠠᠶ᠋ᠢᠭᠤᠯᠤᠯᠲᠠ》 ᠭᠡᠳᠡᠭ᠎ᠨᠢ ᠬᠣᠶᠠᠷ ᠲᠠᠯ᠎ᠠ ᠵᠢᠨ ᠪᠤᠶᠤ ᠣᠯᠠᠨ ᠲᠠᠯ᠎ᠠ ᠵᠢᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠳᠤᠮᠳᠠ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠭᠠᠳᠠᠭ᠋ᠠᠳᠤ ᠵᠢᠨ ᠰᠢᠨᠵᠢᠯᠡᠬᠦ ᠤᠬᠠᠭ᠋ᠠᠨᠲᠠᠨ᠂ ᠢᠨᠵᠧᠨᠧᠷᠢᠩ᠎ᠤᠨ ᠮᠡᠷᠭᠡᠵᠢᠯ᠎ᠤᠨ ᠠᠵᠢᠯᠲᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠲᠠᠨ ᠪᠤᠶᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠯ᠂ ᠨᠡᠭᠡᠭᠡᠯᠲᠡ᠂ ᠬᠠᠮᠢᠶᠠᠷᠤᠯᠲᠠ ᠵᠡᠷᠭᠡ ᠵᠣᠬᠢᠶᠠᠨ ᠪᠠᠶ᠋ᠢᠭᠤᠯᠤᠯᠲᠠ ᠵᠢ ᠵᠢᠭ᠋ᠠᠵᠤ ᠪᠤᠶ᠃
ᠳᠥᠴᠢᠨ ᠵᠢᠷᠭᠤᠳᠤᠭ᠋ᠠᠷ ᠵᠦᠢ᠍ᠯ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠵᠢᠨ ᠱᠠᠩᠨᠠᠯ᠎ᠢ ᠰᠣᠩᠭᠣᠭᠴᠢ ᠵᠢᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠂ ᠨᠡᠶ᠋ᠢᠭᠡᠮ᠎ᠤᠨ ᠬᠥᠭᠵᠢᠯᠲᠡ ᠵᠡᠷᠭᠡ ᠲᠠᠯ᠎ᠠ᠎ᠳᠤ ᠦᠵᠡᠭᠦᠯᠦᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠵᠢᠨ ᠬᠤᠪᠢ ᠨᠡᠮᠡᠷᠢ᠎ᠪᠠᠷ ᠶᠡᠷᠦᠩᠬᠡᠶ᠋ᠢᠯᠡᠨ ᠦᠨᠡᠯᠡᠨ ᠲᠣᠭᠲᠠᠭ᠋ᠠᠨ᠎ᠠ᠃
(ᠨᠢᠭᠡ) ᠰᠣᠩᠭᠣᠭᠤᠯᠢ᠎ᠳᠤ ᠣᠷᠣᠯᠴᠠᠭᠴᠢ ᠬᠢᠭᠡᠳ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠠᠷᠠᠳ ᠢᠷᠭᠡᠨ ᠪᠤᠶᠤ ᠵᠣᠬᠢᠶᠠᠨ ᠪᠠᠶ᠋ᠢᠭᠤᠯᠤᠯᠲᠠ ᠬᠠᠮᠲᠤᠷᠠᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠮᠡᠷᠭᠡᠵᠢᠯ᠎ᠤᠨ ᠨᠡᠭᠡᠭᠡᠯᠲᠡ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠣᠯᠵᠤ᠂ ᠬᠡᠷᠡᠭᠯᠡᠭᠡᠨ ᠵᠶ᠋ᠠᠷ ᠳᠠᠮᠵᠢᠭ᠋ᠠᠳ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ ᠪᠠ ᠮᠡᠷᠭᠡᠵᠢᠯ᠎ᠤᠨ ᠳᠡᠰ ᠳᠡᠪᠰᠢᠬᠦ᠎ᠳᠤ ᠴᠢᠬᠤᠯᠠ ᠲᠦᠯᠬᠢᠨ ᠠᠬᠢᠭᠤᠯᠬᠤ ᠦᠢ᠍ᠯᠡᠳᠦᠯ᠎ᠲᠠᠢ ᠪᠠᠶ᠋ᠢᠵᠤ᠂ ᠢᠯᠡᠳᠲᠡ ᠠᠵᠤ ᠠᠬᠤᠶ ᠵᠢᠨ ᠦᠷ᠎ᠡ ᠠᠰᠢᠭ ᠪᠤᠶᠤ ᠨᠡᠶ᠋ᠢᠭᠡᠮ᠎ᠤᠨ ᠦᠷ᠎ᠡ ᠠᠰᠢᠭᠲᠠᠢ ᠪᠠᠶ᠋ᠢᠬᠤ᠃
(ᠬᠣᠶᠠᠷ) ᠵᠢᠱ᠌ᠢᠭᠳᠡᠭᠰᠡᠳ᠎ᠠᠴᠠ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠠᠷᠠᠳ ᠢᠷᠭᠡᠨ ᠪᠤᠶᠤ ᠵᠣᠬᠢᠶᠠᠨ ᠪᠠᠶ᠋ᠢᠭᠤᠯᠤᠯᠲᠠ᠎ᠳᠤ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ ᠤᠯᠠᠮᠵᠢᠯᠠᠨ ᠵᠢᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠂ ᠥᠪᠡᠷᠲᠡᠭᠡᠨ ᠵᠠᠰᠠᠬᠤ ᠣᠷᠣᠨ ᠬᠢᠭᠡᠳ ᠭᠠᠳᠠᠭ᠋ᠠᠳᠤ ᠵᠢᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠎ᠠ ᠬᠢᠭᠡᠳ ᠬᠣᠷᠰᠢᠯᠴᠠᠭ᠎ᠠ ᠵᠢ ᠠᠬᠢᠭᠤᠯᠬᠤ ᠵᠡᠷᠭᠡ ᠲᠠᠯ᠎ᠠ᠎ᠪᠠᠷ ᠬᠤᠪᠢ ᠨᠡᠮᠡᠷᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ ᠪᠤᠶᠤ ᠬᠣᠯᠪᠣᠭᠳᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠪᠠ᠃
ᠳᠥᠴᠢᠨ ᠳᠣᠯᠣᠳᠤᠭ᠋ᠠᠷ ᠵᠦᠶᠯ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠷᠰᠢᠯᠴᠠᠭ᠎ᠠ ᠵᠢᠨ ᠱᠠᠩᠨᠠᠯ᠎ᠢ ᠲᠠᠰ ᠬᠤᠪᠢᠶᠠᠬᠤ ᠥᠬᠡᠶ᠂ ᠬᠣᠶᠠᠷ ᠵᠢᠯ ᠪᠦᠷᠢ 1 ᠤᠳᠠᠭ᠎ᠠ ᠰᠢᠯᠭ᠋ᠠᠷᠠᠭᠤᠯᠤᠨ ᠲᠣᠭᠲᠠᠭ᠋ᠠᠵᠤ᠂ ᠤᠳᠠᠭ᠎ᠠ ᠪᠦᠷᠢ ᠵᠢᠨ ᠱᠠᠩᠨᠠᠯ ᠣᠯᠭᠣᠬᠤ ᠲᠣᠭ᠎ᠠ ᠬᠡᠮᠵᠢᠶ᠎ᠡ ᠵᠢ 10᠎ᠠᠴᠠ ᠬᠡᠲᠦᠷᠡᠭᠦᠯᠵᠦ ᠪᠣᠯᠬᠤ ᠥᠬᠡᠶ᠃
ᠳᠥᠴᠢᠨ ᠨᠠᠢ᠍ᠮᠠᠳᠤᠭ᠋ᠠᠷ ᠵᠦᠢ᠍ᠯ ᠵᠢᠱ᠌ᠢᠭᠳᠡᠭᠰᠡᠳ (ᠵᠣᠬᠢᠶᠠᠨ ᠪᠠᠶ᠋ᠢᠭᠤᠯᠤᠯᠲᠠ)᠎ᠤᠨ ᠦᠷ᠎ᠡ ᠪᠦᠲᠦᠭᠡᠯ ᠪᠠ ᠬᠤᠪᠢ ᠨᠡᠮᠡᠷᠢ᠎ᠨᠢ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ ᠣᠯᠭᠣᠬᠤ ᠨᠥᠬᠥᠴᠡᠯ᠎ᠳᠤ ᠬᠦᠷᠬᠦ ᠦᠭᠡᠢ ᠪᠠᠶ᠋ᠢᠪᠠᠯ᠂ ᠬᠢᠨᠠᠨ ᠲᠣᠭᠲᠠᠭ᠋ᠠᠬᠤ ᠣᠨ᠎ᠤ ᠬᠣᠭᠣᠰᠣᠨ ᠣᠷᠣ ᠪᠠᠶ᠋ᠢᠵᠤ ᠪᠣᠯᠤᠨ᠎ᠠ᠃
ᠭᠤᠷᠪᠠᠳᠤᠭ᠋ᠠᠷ ᠪᠦᠯᠦᠭ ᠨᠡᠷ᠎ᠡ ᠳᠤᠷᠠᠳᠬᠤ ᠪᠠ ᠬᠦᠯᠢᠶᠡᠨ ᠠᠪᠴᠤ ᠰᠢᠢ᠍ᠳᠪᠦᠷᠢᠯᠡᠬᠦ
ᠳᠥᠴᠢ ᠶᠢᠰᠦᠳᠦᠭᠡᠷ ᠵᠦᠢ᠍ᠯ 《ᠱᠠᠩᠨᠠᠬᠤ ᠠᠷᠭ᠎ᠠ》 ᠵᠢᠨ ᠠᠷᠪᠠᠨ ᠲᠠᠪᠤᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠲᠤ ᠵᠢᠭᠰᠠᠭ᠋ᠠᠭᠰᠠᠨ ᠨᠡᠷ᠎ᠡ ᠳᠤᠷᠠᠳᠤᠭᠰᠠᠳᠢ ᠲᠤᠰ ᠬᠥᠮᠦᠨ᠎ᠤ ᠰᠠᠶ᠋ᠢᠨ ᠮᠡᠳᠡᠬᠦ ᠰᠢᠨᠵᠢᠯᠡᠭᠡᠨ᠎ᠤ ᠬᠦᠷᠢᠶᠡᠨ᠎ᠤ ᠬᠡᠪᠴᠢᠶᠡᠨ ᠳᠣᠲᠣᠷ᠎ᠠ ᠨᠡᠷ᠎ᠡ ᠳᠤᠷᠠᠳᠴᠤ᠂ ᠬᠥᠮᠦᠨ ᠪᠦᠷᠢ ᠤᠳᠠᠭ᠎ᠠ ᠪᠦᠷᠢ 1 ᠬᠥᠮᠦᠨ (ᠵᠤᠷᠪᠤᠰ) ᠨᠡᠷ᠎ᠡ ᠳᠤᠷᠠᠳᠬᠤ ᠬᠡᠷᠡᠭᠲᠡᠶ᠃ ᠨᠡᠷ᠎ᠡ ᠳᠤᠷᠠᠳᠤᠭᠰᠠᠳ᠎ᠨᠢ ᠣᠨ᠎ᠤ ᠨᠡᠷ᠎ᠡ ᠳᠤᠷᠠᠳᠤᠭᠳᠠᠭᠰᠠᠨ ᠲᠥᠷᠥᠯ ᠵᠦᠶᠯ᠎ᠤᠨ ᠪᠡᠶᠡᠯᠡᠭᠦᠯᠦᠭᠴᠢ ᠪᠣᠯᠵᠣ ᠪᠣᠯᠬᠤ ᠥᠬᠡᠶ᠂ ᠣᠨ᠎ᠤ ᠬᠢᠨᠠᠨ ᠲᠣᠭᠲᠠᠭ᠋ᠠᠬᠤ ᠪᠣᠶ ᠪᠥᠬᠥᠶ ᠠᠵᠢᠯᠯᠠᠭ᠎ᠠ᠎ᠳᠤ ᠣᠷᠣᠯᠴᠠᠵᠤ ᠪᠣᠯᠬᠤ ᠥᠬᠡᠶ᠃
