ᠨᠢᠭᠡᠳᠦᠭᠡᠷ ᠵᠦᠢᠯ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠤᠯᠠᠮ ᠨᠢᠭᠡ ᠠᠯᠬᠤᠮ ᠲᠥᠪᠯᠡᠷᠡᠭᠦᠯᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠠᠵᠤ ᠦᠢᠯᠡᠰ᠂ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠬᠥᠭᠵᠢᠯᠲᠡ ᠵᠢ ᠬᠢᠵᠠᠭ᠋ᠠᠷᠯᠠᠵᠤ ᠪᠦᠬᠦᠢ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠠᠰᠠᠭᠤᠳᠠᠯ᠎ᠢ ᠰᠢᠢᠳᠪᠦᠷᠢᠯᠡᠵᠦ᠂ ᠠᠵᠤ ᠠᠬᠤᠢ᠌ᠯᠠᠯ ᠵᠶ᠋ᠠᠷ ᠭᠣᠤᠯ ᠴᠣᠭᠴᠠ ᠪᠣᠯᠭ᠋ᠠᠭᠰᠠᠨ ᠦᠢᠯᠡᠳᠪᠦᠷᠢᠯᠡᠬᠦ ᠵᠢᠭ᠋ᠠᠬᠤ ᠰᠤᠳᠤᠯᠬᠤ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠵᠢᠨ ᠲᠤᠰᠠᠳᠠ᠂ ᠲᠤᠰ ᠠᠷᠭ᠎ᠠ ᠵᠢ ᠲᠣᠭᠲᠠᠭ᠋ᠠᠪᠠ ᠃
ᠬᠣᠶᠠᠳᠤᠭ᠋ᠠᠷ ᠵᠦᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠳᠣᠷᠣᠭᠰᠢ 《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ》 ᠭᠡᠵᠦ ᠲᠣᠪᠴᠢᠯᠠᠨ᠎ᠠ)᠎ᠨᠢ ᠪᠦᠬᠦ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠦᠷᠢᠳᠬᠡᠨ ᠳᠠᠩᠰᠠᠯᠠᠬᠤ ᠪᠠ ᠬᠠᠮᠢᠶᠠᠷᠴᠤ ᠦᠨᠡᠯᠡᠨ ᠵᠢᠱ᠌ᠢᠬᠦ ᠠᠵᠢᠯ᠎ᠢ ᠬᠠᠷᠢᠭᠤᠴᠠᠵᠤ᠂ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠬᠥᠭᠵᠢᠯᠲᠡ ᠵᠢ ᠠᠬᠢᠭᠤᠯᠬᠤ ᠡᠯ᠎ᠡ ᠵᠦᠢᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠬᠤ ᠵᠢ ᠬᠠᠷᠢᠭᠤᠴᠠᠨ᠎ᠠ ᠃
ᠭᠤᠷᠪᠠᠳᠤᠭ᠋ᠠᠷ ᠵᠦᠢᠯ ᠲᠤᠰ ᠠᠷᠭ᠎ᠠ᠎ᠳᠤ ᠬᠡᠯᠡᠵᠦ ᠪᠠᠢ᠌ᠭ᠎ᠠ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠭᠡᠳᠡᠭ ᠪᠣᠯ ᠣᠷᠣᠨ᠎ᠤ ᠳᠣᠲᠣᠷᠠᠬᠢ ᠡᠯ᠎ᠡ ᠬᠠᠮᠢᠶ᠎ᠠ ᠪᠦᠬᠦᠶ ᠬᠦᠷᠢᠶ᠎ᠡ ᠴᠠᠷᠠᠭ᠎ᠠ ᠵᠢᠨ ᠭᠣᠤᠯᠳᠠᠯᠭ᠎ᠠ᠎ᠲᠠᠢ ᠠᠵᠤ ᠠᠬᠤᠢ᠌ᠯᠠᠯ ᠵᠶ᠋ᠠᠷ ᠲᠦᠷᠦᠭᠦᠯᠡᠭᠦᠯᠦᠨ᠂ ᠣᠷᠣᠨ᠎ᠤ ᠳᠣᠲᠣᠷ᠎ᠠ ᠭᠠᠳᠠᠨᠠᠬᠢ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ᠂ ᠳᠡᠭᠡᠳᠦ ᠰᠤᠷᠭ᠋ᠠᠭᠤᠯᠢ ᠵᠡᠷᠭᠡ ᠡᠯ᠎ᠡ ᠲᠦᠷᠦᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠲᠠᠢ ᠥᠷᠭᠡᠨ ᠵᠶ᠋ᠡᠷ ᠬᠣᠯᠪᠣᠭ᠋ᠠᠯᠠᠵᠤ᠂ ᠰᠤᠳᠤᠯᠤᠨ ᠨᠡᠭᠡᠭᠡᠨ ᠬᠥᠭᠵᠢᠭᠦᠯᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠬᠠᠮᠵᠢᠯᠴᠠᠨ ᠠᠬᠢᠭᠤᠯᠬᠤ᠎ᠪᠠᠷ ᠭᠣᠤᠯ ᠡᠭᠦᠷᠭᠡ ᠪᠣᠯᠭ᠋ᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠵᠣᠬᠢᠶᠠᠨ ᠪᠠᠢ᠌ᠭᠤᠯᠤᠭᠰᠠᠨ ᠰᠢᠨ᠎ᠡ ᠵᠢ ᠡᠭᠦᠳᠬᠦ ᠬᠡᠯᠪᠡᠷᠢ᠂ ᠪᠡᠶ᠎ᠡ᠎ᠪᠠᠨ ᠳᠠᠭ᠋ᠠᠭ᠋ᠠᠬᠤ ᠬᠡᠯᠪᠡᠷᠢ᠂ ᠡᠭᠦᠷᠭᠡ ᠵᠢᠨ ᠬᠡᠯᠪᠡᠷᠢ ᠵᠢᠨ ᠠᠰᠢᠭ ᠲᠤᠰᠠ ᠵᠢᠨ ᠬᠠᠮᠲᠤ ᠵᠢᠨ ᠴᠣᠭᠴᠠ ᠪᠣᠯᠤᠨ᠎ᠠ ᠃
ᠬᠣᠶᠠᠳᠤᠭ᠋ᠠᠷ ᠪᠦᠯᠦᠭ ᠵᠣᠬᠢᠶᠠᠨ ᠪᠠᠢ᠌ᠭᠤᠯᠬᠤ ᠨᠥᠬᠥᠴᠡᠯ ᠬᠢᠭᠡᠳ ᠳᠠᠩᠰᠠᠯᠠᠭᠤᠯᠬᠤ ᠳᠡᠰ ᠳᠠᠷᠠᠭ᠋ᠠᠯᠠᠯ
ᠳᠥᠷᠪᠡᠳᠦᠭᠡᠷ ᠵᠦᠢᠯ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠲᠦᠷᠦᠭᠦᠯᠡᠬᠦ ᠨᠢᠭᠡᠴᠡ᠎ᠠᠴᠠ ᠡᠭᠦᠰᠭᠡᠨ ᠪᠠᠢ᠌ᠭᠤᠯᠵᠤ᠂ ᠬᠠᠮᠲᠤᠷᠠᠯᠴᠠᠬᠤ ᠰᠠᠨᠠᠮᠵᠢ᠎ᠲᠠᠢ ᠪᠦᠷᠢᠯᠳᠦᠬᠦᠨ ᠨᠢᠭᠡᠴᠡ᠎ᠯᠦᠭᠡ ᠬᠣᠯᠪᠣᠭ᠋ᠠᠯᠠᠨ᠂ ᠬᠠᠤᠯᠢ ᠴᠠᠭ᠋ᠠᠵᠠ ᠵᠢᠨ ᠬᠦᠴᠦᠨ᠎ᠲᠠᠢ ᠬᠠᠮᠲᠤᠷᠠᠯᠴᠠᠬᠤ ᠬᠡᠯᠡᠯᠴᠡᠭᠡᠷ᠎ᠲᠤ ᠬᠠᠮᠲᠤ᠎ᠪᠠᠷ ᠭᠠᠷᠤᠨ ᠦᠰᠦᠭ ᠵᠢᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠨ᠎ᠠ ᠃
ᠲᠠᠪᠤᠳᠤᠭ᠋ᠠᠷ ᠵᠦᠢᠯ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠨᠢ ᠳᠣᠤᠷᠠᠬᠢ ᠵᠣᠬᠢᠶᠠᠨ ᠪᠠᠢ᠌ᠭᠤᠯᠬᠤ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠲᠦᠷᠦᠭᠦᠯᠡᠨ ᠬᠢᠬᠦ ᠨᠢᠭᠡᠴᠡ
ᠲᠦᠷᠦᠭᠦᠯᠡᠬᠦ ᠨᠢᠭᠡᠴᠡ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠳᠠᠩᠰᠠᠯᠠᠭᠤᠯᠤᠭᠰᠠᠨ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠠᠵᠤ ᠠᠬᠤᠢ᠌ᠯᠠᠯ ᠪᠠᠢ᠌ᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠣᠤᠷᠠᠳᠤ ᠤᠷᠤᠰᠬᠠᠯ᠎ᠤᠨ ᠠᠵᠤ ᠠᠬᠤᠢ᠌ᠯᠠᠯ᠂ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠥᠪᠯᠡᠷᠡᠭᠦᠯᠵᠦ᠂ ᠲᠦᠷᠦᠭᠦᠯᠡᠬᠦ ᠠᠵᠤ ᠠᠬᠤᠢ᠌ᠯᠠᠯ᠎ᠨᠢ ᠪᠦᠬᠦ ᠣᠷᠣᠨ ᠪᠤᠶᠤ ᠲᠤᠰ ᠭᠠᠵᠠᠷ ᠣᠷᠣᠨ᠎ᠤ ᠳᠣᠲᠣᠷ᠎ᠠ ᠵᠣᠬᠢᠬᠤ ᠠᠵᠢᠯ ᠲᠥᠷᠥᠯ᠎ᠤᠨ ᠨᠥᠯᠥᠭᠡᠯᠡᠬᠦ ᠬᠦᠴᠦᠨ᠎ᠲᠠᠢ ᠪᠠᠢ᠌ᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠢ᠌ᠭᠤᠯᠪᠠ (ᠪᠣᠳᠠᠲᠠᠶ ᠱᠠᠭ᠋ᠠᠷᠳᠠᠯᠭ᠎ᠠ ᠵᠢ ᠳᠠᠩᠰᠠᠯᠠᠭᠤᠯᠬᠤ ᠭᠤᠶᠤᠴᠢᠯᠠᠯ᠎ᠤᠨ ᠲᠡᠮᠳᠡᠭᠯᠡᠬᠦ ᠬᠦᠰᠦᠨᠦᠭᠲᠦ᠎ᠳᠤ ᠦᠵᠡ)᠃
(ᠬᠣᠶᠠᠷ) ᠪᠦᠷᠢᠯᠳᠦᠬᠦᠨ ᠨᠢᠭᠡᠴᠢ
1. ᠪᠦᠷᠢᠯᠳᠦᠬᠦᠨ ᠨᠢᠭᠡᠴᠡ᠎ᠨᠢ ᠰᠢᠨ᠎ᠡ ᠵᠢ ᠡᠭᠦᠳᠬᠦ ᠴᠢᠳᠠᠪᠤᠷᠢ᠎ᠲᠠᠢ ᠶᠠᠮᠠᠷᠪᠠ ᠲᠥᠷᠥᠯ ᠬᠡᠯᠪᠡᠷᠢ ᠵᠢᠨ ᠵᠠᠬ᠎ᠠ ᠳᠡᠯᠭᠡᠭᠦᠷ᠎ᠤᠨ ᠭᠣᠤᠯ ᠴᠣᠭᠴᠠ ᠪᠠᠢ᠌ᠵᠤ ᠪᠣᠯᠤᠨ᠎ᠠ;
2. ᠪᠦᠷᠢᠯᠳᠦᠬᠦᠨ ᠨᠢᠭᠡᠴᠡ᠎ᠨᠢ ᠲᠦᠷᠦᠭᠦᠯᠡᠨ ᠬᠢᠬᠦ ᠨᠢᠭᠡᠴᠡ᠎ᠯᠦᠭᠡ ᠮᠡᠷᠭᠡᠵᠢᠯ᠎ᠤᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠤᠯᠠᠷᠢᠭᠤᠯᠬᠤ᠂ ᠪᠠᠷᠢᠮᠵᠢᠶ᠎ᠠ ᠲᠣᠭᠲᠠᠭ᠋ᠠᠬᠤ᠂ ᠴᠢᠳᠠᠪᠤᠷᠢᠲᠠᠨ ᠬᠥᠮᠦᠵᠢᠭᠦᠯᠬᠦ ᠵᠡᠷᠭᠡ ᠲᠠᠯ᠎ᠠ᠎ᠪᠠᠷ ᠬᠠᠮᠲᠤᠷᠠᠯᠴᠠᠬᠤ ᠰᠠᠭᠤᠷᠢ ᠪᠠ ᠬᠠᠮᠲᠤᠷᠠᠯᠴᠠᠬᠤ ᠬᠦᠰᠡᠯ ᠡᠷᠡᠮᠡᠯᠵᠡᠯ᠎ᠲᠠᠢ ᠪᠠᠢ᠌ᠬᠤ ᠬᠡᠷᠡᠭᠲᠡᠶ;
3. ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠨᠢ ᠪᠦᠷᠢᠯᠳᠦᠬᠦᠨ ᠨᠢᠭᠡᠴᠢ ᠪᠣᠯᠤᠭᠰᠠᠨ᠎ᠤ ᠬᠤᠪᠢ᠎ᠳᠤ᠂ ᠨᠡᠯᠢᠶᠡᠳ ᠴᠢᠩᠭ᠎ᠠ ᠰᠤᠳᠤᠯᠤᠨ ᠨᠡᠭᠡᠭᠡᠬᠦ ᠪᠦᠯᠬᠦᠮ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ;
4. ᠠᠵᠤ ᠠᠬᠤᠢ᠌ᠯᠠᠯ᠎ᠨᠢ ᠪᠦᠷᠢᠯᠳᠦᠬᠦᠨ ᠨᠢᠭᠡᠴᠡ ᠪᠣᠯᠤᠭᠰᠠᠨ᠎ᠤ ᠬᠤᠪᠢ᠎ᠳᠤ᠂ ᠵᠣᠬᠢᠬᠤ ᠬᠡᠮᠵᠢᠶᠡᠨ᠎ᠤ ᠰᠤᠳᠤᠯᠤᠨ ᠨᠡᠭᠡᠭᠡᠬᠦ ᠪᠠ ᠮᠡᠷᠭᠡᠵᠢᠯ᠎ᠤᠨ ᠲᠥᠬᠥᠷᠵᠢᠭᠦᠯᠬᠦ ᠴᠢᠳᠠᠪᠤᠷᠢ ᠵᠢ ᠪᠦᠷᠢᠯᠳᠦᠭᠦᠯᠵᠦ᠂ ᠲᠦᠷᠦᠭᠦᠯᠡᠬᠦ ᠨᠢᠭᠡᠴᠡ ᠪᠤᠶᠤ ᠪᠤᠰᠤᠳ ᠪᠦᠷᠢᠯᠳᠦᠬᠦᠨ ᠨᠢᠭᠡᠴᠡ᠎ᠯᠦᠭᠡ ᠬᠦᠴᠦᠨ ᠲᠡᠭᠦᠯᠳᠡᠷ ᠬᠠᠷᠢᠯᠴᠠᠨ ᠨᠥᠬᠥᠪᠥᠷᠢᠯᠡᠵᠦ ᠳᠡᠢ᠌ᠯᠬᠦ ᠬᠡᠷᠡᠭᠲᠡᠶ;