ᠲᠠᠪᠢᠳᠤᠭ᠋ᠠᠷ ᠵᠦᠢ᠍ᠯ 《ᠱᠠᠩᠨᠠᠬᠤ ᠠᠷᠭ᠎ᠠ》 ᠵᠢᠨ ᠠᠷᠪᠠᠨ ᠲᠠᠪᠤᠳᠤᠭ᠋ᠠᠷ ᠵᠦᠢ᠍ᠯ᠎ᠤᠨ ᠬᠣᠶᠠᠳᠤᠭ᠋ᠠᠷ᠂ ᠭᠤᠷᠪᠠᠳᠤᠭ᠋ᠠᠷ ᠵᠤᠷᠪᠤᠰ᠎ᠲᠠᠬᠢ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠣᠯᠤᠨ ᠰᠠᠯᠠᠭ᠎ᠠ ᠮᠥᠴᠢᠷ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠶ᠋ᠢᠮᠠᠭ (ᠬᠣᠲᠠ)᠎ᠤᠨ ᠨᠠᠮ᠎ᠤᠨ ᠬᠣᠷᠢᠶ᠎ᠠ᠂ ᠵᠠᠬᠢᠷᠭ᠎ᠠ (ᠠᠷᠠᠳ᠎ᠤᠨ ᠵᠠᠰᠠᠭ᠎ᠤᠨ ᠣᠷᠳᠣᠨ)᠂ ᠮᠠᠨ᠎ᠤ ᠣᠷᠣᠨ᠎ᠳᠤ ᠰᠠᠭᠤᠭ᠎ᠠ ᠲᠥᠪ᠎ᠤᠨ ᠬᠣᠯᠪᠣᠭᠳᠠᠯ ᠪᠦᠬᠦᠢ ᠨᠢᠭᠡᠴᠡ ᠵᠢ ᠵᠢᠭ᠋ᠠᠵᠤ ᠪᠤᠶ; ᠳᠡᠭᠡᠳᠦ ᠰᠤᠷᠭ᠋ᠠᠭᠤᠯᠢ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠵᠢᠩᠬᠢᠨᠢ ᠠᠩᠭᠢ ᠵᠢᠨ ᠳᠡᠭᠡᠳᠦ ᠰᠤᠷᠭ᠋ᠠᠭᠤᠯᠢ ᠵᠢ ᠵᠢᠭ᠋ᠠᠵᠤ ᠪᠣᠶ; ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠠᠵᠤ ᠠᠬᠤᠶ᠋ᠢᠯᠠᠯ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠠᠵᠤ ᠠᠬᠤᠶ᠋ᠢᠯᠠᠯ᠎ᠢ ᠵᠢᠭ᠋ᠠᠵᠤ ᠪᠤᠶ; ᠨᠡᠶ᠋ᠢᠭᠡᠮᠯᠢᠭ᠂ ᠨᠡᠶ᠋ᠢᠭᠡᠮᠯᠢᠭ ᠭᠡᠳᠡᠭ᠎ᠨᠢ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠱᠠᠩᠨᠠᠯ ᠪᠠᠶ᠋ᠢᠭᠤᠯᠤᠭᠰᠠᠨ ᠪᠤᠶᠤ ᠳᠠᠭ᠋ᠠᠭ᠋ᠠᠨ ᠡᠷᠭᠢᠯᠡᠭᠰᠡᠨ ᠪᠠᠶ᠋ᠢᠭᠤᠯᠤᠮᠵᠢ ᠵᠢ ᠪᠠᠶ᠋ᠢᠭᠤᠯᠬᠤ ᠮᠥᠷᠲᠡᠭᠡᠨ ᠨᠢᠭᠡᠨᠲᠡ ᠬᠣᠶᠠᠷ ᠦᠶᠡᠯᠡᠯ᠎ᠠᠴᠠ ᠳᠡᠭᠡᠭᠰᠢᠬᠢ ᠱᠠᠩᠨᠠᠯ᠎ᠤᠨ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠨᠡᠶ᠋ᠢᠭᠡᠮᠯᠢᠭ᠂ ᠨᠡᠶ᠋ᠢᠭᠡᠮᠯᠢᠭ ᠵᠡᠷᠭᠡ ᠪᠠᠶ᠋ᠢᠭᠤᠯᠤᠮᠵᠢ ᠵᠢ ᠵᠢᠭ᠋ᠠᠵᠤ ᠪᠣᠶ᠃
ᠲᠠᠪᠢᠨ ᠨᠢᠭᠡᠳᠦᠭᠡᠷ ᠵᠦᠢ᠍ᠯ 《ᠱᠠᠩᠨᠠᠬᠤ ᠠᠷᠭ᠎ᠠ》 ᠵᠢᠨ ᠠᠷᠪᠠᠨ ᠲᠠᠪᠤᠳᠤᠭ᠋ᠠᠷ ᠵᠦᠢ᠍ᠯ᠎ᠤᠨ ᠬᠣᠶᠠᠳᠤᠭ᠋ᠠᠷ᠂ ᠭᠤᠷᠪᠠᠳᠤᠭ᠋ᠠᠷ ᠵᠤᠷᠪᠤᠰ᠎ᠲᠤ ᠵᠢᠭᠰᠠᠭ᠋ᠠᠭᠰᠠᠨ ᠨᠡᠷ᠎ᠡ ᠳᠤᠷᠠᠳᠬᠤ ᠪᠠᠶ᠋ᠢᠭᠤᠯᠤᠮᠵᠢ ᠪᠣᠯᠤᠨ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠵᠢᠨ ᠬᠡᠪᠴᠢᠶᠡᠨ ᠳᠣᠲᠣᠷ᠎ᠠ ᠨᠡᠷ᠎ᠡ ᠳᠤᠷᠠᠳᠬᠤ ᠬᠡᠷᠡᠭᠲᠡᠶ᠃ ᠨᠡᠷ᠎ᠡ ᠳᠤᠷᠠᠳᠬᠤ᠎ᠠᠴᠠ ᠡᠮᠦᠨ᠎ᠡ ᠭᠤᠷᠪᠠ᠎ᠠᠴᠠ ᠳᠡᠭᠡᠭᠰᠢ ᠠᠵᠢᠯ ᠨᠢᠭᠡᠲᠡᠨ᠎ᠤ ᠲᠤᠰᠬᠠᠶ ᠮᠡᠷᠭᠡᠵᠢᠯᠲᠡᠨ᠎ᠤ ᠰᠠᠨᠠᠯ᠎ᠢ ᠬᠤᠷᠢᠶᠠᠵᠤ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ ᠰᠢᠯᠢᠳᠡᠭ᠎ᠢ᠎ᠨᠢ ᠰᠣᠩᠭᠣᠵᠤ ᠨᠡᠷ᠎ᠡ ᠳᠤᠷᠠᠳᠬᠤ ᠬᠡᠷᠡᠭᠲᠡᠶ᠃ ᠪᠣᠳᠠᠲᠠᠢ ᠠᠵᠢᠯ᠎ᠢ ᠬᠠᠷᠢᠶ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠳᠠᠭ᠋ᠠᠭ᠋ᠠᠨ ᠬᠢᠨ᠎ᠡ᠃
ᠲᠠᠪᠢᠨ ᠬᠣᠶᠠᠳᠤᠭ᠋ᠠᠷ ᠵᠦᠢ᠍ᠯ ᠠᠳᠠᠯᠢ ᠨᠢᠭᠡ ᠬᠥᠮᠦᠨ ᠠᠳᠠᠯᠢ ᠨᠢᠭᠡ ᠵᠢᠯ᠎ᠳᠤ ᠱᠠᠩᠨᠠᠯ ᠵᠶ᠋ᠠᠷ ᠨᠡᠷ᠎ᠡ ᠳᠤᠷᠠᠳᠤᠭᠳᠠᠭᠰᠠᠨ ᠵᠢᠱ᠌ᠢᠭᠳᠡᠭᠴᠢ ᠪᠠ ᠵᠢᠱ᠌ᠢᠭᠳᠡᠭᠰᠡᠨ ᠲᠥᠷᠥᠯ ᠵᠦᠢ᠍ᠯ᠎ᠤᠨ ᠭᠣᠣᠯ ᠪᠡᠶᠡᠯᠡᠭᠦᠯᠦᠭᠴᠢ ᠪᠣᠯᠵᠤ ᠪᠣᠯᠤᠨ᠎ᠠ᠃ ᠠᠳᠠᠯᠢ ᠨᠢᠭᠡᠨ ᠮᠡᠷᠭᠡᠵᠢᠯ᠎ᠤᠨ ᠠᠭᠤᠯᠭ᠎ᠠ ᠵᠢᠨ ᠲᠥᠷᠥᠯ ᠵᠦᠶᠯ᠎ᠨᠢ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ ᠪᠤᠶᠤ ᠪᠤᠰᠤᠳ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠦᠷ᠎ᠡ ᠪᠦᠲᠦᠭᠡᠯ ᠵᠶ᠋ᠠᠷ ᠨᠡᠷ᠎ᠡ ᠳᠤᠷᠠᠳᠤᠭᠳᠠᠭᠰᠠᠨ ᠪᠤᠶᠤ ᠲᠤᠰ ᠵᠢᠯ᠎ᠳᠤ ᠨᠡᠷ᠎ᠡ ᠳᠤᠷᠠᠳᠤᠭᠳᠠᠭᠰᠠᠨ ᠪᠣᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ ᠵᠶ᠋ᠠᠷ ᠨᠡᠷ᠎ᠡ ᠳᠤᠷᠠᠳᠴᠤ ᠪᠣᠯᠬᠤ ᠦᠭᠡᠶ᠃ ᠲᠠᠪᠢᠨ ᠭᠤᠷᠪᠠᠳᠤᠭ᠋ᠠᠷ ᠵᠦᠢ᠍ᠯ 《ᠱᠠᠩᠨᠠᠬᠤ ᠠᠷᠭ᠎ᠠ》 ᠵᠢᠨ ᠠᠷᠪᠠᠨ ᠲᠠᠪᠤᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠶᠣᠰᠣᠭ᠋ᠠᠷ ᠨᠡᠷ᠎ᠡ ᠳᠤᠷᠠᠳᠬᠤ᠎ᠳᠤ᠂ ᠨᠡᠷ᠎ᠡ ᠳᠤᠷᠠᠳᠤᠭᠳᠠᠭᠰᠠᠨ ᠬᠥᠮᠦᠨ ᠪᠤᠶᠤ ᠨᠡᠷ᠎ᠡ ᠳᠤᠷᠠᠳᠤᠭᠳᠠᠭᠰᠠᠨ ᠲᠥᠷᠥᠯ ᠵᠦᠢ᠍ᠯ᠎ᠤᠨ ᠨᠢᠭᠡᠳᠦᠭᠡᠷ ᠪᠡᠶᠡᠯᠡᠭᠦᠯᠦᠭᠰᠡᠨ ᠬᠥᠮᠦᠨ᠎ᠤ ᠪᠠᠶ᠋ᠢᠭ᠎ᠠ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠡ᠎ᠨᠢ ᠨᠡᠷ᠎ᠡ ᠳᠤᠷᠠᠳᠤᠭᠰᠠᠨ ᠰᠠᠨᠠᠯ᠎ᠢ ᠬᠦᠨᠳᠦᠳᠬᠡᠵᠦ᠂ ᠬᠢᠨᠠᠨ ᠪᠠᠶ᠋ᠢᠴᠠᠭ᠋ᠠᠬᠤ ᠠᠵᠢᠯ᠎ᠢ ᠬᠠᠪᠰᠤᠷᠤᠨ ᠰᠠᠶ᠋ᠢᠲᠤᠷ ᠬᠢᠬᠦ ᠬᠡᠷᠡᠭᠲᠡᠶ᠃ ᠲᠠᠪᠢᠨ ᠳᠥᠷᠪᠡᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠣᠯᠪᠣᠭᠳᠠᠯ ᠪᠦᠬᠦᠢ ᠬᠤᠪᠢ ᠬᠥᠮᠦᠨ᠂ ᠵᠣᠬᠢᠶᠠᠨ ᠪᠠᠶ᠋ᠢᠭᠤᠯᠤᠯᠲᠠ ᠨᠡᠷ᠎ᠡ ᠳᠤᠷᠠᠳᠤᠭᠳᠠᠵᠤ ᠪᠣᠯᠬᠤ ᠦᠭᠡᠢ᠄
(ᠨᠢᠭᠡ) ᠤᠯᠤᠰ ᠣᠷᠣᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ;
(ᠬᠣᠶᠠᠷ) ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠦᠨᠳᠦ ᠨᠣᠴᠢᠲᠠᠢ ᠬᠣᠬᠢᠷᠠᠭᠤᠯᠵᠤ᠂ ᠬᠥᠮᠦᠨ᠎ᠤ ᠪᠡᠶ᠎ᠡ ᠵᠢᠨ ᠡᠷᠡᠭᠦᠯ ᠮᠡᠡᠳᠦ᠎ᠳᠤ ᠬᠣᠣᠷ ᠬᠥᠨᠥᠭᠡᠯ ᠤᠴᠠᠷᠠᠭᠤᠯᠵᠤ᠂ ᠶᠣᠰᠣ ᠰᠤᠷᠲᠠᠬᠤᠨ ᠶᠣᠰᠣ ᠮᠣᠷᠠᠯ᠎ᠢ ᠵᠥᠷᠢᠴᠡᠭᠰᠡᠨ;
(ᠭᠤᠷᠪᠠ) ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠡᠷᠭᠡ ᠲᠠᠯ᠎ᠠ᠎ᠪᠠᠷ ᠮᠠᠷᠭᠤᠯᠳᠤᠭ᠋ᠠᠨ᠎ᠲᠠᠢ ᠪᠠᠶ᠋ᠢᠵᠤ ᠬᠠᠷᠠᠬᠠᠨ ᠰᠢᠢ᠍ᠳᠪᠦᠷᠢᠯᠡᠭᠡᠳᠦᠢ ᠪᠠᠶ᠋ᠢᠬᠤ;
(ᠲᠤᠢ᠍ᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠡᠷᠬᠡᠪᠰᠢ ᠬᠣᠯᠪᠣᠭᠳᠠᠯ ᠪᠦᠬᠦᠢ ᠵᠥᠪᠰᠢᠶᠡᠷᠡᠯ᠎ᠤᠨ ᠦᠨᠡᠮᠯᠡᠯ ᠤᠯᠬᠤ ᠬᠡᠷᠡᠭᠲᠡᠢ ᠪᠥᠭᠡᠳ ᠬᠥᠮᠦᠨ᠎ᠤ ᠪᠡᠶ᠎ᠡ ᠪᠠ ᠨᠡᠶ᠋ᠢᠭᠡᠮ᠎ᠤᠨ ᠠᠮᠤᠷ ᠲᠦᠪᠰᠢᠨ᠂ ᠤᠯᠡᠠ ᠨᠡᠶ᠋ᠢᠲᠡ ᠵᠢᠨ ᠠᠰᠢᠭ ᠲᠤᠰᠠ᠎ᠳᠤ ᠰᠢᠭᠤᠳ ᠬᠣᠯᠪᠣᠭᠳᠠᠬᠤ ᠵᠦᠢ᠍ᠯᠡᠰ᠂ ᠵᠢᠱ᠌ᠢᠶᠡᠯᠡᠪᠡᠯ ᠠᠮᠢᠳᠡᠠ ᠤᠷᠭᠤᠮᠠᠯ᠎ᠤᠨ ᠰᠢᠨ᠎ᠡ ᠲᠤᠢ᠍ᠷᠦᠯ ᠵᠦᠢ᠍ᠯ᠂ ᠢᠳᠡᠭᠡᠨ᠎ᠤ ᠵᠦᠢ᠍ᠯ᠂ ᠡᠮ᠎ᠤᠨ ᠵᠦᠢ᠍ᠯ᠂ ᠭᠧᠨ᠎ᠤ ᠢᠨᠵᠧᠨᠧᠷᠢᠩ᠎ᠤᠨ ᠮᠡᠷᠭᠡᠵᠢᠯ ᠪᠠ ᠦᠢ᠍ᠯᠡᠳᠬᠦᠨ ᠵᠡᠷᠭᠡ᠎ᠨᠢ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠪᠠᠶ᠋ᠢᠭᠤᠯᠭ᠎ᠠ ᠵᠢᠨ ᠵᠥᠪᠰᠢᠶᠡᠷᠡᠯ᠎ᠢ ᠣᠯᠤᠭᠰᠠᠨ ᠤᠢ᠍ᠭᠡᠢ ᠭᠡᠵᠦ ᠲᠣᠭᠲᠠᠭ᠋ᠠᠭᠰᠠᠨ;