5. ᠪᠦᠷᠢᠯᠳᠦᠬᠦᠨ ᠨᠢᠭᠡᠴᠡ᠎ᠨᠢ ᠵᠠᠷᠴᠢᠮ ᠳᠡᠭᠡᠷ᠎ᠡ᠎ᠪᠠᠨ 3᠎ᠠᠴᠠ ᠳᠤᠲᠠᠭᠤ ᠪᠠᠢ᠌ᠵᠤ ᠪᠣᠯᠬᠤ ᠥᠬᠡᠶ ᠃
(ᠭᠤᠷᠪᠠ) ᠬᠡᠯᠡᠯᠴᠡᠭᠡᠷ ᠪᠠᠢ᠌ᠭᠤᠯᠬᠤ ᠃ᠲᠦᠷᠦᠭᠦᠯᠡᠬᠦ ᠨᠢᠭᠡᠴᠡ ᠪᠣᠯᠤᠨ ᠪᠦᠷᠢᠯᠳᠦᠬᠦᠨ ᠨᠢᠭᠡᠴᠡ᠎ᠨᠦᠭᠦᠳ ᠬᠣᠭᠣᠷᠣᠨᠳᠣ᠎ᠪᠠᠨ ᠡᠷᠬᠡ ᠲᠡᠭᠰᠢ᠂ ᠰᠠᠢ᠌ᠨ ᠳᠤᠷ᠎ᠠ᠎ᠠᠴᠠ᠎ᠪᠠᠨ ᠪᠠᠢ᠌ᠬᠤ ᠵᠠᠷᠴᠢᠮ ᠵᠶ᠋ᠠᠷ ᠬᠠᠤᠯᠢ ᠴᠠᠭ᠋ᠠᠵᠠ ᠵᠢᠨ ᠬᠢᠵᠠᠭ᠋ᠠᠷᠯᠠᠬᠤ ᠬᠦᠴᠦᠨ᠎ᠲᠠᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠬᠤ ᠵᠥᠪᠯᠡᠯᠴᠡᠭᠡᠷ》᠎ᠲᠤ ᠬᠠᠮᠲᠤ᠎ᠪᠠᠷ ᠭᠠᠷᠤᠨ ᠦᠰᠦᠭ ᠵᠢᠷᠤᠬᠤ ᠬᠡᠷᠡᠭᠲᠡᠶ ᠃ ᠵᠥᠪᠳᠡᠯᠴᠡᠬᠡᠷ᠎ᠲᠤ ᠵᠣᠬᠢᠶᠠᠨ ᠪᠠᠢ᠌ᠭᠤᠯᠬᠤ ᠴᠠᠭ ᠬᠤᠭᠤᠴᠠᠭ᠎ᠠ᠂ ᠮᠡᠷᠭᠡᠵᠢᠯ᠎ᠤᠨ ᠰᠢᠨ᠎ᠡ ᠵᠢ ᠡᠭᠦᠳᠬᠦ ᠬᠠᠷᠠᠯᠲᠠ᠂ ᠡᠭᠦᠷᠭᠡ ᠵᠢᠨ ᠬᠤᠪᠢᠶᠠᠷᠢᠯᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠵᠢᠴᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠷᠢᠶᠠᠯᠠᠯ᠂ ᠣᠷᠣᠭᠤᠯᠤᠯᠲᠠ ᠬᠢᠭᠡᠳ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠠᠷᠭ᠎ᠠ ᠵᠢᠴᠢ ᠮᠠᠷᠭᠤᠯᠳᠤᠭ᠋ᠠᠨ᠎ᠢ ᠰᠢᠢᠳᠪᠦᠷᠢᠯᠡᠬᠦ ᠠᠷᠭ᠎ᠠ ᠮᠠᠶᠢᠭ ᠵᠡᠷᠭᠡ ᠵᠢ ᠲᠣᠳᠣᠷᠬᠠᠢ᠌ᠯᠠᠬᠤ ᠬᠡᠷᠡᠭᠲᠡᠶ ᠃ ᠵᠣᠬᠢᠶᠠᠨ ᠪᠠᠢ᠌ᠭᠤᠯᠬᠤ ᠬᠡᠯᠡᠯᠴᠡᠭᠡᠷ᠎ᠨᠢ ᠪᠦᠷᠢᠯᠳᠦᠬᠦᠨ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭ᠋ᠠᠲᠠᠨ ᠬᠠᠮᠲᠤ᠎ᠪᠠᠷ ᠭᠠᠷᠤᠨ ᠦᠰᠦᠭ ᠵᠢᠷᠤᠬᠤ ᠵᠢᠨ ᠬᠠᠮᠲᠤ ᠡᠯ᠎ᠡ ᠪᠦᠷᠢᠯᠳᠦᠬᠦᠨ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠭᠰᠠᠨ᠎ᠤ ᠲᠠᠷᠠᠭ᠎ᠠ ᠬᠦᠴᠦᠨ᠎ᠲᠠᠢ ᠪᠣᠯᠤᠨ᠎ᠠ ᠃