(ᠲᠠᠪᠤ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠦᠷ᠎ᠡ ᠪᠦᠲᠦᠭᠡᠯ ᠵᠶ᠋ᠠᠨ ᠳᠠᠩᠰᠠᠯᠠᠭᠤᠯᠤᠭᠰᠠᠨ ᠦᠭᠡᠢ;
(ᠵᠢᠷᠭᠤᠭ᠎ᠠ) ᠵᠥᠪᠬᠡᠨ ᠵᠣᠬᠢᠶᠠᠨ ᠪᠠᠶ᠋ᠢᠭᠤᠯᠵᠤ ᠬᠠᠮᠢᠶᠠᠷᠬᠤ ᠪᠠ ᠲᠤᠰᠠᠯᠠᠬᠤ ᠦᠢ᠍ᠯᠡᠴᠢᠯᠡᠭᠡ ᠬᠢᠬᠦ ᠠᠵᠢᠯᠳᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ᠎ᠳᠤ ᠰᠢᠭᠤᠳ ᠣᠷᠣᠯᠴᠠᠭᠰᠠᠨ ᠦᠭᠡᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯᠳᠠᠨ;
(ᠲᠤᠯᠤᠭ᠎ᠠ) ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠤᠶᠤ ᠪᠤᠰᠤᠳ ᠬᠣᠯᠪᠣᠭᠳᠠᠯ ᠪᠦᠬᠦᠢ ᠲᠣᠭᠲᠠᠭ᠋ᠠᠯ᠎ᠳᠤ ᠣᠷᠣᠯᠴᠠᠬᠤ ᠵᠢ ᠴᠠᠭ᠋ᠠᠵᠠᠯᠠᠭᠰᠠᠨ᠃
ᠲᠠᠪᠢᠨ ᠲᠠᠪᠤᠳᠤᠭ᠋ᠠᠷ ᠵᠦᠶᠯ 《ᠱᠠᠩᠨᠠᠬᠤ ᠠᠷᠭ᠎ᠠ》 ᠵᠢᠨ ᠠᠷᠪᠠᠨ ᠲᠠᠪᠤᠳᠤᠭ᠋ᠠᠷ ᠵᠦᠶᠯ᠎ᠳᠠᠬᠢ ᠨᠢᠭᠡᠳᠦᠭᠡᠷ ᠵᠤᠷᠪᠤᠰ᠎ᠤᠨ ᠶᠣᠰᠣᠭ᠋ᠠᠷ ᠨᠡᠷ᠎ᠡ ᠳᠤᠷᠠᠳᠤᠭᠰᠠᠨ᠎ᠢ ᠪᠣᠯ ᠨᠡᠷ᠎ᠡ ᠳᠤᠷᠠᠳᠤᠭᠳᠠᠭᠰᠠᠳ᠎ᠤᠨ ᠪᠠᠶ᠋ᠢᠭ᠎ᠠ ᠨᠢᠭᠡᠴᠡ᠎ᠳᠤᠨᠢ ᠨᠡᠶ᠋ᠢᠲᠡᠯᠡᠬᠦ ᠬᠡᠷᠡᠭᠲᠡᠶ; ᠬᠣᠶᠠᠳᠤᠭ᠋ᠠᠷ ᠵᠤᠷᠪᠤᠰ ᠪᠠ ᠭᠤᠷᠪᠠᠳᠤᠭ᠋ᠠᠷ ᠵᠤᠷᠪᠤᠰ᠎ᠤᠨ ᠶᠣᠰᠣᠭ᠋ᠠᠷ ᠨᠡᠷ᠎ᠡ ᠳᠤᠷᠠᠳᠤᠭᠰᠠᠨ ᠪᠠᠶ᠋ᠢᠪᠠᠯ ᠨᠡᠷ᠎ᠡ ᠳᠤᠷᠠᠳᠤᠭᠰᠠᠳ ᠪᠠ ᠨᠡᠷ᠎ᠡ ᠳᠤᠷᠠᠳᠤᠭᠳᠠᠭᠰᠠᠳ᠎ᠤᠨ ᠪᠠᠶ᠋ᠢᠭ᠎ᠠ ᠨᠢᠭᠡᠴᠡ᠎ᠨᠢ ᠲᠣᠰ ᠲᠣᠰ ᠢᠯᠡ ᠨᠡᠶ᠋ᠢᠲᠡᠯᠡᠨ᠎ᠡ᠂ ᠨᠡᠷ᠎ᠡ ᠳᠤᠷᠠᠳᠤᠭᠰᠠᠨ ᠨᠢᠭᠡᠴᠡ ᠬᠢᠭᠡᠳ ᠪᠡᠶᠡᠯᠡᠭᠦᠯᠦᠭᠰᠡᠨ ᠨᠢᠭᠡᠴᠡ᠎ᠨᠢ ᠠᠳᠠᠯᠢ ᠨᠢᠭᠡᠨ ᠨᠢᠭᠡᠴᠡ ᠪᠣᠯᠬᠤ ᠦᠶᠡᠰ᠂ ᠨᠡᠶ᠋ᠢᠯᠡᠭᠦᠯᠦᠨ ᠢᠯᠡ ᠨᠡᠶ᠋ᠢᠲᠡᠯᠡᠵᠦ ᠪᠣᠯᠤᠨ᠎ᠠ᠂ ᠢᠯᠡ ᠨᠡᠶ᠋ᠢᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ᠃
ᠲᠠᠪᠢᠨ ᠵᠢᠷᠭᠤᠳᠤᠭ᠋ᠠᠷ ᠵᠦᠢ᠍ᠯ ᠨᠡᠷ᠎ᠡ ᠳᠤᠷᠠᠳᠤᠭᠰᠠᠳ ᠨᠡᠷ᠎ᠡ ᠳᠤᠷᠠᠳᠬᠤ ᠮᠠᠲ᠋ᠧᠷᠢᠶᠠᠯ᠎ᠳᠠᠭᠠᠨ ᠨᠡᠷ᠎ᠡ ᠳᠤᠷᠠᠳᠬᠤ ᠤᠴᠢᠷ ᠰᠢᠯᠲᠠᠭ᠋ᠠᠨ᠂ ᠱᠠᠩᠨᠠᠯ᠎ᠤᠨ ᠵᠦᠢ᠍ᠯ ᠵᠢᠴᠢ ᠲᠡᠭᠦᠨ᠎ᠤ ᠵᠡᠷᠭᠡ ᠳᠡᠰ᠎ᠤᠨ ᠰᠠᠨᠠᠭᠤᠯᠭ᠎ᠠ ᠵᠢ ᠲᠣᠳᠣᠷᠬᠠᠶ᠋ᠢᠯᠠᠬᠤ ᠬᠡᠷᠡᠭᠲᠡᠢ ᠪᠥᠭᠡᠳ ᠬᠣᠯᠪᠣᠭᠳᠠᠯ ᠪᠦᠬᠦᠢ ᠨᠡᠷ᠎ᠡ ᠳᠤᠷᠠᠳᠬᠤ ᠮᠠᠲ᠋ᠧᠷᠢᠶᠠᠯ᠎ᠳᠤ ᠠᠩᠬᠠᠨ᠎ᠤ ᠬᠢᠨᠠᠯᠲᠠ ᠬᠢᠵᠦ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ᠎ᠢ ᠮᠠᠭ᠋ᠠᠳᠯᠠᠨ᠂ ᠲᠣᠭᠲᠠᠭ᠋ᠠᠯ ᠶᠣᠰᠣᠭ᠋ᠠᠷ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠵᠦᠢ ᠪᠤᠰᠤ ᠠᠰᠢᠭ ᠲᠤᠰᠠ ᠣᠯᠵᠤ ᠪᠣᠯᠬᠤ ᠦᠭᠡᠢ᠃
ᠲᠠᠪᠢᠨ ᠳᠣᠯᠣᠳᠤᠭ᠋ᠠᠷ ᠵᠦᠢ᠍ᠯ ᠨᠡᠷ᠎ᠡ ᠳᠤᠷᠠᠳᠤᠭᠰᠠᠳ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 ᠪᠣᠯᠤᠨ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ》 ᠵᠡᠷᠭᠡ ᠬᠠᠮᠢᠶ᠎ᠠ ᠪᠦᠬᠦᠢ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠶ᠃
ᠲᠠᠪᠢᠨ ᠨᠠᠶᠮᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠨᠡᠷ᠎ᠡ ᠳᠤᠷᠠᠳᠬᠤ᠎ᠳᠤ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ᠂ ᠨᠢᠭᠡᠳᠦᠯᠲᠡᠶ ᠬᠦᠯᠢᠶᠡᠨ ᠠᠪᠴᠤ ᠰᠢᠶᠳᠪᠦᠷᠢᠯᠡᠬᠦ ᠵᠢᠨ ᠬᠠᠮᠲᠤ ᠬᠡᠯᠪᠡᠷᠢ ᠵᠢᠨ ᠬᠢᠨᠠᠨ ᠪᠠᠶ᠋ᠢᠴᠠᠭ᠋ᠠᠯᠲᠠ ᠬᠢᠬᠦ ᠵᠢ ᠬᠡᠷᠡᠭᠵᠢᠭᠦᠯᠦᠨ᠎ᠡ᠃ ᠬᠡᠯᠪᠡᠷᠢ ᠵᠢᠨ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠵᠢᠱ᠌ᠢᠭᠳᠡᠭᠰᠡᠳ᠎ᠢ ᠵᠠᠷᠯᠠᠨ ᠨᠡᠶ᠋ᠢᠲᠡᠯᠡᠨ᠎ᠡ᠃ ᠵᠠᠷᠯᠠᠨ ᠨᠡᠶ᠋ᠢᠲᠡᠯᠡᠬᠦ ᠠᠭᠤᠯᠭ᠎ᠠ᠎ᠳᠤ᠄ ᠵᠢᠱ᠌ᠢᠭᠳᠡᠭᠰᠡᠳ᠂ ᠵᠢᠱ᠌ᠢᠭᠳᠡᠭᠰᠡᠨ ᠵᠦᠢ᠍ᠯᠡᠰ᠎ᠤᠨ ᠨᠡᠷᠡᠶ᠋ᠢᠳᠦᠯ᠂ ᠨᠡᠷ᠎ᠡ ᠳᠤᠷᠠᠳᠤᠭᠰᠠᠨ ᠱᠠᠩᠨᠠᠯ᠎ᠤᠨ ᠵᠦᠢ᠍ᠯ᠂ ᠭᠣᠣᠯ ᠪᠡᠶᠡᠯᠡᠭᠦᠯᠦᠭᠴᠢ᠂ ᠭᠣᠣᠯ ᠪᠡᠶᠡᠯᠡᠭᠦᠯᠦᠭᠰᠡᠨ ᠨᠢᠭᠡᠴᠢ ᠪᠠ ᠨᠡᠷ᠎ᠡ ᠳᠤᠷᠠᠳᠤᠭᠴᠢ ᠵᠡᠷᠭᠡ ᠵᠦᠢ᠍ᠯᠡᠰ᠎ᠢ ᠪᠠᠭᠲᠠᠭ᠋ᠠᠬᠤ ᠬᠡᠷᠡᠭᠲᠡᠢ᠃ ᠨᠡᠶ᠋ᠢᠲᠡ᠎ᠳᠤ ᠵᠠᠷᠯᠠᠭ᠋ᠠᠳ ᠤᠨᠳᠤᠤ ᠰᠠᠨᠠᠯ ᠥᠬᠡᠶ ᠪᠤᠶᠤ ᠤᠨᠳᠤᠤ ᠰᠠᠨᠠᠯ᠎ᠢ ᠳᠠᠬᠢᠨ ᠬᠢᠨᠠᠭᠰᠠᠨ᠎ᠨᠢ ᠦᠨᠡᠨ ᠪᠣᠳᠠᠲᠠᠶ ᠪᠢᠰᠢ ᠪᠠᠶ᠋ᠢᠪᠠᠯ᠂ ᠵᠣᠬᠢᠬᠤ ᠰᠢᠨᠵᠢᠯᠡᠭᠡᠨ (ᠲᠤᠰᠬᠠᠶ ᠮᠡᠷᠭᠡᠵᠢᠯ)᠎ᠤ ᠬᠢᠨᠠᠨ ᠲᠣᠭᠲᠠᠭ᠋ᠠᠬᠤ ᠳᠤᠭᠤᠶ᠋ᠢᠯᠠᠩ᠎ᠠᠴᠠ ᠬᠢᠨᠠᠨ ᠲᠣᠭᠲᠠᠭ᠋ᠠᠨ᠎ᠠ᠃
ᠳᠥᠷᠪᠡᠳᠦᠭᠡᠷ ᠪᠦᠯᠦᠭ ᠵᠣᠬᠢᠶᠠᠨ ᠪᠠᠶ᠋ᠢᠭᠤᠯᠤᠯᠲᠠ ᠬᠢᠭᠡᠳ ᠡᠭᠦᠷᠭᠡ ᠬᠠᠷᠢᠭᠤᠴᠠᠯᠭ᠎ᠠ
ᠲᠠᠪᠢ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠺᠣᠮᠢᠰ (ᠳᠣᠷᠣᠭᠰᠢ 《ᠱᠠᠩᠨᠠᠬᠤ ᠺᠣᠮᠢᠰ》 ᠭᠡᠵᠦ ᠲᠣᠪᠴᠢᠯᠠᠨ ᠨᠡᠷᠡᠯᠡᠨ᠎ᠡ)᠎ᠢ ᠬᠣᠯᠪᠣᠭᠳᠠᠯ ᠪᠦᠬᠦᠢ ᠬᠦᠷᠢᠶᠡᠨ᠎ᠤ 2125 ᠲᠤᠰᠬᠠᠶ ᠮᠡᠷᠭᠡᠵᠢᠯᠲᠡᠨ᠂ ᠡᠷᠳᠡᠮᠲᠡᠨ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠥᠯᠥᠭᠡᠯᠡᠭᠴᠢ᠎ᠪᠠᠷ ᠪᠦᠷᠢᠯᠳᠦᠭᠦᠯᠵᠦ᠂ 1 ᠡᠷᠬᠢᠯᠡᠭᠴᠢ ᠭᠡᠰᠢᠭᠦᠨ᠂ 3 ᠳᠠᠳ ᠡᠷᠬᠢᠯᠡᠭᠴᠢ ᠭᠡᠰᠢᠭᠦᠨ᠂ 1 ᠨᠠᠷᠢᠨ ᠪᠢᠴᠢᠭ᠎ᠤᠨ ᠳᠠᠷᠤᠭ᠎ᠠ ᠲᠣᠬᠢᠷᠠᠭᠤᠯᠵᠤ᠂ ᠬᠤᠭᠤᠴᠠᠭ᠎ᠠ ᠪᠦᠷᠢ ᠵᠢᠨ ᠲᠤᠰᠢᠶᠠᠯ᠎ᠤᠨ ᠬᠤᠭᠤᠴᠠᠭ᠎ᠠ᠎ᠨᠢ ᠲᠠᠪᠤᠨ ᠵᠢᠯ ᠪᠣᠯᠤᠨ᠎ᠠ᠃ ᠡᠷᠬᠢᠯᠡᠭᠴᠢ ᠭᠡᠰᠢᠭᠦᠨ᠎ᠤ ᠲᠤᠰᠢᠶᠠᠯ᠎ᠢ ᠡᠩ᠎ᠤᠨ ᠪᠠᠶ᠋ᠢᠳᠠᠯ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠡᠭᠦᠷᠭᠡᠯᠡᠵᠦ᠂ ᠨᠠᠷᠢᠨ ᠪᠢᠴᠢᠭ᠎ᠤᠨ ᠳᠠᠷᠤᠭ᠎ᠠ ᠵᠢᠨ ᠲᠤᠰᠢᠶᠠᠯ᠎ᠢ ᠡᠩ᠎ᠤᠨ ᠪᠠᠶ᠋ᠢᠳᠠᠯ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠨᠥᠬᠥᠳ ᠡᠭᠦᠷᠭᠡᠯᠡᠨ᠎ᠡ᠃ ᠺᠣᠮᠢᠰ᠎ᠤᠨ ᠵᠢᠱ᠌ᠢᠭᠳᠡᠭᠰᠡᠳ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠨ᠎ᠡ᠃
ᠵᠢᠷᠠᠳᠤᠭ᠋ᠠᠷ ᠵᠦᠢ᠍ᠯ ᠱᠠᠩᠨᠠᠬᠤ ᠺᠣᠮᠢᠰ᠎ᠤᠨ ᠭᠣᠣᠯ ᠡᠭᠦᠷᠭᠡ ᠬᠠᠷᠢᠭᠤᠴᠠᠯᠭ᠎ᠠ ᠪᠣᠯ᠄
(ᠨᠢᠭᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠨ᠎ᠠ;
(ᠬᠣᠶᠠᠷ) ᠬᠣᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠵᠶ᠋ᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠡᠯ᠎ᠡ ᠵᠦᠢ᠍ᠯ᠎ᠤᠨ ᠱᠠᠩᠨᠠᠯ ᠰᠢᠯᠭ᠋ᠠᠷᠠᠭᠤᠯᠬᠤ ᠺᠣᠮᠢᠰ (ᠳᠣᠷᠣᠭᠰᠢ ᠰᠢᠯᠭ᠋ᠠᠷᠠᠭᠤᠯᠬᠤ ᠺᠣᠮᠢᠰ ᠭᠡᠵᠦ ᠲᠣᠪᠴᠢᠯᠠᠨ᠎ᠠ) ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠳᠤ ᠬᠢᠨᠠᠯᠲᠠ ᠲᠠᠯᠪᠢᠬᠤ ᠺᠣᠮᠢᠰ (ᠳᠣᠷᠣᠭᠰᠢ ᠬᠢᠨᠠᠯᠲᠠ ᠲᠠᠯᠪᠢᠬᠤ ᠺᠣᠮᠢᠰ ᠭᠡᠵᠦ ᠲᠣᠪᠴᠢᠯᠠᠨ᠎ᠠ)᠎ᠢ ᠪᠠᠶ᠋ᠢᠭᠤᠯᠤᠨ᠎ᠠ;
(ᠭᠤᠷᠪᠠ) ᠬᠢᠨᠠᠨ ᠲᠣᠭᠲᠠᠭ᠋ᠠᠬᠤ ᠺᠣᠮᠢᠰ᠎ᠤᠨ ᠰᠠᠨᠠᠭᠤᠯᠭ᠎ᠠ ᠪᠠ ᠬᠢᠨᠠᠯᠲᠠ ᠲᠠᠯᠪᠢᠬᠤ ᠺᠣᠮᠢᠰ᠎ᠤᠨ ᠮᠡᠳᠡᠭᠦᠯᠦᠯᠲᠡ ᠵᠢ ᠦᠨᠳᠦᠰᠦᠯᠡᠨ ᠱᠠᠩᠨᠠᠯ ᠣᠯᠤᠭᠰᠠᠳ ᠪᠠ ᠱᠠᠩᠨᠠᠯ ᠬᠥᠬᠢᠭᠦᠯᠦᠯ᠎ᠤᠨ ᠲᠡᠰ᠎ᠤᠨ ᠲᠤᠬᠠᠢ ᠰᠢᠢ᠍ᠳᠪᠦᠷᠢ ᠭᠠᠷᠭ᠋ᠠᠨ᠎ᠠ; (ᠳᠥᠷᠪᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠶᠳᠪᠦᠷᠢᠯᠡᠨ᠎ᠡ᠃
ᠵᠢᠷᠠᠨ ᠨᠢᠭᠡᠳᠦᠭᠡᠷ ᠵᠦᠢ᠍ᠯ ᠱᠠᠩᠨᠠᠬᠤ ᠺᠣᠮᠢᠰ᠎ᠨᠢ ᠳᠣᠣᠷ᠎ᠠ᠎ᠪᠠᠨ ᠠᠯᠪᠠᠨ ᠭᠡᠷ ᠭᠠᠷᠭ᠋ᠠᠵᠤ᠂ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠬᠤᠪᠢᠷᠠᠭᠤᠯᠬᠤ ᠭᠠᠵᠠᠷ᠎ᠲᠤ ᠭᠠᠷᠭ᠋ᠠᠵᠤ᠂ ᠡᠳᠦᠷ ᠲᠤᠲᠤᠮ᠎ᠤᠨ ᠠᠵᠢᠯ᠎ᠢ ᠬᠠᠷᠢᠭᠤᠴᠠᠭᠤᠯᠵᠤ᠂ ᠡᠷᠬᠢᠯᠡᠭᠴᠢ ᠵᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠠᠵᠢᠯ᠎ᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠲᠠᠨ ᠨᠥᠬᠥᠳ ᠬᠠᠪᠰᠤᠷᠭ᠋ᠠᠨ ᠬᠠᠷᠢᠭᠤᠴᠠᠨ᠎ᠠ᠃
ᠵᠢᠷᠠᠨ ᠬᠣᠶᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠨᠢ 11 ᠬᠥᠮᠦᠨ᠎ᠠᠴᠠ ᠳᠤᠲᠠᠭᠤ ᠦᠭᠡᠢ ᠬᠣᠯᠪᠣᠭᠳᠠᠯ ᠪᠦᠬᠦᠢ ᠬᠦᠷᠢᠶᠡᠨ᠎ᠤ ᠲᠤᠰᠬᠠᠢ ᠮᠡᠷᠭᠡᠵᠢᠯᠲᠡᠨ᠂ ᠡᠷᠳᠡᠮᠲᠡᠨ ᠵᠶ᠋ᠠᠷ ᠪᠦᠷᠢᠯᠳᠦᠵᠦ᠂ ᠡᠷᠬᠢᠯᠡᠭᠴᠢ 1 ᠬᠥᠮᠦᠨ᠂ ᠳᠡᠳ᠋ ᠡᠷᠬᠢᠯᠡᠭᠴᠢ 2 ᠬᠥᠮᠦᠨ ᠭᠠᠷᠭ᠋ᠠᠵᠤ᠂ ᠡᠷᠬᠢᠯᠡᠭᠴᠢ ᠵᠢ ᠡᠩ᠎ᠤᠨ ᠪᠠᠶ᠋ᠢᠳᠠᠯ᠎ᠳᠤ ᠱᠠᠩᠨᠠᠯ᠎ᠤᠨ ᠺᠣᠮᠢᠰ᠎ᠤᠨ ᠨᠠᠷᠢᠨ ᠪᠢᠴᠢᠭ᠎ᠤᠨ ᠳᠠᠷᠤᠭ᠎ᠠ ᠬᠠᠪᠰᠤᠷᠭ᠋ᠠᠨ ᠬᠠᠷᠢᠭᠤᠴᠠᠨ᠎ᠠ᠃ ᠺᠣᠮᠢᠰ᠎ᠤᠨ ᠵᠢᠱ᠌ᠢᠭᠳᠡᠭᠰᠡᠳ᠎ᠢ ᠱᠠᠩᠨᠠᠬᠤ ᠠᠯᠪᠠᠨ ᠭᠡᠷ᠎ᠠᠴᠠ ᠳᠤᠷᠠᠳᠴᠤ᠂ ᠱᠠᠩᠨᠠᠬᠤ ᠺᠣᠮᠢᠰ᠎ᠤᠨ ᠡᠷᠬᠢᠯᠡᠭᠴᠢ᠎ᠳᠤ ᠮᠡᠳᠡᠭᠦᠯᠦᠨ ᠵᠥᠪᠰᠢᠶᠡᠷᠡᠭᠦᠯᠦᠨ᠎ᠡ᠃
ᠵᠢᠷᠠᠨ ᠭᠤᠷᠪᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠤᠨ ᠭᠣᠣᠯ ᠲᠤᠰᠢᠶᠠᠯ ᠬᠠᠷᠢᠭᠤᠴᠠᠯᠭ᠎ᠠ ᠪᠣᠯ᠄
(ᠨᠢᠭᠡ) ᠬᠢᠴᠢᠶᠡᠯ ᠲᠥᠷᠥᠯ ᠪᠣᠯᠤᠨ ᠲᠤᠰᠬᠠᠶ ᠮᠡᠷᠭᠡᠵᠢᠯ᠎ᠤᠨ ᠬᠦᠷᠢᠶ᠎ᠡ ᠶᠣᠰᠣᠭ᠋ᠠᠷ ᠬᠢᠨᠠᠨ ᠲᠣᠭᠲᠠᠭ᠋ᠠᠬᠤ ᠳᠤᠭᠤᠶ᠋ᠢᠯᠠᠩ ᠪᠠᠶ᠋ᠢᠭᠤᠯᠵᠤ ᠠᠩᠬᠠᠨ᠎ᠤ ᠦᠨᠡᠯᠡᠯᠲᠡ ᠬᠢᠬᠦ ᠵᠢ ᠬᠠᠷᠢᠭᠤᠴᠠᠨ᠎ᠠ᠃ ᠠᠩᠬ᠎ᠠ ᠰᠢᠯᠭ᠋ᠠᠷᠠᠭᠤᠯᠬᠤ ᠰᠠᠨᠠᠭᠤᠯᠭ᠎ᠠ᠎ᠳᠤ ᠬᠢᠨᠠᠨ ᠲᠣᠭᠲᠠᠭ᠋ᠠᠯᠲᠠ ᠬᠢᠵᠦ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠢ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ᠎ᠠᠴᠠ ᠰᠣᠩᠭᠣᠨ ᠭᠠᠷᠭ᠋ᠠᠵᠤ᠂ ᠬᠢᠨᠠᠨ ᠲᠣᠭᠲᠠᠭ᠋ᠠᠬᠤ ᠺᠣᠮᠢᠰ᠎ᠤᠨ ᠡᠷᠬᠢᠯᠡᠭᠴᠢ᠎ᠳᠤ ᠮᠡᠳᠡᠭᠦᠯᠦᠨ ᠵᠥᠪᠰᠢᠶᠡᠷᠡᠭᠦᠯᠦᠨ᠎ᠡ;
(ᠬᠣᠶᠠᠷ) ᠱᠠᠩᠨᠠᠯ᠎ᠤᠨ ᠺᠣᠮᠢᠰ᠎ᠲᠤ ᠬᠢᠨᠠᠨ ᠲᠣᠭᠲᠠᠭ᠋ᠠᠭᠰᠠᠨ ᠪᠠᠶ᠋ᠢᠳᠠᠯ ᠵᠶ᠋ᠠᠨ ᠮᠡᠳᠡᠭᠦᠯᠦᠨ᠎ᠡ;
(ᠭᠤᠷᠪᠠ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠵᠢᠯ᠎ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ;
(ᠳᠥᠷᠪᠡ) ᠱᠠᠩᠨᠠᠬᠤ ᠺᠣᠮᠢᠰ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠵᠦᠢ᠍ᠯ᠎ᠤᠳ᠎ᠢ ᠡᠷᠬᠢᠯᠡᠨ ᠭᠦᠢ᠍ᠴᠡᠳᠬᠡᠨ᠎ᠡ᠃
ᠵᠢᠷᠠᠨ ᠳᠥᠷᠪᠡᠳᠦᠭᠡᠷ ᠵᠦᠢ᠍ᠯ ᠬᠢᠨᠠᠯᠲᠠ ᠲᠠᠯᠪᠢᠬᠤ ᠵᠥᠪᠯᠡᠯ᠎ᠨᠢ 7 ᠬᠥᠮᠦᠨ᠎ᠠᠴᠠ ᠳᠤᠲᠠᠭᠤ ᠦᠭᠡᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠬᠠᠤᠯᠢ ᠴᠠᠭ᠋ᠠᠵᠠ᠂ ᠲᠦᠷᠦ ᠵᠢᠨ ᠪᠤᠳᠤᠯᠭ᠎ᠠ ᠵᠢᠨ ᠰᠤᠳᠤᠯᠭ᠋ᠠᠨ ᠵᠡᠷᠭᠡ ᠬᠦᠷᠢᠶᠡᠨ᠎ᠳᠠᠬᠢ ᠲᠤᠰᠬᠠᠢ ᠮᠡᠷᠭᠡᠵᠢᠯᠲᠡᠨ᠂ ᠡᠷᠳᠡᠮᠲᠡᠨ ᠵᠶ᠋ᠠᠷ ᠪᠦᠷᠢᠯᠳᠦᠨ᠎ᠡ᠃ ᠡᠷᠬᠢᠯᠡᠭᠴᠢ ᠵᠢ ᠶᠡᠷᠦ᠎ᠳᠡᠭᠡᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠬᠢᠭᠡᠳ ᠬᠢᠨᠠᠯᠲᠠ ᠲᠠᠯᠪᠢᠬᠤ ᠭᠠᠵᠠᠷ᠎ᠤᠨ ᠬᠠᠷᠢᠭᠤᠴᠠᠯᠭ᠋ᠠᠲᠠᠨ ᠵᠶ᠋ᠠᠷ ᠡᠭᠦᠷᠭᠡᠯᠡᠭᠦᠯᠦᠨ᠎ᠡ᠃ ᠵᠢᠱ᠌ᠢᠭᠳᠡᠭᠴᠢ ᠵᠢ ᠱᠠᠩᠨᠠᠬᠤ ᠺᠣᠮᠢᠰ᠎ᠤᠨ ᠠᠯᠪᠠᠨ ᠭᠡᠷ᠎ᠠᠴᠠ ᠳᠤᠷᠠᠳᠴᠤ᠂ ᠱᠠᠩᠨᠠᠬᠤ ᠺᠣᠮᠢᠰ᠎ᠤᠨ ᠡᠷᠬᠢᠯᠡᠭᠴᠢ᠎ᠳᠤ ᠮᠡᠳᠡᠭᠦᠯᠦᠨ ᠵᠥᠪᠰᠢᠶᠡᠷᠡᠭᠦᠯᠦᠨ᠎ᠡ᠃