ᠵᠢᠷᠭᠤᠳᠤᠭ᠋ᠠᠷ ᠵᠦᠢ᠍ᠯ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠳᠤ ᠳᠠᠩᠰᠠᠯᠠᠭᠤᠯᠬᠤ ᠳᠦᠷᠢᠮ᠎ᠢ ᠠᠪᠴᠤ᠂ ᠵᠢᠯ ᠲᠤᠷᠰᠢ ᠬᠦᠯᠢᠶᠡᠨ ᠠᠪᠴᠤ ᠰᠢᠢᠳᠪᠦᠷᠢᠯᠡᠨ᠎ᠡ᠂ ᠳᠡᠰ ᠳᠠᠷᠠᠭ᠋ᠠᠯᠠᠯ᠎ᠨᠢ ᠳᠣᠣᠷᠠᠬᠢ ᠮᠡᠲᠦ᠄
(ᠨᠢᠭᠡ) ᠰᠠᠢ᠌ᠨ ᠳᠤᠷ᠎ᠠ᠎ᠠᠴᠠ᠎ᠪᠠᠨ ᠭᠤᠶᠤᠴᠢᠯᠠᠬᠤ ᠠᠷᠭ᠎ᠠ ᠮᠠᠶᠢᠭ᠎ᠢ ᠠᠪᠤᠨ᠎ᠠ᠃ ᠲᠦᠷᠦᠭᠦᠯᠡᠨ ᠬᠢᠬᠦ ᠨᠢᠭᠡᠴᠡ᠎ᠨᠢ《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠤᠭᠯᠠᠷᠠᠯ》᠎ᠤᠨ ᠲᠠᠪᠴᠠᠩ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠲᠠᠪᠴᠠᠩ》᠎ᠤᠨ ᠰᠦᠯᠵᠢᠶᠡᠨ ᠳᠡᠭᠡᠷ᠎ᠡ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠮᠠᠲ᠋ᠧᠷᠢᠶᠠᠯ ᠵᠶ᠋ᠠᠨ ᠲᠤᠰᠢᠶᠠᠨ᠎ᠠ;
(ᠬᠣᠶᠠᠷ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠬᠤ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠨᠡᠷᠡᠰ ᠵᠶ᠋ᠡᠷ ᠨᠡᠢ᠌ᠭᠡᠮ᠎ᠳᠤ ᠢᠯᠡ ᠨᠡᠢ᠌ᠲᠡᠯᠡᠨ᠎ᠡ;
(ᠭᠤᠷᠪᠠ) ᠨᠡᠢ᠌ᠲᠡ᠎ᠳᠤ ᠵᠠᠷᠯᠠᠭ᠋ᠠᠳ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠳᠠᠩᠰᠠᠯᠠᠭᠤᠯᠬᠤ ᠵᠢᠨ ᠬᠠᠮᠲᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ × × × ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ》 ᠵᠢᠨ ᠠᠷᠭ᠎ᠠ ᠮᠠᠶᠢᠭ ᠵᠶ᠋ᠡᠷ ᠨᠡᠷᠡᠢ᠌ᠳᠦᠨ᠎ᠡ ᠃
ᠳᠣᠯᠣᠳᠤᠭ᠋ᠠᠷ ᠵᠦᠢᠯ ᠳᠠᠩᠰᠠᠯᠠᠭᠤᠯᠬᠤ ᠮᠠᠲ᠋ᠧᠷᠢᠶᠠᠯ
(ᠨᠢᠭᠡ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠦᠷᠢᠳᠬᠡᠨ ᠳᠠᠩᠰᠠᠯᠠᠭᠤᠯᠬᠤ᠎ᠪᠠᠷ ᠭᠤᠶᠤᠴᠢᠯᠠᠬᠤ ᠲᠡᠮᠳᠡᠭᠯᠡᠬᠦ ᠬᠦᠰᠦᠨᠦᠭᠲᠦ》
(ᠬᠣᠶᠠᠷ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠬᠤ ᠵᠥᠪᠯᠡᠯᠴᠡᠭᠡᠷ》
(ᠭᠤᠷᠪᠠ) ᠬᠠᠮᠢᠶ᠎ᠠ ᠪᠥᠬᠥᠢ ᠳᠠᠭ᠋ᠠᠯᠳᠤᠭᠤᠯᠤᠯ ᠮᠠᠲ᠋ᠧᠷᠢᠶᠠᠯ
ᠭᠤᠷᠪᠠᠳᠤᠭ᠋ᠠᠷ ᠪᠦᠯᠦᠭ ᠳᠡᠮᠵᠢᠬᠦ ᠲᠥᠷᠥ ᠵᠢᠨ ᠪᠣᠳᠣᠯᠭ᠎ᠠ
ᠨᠠᠢᠮᠠᠳᠤᠭ᠋ᠠᠷ ᠵᠦᠢᠯ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠨᠢ ᠳᠣᠤᠷᠠᠬᠢ ᠮᠡᠲᠦ ᠳᠡᠮᠵᠢᠬᠦ ᠲᠥᠷᠥ ᠵᠢᠨ ᠪᠣᠳᠣᠯᠭ᠎ᠠ ᠵᠢ ᠬᠦᠷᠲᠡᠨ᠎ᠡ᠄
(ᠨᠢᠭᠡ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠬᠦ ᠵᠢ ᠤᠷᠢᠳᠠᠪᠠᠷ ᠳᠠᠮᠵᠢᠨ᠎ᠠ;
(ᠬᠣᠶᠠᠷ) ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠪᠦᠷᠢᠯᠳᠦᠬᠦᠨ ᠨᠢᠭᠡᠴᠡ ᠵᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠪᠠᠢ᠌ᠭᠤᠯᠬᠤ ᠵᠢ ᠤᠷᠢᠳᠠᠪᠠᠷ ᠳᠠᠮᠵᠢᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠡᠭᠦᠳᠦᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠦᠯᠬᠦᠮ ᠨᠡᠢ᠌ᠲᠡ ᠵᠢ ᠪᠣᠢ᠌ᠵᠢᠭᠤᠯᠬᠤ ᠪᠠ ᠣᠷᠣᠭᠤᠯᠤᠨ ᠠᠪᠴᠢᠷᠠᠵᠤ᠂ ᠨᠥᠬᠥᠴᠡᠯ᠎ᠳᠤ ᠨᠡᠢ᠌ᠴᠡᠭᠰᠡᠨ ᠪᠠᠢᠪᠠᠯ ᠵᠣᠬᠢᠬᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ;
(ᠭᠤᠷᠪᠠ) ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠳᠤ ᠲᠦᠰᠢᠭᠯᠡᠨ ᠠᠵᠤ ᠦᠢᠯᠡᠰ᠎ᠤᠨ ᠮᠡᠷᠭᠡᠵᠢᠯ᠎ᠤᠨ ᠳᠡᠭᠡᠳᠦ ᠲᠠᠰ᠎ᠤᠨ ᠣᠶᠤᠨ᠎ᠤ ᠬᠥᠮᠥᠷᠭᠡ ᠪᠠᠢ᠌ᠭᠤᠯᠬᠤ ᠵᠢ ᠵᠣᠷᠢᠭᠵᠢᠭᠤᠯᠵᠤ᠂ ᠲᠡᠳᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠣᠬᠢᠶᠠᠨ ᠪᠠᠢ᠌ᠭᠤᠯᠤᠭᠰᠠᠨ ᠬᠠᠮᠢᠶ᠎ᠠ ᠪᠥᠬᠥᠶ ᠠᠵᠤ ᠦᠢᠯᠡᠰ᠎ᠤᠨ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠡᠷᠭᠡ ᠠᠵᠢᠯ᠎ᠳᠤ ᠣᠷᠣᠯᠴᠠᠬᠤ ᠵᠢ ᠵᠣᠷᠢᠭᠵᠢᠭᠤᠯᠤᠨ᠎ᠠ ᠃
(ᠳᠥᠷᠪᠡ) ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠤᠷᠢᠳᠠᠪᠠᠷ ᠰᠣᠩᠭᠣᠨ ᠲᠤᠷᠰᠢᠯᠲᠠ ᠵᠢᠨ ᠨᠢᠭᠡᠴᠡ ᠪᠣᠯᠭ᠋ᠠᠵᠤ᠂ ᠮᠡᠷᠭᠡᠵᠢᠯ᠎ᠤᠨ ᠪᠣᠭᠣᠮᠲᠠ ᠰᠢᠪᠲᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠂ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠡᠷᠭᠡ ᠬᠦᠷᠢᠶ᠎ᠡ ᠴᠠᠷᠠᠭ᠎ᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ᠃