ᠵᠢᠷᠠᠨ ᠲᠠᠪᠤᠳᠤᠭ᠋ᠠᠷ ᠵᠦᠢ᠍ᠯ ᠬᠢᠨᠠᠯᠲᠠ ᠲᠠᠯᠪᠢᠬᠤ ᠵᠥᠪᠯᠡᠯ᠎ᠤᠨ ᠭᠣᠣᠯ ᠲᠤᠰᠢᠶᠠᠯ ᠬᠠᠷᠢᠭᠤᠴᠠᠯᠭ᠎ᠠ ᠪᠣᠯ᠄
(ᠨᠢᠭᠡ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠨᠡᠷ᠎ᠡ ᠳᠤᠷᠠᠳᠬᠤ᠂ ᠬᠢᠨᠠᠨ ᠲᠣᠭᠲᠠᠭ᠋ᠠᠬᠤ ᠠᠵᠢᠯ᠎ᠳᠤ ᠬᠢᠨᠠᠯᠲᠠ ᠲᠠᠯᠪᠢᠨ᠎ᠠ;
(ᠬᠣᠶᠠᠷ) ᠱᠠᠩᠨᠠᠯ᠎ᠤᠨ ᠺᠣᠮᠢᠰ᠎ᠲᠤ ᠬᠢᠨᠠᠯᠲᠠ ᠲᠠᠯᠪᠢᠭᠰᠠᠨ ᠠᠵᠢᠯ᠎ᠤᠨ ᠪᠠᠶ᠋ᠢᠳᠠᠯ ᠵᠶ᠋ᠠᠨ ᠮᠡᠳᠡᠭᠦᠯᠦᠨ᠎ᠡ;
(ᠭᠤᠷᠪᠠ) ᠱᠠᠩᠨᠠᠨ ᠬᠥᠬᠢᠭᠦᠯᠬᠦ ᠺᠣᠮᠢᠰ᠎ᠤᠨ ᠲᠤᠰᠢᠶᠠᠭᠰᠠᠨ ᠪᠤᠰᠤᠳ ᠶᠠᠪᠤᠳᠠᠯ᠎ᠤᠳ᠎ᠢ ᠳᠠᠭ᠋ᠠᠭ᠋ᠠᠵᠤ ᠭᠦᠢ᠍ᠴᠡᠳᠬᠡᠨ᠎ᠡ᠃
ᠲᠠᠪᠤᠳᠤᠭ᠋ᠠᠷ ᠪᠦᠯᠦᠭ ᠬᠢᠨᠠᠨ ᠲᠣᠭᠲᠠᠭ᠋ᠠᠬᠤ ᠪᠠ ᠣᠯᠭᠣᠬᠤ᠃ ᠵᠢᠷᠠᠨ ᠵᠢᠷᠭᠤᠳᠤᠭ᠋ᠠᠷ ᠵᠦᠶᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠣᠨ᠎ᠤ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠢ ᠬᠢᠨᠠᠨ ᠲᠣᠭᠲᠠᠭ᠋ᠠᠬᠤ ᠠᠵᠢᠯ᠎ᠢ ᠡᠬᠢᠯᠡᠭᠦᠯᠬᠦ᠎ᠠᠴᠠ 60 ᠡᠳᠦᠷ᠎ᠤᠨ ᠡᠮᠦᠨ᠎ᠡ᠂ ᠲᠣᠰ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ᠎ᠪᠠᠷ ᠳᠠᠮᠵᠢᠭᠤᠯᠤᠨ ᠨᠡᠶ᠋ᠢᠭᠡᠮ ᠨᠡᠶ᠋ᠢᠲᠡ᠎ᠳᠤ ᠨᠡᠷ᠎ᠡ ᠳᠤᠷᠠᠳᠤᠭᠰᠠᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠴᠠᠭ᠂ ᠠᠷᠭ᠎ᠠ ᠮᠠᠶᠢᠭ ᠵᠡᠷᠭᠡ ᠵᠦᠶᠯᠡᠰ᠎ᠢ ᠵᠠᠷᠯᠠᠬᠤ ᠵᠢᠨ ᠬᠠᠮᠲᠤ᠂ ᠠᠰᠠᠭᠤᠨ ᠯᠠᠪᠯᠠᠬᠤ ᠳ᠋ᠢᠶᠠᠩᠬᠤᠸᠠ ᠲᠣᠬᠢᠷᠠᠭᠤᠯᠵᠤ᠂ ᠠᠰᠠᠭᠤᠨ ᠯᠠᠪᠯᠠᠬᠤ ᠦᠶᠯᠡᠴᠢᠯᠡᠭᠡ ᠬᠠᠩᠭ᠋ᠠᠨ᠎ᠠ᠃
ᠵᠢᠷᠠᠨ ᠳᠣᠯᠣᠳᠤᠭ᠋ᠠᠷ ᠵᠦᠶᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠭᠠᠳᠠᠷ ᠮᠤᠵᠢ᠎ᠯᠤᠭ᠎ᠠ ᠵᠥᠪᠳᠡᠯᠴᠡᠨ ᠬᠠᠮᠲᠤ᠎ᠳᠤ᠎ᠪᠠᠨ ᠭᠥᠷᠳᠡᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠬᠤ ᠬᠡᠷᠡᠭᠲᠡᠶ᠃ ᠬᠥᠮᠥᠷᠭᠡ ᠵᠢᠨ ᠳᠣᠲᠣᠷᠠᠬᠢ ᠲᠤᠰᠬᠠᠶ ᠮᠡᠷᠭᠡᠵᠢᠯᠲᠡᠨ᠎ᠤ ᠬᠢᠷᠢ ᠬᠡᠮ᠂ ᠲᠤᠰᠬᠠᠶ ᠮᠡᠷᠭᠡᠵᠢᠯ᠂ ᠦᠨᠡᠨᠴᠢ ᠢᠲᠡᠭᠡᠮᠵᠢ ᠵᠢᠨ ᠲᠡᠮᠳᠡᠭᠯᠡᠯ ᠵᠡᠷᠭᠡ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ ᠪᠦᠯᠦᠭ ᠬᠤᠪᠢᠶᠠᠨ ᠬᠢᠨᠠᠨ ᠬᠠᠷᠭᠤᠭᠤᠯᠬᠤ ᠬᠡᠷᠡᠭᠲᠡᠶ᠃
ᠵᠢᠷᠠᠨ ᠨᠠᠢ᠍ᠮᠠᠳᠤᠭ᠋ᠠᠷ ᠵᠦᠢ᠍ᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠᠭ᠋ᠠᠢ ᠬᠤᠪᠢ ᠨᠡᠮᠡᠷᠢ ᠵᠢᠨ ᠱᠠᠩᠨᠠᠯ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠱᠠᠩᠨᠠᠯ᠂ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠱᠠᠩᠨᠠᠯ ᠪᠠ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ᠎ᠢ ᠬᠢᠨᠠᠨ ᠲᠣᠭᠲᠠᠭ᠋ᠠᠬᠤ᠎ᠳᠤ ᠬᠢᠨᠠᠨ ᠲᠣᠭᠲᠠᠭ᠋ᠠᠬᠤ ᠳᠤᠭᠤᠶ᠋ᠢᠯᠠᠩ᠎ᠤᠨ ᠠᠩᠬᠠᠨ᠎ᠤ ᠰᠢᠯᠭ᠋ᠠᠷᠠᠭᠤᠯᠤᠯᠲᠠ᠂ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠯᠲᠠ ᠪᠠ ᠱᠠᠩᠨᠠᠯ᠎ᠤᠨ ᠺᠣᠮᠢᠰ᠎ᠤᠨ ᠬᠢᠨᠠᠨ ᠲᠣᠭᠲᠠᠭ᠋ᠠᠯᠲᠠ ᠭᠡᠬᠦ ᠭᠤᠷᠪᠠᠨ ᠭᠣᠭᠴᠣᠭ᠎ᠠ ᠵᠢ ᠪᠠᠭᠲᠠᠭ᠋ᠠᠨ᠎ᠠ᠃
ᠵᠢᠷᠠ ᠶᠢᠰᠦᠳᠦᠭᠡᠷ ᠵᠦᠢ᠍ᠯ ᠬᠢᠨᠠᠨ ᠲᠣᠭᠲᠠᠭ᠋ᠠᠬᠤ ᠳᠤᠭᠤᠶ᠋ᠢᠯᠠᠩ᠎ᠤᠨ ᠠᠩᠬ᠎ᠠ ᠦᠨᠡᠯᠡᠯᠲᠡ᠃ ᠬᠢᠨᠠᠨ ᠲᠣᠭᠲᠠᠭ᠋ᠠᠬᠤ ᠳᠤᠭᠤᠶ᠋ᠢᠯᠠᠩ᠎ᠤᠨ ᠠᠩᠬᠠᠨ᠎ᠤ ᠦᠨᠡᠯᠡᠯᠲᠡ ᠵᠢ ᠴᠢᠮᠡᠭᠡ ᠬᠣᠯᠪᠣᠭ᠋ᠠᠨ᠎ᠤ ᠬᠢᠨᠠᠨ ᠲᠣᠭᠲᠠᠭ᠋ᠠᠬᠤ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠳᠤᠭᠤᠶ᠋ᠢᠯᠠᠩ ᠪᠦᠷᠢ ᠵᠢᠨ ᠬᠢᠨᠠᠨ ᠰᠢᠯᠭ᠋ᠠᠷᠠᠭᠤᠯᠬᠤ᠎ᠳᠤ ᠣᠷᠣᠯᠴᠠᠬᠤ ᠲᠤᠰᠬᠠᠶ ᠮᠡᠷᠭᠡᠵᠢᠯᠲᠡᠨ᠎ᠤ ᠲᠣᠭ᠎ᠠ ᠵᠢ 5 ᠬᠥᠮᠦᠨ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ᠂ ᠡᠩ᠎ᠤᠨ ᠪᠠᠶ᠋ᠢᠳᠠᠯ᠎ᠳᠤ ᠣᠷᠣᠨ᠎ᠤ ᠭᠠᠳᠠᠨᠠᠬᠢ ᠲᠤᠰᠬᠠᠶ ᠮᠡᠷᠭᠡᠵᠢᠯᠲᠡᠨ ᠪᠣᠯᠤᠨ᠎ᠠ᠃ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠠᠴᠠ ᠬᠡᠯᠪᠡᠷᠢ ᠵᠢᠨ ᠬᠢᠨᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠵᠢᠱ᠌ᠢᠭᠳᠡᠭᠴᠢ ᠪᠠ ᠵᠢᠱ᠌ᠢᠭᠳᠡᠭᠰᠡᠨ ᠲᠥᠷᠥᠯ ᠵᠦᠶᠯ᠎ᠳᠤ ᠬᠢᠨᠠᠨ ᠲᠣᠭᠲᠠᠭ᠋ᠠᠯᠲᠠ ᠬᠢᠵᠦ᠂ ᠡᠭᠦᠨ᠎ᠳᠤ ᠵᠢᠱ᠌ᠢᠭᠳᠡᠭᠰᠡᠨ ᠲᠥᠷᠥᠯ ᠵᠦᠶᠯ᠎ᠳᠤ ᠨᠡᠷ᠎ᠡ ᠳᠤᠷᠠᠳᠬᠤ ᠵᠡᠷᠭᠡ ᠳᠡᠰ᠎ᠤᠨ ᠰᠠᠨᠠᠭᠤᠯᠭ᠎ᠠ᠎ᠪᠠᠷ ᠯᠠᠪᠯᠠᠯᠲᠠ ᠪᠣᠯᠭ᠋ᠠᠵᠤ ᠪᠣᠯᠤᠨ᠎ᠠ᠃ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ ᠨᠡᠷ᠎ᠡ ᠲᠡᠮᠳᠡᠭᠯᠡᠬᠦ ᠬᠢᠵᠠᠭ᠋ᠠᠷᠲᠤ ᠲᠣᠭ᠎ᠠ᠎ᠪᠠᠷ ᠲᠠᠨᠢᠯᠴᠠᠭᠤᠯᠬᠤ ᠠᠷᠭ᠎ᠠ ᠮᠠᠶᠢᠭ ᠵᠶ᠋ᠠᠷ ᠵᠢᠱ᠌ᠢᠭᠳᠡᠭᠴᠢ᠂ ᠵᠢᠱ᠌ᠢᠭᠳᠡᠭᠴᠢ ᠵᠢᠨ ᠲᠥᠷᠥᠯ ᠵᠦᠶᠯ ᠵᠢᠴᠢ ᠱᠠᠩᠨᠠᠯ᠎ᠤᠨ ᠵᠡᠷᠭᠡ ᠳᠡᠰ᠎ᠤᠨ ᠰᠠᠨᠠᠭᠤᠯᠭ᠎ᠠ ᠵᠢᠨ ᠨᠡᠷᠡᠰ᠎ᠢ ᠳᠤᠷᠠᠳᠤᠨ᠎ᠠ᠃ ᠱᠠᠩᠨᠠᠯ᠎ᠤᠨ ᠺᠣᠮᠢᠰ᠎ᠤᠨ ᠠᠯᠪᠠᠨ ᠭᠡᠷ ᠡᠯ᠎ᠡ ᠵᠦᠶᠯ᠎ᠤᠨ ᠱᠠᠩᠨᠠᠯ᠎ᠤᠨ ᠵᠦᠶᠯ᠎ᠤᠨ ᠬᠢᠨᠠᠨ ᠲᠣᠭᠲᠠᠭ᠋ᠠᠬᠤ ᠳᠤᠭᠤᠶ᠋ᠢᠯᠠᠩ᠎ᠤᠨ ᠠᠩᠬ᠎ᠠ ᠬᠢᠨᠠᠭᠰᠠᠨ ᠪᠠᠶ᠋ᠢᠳᠠᠯ᠎ᠢ ᠦᠨᠳᠦᠰᠦᠯᠡᠨ ᠵᠢᠭᠰᠠᠭ᠋ᠠᠵᠤ᠂ ᠠᠩᠬ᠎ᠠ ᠬᠢᠨᠠᠭᠰᠠᠨ ᠰᠠᠨᠠᠯ᠎ᠢ ᠪᠣᠶ ᠪᠣᠯᠭ᠋ᠠᠵᠤ ᠬᠢᠨᠠᠨ ᠲᠣᠭᠲᠠᠭ᠋ᠠᠬᠤ ᠺᠣᠮᠢᠰ᠎ᠲᠤ ᠳᠡᠪᠰᠢᠭᠦᠯᠦᠨ ᠬᠢᠨᠠᠨ ᠲᠣᠭᠲᠠᠭ᠋ᠠᠯᠭ᠋ᠠᠨ᠎ᠠ᠃
ᠳᠠᠯᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ ᠬᠢᠨᠠᠨ ᠲᠣᠭᠲᠠᠭ᠋ᠠᠨ᠎ᠠ᠃ ᠦᠨᠡᠯᠡᠨ ᠬᠢᠨᠠᠬᠤ ᠺᠣᠮᠢᠰ᠎ᠢ ᠦᠨᠡᠯᠡᠨ ᠬᠢᠨᠠᠬᠤ᠎ᠳᠤ ᠲᠤᠬᠠᠶ ᠵᠢᠨ ᠲᠠᠯᠠᠪᠠᠶ ᠵᠢᠨ ᠬᠤᠷᠠᠯ᠎ᠤᠨ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠬᠤᠷᠠᠯ᠎ᠳᠤ ᠡᠷᠬᠡᠪᠰᠢ ᠭᠤᠷᠪᠠᠨ᠎ᠤ ᠬᠣᠶᠠᠷ᠎ᠠᠴᠠ ᠳᠡᠭᠡᠭᠰᠢᠬᠢ ᠭᠡᠰᠢᠭᠦᠳ ᠬᠤᠷᠠᠯ᠎ᠳᠤ ᠣᠷᠣᠯᠴᠠᠭᠰᠠᠨ ᠪᠠᠶ᠋ᠢᠬᠤ ᠬᠡᠷᠡᠭᠲᠡᠶ᠃ ᠬᠤᠷᠠᠯ᠎ᠳᠤ ᠣᠷᠣᠯᠴᠠᠭᠰᠠᠨ ᠭᠡᠰᠢᠭᠦᠳ ᠨᠡᠷ᠎ᠡ ᠳᠤᠷᠠᠳᠤᠭᠰᠠᠨ ᠮᠠᠲ᠋ᠧᠷᠢᠶᠠᠯ ᠵᠢᠴᠢ ᠠᠩᠬᠠᠨ᠎ᠤ ᠰᠢᠯᠭ᠋ᠠᠷᠠᠭᠤᠯᠤᠯᠲᠠ ᠵᠢᠨ ᠰᠠᠨᠠᠯ᠎ᠢ ᠬᠢᠨᠠᠨ ᠪᠠᠶ᠋ᠢᠴᠠᠭ᠋ᠠᠭᠰᠠᠨ ᠰᠠᠭᠤᠷᠢᠨ ᠳᠡᠭᠡᠷ᠎ᠡ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠡᠷᠭᠡ ᠣᠯᠠᠨ ᠵᠦᠶᠯ᠎ᠤᠨ ᠠᠷᠭ᠎ᠠ ᠬᠡᠯᠪᠡᠷᠢ ᠵᠢ ᠬᠡᠷᠡᠭᠯᠡᠨ ᠠᠩᠬ᠎ᠠ ᠰᠢᠯᠭ᠋ᠠᠷᠠᠭᠤᠯᠤᠯᠲᠠ ᠵᠢᠨ ᠰᠠᠨᠠᠯ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠᠭ᠋ᠠᠶ ᠬᠤᠪᠢ ᠨᠡᠮᠡᠷᠢ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠵᠠᠯᠠᠭᠤᠴᠤᠳ᠎ᠤᠨ ᠱᠠᠩᠨᠠᠯ᠎ᠤᠨ ᠵᠢᠱ᠌ᠢᠭᠳᠡᠭᠴᠢ ᠪᠣᠯᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ᠎ᠤᠨ ᠵᠢᠱ᠌ᠢᠭᠳᠡᠭᠴᠢ ᠵᠢᠨ ᠲᠥᠷᠥᠯ ᠵᠦᠶᠯ᠎ᠤᠨ ᠭᠤᠤᠯ ᠪᠡᠶᠡᠯᠡᠭᠦᠯᠦᠭᠴᠢ᠂ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ᠎ᠤᠨ ᠵᠢᠱ᠌ᠢᠭᠳᠡᠭᠴᠢ (ᠵᠣᠬᠢᠶᠠᠨ ᠪᠠᠶ᠋ᠢᠭᠤᠯᠤᠯᠲᠠ) ᠵᠢᠨ ᠲᠥᠯᠥᠭᠡᠯᠡᠭᠴᠢ ᠵᠢᠨ ᠬᠠᠷᠢᠭᠤ ᠮᠡᠳᠡᠭᠦᠯᠦᠯᠲᠡ ᠪᠠ ᠬᠠᠷᠢᠭᠤ ᠮᠠᠷᠭᠤᠯᠲᠠ ᠵᠢ ᠰᠣᠨᠣᠰᠪᠠ᠃
ᠬᠤᠷᠠᠯ᠎ᠳᠤ ᠣᠷᠣᠯᠴᠠᠭᠰᠠᠨ ᠭᠡᠰᠢᠭᠦᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠᠭ᠋ᠠᠶ ᠬᠤᠪᠢ ᠨᠡᠮᠡᠷᠢ ᠵᠢᠨ ᠱᠠᠩᠨᠠᠯ᠂ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠱᠠᠩᠨᠠᠯ ᠪᠠ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ᠎ᠤᠨ ᠠᠩᠬᠠᠨ᠎ᠤ ᠰᠢᠯᠭ᠋ᠠᠷᠠᠭᠤᠯᠤᠯᠲᠠ ᠵᠢᠨ ᠰᠠᠨᠠᠯ᠎ᠳᠤ ᠨᠡᠷ᠎ᠡ ᠲᠡᠮᠳᠡᠭᠯᠡᠬᠦ ᠬᠢᠵᠠᠭ᠋ᠠᠷ ᠲᠣᠭ᠎ᠠ ᠶᠣᠰᠣᠭ᠋ᠠᠷ ᠪᠢᠯᠧᠲ ᠥᠭᠴᠦ᠂ 80 %᠎ᠠᠴᠠ ᠳᠡᠭᠡᠭᠰᠢᠬᠢ ᠲᠠᠨᠢᠯᠴᠠᠭᠤᠯᠭ᠎ᠠ ᠵᠢᠨ ᠪᠢᠯᠧᠲ ᠣᠯᠤᠭᠰᠠᠨ᠎ᠨᠢ ᠱᠠᠩᠨᠠᠯ᠎ᠤᠨ ᠲᠥᠷᠥᠯ ᠵᠦᠶᠯ᠎ᠤᠨ ᠵᠢᠱ᠌ᠢᠭᠳᠡᠭᠴᠢ (ᠵᠣᠬᠢᠶᠠᠨ ᠪᠠᠶ᠋ᠢᠭᠤᠯᠤᠯᠲᠠ) ᠪᠣᠯᠪᠠ᠃
ᠬᠤᠷᠠᠯ᠎ᠳᠤ ᠣᠷᠣᠯᠴᠠᠭᠰᠠᠨ ᠭᠡᠰᠢᠭᠦᠳ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠤᠨ ᠠᠩᠬ᠎ᠠ ᠰᠢᠯᠭ᠋ᠠᠷᠠᠭᠤᠯᠤᠯᠲᠠ ᠵᠢᠨ ᠰᠠᠨᠠᠯ᠎ᠳᠤ ᠨᠢᠭᠡᠳᠦᠭᠡᠷ ᠳᠡᠰ᠎ᠤᠨ ᠱᠠᠩᠨᠠᠯ᠎ᠳᠤ ᠨᠡᠷ᠎ᠡ ᠲᠡᠮᠳᠡᠭᠯᠡᠬᠦ ᠬᠢᠵᠠᠭ᠋ᠠᠷᠲᠤ ᠲᠣᠭ᠋ᠠᠨ᠎ᠤ ᠫᠢᠶᠣᠣ ᠥᠭᠴᠦ᠂ 70 %᠎ᠠᠴᠠ ᠳᠡᠭᠡᠭᠰᠢᠬᠢ ᠲᠠᠨᠢᠯᠴᠠᠭᠤᠯᠭ᠎ᠠ ᠵᠢᠨ ᠫᠢᠶᠣᠣ ᠣᠯᠤᠭᠰᠠᠨ᠎ᠨᠢ ᠡᠯ᠎ᠡ ᠱᠠᠩᠨᠠᠯ᠎ᠤᠨ ᠵᠦᠢ᠍ᠯ᠎ᠤᠨ ᠨᠢᠭᠡᠳᠦᠭᠡᠷ ᠳᠡᠰ᠎ᠤᠨ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ ᠪᠣᠯᠤᠭᠰᠠᠨ ᠪᠠᠶ᠋ᠢᠨ᠎ᠠ; 70 % ᠵᠢᠨ ᠪᠠᠲᠤᠯᠠᠨ ᠲᠠᠨᠢᠯᠴᠠᠭᠤᠯᠬᠤ ᠪᠢᠯᠧᠲ ᠪᠣᠯᠤᠨ ᠬᠣᠶᠠᠳᠤᠭ᠋ᠠᠷ ᠳᠡᠰ᠎ᠤᠨ ᠱᠠᠩᠨᠠᠯ᠎ᠳᠤ ᠬᠦᠷᠦᠭᠰᠡᠨ ᠦᠭᠡᠶ᠎ᠳᠤᠨᠢ ᠪᠢᠯᠧᠲ ᠥᠭᠴᠦ᠂ 60 %᠎ᠠᠴᠠ ᠳᠡᠭᠡᠭᠰᠢᠬᠢ ᠪᠠᠲᠤᠯᠠᠨ ᠲᠠᠨᠢᠯᠴᠠᠭᠤᠯᠬᠤ ᠪᠢᠯᠧᠲ ᠣᠯᠤᠭᠰᠠᠨ᠎ᠢ᠎ᠨᠢ ᠬᠣᠶᠠᠳᠤᠭ᠋ᠠᠷ ᠳᠡᠰ᠎ᠤᠨ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ ᠪᠣᠯᠭ᠋ᠠᠨ᠎ᠠ᠃ ᠬᠢᠨᠠᠨ ᠲᠣᠭᠲᠠᠭ᠋ᠠᠬᠤ ᠺᠣᠮᠢᠰ᠎ᠤᠨ ᠡᠷᠬᠢᠯᠡᠭᠴᠢ᠂ ᠳᠡᠳ᠋ ᠡᠷᠬᠢᠯᠡᠭᠴᠢ ᠰᠤᠳᠤᠯᠬᠤ᠎ᠪᠠᠷ ᠳᠠᠮᠵᠢᠭ᠋ᠠᠳ᠂ ᠡᠯ᠎ᠡ ᠱᠠᠩᠨᠠᠯ᠎ᠤᠨ ᠲᠥᠷᠥᠯ ᠵᠦᠢ᠍ᠯ᠎ᠳᠠᠬᠢ ᠣᠨᠴᠣᠭᠣᠶ ᠲᠣᠪᠣᠶ᠋ᠢᠮ᠎ᠠ ᠨᠢᠭᠡᠳᠦᠭᠡᠷ ᠳᠡᠰ᠎ᠤᠨ ᠱᠠᠩᠨᠠᠯ᠎ᠤᠨ ᠵᠢᠱ᠌ᠢᠭᠳᠡᠭᠴᠢ ᠵᠢᠨ ᠲᠥᠷᠥᠯ ᠵᠦᠢ᠍ᠯ᠎ᠳᠤ ᠣᠨᠴᠠ ᠳᠡᠰ᠎ᠤᠨ ᠱᠠᠩᠨᠠᠯ᠎ᠤᠨ ᠰᠢᠯᠢᠨ ᠰᠣᠩᠭᠣᠬᠤ ᠰᠠᠨᠠᠭ᠋ᠠᠴᠢᠯᠭᠠ ᠳᠤᠷᠠᠳᠴᠤ᠂ ᠬᠤᠷᠠᠯ᠎ᠳᠤ ᠣᠷᠣᠯᠴᠠᠭᠰᠠᠨ ᠭᠡᠰᠢᠭᠦᠳ ᠬᠠᠮᠲᠤ᠎ᠪᠠᠷ ᠵᠥᠪᠯᠡᠨ ᠲᠣᠭᠲᠠᠭ᠋ᠠᠬᠤ ᠵᠢᠨ ᠬᠠᠮᠲᠤ ᠨᠡᠷ᠎ᠡ ᠲᠡᠮᠳᠡᠭᠯᠡᠬᠦ ᠬᠢᠵᠠᠭ᠋ᠠᠷ ᠲᠣᠭ᠎ᠠ᠎ᠪᠠᠷ ᠪᠢᠯᠧᠲ ᠥᠭᠴᠦ᠂ 80 %᠎ᠠᠴᠠ ᠳᠡᠭᠡᠭᠰᠢᠬᠢ ᠪᠠᠲᠤᠯᠠᠨ ᠲᠠᠨᠢᠯᠴᠠᠭᠤᠯᠬᠤ ᠪᠢᠯᠧᠲ ᠣᠯᠤᠭᠰᠠᠨ᠎ᠢ᠎ᠨᠢ ᠣᠨᠴᠠ ᠳᠡᠰ᠎ᠤᠨ ᠱᠠᠩᠨᠠᠯ᠎ᠤᠨ ᠵᠢᠱ᠌ᠢᠭᠳᠡᠭᠴᠢ ᠵᠢᠨ ᠲᠥᠷᠥᠯ ᠵᠦᠢ᠍ᠯ ᠪᠣᠯᠭ᠋ᠠᠨ᠎ᠠ᠃
ᠱᠠᠩᠨᠠᠬᠤ ᠺᠣᠮᠢᠰ᠎ᠤᠨ ᠠᠯᠪᠠᠨ ᠭᠡᠷ᠎ᠨᠢ ᠰᠢᠯᠭ᠋ᠠᠷᠠᠭᠤᠯᠬᠤ ᠺᠣᠮᠢᠰ᠎ᠤᠨ ᠪᠤᠶ ᠪᠣᠯᠭ᠋ᠠᠭᠰᠠᠨ ᠡᠯ᠎ᠡ ᠱᠠᠩᠨᠠᠯ᠎ᠤᠨ ᠵᠦᠢ᠍ᠯ᠎ᠤᠨ ᠵᠢᠱ᠌ᠢᠭᠳᠡᠭᠰᠡᠳ (ᠵᠣᠬᠢᠶᠠᠨ ᠪᠠᠶ᠋ᠢᠭᠤᠯᠤᠯᠲᠠ) ᠪᠣᠯᠤᠨ ᠡᠯ᠎ᠡ ᠲᠠᠰ᠎ᠤᠨ ᠵᠢᠱ᠌ᠢᠭᠳᠡᠬᠦ ᠲᠥᠷᠥᠯ ᠵᠦᠢ᠍ᠯ᠎ᠤᠨ ᠨᠡᠷᠡᠰ᠎ᠢ ᠱᠠᠩᠨᠠᠬᠤ ᠺᠣᠮᠢᠰ᠎ᠲᠤ ᠳᠡᠪᠰᠢᠭᠦᠯᠦᠨ ᠬᠢᠨᠠᠨ ᠲᠣᠭᠲᠠᠭ᠋ᠠᠯᠭ᠋ᠠᠨ᠎ᠠ᠃