ᠳᠥᠷᠪᠡᠳᠦᠭᠡᠷ ᠪᠦᠯᠦᠭ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠬᠢᠭᠡᠳ ᠬᠢᠨᠠᠯᠲᠠ ᠲᠠᠯᠪᠢᠵᠤ ᠬᠠᠮᠢᠶᠠᠷᠬᠤ ᠃ᠶᠢᠰᠦᠳᠦᠭᠡᠷ ᠵᠦᠢᠯ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠨᠢ ᠵᠢᠯ ᠪᠦᠷᠢ ᠵᠢᠨ ᠵᠢᠯ᠎ᠤᠨ ᠰᠡᠭᠦᠯᠴᠢ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠠᠵᠢᠯ᠎ᠤᠨ ᠳ᠋ᠦᠩᠨᠡᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠂ ᠠᠭᠤᠯᠭ᠎ᠠ᠎ᠳᠤᠨᠢ᠄ 《br /》 ᠪᠠᠭᠲᠠᠨ᠎ᠠ ᠃(ᠨᠢᠭᠡ) ᠳᠣᠲᠣᠭ᠋ᠠᠳᠤ ᠵᠢᠨ ᠳᠦᠷᠢᠮ᠎ᠤᠨ ᠪᠠᠢ᠌ᠭᠤᠯᠤᠯᠲᠠ ᠵᠢᠨ ᠪᠠᠢ᠌ᠳᠠᠯ;
(ᠬᠣᠶᠠᠷ) ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ᠂ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠬᠡᠷᠡᠭᠵᠢᠭᠦᠯᠦᠭᠰᠡᠨ ᠪᠠᠢ᠌ᠳᠠᠯ;
(ᠭᠤᠷᠪᠠ) ᠵᠠᠬ᠎ᠠ ᠳᠡᠯᠭᠡᠭᠦᠷᠴᠢᠯᠡᠭᠰᠡᠨ ᠦᠷ᠎ᠡ ᠪᠦᠲᠦᠭᠡᠯ᠎ᠢ ᠤᠯᠠᠷᠢᠭᠤᠯᠬᠤ ᠵᠢ ᠡᠭᠦᠷᠭᠡᠯᠡᠭᠰᠡᠨ ᠪᠤᠶᠤ ᠠᠵᠤ ᠠᠬᠤᠢ᠌ᠯᠠᠯ᠎ᠢ ᠨᠡᠪᠴᠢᠭᠦᠯᠦᠭᠰᠡᠨ ᠪᠠᠢ᠌ᠳᠠᠯ;
ᠳᠥᠷᠪᠡ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠎ᠤ ᠬᠡᠷᠡᠭᠯᠡᠯᠲᠡ ᠳᠡᠯᠭᠡᠷᠡᠭᠦᠯᠦᠯᠲᠡ ᠵᠢᠨ ᠪᠠᠢ᠌ᠳᠠᠯ;
(ᠲᠠᠪᠤ) ᠪᠤᠰᠤᠳ ᠴᠢᠬᠤᠯᠠ ᠡᠭᠦᠷᠭᠡ ᠵᠢ ᠡᠭᠦᠷᠭᠡᠯᠡᠭᠰᠡᠨ ᠪᠠᠢ᠌ᠳᠠᠯ ᠃
ᠠᠷᠪᠠᠳᠤᠭ᠋ᠠᠷ ᠵᠦᠢᠯ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠨᠢ ᠵᠠᠰᠠᠭ᠎ᠤᠨ ᠣᠷᠳᠣᠨ᠎ᠤ ᠨᠠᠢ᠌ᠳᠠᠭᠰᠠᠨ ᠡᠯ᠎ᠡ ᠵᠦᠢᠯ᠎ᠤᠨ ᠠᠵᠢᠯ᠎ᠤᠨ ᠡᠭᠦᠷᠭᠡ ᠵᠢ ᠡᠭᠦᠷᠭᠡᠯᠡᠭᠰᠡᠨ ᠬᠤᠭᠤᠴᠠᠭ᠋ᠠᠨ᠎ᠳᠠᠭᠠᠨ ᠥᠪᠡᠰᠦᠪᠡᠨ ᠲᠠᠷᠬᠠᠭ᠋ᠠᠵᠤ ᠪᠣᠯᠬᠤ ᠦᠭᠡᠶ ᠃ ᠬᠡᠷᠪᠡ ᠴᠢᠬᠤᠯᠠ ᠶᠡᠬᠡ ᠬᠤᠪᠢᠷᠠᠯᠲᠠ᠎ᠲᠠᠢ ᠵᠦᠢᠯ ᠪᠠᠢ᠌ᠪᠠᠯ᠂ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠃
ᠠᠷᠪᠠᠨ ᠨᠢᠭᠡᠳᠦᠭᠡᠷ ᠵᠦᠢᠯ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ᠎ᠨᠤᠭᠤᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠬᠤ ᠵᠥᠪᠯᠡᠯᠴᠡᠭᠡᠷ》᠎ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠡᠷᠬᠡ ᠠᠰᠢᠭ ᠨᠢᠭᠡᠳᠦᠯᠲᠡᠶ ᠪᠠᠢ᠌ᠬᠤ ᠠᠰᠢᠭ ᠲᠤᠰᠠ ᠵᠢ ᠪᠠᠲᠤᠯᠠᠬᠤ ᠲᠣᠭᠲᠠᠴᠠ ᠵᠢ ᠪᠠᠢ᠌ᠭᠤᠯᠬᠤ ᠬᠡᠷᠡᠭᠲᠡᠶ ᠃ ᠲᠦᠷᠦᠭᠦᠯᠡᠬᠦ ᠨᠢᠭᠡᠴᠡ ᠵᠢᠨ ᠵᠣᠬᠢᠶᠠᠨ ᠪᠠᠢ᠌ᠭᠤᠯᠤᠯᠲᠠ᠎ᠨᠢ ᠬᠦᠴᠦᠨ ᠦᠭᠡᠶ᠂ ᠬᠡᠯᠡᠯᠴᠡᠭᠡᠷ ᠶᠣᠰᠣᠭ᠋ᠠᠷ ᠭᠡᠷ᠎ᠡ᠎ᠪᠠᠨ ᠭᠦᠢ᠍ᠴᠡᠳᠬᠡᠭᠰᠡᠨ ᠦᠭᠡᠶ ᠪᠠᠢ᠌ᠪᠠᠯ᠂ ᠲᠡᠳᠡᠨ᠎ᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢᠨ ᠬᠢᠷᠢ ᠬᠡᠮ᠎ᠢ᠎ᠨᠢ ᠬᠦᠴᠦᠨ ᠦᠭᠡᠶ ᠪᠣᠯᠭ᠋ᠠᠵᠤ᠂ ᠭᠤᠷᠪᠠᠨ ᠵᠢᠯ᠎ᠤᠨ ᠳᠣᠲᠣᠷ᠎ᠠ ᠪᠤᠰᠤᠳ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠲᠦᠷᠦᠭᠦᠯᠡᠨ ᠪᠠᠢ᠌ᠭᠤᠯᠵᠤ ᠪᠣᠯᠬᠤ ᠦᠭᠡᠶ ᠃ ᠲᠦᠷᠦᠭᠦᠯᠡᠨ ᠬᠢᠬᠦ ᠨᠢᠭᠡᠴᠡ ᠪᠠ ᠪᠦᠷᠢᠯᠳᠦᠬᠦᠨ ᠨᠢᠭᠡᠴᠡ᠎ᠨᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ᠎ᠳᠤ ᠬᠣᠯᠪᠣᠭᠳᠠᠭᠰᠠᠨ ᠪᠠᠢ᠌ᠪᠠᠯ᠂ ᠦᠨᠡᠨᠴᠢ ᠢᠲᠡᠭᠡᠮᠵᠢ ᠵᠢᠨ ᠬᠠᠷ᠎ᠠ ᠲᠠᠩᠰᠠᠨ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠢ ᠬᠢᠵᠠᠭ᠋ᠠᠷᠯᠠᠨ᠎ᠠ ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠠᠷᠪᠠᠨ ᠬᠣᠶᠠᠳᠤᠭ᠋ᠠᠷ ᠵᠦᠢᠯ ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ ᠃
ᠠᠷᠪᠠᠨ ᠭᠤᠷᠪᠠᠳᠤᠭ᠋ᠠᠷ ᠵᠦᠢᠯ ᠲᠤᠰ ᠠᠷᠭ᠎ᠠ ᠵᠢ 2023 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ ᠬᠣᠶᠠᠷ ᠵᠢᠯ ᠪᠣᠯᠤᠨ᠎ᠠ᠃