ᠳᠠᠯᠠᠨ ᠨᠢᠭᠡᠳᠦᠭᠡᠷ ᠵᠦᠢ᠍ᠯ ᠱᠠᠩᠨᠠᠬᠤ ᠺᠣᠮᠢᠰ᠎ᠤᠨ ᠠᠯᠪᠠᠨ ᠭᠡᠷ᠎ᠨᠢ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠬᠤ ᠺᠣᠮᠢᠰ᠎ᠤᠨ ᠳᠤᠷᠠᠳᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠣᠭᠣᠶ ᠬᠤᠪᠢ ᠨᠡᠮᠡᠷᠢ ᠵᠢᠨ ᠱᠠᠩᠨᠠᠯ᠎ᠤᠨ ᠵᠢᠱ᠌ᠢᠭᠳᠡᠭᠰᠡᠳ᠂ ᠣᠨᠴᠠ ᠲᠠᠰ᠎ᠤᠨ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ᠎ᠳᠤ ᠪᠣᠳᠠᠲᠠᠶ ᠭᠠᠵᠠᠷ᠎ᠲᠤᠨᠢ ᠬᠢᠨᠠᠨ ᠪᠠᠶ᠋ᠢᠴᠠᠭ᠋ᠠᠯᠲᠠ ᠬᠢᠵᠦ᠂ ᠰᠠᠨᠠᠯ ᠪᠠ ᠰᠠᠨᠠᠭᠤᠯᠭ᠎ᠠ ᠭᠠᠷᠭ᠋ᠠᠨ᠂ ᠱᠠᠩᠨᠠᠬᠤ ᠺᠣᠮᠢᠰ᠎ᠲᠤ ᠳᠡᠪᠰᠢᠭᠦᠯᠬᠦ ᠬᠡᠷᠡᠭᠲᠡᠶ᠃
ᠳᠠᠯᠠᠨ ᠬᠣᠶᠠᠳᠤᠭ᠋ᠠᠷ ᠵᠦᠢ᠍ᠯ ᠱᠠᠩᠨᠠᠬᠤ ᠺᠣᠮᠢᠰ ᠬᠢᠨᠠᠨ ᠲᠣᠭᠲᠠᠭ᠋ᠠᠨ᠎ᠠ᠃ ᠱᠠᠩᠨᠠᠯ᠎ᠤᠨ ᠺᠣᠮᠢᠰ᠎ᠠᠴᠠ ᠬᠢᠨᠠᠨ ᠲᠣᠭᠲᠠᠭ᠋ᠠᠬᠤ᠎ᠳᠤ ᠲᠤᠬᠠᠶ ᠵᠢᠨ ᠲᠠᠯᠠᠪᠠᠶ ᠵᠢᠨ ᠬᠤᠷᠠᠯ᠎ᠤᠨ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠡᠯ᠎ᠡ ᠵᠦᠶᠯ᠎ᠤᠨ ᠰᠢᠯᠭ᠋ᠠᠷᠠᠭᠤᠯᠬᠤ ᠺᠣᠮᠢᠰ᠎ᠤᠨ ᠬᠢᠨᠠᠨ ᠲᠣᠭᠲᠠᠭ᠋ᠠᠭᠰᠠᠨ ᠪᠠᠶ᠋ᠢᠳᠠᠯ ᠪᠠ ᠱᠠᠩᠨᠠᠯ ᠣᠯᠭᠣᠬᠤ ᠰᠠᠨᠠᠭᠤᠯᠭ᠎ᠠ ᠵᠢᠨ ᠨᠡᠷᠡᠰ᠎ᠤᠨ ᠲᠤᠬᠠᠶ ᠮᠡᠳᠡᠭᠦᠯᠦᠯᠲᠡ ᠪᠠ ᠨᠡᠷ᠎ᠡ ᠳᠤᠷᠠᠳᠬᠤ᠂ ᠰᠢᠯᠭ᠋ᠠᠷᠠᠭᠤᠯᠬᠤ᠎ᠳᠤ ᠬᠢᠨᠠᠯᠲᠠ ᠲᠠᠯᠪᠢᠭᠰᠠᠨ ᠪᠠᠶ᠋ᠢᠳᠠᠯ᠎ᠤᠨ ᠲᠤᠬᠠᠶ ᠬᠢᠨᠠᠯᠲᠠ ᠲᠠᠯᠪᠢᠬᠤ ᠺᠣᠮᠢᠰ᠎ᠤᠨ ᠮᠡᠳᠡᠭᠦᠯᠦᠯᠲᠡ ᠵᠢ ᠰᠣᠨᠣᠰᠴᠤ᠂ ᠶᠡᠷᠦᠩᠬᠡᠶ᠋ᠢᠯᠡᠨ ᠦᠨᠡᠯᠡᠨ ᠶᠠᠷᠢᠯᠴᠠᠬᠤ ᠵᠢ ᠥᠷᠨᠢᠭᠦᠯᠦᠨ᠎ᠡ᠃ ᠪᠦᠬᠦ ᠭᠡᠰᠢᠭᠦᠳ ᠨᠡᠷ᠎ᠡ ᠲᠡᠮᠳᠡᠭᠯᠡᠬᠦ ᠠᠷᠭ᠎ᠠ ᠮᠠᠶᠢᠭ ᠵᠶ᠋ᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠᠭ᠋ᠠᠢ ᠬᠤᠪᠢ ᠨᠡᠮᠡᠷᠢ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠠᠯᠠᠭᠤ ᠱᠠᠩᠨᠠᠯ᠎ᠤᠨ ᠵᠢᠱ᠌ᠢᠭᠳᠡᠭᠰᠡᠳ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠱᠠᠩᠨᠠᠯ᠎ᠳᠤ ᠨᠡᠷ᠎ᠡ ᠲᠡᠮᠳᠡᠭᠯᠡᠬᠦ ᠠᠷᠭ᠎ᠠ ᠮᠠᠶᠢᠭ ᠵᠶ᠋ᠠᠷ ᠨᠡᠷ᠎ᠡ ᠲᠡᠮᠳᠡᠭᠯᠡᠬᠦ᠎ᠪᠠᠷ ᠵᠢᠱ᠌ᠢᠭᠳᠡᠭᠰᠡᠳ᠂ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ᠎ᠤᠨ ᠵᠢᠱ᠌ᠢᠭᠳᠡᠭᠰᠡᠳ (ᠵᠣᠬᠢᠶᠠᠨ ᠪᠠᠶ᠋ᠢᠭᠤᠯᠤᠯᠲᠠ) ᠨᠢᠭᠡᠳ ᠨᠢᠭᠡ᠎ᠪᠠᠷ ᠫᠢᠶᠣᠣ ᠥᠭᠴᠦ ᠪᠠᠲᠤᠯᠠᠪᠠ᠃
ᠱᠠᠩᠨᠠᠯ᠎ᠤᠨ ᠺᠣᠮᠢᠰ᠎ᠤᠨ ᠬᠤᠷᠠᠯᠳᠤᠭ᠋ᠠᠨ᠎ᠳᠤ ᠡᠷᠬᠡᠪᠰᠢ ᠭᠤᠷᠪᠠᠨ᠎ᠤ ᠬᠣᠶᠠᠷ᠎ᠠᠴᠠ ᠳᠡᠭᠡᠭᠰᠢᠬᠢ ᠭᠡᠰᠢᠭᠦᠳ ᠣᠷᠣᠯᠴᠠᠭᠰᠠᠨ ᠪᠠᠶ᠋ᠢᠬᠤ ᠬᠡᠷᠡᠭᠲᠡᠢ᠃ ᠬᠢᠨᠠᠨ ᠲᠣᠭᠲᠠᠭ᠋ᠠᠯᠲᠠ᠎ᠪᠠᠷ ᠳᠡᠮᠵᠢᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠᠭ᠋ᠠᠶ ᠬᠤᠪᠢ ᠨᠡᠮᠡᠷᠢ ᠵᠢᠨ ᠱᠠᠩᠨᠠᠯ᠂ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠱᠠᠩᠨᠠᠯ ᠪᠠ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ᠎ᠨᠢ ᠡᠷᠬᠡᠪᠰᠢ 90 %᠎ᠠᠴᠠ ᠳᠡᠭᠡᠭᠰᠢᠬᠢ ᠲᠠᠨᠢᠯᠴᠠᠭᠤᠯᠭ᠎ᠠ ᠵᠢᠨ ᠪᠢᠯᠧᠲ ᠣᠯᠵᠤ᠂ 90 %᠎ᠳᠤ ᠭᠦᠷᠦᠭᠰᠡᠨ ᠥᠬᠡᠶ ᠪᠠᠶ᠋ᠢᠪᠠᠯ ᠱᠠᠩᠨᠠᠯ ᠣᠯᠭᠣᠬᠤ ᠥᠬᠡᠶ᠃ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠤᠨ ᠣᠨᠴᠠ ᠲᠠᠰ᠎ᠤᠨ ᠱᠠᠩᠨᠠᠯ᠎ᠢ ᠡᠷᠬᠡᠪᠰᠢ 90 %᠎ᠠᠴᠠ ᠳᠡᠭᠡᠭᠰᠢ ᠣᠯᠭᠣᠵᠤ᠂ 90 %᠎ᠳᠤ ᠬᠦᠷᠦᠭᠡᠳᠦᠶ ᠵᠢ᠎ᠨᠢ ᠨᠢᠭᠡᠳᠦᠭᠡᠷ ᠳᠡᠰ᠎ᠤᠨ ᠱᠠᠩᠨᠠᠯ ᠪᠣᠯᠭ᠋ᠠᠨ᠎ᠠ; ᠨᠢᠭᠡᠳᠦᠭᠡᠷ ᠳᠡᠰ᠎ᠤᠨ ᠱᠠᠩᠨᠠᠯ᠎ᠨᠢ ᠡᠷᠬᠡᠪᠰᠢ 80 %᠎ᠠᠴᠠ ᠳᠡᠭᠡᠭᠰᠢ ᠣᠯᠵᠤ᠂ 80 %᠎ᠳᠤ ᠬᠦᠷᠦᠭᠡᠳᠦᠶ᠎ᠨᠢ ᠬᠣᠶᠠᠳᠤᠭ᠋ᠠᠷ ᠳᠡᠰ᠎ᠤᠨ ᠱᠠᠩᠨᠠᠯ ᠪᠣᠯᠤᠨ᠎ᠠ; ᠬᠣᠶᠠᠳᠤᠭ᠋ᠠᠷ ᠳᠡᠰ᠎ᠤᠨ ᠱᠠᠩᠨᠠᠯ᠎ᠨᠢ ᠡᠷᠬᠡᠪᠰᠢ 70 %᠎ᠠᠴᠠ ᠳᠡᠭᠡᠭᠰᠢ ᠪᠠᠲᠤᠯᠠᠨ ᠲᠠᠨᠢᠯᠴᠠᠭᠤᠯᠬᠤ ᠪᠢᠯᠧᠲ ᠣᠯᠵᠤ᠂ 70 %᠎ᠲᠤ ᠬᠦᠷᠦᠭᠰᠡᠨ ᠦᠭᠡᠶ᠎ᠳᠤᠨᠢ ᠱᠠᠩᠨᠠᠯ ᠣᠯᠭᠣᠬᠤ ᠦᠭᠡᠶ᠃
ᠱᠠᠩᠨᠠᠬᠤ ᠺᠣᠮᠢᠰ᠎ᠤᠨ ᠠᠯᠪᠠᠨ ᠭᠡᠷ ᠬᠢᠨᠠᠨ ᠲᠣᠭᠲᠠᠭ᠋ᠠᠭᠰᠠᠨ᠎ᠤ ᠳᠠᠷᠠᠭ᠋ᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠣᠭᠣᠶ ᠬᠤᠪᠢ ᠨᠡᠮᠡᠷᠢ ᠵᠢᠨ ᠱᠠᠩᠨᠠᠯ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠱᠠᠩᠨᠠᠯ ᠪᠣᠯᠤᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠵᠢᠨ ᠱᠠᠩᠨᠠᠯ᠎ᠤᠨ ᠵᠢᠱ᠌ᠢᠭᠳᠡᠭᠰᠡᠳ (ᠵᠣᠬᠢᠶᠠᠨ ᠪᠠᠶ᠋ᠢᠭᠤᠯᠤᠯᠲᠠ) ᠪᠣᠯᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠤᠨ ᠵᠢᠱ᠌ᠢᠭᠳᠡᠭᠰᠡᠨ ᠲᠥᠷᠥᠯ ᠵᠦᠢ᠍ᠯ᠎ᠤᠨ ᠪᠡᠶᠡᠯᠡᠭᠦᠯᠦᠭᠴᠢ (ᠵᠣᠬᠢᠶᠠᠨ ᠪᠠᠶ᠋ᠢᠭᠤᠯᠤᠯᠲᠠ) ᠵᠢ ᠬᠤᠷᠢᠶᠠᠩᠭᠤᠶ᠋ᠢᠯᠠᠭ᠋ᠠᠳ ᠱᠠᠩᠨᠠᠯ ᠬᠦᠷᠲᠡᠭᠴᠢ ᠪᠣᠯᠤᠨ ᠱᠠᠩᠨᠠᠬᠤ ᠲᠠᠰ᠎ᠤᠨ ᠰᠢᠶᠳᠪᠦᠷᠢ ᠪᠣᠯᠭ᠋ᠠᠨ᠎ᠠ᠃
ᠳᠠᠯᠠᠨ ᠭᠤᠷᠪᠠᠳᠤᠭ᠋ᠠᠷ ᠵᠦᠶᠯ ᠱᠠᠩᠨᠠᠬᠤ ᠺᠣᠮᠢᠰ᠎ᠤᠨ ᠰᠢᠶᠳᠪᠦᠷᠢ ᠵᠢ ᠨᠡᠶ᠋ᠢᠲᠡ᠎ᠳᠤ ᠵᠠᠷᠯᠠᠵᠤ᠂ ᠨᠡᠶ᠋ᠢᠲᠡ᠎ᠳᠤ ᠵᠠᠷᠯᠠᠬᠤ ᠠᠭᠤᠯᠭ᠎ᠠ᠎ᠳᠤ᠄ ᠱᠠᠩᠨᠠᠯ ᠬᠦᠷᠲᠡᠭᠴᠢ᠂ ᠱᠠᠩᠨᠠᠯ ᠣᠯᠤᠭᠰᠠᠨ ᠲᠥᠷᠥᠯ ᠵᠦᠶᠯ᠎ᠤᠨ ᠨᠡᠷᠡᠶ᠋ᠢᠳᠦᠯ᠂ ᠱᠠᠩᠨᠠᠬᠤ ᠲᠥᠷᠥᠯ ᠵᠦᠶᠯ᠎ᠤᠨ ᠨᠡᠷᠡᠶ᠋ᠢᠳᠦᠯ᠂ ᠭᠤᠤᠯ ᠪᠡᠶᠡᠯᠡᠭᠦᠯᠦᠭᠰᠡᠨ ᠬᠥᠮᠦᠨ᠂ ᠭᠤᠤᠯ ᠪᠡᠶᠡᠯᠡᠭᠦᠯᠦᠭᠰᠡᠨ ᠨᠢᠭᠡᠴᠡ ᠪᠣᠯᠤᠨ ᠨᠡᠷ᠎ᠡ ᠳᠤᠷᠠᠳᠤᠭᠰᠠᠳ ᠵᠡᠷᠭᠡ ᠵᠦᠶᠯ ᠪᠠᠭᠲᠠᠨ᠎ᠠ᠃ ᠰᠢᠶᠳᠪᠦᠷᠢ ᠵᠢ ᠨᠡᠶ᠋ᠢᠲᠡ᠎ᠳᠤ ᠵᠠᠷᠯᠠᠭᠰᠠᠨ᠎ᠤ ᠳᠠᠷᠠᠭ᠎ᠠ ᠤᠨᠳᠤᠤ ᠰᠠᠨᠠᠯ ᠥᠬᠡᠶ ᠪᠤᠶᠤ ᠤᠨᠳᠤᠤ ᠰᠠᠨᠠᠯ᠎ᠢ ᠪᠠᠶ᠋ᠢᠴᠠᠭ᠋ᠠᠨ ᠲᠣᠳᠣᠯᠠᠭᠰᠠᠨ᠎ᠨᠢ ᠦᠨᠡᠨ ᠪᠣᠳᠠᠲᠠᠶ ᠪᠢᠰᠢ ᠪᠣᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠲᠣᠭᠲᠠᠭ᠋ᠠᠯ᠎ᠢ ᠨᠡᠶ᠋ᠢᠲᠡᠯᠡᠨ᠎ᠡ᠃
ᠳᠠᠯᠠᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠣᠨᠴᠣᠭᠣᠶ ᠬᠤᠪᠢ ᠨᠡᠮᠡᠷᠢ ᠵᠢᠨ ᠱᠠᠩᠨᠠᠯ ᠬᠦᠷᠲᠡᠭᠰᠡᠳ᠎ᠲᠤ ᠱᠠᠩᠨᠠᠯ᠎ᠤᠨ ᠲᠡᠮᠳᠡᠭ᠂ ᠱᠠᠩᠨᠠᠯ᠎ᠤᠨ ᠦᠨᠡᠮᠯᠡᠯ ᠪᠠ ᠱᠠᠩᠨᠠᠯ᠎ᠤᠨ ᠮᠥᠩᠭᠥ ᠣᠯᠭᠣᠵᠤ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠂ ᠵᠠᠯᠠᠭᠤᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠱᠠᠩᠨᠠᠯ᠂ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠷᠰᠢᠯᠴᠠᠭ᠎ᠠ ᠵᠢᠨ ᠱᠠᠩᠨᠠᠯ ᠬᠦᠷᠲᠡᠭᠰᠡᠳ᠎ᠲᠤ ᠱᠠᠩᠨᠠᠯ᠎ᠤᠨ ᠦᠨᠡᠮᠯᠡᠯ ᠪᠠ ᠱᠠᠩᠨᠠᠯ᠎ᠤᠨ ᠮᠥᠩᠭᠥ ᠣᠯᠭᠣᠨ᠎ᠠ᠃
ᠵᠢᠷᠭᠤᠳᠤᠭ᠋ᠠᠷ ᠪᠦᠯᠦᠭ ᠬᠢᠨᠠᠯᠲᠠ ᠲᠠᠯᠪᠢᠬᠤ ᠪᠠ ᠣᠨᠳᠣᠣ ᠰᠠᠨᠠᠯ᠎ᠢ ᠰᠢᠢ᠍ᠳᠪᠦᠷᠢᠯᠡᠬᠦ
ᠲᠠᠯᠠᠨ ᠲᠠᠪᠤᠳᠤᠭ᠋ᠠᠷ ᠵᠦᠢ᠍ᠯ ᠶᠠᠮᠠᠷᠪᠠ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ ᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭ᠋ᠠᠨ ᠮᠡᠷᠭᠡᠵᠢᠯ ᠣᠨ ᠱᠠᠩᠨᠠᠯᠲᠤ ᠣᠨᠳᠣᠣ ᠰᠠᠨᠠᠯ᠎ᠲᠠᠢ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭ᠋ᠠᠨ ᠮᠡᠷᠭᠡᠵᠢᠯ ᠣᠨ ᠱᠠᠩᠨᠠᠯ ᠢ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠲᠤ ᠳᠤᠷᠠᠳᠴᠤ᠂ ᠬᠤᠭᠤᠴᠠᠭ᠎ᠠ ᠥᠩᠭᠡᠷᠡᠲᠡᠯ᠎ᠡ ᠳᠤᠷᠠᠳᠤᠭᠰᠠᠨ ᠪᠣᠯ ᠬᠥᠯᠢᠶᠡᠨ ᠠᠪᠴᠤ ᠰᠢᠢ᠍ᠳᠪᠦᠷᠢᠯᠡᠬᠦ ᠥᠭᠡᠢ᠃ ᠣᠨᠳᠣᠣ ᠰᠠᠨᠠᠯ ᠳᠤᠷᠠᠳᠤᠭᠰᠠᠨ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠡᠷᠬᠡᠪᠰᠢ ᠣᠨᠳᠣᠣ ᠰᠠᠨᠠᠯ᠎ᠤᠨ ᠪᠢᠴᠢᠭ᠎ᠤᠨ ᠮᠠᠲ᠋ᠧᠷᠢᠶᠠᠯ ᠪᠠ ᠴᠢᠬᠤᠯᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃ ᠬᠤᠪᠢ ᠬᠥᠮᠦᠨ ᠣᠨᠳᠣᠣ ᠰᠠᠨᠠᠯ ᠳᠤᠷᠠᠳᠪᠠᠯ᠂ ᠡᠷᠬᠡᠪᠰᠢ ᠣᠨᠳᠣᠣ ᠰᠠᠨᠠᠯ᠎ᠤᠨ ᠮᠠᠲ ᠧᠷᠢᠶᠠᠯ ᠳᠡᠭᠡᠷ᠎ᠡ ᠦᠨᠡᠨ ᠨᠡᠷ᠎ᠡ ᠪᠠ ᠪᠡᠶ᠎ᠡ ᠵᠢᠨ ᠦᠨᠡᠮᠯᠡᠯ᠎ᠤᠨ ᠨᠣᠮᠧᠷ᠂ ᠬᠠᠷᠢᠯᠴᠠᠬᠤ ᠠᠷᠭ᠎ᠠ ᠮᠠᠶ ᠢᠭ ᠵᠶ᠋ᠠᠨ ᠲᠣᠳᠣᠷᠬᠠᠶ᠋ᠢᠯᠠᠬᠤ ᠬᠡᠷᠡᠭᠲᠡᠶ; ᠵᠣᠬᠢᠶᠠᠨ ᠪᠠᠶ᠋ᠢᠭᠤᠯᠤᠯᠲᠠ᠎ᠠᠴᠠ ᠣᠨᠳᠣᠣ ᠰᠠᠨᠠᠯ ᠳᠤᠷᠠᠳᠤᠭᠰᠠᠨ ᠪᠠᠶ᠋ᠢᠪᠠᠯ᠂ ᠡᠷᠬᠡᠪᠰᠢ ᠲᠤᠰ ᠨᠢᠭᠡᠴᠢ ᠵᠢᠨ ᠵᠶ᠋ᠠᠨ ᠠᠯᠪᠠᠨ ᠲᠠᠮᠠᠭ᠎ᠠ ᠵᠢ ᠳᠠᠷᠤᠭᠰᠠᠨ ᠪᠠᠶ᠋ᠢᠬᠤ ᠬᠡᠷᠡᠭᠲᠡᠢ᠃
ᠳᠠᠯᠠᠨ ᠵᠢᠷᠭᠤᠳᠤᠭ᠋ᠠᠷ ᠵᠦᠢ᠍ᠯ ᠣᠨᠳᠣᠣ ᠰᠠᠨᠠᠯ᠎ᠢ ᠬᠢᠨᠠᠯᠲᠠ ᠲᠠᠯᠪᠢᠬᠤ ᠵᠥᠪᠯᠡᠯ᠎ᠠᠴᠠ ᠬᠠᠷᠢᠭᠤᠴᠠᠨ ᠵᠣᠬᠢᠶᠠᠨ ᠪᠠᠶ᠋ᠢᠭᠤᠯᠵᠤ ᠪᠠᠶ᠋ᠢᠴᠠᠭ᠋ᠠᠨ ᠬᠠᠷᠭᠤᠭᠤᠯᠵᠤ᠂ ᠰᠢᠢ᠍ᠳᠪᠦᠷᠢᠯᠡᠬᠦ ᠰᠠᠨᠠᠯ ᠳᠤᠷᠠᠳᠤᠨ᠎ᠠ᠃
ᠳᠠᠯᠠᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠢ ᠬᠢᠨᠠᠨ ᠲᠣᠭᠲᠠᠭ᠋ᠠᠬᠤ ᠠᠵᠢᠯᠯᠠᠭ᠎ᠠ᠎ᠨᠢ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠵᠦ᠂ ᠬᠢᠨᠠᠨ ᠲᠣᠭᠲᠠᠭ᠋ᠠᠬᠤ ᠠᠵᠢᠯᠯᠠᠭ᠎ᠠ ᠵᠢᠨ ᠳᠤᠮᠳᠠ ᠰᠠᠬᠢᠯᠭ᠎ᠠ ᠪᠠᠲᠤ᠂ ᠲᠣᠭᠲᠠᠭ᠋ᠠᠯ᠎ᠠᠴᠠ ᠵᠥᠷᠢᠴᠡᠭᠰᠡᠨ ᠲᠤᠰᠬᠠᠶ ᠮᠡᠷᠭᠡᠵᠢᠯᠲᠡᠨ ᠪᠣᠯᠤᠨ ᠠᠵᠢᠯᠲᠠᠨ᠎ᠢ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ᠎ᠨᠢ ᠦᠵᠡᠵᠦ ᠪᠠᠶ᠋ᠢᠭ᠋ᠠᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠳᠡᠪᠰᠢᠭᠦᠯᠵᠦ ᠬᠠᠤᠯᠢ ᠲᠣᠭᠲᠠᠭ᠋ᠠᠯ ᠶᠣᠰᠣᠭ᠋ᠠᠷ ᠵᠣᠬᠢᠴᠠᠩᠭᠤᠶ ᠰᠢᠶᠳᠪᠦᠷᠢᠯᠡᠬᠦ ᠬᠡᠷᠡᠭᠲᠡᠶ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠳᠠᠯᠠᠨ ᠨᠠᠢ᠍ᠮᠠᠳᠤᠭ᠋ᠠᠷ ᠵᠦᠢ᠍ᠯ ᠲᠤᠰ ᠬᠡᠷᠡᠭᠵᠢᠭᠦᠯᠬᠦ ᠨᠠᠷᠢᠨ ᠳᠦᠷᠢᠮ᠎ᠳᠤ ᠬᠡᠯᠡᠵᠦ ᠪᠠᠶ᠋ᠢᠭ᠎ᠠ 《ᠳᠡᠭᠡᠭᠰᠢ》 ᠭᠡᠳᠡᠭ᠎ᠲᠤ ᠲᠤᠰ ᠲᠣᠭ᠎ᠠ ᠵᠢ ᠪᠠᠭᠲᠠᠭ᠋ᠠᠨ᠎ᠠ᠃
ᠳᠠᠯ᠎ᠠ ᠶᠢᠰᠦᠳᠦᠭᠡᠷ ᠵᠦᠢ᠍ᠯ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠦᠨ᠎ᠤ ᠣᠯᠵᠠᠪᠤᠷᠢ ᠵᠢᠨ ᠭᠠᠶ᠋ᠢᠯᠢ ᠵᠢᠨ ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠮᠥᠩᠭᠥ᠎ᠠᠴᠠ ᠬᠤᠪᠢ ᠬᠥᠮᠦᠨ᠎ᠤ ᠣᠯᠵᠠᠪᠤᠷᠢ ᠵᠢᠨ ᠭᠠᠶ᠋ᠢᠯᠢ ᠲᠠᠲᠠᠪᠤᠷᠢᠯᠠᠬᠤ᠎ᠠᠴᠠ ᠬᠡᠯᠲᠦᠷᠢᠭᠦᠯᠦᠨ᠎ᠡ᠃ ᠱᠠᠩᠨᠠᠯ᠎ᠤᠨ ᠮᠥᠩᠭᠥ ᠵᠢ ᠪᠦᠬᠦᠨ᠎ᠢ ᠱᠠᠩᠨᠠᠯ ᠬᠦᠷᠲᠡᠭᠴᠢ ᠬᠤᠪᠢ ᠬᠥᠮᠦᠨ ᠪᠤᠶᠤ ᠱᠠᠩᠨᠠᠯ ᠣᠯᠤᠭᠰᠠᠨ ᠲᠥᠷᠥᠯ ᠵᠦᠢ᠍ᠯ᠎ᠤᠨ ᠭᠣᠣᠯ ᠪᠣᠯᠬᠤ ᠪᠡᠶᠡᠯᠡᠭᠦᠯᠦᠭᠴᠢ᠎ᠳᠤ ᠣᠯᠭᠣᠨ᠎ᠠ᠂ ᠶᠠᠮᠠᠷᠪᠠ ᠨᠢᠭᠡᠴᠡ ᠵᠢᠴᠢ ᠬᠤᠪᠢ ᠬᠥᠮᠦᠨ ᠭᠡᠳ ᠬᠤᠪᠢᠳᠠᠯ ᠠᠪᠬᠤ ᠪᠠ ᠨᠡᠭᠦᠯᠭᠡᠨ ᠬᠡᠷᠡᠭᠯᠡᠵᠦ ᠪᠣᠯᠬᠤ ᠦᠭᠡᠶ᠃
ᠨᠠᠶᠠᠳᠤᠭ᠋ᠠᠷ ᠵᠦᠢ᠍ᠯ ᠲᠤᠰ ᠨᠠᠷᠢᠨ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃ ᠲᠣᠰ ᠨᠠᠷᠢᠨ ᠲᠦᠷᠢᠮ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ 30 ᠡᠳᠦᠷ᠎ᠤᠨ ᠳᠠᠷᠠᠭ᠎ᠠ ᠬᠡᠷᠡᠭᠵᠢᠭᠦᠯᠦᠨ᠎ᠡ᠃ 2013 ᠣᠨ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠨᠡᠶ᠋ᠢᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠠᠷᠭ᠎ᠠ ᠵᠢᠨ ᠬᠡᠷᠡᠭᠵᠢᠭᠦᠯᠬᠦ ᠨᠠᠷᠢᠨ ᠳᠦᠷᠢᠮ》 (ᠥᠪᠥᠷ ᠰᠠᠯᠠᠭ᠎ᠠ ᠲᠠᠷᠬᠠᠭ᠋ᠠᠭᠰᠠᠨ ᠦᠰᠦᠭ)᠎ᠢ ᠬᠠᠮᠲᠤᠳᠤᠨᠢ ᠬᠦᠴᠦᠨ ᠦᠭᠡᠶ ᠪᠣᠯᠭ᠋ᠠᠨ᠎ᠠ᠃